ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/9/27
     ᠰᠢᠨᠬᠤᠸᠠ ᠬᠤᠷᠢᠶᠠᠨ ᠤ ᠪᠡᠭᠡᠵᠢᠩ ᠤᠨ9 ᠰᠠᠷ᠎ᠠ ᠶᠢᠨ21 ᠤ ᠡᠳᠦᠷ ᠤᠨ ᠴᠠᠬᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ       ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ︽ᠰᠠᠨᠠᠯ︾ ᠳᠤ᠂ ᠮᠠᠷᠺᠰ ᠤᠨ ᠦᠵᠡᠯ ᠪᠣᠯ ᠮᠠᠨ ᠤ ᠨᠠᠮ ᠪᠠᠶᠢᠭᠤᠯᠬᠤ ᠤᠯᠤᠰ ᠪᠠᠶᠢᠭᠤᠯᠬᠤ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠪᠣᠯ ᠮᠠᠷᠺᠰ ᠤᠨ ᠦᠵᠡᠯ ᠢ ᠰᠤᠷᠤᠯᠴᠠᠨ ᠰᠤᠳᠤᠯᠵᠤ ᠤᠬᠠᠭᠤᠯᠬᠤ ᠭᠤᠣᠯ ᠵᠢᠭᠰᠠᠭᠠᠯ ᠤᠨ ᠭᠠᠵᠠᠷ ᠮᠥᠨ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠪᠣᠯ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠭᠤᠣᠯ ᠠᠷᠭ᠎ᠠ ᠵᠠᠮ ᠮᠥᠨ᠃ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠳᠣᠲᠣᠭᠠᠳᠤ ᠱᠠᠭᠠᠷᠳᠠᠯᠭ᠎ᠠ ᠮᠥᠨ᠂ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠪᠠᠶᠢᠭᠤᠯᠬᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠬᠤ᠂ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠬᠦ᠂ ᠳᠤᠮᠳᠠᠳᠤ ᠤᠯᠤᠰ ᠤᠨ ᠶᠡᠭᠡ ᠰᠤᠷᠭᠠᠭᠤᠯᠢ ᠶᠢᠨ ᠨᠡᠶᠢᠭᠡᠮ ᠵᠢᠷᠤᠮ ᠤᠨ ᠲᠡᠪᠢᠰᠭᠡᠷ ᠦᠩᠭᠡ ᠶᠢ ᠢᠯᠡᠷᠡᠭᠦᠯᠬᠦ᠂ ᠵᠠᠯᠠᠭᠤ ᠰᠤᠷᠤᠭᠴᠢᠳ ᠢ ᠬᠥᠲᠥᠯᠥᠨ ᠵᠢᠯᠣᠭᠤᠳᠴᠤ ᠡᠪ ᠬᠠᠮᠲᠤ ᠶᠣᠰᠣᠨ ᠤ ᠠᠯᠤᠰ ᠬᠡᠲᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠠᠲᠤ ᠪᠠᠬᠢ ᠪᠤᠢ ᠪᠣᠯᠭᠠᠬᠤ᠂ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃      ︽ᠰᠠᠨᠠᠯ︾ ᠳᠤ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠲᠦᠷᠭᠡᠨ ᠬᠦᠭᠵᠢᠯᠳᠡ ᠲᠠᠢ ᠪᠤᠯᠬᠤ ᠶᠢ ᠠᠭᠢᠭᠤᠯᠵᠤ᠂ ᠡᠯ᠎ᠡ ᠲᠠᠯ᠎ᠠ ᠶᠢᠨ ᠠᠵᠢᠯ ᠰᠢᠨ᠎ᠡ ᠳᠡᠭᠲᠡᠷ ᠲᠤ ᠭᠠᠷᠪᠠ᠃ ᠡᠭᠦᠨ ᠤ ᠬᠠᠮᠲᠤ᠂ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠳᠤᠯᠭᠠᠨ ᠤᠬᠠᠭᠤᠯᠭ᠎ᠠ᠂ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠪᠠᠰᠠ ᠵᠦᠷᠢᠶ᠎ᠡ ᠲᠠᠢ ᠪᠠᠶᠢᠵᠤ᠂ ᠮᠠᠷᠺᠰ ᠤᠨ ᠦᠵᠡᠯ ᠤᠨ ᠤᠨᠤᠯ ᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠪᠠᠴᠢᠮ ᠲᠤᠯᠭᠠᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠷᠬᠡᠪᠰᠢ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠲᠤᠯᠭᠠᠮ ᠬᠡᠷᠡᠭᠴᠡᠭᠡ ᠳᠤ ᠵᠣᠬᠢᠴᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠳᠤ ᠰᠠᠭᠤᠷᠢᠯᠠᠨ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠰᠠᠭᠤᠷᠢ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠢᠨᠵᠧᠨᠧᠷᠢᠩ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ︽ᠰᠠᠨᠠᠯ︾ ᠳᠤ᠂ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠤᠨ ᠵᠢᠭᠠᠨ ᠰᠤᠷᠭᠠᠯᠲᠠ ᠪᠠ ᠰᠤᠳᠤᠯᠭᠠᠨ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠠᠭᠤᠯᠤᠭᠳᠠᠬᠤᠨ ᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠮᠠᠷᠺᠰ ᠤᠨ ᠦᠵᠡᠯ ᠤᠨ ᠣᠨᠣᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠳᠤᠯᠭᠠᠨ ᠤᠬᠠᠭᠤᠯᠭ᠎ᠠ ᠪᠠ ᠴᠢᠳᠠᠪᠤᠷᠢᠲᠠᠨ ᠢ ᠬᠥᠮᠦᠵᠢᠭᠦᠯᠬᠦ ᠪᠠᠲᠤ ᠴᠢᠩᠭ᠎ᠠ ᠵᠢᠭᠰᠠᠭᠠᠯ ᠤᠨ ᠭᠠᠵᠠᠷ ᠢ ᠬᠦᠴᠦᠯᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠪᠠᠲᠤ ᠴᠢᠩᠭ᠎ᠠ ᠶᠣᠰᠣ ᠵᠦᠢ ᠶᠢᠨ ᠲᠤᠯᠭᠠᠭᠤᠷᠢᠯᠠᠯ ᠪᠠ ᠴᠢᠳᠠᠪᠤᠷᠢᠲᠠᠨ ᠤ ᠳᠡᠮᠵᠢᠯᠭᠡ ᠬᠠᠩᠭᠠᠬᠤ ᠬᠡᠷᠡᠭᠲᠡᠢ᠃ ᠵᠥᠪ ᠴᠢᠭᠯᠡᠯ ᠢ ᠪᠠᠷᠢᠮᠲᠠᠯᠠᠵᠤ᠂ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠲᠥᠪ ᠶᠣᠰᠣ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠤᠨᠤᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ᠂ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢᠨ ᠵᠢᠮ᠎ᠡ ᠶᠣᠰᠣ ᠪᠣᠯᠤᠨ ᠴᠢᠳᠠᠪᠤᠷᠢᠲᠠᠨ ᠢ ᠬᠥᠮᠦᠵᠢᠭᠦᠯᠬᠦ ᠵᠢᠮ᠎ᠡ ᠶᠣᠰᠣ ᠶᠢ ᠢᠳᠡᠪᠬᠢᠲᠡᠢ ᠰᠦᠪᠡᠭᠴᠢᠯᠡᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳ᠋ᠤᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠲᠤᠳᠤᠷᠬᠠᠶᠢᠢᠯᠠᠪᠠ᠃      ︽ᠰᠠᠨᠠᠯ︾ ᠳᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠠᠭᠤᠯᠤᠭᠳᠠᠬᠤᠨ ᠤ ᠮᠠᠶ᠋ᠢᠭ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠣᠨᠣᠯ ᠤᠨ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠭᠡᠨ ᠤ ᠪᠠᠶᠢᠷᠢ ᠲᠣᠭᠲᠠᠭᠠᠯᠲᠠ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠮᠠᠷᠺᠰ ᠤᠨ ᠦᠵᠡᠯ ᠤᠨ ᠣᠨᠣᠯ ᠤᠨ ᠰᠢᠨᠵᠢᠯᠡᠭᠡᠨ ᠤ ᠬᠥᠲᠥᠯᠥᠨ ᠳᠠᠭᠠᠭᠤᠯᠬᠤ ᠦᠢᠯᠡᠳᠣᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠶᠡᠭᠡ ᠪᠠᠷ ᠠᠬᠢᠭᠤᠯᠵᠤ᠂ ᠤᠯᠤᠰ ᠲᠥᠷᠥ ᠶᠢᠨ ᠬᠦᠲᠦᠯᠦᠨ ᠲᠠᠭᠠᠭᠤᠯᠬᠤ᠂ ᠶᠣᠰᠣ ᠵᠦᠶ ᠶᠢᠨ ᠲᠠᠶᠢᠯᠪᠤᠷᠢᠯᠠᠯᠲᠠ ᠪᠠ ᠥᠷᠲᠡᠭ ᠤᠨ ᠪᠦᠲᠦᠭᠡᠯᠲᠡ ᠳᠡᠭᠡᠷ᠎ᠡ ᠬᠦᠴᠦ ᠲᠠᠯᠪᠢᠵᠤ᠂ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠢᠴᠢᠶᠡᠯ ᠤᠨ ᠰᠢᠰᠲ᠋ᠧᠮ ᠪᠣᠯᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠡᠯ᠎ᠡ ᠲᠦᠷᠦᠯ ᠤᠨ ᠬᠢᠴᠢᠶᠡᠯ ᠳᠤ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠵᠢᠭᠠᠬᠤ ᠮᠠᠲ᠋ᠧᠷᠢᠶᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠤᠩᠰᠢᠵᠤ ᠪᠣᠯᠬᠤᠶᠢᠴᠠ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠮᠢᠲᠤᠯᠢᠭ ᠦᠢᠯᠡᠳᠦᠯᠭᠡ ᠳᠤ ᠰᠠᠭᠤᠷᠢᠯᠠᠵᠤ᠂ ᠭᠠᠷᠳᠠᠬᠤ ᠴᠡᠭ᠂ ᠲᠥᠪᠯᠡᠷᠡᠯ ᠤᠨ ᠴᠡᠭ᠂ ᠤᠶᠠᠯᠳᠤᠯ ᠤᠨ ᠴᠡᠭ ᠢ ᠣᠨᠣᠪᠴᠢᠲᠠᠢ ᠡᠷᠢᠵᠦ᠂ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠢᠲᠡᠭᠡᠯ ᠪᠢᠰᠢᠷᠡᠯ ᠪᠠᠲᠤ ᠴᠢᠩᠭ᠎ᠠ᠂ ᠣᠨᠣᠯ ᠤᠨ ᠦᠨᠳᠦᠰᠦᠨ ᠪᠣᠯᠪᠠᠰᠤᠷᠠᠯ ᠯᠠᠪᠳᠠᠭᠤᠨ ᠪᠠᠲᠤᠲᠠᠶ᠂ ᠲᠤᠭ᠎ᠠ ᠬᠡᠮᠵᠢᠶ᠎ᠡ ᠭᠦᠢᠴᠡᠳ᠂ ᠪᠦᠲᠦᠴᠡ ᠨᠢ ᠰᠢᠯᠢᠳᠡᠭᠵᠢᠭᠰᠡᠨ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠵᠤ᠂ ᠡᠭᠦᠷᠭᠡᠲᠦ ᠰᠡᠳᠬᠢᠯᠭᠡ᠂ ᠮᠡᠳᠡᠷᠡᠬᠦᠢ ᠰᠡᠳᠬᠢᠯᠭᠡ᠂ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠮᠠᠷᠺᠰ ᠤᠨ ᠦᠵᠡᠯ ᠤᠨ ᠤᠨᠤᠯ ᠤᠨ ᠪᠡᠯᠡᠳᠬᠡᠯ ᠴᠢᠳᠠᠪᠤᠷᠢᠲᠠᠨ ᠢ ᠲᠠᠰᠤᠷᠠᠯᠳᠠ ᠦᠭᠡᠢ ᠬᠥᠮᠦᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ︽ᠰᠠᠨᠠᠯ︾ ᠳᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠲᠣᠭᠲᠠᠴᠠ ᠶᠢ ᠴᠢᠩᠭᠠᠳᠬᠠᠬᠤ ᠬᠡᠷᠡᠭᠲᠡᠶ᠃ ᠬᠥᠮᠦᠨ ᠢ ᠬᠥᠮᠦᠵᠢᠭᠦᠯᠬᠦ ᠦᠷ᠎ᠡ ᠪᠦᠲᠦᠮᠵᠢ ᠪᠠᠷ ᠪᠠᠷᠢᠮᠵᠢᠶ᠎ᠠ ᠪᠣᠯᠭᠠᠵᠤ᠂ ᠮᠠᠷᠺᠰ ᠤᠨ ᠦᠵᠡᠯ ᠤᠨ ᠣᠨᠣᠯ ᠤᠨ ᠰᠢᠨᠵᠢᠯᠡᠭᠡᠨ ᠤ ᠣᠨᠴᠠᠯᠢᠭ ᠢ ᠢᠯᠡᠷᠡᠭᠦᠯᠦᠭᠰᠡᠨ᠂ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠳᠣᠲᠣᠭᠠᠳᠤ ᠱᠠᠭᠠᠷᠳᠠᠯᠭ᠎ᠠ ᠳᠤ ᠨᠡᠶᠢᠴᠡᠭᠰᠡᠨ᠂ ᠪᠠᠭᠰᠢ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠠᠰᠢᠭᠲᠠᠶ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠮᠠᠷᠺᠰ ᠤᠨ ᠦᠵᠡᠯ ᠢ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠳᠡᠭ ᠪᠠᠭᠰᠢ ᠶᠢ ᠬᠥᠮᠦᠵᠢᠭᠦᠯᠬᠦ ᠪᠠᠷ ᠬᠠᠷᠠᠯᠲᠠ ᠪᠣᠯᠭᠠᠵᠤ᠂ ᠲᠠᠪᠳᠠᠨ ᠪᠣᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢᠨ ᠦᠰᠦᠨ ᠪᠤᠶᠢᠵᠢᠬᠤ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠪᠥᠬᠦ ᠠᠵᠢᠯᠲᠠᠨ᠂ ᠪᠥᠬᠦ ᠶᠠᠪᠤᠴᠠ᠂ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ ᠤᠶᠢᠢᠯᠠᠭᠠᠭᠲᠠᠬᠤᠨ ᠢ ᠪᠠᠲᠤ ᠪᠠᠬᠢ ᠪᠣᠶ ᠪᠣᠯᠭᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠬᠢᠭᠡᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠢᠵᠢᠯ ᠴᠢᠭᠯᠡᠯ ᠢᠶᠠᠷ ᠵᠡᠷᠭᠡ ᠪᠠᠷ ᠶᠠᠪᠤᠭᠳᠠᠭᠤᠯᠬᠤ᠂ ᠡᠳᠦᠷ ᠲᠤᠲᠤᠮ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠬᠢᠭᠡᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠵᠡᠷᠭᠡᠪᠡᠷ ᠶᠠᠪᠤᠬᠳᠠᠭᠤᠯᠬᠤ ᠶᠢ ᠪᠡᠶᠡᠯᠡᠭᠦᠯᠬᠦ ᠬᠡᠷᠡᠭᠲᠡᠶ᠃ ᠮᠠᠷᠺᠰ ᠤᠨ ᠦᠵᠡᠯ ᠤᠨ ᠤᠨᠤᠯ ᠤᠨ ᠡᠷᠳᠡᠮ ᠰᠢᠨᠵᠢᠯᠡᠭᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠭᠵᠢᠯᠲᠡ ᠶᠢᠨ ᠲᠠᠪᠴᠠᠩ ᠢ ᠪᠤᠶᠢᠵᠢᠭᠤᠯᠤᠨ ᠪᠠᠬᠢᠵᠢᠭᠦᠯᠵᠦ᠂ ᠲᠠᠪᠴᠠᠩ ᠤᠨ ᠳᠡᠮᠵᠢᠯᠭᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠪᠦᠬᠦ ᠤᠯᠤᠰ ᠤᠨ ᠭᠤᠣᠯᠳᠠᠯᠭ᠎ᠠ ᠲᠠᠢ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢ ᠪᠠᠶᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠨᠦᠯᠦᠭᠡᠯᠡᠡ ᠳᠠᠶᠢᠴᠢᠯᠠᠬᠤ ᠶᠢ ᠴᠢᠩᠭᠠᠳᠬᠠᠵᠤ᠂ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠤᠯᠤᠰ ᠤᠨ ᠭᠤᠣᠯᠳᠠᠯᠭ᠎ᠠ ᠲᠠᠢ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠪᠠᠷ ᠬᠦᠳᠦᠯᠦᠨ ᠲᠠᠭᠠᠭᠤᠯᠵᠤ᠂ ᠡᠯ᠎ᠡ ᠲᠦᠷᠦᠯ ᠤᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠬᠠᠷᠢᠯᠴᠠᠨ ᠠᠬᠢᠭᠤᠯᠬᠤ᠂ ᠬᠠᠮᠲᠤ ᠪᠠᠷ ᠬᠥᠭᠵᠢᠬᠦ᠂ ᠨᠢᠭᠡ ᠴᠤᠬᠴᠠᠵᠢᠭᠤᠯᠤᠨ ᠠᠬᠢᠭᠤᠯᠬᠤ ᠪᠠᠶᠢᠳᠠᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ︽ᠰᠠᠨᠠᠯ︾ ᠳᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠤᠳᠤᠷᠢᠳᠤᠯᠭ᠎ᠠ ᠪᠠᠨ ᠴᠢᠩᠭᠠᠳᠬᠠᠨ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠤᠬᠠᠭᠤᠯᠭ᠎ᠠ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠶ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠣᠯᠤᠨ ᠵᠠᠷᠤᠳᠠᠯ ᠮᠦᠩᠬᠦ ᠶᠢᠨ ᠳᠡᠮᠵᠢᠯᠭᠡ ᠬᠠᠩᠭᠠᠬᠤ ᠬᠡᠷᠡᠭᠲᠡᠶ᠃ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠠᠶᠢᠭ᠎ᠠ ᠨᠢᠭᠡᠴᠢ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠪᠣᠯᠭᠠᠵᠤ᠂ ᠮᠠᠷᠺᠰ ᠤᠨ ᠦᠵᠡᠯ ᠤᠨ ᠤᠨᠤᠯ ᠤᠨ ᠰᠢᠨᠵᠢᠯᠡᠭᠡᠨ ᠤ ᠰᠠᠯᠠᠭ᠎ᠠ ᠶᠢ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠢ ᠭᠤᠣᠯᠳᠠᠯᠭ᠎ᠠ ᠲᠠᠢ ᠬᠢᠴᠢᠶᠡᠯ ᠪᠤᠯᠭᠠᠵᠦ ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠪᠠᠲᠤᠯᠠᠬᠤ ᠬᠡᠷᠡᠭᠲᠡᠢ᠃ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠶᠢ ᠴᠢᠩᠳᠠᠯᠠᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠲᠠᠢ ᠤᠶᠠᠯᠳᠤᠭᠤᠯᠤᠨ ᠥᠷᠨᠢᠭᠦᠯᠦᠭᠰᠡᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠲᠤᠰᠬᠠᠢ ᠪᠠᠶᠢᠴᠠᠭᠠᠯᠲᠠ ᠳᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠪᠠᠶᠢᠭ᠎ᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠯᠭᠠᠨ ᠬᠢᠨᠠᠬᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠦᠨᠡᠯᠡᠨ ᠵᠢᠱᠢᠬᠦ ᠴᠢᠬᠤᠯᠠ ᠠᠭᠤᠯᠭ᠎ᠠ ᠪᠣᠯᠭᠠᠵᠤ᠂ ᠪᠠᠶᠢᠭ᠎ᠠ ᠨᠢᠭᠡᠴᠢ ᠶᠢᠨ ᠤᠳᠤᠷᠢᠳᠬᠤ ᠪᠠᠭ᠂ ᠭᠤᠣᠯ ᠤᠳᠤᠷᠢᠳᠤᠯᠭ᠎ᠠ ᠪᠤᠯᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢ ᠶᠡᠷᠦᠩᠬᠡᠶᠢᠯᠡᠠ ᠰᠢᠯᠭᠠᠨ ᠦᠨᠡᠯᠡᠬᠦ ᠴᠢᠬᠤᠯᠠ ᠯᠠᠪᠯᠠᠯᠲᠠ ᠪᠣᠯᠭᠠᠵᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢ ᠰᠠᠶᠢᠲᠤᠷ ᠪᠠᠶᠢᠭᠤᠯᠵᠤ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号