ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 12 ᠤ ᠴᠠᠬᠢᠯᠭᠠᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠨᠠᠭᠰᠢᠳᠠ ᠴᠢᠩᠭᠠᠳᠬᠠᠬᠤ | ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ | ᠰᠠᠨᠠᠯ︾ ᠤᠨ ᠪᠥᠬᠦ ᠠᠭᠤᠯᠭ᠎ᠠ ᠨᠢ ᠳᠤᠤᠷᠠᠬᠢ ᠮᠡᠲᠦ᠃ | ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠪᠣᠯᠪᠠᠰᠤᠨ ᠤ ᠦᠶ᠎ᠠ ᠳᠠᠮᠵᠢᠨ ᠤᠯᠠᠮᠵᠢᠯᠠᠭᠳᠠᠬᠰᠠᠨ ᠠᠮᠢᠳᠤᠯᠢᠭ | ᠭᠡᠷᠡᠴᠢ ᠮᠥᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠯᠪᠣᠬᠤ᠂ ᠤᠯᠤᠰ ᠣᠷᠣᠨ ᠤ ᠨᠢᠭᠡᠳᠦᠯ ᠢ | ᠬᠠᠮᠠᠭᠠᠯᠠᠬᠤ ᠶᠢᠨ ᠴᠢᠬᠤᠯᠠ ᠰᠠᠭᠤᠷᠢ ᠮᠥᠨ᠃ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ | ᠰᠠᠶᠢᠲᠤᠷ ᠤᠯᠠᠮᠵᠢᠯᠠᠵᠤ᠂ ᠰᠠᠶᠢᠲᠤᠷ ᠠᠰᠢᠬᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ | ᠰᠣᠶᠣᠯ ᠤᠨ ᠢᠲᠡᠭᠡᠯ ᠢ ᠪᠠᠲᠤᠳᠬᠠᠬᠤ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠬᠤ᠂ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ | ᠪᠠ ᠵᠠᠰᠠᠭ ᠤᠨ ᠣᠷᠳᠣᠨ ᠠᠴᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠰᠢ ᠶᠢᠨ | ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ | ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢᠯᠡᠳᠲᠡ ᠠᠮᠵᠢᠯᠲᠠ ᠪᠦᠲᠦᠮᠵᠢ | ᠤᠯᠪᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠨᠠᠭᠰᠢᠲᠠ ᠴᠢᠩᠭᠠᠳᠬᠠᠬᠤ ᠶᠢᠨ | ᠲᠤᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠦ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠦᠭᠵᠢᠬᠦᠯᠬᠦ ᠶᠢ | ᠪᠠᠷᠢᠮᠲᠠᠯᠠᠵᠦ᠂ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠰᠣᠶᠣᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ︽ᠬᠠᠮᠠᠭᠠᠯᠠᠬᠤ ᠪᠠᠷ ᠭᠤᠤᠯ ᠪᠣᠯᠭᠠᠬᠤ᠂ ᠲᠦᠷᠭᠡᠨ ᠠᠪᠤᠷᠠᠬᠤ ᠶᠢ | ᠲᠦᠷᠦᠬᠦᠨ ᠳᠤ ᠲᠠᠯᠪᠢᠬᠤ᠂ ᠵᠣᠬᠢᠰᠲᠠᠶ ᠠᠰᠢᠬᠯᠠᠬᠤ᠂ ᠵᠠᠯᠭᠠᠮᠵᠢᠯᠠᠨ ᠬᠥᠭᠵᠢᠭᠦᠯᠬᠦ︾ ᠠᠵᠢᠯ ᠤᠨ ᠴᠢᠭᠯᠡᠯᠲᠡ ᠶᠢ | ᠲᠤᠭᠤᠰᠢᠯᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠨ ᠬᠥᠭᠵᠢᠭᠦᠯᠬᠦ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠰᠢᠰᠲ᠋ᠧᠮ ᠲᠠᠢ ᠬᠠᠮᠠᠭᠠᠯᠠᠬᠤ ᠲᠦᠪᠰᠢᠨ ᠢ | ᠦᠨᠡᠨ ᠬᠦ ᠳᠡᠭᠡᠭᠰᠢᠯᠡᠭᠦᠯᠵᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠣᠶᠤᠨ ᠰᠠᠨᠠᠭᠠᠨ ᠤ ᠬᠦᠴᠦᠨ ᠨᠡᠮᠡᠷᠢᠯᠡᠨ᠎ᠡ᠃ | ︵ᠬᠤᠶᠠᠷ︶ ᠠᠵᠢᠯ ᠤᠨ ᠵᠠᠷᠴᠢᠮ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠠᠬᠢ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ | ᠬᠠᠷᠢᠭᠤᠴᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ ᠠᠵᠢᠯ ᠤᠨ | ᠪᠠᠶᠢᠷᠢᠰᠢᠯ ᠢ ᠪᠠᠬᠢᠵᠢᠭᠦᠯᠦᠨ᠎ᠡ︔ ᠮᠠᠷᠺᠰ ᠤᠨ ᠦᠵᠡᠯ ᠤᠨ ᠡᠬᠡ ᠤᠯᠤᠰ ᠤᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ︔ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠤᠷᠢᠯᠡᠵᠦ᠂ ᠠᠷᠠᠳ ᠣᠯᠠᠨ ᠤ ᠣᠷᠣᠯᠴᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠮᠳᠦ ᠶᠢᠨ | ᠲᠠᠨᠢᠯᠳᠠ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ︔ ᠬᠠᠤᠯᠢ ᠶᠣᠰᠣᠭᠠᠷ ᠬᠠᠮᠠᠭᠠᠯᠠᠬᠤ ᠶᠢ ᠪᠠᠷᠢᠮᠲᠠᠯᠠᠵᠤ᠂ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︔ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ | ᠦᠨᠳᠦᠰᠦᠨ ᠠᠭᠤᠯᠤᠭᠳᠠᠬᠤᠨ ᠢ ᠬᠦᠨᠳᠦᠳᠬᠡᠵᠦ᠂ ᠣᠳᠣ ᠦᠶ᠎ᠡ ᠶᠢᠨ ᠥᠷᠲᠡᠭ ᠢ ᠨᠢ ᠪᠠᠳᠠᠷᠠᠭᠤᠯᠤᠨ᠎ᠠ᠃ | ︵ᠭᠤᠷᠪᠠ︶ ᠭᠤᠣᠯ ᠬᠠᠷᠠᠯᠲᠠ | 2025 ᠤᠨ ᠪᠣᠯᠬᠤ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ | ᠵᠦᠢᠯ ᠢ ᠪᠦᠲᠦᠮᠵᠢᠲᠡᠶ ᠬᠠᠮᠠᠭᠠᠯᠠᠵᠤ᠂ ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ | ᠠᠵᠢᠯᠯᠠᠭᠠᠨ ᠢ ᠪᠦᠲᠦᠮᠵᠢᠲᠡᠶ ᠪᠣᠯᠭᠠᠵᠤ᠂ ᠠᠷᠠᠳ ᠣᠯᠠᠨ ᠤ ᠪᠣᠳᠠᠰ ᠤᠨ ᠪᠤᠰᠤ ᠰᠣᠶᠣᠯ ᠤᠨ ᠥᠪ ᠲᠤ ᠣᠷᠣᠯᠴᠠᠬᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠮᠳᠦ ᠶᠢᠨ ᠲᠠᠨᠢᠯᠳᠠ ᠶᠢ ᠢᠯᠡᠳᠲᠡ ᠨᠡᠮᠡᠭᠳᠡᠬᠦᠯᠵᠦ᠂ ᠪᠣᠳᠠᠰ ᠤᠨ | ᠪᠤᠰᠤ ᠰᠣᠶᠣᠯ ᠤᠨ ᠥᠪ ᠤᠨ ᠣᠲᠣ ᠦᠶ᠎ᠡ ᠳᠤ ᠦᠢᠯᠡᠴᠢᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ | ᠦᠢᠯᠡᠳᠣᠯ ᠢ ᠴᠢᠨᠠᠭᠰᠢᠲᠠ ᠪᠠᠳᠠᠷᠠᠭᠤᠯᠤᠨ᠎ᠠ᠃ | 2035 ᠤᠨ ᠪᠣᠯᠬᠤ ᠳᠤ᠂ ᠪᠣᠳᠠᠰ ᠤᠨ ᠪᠤᠰᠤ ᠰᠣᠶᠣᠯ ᠤᠨ ᠥᠪ ᠢ ᠪᠥᠬᠦ ᠲᠠᠯ᠎ᠠ ᠪᠠᠷ ᠪᠦᠲᠦᠮᠵᠢᠲᠡᠶ | ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠵᠤ᠂ ᠠᠵᠢᠯ ᠤᠨ | ᠲᠦᠷᠢᠮ ᠢ ᠨᠠᠩ ᠲᠡᠭᠦᠯᠳᠡᠷᠵᠢᠭᠦᠯᠵᠦ᠂ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ ᠨᠠᠩ ᠪᠦᠷᠢᠨᠰᠢᠭᠦᠯᠵᠦ᠂ | ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠤᠯᠠᠮ ᠨᠢᠭᠡ ᠠᠯᠬᠤᠮ ᠬᠠᠳᠠᠩᠰᠢᠭᠤᠯᠵᠦ᠂ ᠳᠡᠯᠡᠬᠡᠶ | ᠳᠡᠭᠡᠷᠡᠬᠢ ᠨᠥᠯᠥᠭᠡᠯᠡᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ | ᠬᠥᠭᠵᠢᠯᠲᠡ ᠶᠢ ᠠᠬᠢᠭᠤᠯᠬᠤ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ | ᠦᠢᠯᠡᠳᠣᠯ ᠢ ᠨᠠᠩ ᠢᠯᠡᠷᠬᠡᠶ ᠪᠣᠯᠭᠠᠨ᠎ᠠ᠃ | ᠬᠤᠶᠠᠷ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ | ᠪᠦᠷᠢᠨᠰᠢᠭᠦᠯᠦᠨ᠎ᠡ | ︵ᠳᠥᠷᠪᠡ︶ ᠪᠠᠶᠢᠴᠠᠭᠠᠨ ᠲᠡᠮᠳᠡᠭᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ ᠥᠷᠨᠢᠭᠦᠯᠵᠦ᠂ ᠲᠠᠩᠰᠠ ᠡᠪᠬᠡᠮᠡᠯ ᠢ ᠲᠦᠷᠢᠮ ᠢ | ᠲᠡᠭᠦᠯᠳᠡᠷᠵᠢᠭᠦᠯᠦᠨ᠂ ᠲᠠᠩᠰᠠ ᠡᠪᠬᠡᠮᠡᠯ ᠢ ᠲᠤᠭᠠᠴᠢᠯᠠᠬᠤ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ | ᠪᠣᠳᠠᠲᠤ ᠪᠣᠳᠠᠰ᠂ ᠮᠠᠲ᠋ᠧᠷᠢᠶᠠᠯ ᠢ ᠲᠣᠬᠢᠲᠠᠢ ᠬᠠᠳᠠᠭᠠᠯᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠲᠡᠮᠳᠡᠭᠯᠡᠬᠦ | ᠢᠨᠵᠧᠨᠧᠷᠢᠩ ᠢ ᠬᠡᠷᠡᠭᠵᠢᠭᠦᠯᠵᠦ᠂ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ | ᠬᠡᠷᠡᠭᠯᠡᠨ᠂ ᠲᠤᠰᠬᠠᠶ ᠮᠡᠷᠭᠡᠵᠢᠯ ᠤᠨ ᠲᠡᠮᠳᠡᠭᠯᠡᠬᠦ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠨᠡᠶᠢᠲᠡ ᠪᠠᠷ ᠢᠶᠠᠨ | ᠲᠡᠮᠳᠡᠭᠯᠡᠬᠦ ᠶᠢ ᠥᠷᠭᠡᠨ ᠢᠶᠠᠷ ᠳᠠᠶᠢᠴᠢᠯᠠᠨ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠪᠣᠯᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢ ᠪᠦᠬᠦ ᠲᠠᠯ᠎ᠠ ᠪᠠᠷ | ᠰᠢᠰᠲ᠋ᠧᠮ ᠲᠠᠢ ᠲᠡᠮᠳᠡᠭᠯᠡᠨ᠎ᠡ᠃ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ | ᠨᠡᠶᠢᠳᠭᠡᠨ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠤᠭ᠎ᠠ | ᠪᠠᠷᠢᠮᠲᠠ ᠶᠢ ᠬᠠᠤᠯᠢ ᠶᠤᠰᠤᠭᠠᠷ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠴᠢᠨᠠᠭᠰᠢᠲᠠ ᠠᠬᠢᠭᠤᠯᠵᠤ᠂ ᠳᠠᠩᠰᠠ ᠡᠪᠬᠡᠮᠡᠯ | ᠪᠣᠯᠤᠨ ᠲᠡᠮᠳᠡᠭᠯᠡᠭᠰᠡᠨ ᠦᠷ᠎ᠡ ᠪᠦᠲᠦᠭᠡᠯ ᠤᠨ ᠨᠡᠶᠢᠭᠡᠮ ᠤᠨ ᠠᠰᠢᠬᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | | ︵ᠲᠠᠪᠤ︶ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠨᠡᠩ ᠰᠢᠨᠵᠢᠯᠡᠬᠦ | ᠤᠬᠠᠭᠠᠨᠴᠢ᠂ ᠵᠦᠢ ᠵᠣᠬᠢᠰᠲᠠᠶ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠥᠷᠥᠯ ᠬᠤᠪᠢᠶᠠᠬᠤ ᠰᠢᠰᠲ᠋ᠧᠮ ᠢ | ᠪᠠᠶᠢᠭᠤᠯᠤᠨ᠎ᠠ᠃ ᠤᠯᠤᠰ᠂ ᠮᠤᠵᠢ᠂ ᠬᠤᠲᠠ᠂ ᠰᠢᠶᠠᠨ ᠤ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠨᠡᠷᠡᠰ ᠤᠨ | ᠵᠢᠭᠰᠠᠭᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ | ᠬᠠᠳᠠᠭᠠᠯᠠᠬᠳᠠᠵᠦ ᠦᠷᠭᠦᠯᠵᠢᠯᠡᠵᠦ ᠪᠠᠶᠢᠭ᠎ᠠ ᠪᠠᠶᠢᠳᠠᠯ ᠤᠨ ᠦᠨᠡᠯᠡᠯᠳᠠ ᠶᠢ ᠴᠢᠩᠭᠠᠳᠬᠠᠵᠤ᠂ ᠬᠥᠳᠡᠯᠦᠩᠭᠦᠶ ᠪᠠᠷ | ᠲᠣᠬᠢᠷᠠᠭᠤᠯᠤᠯᠳᠠ ᠬᠢᠬᠦ ᠲᠣᠭᠲᠠᠴᠠ ᠶᠢ ᠪᠠᠶᠢᠭᠤᠯᠤᠨ᠎ᠠ᠃ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠬᠠᠮᠠᠭᠠᠯᠠᠬᠤ | ᠨᠢᠭᠡᠴᠢ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠳᠡ ᠪᠠ | ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠎ᠠ᠃ ᠲᠥᠯᠥᠭᠡᠯᠡᠬᠦ ᠴᠢᠨᠠᠷᠲᠠᠢ ᠲᠦᠷᠦᠯ ᠵᠦᠢᠯ ᠲᠠᠢ ᠬᠤᠯᠪᠣᠭᠳᠠᠬᠤ | ᠰᠣᠶᠣᠯ ᠤᠨ ᠣᠷᠣᠨ ᠵᠠᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ | ᠪᠤᠰᠤ ᠰᠣᠶᠣᠯ ᠤᠨ ᠥᠪ ᠤᠨ ᠨᠡᠷᠡᠰ ᠤᠨ ᠵᠢᠬᠰᠠᠭᠠᠯᠳᠠ ᠶᠢᠨ ᠲᠥᠷᠥᠯ ᠵᠦᠢᠯ ᠳᠤ ᠮᠡᠳᠡᠭᠦᠯᠬᠦ ᠪᠠ ᠭᠡᠷ᠎ᠡ ᠪᠠᠨ | ᠭᠦᠢᠴᠡᠳᠭᠡᠬᠦ ᠠᠵᠢᠯ ᠢ ᠢᠳᠡᠪᠬᠢᠲᠡᠶ ᠰᠠᠶᠢᠲᠤᠷ ᠬᠢᠨ᠎ᠠ᠃ | ︵ᠵᠢᠷᠭᠤᠭ᠎ᠠ︶ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠤᠯᠤᠰ᠂ | ᠮᠤᠵᠢ᠂ ᠬᠤᠲᠠ᠂ ᠰᠢᠶᠠᠨ ᠤ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢ ᠨᠤᠳᠠᠯᠠᠨ ᠲᠣᠭᠲᠠᠭᠠᠬᠤ ᠪᠠ ᠬᠠᠮᠢᠶᠠᠷᠬᠤ | ᠲᠦᠷᠢᠮ ᠢ ᠪᠦᠷᠢᠨᠰᠢᠬᠦᠯᠵᠤ᠂ ᠤᠯᠠᠮᠵᠢᠯᠠᠨ ᠵᠠᠯᠭᠠᠮᠵᠢᠯᠠᠬᠤ ᠪᠠᠷ ᠭᠤᠤᠯ ᠪᠣᠯᠭᠠᠨ ᠲᠠᠨᠢᠯᠴᠠᠭᠤᠯᠬᠤ ᠪᠠ ᠨᠤᠳᠠᠯᠠᠨ | ᠲᠣᠭᠲᠠᠭᠠᠬᠤ ᠠᠵᠢᠯ ᠢ ᠪᠣᠯᠭᠤᠮᠵᠢᠲᠠᠶ ᠥᠷᠨᠢᠭᠦᠯᠦᠨ᠎ᠡ᠃ ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ | ᠣᠯᠠᠨ ᠢᠶᠠᠷ ᠢᠶᠠᠨ ᠦᠢᠯᠡᠳᠣᠯᠭᠡᠵᠢᠭᠦᠯᠦᠭᠰᠡᠨ ᠲᠥᠷᠥᠯ ᠵᠦᠢᠯ ᠳᠤ᠂ ᠲᠥᠯᠥᠭᠡᠯᠡᠬᠦ ᠴᠢᠨᠠᠷᠲᠠᠶ ᠤᠯᠠᠮᠵᠢᠯᠠᠨ | ᠵᠠᠯᠭᠠᠮᠵᠢᠯᠠᠬᠤ ᠪᠦᠯᠬᠦᠮ ︵ᠪᠦᠯᠬᠦᠮ ᠨᠡᠶᠢᠲᠡ︶ ᠢ ᠬᠠᠶᠢᠨ ᠰᠦᠪᠡᠭᠴᠢᠯᠡᠵᠤ ᠨᠤᠳᠠᠯᠠᠨ ᠲᠤᠭᠳᠠᠭᠠᠨ᠎ᠠ᠃ ᠲᠥᠯᠥᠭᠡᠯᠡᠬᠦ | ᠴᠢᠨᠠᠷᠲᠠᠶ ᠵᠠᠯᠭᠠᠮᠵᠢᠯᠠᠭᠴᠢ ᠶᠢ ᠦᠨᠡᠯᠡᠬᠦ ᠪᠠ ᠬᠥᠳᠡᠯᠦᠩᠭᠦᠶ ᠬᠠᠮᠢᠶᠠᠷᠬᠤ ᠶᠢ ᠴᠢᠩᠭᠠᠳᠬᠠᠵᠤ᠂ ᠵᠢᠬᠰᠠᠭᠠᠯᠳᠠ ᠠᠴᠠ | ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠵᠠᠯᠭᠠᠮᠵᠢᠯᠠᠭᠴᠢ ᠶᠢᠨ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ | ᠵᠠᠯᠭᠠᠮᠵᠢᠯᠠᠭᠴᠢ ᠶᠢᠨ ᠤᠷ᠎ᠠ ᠮᠡᠷᠭᠡᠰᠢᠯ ᠤᠨ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠤᠯᠠᠮᠵᠢᠯᠠᠨ | ᠵᠠᠯᠭᠠᠮᠵᠢᠯᠠᠬᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠮᠵᠢᠯᠠᠯᠲᠤ ᠵᠠᠯᠭᠠᠮᠵᠢᠯᠠᠬᠤ ᠠᠷᠭ᠎ᠠ | ᠮᠠᠶ᠋ᠢᠭ ᠪᠠ ᠤᠳᠤ ᠦᠶ᠎ᠡ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠤᠶᠠᠯᠳᠤᠯ ᠢ ᠠᠬᠢᠭᠤᠯᠤᠨ᠂ | ᠴᠢᠳᠠᠪᠤᠷᠢᠲᠠᠨ ᠢ ᠬᠥᠮᠦᠵᠢᠭᠦᠯᠬᠦ ᠠᠷᠭ᠎ᠠ ᠵᠠᠮ ᠢ ᠥᠷᠭᠡᠳᠬᠡᠵᠦ᠂ ᠤᠯᠠᠮᠵᠢᠯᠠᠨ ᠵᠠᠯᠭᠠᠮᠵᠢᠯᠠᠬᠤ ᠡᠩᠨᠡᠭᠡ ᠶᠢ ᠲᠠᠰᠤᠷᠠᠯᠳᠠ | ᠦᠭᠡᠢ ᠪᠤᠵᠠᠭᠠᠶᠢᠷᠠᠭᠤᠯᠤᠨ᠎ᠠ᠃ | ︵ᠳᠣᠯᠤᠭ᠎ᠠ︶ ᠣᠷᠣᠨ ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠵᠢᠴᠢ ᠲᠡᠭᠦᠨ ᠢ ᠪᠤᠶᠢᠵᠢᠭᠤᠯᠵᠤ ᠬᠥᠭᠵᠢᠭᠦᠯᠦᠭᠰᠡᠨ | ᠰᠣᠶᠣᠯ ᠪᠣᠯᠤᠨ ᠪᠠᠶᠢᠭᠠᠯᠢ ᠶᠢᠨ ᠠᠮᠢ ᠠᠬᠤᠶ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠬᠠᠮᠠᠭᠠᠯᠠᠵᠤ᠂ | ᠣᠷᠣᠨ ᠪᠦᠰᠡ ᠪᠣᠯᠤᠨ ᠦᠨᠳᠦᠰᠦᠲᠡᠨ ᠤ ᠣᠨᠴᠠᠯᠢᠭ ᠢ ᠲᠣᠪᠤᠶᠢᠯᠭᠠᠨ᠂ ᠰᠣᠶᠣᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠯᠪᠣᠭᠳᠠᠯ ᠪᠦᠬᠦᠢ | ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ | ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠵᠣᠯᠭᠠᠭᠤᠯᠵᠤ᠂ ᠣᠷᠣᠨ ᠪᠦᠰᠡ ᠶᠢᠨ | ᠴᠢᠨᠠᠷᠲᠠᠶ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ | ᠠᠷᠠᠳ ᠤᠨ ᠰᠣᠶᠣᠯ ᠤᠷᠠᠯᠢᠭ ᠤᠨ ᠨᠤᠲᠤᠭ᠂ ᠳᠤᠮᠳᠠᠳᠤ ᠤᠯᠤᠰ ᠤᠨ ᠤᠯᠠᠮᠵᠢᠯᠠᠯᠲᠤ ᠠᠶᠢᠯ ᠲᠣᠰᠬᠤᠨ᠂ ᠳᠤᠮᠳᠠᠳᠤ | ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ᠂ ᠪᠦᠬᠦ ᠤᠯᠤᠰ ᠤᠨ ᠬᠥᠳᠡᠭᠡ | ᠲᠤᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ | ᠪᠠᠯᠭᠠᠰᠤ ᠨᠡᠷᠡᠲᠦ ᠲᠣᠰᠬᠤᠨ᠂ ᠪᠦᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ | ᠦᠵᠡᠭᠦᠯᠬᠦ ᠲᠣᠰᠬᠤᠨ ᠪᠠᠯᠭᠠᠰᠤ ᠳᠠᠬᠢ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠠᠭᠤᠳᠠᠯᠵᠤ᠂ | ᠨᠤᠲᠤᠭ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ | ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠪᠥᠲᠥᠭᠡᠨ ᠪᠠᠶᠢᠭᠤᠯᠤᠨ᠎ᠠ᠃ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ | ᠴᠢᠩᠭᠠᠳᠬᠠᠵᠤ᠂ ︽ᠪᠣᠳᠠᠰ ᠤᠨ ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ ᠲᠤ ᠪᠠᠶᠢᠯᠭᠠᠬᠤ︾ ᠠᠵᠢᠯ ᠢ | ᠪᠦᠬᠦ ᠲᠠᠯ᠎ᠠ ᠪᠠᠷ ᠠᠬᠢᠭᠤᠯᠤᠨ᠎ᠠ᠃ | ︵ᠨᠠᠢᠮᠠ︶ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠶᠢᠯᠠᠭᠠᠬᠤ ᠲᠦᠬᠦᠭᠡᠷᠤᠮᠵᠢ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ᠂ ᠤᠯᠤᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠣᠷᠳᠣᠨ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠪᠦᠲᠦᠭᠡᠨ ᠪᠠᠶᠢᠭᠤᠯᠵᠤ ᠠᠰᠢᠬᠯᠠᠨ᠂ | ᠨᠥᠬᠦᠴᠡᠯ ᠲᠠᠢ ᠭᠠᠵᠠᠷ ᠣᠷᠣᠨ ᠤ ᠬᠢᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠪᠦᠲᠦᠭᠡᠨ | ᠪᠠᠶᠢᠭᠤᠯᠬᠤ ᠶᠢ ᠵᠤᠷᠢᠭᠵᠢᠭᠤᠯᠵᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠥᠷᠥᠯ ᠵᠦᠢᠯ ᠢ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠶᠢᠯᠠᠭᠠᠬᠤ ᠲᠥᠪ ᠢ ᠢᠵᠢ ᠪᠦᠷᠢᠳᠦᠭᠦᠯᠦᠨ | ᠦᠭᠡᠷᠡᠴᠢᠯᠡᠨ ᠪᠠᠶᠢᠭᠤᠯᠵᠤ ᠰᠢᠨ᠎ᠡ ᠪᠠᠷ ᠪᠠᠶᠢᠭᠤᠯᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ | ᠣᠷᠳᠣᠨ᠂ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠶᠢᠯᠠᠭᠠᠬᠤ ᠲᠥᠪ ︵ᠭᠠᠵᠠᠷ᠂ ᠴᠡᠭ︶ ᠵᠡᠷᠭᠡ ᠶᠢ | ᠪᠠᠭᠲᠠᠭᠠᠭᠰᠠᠨ ᠤᠯᠠᠮᠵᠢᠯᠠᠨ ᠵᠠᠯᠭᠠᠮᠵᠢᠯᠠᠬᠤ᠂ ᠪᠡᠶᠡᠴᠢᠯᠡᠨ ᠣᠶᠢᠯᠠᠭᠠᠬᠤ᠂ ᠰᠤᠷᠭᠠᠨ ᠬᠥᠮᠦᠵᠢᠯ᠂ ᠪᠣᠯᠪᠠᠰᠤᠷᠠᠯ᠂ | ᠵᠢᠭᠤᠯᠴᠢᠯᠠᠯ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠶᠢᠯᠠᠭᠠᠬᠤ | ᠲᠦᠬᠦᠷᠦᠮᠵᠢ ᠶᠢᠨ ᠰᠢᠰᠲ᠋ᠧᠮ ᠢ ᠪᠦᠷᠢᠯᠳᠦᠬᠦᠯᠦᠨ᠎ᠠ᠃ ᠨᠡᠶᠢᠭᠡᠮ ᠤᠨ ᠬᠦᠴᠦᠨ ᠤᠯᠠᠮᠵᠢᠯᠠᠨ ᠵᠠᠯᠭᠠᠮᠵᠢᠯᠠᠵᠤ | ᠪᠡᠶᠡᠴᠢᠯᠡᠨ ᠣᠶᠢᠯᠠᠭᠠᠬᠤ ᠲᠥᠬᠦᠭᠡᠷᠦᠮᠵᠢ ᠡᠷᠬᠢᠯᠡᠬᠦ ᠶᠢ ᠵᠣᠷᠢᠭᠵᠢᠭᠤᠯᠤᠨ᠎ᠠ᠃ ᠪᠣᠳᠠᠰ ᠤᠨ ᠪᠤᠰᠤ ᠰᠣᠶᠣᠯ ᠤᠨ | ᠥᠪ ᠤᠨ ᠣᠷᠳᠣᠨ ᠤ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠡᠭᠦᠯᠳᠡᠷᠵᠢᠭᠦᠯᠵᠦ᠂ ᠪᠣᠳᠠᠰ ᠤᠨ ᠪᠤᠰᠤ | ᠰᠣᠶᠣᠯ ᠤᠨ ᠥᠪ ᠤᠨ ᠣᠷᠳᠣᠨ ᠢ ᠳᠠᠩᠰᠠᠯᠠᠬᠤ ᠪᠠ ᠦᠨᠡᠯᠡᠨ ᠵᠢᠱᠢᠵᠦ ᠳᠡᠰ ᠲᠣᠭᠲᠠᠭᠠᠬᠤ ᠳᠦᠷᠢᠮ ᠢ | ᠪᠠᠶᠢᠭᠤᠯᠤᠨ᠎ᠠ᠃ | ︵ᠶᠢᠰᠦ︶ ᠤᠨᠤᠯ ᠤᠨ ᠰᠤᠳᠤᠯᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ ᠢ ᠨᠢᠭᠡᠳᠦᠯᠲᠡᠶ | ᠲᠥᠯᠥᠪᠵᠢᠭᠦᠯᠦᠨ ᠡᠮᠬᠢᠳᠭᠡᠨ ᠨᠡᠶᠢᠳᠭᠡᠵᠦ᠂ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠶ | ᠰᠤᠳᠤᠯᠭᠠᠨ ᠤ ᠬᠦᠴᠦᠨ ᠢ ᠴᠢᠩᠭᠠᠳᠬᠠᠨ᠂ ᠨᠢᠭᠡ ᠪᠦᠯᠦᠭ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠰᠤᠳᠤᠯᠭᠠᠨ ᠤ ᠰᠠᠭᠤᠷᠢᠨ ᠢ ᠪᠠᠶᠢᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠴᠢᠬᠤᠯᠠ ᠶᠡᠭᠡ ᠰᠣᠶᠣᠯ ᠤᠨ ᠢᠨᠵᠧᠨᠧᠷᠢᠩ ᠳᠠᠬᠢ ᠪᠣᠳᠠᠰ ᠤᠨ ᠪᠤᠰᠤ ᠰᠣᠶᠣᠯ ᠤᠨ ᠥᠪ ᠲᠤ ᠬᠤᠯᠪᠣᠭᠳᠠᠬᠤ | ᠴᠢᠬᠤᠯᠠ ᠶᠡᠭᠡ ᠠᠰᠠᠭᠤᠳᠠᠯ ᠵᠡᠷᠭᠡ ᠪᠠᠷ ᠭᠤᠤᠯᠳᠠᠭᠤᠯᠤᠨ᠂ ᠣᠯᠠᠨ ᠰᠢᠨᠵᠢᠯᠡᠭᠡᠨ ᠤ ᠰᠠᠯᠠᠭᠠᠨ ᠤ ᠰᠤᠳᠤᠯᠭᠠᠨ ᠤ | ᠲᠠᠪᠴᠠᠩ ᠢ ᠪᠠᠶᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠡᠷᠳᠡᠮ | ᠰᠢᠨᠵᠢᠯᠡᠭᠡᠨ ᠤ ᠬᠤᠭᠤᠴᠠᠭᠠᠲᠤ ᠰᠡᠳᠬᠦᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ | ᠥᠪ ᠤᠨ ᠬᠠᠮᠢᠶ᠎ᠠ ᠪᠦᠬᠦᠢ ᠬᠡᠪᠯᠡᠯ ᠤᠨ ᠠᠵᠢᠯ ᠢ ᠴᠢᠩᠭᠠᠳᠬᠠᠨ᠎ᠠ᠃ ᠳᠤᠮᠳᠠᠳᠤ ᠤᠯᠤᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠤᠨ ᠤ ᠬᠤᠷᠠᠯ᠂ ᠡᠷᠳᠡᠮ ᠰᠢᠨᠵᠢᠯᠡᠭᠡᠨ ᠤ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠡᠷᠬᠢᠯᠡᠨ᠎ᠠ᠃ | ᠭᠤᠷᠪᠠ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢ | ᠳᠡᠭᠡᠭᠰᠢᠯᠡᠭᠦᠯᠦᠨ᠎ᠠ | ︵ᠠᠷᠪᠠ︶ ᠲᠥᠷᠥᠯ ᠬᠤᠪᠢᠶᠠᠨ ᠬᠠᠮᠠᠭᠠᠯᠠᠬᠤ ᠶᠢ ᠴᠢᠩᠭᠠᠳᠬᠠᠨ᠎ᠠ᠃ ᠠᠷᠠᠳ ᠤᠨ ᠤᠷᠠᠨ ᠵᠣᠬᠢᠶᠠᠯ ᠤᠨ ᠴᠠᠭ | ᠦᠶ᠎ᠡ ᠶᠢᠨ ᠦᠨ᠎ᠡ ᠥᠷᠲᠡᠭ᠂ ᠨᠡᠶᠢᠭᠡᠮ ᠤᠨ ᠦᠢᠯᠡᠳᠣᠯ ᠢ ᠲᠠᠶᠢᠯᠪᠤᠷᠢᠯᠠᠨ ᠠᠭᠤᠳᠠᠯᠵᠤ᠂ ᠢᠯᠡᠷᠡᠭᠦᠯᠬᠦ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ | ᠤᠯᠠᠮᠵᠢᠯᠠᠯᠲᠤ ᠰᠢ ᠵᠦᠴᠦᠭᠡ᠂ ᠲᠠᠭᠤᠤᠷᠢᠯᠢᠭ᠂ ᠼᠢᠷᠺ ᠤᠨ ᠦᠢᠯᠡᠳᠤᠯᠭᠡ ᠶᠢᠨ ᠳᠠᠪᠲᠠᠮᠵᠢ ᠪᠠ ᠲᠣᠭᠯᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠰᠢ ᠵᠦᠴᠦᠭᠡ ᠶᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠂ ᠲᠠᠭᠤᠷᠢᠯᠢᠬ ᠢ | ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠰᠢᠯᠢᠳᠡᠭ ᠵᠦᠴᠦᠭᠡ ᠶᠢᠨ | ᠵᠣᠬᠢᠶᠠᠯ᠂ ᠲᠠᠭᠤᠷᠢᠯᠢᠬ ᠤᠨ ᠵᠣᠬᠢᠶᠠᠯ ᠢ ᠵᠣᠬᠢᠶᠠᠨ ᠪᠦᠲᠦᠭᠡᠬᠦ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠲᠣᠭᠯᠠᠯᠲᠠ ᠶᠢᠨ ᠤᠷᠠᠯᠢᠭ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠢ | ᠴᠢᠩᠭᠠᠷᠠᠭᠤᠯᠤᠨ᠎ᠠ᠃ ᠤᠯᠠᠮᠵᠢᠯᠠᠯᠲᠤ ᠪᠡᠶ᠎ᠡ ᠶᠢᠨ ᠲᠠᠮᠢᠷ᠂ ᠨᠠᠶᠢᠷ ᠨᠠᠭᠠᠳᠤᠮ ᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠣᠷᠣᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠤᠯᠠᠮᠵᠢᠯᠠᠯᠲᠤ ᠭᠠᠷ | ᠤᠷᠠᠯᠠᠯ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ | ᠦᠨᠳᠦᠰᠦᠲᠡᠨ ᠨᠦᠭᠦᠳ ᠤᠨ ᠤᠯᠠᠮᠵᠢᠯᠠᠯᠲᠤ ᠰᠢᠯᠢᠳᠡᠭ ᠭᠠᠷ ᠤᠷᠠᠯᠠᠯ ᠢ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠬᠤ ᠶᠢ ᠴᠢᠩᠭᠠᠳᠬᠠᠨ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠭᠠᠷ ᠤᠷᠠᠯᠠᠯ᠂ ᠬᠢᠲᠠᠳ ᠡᠮ | ᠨᠠᠶᠢᠷᠠᠭᠤᠯᠬᠤ ᠵᠢᠴᠢ ᠪᠤᠰᠤᠳ ᠤᠯᠠᠮᠵᠢᠯᠠᠯᠲᠤ ᠭᠠᠷ ᠤᠷᠠᠯᠠᠯ ᠢ ᠤᠳᠤ ᠦᠶ᠎ᠡ ᠶᠢᠨ ᠠᠮᠢᠳᠤᠷᠠᠯ ᠳᠤᠮᠳᠠ ᠥᠷᠭᠡᠨ ᠢᠶᠠᠷ | ᠬᠡᠷᠡᠭᠯᠡᠬᠦ ᠶᠢ ᠠᠬᠢᠭᠤᠯᠤᠨ᠎ᠠ᠃ ᠨᠥᠬᠦᠴᠡᠯ ᠳᠤ ᠨᠡᠶᠢᠴᠡᠬᠦ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠢ | ᠳᠤᠮᠳᠠᠳᠤ ᠶᠢᠨ ᠤᠯᠠᠮᠵᠢᠯᠠᠯᠳᠤ ᠨᠠᠷᠠᠲᠤ ᠲᠡᠮᠳᠡᠭᠲᠦ ᠶᠢᠨ ᠨᠡᠷᠡᠰ ᠤᠨ ᠵᠢᠬᠰᠠᠭᠠᠯᠳᠠ ᠳᠤ ᠣᠷᠣᠭᠤᠯᠵᠤ᠂ ᠨᠥᠬᠦᠴᠡᠯ ᠳᠤ | ᠨᠡᠶᠢᠴᠡᠬᠦ ᠤᠯᠠᠮᠵᠢᠯᠠᠯᠲᠤ ᠡᠮ ᠡᠮᠨᠡᠯᠭᠡ ᠶᠢᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠬᠠᠤᠯᠢ ᠶᠣᠰᠣᠭᠠᠷ ᠡᠮᠴᠢ ᠶᠢᠨ ᠬᠢᠷᠢ ᠬᠡᠮ ᠤᠯᠬᠤ ᠶᠢ ᠳᠡᠮᠵᠢᠨ᠎ᠠ᠃ | ᠤᠯᠠᠮᠵᠢᠯᠠᠯᠲᠤ ᠪᠠᠶᠠᠷ ᠤᠨ ᠡᠳᠦᠷ᠂ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢᠨ ᠠᠭᠤᠯᠭ᠎ᠠ ᠪᠠ ᠬᠡᠯᠪᠡᠷᠢ ᠶᠢ | ᠪᠠᠶᠠᠯᠢᠭᠵᠢᠭᠤᠯᠵᠤ᠂ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠢ ᠬᠥᠭᠵᠢᠭᠦᠯᠦᠨ ᠮᠠᠨᠳᠤᠭᠤᠯᠬᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ | ︵ᠠᠷᠪᠠᠨ ᠨᠢᠭᠡ︶ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠠᠭᠤᠰᠤᠯᠴᠠᠨ᠎ᠠ᠃ ᠪᠡᠭᠡᠵᠢᠩ | ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠬᠥᠭᠵᠢᠯᠲᠡ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠥᠲᠥᠭᠡᠨ ᠪᠠᠶᠢᠭᠤᠯᠤᠯᠲᠠ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠬᠠᠶᠢᠨᠠᠨ ᠤ ᠥᠭᠡᠷᠡᠴᠢᠯᠡᠯᠲᠡ ᠨᠡᠭᠡᠭᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠠᠬᠢ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠦ᠂ ᠣᠷᠣᠨ ᠪᠦᠰᠡ ᠶᠢᠨ | ᠬᠠᠮᠠᠭᠠᠯᠠᠯᠲᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠲᠤᠰᠬᠠᠶ ᠰᠡᠳᠦᠪᠲᠦ ᠰᠤᠳᠤᠯᠭᠠᠨ ᠢ | ᠴᠢᠩᠭᠠᠳᠬᠠᠵᠤ᠂ ᠲᠥᠷᠥᠯ ᠲᠡᠮᠳᠡᠭ ᠤᠨ ᠠᠵᠢᠯᠯᠠᠭ᠎ᠠ ᠡᠷᠭᠢᠯᠡᠨ᠎ᠡ᠃ ᠬᠠᠳᠤᠨ ᠭᠤᠤᠯ ᠤᠨ ᠰᠠᠪᠠ ᠭᠠᠵᠠᠷ ᠤᠨ ᠡᠯᠪᠡᠭ | ᠪᠠᠶᠠᠯᠢᠭ ᠣᠯᠠᠨ ᠶᠠᠩᠵᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠤᠯᠠᠮᠵᠢᠯᠠᠨ | ᠵᠠᠯᠭᠠᠮᠵᠢᠯᠠᠵᠤ ᠠᠰᠢᠬᠯᠠᠬᠤ ᠶᠢ ᠴᠢᠩᠭᠠᠳᠬᠠᠨ᠎ᠠ᠃ ᠰᠢᠶᠦ᠋ᠩ ᠠᠨ ᠰᠢᠨ᠎ᠡ ᠲᠣᠭᠤᠷᠢᠭ᠂ ᠪᠡᠭᠡᠵᠢᠩ ᠬᠤᠳᠠ ᠶᠢᠨ ᠳᠡᠳ᠋ | ᠲᠥᠪ ᠵᠢᠴᠢ ᠤᠯᠤᠰ ᠤᠨ ᠰᠣᠶᠣᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠳᠠᠬᠢ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ | ᠥᠪᠡᠷᠮᠢᠴᠡ ᠡᠭᠦᠳᠦᠯᠲᠡ᠂ ᠦᠷᠳᠡᠭ ᠤᠨ ᠣᠶᠢᠯᠠᠭᠠᠭᠳᠠᠬᠤᠨ ᠪᠣᠯᠤᠨ ᠢᠯᠡ ᠲᠣᠳᠣ ᠣᠨᠴᠠᠯᠢᠭ ᠢ ᠠᠮᠢᠳᠤᠯᠢᠭ ᠢᠶᠠᠷ | ᠢᠯᠡᠷᠡᠭᠦᠯᠵᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠳᠤᠮᠳᠠ᠂ ᠪᠣᠳᠠᠰ ᠤᠨ ᠪᠤᠰᠤ ᠰᠣᠶᠣᠯ ᠤᠨ ᠥᠪ ᠤᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠤ ᠦᠢᠯᠡᠴᠢᠯᠡᠬᠦ ᠦᠢᠯᠡᠳᠣᠯ ᠢ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠲᠠᠷᠢᠶᠠᠯᠠᠬᠤ | ᠰᠣᠶᠣᠯ ᠤᠨ ᠬᠠᠮᠠᠭᠠᠯᠠᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠰᠣᠶᠣᠯ ᠤᠨ | ᠤᠯᠠᠮᠵᠢᠯᠠᠯ ᠢ ᠬᠠᠮᠠᠭᠠᠯᠠᠵᠤ᠂ ᠰᠣᠶᠣᠯ ᠤᠨ ᠦᠨᠳᠦᠰᠦ ᠰᠤᠷᠪᠤᠯᠵᠢ ᠶᠢ ᠰᠠᠬᠢᠨ᠎ᠠ᠃ | ︵ᠠᠷᠪᠠᠨ ᠬᠤᠶᠠᠷ︶ ᠵᠦᠶ ᠵᠣᠬᠢᠰᠲᠠᠶ ᠠᠰᠢᠬᠯᠠᠬᠤ ᠶᠢ ᠠᠬᠢᠭᠤᠯᠤᠨ᠎ᠠ᠃ ᠪᠦᠲᠦᠮᠵᠢᠲᠡᠶ ᠬᠠᠮᠠᠭᠠᠯᠠᠬᠤ | ᠤᠷᠢᠲᠠᠯ ᠳᠤᠤᠷ᠎ᠠ᠂ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ᠂ | ᠴᠢᠨᠠᠷ ᠰᠠᠶᠢᠲᠠᠶ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠤᠨ ᠬᠡᠷᠡᠭᠯᠡᠭᠡ ᠶᠢᠨ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠠᠰᠢᠬᠯᠠᠨ | ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠬᠦ ᠶᠢ ᠳᠡᠮᠵᠢᠵᠦ᠂ ᠰᠣᠶᠣᠯ ᠢᠶᠠᠷ | ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠨᠢᠭᠡ ᠪᠦᠯᠦᠭ ᠪᠣᠳᠠᠰ ᠤᠨ ᠪᠤᠰᠤ | ᠰᠣᠶᠣᠯ ᠤᠨ ᠥᠪ ᠤᠨ ᠢᠯᠠ ᠳᠤᠳᠤ ᠣᠨᠴᠠᠯᠢᠭ ᠪᠥᠬᠦᠶ ᠭᠤᠤᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ | ᠭᠠᠷᠭᠠᠵᠤ᠂ ᠵᠢᠭᠤᠯᠴᠢᠯᠠᠯ ᠤᠨ ᠦᠢᠯᠡᠳᠬᠦᠨ ᠪᠠ ᠲᠣᠭᠯᠠᠯᠲᠠ ᠶᠢᠨ ᠪᠦᠲᠦᠭᠡᠯ ᠢ ᠰᠤᠳᠤᠯᠤᠨ ᠰᠤᠷᠤᠯᠴᠠᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ ᠲᠠᠢ ᠣᠷᠭᠠᠨᠢᠭ ᠢᠶᠠᠷ | ᠠᠭᠤᠰᠤᠯᠴᠠᠭᠤᠯᠬᠤ ᠶᠢ ᠳᠡᠮᠵᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ | ᠣᠷᠣᠨ ᠢ ᠪᠥᠲᠥᠭᠡᠨ ᠪᠠᠶᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠵᠦᠢ ᠵᠣᠬᠢᠰᠲᠠᠶ | ᠠᠰᠢᠬᠯᠠᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠪᠠ ᠰᠣᠶᠣᠯ ᠤᠨ ᠡᠭᠦᠳᠦᠨ ᠪᠦᠲᠦᠭᠡᠬᠦ ᠵᠢᠷᠤᠭ ᠲᠥᠯᠥᠪᠯᠡᠭᠡ | ᠬᠢᠵᠦ᠂ ᠶᠠᠰᠤ ᠴᠢᠨᠠᠷ ᠪᠣᠯᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠢᠨᠲ᠋ᠧᠷ | ᠰᠦᠯᠵᠢᠶᠡᠨ ᠤ ᠲᠠᠪᠴᠠᠩ ᠢ ᠠᠰᠢᠬᠯᠠᠨ᠂ ᠬᠤᠯᠪᠣᠭᠳᠠᠯ ᠪᠦᠬᠦᠢ ᠦᠢᠯᠡᠳᠬᠦᠨ ᠢ ᠳᠡᠯᠭᠡᠷᠡᠭᠦᠯᠬᠦ ᠪᠠ ᠪᠣᠷᠣᠯᠠᠭᠤᠯᠬᠤ | ᠠᠷᠭ᠎ᠠ ᠵᠠᠮ ᠢ ᠥᠷᠭᠡᠳᠬᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ | ᠣᠯᠠᠨ ᠤᠯᠤᠰ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠵᠣᠷᠢᠭᠵᠢᠭᠤᠯᠵᠤ᠂ ᠦᠢᠯᠡᠳᠬᠦᠨ ᠪᠠ | ᠦᠢᠯᠡᠴᠢᠯᠡᠭᠡ ᠪᠠᠨ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ | ︵ᠠᠷᠪᠠᠨ ᠭᠤᠷᠪᠠ︶ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠂ ᠦᠨᠳᠦᠰᠦᠲᠡᠨ ᠤ ᠭᠠᠵᠠᠷ | ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠵᠡᠭᠦᠨ ᠳᠤᠮᠳᠠ ᠪᠠᠷᠠᠭᠤᠨ | ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠵᠢᠯᠴᠠᠬᠤ ᠲᠣᠭᠲᠠᠴᠠ ᠶᠢ | ᠪᠠᠶᠢᠭᠤᠯᠵᠤ᠂ ᠵᠡᠭᠦᠨ ᠣᠷᠣᠨ ᠤ ᠬᠢᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠬᠠᠮᠵᠢᠯᠴᠠᠨ ᠬᠠᠪᠰᠤᠷᠤᠨ | ᠲᠡᠳᠬᠦᠬᠦ ᠠᠵᠢᠯᠯᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠎ᠠ᠃ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ | ᠤᠷᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠤᠯᠠᠮᠵᠢᠯᠠᠨ | ᠵᠠᠯᠭᠠᠮᠵᠢᠯᠠᠭᠴᠢ ᠶᠢᠨ ᠬᠤᠪᠢᠰᠬᠠᠯ ᠤᠨ ᠰᠣᠶᠣᠯ ᠢᠶᠠᠷ ᠭᠤᠣᠯ ᠰᠡᠳᠦᠪ ᠪᠣᠯᠭᠠᠭᠰᠠᠨ ᠪᠦᠲᠦᠭᠡᠯ ᠢ ᠵᠣᠬᠢᠶᠠᠨ | ᠪᠦᠲᠦᠭᠡᠬᠦ ᠶᠢ ᠵᠣᠷᠢᠭᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ | ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ | ᠲᠤᠪᠤᠶᠢᠯᠭᠠᠨ᠎ᠠ᠃ ᠬᠢᠯᠢ ᠬᠢᠵᠠᠭᠠᠷ ᠣᠷᠣᠨ ᠤ ᠪᠣᠳᠠᠰ ᠤᠨᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ | ᠪᠠᠶᠢᠴᠠᠭᠠᠯᠲᠠ ᠶᠢ ᠥᠷᠨᠢᠭᠦᠯᠦᠨ᠎ᠡ᠃ ᠡᠷᠬᠢᠨ ᠲᠣᠭᠤᠷᠢᠨ ᠤ ᠤᠯᠤᠰ ᠯᠤᠭ᠎ᠠ ᠬᠠᠮᠲᠤᠷᠠᠨ ᠬᠠᠮᠠᠭᠠᠯᠠᠬᠤ ᠠᠵᠢᠯᠯᠠᠭ᠎ᠠ | ᠥᠷᠨᠢᠭᠦᠯᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠳᠤ ᠦᠵᠡᠭᠦᠯᠬᠦ ᠲᠤᠰᠬᠠᠢ ᠳᠡᠮᠵᠢᠯᠭᠡ ᠪᠠᠨ ᠴᠢᠩᠭᠠᠳᠬᠠᠵᠤ᠂ ᠪᠣᠳᠠᠰ ᠤᠨ | ᠪᠤᠰᠤ ᠰᠣᠶᠣᠯ ᠤᠨ ᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ | ᠤᠯᠠᠮ ᠴᠢᠨᠠᠭᠰᠢᠳᠠ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠤᠨ | ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠳᠥᠷᠪᠡ᠂ ᠪᠣᠳᠠᠰ ᠤᠨ ᠪᠤᠰᠤ ᠰᠣᠶᠣᠯ ᠤᠨ ᠥᠪ ᠢ ᠳᠠᠮᠵᠢᠭᠤᠯᠭ᠎ᠠ ᠳᠡᠯᠭᠡᠷᠡᠭᠦᠯᠬᠦ ᠡᠷᠴᠢᠮ ᠢ | ᠴᠢᠩᠭᠠᠷᠠᠭᠤᠯᠤᠨ᠎ᠠ | ︵ᠠᠷᠪᠠᠨ ᠳᠥᠷᠪᠡ︶ ᠥᠷᠭᠡᠨ ᠢᠶᠠᠷ ᠳᠡᠯᠭᠡᠷᠡᠬᠦᠯᠬᠦ ᠶᠢ ᠠᠬᠢᠭᠤᠯᠤᠨ᠎ᠠ᠃ ᠵᠠᠭᠤᠴᠢᠯᠠᠭᠤᠷ ᠤᠨ ᠭᠦᠨᠵᠡᠭᠡᠢ | ᠠᠭᠤᠰᠤᠯᠴᠠᠬᠤ ᠬᠠᠨᠳᠤᠰᠢ ᠳᠤ ᠵᠣᠬᠢᠴᠠᠭᠤᠯᠤᠨ᠂ ᠳᠠᠮᠵᠢᠭᠤᠯᠭ᠎ᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ᠂ | ᠳᠠᠮᠵᠢᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠪᠣᠳᠠᠰ ᠤᠨ | ᠪᠤᠰᠤ ᠰᠣᠶᠣᠯ ᠤᠨ ᠥᠪ ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠶᠢ ᠤᠬᠠᠭᠠᠯᠨᠨ ᠭᠠᠷᠭᠠᠬᠤ ᠶᠢ | ᠵᠣᠷᠢᠭᠵᠢᠭᠤᠯᠵᠤ᠂ ᠬᠤᠯᠪᠣᠭᠳᠠᠯ ᠪᠦᠬᠦᠢ ᠰᠡᠳᠦᠪᠲᠦ ᠪᠠᠷᠢᠮᠲᠠᠲᠤ ᠹᠢᠯᠢᠮ ᠵᠣᠬᠢᠶᠠᠨ ᠪᠦᠲᠦᠭᠡᠬᠦ ᠶᠢ ᠴᠢᠩᠭᠠᠳᠬᠠᠬᠤ ᠶᠢ | ᠳᠡᠮᠵᠢᠵᠦ᠂ ᠬᠤᠯᠪᠣᠭᠳᠠᠯ ᠪᠦᠬᠦᠢ ᠰᠢᠯᠢᠳᠡᠭ ᠫᠷᠤᠭ᠍ᠷᠠᠮ ᠢ ᠰᠠᠶᠢᠲᠤᠷ ᠡᠷᠬᠢᠯᠡᠵᠦ᠂ ᠡᠯ᠎ᠡ ᠲᠦᠷᠦᠯ ᠤᠨ ᠰᠢᠨ᠎ᠡ | ᠵᠠᠭᠤᠴᠢᠯᠠᠭᠤᠷ ᠤᠨ ᠲᠠᠪᠴᠠᠩ ᠤᠨ ᠬᠤᠯᠪᠣᠭᠳᠠᠯ ᠪᠦᠬᠦᠢ ᠳᠠᠮᠵᠢᠭᠤᠯᠬᠤ ᠠᠵᠢᠯ ᠢ ᠰᠠᠶᠢᠲᠤᠷ ᠬᠢᠬᠦ ᠶᠢ | ᠵᠣᠷᠢᠭᠵᠢᠭᠤᠯᠤᠨ᠎ᠠ᠃ ᠰᠣᠶᠣᠯ ᠤᠨ ᠣᠷᠳᠣᠨ ︵ᠥᠷᠲᠡᠭᠡ︶᠂ ᠨᠣᠮ ᠤᠨ ᠰᠠᠩ᠂ ᠮᠦᠽᠧᠶ᠂ ᠤᠷᠠᠨ ᠵᠢᠷᠤᠭ ᠤᠨ | ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠲᠦᠬᠦᠭᠡᠷᠦᠮᠵᠢ ᠶᠢ ᠠᠰᠢᠬᠯᠠᠨ ᠪᠣᠳᠠᠰ ᠤᠨ ᠪᠤᠰᠤ ᠰᠣᠶᠣᠯ ᠤᠨ | ᠥᠪ ᠤᠨ ᠬᠠᠮᠢᠶ᠎ᠠ ᠪᠦᠬᠦᠢ ᠪᠣᠯᠪᠠᠰᠤᠷᠠᠯ᠂ ᠦᠵᠡᠭᠦᠯᠭᠡ᠂ ᠲᠠᠶᠢᠯᠤᠮᠵᠢ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠵᠡᠷᠭᠡ | ᠠᠵᠢᠯᠯᠠᠭ᠎ᠠ ᠶᠢ ᠥᠷᠨᠢᠭᠦᠯᠦᠨ᠎ᠡ᠃ ᠤᠯᠠᠮᠵᠢᠯᠠᠯᠲᠤ ᠪᠠᠶᠠᠷ ᠤᠨ ᠡᠳᠦᠷ᠂ ᠰᠣᠶᠣᠯ ᠪᠠ ᠪᠠᠶᠢᠭᠠᠯᠢ ᠶᠢᠨ ᠥᠪ ᠤᠨ | ᠡᠳᠦᠷ ᠤᠨ ᠬᠤᠭᠤᠴᠠᠭᠠᠨ ᠳᠤ ᠡᠯᠪᠡᠭ ᠪᠠᠶᠠᠯᠢᠭ ᠤᠬᠠᠭᠤᠯᠭ᠎ᠠ ᠦᠵᠡᠭᠦᠯᠭᠡ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ᠎ᠠ᠃ ᠲᠤᠰᠬᠠᠶᠢᠵᠢᠭᠰᠠᠨ᠂ ᠣᠷᠣᠨ ᠪᠦᠰᠡ ᠶᠢᠨ ᠴᠢᠨᠠᠷᠲᠠᠶ ᠪᠣᠳᠠᠰ ᠤᠨ ᠪᠤᠰᠤ ᠰᠣᠶᠣᠯ ᠤᠨ ᠥᠪ ᠢ | ᠳᠡᠯᠭᠡᠨ ᠦᠵᠡᠭᠦᠯᠬᠦ ᠲᠣᠭᠯᠠᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠦᠵᠡᠰᠬᠦᠯᠡᠩ ᠤᠨ ᠴᠤᠬᠯᠠᠭᠠᠨ᠂ ᠳᠤᠮᠳᠠᠳᠤ ᠤᠯᠤᠰ ᠤᠨ ᠴᠧᠩᠳᠦ᠋ ᠶᠢᠨ ᠣᠯᠠᠨ ᠤᠯᠤᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠨᠠᠶᠢᠷ ᠵᠡᠷᠭᠡ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ | ︵ᠠᠷᠪᠠᠨ ᠲᠠᠪᠤ︶ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠤᠯᠴᠠᠨ᠎ᠠ᠃ | ᠪᠣᠳᠠᠰ ᠤᠨ ᠪᠤᠰᠤ ᠰᠣᠶᠣᠯ ᠤᠨ ᠥᠪ ᠤᠨ ᠠᠭᠤᠯᠭ᠎ᠠ ᠶᠢ ᠤᠯᠤᠰ ᠠᠷᠠᠳ ᠤᠨ ᠰᠤᠷᠭᠠᠨ ᠬᠥᠮᠦᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠤᠨ ᠰᠢᠰᠲ᠋ᠧᠮ ᠪᠠ ᠵᠢᠭᠠᠬᠤ | ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠶᠡᠷᠦᠩᠬᠡᠶᠢᠯᠡᠭᠰᠡᠨ | ᠮᠡᠳᠡᠯᠭᠡ ᠶᠢᠨ ᠰᠤᠷᠭᠠᠨ ᠬᠥᠮᠦᠵᠢᠯ ᠤᠨ ᠤᠩᠰᠢᠬᠤ ᠪᠢᠴᠢᠭ ᠢ ᠬᠡᠪᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠳᠤ | ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠬᠢᠴᠢᠶᠡᠯ ᠨᠡᠭᠡᠭᠡᠵᠦ᠂ ᠤᠯᠤᠰ ᠤᠨ ᠲᠡᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠣᠨᠴᠠᠯᠢᠭᠲᠤ ᠳᠤᠮᠳᠠᠳᠤ ᠪᠠᠭ᠎ᠠ | ᠰᠤᠷᠭᠠᠭᠤᠯᠢ ᠶᠢᠨ ᠤᠯᠠᠮᠵᠢᠯᠠᠨ ᠵᠠᠯᠭᠠᠮᠵᠢᠯᠠᠬᠤ ᠰᠠᠭᠤᠷᠢᠨ ᠪᠠᠶᠢᠭᠤᠯᠬᠤ ᠶᠢ ᠵᠣᠷᠢᠭᠵᠢᠭᠤᠯᠤᠨ᠎ᠠ᠃ ᠶᠡᠭᠡ ᠳᠡᠭᠡᠳᠦ | ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠢᠨᠵᠢᠯᠡᠭᠡᠨ ᠤ ᠰᠢᠰᠲ᠋ᠧᠮ ᠪᠣᠯᠤᠨ ᠲᠤᠰᠬᠠᠶ | ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠨᠤᠭᠤᠳ ᠤᠨ | ᠪᠡᠶ᠎ᠡ ᠪᠠᠨ ᠳᠠᠭᠠᠭᠠᠵᠤ ᠠᠰᠫᠢᠷᠠᠨᠲ ᠤᠨ ᠴᠡᠭ ᠪᠣᠯᠤᠨ ᠳ᠋ᠣᠺᠲ᠋ᠤᠷ ᠤᠨ ᠴᠡᠭ ᠨᠡᠮᠡᠵᠦ ᠪᠠᠶᠢᠭᠤᠯᠬᠤ ᠶᠢ ᠳᠡᠮᠵᠢᠨ᠎ᠡ᠃ | ᠠᠵᠢᠯ ᠮᠡᠷᠭᠡᠵᠢᠯ ᠤᠨ ᠰᠤᠷᠭᠠᠭᠤᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠢᠶ᠎ᠠ | ᠪᠦᠬᠦᠢ ᠲᠤᠰᠬᠠᠶ ᠮᠡᠷᠭᠡᠵᠢᠯ ᠪᠠ ᠬᠢᠴᠢᠶᠡᠯ ᠨᠡᠭᠡᠭᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠪᠠᠭᠰᠢ ᠶᠢᠨ | ᠡᠩᠨᠡᠭᠡ ᠶᠢ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ ᠶᠢᠨ | ᠰᠤᠷᠭᠠᠭᠤᠯᠢ ᠳᠤ ᠬᠢᠴᠢᠶᠡᠯ ᠣᠷᠣᠬᠤ ᠪᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠳᠤ | ᠣᠷᠣᠯᠴᠠᠬᠤ ᠶᠢ ᠲᠡᠮᠵᠢᠨ᠎ᠡ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠪᠣᠳᠠᠰ ᠤᠨ ᠪᠤᠰᠤ | ᠰᠣᠶᠣᠯ ᠤᠨ ᠥᠪ ᠤᠨ ᠬᠥᠮᠦᠵᠢᠯ ᠪᠣᠯᠪᠠᠰᠤᠷᠠᠯ ᠳᠤ ᠣᠷᠣᠯᠴᠠᠭᠤᠯᠵᠤ᠂ ᠨᠡᠶᠢᠭᠡᠮ ᠤᠨ ᠦᠢᠯᠡᠳᠤᠯᠭᠡ ᠪᠣᠯᠤᠨ | ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠦᠨ᠎ᠡ᠃ ᠨᠢᠭᠡ ᠪᠦᠯᠦᠭ ᠤᠯᠤᠰ ᠤᠨ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ | ᠪᠠᠶᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ | ᠵᠣᠷᠢᠭᠵᠢᠭᠤᠯᠤᠨ᠎ᠠ᠃ | ︵ᠠᠷᠪᠠᠨ ᠵᠢᠷᠭᠤᠭ᠎ᠠ︶ ᠭᠠᠳᠠᠭᠠᠳᠤ ᠪᠤᠯᠤᠨ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠨ᠎ᠠ᠃ ᠴᠢᠬᠤᠯᠠ ᠠᠵᠢᠯᠯᠠᠭ᠎ᠠ᠂ ᠪᠠᠶᠠᠷ ᠳᠤᠷᠠᠰᠬᠠᠯ᠂ ᠬᠤᠷᠠᠯ ᠵᠡᠷᠭᠡ ᠲᠠᠢ | ᠵᠤᠬᠢᠴᠠᠯᠳᠠᠭᠤᠯᠤᠨ᠂ ᠭᠠᠳᠠᠭᠠᠳᠤ ᠪᠤᠯᠤᠨ ᠰᠢᠶᠠᠩᠭᠠᠩ ᠣᠣᠮᠧᠨ ᠲᠠᠶᠢᠸᠠᠨ ᠯᠤᠭ᠎ᠠ ᠪᠣᠳᠠᠰ ᠤᠨ ᠪᠤᠰᠤ ᠰᠣᠶᠣᠯ ᠤᠨ | ᠥᠪ ᠤᠨ ᠰᠣᠯᠢᠯᠴᠠᠭ᠎ᠠ ᠳᠠᠮᠵᠢᠭᠤᠯᠭ᠎ᠠ ᠶᠢᠨ ᠠᠵᠢᠯᠯᠠᠭ᠎ᠠ ᠶᠢ ᠡᠷᠬᠢᠯᠡᠨ᠎ᠡ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠵᠡᠷᠭᠡ ᠤᠯᠠᠨ | ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠤᠯᠠᠨ ᠲᠠᠯᠠᠲᠤ᠂ ᠬᠤᠶᠠᠷ | ᠲᠠᠯᠠᠲᠤ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠤᠯᠤᠰ ᠪᠠ ᠭᠠᠵᠠᠷ ᠣᠷᠣᠨ ᠯᠦᠭᠡ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠰᠣᠯᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠦᠷᠢᠶᠡᠨ ᠳᠠᠬᠢ ᠮᠠᠨ ᠤ ᠤᠯᠤᠰ ᠤᠨ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠂ ᠤᠯᠤᠰ ᠤᠨ ᠡᠷᠬᠡ ᠮᠡᠳᠡᠯ ᠪᠠ | ᠰᠣᠶᠣᠯ ᠤᠨ ᠠᠮᠤᠷ ᠲᠦᠪᠰᠢᠨ ᠢ ᠬᠠᠮᠠᠭᠠᠯᠠᠨ᠎ᠠ᠃ ᠤᠯᠠᠨ ᠤᠯᠤᠰ ᠤᠨ ᠰᠣᠶᠣᠯ ᠤᠨ ᠲᠤᠰᠬᠠᠢ ᠮᠡᠷᠭᠡᠵᠢᠯᠲᠡᠨ ᠤ | ᠡᠩᠨᠡᠭᠡᠨ ᠤ ᠪᠠᠶᠢᠭᠤᠯᠤᠯᠲᠠ ᠪᠠ ᠳᠤᠮᠳᠠᠳᠤ ᠭᠠᠳᠠᠭᠠᠳᠤ ᠶᠢᠨ ᠤᠶᠤᠨ ᠤ ᠬᠥᠮᠥᠷᠭᠡ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ᠭᠠᠳᠠᠭᠠᠳᠤ ᠳᠤ ᠰᠠᠭᠤᠭ᠎ᠠ ᠡᠯ᠎ᠡ ᠡᠯᠴᠢᠨ ᠰᠠᠶᠢᠳ ᠤᠨ ᠶᠠᠮᠤᠨ᠂ ᠺᠤᠨᠰᠦ᠋ᠯ ᠤᠨ ᠭᠠᠵᠠᠷ᠂ | ᠭᠠᠳᠠᠭᠠᠳᠤ ᠳᠤ ᠰᠠᠭᠤᠭ᠎ᠠ ᠳᠤᠮᠳᠠᠳᠤ ᠤᠯᠤᠰ ᠤᠨ ᠰᠣᠶᠣᠯ ᠤᠨ ᠲᠥᠪ᠂ ᠭᠠᠳᠠᠭᠠᠳᠤ ᠳᠤ ᠰᠠᠭᠤᠭ᠎ᠠ | ᠵᠢᠭᠤᠯᠴᠢᠯᠠᠯ ᠤᠨ ᠬᠡᠷᠡᠭ ᠡᠷᠬᠢᠯᠡᠬᠦ ᠭᠠᠵᠠᠷ᠂ ᠳᠤᠮᠳᠠᠳᠤ ᠶᠢᠨ ᠪᠡᠯᠡᠳᠤ ᠠᠵᠤ ᠠᠬᠤᠶᠢᠯᠠᠯ ᠵᠢᠴᠢ ᠭᠠᠳᠠᠭᠠᠳᠤ ᠳᠤ | ᠰᠠᠭᠤᠭ᠎ᠠ ᠬᠠᠷᠢᠶᠠᠲᠤ ᠨᠡᠷ ᠪᠠ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢ ᠵᠡᠷᠭᠡ ᠶᠢᠨ ᠮᠠᠨ ᠤ ᠤᠯᠤᠰ ᠤᠨ | ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠤᠨ ᠳᠡᠯᠭᠡᠷᠡᠭᠦᠯᠬᠦ ᠠᠵᠢᠯ ᠢ ᠢᠳᠡᠪᠬᠢᠲᠡᠢ ᠥᠷᠨᠢᠭᠦᠯᠬᠦ ᠶᠢ | ᠵᠣᠷᠢᠭᠵᠢᠭᠤᠯᠤᠨ᠎ᠠ᠃ ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠭᠠᠳᠠᠭᠰᠢ ᠤᠬᠠᠭᠤᠯᠤᠨ | ᠳᠠᠮᠵᠢᠭᠤᠯᠬᠤ ᠪᠠᠷ ᠭᠤᠣᠯ ᠠᠭᠤᠯᠭ᠎ᠠ ᠪᠣᠯᠭᠠᠭᠰᠠᠨ ᠺᠢᠨᠣ᠋ ᠲᠧᠯᠸᠢᠰ ᠵᠦᠴᠦᠭᠡ᠂ ᠪᠠᠷᠢᠮᠲᠠᠲᠤ ᠺᠢᠨᠣ᠋᠂ | ᠤᠬᠠᠭᠤᠯᠭ᠎ᠠ ᠶᠢᠨ ᠹᠢᠯᠢᠮ᠂ ᠲᠠᠶᠢᠰᠠᠨ ᠤ ᠵᠦᠴᠦᠭᠡ᠂ ᠣᠬᠤᠷ ᠸᠢᠳᠢᠣ᠋ ᠵᠡᠷᠭᠡ ᠰᠢᠯᠢᠳᠡᠭ ᠪᠦᠲᠦᠭᠡᠯ ᠢ ᠪᠦᠳᠤᠬᠡᠨᠠ᠃ | ᠳᠤᠮᠳᠠᠳᠤ ᠭᠠᠳᠠᠭᠠᠳᠤ ᠶᠢᠨ ᠰᠤᠶᠤᠯ ᠢᠷᠬᠡᠨᠰᠢᠯ ᠤᠨ ᠰᠣᠯᠢᠯᠴᠠᠭᠠᠨ ᠤ ᠠᠵᠢᠯᠯᠠᠭ᠎ᠠ ᠵᠡᠷᠭᠡ ᠬᠡᠯᠪᠡᠷᠢ ᠪᠠᠷ | ᠳᠠᠮᠵᠢᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠡᠷᠢᠭᠦᠨ ᠤ ᠲᠤᠷᠰᠢᠯᠭ᠎ᠠ ᠶᠢ | ᠰᠣᠯᠢᠯᠴᠠᠵᠤ᠂ ᠳᠡᠯᠡᠬᠡᠢ ᠨᠡᠶᠢᠭᠡᠮ ᠳᠤ ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠪᠠ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠤᠨ ᠲᠠᠨᠢᠯᠴᠠᠭᠤᠯᠤᠨ᠎ᠠ᠃ ᠳᠣᠲᠣᠷ᠎ᠠ ᠭᠠᠵᠠᠷ ᠪᠣᠯᠤᠨ | ᠰᠢᠶᠠᠩᠭᠠᠩ ᠣᠣᠮᠧᠨ᠂ ᠡᠬᠡ ᠬᠠᠭᠤᠷᠠᠢ ᠪᠣᠯᠤᠨ ᠲᠠᠶᠢᠸᠠᠨ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ | ᠠᠬᠢᠭᠤᠯᠵᠤ᠂ ᠪᠤᠳᠠᠰ ᠤᠨ ᠪᠤᠰᠤ ᠰᠤᠶᠤᠯ ᠤᠨ ᠦᠪ ᠤᠨ ᠰᠣᠶᠣᠯ ᠤᠨ ᠬᠠᠮᠳᠦ ᠶᠢᠨ ᠲᠠᠨᠢᠯᠳᠠ ᠶᠢ ᠨᠡᠮᠡᠭᠳᠡᠭᠦᠯᠬᠦ᠂ | ᠤᠯᠤᠰ ᠤᠨ ᠨᠢᠭᠡᠳᠦᠯ ᠢ ᠬᠠᠮᠠᠭᠠᠯᠠᠬᠤ ᠳᠤᠮᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠳᠣᠯᠤᠭ᠎ᠠ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠢᠨ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠤᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠬᠠᠮᠢᠶ᠎ᠠ ᠪᠦᠬᠦᠢ ᠲᠥᠯᠥᠪᠵᠢᠭᠦᠯᠭᠡ ᠳᠡᠭᠡᠨ ᠣᠷᠣᠭᠤᠯᠵᠤ᠂ ᠬᠢᠨᠠᠨ ᠰᠢᠯᠭᠠᠵᠤ ᠦᠨᠡᠯᠡᠬᠦ ᠰᠢᠰᠲ᠋ᠧᠮ ᠳᠤ ᠣᠷᠣᠭᠤᠯᠬᠤ | ᠬᠡᠷᠡᠭᠲᠡᠶ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠬᠠᠮᠲᠤᠷᠠᠭᠰᠠᠨ ᠬᠤᠷᠠᠯ ᠤᠨ | ᠳᠦᠷᠢᠮ ᠢ ᠪᠦᠷᠢᠨᠰᠢᠭᠦᠯᠦᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠠᠵᠢᠯ ᠳᠤ ᠣᠷᠣᠯᠴᠠᠭᠤᠯᠵᠤ᠂ ᠠᠵᠢᠯ ᠲᠥᠷᠥᠯ ᠢᠶᠠᠷ ᠵᠣᠬᠢᠶᠠᠨ ᠪᠠᠶᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠤ ᠪᠣᠳᠠᠰ ᠤᠨ | ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠬᠠᠤᠯᠢ ᠶᠣᠰᠣᠭᠠᠷ ᠵᠦᠢ ᠵᠣᠬᠢᠰᠲᠠᠶ ᠠᠰᠢᠬᠯᠠᠬᠤ ᠶᠢ | ᠵᠣᠷᠢᠭᠵᠢᠭᠤᠯᠵᠤ᠂ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠳᠤ ᠠᠰᠢᠭᠲᠠᠶ ᠪᠠᠶᠢᠭᠤᠯᠤᠮᠵᠢ ᠲᠣᠭᠲᠠᠴᠠ ᠪᠣᠯᠤᠨ | ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | ︵ᠠᠷᠪᠠᠨ ᠨᠠᠢᠮᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠨ᠎ᠡ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠶᠢ ᠰᠤᠳᠤᠯᠤᠨ | ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ ᠳᠦᠷᠢᠮ | ᠲᠣᠭᠲᠠᠭᠠᠯ ᠢ ᠲᠡᠭᠦᠯᠳᠡᠷᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ᠴᠠᠭᠠᠵᠠ ᠬᠠᠤᠯᠢ | ᠲᠣᠭᠲᠠᠭᠠᠯ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠣᠯᠬᠤ | ᠪᠠ ᠠᠰᠢᠭ ᠲᠤᠰᠠ ᠶᠢ ᠬᠤᠪᠢᠶᠠᠯᠴᠠᠨ ᠡᠳ᠋ᠯᠡᠬᠦ ᠳᠦᠷᠢᠮ ᠢ ᠪᠠᠶᠢᠭᠤᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠣᠳᠠᠰ ᠤᠨ ᠪᠤᠰᠤ | ᠰᠣᠶᠣᠯ ᠤᠨ ᠥᠪ ᠤᠨ ᠬᠠᠤᠯᠢ ᠬᠡᠷᠡᠭᠵᠢᠭᠦᠯᠦᠯᠲᠡ ᠳᠤ ᠪᠠᠶᠢᠴᠠᠭᠠᠯᠲᠠ ᠬᠢᠬᠦ ᠲᠣᠭᠲᠠᠴᠠ ᠶᠢ ᠪᠠᠶᠢᠭᠤᠯᠤᠨ᠎ᠠ᠃ | ᠵᠣᠬᠢᠶᠠᠯ ᠪᠦᠲᠦᠭᠡᠯ ᠤᠨ ᠡᠷᠬᠡ᠂ ᠲᠠᠸᠠᠷ ᠤᠨ ᠲᠡᠮᠳᠡᠭ ᠤᠨ ᠡᠷᠬᠡ᠂ ᠲᠤᠰᠬᠠᠶ ᠠᠰᠢᠭ ᠤᠨ ᠡᠷᠬᠡ᠂ ᠭᠠᠵᠠᠷ ᠵᠦᠶ ᠶᠢᠨ | ᠢᠯᠡᠷᠭᠡᠶᠢᠯᠡᠯᠳᠦ ᠲᠡᠮᠳᠡᠭ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠣᠳᠠᠰ ᠤᠨ ᠪᠤᠰᠤ | ᠰᠣᠶᠣᠯ ᠤᠨ ᠥᠪ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠪᠣᠳᠠᠰ ᠤᠨ | ᠪᠤᠰᠤ ᠰᠣᠶᠣᠯ ᠤᠨ ᠥᠪ ᠤᠨ ᠬᠠᠤᠯᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠨ᠎ᠠ᠃ | ︵ᠠᠷᠪᠠ ᠶᠢᠰᠦ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠬᠢᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠵᠠᠷᠤᠳᠠᠯ ᠢ ᠲᠤᠰ ᠱᠠᠲᠤᠨ ᠤ ᠲᠥᠰᠦᠪ ᠲᠡᠭᠡᠨ ᠬᠠᠤᠯᠢ ᠶᠣᠰᠣᠭᠠᠷ ᠣᠷᠣᠭᠤᠯᠵᠤ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠤᠨ᠎ᠠ᠃ ᠲᠥᠰᠦᠪ ᠤᠨ ᠨᠢᠭᠡᠴᠢ ᠶᠢᠨ ᠬᠢᠨ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶ᠎ᠠ ᠪᠦᠬᠦᠢ ᠦᠢᠯᠡᠳᠬᠦᠨ ᠪᠠ | ᠦᠢᠯᠡᠴᠢᠯᠡᠭᠡ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠬᠠᠨᠳᠤᠯᠭ᠎ᠠ ᠲᠠᠢ ᠪᠠᠷ ᠲᠤᠰᠠᠯᠠᠬᠤ᠂ ᠳᠠᠮ ᠬᠦᠦ ᠲᠠᠢ | ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠠᠪᠴᠤ᠂ ᠪᠣᠳᠠᠰ ᠤᠨ ᠪᠤᠰᠤ | ᠰᠣᠶᠣᠯ ᠤᠨ ᠥᠪ ᠤᠨ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠠ᠃ ᠪᠣᠳᠠᠰ ᠤᠨ | ᠪᠤᠰᠤ ᠰᠣᠶᠣᠯ ᠤᠨ ᠥᠪ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠲᠣᠭᠲᠠᠭᠠᠯ ᠶᠣᠰᠣᠭᠠᠷ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠦᠷᠲᠡᠬᠦ ᠶᠢ ᠳᠡᠮᠵᠢᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠢᠨ ᠪᠣᠳᠠᠰ ᠤᠨ ᠪᠤᠰᠤ ᠰᠣᠶᠣᠯ ᠤᠨ ᠥᠪ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ | ᠦᠷᠭᠦᠯᠵᠢᠯᠡᠨ ᠴᠢᠩᠭᠠᠳᠬᠠᠬᠤ ᠶᠢ ᠵᠤᠷᠢᠬᠵᠢᠭᠤᠯᠬᠤ ᠪᠠ ᠬᠦᠳᠤᠯᠤᠨ ᠵᠢᠯᠤᠭᠤᠳᠤᠨ᠎ᠠ᠃ ᠠᠷᠠᠳ ᠢᠷᠭᠡᠨ᠂ | ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠨᠳᠢᠪᠯᠠᠬᠤ᠂ ᠡᠳ᠋ ᠮᠥᠩᠭᠦ ᠪᠠᠷ | ᠲᠤᠰᠠᠯᠠᠬᠤ᠂ ᠬᠠᠤᠯᠢ ᠶᠣᠰᠣᠭᠠᠷ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠬᠤ ᠵᠡᠷᠭᠡ ᠬᠡᠯᠪᠡᠷᠢ ᠪᠠᠷ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠳᠤ ᠣᠷᠣᠯᠴᠠᠬᠤ ᠶᠢ ᠳᠡᠮᠵᠢᠬᠦ ᠪᠠ ᠬᠥᠲᠥᠯᠥᠨ | ᠵᠢᠯᠣᠭᠤᠳᠤᠨ᠎ᠠ᠃ | ︵ᠬᠤᠷᠢ︶ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠤ ᠬᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶᠠᠷᠤᠯᠲᠠ ᠶᠢᠨ | ᠡᠭᠦᠷᠭᠡ ᠴᠢᠳᠠᠪᠬᠢᠳᠤ ᠰᠠᠯᠠᠭ᠎ᠠ ᠮᠥᠴᠢᠷ ᠢ ᠬᠠᠤᠯᠢ ᠶᠣᠰᠣᠭᠠᠷ ᠲᠣᠳᠣᠷᠬᠠᠶᠢᠯᠠᠵᠤ᠂ ᠣᠷᠣᠨ ᠲᠣᠭᠠᠨ ᠤ ᠡᠬᠢ | ᠪᠠᠶᠠᠯᠢᠭ ᠢ ᠨᠢᠭᠡᠳᠦᠯᠲᠡᠶ ᠲᠥᠯᠥᠪᠵᠢᠬᠦᠯᠤᠨ ᠬᠡᠷᠡᠭᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ | ᠠᠵᠢᠯ ᠤᠨ ᠬᠦᠴᠦᠨ ᠢ ᠡᠭᠦᠷᠭᠡᠯᠡᠵᠦ ᠪᠦᠬᠦᠢ ᠡᠭᠦᠷᠭᠡ ᠬᠠᠷᠢᠭᠤᠴᠠᠯᠭ᠎ᠠ ᠯᠦᠭᠡ ᠵᠤᠬᠢᠴᠠᠯᠳᠤᠭᠤᠯᠤᠨᠠ᠃ ᠪᠦᠬᠦ | ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠢᠳᠠᠪᠤᠷᠢᠲᠠᠨ ᠤ ᠡᠩᠨᠡᠭᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠳᠠ ᠶᠢ | ᠬᠤᠯᠪᠣᠭᠳᠠᠯ ᠪᠦᠬᠦᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠤᠨ᠎ᠠ᠃ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠯᠲᠠ ᠶᠢᠨ ᠲᠤᠰᠬᠠᠶ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠦᠷᠢᠮ ᠢ | ᠲᠡᠭᠦᠯᠳᠡᠷᠵᠢᠭᠦᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ | ᠠᠬᠢᠭᠤᠯᠵᠤ᠂ ᠲᠤᠰᠬᠠᠢ ᠮᠡᠷᠭᠡᠵᠢᠯᠲᠡᠨ ᠤ ᠯᠠᠪᠯᠠᠭ᠎ᠠ ᠥᠭᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠳᠤᠮᠳᠠ ᠢᠯᠡᠳᠲᠡ ᠬᠤᠪᠢ ᠨᠡᠮᠡᠷᠢ | ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠥᠬᠢᠭᠦᠯᠦᠨ ᠱᠠᠩᠨᠠᠨ᠎ᠠ᠃ | |