| ︵1984 ᠣᠨ ᠤ 5 ᠰᠠᠷ᠎ᠠ ᠶᠢᠨ 11 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ | ᠬᠤᠷᠠᠯᠳᠤᠭᠠᠨ ᠠᠴᠠ ᠪᠠᠲᠤᠯᠠᠪᠠ᠃ 1996 ᠣᠨ ᠤ 5 ᠰᠠᠷ᠎ᠠ ᠶᠢᠨ 15 ᠤ ᠡᠳᠦᠷ ᠨᠠᠢᠮᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ | ᠶᠢᠰᠦᠳᠦᠭᠡᠷ ᠬᠤᠷᠠᠯᠳᠤᠭᠠᠨ ᠤ《 ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠰᠢᠢᠳᠪᠤᠷᠢ︾ ᠶᠢ ᠦᠨᠳᠦᠰᠦᠯᠡᠨ | ᠠᠩᠬᠠᠳᠤᠭᠠᠷ ᠤᠳᠠᠭ᠎ᠠ ᠵᠠᠰᠠᠪᠤᠷᠢ ᠣᠷᠣᠭᠤᠯᠪᠠ᠃ 2008 ᠣᠨ ᠤ 2 ᠰᠠᠷ᠎ᠠ ᠶᠢᠨ 28 ᠤ ᠡᠳᠦᠷ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠬᠤᠶᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ᠃ 2017 ᠣᠨ ᠤ 6 | ᠰᠠᠷ᠎ᠠ ᠶᠢᠨ 27 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯᠳᠤᠭᠠᠨ ᠤ ︽︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ〉 | ᠳᠤ ᠵᠠᠰᠠᠪᠤᠷᠢ ᠤᠷᠤᠭᠤᠯᠬᠤ ᠲᠤᠬᠠᠢ ᠰᠢᠢᠳᠪᠤᠷᠢ》 ᠶᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢ | ᠤᠷᠤᠭᠤᠯᠪᠠ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠵᠤ᠂ ᠤᠰᠤᠨ ᠤ ᠠᠮᠢ ᠠᠬᠤᠶ ᠶᠢ ᠬᠠᠮᠠᠭᠠᠯᠠᠨ᠂ ᠤᠤᠭᠤᠬᠤ ᠤᠰᠤᠨ ᠤ ᠠᠮᠤᠷ ᠲᠦᠪᠰᠢᠨ ᠢ | ᠪᠠᠲᠤᠯᠠᠵᠤ᠂ ᠤᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠠᠤᠯᠢ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠳᠡᠪᠢᠰᠬᠡᠷ ᠲᠠᠬᠢ ᠭᠤᠣᠯ ᠮᠥᠷᠡᠨ᠂ ᠨᠠᠭᠤᠷ ᠴᠦᠬᠦᠷᠦᠮ᠂ ᠲᠠᠲᠠᠮᠠᠯ ᠭᠤᠣᠯ᠂ ᠤᠰᠤᠨ ᠰᠤᠪᠠᠭ᠂ ᠴᠥᠭᠦᠷᠥᠮ ᠵᠡᠷᠭᠡ | ᠭᠠᠵᠠᠷ ᠳᠡᠭᠡᠷᠡᠬᠢ ᠤᠰᠤᠨ ᠴᠣᠭᠴᠠ ᠵᠢᠴᠢ ᠭᠠᠵᠠᠷ ᠳᠣᠣᠷᠠᠬᠢ ᠤᠰᠤᠨ ᠴᠣᠭᠴᠠ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠳᠤ ᠬᠡᠷᠡᠭᠯᠡᠨ᠎ᠡ᠃ | ᠲᠡᠯᠡᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠯᠡᠢ ᠶᠢᠨ ᠣᠷᠴᠢᠨ ᠲᠤᠭᠤᠷᠢᠨ ᠢ ᠬᠠᠮᠠᠭᠠᠯᠠᠬᠤ ᠬᠠᠤᠯᠢ》 ᠶᠢ ᠲᠤᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ ᠵᠠᠷᠴᠢᠮ ᠢ ᠪᠠᠷᠢᠮᠲᠠᠯᠠᠵᠤ᠂ | ᠤᠤᠭᠤᠬᠤ ᠤᠰᠤᠨ ᠤ ᠡᠬᠢ ᠰᠤᠷᠪᠤᠯᠵᠢ ᠶᠢ ᠡᠩ ᠲᠡᠷᠢᠭᠦᠨ ᠳᠤ ᠬᠠᠮᠠᠭᠠᠯᠠᠵᠤ᠂ ᠠᠵᠤ ᠦᠢᠯᠡᠳᠪᠦᠷᠢ ᠶᠢᠨ | ᠪᠣᠬᠢᠷᠲᠤᠯ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠰᠡᠷᠭᠡᠶᠢᠯᠡᠨ ᠵᠠᠰᠠᠵᠤ᠂ ᠠᠮᠢ ᠠᠬᠤᠶ ᠶᠢ ᠵᠠᠰᠠᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠤᠰᠤᠨ ᠤ ᠣᠷᠴᠢᠨ ᠲᠤᠭᠤᠷᠢᠨ ᠤ ᠪᠣᠬᠢᠷᠲᠤᠯ ᠪᠠ ᠠᠮᠢ | ᠠᠬᠤᠶ ᠶᠢᠨ ᠡᠪᠳᠡᠭᠳᠡᠯ ᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ ᠪᠠᠭᠠᠰᠬᠠᠬᠤ ᠬᠡᠷᠡᠭᠲᠡᠶ᠃ | ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠬᠤ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ | ᠵᠠᠬᠢᠷᠭᠠᠨ ᠤ ᠣᠷᠣᠨ ᠤ ᠪᠠᠨ ᠤᠰᠦᠠ ᠤ ᠣᠷᠴᠢᠨ ᠲᠣᠭᠤᠷᠢᠨ ᠤ ᠶᠠᠰᠤ ᠴᠢᠨᠠᠷ ᠢ ᠬᠠᠷᠢᠭᠤᠴᠠᠵᠤ᠂ ᠴᠠᠭ | ᠲᠤᠬᠠᠶ ᠳᠤᠨᠢ ᠠᠷᠭ᠎ᠠ ᠬᠡᠮᠵᠢᠶ᠎ᠡ ᠠᠪᠴᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠡᠷᠡᠭᠲᠡᠢ᠃ | ᠲᠠᠪᠤᠳᠤᠭᠠᠷ ᠵᠦᠢᠯ ᠮᠤᠵᠢ᠂ ᠬᠤᠲᠠ᠂ ᠰᠢᠶᠠᠨ᠂ ᠰᠢᠶᠠᠩ ᠳᠤ ᠭᠤᠣᠯ ᠤᠨ ᠳᠠᠷᠤᠭ᠎ᠠ ᠶᠢᠨ ᠲᠦᠷᠢᠮ ᠢ | ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯ ᠮᠥᠷᠡᠨ᠂ ᠨᠠᠭᠤᠷ ᠴᠦᠬᠦᠷᠦᠮ ᠤᠨ | ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠣᠷᠣᠨ ᠤ ᠡᠷᠭᠢ ᠶᠢᠨ ᠱᠤᠭᠤᠮ ᠢ ᠬᠠᠮᠢᠶᠠᠷᠬᠤ᠂ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ ᠠᠵᠢᠯ ᠢ ᠱᠠᠳᠤ ᠬᠤᠪᠢᠶᠠᠨ | ᠬᠡᠰᠡᠭ ᠬᠤᠪᠢᠶᠠᠨ ᠵᠣᠬᠢᠶᠠᠨ ᠪᠠᠶᠢᠭᠤᠯᠵᠤ ᠤᠳᠤᠷᠢᠳᠤᠨ᠎ᠠ᠃ | ᠵᠢᠷᠭᠤᠳᠤᠭᠠᠷ ᠵᠦᠢᠯ ᠤᠯᠤᠰ ᠠᠴᠠ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ | ᠬᠠᠷᠢᠭᠤᠴᠠᠯᠭ᠎ᠠ ᠶᠢᠨ ᠲᠦᠷᠢᠮ ᠪᠠ ᠬᠢᠨᠠᠨ ᠰᠢᠯᠭᠠᠵᠤ ᠦᠨᠡᠯᠡᠬᠦ ᠲᠦᠷᠢᠮ ᠢ ᠬᠡᠷᠡᠭᠵᠢᠭᠦᠯᠵᠦ᠂ ᠤᠰᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠬᠠᠷᠢᠭᠤᠴᠠᠯᠭᠠᠲᠠᠨ ᠢ ᠬᠢᠨᠠᠨ ᠰᠢᠯᠭᠠᠵᠤ ᠦᠨᠡᠯᠡᠬᠦ ᠠᠭᠤᠯᠭ᠎ᠠ ᠪᠣᠯᠭᠠᠨ᠎ᠠ᠃ | ᠳᠣᠯᠣᠳᠤᠭᠠᠷ ᠵᠦᠢᠯ ᠤᠯᠤᠰ ᠠᠴᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠭᠠᠨ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ | ᠵᠣᠷᠢᠭᠵᠢᠭᠤᠯᠤᠨ ᠲᠡᠮᠵᠢᠵᠤ᠂ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠨ᠎ᠠ᠃ | ᠨᠠᠢᠮᠠᠳᠤᠭᠠᠷ ᠵᠦᠢᠯ ᠤᠯᠤᠰ ᠠᠴᠠ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠣᠷᠣᠨ ᠪᠦᠰᠡ ᠪᠠ | ᠭᠤᠣᠯ ᠮᠥᠷᠡᠨ᠂ ᠨᠠᠭᠤᠷ ᠴᠥᠭᠦᠷᠥᠮ ᠤᠨ ᠳᠡᠭᠡᠳᠦ ᠤᠷᠤᠰᠬᠠᠯ ᠤᠨ ᠭᠠᠵᠠᠷ ᠣᠷᠣᠨ ᠤ ᠤᠰᠤᠨ ᠤ ᠣᠷᠴᠢᠨ | ᠲᠤᠭᠤᠷᠢᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ | ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤᠨ ᠤ ᠪᠣᠬᠢᠷᠲᠤᠯ ᠤᠨ | ᠰᠡᠷᠭᠡᠶᠢᠯᠡᠨ ᠵᠠᠰᠠᠯᠳᠠ ᠳᠤ ᠨᠢᠭᠡᠳᠦᠯᠳᠡᠢ ᠬᠢᠨᠠᠯᠳᠠ ᠬᠠᠮᠢᠶᠠᠷᠤᠯᠳᠠ ᠬᠢᠨ᠎ᠡ᠃ | ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠯᠠᠢ ᠶᠢᠨ ᠶᠠᠪᠤᠳᠠᠯ ᠢ ᠬᠠᠮᠢᠶᠠᠷᠬᠤ | ᠪᠠᠶᠢᠭᠤᠯᠤᠮᠵᠢ ᠠᠴᠠ ᠣᠩᠭᠤᠴᠠ ᠰᠠᠯ ᠤᠨ ᠪᠤᠬᠢᠷᠳᠤᠭᠤᠯᠤᠭᠰᠠᠨ ᠤᠰᠤᠨ ᠣᠷᠣᠨ ᠤ ᠰᠡᠷᠭᠡᠶᠢᠯᠡᠨ ᠵᠠᠰᠠᠯᠳᠠ ᠳᠤ | ᠬᠢᠨᠠᠯᠳᠠ ᠬᠠᠮᠢᠶᠠᠷᠤᠯᠳᠠ ᠬᠢᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭ᠎ᠠ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭᠠᠯᠠᠯ᠂ ᠪᠦᠲᠦᠭᠡᠨ ᠪᠠᠶᠢᠭᠤᠯᠤᠯᠲᠠ᠂ | ᠲᠠᠷᠢᠶᠠᠯᠠᠩ᠂ ᠵᠢᠭᠠᠰᠤᠨ ᠠᠵᠤ ᠠᠬᠤᠶ ᠵᠡᠷᠭᠡ ᠰᠠᠯᠠᠭ᠎ᠠ ᠮᠥᠴᠢᠷ ᠵᠢᠴᠢ ᠴᠢᠬᠤᠯᠠ ᠭᠤᠣᠯ ᠮᠥᠷᠡᠨ᠂ ᠨᠠᠭᠤᠷ | ᠴᠦᠬᠦᠷᠦᠮ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠᠶᠢᠭᠤᠯᠤᠮᠵᠢ ᠨᠤᠭᠤᠳ ᠲᠤᠰ | ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠬᠤᠯᠪᠣᠭᠳᠠᠯ ᠪᠦᠬᠦᠢ ᠠᠵᠢᠯ ᠢ ᠬᠢᠨᠠᠵᠤ ᠬᠠᠮᠢᠶᠠᠷᠤᠨ᠎ᠠ᠃ | ᠠᠷᠪᠠᠳᠤᠭᠠᠷ ᠵᠦᠢᠯ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠳᠠᠭᠠᠨ ᠤᠯᠤᠰ ᠪᠤᠶᠤ ᠣᠷᠣᠨ | ᠨᠤᠲᠤᠭ ᠤᠨ ᠲᠣᠭᠲᠠᠭᠠᠭᠰᠠᠨ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠪᠣᠯᠤᠨ | ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠬᠡᠯ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ | ᠠᠷᠪᠠᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤᠨ ᠤ ᠣᠷᠴᠢᠨ | ᠲᠣᠭᠤᠷᠢᠨ ᠢ ᠬᠠᠮᠠᠭᠠᠯᠠᠬᠤ ᠡᠭᠦᠷᠭᠡ ᠲᠠᠢ ᠪᠥᠭᠡᠳ ᠤᠰᠤᠨ ᠤ ᠣᠷᠴᠢᠨ ᠲᠣᠭᠤᠷᠢᠨ ᠢ ᠪᠣᠬᠢᠷᠲᠤᠭᠤᠯᠤᠨ | ᠬᠤᠬᠢᠷᠠᠭᠤᠯᠤᠭᠰᠠᠨ ᠠᠵᠢᠯᠯᠠᠭ᠎ᠠ ᠶᠢ ᠢᠯᠡᠴᠢᠯᠡᠬᠦ ᠡᠷᠬᠡ ᠲᠠᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠰᠠᠶᠢᠰᠢᠶᠠᠨ ᠬᠥᠬᠢᠭᠦᠯᠦᠨ᠎ᠡ᠃ | | ᠬᠤᠶᠠᠳᠤᠭᠠᠷ ᠪᠦᠯᠦᠭ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠪᠠ ᠲᠥᠯᠥᠪᠵᠢᠭᠦᠯᠭᠡ | ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠤᠰᠤᠨ ᠤ ᠣᠷᠴᠢᠨ ᠲᠤᠭᠤᠷᠢᠨ ᠤ | ᠶᠠᠰᠤ ᠴᠢᠨᠠᠷ ᠤᠨ ᠪᠠᠷᠢᠮᠵᠢᠶ᠎ᠠ ᠶᠢ ᠲᠤᠭᠳᠠᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠳᠤ | ᠲᠣᠭᠲᠠᠭᠠᠭᠰᠠᠨ ᠦᠭᠡᠢ ᠵᠦᠢᠯᠡᠰ ᠲᠤ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠵᠤ ᠪᠣᠯᠬᠤ ᠪᠥᠭᠡᠳ ᠲᠦᠷᠦ ᠶᠢᠨ | ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | ᠠᠷᠪᠠᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ | ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠲᠠᠢ ᠬᠠᠮᠳᠤᠷᠠᠨ᠂ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ | ᠰᠠᠪᠠ ᠭᠠᠵᠠᠷ ᠤᠨ ᠤᠰᠤᠨ ᠴᠣᠭᠴᠠ ᠶᠢᠨ ᠬᠡᠷᠡᠭᠯᠡᠯᠲᠡ ᠶᠢᠨ ᠴᠢᠳᠠᠮᠵᠢ ᠵᠢᠴᠢ ᠬᠤᠯᠪᠣᠭᠳᠠᠯ ᠪᠦᠬᠦᠢ ᠭᠠᠵᠠᠷ | ᠣᠷᠣᠨ ᠤ ᠠᠵᠤ ᠠᠬᠤᠶ᠂ ᠲᠧᠭᠨᠢᠭ ᠮᠡᠷᠭᠡᠵᠢᠯ ᠤᠨ ᠨᠥᠬᠦᠴᠡᠯ ᠢ ᠦᠨᠳᠦᠰᠦᠯᠡᠨ᠂ ᠲᠤᠰ ᠴᠢᠬᠤᠯᠠ ᠭᠤᠣᠯ ᠮᠥᠷᠡᠨ᠂ | ᠨᠠᠭᠤᠷ ᠴᠦᠬᠦᠷᠦᠮ ᠤᠨ ᠰᠠᠪᠠ ᠭᠠᠵᠠᠷ ᠤᠨ ᠮᠤᠵᠢ ᠶᠢᠨ ᠵᠠᠭᠠᠭ ᠲᠠᠬᠢ ᠤᠰᠤᠨ ᠴᠣᠭᠴᠠ ᠳᠤ ᠬᠡᠷᠡᠭᠯᠡᠬᠦ ᠤᠰᠤᠨ ᠤ | ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠶᠢ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ ᠪᠣᠯᠤᠨ᠎ᠠ᠃ | ᠠᠷᠪᠠᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠤᠰᠤᠨ ᠤ ᠣᠷᠴᠢᠨ ᠲᠣᠭᠤᠷᠢᠨ ᠤ | ᠶᠠᠰᠤ ᠴᠢᠨᠠᠷ ᠤᠨ ᠪᠠᠷᠢᠮᠵᠢᠶ᠎ᠠ ᠪᠣᠯᠤᠨ ᠤᠯᠤᠰ ᠤᠨ ᠠᠵᠤ ᠠᠬᠤᠢ᠂ ᠲᠧᠭᠨᠢᠭ ᠮᠡᠷᠭᠡᠵᠢᠯ ᠤᠨ ᠨᠥᠬᠦᠴᠡᠯ ᠢ | ᠦᠨᠳᠦᠰᠦᠯᠡᠵᠦ᠂ ᠤᠯᠤᠰ ᠤᠨ ᠤᠰᠤᠨ ᠤ ᠪᠤᠬᠢᠷᠳᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠲᠣᠭᠲᠠᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ ᠤᠨ ᠪᠠᠷᠢᠮᠵᠢᠶ᠎ᠠ ᠳᠤ | ᠲᠣᠭᠲᠠᠭᠠᠭᠰᠠᠨ ᠦᠭᠡᠢ ᠵᠦᠢᠯᠡᠰ ᠲᠤ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠣᠷᠣᠨ | ᠨᠤᠲᠤᠭ ᠤᠨ ᠪᠠᠷᠢᠮᠵᠢᠶ᠎ᠠ ᠲᠣᠭᠲᠠᠭᠠᠵᠤ ᠪᠣᠯᠤᠨ᠎ᠠ︔ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ | ᠤᠯᠤᠰ ᠤᠨ ᠪᠠᠷᠢᠮᠵᠢᠶ᠎ᠠ ᠳᠤ ᠨᠢᠭᠡᠨᠲᠡ ᠲᠣᠭᠲᠠᠭᠠᠭᠰᠠᠨ ᠵᠦᠢᠯᠡᠰ ᠲᠤ ᠤᠰᠤᠨ ᠤ ᠪᠤᠬᠢᠷᠳᠤᠯ ᠪᠣᠳᠠᠰ | ᠭᠠᠳᠠᠭᠰᠢᠯᠠᠭᠤᠯᠬᠤ ᠲᠤᠬᠠᠶ ᠤᠯᠤᠰ ᠤᠨ ᠪᠠᠷᠢᠮᠵᠢᠶ᠎ᠠ ᠠᠴᠠ ᠴᠢᠩᠭ᠎ᠠ ᠣᠷᠣᠨ ᠨᠤᠲᠤᠭ ᠤᠨ ᠤᠰᠤᠨ ᠤ ᠪᠤᠬᠢᠷᠳᠤᠯ | ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃ ᠤᠰᠤᠨ ᠤ ᠪᠤᠬᠢᠷᠳᠤᠯ ᠪᠤᠳᠠᠰ | ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠶᠢ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠬᠤ | ᠬᠡᠷᠡᠭᠲᠡᠢ᠃ | ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠲᠠᠢ ᠪᠣᠯᠤᠭᠰᠠᠨ | ᠤᠰᠤᠨ ᠴᠣᠭᠴᠠ ᠳᠤ ᠪᠤᠬᠢᠷᠳᠤᠯ ᠪᠣᠳᠠᠰ ᠭᠠᠳᠠᠭᠰᠢᠯᠠᠭᠤᠯᠬᠤ ᠳᠤ ᠬᠦᠷᠪᠡᠯ᠂ ᠤᠰᠤᠨ ᠤ ᠪᠤᠬᠢᠷᠳᠤᠯ ᠪᠤᠳᠠᠰ | ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠱᠠᠭᠠᠷᠳᠠᠯᠭ᠎ᠠ ᠪᠠ ᠤᠯᠤᠰ ᠪᠤᠶᠤ ᠣᠷᠣᠨ ᠨᠤᠲᠤᠭ ᠤᠨ ᠠᠵᠤ ᠠᠬᠤᠢ᠂ ᠲᠧᠭᠨᠢᠭ ᠮᠡᠷᠭᠡᠵᠢᠯ ᠤᠨ ᠨᠥᠬᠦᠴᠡᠯ ᠢ | ᠦᠨᠳᠦᠰᠦᠯᠡᠨ᠂ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠪᠠ ᠤᠰᠤᠨ ᠤ ᠪᠤᠬᠢᠷᠳᠤᠯ | ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠰᠠᠪᠠ ᠭᠠᠵᠠᠷ ᠢᠶᠠᠷ ᠪᠤᠶᠤ | ᠣᠷᠣᠨ ᠪᠦᠰᠡ ᠪᠠᠷ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠤᠯᠤᠰ ᠠᠴᠠ ᠲᠣᠭᠲᠠᠭᠠᠭᠰᠠᠨ ᠴᠢᠬᠤᠯᠠ ᠭᠤᠣᠯ | ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ | ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠡᠵᠡᠮᠳᠡᠯ᠂ ᠤᠰᠤᠨ ᠤ ᠵᠠᠰᠠᠭ ᠵᠠᠬᠢᠷᠭᠠᠨ ᠵᠡᠷᠭᠡ ᠰᠠᠯᠠᠭ᠎ᠠ ᠮᠥᠴᠢᠷ | ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠬᠦᠯᠵᠦ ᠵᠦᠪᠰᠢᠶᠡᠷᠡᠯ ᠠᠪᠬᠤ ᠬᠡᠷᠡᠭᠲᠡᠢ᠃ | ᠡᠮᠦᠨᠡᠬᠢ ᠪᠠᠳᠠᠭ ᠤᠨ ᠲᠣᠭᠲᠠᠭᠠᠯ ᠠᠴᠠ ᠭᠠᠳᠠᠨᠠᠬᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠠᠯᠤᠰᠯᠠᠭᠰᠠᠨ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ | ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ | ᠲᠤᠰ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠬᠤᠲᠠ᠂ ᠰᠢᠶᠠᠨ ᠤ ᠠᠷᠠᠳ ᠤᠨ ᠵᠠᠰᠠᠭ ᠤᠨ | ᠣᠷᠳᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠠᠳ | ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠣᠲᠣᠷᠠᠬᠢ ᠰᠢᠶᠠᠨ | ᠠᠯᠤᠰᠯᠠᠭᠰᠠᠨ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠲᠥᠯᠥᠪᠵᠢᠭᠦᠯᠭᠡ ᠶᠢ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ | ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠲᠤᠰ ᠭᠠᠵᠠᠷ ᠤᠨ ᠪᠣᠳᠠᠲᠤ | ᠪᠠᠶᠢᠳᠠᠯ ᠢ ᠦᠨᠳᠦᠰᠦᠯᠡᠨ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠨᠠᠶᠢᠷᠠᠭᠤᠯᠤᠨ ᠵᠣᠬᠢᠶᠠᠵᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠵᠦ ᠳᠠᠩᠰᠠᠯᠠᠭᠤᠯᠤᠨ᠎ᠠ᠃ | ᠵᠥᠪᠰᠢᠶᠡᠷᠡᠭᠦᠯᠦᠭᠰᠡᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠦᠨᠳᠦᠰᠦᠨ ᠦᠨᠳᠦᠰᠦᠯᠡᠯ ᠮᠥᠨ᠂ ᠲᠥᠯᠥᠪᠵᠢᠭᠦᠯᠭᠡ ᠳᠤ ᠵᠠᠰᠠᠪᠤᠷᠢ | ᠣᠷᠣᠭᠤᠯᠬᠤ ᠳᠤ ᠡᠷᠬᠡᠪᠰᠢ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠬᠠᠤᠯᠢ ᠶᠣᠰᠣᠭᠠᠷ ᠵᠥᠪᠰᠢᠶᠡᠷᠡᠭᠰᠡᠨ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠣᠭᠲᠠᠭᠠᠬᠤ ᠬᠡᠷᠡᠭᠲᠡᠶ᠃ | | ᠠᠷᠪᠠᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠬᠤᠲᠠ᠂ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠳᠤ | ᠲᠣᠭᠲᠠᠭᠠᠭᠰᠠᠨ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠶᠢᠨ ᠱᠠᠭᠠᠷᠳᠠᠯᠭ᠎ᠠ | ᠶᠣᠰᠣᠭᠠᠷ᠂ ᠬᠤᠭᠤᠴᠠᠭ᠎ᠠ ᠲᠣᠭᠲᠠᠭᠠᠨ ᠪᠠᠷᠢᠮᠵᠢᠶ᠎ᠠ ᠳᠤ ᠬᠦᠷᠭᠡᠬᠦ ᠲᠥᠯᠥᠪᠵᠢᠭᠦᠯᠭᠡ ᠲᠣᠭᠲᠠᠭᠠᠵᠤ᠂ ᠠᠷᠭ᠎ᠠ | ᠬᠡᠮᠵᠢᠶ᠎ᠡ ᠠᠪᠴᠤ ᠪᠠᠶᠢᠭᠠᠳ ᠬᠤᠭᠤᠴᠠᠭ᠎ᠠ ᠶᠣᠰᠣᠭᠠᠷ ᠪᠠᠷᠢᠮᠵᠢᠶ᠎ᠠ ᠳᠤ ᠬᠦᠷᠭᠡᠬᠦ ᠬᠡᠷᠡᠭᠲᠡᠶ᠃ | ᠬᠤᠯᠪᠣᠭᠳᠠᠯ ᠪᠦᠬᠦᠢ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠭᠤᠴᠠᠭ᠎ᠠ | ᠲᠣᠭᠲᠠᠭᠠᠨ ᠪᠠᠷᠢᠮᠵᠢᠶ᠎ᠠ ᠳᠤ ᠬᠦᠷᠭᠡᠬᠦ ᠲᠥᠯᠥᠪᠵᠢᠭᠦᠯᠭᠡ ᠪᠠᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ | ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ | ᠬᠤᠷᠢᠶ᠎ᠠ ᠳᠤ ᠣᠷᠴᠢᠨ ᠲᠤᠭᠤᠷᠢᠨ ᠤ ᠪᠠᠶᠢᠳᠠᠯ ᠪᠠ ᠣᠷᠴᠢᠨ ᠲᠤᠭᠤᠷᠢᠨ ᠢ ᠬᠠᠮᠠᠭᠠᠯᠠᠬᠤ ᠬᠠᠷᠠᠯᠲᠠ ᠪᠠᠨ | ᠪᠡᠶᠡᠯᠡᠭᠦᠯᠦᠭᠰᠡᠨ ᠪᠠᠶᠢᠳᠠᠯ ᠢ ᠮᠡᠳᠡᠭᠦᠯᠬᠦ ᠳᠡᠭᠡᠨ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠢ ᠬᠤᠭᠤᠴᠠᠭ᠎ᠠ | ᠲᠣᠭᠲᠠᠭᠠᠨ ᠪᠠᠷᠢᠮᠵᠢᠶ᠎ᠠ ᠳᠤ ᠬᠦᠷᠭᠡᠬᠦ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠬᠦ ᠶᠢᠨ ᠬᠠᠮᠲᠤ | ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠬᠤ | ᠠᠷᠪᠠ ᠶᠢᠰᠦᠳᠦᠭᠡᠷ ᠵᠦᠢᠯ ᠤᠰᠤᠨ ᠴᠣᠭᠴᠠ ᠳᠤ ᠪᠣᠬᠢᠷᠲᠤᠯ ᠪᠣᠳᠠᠰ ᠢ ᠰᠢᠭᠤᠳ ᠪᠤᠶᠤ ᠳᠠᠮ ᠢᠶᠠᠷ | ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠤᠰᠤᠨ ᠳᠡᠭᠡᠷᠡᠬᠢ ᠪᠤᠰᠤᠳ ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠣᠷᠴᠢᠨ ᠲᠣᠭᠤᠷᠢᠨ ᠤ | ᠨᠥᠯᠥᠭᠡᠯᠡᠯ ᠤᠨ ᠲᠤᠬᠠᠢ ᠦᠨᠡᠯᠡᠯᠲᠡ ᠶᠢ ᠬᠠᠤᠯᠢ ᠶᠣᠰᠣᠭᠠᠷ ᠬᠢᠬᠦ ᠬᠡᠷᠡᠭᠲᠡᠢ᠃ | ᠪᠦᠳᠦᠭᠡᠠ ᠪᠠᠶᠢᠭᠤᠯᠬᠤ ᠨᠢᠭᠡᠴᠢ ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ | ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ | ᠬᠦᠷᠪᠡᠯ᠂ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠢ ᠤᠯᠬᠤ ᠬᠡᠷᠡᠭᠲᠡᠶ︔ ᠠᠶᠠᠯᠠᠯ ᠨᠡᠪᠲᠡᠷᠡᠬᠦ᠂ | ᠵᠢᠭᠠᠰᠤᠨ ᠠᠵᠤ ᠠᠬᠤᠶ ᠶᠢᠨ ᠤᠰᠤᠨ ᠣᠷᠣᠨ ᠳᠤ ᠬᠤᠯᠪᠣᠭᠳᠠᠭᠰᠠᠨ ᠪᠠᠶᠢᠪᠠᠯ᠂ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠷᠴᠢᠨ ᠲᠤᠭᠤᠷᠢᠨ ᠤ ᠨᠥᠯᠥᠭᠡᠯᠡᠯ ᠢ | ᠦᠨᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠳᠡᠭᠡᠨ ᠵᠠᠮ ᠬᠠᠷᠢᠯᠴᠠᠭ᠎ᠠ᠂ ᠵᠢᠭᠠᠰᠤᠨ ᠠᠵᠤ ᠠᠬᠤᠶ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠥᠯᠥᠪᠯᠡᠨ᠂ ᠬᠠᠮᠲᠤ ᠳᠤᠨᠢ ᠪᠠᠷᠢᠵᠤ᠂ | ᠬᠠᠮᠲᠤ ᠳᠤᠨᠢ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠲᠥᠬᠦᠭᠡᠷᠦᠮᠵᠢ ᠨᠢ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠣᠷᠴᠢᠨ ᠲᠣᠭᠤᠷᠢᠨ ᠤ ᠨᠥᠯᠥᠭᠡᠯᠡᠯ ᠢ | ᠦᠨᠡᠯᠡᠭᠰᠡᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠤᠷᠢᠳᠤᠭᠠᠷ ᠵᠦᠢᠯ ᠤᠯᠤᠰ ᠠᠴᠠ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠦᠷᠢᠮ ᠢ ᠬᠡᠷᠡᠭᠵᠢᠭᠦᠯᠦᠨ᠎ᠡ᠃ | ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠭᠦᠢᠴᠡᠳᠬᠡᠯ ᠲᠤᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠤᠨ ᠰᠠᠯᠠᠭ᠎ᠠ ᠮᠦᠴᠢᠷ ᠲᠠᠢ ᠬᠠᠮᠳᠤᠷᠠᠨ | ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠬᠦᠯᠦᠨ ᠵᠦᠪᠰᠢᠶᠡᠷᠡᠬᠦᠯᠬᠦ ᠶᠢᠨ ᠬᠠᠮᠳᠤ ᠲᠤᠷᠤᠭᠰᠢ ᠪᠠᠭᠤᠯᠭᠠᠵᠤ | ᠬᠡᠷᠡᠭᠵᠢᠬᠦᠯᠦᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠲᠤᠰ ᠵᠠᠰᠠᠭ ᠵᠠᠬᠢᠷᠭᠠᠨ ᠤ | ᠣᠷᠣᠨ ᠤ ᠪᠠᠨ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ | ᠪᠠᠭᠠᠰᠬᠠᠬᠤ ᠪᠠ ᠬᠢᠵᠠᠭᠠᠷᠯᠠᠬᠤ ᠬᠡᠷᠡᠭᠲᠡᠶ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠪᠠ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠤᠯᠤᠰ ᠤᠨ | ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠠᠴᠠ ᠭᠠᠳᠠᠨᠠᠬᠢ ᠪᠤᠰᠤᠳ ᠤᠰᠤᠨ ᠤ ᠪᠤᠬᠢᠷᠳᠤᠯ ᠪᠤᠳᠠᠰ ᠢ | ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ ᠪᠣᠯᠤᠨ᠎ᠠ᠃ | ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠬᠡᠯ ᠲᠤᠭ᠎ᠠ ᠠᠴᠠ ᠳᠠᠪᠠᠭᠰᠠᠨ ᠪᠤᠶᠤ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ | ᠬᠠᠷᠠᠯᠲᠠ ᠪᠠᠨ ᠪᠡᠶᠡᠯᠡᠭᠦᠯᠦᠭᠰᠡᠨ ᠦᠭᠡᠶ ᠭᠠᠵᠠᠷ ᠣᠷᠣᠨ ᠳᠤ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠭᠠᠵᠠᠷ ᠣᠷᠣᠨ ᠤ ᠪᠠᠨ ᠠᠷᠠᠳ ᠤᠨ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠲᠤ ᠭᠤᠣᠯᠳᠠᠯᠭ᠎ᠠ ᠲᠠᠢ ᠤᠰᠤᠨ ᠤ | ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠣᠷᠴᠢᠨ ᠲᠤᠭᠤᠷᠢᠨ ᠳᠤ ᠦᠵᠡᠭᠦᠯᠬᠦ ᠨᠥᠯᠥᠭᠡᠯᠡᠯ ᠤᠨ ᠪᠣᠯᠵᠣᠨ ᠶᠠᠷᠢᠯᠴᠠᠭᠰᠠᠨ | ᠪᠠᠶᠢᠳᠠᠯ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠤᠰᠤᠨ ᠴᠣᠭᠴᠠ ᠳᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠣᠯᠤᠨ | ᠡᠮ ᠡᠮᠨᠡᠯᠭᠡ ᠶᠢᠨ ᠪᠣᠬᠢᠷ ᠤᠰᠤ ᠶᠢ ᠰᠢᠭᠤᠳ ᠪᠤᠶᠤ ᠳᠠᠮ ᠢᠶᠠᠷ ᠭᠠᠳᠠᠭᠰᠢᠯᠠᠭᠤᠯᠬᠤ ᠵᠢᠴᠢ ᠲᠣᠭᠲᠠᠭᠠᠯ ᠶᠣᠰᠣᠭᠠᠷ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠣᠯᠪᠠᠯ ᠰᠠᠶ᠋ᠢ ᠭᠠᠳᠠᠭᠰᠢᠯᠠᠭᠤᠯᠵᠤ ᠪᠣᠯᠬᠤ | ᠪᠤᠰᠤᠳ ᠬᠠᠶᠠᠭᠳᠠᠮᠠᠯ ᠤᠰᠤ᠂ ᠪᠣᠬᠢᠷ ᠤᠰᠤ ᠶᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠪᠣᠯᠤᠨ ᠪᠤᠰᠤᠳ ᠦᠢᠯᠡᠳᠪᠦᠷᠢᠯᠡᠯ ᠡᠵᠡᠩᠨᠡᠭᠴᠢᠳ ᠵᠠᠪᠠᠯ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠢ ᠣᠯᠤᠭᠰᠠᠨ ᠪᠠᠶᠢᠬᠤ ᠬᠡᠷᠡᠭᠲᠡᠢ︔ ᠬᠤᠳᠠ ᠪᠠᠯᠭᠠᠰᠤᠨ ᠤ ᠪᠣᠬᠢᠷ ᠤᠰᠤ ᠶᠢ | ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢ ᠡᠵᠡᠩᠨᠡᠬᠦ ᠨᠢᠭᠡᠴᠢ ᠪᠠᠰᠠ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠣᠯᠤᠭᠰᠠᠨ ᠪᠠᠶᠢᠬᠤ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠳᠤ ᠭᠠᠳᠠᠭᠰᠢᠯᠠᠭᠤᠯᠬᠤ ᠤᠰᠤᠨ ᠤ ᠪᠤᠬᠢᠷᠳᠤᠯ ᠪᠤᠳᠠᠰ ᠤᠨ ᠲᠦᠷᠦᠯ ᠵᠦᠢᠯ᠂ | ᠥᠳᠬᠡᠴᠡ ᠶᠢᠨ ᠬᠡᠮᠵᠢᠶ᠎ᠡ᠂ ᠶᠡᠷᠦᠩᠬᠡᠶ ᠬᠡᠮᠵᠢᠶ᠎ᠡ ᠪᠠ ᠭᠠᠳᠠᠭᠰᠢᠯᠠᠭᠤᠯᠬᠤ ᠴᠢᠭᠯᠡᠯ ᠵᠡᠷᠭᠡ ᠱᠠᠭᠠᠷᠳᠠᠯᠭ᠎ᠠ ᠶᠢ | ᠲᠣᠳᠣᠷᠬᠠᠶ ᠲᠣᠭᠲᠠᠭᠠᠬᠤ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠪᠣᠳᠠᠲᠠᠶ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ ᠡᠵᠡᠩᠨᠡᠭᠴᠢ ᠶᠢᠨ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠦᠭᠡᠢ ᠪᠠᠷ ᠪᠤᠶᠤ ᠪᠣᠬᠢᠷᠲᠤᠯ ᠪᠣᠳᠠᠰ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠤᠰᠤᠨ ᠴᠣᠭᠴᠠ ᠳᠤ ᠡᠮᠦᠨᠡᠬᠢ | ᠪᠠᠳᠠᠭ ᠲᠤ ᠲᠣᠭᠲᠠᠭᠠᠭᠰᠠᠨ ᠬᠠᠶᠠᠭᠳᠠᠮᠠᠯ ᠤᠰᠤ᠂ ᠪᠣᠬᠢᠷ ᠤᠰᠤ ᠭᠠᠳᠠᠭᠰᠢᠯᠠᠭᠤᠯᠬᠤ ᠶᠢ ᠴᠠᠭᠠᠵᠠᠯᠠᠨ᠎ᠠ᠃ | ᠬᠤᠷᠢᠨ ᠬᠤᠶᠠᠳᠤᠭᠠᠷ ᠵᠦᠢᠯ ᠤᠰᠤᠨ ᠴᠣᠭᠴᠠ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ ᠡᠵᠡᠩᠨᠡᠭᠴᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠪᠣᠬᠢᠷᠲᠤᠯ ᠪᠣᠳᠠᠰ | ᠭᠠᠳᠠᠭᠰᠢᠯᠠᠭᠤᠯᠬᠤ ᠠᠮᠠ ᠭᠠᠷᠭᠠᠬᠤ ᠬᠡᠷᠡᠭᠲᠡᠢ︔ ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ | ᠭᠠᠳᠠᠭᠰᠢᠯᠠᠭᠤᠯᠬᠤ ᠠᠮᠠ ᠭᠠᠷᠭᠠᠬᠤ ᠳᠤ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢ | ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ | ᠡᠵᠡᠩᠨᠡᠭᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠬᠢᠨᠠᠨ ᠬᠡᠮᠵᠢᠬᠦ ᠵᠢᠷᠤᠮᠵᠢᠯ ᠶᠣᠰᠣᠭᠠᠷ᠂ | ᠭᠠᠳᠠᠭᠰᠢᠯᠠᠭᠤᠯᠤᠭᠰᠠᠨ ᠤᠰᠤᠨ ᠤ ᠪᠤᠬᠢᠷᠳᠤᠯ ᠪᠤᠳᠠᠰ ᠢᠶᠠᠨ ᠥᠪᠡᠰᠦᠪᠡᠨ ᠬᠢᠨᠠᠨ ᠬᠡᠮᠵᠢᠬᠦ ᠶᠢᠨ ᠬᠠᠮᠲᠤ ᠬᠢᠨᠠᠨ | ᠬᠡᠮᠵᠢᠭᠰᠡᠨ ᠠᠩᠬᠠᠨ ᠤ ᠲᠡᠮᠳᠡᠭᠯᠡᠯ ᠢᠶᠠᠨ ᠬᠠᠳᠠᠭᠠᠯᠠᠬᠤ ᠬᠡᠷᠡᠭᠲᠡᠢ᠃ ᠪᠣᠬᠢᠷᠲᠤᠯ ᠪᠣᠳᠠᠰ ᠭᠠᠳᠠᠭᠰᠢᠯᠠᠭᠤᠯᠬᠤ | ᠭᠤᠣᠯᠳᠠᠯᠭ᠎ᠠ ᠲᠠᠢ ᠨᠢᠭᠡᠴᠢ ᠪᠠᠰᠠ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠠᠦ᠋ᠲ᠋ᠣ᠋ | ᠲᠥᠬᠦᠭᠡᠷᠦᠮᠵᠢ ᠤᠭᠰᠠᠷᠠᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠲᠠᠢ ᠰᠦᠯᠵᠢᠶᠡᠨ ᠳᠤ ᠬᠤᠯᠪᠣᠬᠤ ᠶᠢᠨ ᠬᠠᠮᠲᠤ ᠬᠢᠨᠠᠨ ᠬᠡᠮᠵᠢᠬᠦ | ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ᠃ ᠪᠣᠳᠠᠲᠠᠶ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠠᠴᠠ ᠲᠤᠭᠳᠠᠭᠠᠨ᠎ᠠ᠃ | ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠤᠭᠰᠠᠷᠬᠤ | ᠴᠢᠬᠤᠯᠠ ᠲᠠᠢ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢ | ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ | ᠵᠠᠰᠠᠭ ᠵᠠᠬᠢᠷᠭᠠᠨ ᠤ ᠣᠷᠣᠨ ᠤ ᠪᠠᠨ ᠣᠷᠴᠢᠨ ᠲᠤᠭᠤᠷᠢᠨ ᠤ ᠪᠠᠭᠲᠠᠭᠠᠮᠵᠢ᠂ ᠭᠤᠣᠯᠳᠠᠯᠭ᠎ᠠ ᠲᠠᠢ ᠤᠰᠤᠨ ᠤ | ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢᠨ | ᠱᠠᠭᠠᠷᠳᠠᠯᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠭᠠᠳᠠᠭᠰᠢᠯᠠᠭᠤᠯᠬᠤ ᠤᠰᠤᠨ ᠤ ᠪᠤᠬᠢᠷᠳᠤᠯ | ᠪᠤᠳᠠᠰ ᠤᠨ ᠲᠦᠷᠦᠯ ᠵᠦᠢᠯ᠂ ᠲᠤᠭ᠎ᠠ ᠬᠡᠮᠵᠢᠶ᠎ᠡ ᠪᠠ ᠥᠳᠬᠡᠴᠡ ᠵᠡᠷᠭᠡ ᠬᠦᠴᠦᠨ ᠵᠦᠢᠯ ᠢ ᠦᠨᠳᠦᠰᠦᠯᠡᠨ᠂ ᠠᠳᠠᠯᠢ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ ᠲᠣᠭᠲᠠᠭᠠᠨ᠎ᠠ᠃ | ᠬᠤᠷᠢᠨ ᠳᠥᠷᠪᠡᠳᠦᠭᠡᠷ ᠵᠦᠢᠯ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢ | ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠦᠷᠢᠯᠡᠯ | ᠡᠵᠡᠩᠨᠡᠭᠴᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠣᠯᠤᠨ ᠣᠨᠣᠪᠴᠢᠲᠤ ᠴᠢᠨᠠᠷ ᠲᠤ | ᠬᠠᠷᠢᠭᠤᠴᠠᠬᠤ ᠬᠡᠷᠡᠭᠲᠡᠢ᠃ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠤᠣᠯᠳᠠᠯᠭ᠎ᠠ ᠲᠠᠢ | ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠦ᠋ᠲ᠋ᠣ᠋ | ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢᠨ ᠳᠠᠮᠵᠢᠭᠤᠯᠤᠭᠰᠠᠨ ᠲᠤᠭ᠎ᠠ ᠪᠠᠷᠢᠮᠲᠠ ᠨᠢ ᠬᠡᠪ ᠤᠨ ᠪᠤᠰᠤ ᠪᠠᠶᠢᠬᠤ ᠶᠢ | ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠯᠲᠠ ᠬᠢᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠤᠯᠤᠰ ᠠᠴᠠ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ | ᠬᠡᠮᠵᠢᠬᠦ ᠪᠠ ᠤᠰᠤᠨ ᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠲᠦᠷᠢᠮ ᠢ | ᠪᠠᠶᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠢᠷᠤᠮᠵᠢᠯ ᠢ ᠬᠠᠷᠢᠭᠤᠴᠠᠨ | ᠲᠣᠭᠲᠠᠭᠠᠵᠤ᠂ ᠤᠯᠤᠰ ᠤᠨ ᠤᠰᠤᠨ ᠤ ᠣᠷᠴᠢᠨ ᠲᠣᠭᠤᠷᠢᠨ ᠤ ᠪᠠᠶᠢᠳᠠᠯ ᠤᠨ ᠮᠡᠳᠡᠭᠡ ᠵᠠᠩᠭᠢ ᠶᠢ ᠨᠢᠭᠡᠳᠦᠯᠲᠡᠶ | ᠨᠡᠶᠢᠲᠡᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ ᠬᠢᠨᠠᠨ ᠬᠡᠮᠵᠢᠬᠦ ᠲᠣᠤᠷ ᠰᠦᠯᠵᠢᠶ᠎ᠡ ᠶᠢ ᠵᠣᠬᠢᠶᠠᠨ ᠪᠠᠶᠢᠭᠤᠯᠵᠤ᠂ ᠤᠯᠤᠰ ᠤᠨ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ︵ ᠴᠢᠭ︶ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠶ | ᠲᠥᠯᠥᠪᠵᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ | ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠎ᠠ᠃ | ᠬᠤᠷᠢᠨ ᠵᠢᠷᠭᠤᠳᠤᠭᠠᠷ ᠵᠦᠢᠯ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ | ᠴᠦᠬᠦᠷᠦᠮ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠪᠠᠶᠢᠭᠤᠯᠤᠮᠵᠢ ᠨᠢ | ᠲᠡᠭᠦᠨ ᠤ ᠪᠠᠶᠢᠭ᠎ᠠ ᠰᠠᠪᠠ ᠭᠠᠵᠠᠷ ᠤᠨ ᠮᠤᠵᠢ ᠶᠢᠨ ᠵᠠᠭᠠᠭ ᠲᠠᠬᠢ ᠤᠰᠤᠨ ᠴᠣᠭᠴᠠ ᠶᠢᠨ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠬᠤ ᠪᠥᠭᠡᠳ ᠬᠢᠨᠠᠨ ᠬᠡᠮᠵᠢᠭᠰᠡᠨ | ᠦᠷ᠎ᠡ ᠳ᠋ᠦᠩ ᠢᠶᠠᠨ ᠴᠠᠭ ᠲᠤᠬᠠᠶ ᠳᠤᠨᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠬᠦᠯᠬᠦ ᠬᠡᠷᠡᠭᠲᠡᠢ︔ | ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠰᠠᠪᠠ ᠭᠠᠵᠠᠷ ᠤᠨ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢᠨ ᠤᠳᠤᠷᠢᠳᠬᠤ ᠪᠠᠶᠢᠭᠤᠯᠤᠮᠵᠢ ᠲᠠᠢ ᠪᠠᠶᠢᠪᠠᠯ᠂ ᠬᠢᠨᠠᠨ ᠬᠡᠮᠵᠢᠭᠰᠡᠨ ᠦᠷ᠎ᠡ | ᠳ᠋ᠦᠩ ᠢᠶᠠᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠳᠤᠷᠢᠳᠬᠤ ᠪᠠᠶᠢᠭᠤᠯᠤᠮᠵᠢ ᠳᠤ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠬᠤᠷᠢᠨ ᠳᠣᠯᠣᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ | ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ ᠪᠠ ᠲᠣᠬᠢᠷᠠᠭᠤᠯᠬᠤ᠂ ᠵᠤᠬᠢᠴᠠᠭᠤᠯᠬᠤ ᠳᠠᠭᠠᠨ ᠨᠢᠭᠡᠳᠦᠯᠲᠡᠶ | ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠭᠤᠣᠯ ᠮᠥᠷᠡᠨ ᠤ ᠵᠦᠢ ᠵᠣᠬᠢᠰᠲᠠᠶ ᠤᠷᠤᠰᠬᠠᠯ ᠤᠨ ᠬᠡᠮᠵᠢᠶ᠎ᠡ ᠪᠣᠯᠤᠨ | ᠨᠠᠭᠤᠷ ᠲᠣᠭᠤᠷᠢᠮ᠂ ᠴᠥᠭᠦᠷᠥᠮ ᠵᠢᠴᠢ ᠭᠠᠵᠠᠷ ᠳᠣᠣᠷᠠᠬᠢ ᠤᠰᠤᠨ ᠴᠣᠭᠴᠠ ᠶᠢᠨ ᠵᠦᠢ ᠵᠣᠬᠢᠰᠲᠠᠶ ᠤᠰᠤᠨ | ᠲᠦᠪᠰᠢᠨ ᠢ ᠪᠠᠲᠤᠯᠠᠵᠤ᠂ ᠦᠨᠳᠦᠰᠦᠨ ᠠᠮᠢ ᠠᠬᠤᠶ ᠶᠢᠨ ᠬᠡᠷᠡᠭᠯᠡᠬᠦ ᠤᠰᠤ ᠶᠢ ᠪᠠᠲᠤᠯᠠᠵᠤ᠂ ᠤᠰᠤᠨ ᠴᠣᠭᠴᠠ ᠶᠢᠨ | ᠠᠮᠢ ᠠᠬᠤᠶ ᠶᠢᠨ ᠴᠢᠳᠠᠮᠵᠢ ᠶᠢ ᠬᠠᠮᠠᠭᠠᠯᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠵᠤ ᠪᠠᠶᠢᠭᠠᠳ | ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠬᠠᠮᠲᠤᠷᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠬᠦ᠂ | ᠨᠢᠭᠡᠳᠦᠯᠲᠡᠢ ᠪᠠᠷᠢᠮᠵᠢᠶᠠᠯᠠᠬᠤ᠂ ᠨᠢᠭᠡᠳᠦᠯᠲᠡᠢ ᠬᠢᠨᠠᠨ ᠬᠡᠮᠵᠢᠬᠦ᠂ ᠨᠢᠭᠡᠳᠦᠯᠲᠡᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠠᠪᠠ ᠭᠠᠵᠠᠷ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠶᠢ | ᠲᠣᠳᠣᠷᠬᠠᠶ ᠪᠣᠯᠭᠠᠵᠤ᠂ ᠰᠠᠪᠠ ᠭᠠᠵᠠᠷ ᠤᠨ ᠣᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ | ᠴᠢᠳᠠᠪᠤᠷᠢ ᠶᠢ ᠬᠢᠨᠠᠨ ᠬᠡᠮᠵᠢᠬᠦ᠂ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠪᠠ ᠭᠠᠵᠠᠷ ᠤᠨ | ᠣᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠤᠷᠢᠳᠴᠢᠯᠠᠨ ᠰᠡᠷᠡᠮᠵᠢᠯᠡᠬᠦᠯᠬᠦ ᠶᠢ | ᠬᠡᠷᠡᠭᠵᠢᠬᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠰᠠᠪᠠ ᠭᠠᠵᠠᠷ ᠤᠨ ᠠᠮᠢ ᠠᠬᠤᠶ ᠣᠷᠴᠢᠨ ᠲᠤᠭᠤᠷᠢᠨ ᠤ ᠴᠢᠳᠠᠮᠵᠢ ᠶᠢᠨ ᠬᠡᠷᠡᠭᠴᠡᠭᠡ ᠶᠢ ᠦᠨᠳᠦᠰᠦᠯᠡᠨ᠂ ᠭᠤᠣᠯ | ᠮᠥᠷᠡᠨ᠂ ᠨᠠᠭᠤᠷ ᠴᠦᠬᠦᠷᠦᠮ᠂ ᠨᠠᠮᠤᠭ ᠭᠠᠵᠠᠷ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠬᠢᠶᠠᠮᠠᠯ ᠨᠠᠮᠤᠭ ᠭᠠᠵᠠᠷ᠂ ᠤᠰᠤᠨ ᠤ | ᠰᠤᠷᠪᠤᠯᠵᠢ ᠶᠢ ᠬᠠᠳᠠᠭᠠᠯᠠᠬᠤ ᠤᠢ᠂ ᠭᠤᠣᠯ ᠳᠠᠭᠠᠤ ᠨᠠᠭᠤᠷ ᠳᠠᠭᠠᠤ ᠶᠢᠨ ᠤᠷᠭᠤᠮᠠᠯ ᠤᠨ ᠬᠤᠴᠢᠯᠭ᠎ᠠ ᠶᠢ | ᠨᠠᠮᠳᠠᠭᠤᠯᠬᠤ ᠪᠦᠰᠡ ᠪᠠ ᠲᠤᠰᠠᠭᠠᠷᠯᠠᠬᠤ ᠪᠦᠰᠡ ᠵᠡᠷᠭᠡ ᠠᠮᠢ ᠠᠬᠤᠶ ᠤᠷᠴᠢᠨ ᠲᠤᠭᠤᠷᠢᠨ ᠢ ᠵᠠᠰᠠᠬᠤ ᠪᠠ | ᠬᠠᠮᠠᠭᠠᠯᠠᠬᠤ ᠢᠨᠵᠧᠨᠧᠷᠢᠩ ᠢ ᠪᠠᠶᠢᠭᠤᠯᠵᠤ᠂ ᠬᠠᠷ᠎ᠠ ᠦᠮᠡᠬᠡᠶ ᠤᠰᠤᠨ ᠴᠣᠭᠴᠠ ᠶᠢ ᠴᠡᠭᠴᠡᠯᠡᠨ ᠵᠠᠰᠠᠵᠤ᠂ ᠰᠠᠪᠠ | ᠭᠠᠵᠠᠷ ᠤᠨ ᠣᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢ ᠳᠡᠭᠡᠭᠰᠢᠯᠡᠭᠦᠯᠬᠦ ᠬᠡᠷᠡᠭᠲᠡᠶ᠃ | ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠬᠢᠬᠦ ᠳᠤ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠰᠠᠪᠠ ᠭᠠᠵᠠᠷ ᠤᠨ ᠠᠮᠢ ᠠᠬᠤᠶ ᠣᠷᠴᠢᠨ ᠲᠤᠭᠤᠷᠢᠨ ᠤ ᠴᠢᠳᠠᠮᠵᠢ ᠶᠢ ᠬᠠᠮᠠᠭᠠᠯᠠᠵᠤ᠂ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ | ᠭᠤᠴᠢᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠵᠤ ᠬᠠᠮᠢᠶᠠᠷᠬᠤ ᠡᠷᠬᠡ ᠶᠢ ᠬᠡᠷᠡᠭᠵᠢᠭᠦᠯᠬᠦ ᠪᠤᠰᠤᠳ ᠰᠠᠯᠠᠭ᠎ᠠ | ᠮᠥᠴᠢᠷ ᠤᠳ ᠬᠠᠷᠢᠶᠠᠯᠠᠬᠤ ᠬᠡᠪᠴᠢᠶᠡᠨ ᠤ ᠪᠠᠨ ᠳᠣᠲᠣᠷᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢ | ᠲᠤᠬᠠᠢ ᠶᠢᠨ ᠭᠠᠵᠠᠷ ᠲᠤᠨᠢ ᠪᠠᠶᠢᠴᠠᠭᠠᠬᠤ ᠡᠷᠬᠡ ᠲᠠᠢ᠃ ᠪᠠᠶᠢᠴᠠᠭᠠᠭᠳᠠᠬᠤ ᠨᠢᠭᠡᠴᠢ ᠪᠠᠶᠢᠳᠠᠯ ᠢᠶᠠᠨ ᠦᠨᠡᠨ | ᠮᠥᠨ ᠢᠶᠠᠷ ᠨᠢ ᠲᠤᠰᠬᠠᠵᠤ᠂ ᠴᠢᠬᠤᠯᠠ ᠪᠦᠬᠦᠢ ᠮᠠᠲ᠋ᠧᠷᠢᠶᠠᠯ ᠢ ᠬᠠᠩᠭᠠᠵᠤ ᠥᠭᠬᠦ ᠬᠡᠷᠡᠭᠲᠡᠢ᠃ ᠪᠠᠶᠢᠴᠠᠭᠠᠬᠤ | ᠪᠠᠶᠢᠭᠤᠯᠭ᠎ᠠ ᠨᠢ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠪᠠᠶᠢᠴᠠᠭᠠᠯᠲᠠ ᠶᠢᠨ ᠳᠤᠮᠳᠠ ᠤᠯᠵᠤ ᠮᠡᠳᠡᠭᠰᠡᠨ | ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ᠃ | ᠭᠤᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠤᠰᠤᠨ ᠤ ᠪᠣᠬᠢᠷᠲᠤᠯ ᠤᠨ | ᠵᠢᠭᠤᠷᠠᠯᠳᠤᠭᠠᠨ ᠢ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠥᠪᠳᠡᠯᠴᠡᠨ | ᠰᠢᠢᠳᠪᠤᠷᠢᠯᠡᠬᠦ ᠪᠤᠶᠤ ᠲᠡᠳᠡᠨ ᠤ ᠬᠠᠮᠲᠤ ᠶᠢᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠵᠣᠬᠢᠴᠠᠭᠤᠯᠤᠨ ᠰᠢᠢᠳᠪᠤᠷᠢᠯᠡᠨ᠎ᠡ᠃ | ᠳᠥᠷᠪᠡᠳᠦᠭᠡᠷ ᠪᠦᠯᠦᠭ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠡ᠊ᠩ ᠤᠨ ᠲᠣᠭᠲᠠᠭᠠᠯ | ᠭᠤᠴᠢᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ | ᠬᠠᠮᠠᠭᠠᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ᠂ ᠤᠯᠠᠨ ᠨᠡᠶᠢᠲᠡ ᠶᠢᠨ ᠡᠷᠡᠭᠦᠯ ᠮᠡᠨᠳᠦ | ᠪᠠ ᠠᠮᠢ ᠠᠬᠤᠢ ᠣᠷᠴᠢᠨ ᠲᠤᠭᠤᠷᠢᠨ ᠢ ᠬᠤᠬᠢᠷᠠᠭᠤᠯᠤᠭᠰᠠᠨ ᠪᠠ ᠨᠥᠯᠥᠭᠡᠯᠡᠭᠰᠡᠨ ᠬᠡᠮᠵᠢᠶ᠎ᠡ ᠶᠢ ᠨᠢ ᠦᠨᠳᠦᠰᠦᠯᠡᠨ᠂ | ᠬᠤᠤᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠠᠶᠤᠯ | ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠡᠮᠦᠨᠡᠬᠢ ᠪᠠᠳᠠᠭ ᠲᠤ ᠲᠣᠭᠲᠠᠭᠠᠭᠰᠠᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠰᠠᠨ ᠬᠤᠣᠷ ᠬᠥᠨᠥᠭᠡᠯ ᠲᠠᠢ | ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ | ᠦᠢᠯᠡᠳᠪᠤᠷᠢᠯᠡᠯ ᠡᠵᠡᠩᠨᠡᠭᠴᠢ ᠪᠣᠬᠢᠷᠲᠤᠯ ᠭᠠᠳᠠᠭᠰᠢᠯᠠᠭᠤᠯᠬᠤ ᠠᠮᠠ ᠪᠠ ᠡᠷᠬᠢᠨ ᠲᠣᠭᠤᠷᠢᠨ ᠤ ᠣᠷᠴᠢᠨ ᠲᠤᠭᠤᠷᠢᠨ | ᠢ ᠬᠢᠨᠠᠨ ᠬᠡᠮᠵᠢᠵᠦ᠂ ᠣᠷᠴᠢᠨ ᠲᠤᠭᠤᠷᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠤᠭᠤᠷᠢᠨ ᠤ | ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠬᠤᠣᠷ ᠬᠥᠨᠥᠭᠡᠯ ᠲᠠᠢ ᠤᠰᠤᠨ ᠤ | ᠪᠤᠬᠢᠷᠳᠤᠯ ᠪᠤᠳᠠᠰ ᠤᠨ ᠮᠡᠳᠡᠭᠡ ᠵᠠᠩᠭᠢ ᠶᠢ ᠢᠯᠡ ᠪᠣᠯᠭᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠣᠷᠴᠢᠨ ᠲᠤᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠤᠰᠤᠨ ᠴᠣᠭᠴᠠ ᠳᠤ ᠲᠣᠰᠣᠯᠢᠭ ᠵᠦᠢᠯ᠂ ᠬᠦᠴᠢᠯᠯᠢᠭ ᠰᠢᠩᠭᠡᠨ᠂ | ᠱᠦᠯᠲᠦ ᠶᠢᠨ ᠰᠢᠩᠭᠡᠨ ᠪᠤᠶᠤ ᠲᠤᠬᠰᠢᠨ ᠬᠤᠣᠷᠲᠠᠢ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠬᠤ ᠶᠢ ᠴᠠᠭᠠᠵᠠᠯᠠᠨ᠎ᠠ᠃ | | ᠤᠰᠦᠠ ᠴᠣᠭᠴᠠ ᠳᠤ ᠲᠤᠰᠦᠠ ᠤ ᠵᠦᠢᠯ ᠪᠤᠶᠤ ᠬᠤᠣᠷ ᠲᠠᠢ ᠪᠣᠬᠢᠷᠲᠤᠯ ᠪᠣᠳᠠᠰ ᠢ ᠰᠠᠪᠠᠯᠠᠵᠤ | ᠬᠠᠳᠠᠭᠠᠯᠠᠭᠰᠠᠨ ᠲᠡᠷᠭᠡ ᠤᠨᠤᠭ᠎ᠠ ᠪᠣᠯᠤᠨ ᠰᠡᠪᠡ ᠬᠡᠷᠡᠭᠰᠡᠯ ᠢ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃ | ᠭᠤᠴᠢᠨ ᠳᠥᠷᠪᠡᠳᠦᠭᠡᠷ ᠵᠦᠢᠯ ᠤᠰᠤᠨ ᠴᠣᠭᠴᠠ ᠳᠤ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ | ᠪᠣᠳᠠᠰ ᠪᠤᠶᠤ ᠦᠨᠳᠦᠷ ᠰᠠᠴᠤᠷᠠᠭ ᠴᠢᠨᠠᠷᠲᠠᠶ ᠪᠠ ᠳᠤᠮᠳᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ | ᠤᠰᠤ ᠶᠢ ᠭᠠᠳᠠᠭᠰᠢᠯᠠᠭᠤᠯᠬᠤ᠂ ᠴᠢᠳᠬᠤᠬᠤ ᠶᠢ ᠴᠠᠭᠠᠵᠠᠯᠠᠨ᠎ᠠ᠃ | ᠤᠰᠤᠨ ᠴᠣᠭᠴᠠ ᠳᠤ ᠳᠣᠣᠷ᠎ᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠶᠢ | ᠭᠠᠳᠠᠭᠰᠢᠯᠠᠭᠤᠯᠬᠤ ᠳᠠᠭᠠᠨ ᠰᠠᠴᠤᠷᠠᠭ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠶ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠤᠰᠤᠨ ᠴᠣᠭᠴᠠ ᠳᠤ ᠬᠠᠯᠠᠭᠤᠨ ᠬᠠᠶᠠᠭᠳᠠᠮᠠᠯ ᠤᠰᠤ ᠶᠢ | ᠭᠠᠳᠠᠭᠰᠢᠯᠠᠭᠤᠯᠬᠤ ᠳᠠᠭᠠᠨ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠴᠣᠭᠴᠠ ᠶᠢᠨ ᠤᠰᠤᠨ ᠤ ᠳᠤᠯᠠᠭᠠᠨ ᠤ | ᠬᠡᠮᠵᠢᠶ᠎ᠡ ᠶᠢ ᠤᠰᠤᠨ ᠤ ᠣᠷᠴᠢᠨ ᠲᠣᠭᠤᠷᠢᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠶᠢ ᠠᠷᠢᠭᠤᠳᠬᠠᠨ | ᠰᠢᠢᠳᠪᠤᠷᠢᠯᠡᠬᠦ ᠬᠡᠷᠡᠭᠲᠡᠶ︔ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠰᠡᠨ ᠤ ᠲᠡᠷᠠᠭ᠎ᠠ ᠰᠠᠶ᠋ᠢ | ᠭᠠᠳᠠᠭᠰᠢᠯᠠᠭᠤᠯᠵᠤ ᠪᠣᠯᠤᠨ᠎ᠠ᠃ | ᠭᠤᠴᠢᠨ ᠳᠣᠯᠣᠳᠤᠭᠠᠷ ᠵᠦᠢᠯ ᠤᠰᠤᠨ ᠴᠣᠭᠴᠠ ᠳᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ | ᠬᠤᠳᠠ ᠪᠠᠯᠭᠠᠰᠤᠨ ᠤ ᠬᠤᠭ ᠨᠣᠪᠰᠢ ᠪᠠ ᠪᠤᠰᠤᠳ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ᠂ ᠴᠢᠳᠬᠤᠬᠤ ᠶᠢ | ᠴᠠᠭᠠᠵᠠᠯᠠᠨ᠎ᠠ᠃ | ᠮᠥᠩᠭᠦᠨ ᠤᠰᠤ᠂ ᠺᠠᠳ᠋ᠮᠢ᠂ ᠠᠷᠰᠧᠨ᠂ ᠾᠷᠣᠮ᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠰᠢᠷ᠎ᠠ | ᠹᠣᠰᠹᠣᠷ ᠵᠡᠷᠭᠡ ᠶᠢ ᠠᠭᠤᠯᠤᠭᠰᠠᠨ ᠠᠭᠤᠰᠤᠮᠠᠬᠠᠢ ᠴᠢᠨᠠᠷᠲᠠᠶ ᠲᠤᠬᠰᠢᠨ ᠬᠤᠣᠷᠲᠠᠢ ᠬᠠᠶᠠᠭᠳᠠᠮᠠᠯ ᠰᠢᠭᠠᠷᠤ ᠶᠢ ᠤᠰᠤᠨ | ᠴᠣᠭᠴᠠ ᠳᠤ ᠭᠠᠳᠠᠭᠰᠢᠯᠠᠭᠤᠯᠬᠤ᠂ ᠴᠢᠳᠬᠤᠬᠤ ᠪᠤᠶᠤ ᠰᠢᠭᠤᠳ ᠭᠠᠵᠠᠷ ᠳᠣᠣᠷ᠎ᠠ ᠪᠤᠯᠠᠬᠤ ᠶᠢ ᠴᠠᠭᠠᠵᠠᠯᠠᠨ᠎ᠠ᠃ | ᠠᠭᠤᠰᠬᠤ ᠴᠢᠨᠠᠷᠲᠠᠶ ᠲᠤᠬᠰᠢᠨ ᠬᠤᠣᠷᠲᠠᠢ ᠬᠠᠶᠠᠭᠳᠠᠮᠠᠯ ᠰᠢᠭᠠᠷᠤ ᠶᠢ ᠬᠠᠳᠠᠭᠠᠯᠠᠬᠤ ᠲᠠᠯᠠᠪᠤᠷ ᠲᠤ ᠤᠰᠤ ᠶᠢ | ᠰᠡᠷᠭᠡᠶᠢᠯᠡᠬᠦ᠂ ᠨᠡᠪᠴᠢᠵᠦ ᠭᠤᠭᠤᠵᠢᠬᠤ ᠶᠢ ᠰᠡᠷᠭᠡᠶᠢᠯᠡᠬᠦ᠂ ᠭᠡᠭᠡᠭᠳᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ | ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠭᠤᠣᠯ ᠮᠥᠷᠡᠨ᠂ ᠨᠠᠭᠤᠷ ᠲᠣᠭᠤᠷᠢᠮ᠂ ᠲᠠᠲᠠᠮᠠᠯ ᠭᠤᠣᠯ᠂ ᠤᠰᠤᠨ ᠰᠤᠪᠠᠭ᠂ | ᠴᠥᠭᠦᠷᠥᠮ ᠤᠨ ᠬᠠᠮᠤᠭ ᠤᠨ ᠳᠡᠭᠡᠳᠦ ᠤᠰᠤᠨ ᠲᠦᠪᠰᠢᠨ ᠤ ᠱᠤᠭᠤᠮ ᠠᠴᠠ ᠳᠣᠷᠣᠭᠰᠢᠬᠢ ᠲᠠᠩ ᠰᠠᠶᠢᠷ ᠭᠠᠵᠠᠷ | ᠪᠠ ᠡᠷᠭᠢ ᠶᠢᠨ ᠬᠠᠵᠠᠭᠤ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠪᠤᠰᠤᠳ ᠪᠣᠬᠢᠷᠲᠤᠯ ᠪᠣᠳᠠᠰ ᠢ ᠣᠪᠣᠭᠠᠯᠠᠨ | ᠲᠠᠯᠪᠢᠬᠤ᠂ ᠬᠠᠳᠠᠭᠠᠯᠠᠬᠤ ᠶᠢ ᠴᠠᠭᠠᠵᠠᠯᠠᠨ᠎ᠠ᠃ | ᠭᠤᠴᠢ ᠶᠢᠰᠦᠳᠦᠭᠡᠷ ᠵᠦᠢᠯ ᠨᠡᠪᠴᠢᠯᠲᠡ ᠶᠢᠨ ᠬᠤᠳᠳᠤᠭ᠂ ᠨᠡᠪᠴᠢᠯᠲᠡ ᠶᠢᠨ ᠨᠦᠬᠡ᠂ ᠠᠩ ᠵᠠᠪᠰᠠᠷ᠂ | ᠠᠭᠤᠰᠤᠭᠳᠠᠮᠠᠯ ᠠᠭᠤᠢ ᠶᠢ ᠠᠰᠢᠭᠯᠠᠬᠤ᠂ ᠳᠤᠷ᠎ᠠ ᠪᠠᠷ ᠢᠶᠠᠨ ᠳᠠᠯᠳᠠ ᠬᠤᠭᠤᠯᠠᠢ ᠲᠠᠯᠪᠢᠬᠤ᠂ ᠬᠢᠨᠠᠨ ᠬᠡᠮᠵᠢᠭᠰᠡᠨ | ᠲᠤᠭ᠎ᠠ ᠪᠠᠷᠢᠮᠲᠠ ᠶᠢ ᠥᠭᠡᠷᠡᠲᠦᠭᠦᠯᠬᠦ᠂ ᠬᠠᠭᠤᠷᠮᠠᠭᠯᠠᠨ ᠵᠣᠬᠢᠶᠠᠬᠤ᠂ ᠡᠰᠡᠬᠦᠯ᠎ᠡ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠠᠴᠠ ᠵᠠᠶᠢᠯᠠᠬᠤ | ᠠᠷᠭ᠎ᠠ ᠮᠠᠶ᠋ᠢᠭ ᠢᠶᠠᠷ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠴᠠᠭᠠᠵᠠᠯᠠᠨ᠎ᠠ᠃ | ᠳᠥᠴᠢᠳᠦᠭᠡᠷ ᠵᠦᠢᠯ ᠬᠢᠮᠢ ᠶᠢᠨ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠠᠵᠤ | ᠦᠢᠯᠡᠳᠪᠦᠷᠢ ᠶᠢᠨ ᠪᠥᠭᠡᠮᠨᠡᠷᠡᠭᠰᠡᠨ ᠣᠷᠣᠨ᠂ ᠠᠭᠤᠷᠬᠠᠶ ᠶᠢᠨ ᠨᠡᠭᠡᠭᠡᠨ ᠮᠠᠯᠲᠠᠬᠤ ᠣᠷᠣᠨ᠂ ᠦᠯᠡᠳᠡᠭᠳᠡᠯ ᠬᠦᠳᠡᠷ ᠤᠨ | ᠬᠥᠮᠥᠷᠭᠡ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠲᠠᠯᠠᠪᠤᠷ᠂ ᠬᠤᠭ ᠨᠣᠪᠰᠢ ᠪᠤᠯᠠᠬᠤ ᠲᠠᠯᠠᠪᠤᠷ | ᠵᠡᠷᠭᠡ ᠶᠢ ᠡᠵᠡᠩᠨᠡᠬᠦ᠂ ᠬᠠᠮᠢᠶᠠᠷᠬᠤ ᠨᠢᠭᠡᠴᠢ ᠨᠦᠭᠦᠳ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠵᠡᠷᠭᠡ ᠠᠷᠭ᠎ᠠ | ᠬᠡᠮᠵᠢᠶ᠎ᠡ ᠠᠪᠬᠤ ᠶᠢᠨ ᠬᠠᠮᠲᠤ ᠭᠠᠵᠠᠷ ᠳᠣᠣᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠬᠤᠳᠳᠤᠭ ᠪᠠᠶᠢᠭᠤᠯᠤᠨ | ᠬᠢᠨᠠᠨ ᠬᠡᠮᠵᠢᠵᠦ᠂ ᠭᠠᠵᠠᠷ ᠳᠣᠣᠷᠠᠬᠢ ᠤᠰᠤᠨ ᠤ ᠪᠣᠬᠢᠷᠲᠤᠯ ᠠᠴᠠ ᠰᠡᠷᠭᠡᠶᠢᠯᠡᠬᠦ ᠬᠡᠷᠡᠭᠲᠡᠶ᠃ | ᠲᠣᠰᠣ ᠨᠡᠮᠡᠬᠦ ᠥᠷᠲᠡᠭᠡ ᠵᠡᠷᠭᠡ ᠶᠢᠨ ᠭᠠᠵᠠᠷ ᠳᠣᠤᠷᠠᠬᠢ ᠲᠣᠰᠣᠨ ᠰᠠᠪᠠ ᠳᠤ ᠳᠠᠪᠬᠤᠷ ᠰᠠᠪᠠ ᠬᠡᠷᠡᠭᠯᠡᠬᠦ ᠪᠤᠶᠤ | ᠨᠡᠪᠴᠢᠬᠦ ᠶᠢ ᠰᠡᠷᠭᠡᠶᠢᠯᠡᠬᠦ ᠲᠠᠲᠠᠭᠠᠯ ᠪᠠᠶᠢᠭᠤᠯᠬᠤ ᠵᠡᠷᠭᠡ ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ | ᠬᠠᠮᠲᠤ ᠨᠡᠪᠴᠢᠬᠦ ᠶᠢ ᠰᠡᠷᠭᠡᠶᠢᠯᠡᠬᠦ ᠬᠢᠨᠠᠨ ᠬᠡᠮᠵᠢᠯᠲᠡ ᠬᠢᠵᠦ᠂ ᠭᠠᠵᠠᠷ ᠳᠣᠤᠷᠠᠬᠢ ᠤᠰᠤᠨ ᠤ ᠪᠣᠬᠢᠷᠲᠤᠬᠤ ᠠᠴᠠ | ᠰᠡᠷᠭᠡᠶᠢᠯᠡᠬᠦ ᠬᠡᠷᠡᠭᠲᠡᠶ᠃ | ᠨᠡᠪᠴᠢᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ᠂ ᠨᠦᠭᠡ | ᠵᠡᠷᠭᠡ ᠶᠢ ᠠᠰᠢᠭᠯᠠᠨ ᠬᠤᠣᠷᠲᠤ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ | ᠠᠭᠤᠯᠤᠭᠰᠠᠨ ᠪᠣᠬᠢᠷ ᠤᠰᠤ ᠪᠠ ᠪᠤᠰᠤᠳ ᠬᠠᠶᠠᠭᠳᠠᠮᠠᠯ ᠪᠣᠳᠠᠰ ᠢ ᠬᠦᠷᠭᠡᠬᠦ ᠪᠤᠶᠤ ᠬᠠᠳᠠᠭᠠᠯᠠᠬᠤ ᠶᠢ ᠴᠠᠭᠠᠵᠠᠯᠠᠨ᠎ᠠ᠃ | ᠳᠥᠴᠢᠨ ᠨᠢᠭᠡᠳᠦᠭᠡᠷ ᠵᠦᠢᠯ ᠤᠯᠠᠨ ᠳᠠᠪᠬᠤᠷᠭᠠᠲᠤ ᠭᠠᠵᠠᠷ ᠳᠣᠣᠷᠠᠬᠢ ᠤᠰᠤᠨ ᠤ ᠤᠰᠤ ᠠᠭᠤᠯᠤᠭᠰᠠᠨ | ᠳᠠᠪᠬᠤᠷᠭ᠎ᠠ ᠶᠢᠨ ᠤᠰᠤᠨ ᠤ ᠴᠢᠨᠠᠷ ᠤᠨ ᠵᠥᠷᠢᠶ᠎ᠡ ᠨᠢ ᠶᠡᠭᠡ ᠪᠠᠶᠢᠪᠠᠯ᠂ ᠳᠠᠪᠬᠤᠷᠭ᠎ᠠ ᠬᠤᠪᠢᠶᠠᠨ ᠨᠡᠭᠡᠭᠡᠨ ᠮᠠᠯᠲᠠᠬᠤ | ᠬᠡᠷᠡᠭᠲᠡᠶ︔ ᠨᠢᠭᠡᠨᠲᠡ ᠪᠣᠬᠢᠷᠲᠤᠭᠳᠠᠭᠰᠠᠨ ᠳᠠᠯᠳᠠ ᠤᠰᠤ ᠪᠠ ᠳᠠᠷᠤᠯᠲᠠᠲᠤ ᠤᠰᠤ ᠶᠢ ᠬᠤᠯᠢᠯᠳᠤᠭᠤᠯᠤᠨ ᠮᠠᠯᠲᠠᠵᠤ | ᠪᠣᠯᠬᠤ ᠦᠭᠡᠢ᠃ | ᠳᠥᠴᠢᠨ ᠬᠤᠶᠠᠳᠤᠭᠠᠷ ᠵᠦᠢᠯ ᠭᠠᠵᠠᠷ ᠳᠣᠣᠷᠠᠬᠢ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠪᠤᠶᠤ | ᠭᠠᠵᠠᠷ ᠳᠣᠣᠷ᠎ᠠ ᠬᠠᠶᠢᠨ ᠰᠢᠨᠵᠢᠬᠦ᠂ ᠠᠭᠤᠷᠬᠠᠶ ᠮᠠᠯᠲᠠᠬᠤ ᠵᠡᠷᠭᠡ ᠠᠵᠢᠯᠯᠠᠭ᠎ᠠ ᠬᠢᠬᠦ ᠳᠡᠭᠡᠨ ᠰᠡᠷᠭᠡᠶᠢᠯᠡᠨ ᠬᠠᠮᠠᠭᠠᠯᠠᠬᠤ | ᠴᠢᠨᠠᠷᠲᠠᠶ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ ᠤ ᠪᠣᠬᠢᠷᠲᠤᠬᠤ ᠠᠴᠠ ᠰᠡᠷᠭᠡᠶᠢᠯᠡᠬᠦ ᠬᠡᠷᠡᠭᠲᠡᠶ᠃ | ᠬᠡᠷᠡᠭᠯᠡᠭᠡᠨ ᠠᠴᠠ ᠭᠠᠷᠤᠭᠰᠠᠨ ᠠᠭᠤᠷᠬᠠᠶ ᠶᠢᠨ ᠬᠤᠳᠳᠤᠭ ᠂ ᠦᠷᠦᠮᠳᠡᠭᠰᠡᠨ ᠬᠤᠳᠳᠤᠭ ᠪᠤᠶᠤ ᠤᠰᠤᠨ | ᠬᠤᠳᠳᠤᠭ ᠵᠡᠷᠭᠡ ᠶᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠬᠦᠮᠦᠨ ᠤ ᠬᠦᠴᠦ ᠪᠠᠷ ᠡᠭᠡᠭᠦᠯᠦᠨ ᠴᠢᠳᠬᠤᠵᠤ ᠭᠠᠵᠠᠷ ᠳᠣᠣᠷᠠᠬᠢ | ᠤᠰᠤ ᠶᠢ ᠨᠥᠬᠦᠪᠥᠷᠢᠯᠡᠬᠦ ᠳᠡᠭᠡᠨ ᠭᠠᠵᠠᠷ ᠳᠣᠣᠷᠠᠬᠢ ᠤᠰᠤᠨ ᠤ ᠴᠢᠨᠠᠷ ᠢ ᠮᠠᠭᠤᠳᠠᠭᠤᠯᠵᠤ ᠪᠣᠯᠬᠤ ᠦᠭᠡᠢ᠃ | ᠬᠤᠶᠠᠳᠤᠭᠠᠷ ᠬᠡᠰᠡᠭ ᠠᠵᠤ ᠦᠢᠯᠡᠳᠪᠦᠷᠢ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠳᠥᠴᠢᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠠᠵᠤ ᠦᠢᠯᠡᠳᠪᠦᠷᠢ ᠶᠢᠨ ᠪᠠᠶᠢᠷᠢᠰᠢᠯ ᠢ ᠵᠦᠢ ᠵᠣᠬᠢᠰᠲᠠᠶ ᠪᠠᠷ ᠲᠥᠯᠥᠪᠵᠢᠭᠦᠯᠵᠦ᠂ ᠤᠰᠤ ᠶᠢ | ᠪᠣᠬᠢᠷᠲᠤᠭᠤᠯᠤᠭᠰᠠᠨ ᠠᠵᠤ ᠠᠬᠤᠶᠢᠯᠠᠯ ᠳᠤ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠯᠭᠡᠬᠦ ᠪᠠᠷ ᠱᠠᠭᠠᠷᠳᠠᠵᠤ᠂ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠤᠰᠤ ᠶᠢ ᠳᠠᠪᠲᠠᠨ ᠠᠰᠢᠭᠯᠠᠬᠤ ᠨᠤᠷᠮ᠎ᠠ ᠶᠢ | ᠳᠡᠭᠡᠭᠰᠢᠯᠡᠭᠦᠯᠵᠦ᠂ ᠬᠠᠶᠠᠭᠳᠠᠮᠠᠯ ᠤᠰᠤ ᠪᠣᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠬᠡᠷᠡᠭᠲᠡᠶ᠃ | ᠳᠥᠴᠢᠨ ᠲᠠᠪᠤᠳᠤᠭᠠᠷ ᠵᠦᠢᠯ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠠᠵᠤ | ᠠᠬᠤᠶᠢᠯᠠᠯ ᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠠᠷᠭᠠᠭᠰᠠᠨ ᠪᠦᠬᠦ ᠬᠠᠶᠠᠭᠳᠠᠮᠠᠯ ᠤᠰᠤ ᠶᠢ | ᠴᠤᠭᠯᠠᠭᠤᠯᠤᠨ ᠰᠢᠢᠳᠪᠤᠷᠢᠯᠡᠵᠦ᠂ ᠣᠷᠴᠢᠨ ᠲᠤᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ ᠬᠤᠣᠷ | ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠠᠭᠤᠯᠤᠭᠰᠠᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ | ᠲᠦᠷᠦᠯ ᠬᠤᠪᠢᠶᠠᠨ ᠴᠤᠭᠯᠠᠭᠤᠯᠬᠤ ᠪᠠ ᠰᠢᠢᠳᠪᠤᠷᠢᠯᠡᠬᠦ ᠬᠡᠷᠡᠭᠲᠡᠶ᠂ ᠰᠢᠩᠭᠡᠷᠡᠭᠦᠯᠦᠨ ᠭᠠᠳᠠᠭᠰᠢᠯᠠᠭᠤᠯᠵᠤ ᠪᠣᠯᠬᠤ | ᠦᠭᠡᠢ᠃ | ᠠᠵᠤ ᠦᠢᠯᠡᠳᠪᠦᠷᠢ ᠶᠢᠨ ᠪᠥᠭᠡᠮᠨᠡᠷᠡᠯ ᠤᠨ ᠣᠷᠣᠨ ᠳᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ | ᠵᠣᠬᠢᠴᠠᠩᠭᠤᠶ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ | ᠤᠭᠰᠠᠷᠠᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ | ᠡᠵᠡᠮᠳᠡᠬᠦ ᠲᠥᠬᠦᠭᠡᠷᠦᠮᠵᠢ ᠲᠠᠢ ᠰᠦᠯᠵᠢᠶᠡᠨ ᠳᠤ ᠬᠤᠯᠪᠣᠬᠤ ᠶᠢᠨ ᠬᠠᠮᠲᠤ ᠬᠢᠨᠠᠨ ᠬᠡᠮᠵᠢᠬᠦ ᠲᠥᠬᠦᠭᠡᠷᠦᠮᠵᠢ ᠶᠢᠨ | ᠬᠡᠪ ᠤᠨ ᠠᠵᠢᠯᠯᠠᠭᠠᠨ ᠢ ᠪᠠᠲᠤᠯᠠᠬᠤ ᠬᠡᠷᠡᠭᠲᠡᠶ᠃ | ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠪᠡᠯᠡᠳᠬᠡᠮᠵᠢ ᠳᠤ ᠠᠵᠤ ᠦᠢᠯᠡᠳᠪᠤᠷᠢ ᠶᠢᠨ ᠬᠠᠶᠠᠭᠳᠠᠮᠠᠯ | ᠤᠰᠤ ᠶᠢ ᠭᠠᠳᠠᠭᠰᠢᠯᠠᠭᠤᠯᠬᠤ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠤᠷᠢᠳᠴᠢᠯᠠᠨ | ᠰᠢᠢᠳᠪᠤᠷᠢᠯᠡᠵᠦ᠂ ᠲᠥᠪᠯᠡᠷᠡᠭᠦᠯᠦᠨ ᠰᠢᠢᠳᠪᠤᠷᠢᠯᠡᠬᠦ ᠪᠡᠯᠡᠳᠬᠡᠮᠵᠢ ᠶᠢ ᠰᠢᠢᠳᠪᠤᠷᠢᠯᠡᠬᠦ ᠤᠷᠠᠯᠠᠯ ᠤᠨ ᠱᠠᠭᠠᠷᠳᠠᠯᠭ᠎ᠠ ᠳᠤ | ᠭᠦᠷᠦᠭᠰᠡᠨ ᠤ ᠳᠠᠷᠠᠭ᠎ᠠ ᠰᠠᠶ᠋ᠢ ᠭᠠᠳᠠᠭᠰᠢᠯᠠᠭᠤᠯᠵᠤ ᠪᠣᠯᠤᠨ᠎ᠠ᠃ | ᠳᠥᠴᠢᠨ ᠵᠢᠷᠭᠤᠳᠤᠭᠠᠷ ᠵᠦᠢᠯ ᠤᠯᠤᠰ ᠠᠴᠠ ᠤᠰᠤᠨ ᠤ ᠣᠷᠴᠢᠨ ᠲᠣᠭᠤᠷᠢᠨ ᠢ ᠬᠦᠨᠳᠦ ᠨᠣᠴᠢᠲᠠᠢ | ᠪᠣᠬᠢᠷᠲᠤᠭᠤᠯᠬᠤ ᠬᠤᠴᠣᠷᠤᠩᠭᠤᠢ ᠤᠷᠠᠯᠠᠯ ᠪᠠ ᠲᠤᠨᠤᠭ ᠲᠥᠬᠦᠭᠡᠷᠦᠮᠵᠢ ᠶᠢ ᠰᠢᠭᠰᠢᠬᠦ ᠲᠦᠷᠢᠮ ᠢ ᠬᠡᠷᠡᠭᠵᠢᠭᠦᠯᠦᠨ᠎ᠡ᠃ | | ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ | ᠡᠵᠡᠮᠳᠡᠯ ᠤᠨ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠵᠤ ᠪᠠᠶᠢᠭᠠᠳ ᠬᠡᠷᠡᠭᠯᠡᠬᠦ ᠶᠢ ᠨᠢ ᠬᠤᠭᠤᠴᠠᠭ᠎ᠠ ᠲᠣᠭᠲᠠᠭᠠᠨ ᠴᠠᠭᠠᠵᠠᠯᠠᠭᠰᠠᠨ ᠤᠰᠤᠨ ᠤ | ᠣᠷᠴᠢᠨ ᠲᠤᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠤᠷᠠᠯᠠᠯ ᠤᠨ ᠨᠡᠷᠡᠰ ᠤᠨ ᠵᠢᠭᠰᠠᠭᠠᠯᠲᠠ ᠪᠠ | ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ᠂ ᠬᠡᠷᠡᠭᠯᠡᠬᠦ ᠶᠢ ᠨᠢ ᠬᠤᠭᠤᠴᠠᠭ᠎ᠠ ᠲᠣᠭᠲᠠᠭᠠᠨ | ᠴᠠᠭᠠᠵᠠᠯᠠᠭᠰᠠᠨ ᠤᠰᠤᠨ ᠤ ᠣᠷᠴᠢᠨ ᠲᠤᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠲᠥᠬᠦᠭᠡᠷᠦᠮᠵᠢ ᠶᠢᠨ | ᠨᠡᠷᠡᠰ ᠤᠨ ᠵᠢᠭᠰᠠᠭᠠᠯᠲᠠ ᠶᠢ ᠨᠡᠶᠢᠲᠡᠯᠡᠨ᠎ᠡ᠃ | ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠭᠠᠳᠠᠭᠠᠳᠤ ᠠᠴᠠ ᠣᠷᠣᠭᠤᠯᠤᠭᠴᠢ ᠪᠤᠶᠤ ᠬᠡᠷᠡᠭᠯᠡᠭᠴᠢ ᠡᠮᠦᠨᠡᠬᠢ | ᠪᠠᠳᠠᠭ ᠲᠤ ᠲᠣᠭᠲᠠᠭᠠᠭᠰᠠᠨ ᠲᠤᠨᠤᠭ ᠲᠥᠬᠦᠭᠡᠷᠦᠮᠵᠢ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠲᠤᠨᠤᠭ | ᠲᠥᠬᠦᠭᠡᠷᠦᠮᠵᠢ ᠶᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠬᠡᠷᠡᠭᠯᠡᠬᠦ ᠪᠠᠨ | ᠲᠣᠭᠲᠠᠭᠰᠠᠨ ᠬᠤᠭᠤᠴᠠᠭᠠᠨ ᠤ ᠳᠣᠲᠣᠷ᠎ᠠ ᠵᠣᠭᠰᠣᠭᠠᠬᠤ ᠬᠡᠷᠡᠭᠲᠡᠢ᠃ ᠤᠷᠠᠯᠠᠯ ᠢ ᠬᠡᠷᠡᠭᠯᠡᠭᠴᠢᠳ ᠡᠮᠦᠨᠡᠬᠢ | ᠪᠠᠳᠠᠭ ᠲᠤ ᠲᠣᠭᠲᠠᠭᠠᠭᠰᠠᠨ ᠤᠷᠠᠯᠠᠯ ᠤᠨ ᠨᠡᠷᠡᠰ ᠤᠨ ᠵᠢᠭᠰᠠᠭᠠᠯᠲᠠ ᠳᠤ ᠤᠷᠤᠭᠰᠠᠨ ᠤᠷᠠᠯᠠᠯ ᠢ ᠲᠣᠭᠲᠠᠭᠰᠠᠨ | ᠬᠤᠭᠤᠴᠠᠭᠠᠨ ᠤ ᠳᠣᠲᠣᠷ᠎ᠠ ᠬᠡᠷᠡᠭᠯᠡᠬᠦ ᠪᠠᠨ ᠵᠣᠭᠰᠣᠬᠤ ᠬᠡᠷᠡᠭᠲᠡᠶ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠰᠢᠭᠰᠢᠭᠳᠡᠭᠰᠡᠨ | ᠲᠤᠨᠤᠭ ᠲᠥᠬᠦᠭᠡᠷᠦᠮᠵᠢ ᠶᠢ ᠪᠤᠰᠤᠳ ᠲᠤ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠦᠭᠡᠢ᠃ | ᠳᠥᠴᠢᠨ ᠳᠣᠯᠣᠳᠤᠭᠠᠷ ᠵᠦᠢᠯ ᠤᠯᠤᠰ ᠠᠴᠠ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠦᠯᠭ᠎ᠠ ᠳᠤ | ᠤᠢᠯᠦ ᠨᠡᠶᠢᠴᠡᠬᠦ ᠵᠢᠵᠢᠭ ᠬᠡᠯᠪᠡᠷᠢ ᠶᠢᠨ ᠴᠠᠭᠠᠰᠤ ᠬᠢᠬᠦ᠂ ᠠᠷᠠᠰᠤ ᠰᠢᠷᠢ ᠦᠢᠯᠡᠳᠬᠦ᠂ ᠳᠠᠷᠤᠮᠠᠯᠯᠠᠨ ᠪᠤᠳᠦᠬᠤ᠂ | ᠪᠤᠳᠤᠬ᠂ ᠬᠡᠦᠷᠡᠰᠦ ᠪᠣᠯᠪᠠᠰᠤᠷᠠᠭᠤᠯᠬᠤ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠮᠥᠩᠭᠦᠨ | ᠤᠰᠤ ᠪᠣᠯᠪᠠᠰᠤᠷᠠᠭᠤᠯᠬᠤ᠂ ᠲᠤᠰᠦ ᠪᠣᠯᠪᠠᠰᠤᠷᠠᠭᠤᠯᠬᠤ᠂ ᠴᠠᠬᠢᠯᠭᠠᠨ ᠢᠶᠠᠷ ᠥᠩᠭᠡᠯᠡᠬᠦ᠂ ᠲᠠᠷᠢᠶᠠᠨ ᠡᠮ᠂ ᠰᠢᠷᠪᠥᠰᠥᠨ | ᠴᠢᠯᠠᠭᠤ᠂ ᠱᠦᠢᠨᠢ᠂ ᠰᠢᠯ᠂ ᠪᠤᠯᠤᠤᠠ ᠲᠡᠮᠦᠷ᠂ ᠢᠯᠴᠢ ᠶᠢᠨ ᠴᠠᠬᠢᠯᠭᠠᠨ ᠵᠢᠴᠢ ᠤᠰᠦᠠ ᠤ ᠣᠷᠴᠢᠨ ᠲᠣᠭᠤᠷᠢᠨ ᠢ | ᠬᠦᠨᠳᠦ ᠨᠣᠴᠢᠲᠠᠶ ᠪᠣᠬᠢᠷᠲᠤᠭᠤᠯᠬᠤ ᠪᠤᠰᠤᠳ ᠦᠢᠯᠡᠳᠪᠦᠷᠢᠯᠡᠯ ᠤᠨ ᠵᠦᠢᠯᠡᠰ ᠢ ᠰᠢᠨ᠎ᠡ ᠪᠠᠷ ᠪᠠᠶᠢᠭᠤᠯᠬᠤ ᠶᠢ | ᠴᠠᠭᠠᠵᠠᠯᠠᠨ᠎ᠠ᠃ | ᠳᠥᠴᠢᠨ ᠨᠠᠢᠮᠠᠳᠤᠭᠠᠷ ᠵᠦᠢᠯ ᠠᠵᠤ ᠠᠬᠤᠶᠢᠯᠠᠯ ᠤᠳ ᠲᠦᠭᠦᠬᠡᠶ ᠡᠳ᠋ ᠮᠠᠲ᠋ᠧᠷᠢᠶᠠᠯ ᠤᠨ ᠠᠰᠢᠭᠯᠠᠯᠲᠠ ᠶᠢᠨ | ᠨᠤᠷᠮ᠎ᠠ ᠪᠠᠷ ᠥᠨᠳᠥᠷ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠪᠠᠭ᠎ᠠ ᠪᠠᠶᠢᠳᠠᠭ ᠠᠷᠢᠭᠤᠨ ᠴᠡᠪᠡᠷ ᠤᠨ | ᠤᠷᠠᠯᠠᠯ ᠢ ᠬᠡᠷᠡᠭᠯᠡᠬᠦ ᠶᠢᠨ ᠬᠠᠮᠲᠤ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠤ ᠪᠤᠬᠢᠷᠳᠤᠯ ᠪᠤᠳᠠᠰ ᠡᠭᠦᠰᠬᠦ ᠶᠢ | ᠪᠠᠭᠠᠰᠬᠠᠬᠤ ᠬᠡᠷᠡᠭᠲᠡᠶ᠃ | ᠭᠤᠷᠪᠠᠳᠤᠭᠠᠷ ᠬᠡᠰᠡᠭ ᠬᠤᠳᠠ ᠪᠠᠯᠭᠠᠰᠤᠨ ᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ | ᠳᠥᠴᠢ ᠶᠢᠰᠦᠳᠦᠭᠡᠷ ᠵᠦᠢᠯ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠡᠳ᠋ ᠤᠨ ᠵᠠᠰᠠᠭ ᠤᠨ ᠲᠥᠰᠦᠪ ᠪᠠ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠵᠤ᠂ | ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ | ᠬᠤᠭᠤᠯᠠᠶ ᠶᠢᠨ ᠲᠣᠣᠷ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠤᠰ ᠵᠠᠰᠠᠭ ᠵᠠᠬᠢᠷᠭᠠᠨ ᠤ | ᠣᠷᠣᠨ ᠤ ᠪᠠᠨ ᠬᠤᠳᠠ ᠪᠠᠯᠭᠠᠰᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠤᠷᠮ᠎ᠠ ᠪᠠ ᠰᠢᠢᠳᠪᠤᠷᠢᠯᠡᠬᠦ | ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠳᠦᠭᠡᠠ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠡᠭᠤᠯᠦᠯ | ᠡᠵᠡᠮᠳᠡᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ | ᠪᠠᠶᠢᠭᠠᠳ ᠬᠤᠳᠠ ᠬᠥᠳᠡᠭᠡ ᠶᠢᠨ ᠲᠥᠯᠥᠪᠵᠢᠭᠦᠯᠭᠡ ᠪᠠ ᠤᠰᠦᠠ ᠤ ᠪᠣᠬᠢᠷᠲᠤᠯ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠶᠢ ᠦᠨᠳᠦᠰᠦᠯᠡᠨ᠂ ᠪᠦᠬᠦ ᠤᠯᠤᠰ ᠤᠨ ᠬᠤᠳᠠ ᠪᠠᠯᠭᠠᠰᠤᠨ ᠤ ᠪᠤᠬᠢᠷ ᠤᠰᠤ ᠰᠢᠢᠳᠪᠤᠷᠢᠯᠡᠬᠦ | ᠲᠦᠬᠦᠭᠡᠷᠦᠮᠵᠢ ᠶᠢᠨ ᠪᠠᠶᠢᠭᠤᠯᠤᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠬᠤ ᠶᠢ ᠵᠤᠬᠢᠶᠠᠨ ᠪᠠᠶᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠦᠳᠦᠭᠡᠨ | ᠪᠠᠶᠢᠭᠤᠯᠤᠯᠲᠠ᠂ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠡᠵᠡᠮᠳᠡᠯ᠂ ᠣᠷᠴᠢᠨ ᠲᠤᠭᠤᠷᠢᠨ ᠤ | ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠵᠠᠰᠠᠭ | ᠵᠠᠬᠢᠷᠭᠠᠨ ᠤ ᠣᠷᠣᠨ ᠤ ᠪᠠᠨ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠤᠷᠢᠯᠡᠬᠦ ᠲᠥᠬᠦᠭᠡᠷᠦᠮᠵᠢ ᠶᠢᠨ | ᠪᠠᠶᠢᠭᠤᠯᠤᠯᠲᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠤᠷᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ ᠶᠣᠰᠣᠭᠠᠷ᠂ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ | ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠢ ᠵᠣᠬᠢᠶᠠᠨ ᠪᠠᠶᠢᠭᠤᠯᠵᠤ ᠪᠦᠳᠦᠭᠡᠨ ᠪᠠᠶᠢᠭᠤᠯᠬᠤ | ᠬᠡᠷᠡᠭᠲᠡᠶ ᠪᠥᠭᠡᠳ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ | ᠡᠵᠡᠩᠨᠡᠯᠳᠡ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢ ᠡᠵᠡᠩᠨᠡᠬᠦ | ᠨᠢᠭᠡᠴᠢ ᠨᠢ ᠤᠯᠤᠰ ᠤᠨ ᠲᠣᠭᠲᠠᠭᠠᠯ ᠶᠣᠰᠣᠭᠠᠷ ᠪᠣᠬᠢᠷ ᠤᠰᠤ ᠶᠢ ᠭᠠᠳᠠᠭᠰᠢᠯᠠᠭᠤᠯᠤᠭᠴᠢ ᠳᠤ ᠪᠣᠬᠢᠷ ᠤᠰᠤ ᠶᠢ | ᠰᠢᠢᠳᠪᠤᠷᠢᠯᠡᠬᠦ ᠲᠥᠯᠥᠪᠦᠷᠢᠲᠦ ᠦᠢᠯᠡᠴᠢᠯᠡᠭᠡ ᠬᠠᠩᠭᠠᠵᠤ᠂ ᠪᠣᠬᠢᠷ ᠤᠰᠤ ᠶᠢ ᠰᠢᠢᠳᠪᠤᠷᠢᠯᠡᠬᠦ ᠰᠦᠢᠳᠬᠡᠯ | ᠬᠤᠷᠢᠶᠠᠵᠤ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ | ᠪᠠᠲᠤᠯᠠᠨ᠎ᠠ᠃ ᠬᠤᠷᠢᠶᠠᠵᠤ ᠠᠪᠤᠭᠰᠠᠨ ᠪᠣᠬᠢᠷ ᠤᠰᠤ ᠶᠢ ᠰᠢᠢᠳᠪᠤᠷᠢᠯᠡᠬᠦ ᠰᠦᠢᠳᠬᠡᠯ ᠢ ᠬᠤᠳᠠ ᠪᠠᠯᠭᠠᠰᠤᠨ ᠤ ᠪᠣᠬᠢᠷ | ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠠᠵᠢᠯᠯᠠᠭᠠᠨ ᠪᠠ ᠪᠣᠬᠢᠷ | ᠰᠢᠪᠠᠷ ᠢ ᠰᠢᠢᠳᠪᠤᠷᠢᠯᠡᠬᠦ ᠳᠤ ᠬᠡᠷᠡᠭᠯᠡᠬᠦ ᠬᠡᠷᠡᠭᠲᠡᠶ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠤᠢᠭᠡᠢ᠃ | ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠪᠣᠬᠢᠷ | ᠤᠰᠤ ᠶᠢ ᠰᠢᠢᠳᠪᠤᠷᠢᠯᠡᠬᠦ ᠳᠤ ᠰᠦᠢᠳᠬᠡᠯ ᠬᠤᠷᠢᠶᠠᠬᠤ᠂ ᠬᠠᠮᠢᠶᠠᠷᠬᠤ ᠵᠢᠴᠢ ᠬᠡᠷᠡᠭᠯᠡᠬᠦ ᠪᠣᠳᠠᠲᠠᠶ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | ᠲᠠᠪᠢᠳᠤᠭᠠᠷ ᠵᠦᠢᠯ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠲᠥᠬᠦᠭᠡᠷᠦᠮᠵᠢ ᠳᠤ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠳᠠᠭᠠᠨ ᠤᠯᠤᠰ ᠪᠤᠶᠤ ᠣᠷᠣᠨ ᠨᠤᠲᠤᠭ ᠤᠨ | ᠲᠣᠭᠲᠠᠭᠠᠭᠰᠠᠨ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃ | ᠬᠤᠲᠠ ᠪᠠᠯᠭᠠᠰᠤ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠦᠬᠦᠭᠡᠷᠦᠮᠵᠢ ᠶᠢᠨ | ᠡᠵᠡᠩᠨᠡᠯᠲᠡ ᠶᠢᠨ ᠨᠢᠭᠡᠴᠢ ᠨᠢ ᠬᠤᠲᠠ ᠪᠠᠯᠭᠠᠰᠤ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ | ᠲᠦᠬᠦᠭᠡᠷᠦᠮᠵᠢ ᠠᠴᠠ ᠭᠠᠷᠬᠤ ᠤᠰᠤᠨ ᠤ ᠴᠢᠨᠠᠷ ᠲᠤ ᠬᠠᠷᠢᠭᠤᠴᠠᠬᠤ ᠬᠡᠷᠡᠭᠲᠡᠶ᠃ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠳᠠ | ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠭᠠᠷᠭᠠᠭᠰᠠᠨ ᠤᠰᠤᠨ ᠤ | ᠴᠢᠨᠠᠷ ᠪᠠ ᠤᠰᠤᠨ ᠤ ᠬᠡᠮᠵᠢᠶ᠎ᠡ ᠶᠢ ᠬᠢᠨᠠᠵᠤ ᠪᠠᠶᠢᠴᠠᠭᠠᠬᠤ ᠬᠡᠷᠡᠭᠲᠡᠶ᠃ | ᠲᠠᠪᠢᠨ ᠨᠢᠭᠡᠳᠦᠭᠡᠷ ᠵᠦᠢᠯ ᠬᠤᠲᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠪᠤᠶᠤ ᠪᠤᠬᠢᠷ ᠰᠢᠪᠠᠷ ᠢ ᠰᠢᠢᠳᠪᠦᠷᠢᠯᠡᠬᠦ ᠨᠢᠭᠡᠴᠢ ᠨᠢ ᠪᠤᠬᠢᠷ ᠰᠢᠪᠠᠷ ᠢ | ᠠᠶᠤᠯᠬᠦᠢ ᠪᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠤ ᠳᠠᠷᠠᠭᠠᠬᠢ ᠪᠤᠬᠢᠷ ᠰᠢᠪᠠᠷ ᠤᠨ ᠤᠯᠤᠰ ᠤᠨ ᠪᠠᠷᠢᠮᠵᠢᠶ᠎ᠠ ᠳᠤ | ᠨᠡᠶᠢᠴᠡᠬᠦ ᠶᠢ ᠪᠠᠲᠤᠯᠠᠬᠤ ᠶᠢᠨ ᠬᠠᠮᠲᠤ ᠪᠤᠬᠢᠷ ᠰᠢᠪᠠᠷ ᠤᠨ ᠤᠳᠤᠭᠰᠠᠨ ᠴᠢᠭᠯᠡᠯ ᠵᠡᠷᠭᠡ ᠶᠢ ᠲᠡᠮᠳᠡᠭᠯᠡᠬᠦ ᠬᠡᠷᠡᠭᠲᠡᠢ᠃ | ᠳᠥᠷᠪᠡᠳᠦᠭᠡᠷ ᠬᠡᠰᠡᠭ ᠲᠠᠷᠢᠶᠠᠯᠠᠩ ᠪᠠ ᠬᠥᠳᠡᠭᠡ ᠲᠣᠰᠬᠤᠨ ᠤ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ | ᠲᠡᠪᠢᠠ ᠬᠤᠶᠠᠳᠤᠭᠠᠷ ᠵᠦᠢᠯ ᠤᠯᠤᠰ ᠠᠴᠠ ᠬᠥᠳᠡᠭᠡ ᠲᠣᠰᠬᠤᠨ ᠤ ᠪᠣᠬᠢᠷ ᠤᠰᠤ᠂ ᠬᠤᠭ ᠨᠣᠪᠰᠢ ᠶᠢ | ᠰᠢᠢᠳᠪᠤᠷᠢᠯᠡᠬᠦ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢ ᠲᠡᠮᠵᠢᠵᠦ᠂ ᠬᠥᠳᠡᠭᠡ ᠲᠣᠰᠬᠤᠨ ᠤ ᠪᠣᠬᠢᠷ | ᠤᠰᠤ᠂ ᠬᠤᠭ ᠨᠣᠪᠰᠢ ᠶᠢ ᠲᠥᠪᠯᠡᠷᠡᠭᠦᠯᠦᠨ ᠰᠢᠢᠳᠪᠤᠷᠢᠯᠡᠬᠦ ᠶᠢ ᠲᠦᠯᠬᠢᠠ ᠠᠬᠢᠭᠤᠯᠤᠨ᠎ᠠ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠪᠣᠬᠢᠷ | ᠤᠰᠤ᠂ ᠬᠤᠭ ᠨᠣᠪᠰᠢ ᠶᠢ ᠰᠢᠢᠳᠪᠤᠷᠢᠯᠡᠬᠦ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠦᠨ ᠪᠦᠳᠦᠭᠡᠠ | ᠪᠠᠶᠢᠭᠤᠯᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠶ᠃ | ᠲᠡᠪᠢᠠ ᠭᠤᠷᠪᠠᠳᠤᠭᠠᠷ ᠵᠤᠶᠢᠯ ᠬᠢᠮᠢ ᠶᠢᠨ ᠪᠤᠷᠳᠦᠭᠤᠷ᠂ ᠲᠠᠷᠢᠶᠠᠨ ᠡᠮ ᠵᠡᠷᠭᠡ ᠤᠢᠢᠯᠡᠦᠡᠬᠦᠠ ᠤ ᠶᠠᠰᠤ | ᠴᠢᠨᠠᠷ ᠤᠨ ᠪᠠᠷᠢᠮᠵᠢᠶ᠎ᠠ ᠪᠠ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ ᠳᠠᠭᠠᠨ ᠤᠰᠦᠠ ᠤ ᠣᠷᠴᠢᠨ ᠲᠣᠭᠤᠷᠢᠨ ᠢ | ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ | ᠲᠠᠪᠢᠨ ᠳᠥᠷᠪᠡᠳᠦᠭᠡᠷ ᠵᠤᠶᠢᠯ ᠲᠠᠷᠢᠶᠠᠨ ᠡᠮ ᠢ ᠬᠡᠷᠡᠭᠯᠡᠬᠦ ᠳᠡᠭᠡᠨ ᠲᠠᠷᠢᠶᠠᠨ ᠡᠮ ᠢ ᠠᠶᠤᠯᠭᠦᠶ ᠬᠡᠷᠡᠭᠯᠡᠬᠦ | ᠲᠤᠬᠠᠶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠃ | ᠲᠠᠷᠢᠶᠠᠨ ᠡᠮ ᠢ ᠵᠥᠭᠡᠭᠡᠪᠦᠷᠢᠯᠡᠬᠦ᠂ ᠬᠠᠳᠠᠭᠠᠯᠠᠬᠤ ᠪᠠ ᠬᠤᠭᠤᠴᠠᠭ᠎ᠠ ᠨᠢ ᠥᠩᠭᠡᠷᠡᠭᠡᠳ ᠦᠢᠯᠡᠳᠦᠯ ᠢᠶᠠᠨ | ᠠᠯᠳᠠᠭᠰᠠᠨ ᠲᠠᠷᠢᠶᠠᠨ ᠡᠮ ᠢ ᠰᠢᠢᠳᠪᠤᠷᠢᠯᠡᠬᠦ ᠳᠡᠭᠡᠨ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠤ ᠪᠣᠬᠢᠷᠲᠤᠯ | ᠡᠭᠦᠰᠭᠡᠬᠦ ᠠᠴᠠ ᠰᠡᠷᠭᠡᠶᠢᠯᠡᠬᠦ ᠬᠡᠷᠡᠭᠲᠡᠶ᠃ | ᠲᠠᠪᠢᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠭᠴᠢᠳ ᠢ | ᠵᠢᠯᠣᠭᠤᠳᠤᠨ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠠᠷ᠂ ᠵᠦᠢ ᠵᠣᠬᠢᠰᠲᠠᠶ ᠪᠠᠷ | ᠬᠡᠷᠡᠭᠯᠡᠭᠦᠯᠵᠦ᠂ ᠬᠥᠷᠥᠰᠥ ᠰᠢᠷᠣᠶ ᠶᠢ ᠨᠢ ᠦᠵᠡᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ ᠮᠡᠷᠭᠡᠵᠢᠯ | ᠪᠣᠯᠤᠨ ᠦᠷ᠎ᠡ ᠠᠰᠢᠭ ᠲᠠᠢ᠂ ᠬᠤᠣᠷ ᠪᠠᠭ᠎ᠠ ᠲᠠᠢ᠂ ᠦᠯᠡᠳᠡᠭᠳᠡᠯ ᠪᠠᠭ᠎ᠠ ᠲᠠᠢ ᠲᠠᠷᠢᠶᠠᠨ ᠡᠮ ᠢ ᠳᠡᠯᠭᠡᠷᠡᠭᠦᠯᠵᠦ᠂ | ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠢ ᠬᠡᠲᠦᠷᠡᠲᠡᠯ᠎ᠡ ᠬᠡᠷᠡᠭᠯᠡᠬᠦ ᠶᠢ ᠬᠢᠵᠠᠭᠠᠷᠯᠠᠵᠤ᠂ ᠤᠰᠤᠨ ᠤ ᠪᠣᠬᠢᠷᠲᠤᠯ | ᠡᠭᠦᠰᠭᠡᠬᠦ ᠠᠴᠠ ᠰᠡᠷᠭᠡᠶᠢᠯᠡᠬᠦ ᠬᠡᠷᠡᠭᠲᠡᠶ᠃ | ᠲᠠᠪᠢᠨ ᠵᠢᠷᠭᠤᠳᠤᠭᠠᠷ ᠵᠦᠢᠯ ᠤᠯᠤᠰ ᠠᠴᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ | ᠦᠷᠡᠵᠢᠭᠦᠯᠬᠦ ᠪᠠᠭ᠎ᠠ ᠲᠣᠭᠤᠷᠢᠭ ᠤᠨ ᠮᠠᠯ ᠵᠢᠭᠦᠷᠲᠡᠨ ᠤ ᠢᠯᠭᠠᠳᠠᠰᠤ᠂ ᠬᠠᠶᠠᠭᠳᠠᠮᠠᠯ ᠤᠰᠤ ᠶᠢ ᠶᠡᠷᠦᠩᠬᠡᠶᠢᠯᠡᠨ | ᠠᠰᠢᠭᠯᠠᠬᠤ ᠪᠤᠶᠤ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠥᠬᠦᠭᠡᠷᠦᠮᠵᠢ ᠪᠠᠶᠢᠭᠤᠯᠬᠤ ᠶᠢ ᠳᠡᠮᠵᠢᠨ᠎ᠡ᠃ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠨᠢ ᠮᠠᠯ | ᠵᠢᠭᠦᠷᠲᠡᠨ ᠤ ᠢᠯᠭᠠᠳᠠᠰᠤ᠂ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠪᠤᠶᠤ ᠬᠤᠣᠷ ᠦᠭᠡᠶᠢᠵᠢᠬᠦᠯᠦᠨ | ᠰᠢᠢᠳᠪᠦᠷᠢᠯᠡᠬᠦ ᠲᠥᠬᠦᠭᠡᠷᠦᠮᠵᠢ ᠶᠢᠨ ᠢᠶᠠᠨ ᠬᠡᠪ ᠤᠨ ᠠᠵᠢᠯᠯᠠᠭ᠎ᠠ ᠶᠢ ᠪᠠᠲᠤᠯᠠᠵᠤ᠂ ᠪᠣᠬᠢᠷ ᠤᠰᠤ ᠶᠢ ᠪᠠᠷᠢᠮᠵᠢᠶ᠎ᠠ ᠳᠤ | ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠵᠤ᠂ ᠤᠰᠤᠨ ᠤ ᠣᠷᠴᠢᠨ ᠲᠣᠭᠤᠷᠢᠨ ᠢ ᠪᠣᠬᠢᠷᠲᠤᠭᠤᠯᠬᠤ ᠠᠴᠠ | ᠰᠡᠷᠭᠡᠶᠢᠯᠡᠬᠦ ᠬᠡᠷᠡᠭᠲᠡᠢ᠃ | ᠮᠠᠯ ᠵᠢᠭᠦᠷᠲᠡᠨ ᠢ ᠲᠠᠷᠠᠬᠠᠢ ᠲᠡᠵᠢᠭᠡᠵᠦ ᠪᠠᠶᠢᠭ᠎ᠠ ᠨᠢᠭᠲᠠ ᠲᠥᠪᠯᠡᠷᠡᠭᠰᠡᠨ ᠣᠷᠣᠨ ᠤ ᠪᠠᠶᠢᠭ᠎ᠠ ᠭᠠᠵᠠᠷ ᠤᠨ | ᠰᠢᠶᠠᠨ᠂ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠪᠠᠶᠢᠭᠠᠳ ᠮᠠᠯ | ᠵᠢᠭᠦᠷᠲᠡᠨ ᠤ ᠢᠯᠭᠠᠳᠠᠰᠤ ᠶᠢᠨ ᠪᠣᠬᠢᠷ ᠤᠰᠤ ᠶᠢ ᠡᠷᠤᠬᠡ ᠬᠤᠪᠢᠶᠠᠨ ᠴᠤᠭᠯᠠᠭᠤᠯᠵᠤ᠂ ᠲᠥᠪᠯᠡᠷᠡᠭᠦᠯᠦᠨ | ᠰᠢᠢᠳᠪᠦᠷᠢᠯᠡᠵᠦ ᠠᠰᠢᠭᠯᠠᠬᠤ ᠬᠡᠷᠡᠭᠲᠡᠢ᠃ | ᠲᠠᠪᠢᠨ ᠳᠣᠯᠣᠳᠤᠭᠠᠷ ᠵᠦᠢᠯ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠠᠵᠢᠯ ᠢ ᠡᠷᠬᠢᠯᠡᠬᠦ ᠳᠡᠭᠡᠨ | ᠤᠰᠤᠨ ᠣᠷᠣᠨ ᠤ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠵᠤ᠂ ᠲᠡᠵᠢᠭᠡᠨ ᠦᠷᠡᠵᠢᠭᠦᠯᠬᠦ ᠨᠢᠭᠲᠠᠴᠠ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠦᠢ ᠵᠣᠬᠢᠰᠲᠠᠶ ᠪᠠᠷ ᠥᠭᠶᠥᠭᠡ ᠲᠠᠯᠪᠢᠬᠤ ᠪᠠ ᠡᠮ ᠤᠨ ᠵᠦᠢᠯ ᠢ | ᠬᠡᠷᠡᠭᠯᠡᠵᠦ᠂ ᠤᠰᠤᠨ ᠤ ᠣᠷᠴᠢᠨ ᠲᠤᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ | ᠲᠠᠪᠢᠨ ᠨᠠᠢᠮᠠᠳᠤᠭᠠᠷ ᠵᠦᠢᠯ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤ ᠨᠢ ᠵᠣᠬᠢᠴᠠᠩᠭᠤᠶ | ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠵᠤ᠂ ᠬᠥᠷᠥᠰᠥ ᠰᠢᠷᠣᠶ᠂ ᠭᠠᠵᠠᠷ ᠳᠣᠣᠷᠠᠬᠢ ᠤᠰᠤ ᠪᠠ | ᠲᠠᠷᠢᠶᠠᠯᠠᠩ ᠤᠨ ᠪᠦᠲᠦᠭᠡᠭᠳᠡᠬᠦᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ | ᠲᠠᠷᠢᠶᠠᠨ ᠭᠠᠵᠠᠷ ᠤᠨ ᠤᠰᠤᠯᠠᠯᠲᠠ ᠶᠢᠨ ᠰᠤᠪᠠᠭ ᠲᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠤᠶᠤ | ᠡᠮ ᠡᠮᠨᠡᠯᠭᠡ ᠶᠢᠨ ᠪᠣᠬᠢᠷ ᠤᠰᠤ ᠭᠠᠳᠠᠭᠰᠢᠯᠠᠭᠤᠯᠬᠤ ᠶᠢ ᠴᠠᠭᠠᠵᠠᠯᠠᠨ᠎ᠠ᠃ ᠲᠠᠷᠢᠶᠠᠨ ᠭᠠᠵᠠᠷ ᠤᠨ ᠤᠰᠤᠯᠠᠯᠲᠠ ᠶᠢᠨ | ᠰᠤᠪᠠᠭ ᠲᠤ ᠬᠤᠳᠠ ᠪᠠᠯᠭᠠᠰᠤᠨ ᠤ ᠪᠣᠬᠢᠷ ᠤᠰᠤ ᠵᠢᠴᠢ ᠶᠡᠷᠦᠩᠬᠡᠶᠢᠯᠡᠨ ᠠᠰᠢᠭᠯᠠᠭᠠᠳᠤᠶ ᠮᠠᠯ ᠵᠢᠭᠦᠷᠲᠡᠨ ᠢ ᠲᠡᠵᠢᠭᠡᠨ | ᠦᠷᠡᠵᠢᠬᠦᠯᠦᠭᠰᠡᠨ ᠬᠠᠶᠠᠭᠳᠠᠮᠠᠯ ᠤᠰᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠠᠶᠠᠭᠳᠠᠮᠠᠯ | ᠤᠰᠤ ᠶᠢ ᠭᠠᠳᠠᠭᠰᠢᠯᠠᠭᠤᠯᠬᠤ ᠳᠠᠭᠠᠨ᠂ ᠲᠡᠭᠦᠨ ᠤ ᠳᠤᠤᠷᠠᠳᠤ ᠤᠷᠤᠰᠬᠠᠯ ᠤᠨ ᠬᠠᠮᠤᠭ ᠤᠨ ᠤᠢᠢᠷ᠎ᠠ | ᠤᠰᠤᠯᠠᠯᠲᠠ ᠶᠢᠨ ᠤᠰᠤ ᠲᠠᠲᠠᠬᠤ ᠴᠡᠭ ᠤᠨ ᠤᠰᠤᠨ ᠤ ᠴᠢᠨᠠᠷ ᠢ ᠲᠠᠷᠢᠶᠠᠨ ᠭᠠᠵᠠᠷ ᠤᠨ ᠤᠰᠤᠯᠠᠯᠲᠠ ᠶᠢᠨ | ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃ | ᠲᠠᠪᠤᠳᠤᠭᠠᠷ ᠬᠡᠰᠡᠭ ᠣᠩᠭᠤᠴᠠ ᠰᠠᠯ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠲᠠᠪᠢ ᠶᠢᠰᠦᠳᠦᠭᠡᠷ ᠵᠦᠢᠯ ᠤᠩᠭᠤᠴᠠ ᠰᠠᠯ ᠲᠣᠰᠣ ᠲᠠᠢ ᠪᠣᠬᠢᠷ ᠤᠰᠤ᠂ ᠠᠮᠢᠳᠤᠷᠠᠯ ᠤᠨ ᠪᠣᠬᠢᠷ ᠤᠰᠤ ᠶᠢ | ᠭᠠᠳᠠᠭᠰᠢᠯᠠᠭᠤᠯᠬᠤ ᠳᠠᠭᠠᠨ ᠤᠩᠭᠤᠴᠠ ᠰᠠᠯ ᠤᠨ ᠪᠣᠬᠢᠷ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠢᠴᠡᠭᠰᠡᠨ | ᠪᠠᠶᠢᠬᠤ ᠬᠡᠷᠡᠭᠲᠡᠶ᠃ ᠳᠠᠯᠠᠢ ᠲᠠᠩᠭᠢᠰ ᠤᠨ ᠲᠡᠭᠡᠭᠡᠪᠦᠷᠢ ᠶᠢ ᠡᠷᠬᠢᠯᠡᠵᠦ ᠪᠠᠶᠢᠭ᠎ᠠ ᠣᠩᠭᠤᠴᠠ ᠰᠠᠯ ᠳᠣᠲᠣᠭᠠᠳᠤ ᠭᠤᠣᠯ | ᠮᠥᠷᠡᠨ ᠪᠠ ᠭᠠᠷᠠᠮ ᠳᠤ ᠣᠷᠣᠵᠤ ᠢᠷᠡᠬᠦ ᠳᠡᠭᠡᠨ ᠳᠣᠲᠣᠭᠠᠳᠤ ᠭᠤᠣᠯ ᠮᠥᠷᠡᠨ ᠤ ᠣᠩᠭᠤᠴᠠ ᠰᠠᠯ ᠤᠨ | ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠶ᠃ | ᠣᠩᠭᠤᠴᠠ ᠰᠠᠯ ᠤᠨ ᠦᠯᠡᠳᠡᠭᠳᠡᠯ ᠲᠤᠰᠤ᠂ ᠬᠠᠶᠠᠭᠳᠠᠮᠠᠯ ᠲᠤᠰᠤ ᠶᠢ ᠬᠤᠷᠢᠶᠡᠠ ᠠᠪᠬᠤ ᠬᠡᠷᠡᠭᠲᠡᠶ᠂ ᠤᠰᠦᠠ | ᠴᠣᠭᠴᠠ ᠳᠤ ᠣᠷᠣᠭᠤᠯᠬᠤ ᠶᠢ ᠴᠠᠭᠠᠵᠠᠯᠠᠨ᠎ᠠ᠃ | ᠣᠩᠭᠤᠴᠠ ᠰᠠᠯ ᠤᠨ ᠬᠤᠭ ᠨᠣᠪᠰᠢ ᠶᠢ ᠤᠰᠤᠨ ᠴᠣᠭᠴᠠ ᠳᠤ ᠴᠢᠳᠬᠤᠬᠤ ᠶᠢ ᠴᠠᠭᠠᠵᠠᠯᠠᠨ᠎ᠠ᠃ | ᠣᠩᠭᠤᠴᠠ ᠰᠠᠯ ᠲᠤᠰᠦᠠ ᠤ ᠵᠦᠢᠯ ᠪᠤᠶᠤ ᠬᠤᠣᠷᠲᠠᠢ ᠪᠠᠷᠠᠭ᠎ᠠ ᠶᠢ ᠠᠴᠢᠶᠠᠯᠠᠵᠤ ᠲᠡᠭᠡᠭᠡᠪᠦᠷᠢᠯᠡᠬᠦ ᠳᠡᠭᠡᠨ | ᠪᠢᠯᠬᠠᠨ ᠤᠷᠤᠰᠬᠤ ᠪᠠ ᠨᠡᠪᠴᠢᠵᠦ ᠭᠤᠭᠤᠵᠢᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠪᠠᠷᠠᠭ᠎ᠠ ᠶᠢᠨ | ᠤᠰᠦᠠ ᠳᠤ ᠤᠨᠠᠵᠤ ᠤᠰᠦᠠ ᠤ ᠪᠣᠬᠢᠷᠲᠤᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠭᠤᠣᠯ ᠮᠥᠷᠡᠨ ᠳᠤ ᠣᠷᠣᠵᠤ | ᠢᠷᠡᠭᠰᠡᠨ ᠤᠯᠠᠨ ᠤᠯᠤᠰ ᠤᠨ ᠠᠶᠠᠯᠠᠯ ᠤᠨ ᠱᠤᠭᠤᠮ ᠤᠨ ᠣᠩᠭᠤᠴᠠ ᠰᠠᠯ ᠳᠠᠷᠤᠯᠲᠠᠲᠤ ᠤᠰᠤ | ᠭᠠᠳᠠᠭᠰᠢᠯᠠᠭᠤᠯᠬᠤ ᠳᠠᠭᠠᠨ ᠳᠠᠷᠤᠯᠲᠠᠲᠤ ᠤᠰᠤ ᠶᠢ ᠰᠢᠢᠳᠪᠤᠷᠢᠯᠡᠬᠦ ᠲᠣᠨᠣᠭᠯᠠᠯ ᠢ ᠬᠡᠷᠡᠭᠯᠡᠬᠦ ᠪᠤᠶᠤ ᠠᠳᠠᠯᠢ | ᠦᠢᠯᠡᠳᠦᠯ ᠲᠠᠢ ᠪᠤᠰᠤᠳ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠤᠯᠲᠠᠲᠤ ᠤᠰᠤ ᠶᠢ ᠰᠦᠢᠷᠡᠬᠦᠯᠬᠦ ᠵᠡᠷᠭᠡ | ᠠᠷᠭ᠎ᠠ ᠪᠠᠷ ᠰᠢᠢᠳᠪᠤᠷᠢᠯᠡᠬᠦ ᠬᠡᠷᠡᠭᠲᠡᠶ᠃ ᠲᠣᠭᠲᠠᠭᠠᠯ ᠳᠤ ᠦᠯᠦ ᠨᠡᠶᠢᠴᠡᠬᠦ ᠣᠩᠭᠤᠴᠠ ᠰᠠᠯ ᠤᠨ ᠳᠠᠷᠤᠯᠲᠠᠲᠤ | ᠤᠰᠤ ᠶᠢ ᠭᠠᠳᠠᠭᠰᠢᠯᠠᠭᠤᠯᠬᠤ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠤᠩᠭᠤᠴᠠ ᠰᠠᠯ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠪᠣᠬᠢᠷᠲᠤᠯ ᠢ ᠰᠡᠷᠭᠡᠶᠢᠯᠡᠬᠦ ᠵᠣᠬᠢᠴᠠᠩᠭᠤᠶ ᠲᠤᠨᠤᠭ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠶ | ᠪᠥᠭᠡᠳ ᠤᠰᠤᠨ ᠣᠷᠣᠨ ᠤ ᠣᠷᠴᠢᠨ ᠲᠤᠭᠤᠷᠢᠨ ᠤ ᠪᠣᠬᠢᠷᠲᠤᠯ ᠢ ᠰᠡᠷᠭᠡᠶᠢᠯᠡᠬᠦ ᠬᠠᠤᠯᠢ ᠶᠣᠰᠣᠨ ᠤ ᠬᠦᠴᠦᠨ | ᠪᠦᠬᠦᠢ ᠦᠨᠡᠮᠯᠡᠯ ᠪᠠ ᠪᠢᠴᠢᠭ ᠬᠠᠷ᠎ᠠ ᠲᠠᠢ ᠪᠠᠶᠢᠬᠤ ᠬᠡᠷᠡᠭᠲᠡᠶ᠃ | ᠣᠩᠭᠤᠴᠠ ᠰᠠᠯ ᠪᠣᠬᠢᠷᠲᠤᠭᠤᠯᠤᠭᠴᠢ ᠪᠣᠳᠠᠰ ᠭᠠᠳᠠᠭᠰᠢᠯᠠᠭᠤᠯᠬᠤ ᠳᠤ ᠬᠤᠯᠪᠣᠭᠳᠠᠬᠤ ᠠᠵᠢᠯ ᠢ ᠬᠢᠬᠦ ᠳᠡᠭᠡᠨ | ᠠᠵᠢᠯᠯᠠᠬᠤ ᠲᠦᠷᠢᠮ ᠢ ᠴᠢᠩᠭ᠎ᠠ ᠵᠢᠷᠤᠮᠯᠠᠬᠤ ᠬᠡᠷᠡᠭᠲᠡᠶ ᠪᠥᠭᠡᠳ ᠵᠣᠬᠢᠴᠠᠩᠭᠤᠶ ᠲᠡᠮᠳᠡᠭᠯᠡᠯ ᠤᠨ ᠳᠡᠪᠲᠡᠷ ᠳᠡᠭᠡᠷ᠎ᠡ | ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃ | ᠵᠢᠷᠠᠨ ᠨᠢᠭᠡᠳᠦᠭᠡᠷ ᠵᠦᠢᠯ ᠭᠠᠷᠠᠮ᠂ ᠣᠩᠭᠤᠴᠠᠨ ᠤ ᠵᠣᠭᠰᠣᠭᠠᠯ᠂ ᠠᠴᠢᠶᠠᠯᠠᠵᠤ ᠪᠠᠭᠤᠯᠭᠠᠬᠤ ᠦᠷᠳᠡᠭᠡ | ᠪᠣᠯᠤᠨ ᠣᠩᠭᠤᠴᠠ ᠰᠠᠯ ᠵᠠᠰᠠᠵᠤ ᠦᠢᠯᠡᠳᠬᠦ ᠦᠢᠯᠡᠳᠪᠦᠷᠢ ᠶᠢᠨ ᠪᠠᠶᠢᠭ᠎ᠠ ᠭᠠᠵᠠᠷ ᠤᠨ ᠬᠤᠳᠠ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠩᠭᠤᠴᠠ ᠰᠠᠯ ᠤᠨ ᠪᠣᠬᠢᠷᠲᠤᠭᠤᠯᠬᠤ ᠪᠣᠳᠠᠰ᠂ | ᠬᠠᠶᠠᠭᠳᠠᠮᠠᠯ ᠪᠣᠳᠠᠰ ᠢ ᠬᠦᠯᠢᠶᠡᠨ ᠠᠪᠬᠤ᠂ ᠳᠠᠮᠵᠢᠭᠤᠯᠤᠨ ᠲᠡᠭᠡᠭᠡᠪᠦᠷᠢᠯᠡᠬᠦ ᠵᠢᠴᠢ ᠰᠢᠢᠳᠪᠤᠷᠢᠯᠡᠬᠦ ᠲᠥᠬᠦᠭᠡᠷᠦᠮᠵᠢ ᠶᠢ | ᠨᠢᠭᠡᠳᠦᠯᠲᠡᠶ ᠲᠥᠯᠥᠪᠵᠢᠭᠦᠯᠵᠦ ᠪᠠᠶᠢᠭᠤᠯᠬᠤ ᠬᠡᠷᠡᠭᠲᠡᠶ᠃ | ᠭᠠᠷᠠᠮ᠂ ᠣᠩᠭᠤᠴᠠᠨ ᠤ ᠵᠣᠭᠰᠣᠭᠠᠯ᠂ ᠠᠴᠢᠶᠠᠯᠠᠵᠤ ᠪᠠᠭᠤᠯᠭᠠᠬᠤ ᠤᠢᠷᠳᠡᠭᠡ ᠪᠣᠯᠤᠨ ᠣᠩᠭᠤᠴᠠ ᠰᠠᠯ | ᠵᠠᠰᠠᠵᠤ ᠦᠢᠯᠡᠳᠬᠦ ᠦᠢᠯᠡᠳᠪᠦᠷᠢ ᠨᠦᠭᠦᠳ ᠣᠩᠭᠤᠴᠠ ᠰᠠᠯ ᠤᠨ ᠪᠣᠬᠢᠷᠲᠤᠭᠤᠯᠬᠤ ᠪᠣᠳᠠᠰ᠂ ᠬᠠᠶᠠᠭᠳᠠᠮᠠᠯ ᠪᠣᠳᠠᠰ ᠢ | ᠬᠦᠯᠢᠶᠡᠠ ᠠᠪᠬᠤ ᠬᠦᠷᠦᠯᠴᠡᠬᠦ᠋ᠢᠴᠡ ᠲᠥᠬᠦᠭᠡᠷᠦᠮᠵᠢ ᠲᠠᠢ ᠪᠠᠶᠢᠬᠤ ᠬᠡᠷᠡᠭᠲᠡᠶ᠃ ᠣᠩᠭᠤᠴᠠ ᠰᠠᠯ ᠤᠨ | ᠪᠣᠬᠢᠷᠲᠤᠭᠤᠯᠤᠭᠴᠢ ᠪᠣᠳᠠᠰ᠂ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠪᠤᠶᠤ ᠲᠣᠰᠤᠨ ᠤ ᠵᠦᠢᠯ᠂ | ᠪᠣᠬᠢᠷᠲᠤᠭᠤᠯᠬᠤ ᠬᠤᠣᠷ ᠬᠥᠨᠥᠭᠡᠯ ᠲᠠᠢ ᠪᠠᠷᠠᠭ᠎ᠠ ᠶᠢ ᠠᠴᠢᠶᠠᠯᠠᠵᠤ ᠲᠡᠭᠡᠭᠡᠪᠦᠷᠢᠯᠡᠬᠦ ᠣᠩᠭᠤᠴᠠᠨ ᠤ ᠦᠷᠦᠭᠡ ᠶᠢ | ᠤᠬᠢᠶᠠᠨ ᠴᠡᠪᠡᠷᠯᠡᠬᠦ ᠠᠵᠢᠯ ᠢ ᠬᠢᠬᠦ ᠨᠢᠭᠡᠴᠢ ᠨᠢ ᠲᠡᠭᠦᠨ ᠤ ᠡᠵᠡᠩᠨᠡᠯᠲᠡ ᠶᠢᠨ ᠬᠡᠪᠴᠢᠶ᠎ᠡ ᠲᠠᠢ ᠪᠠᠨ ᠵᠣᠬᠢᠴᠠᠭᠰᠠᠨ | ᠬᠤᠷᠢᠶᠠᠨ ᠠᠪᠴᠤ ᠰᠢᠢᠳᠪᠤᠷᠢᠯᠡᠬᠦ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃ | ᠵᠢᠷᠠᠨ ᠬᠤᠶᠠᠳᠤᠭᠠᠷ ᠵᠦᠢᠯ ᠤᠩᠭᠤᠴᠠ ᠰᠠᠯ ᠵᠢᠴᠢ ᠬᠤᠯᠪᠣᠭᠳᠠᠯ ᠪᠦᠬᠦᠢ ᠠᠵᠢᠯ ᠤᠨ ᠨᠢᠭᠡᠴᠢ | ᠪᠣᠬᠢᠷᠲᠤᠯ ᠤᠨ ᠠᠶᠤᠯ ᠲᠦᠭᠰᠢᠭᠦᠷᠢ ᠲᠠᠢ ᠠᠵᠢᠯ ᠠᠵᠢᠯᠯᠠᠭ᠎ᠠ ᠬᠢᠬᠦ ᠳᠡᠭᠡᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠪᠠ ᠪᠠᠷᠢᠮᠵᠢᠶ᠎ᠠ ᠶᠣᠰᠣᠭᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ | ᠪᠣᠬᠢᠷᠲᠤᠯ ᠡᠭᠦᠰᠭᠡᠬᠦ ᠠᠴᠠ ᠰᠡᠷᠭᠡᠶᠢᠯᠡᠬᠦ ᠬᠡᠷᠡᠭᠲᠡᠢ᠃ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ | ᠵᠢᠭᠠᠰᠤᠨ ᠠᠵᠤ ᠠᠬᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠣᠩᠭᠤᠴᠠ ᠰᠠᠯ ᠵᠢᠴᠢ ᠬᠤᠯᠪᠣᠭᠳᠠᠯ | ᠪᠦᠬᠦᠢ ᠠᠵᠢᠯ ᠠᠵᠢᠯᠯᠠᠭ᠎ᠠ ᠶᠢ ᠬᠢᠨᠠᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ | ᠣᠩᠭᠤᠴᠠ ᠰᠠᠯ ᠰᠤᠯᠠ ᠰᠠᠪᠠᠯᠠᠭᠰᠠᠨ ᠰᠢᠩᠭᠡᠨ ᠪᠡᠶᠡᠲᠦ ᠶᠢᠨ ᠪᠣᠬᠢᠷᠲᠤᠭᠤᠯᠤᠨ ᠬᠤᠬᠢᠷᠠᠭᠤᠯᠬᠤ ᠴᠢᠨᠠᠷᠲᠠᠶ | ᠪᠠᠷᠠᠭ᠎ᠠ ᠶᠢ ᠴᠢᠷᠭᠡᠦᠯ ᠣᠩᠭᠤᠴᠠ ᠪᠠᠷ ᠳᠠᠮᠵᠢᠭᠤᠯᠬᠤ ᠠᠵᠢᠯ ᠬᠢᠬᠦ ᠳᠡᠭᠡᠨ ᠠᠵᠢᠯᠯᠠᠬᠤ ᠲᠥᠰᠦᠯ ᠨᠠᠶᠢᠷᠠᠭᠤᠯᠤᠨ | ᠵᠣᠬᠢᠶᠠᠵᠤ᠂ ᠠᠶᠤᠯᠭᠦᠶ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ | ᠠᠵᠢᠯᠯᠠᠬᠤ ᠭᠠᠵᠠᠷ ᠤᠨ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ | ᠵᠥᠪᠰᠢᠶᠡᠷᠡᠭᠦᠯᠬᠦ ᠬᠡᠷᠡᠭᠲᠡᠶ᠃ | ᠲᠡᠯᠡᠢ ᠶᠢᠨ ᠲᠡᠩ ᠳᠤ ᠲᠦᠷᠢᠬᠦ ᠠᠷᠭ᠎ᠠ ᠪᠠᠷ ᠣᠩᠭᠤᠴᠠ ᠰᠠᠯ ᠢ ᠵᠠᠳᠠᠯᠬᠤ ᠠᠵᠢᠯ ᠬᠢᠬᠦ ᠶᠢ ᠴᠠᠭᠠᠵᠠᠯᠠᠨ᠎ᠠ᠃ | ᠲᠠᠪᠤᠳᠤᠭᠠᠷ ᠪᠦᠯᠦᠭ ᠤᠤᠭᠤᠬᠤ ᠤᠰᠤᠨ ᠤ ᠡᠬᠢ ᠰᠤᠷᠪᠤᠯᠵᠢ ᠪᠠ ᠪᠤᠰᠤᠳ ᠣᠨᠴᠠᠭᠠᠶ ᠤᠰᠤᠨ | ᠴᠣᠭᠴᠠ ᠶᠢ ᠬᠠᠮᠠᠭᠠᠯᠠᠬᠤ | ᠵᠢᠷᠠᠨ ᠭᠤᠷᠪᠠᠳᠤᠭᠠᠷ ᠵᠦᠢᠯ ᠤᠯᠤᠰ ᠠᠴᠠ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠤ ᠲᠦᠷᠢᠮ ᠢ ᠪᠠᠶᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠢ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠪᠠ ᠬᠤᠶᠠᠳᠤᠭᠠᠷ ᠲᠡᠰ ᠤᠨ | ᠬᠠᠮᠠᠭᠠᠯᠠᠯᠳᠠ ᠶᠢᠨ ᠤᠷᠤᠨ ᠭᠡᠵᠦ ᠬᠤᠪᠢᠶᠠᠨ᠎ᠠ︔ ᠴᠢᠬᠤᠯᠠᠲᠠᠶ ᠦᠶ᠎ᠡ ᠳᠤ᠂ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠭᠠᠳᠠᠭᠤᠷ ᠵᠣᠬᠢᠬᠤ ᠣᠷᠣᠨ ᠪᠦᠰᠡ ᠶᠢ ᠵᠠᠭᠠᠭᠯᠠᠨ ᠲᠣᠭᠲᠠᠭᠠᠵᠤ | ᠳᠡᠰᠯᠡᠬᠦ ᠬᠠᠮᠠᠭᠠᠯᠠᠯᠲᠠ ᠶᠢᠨ ᠣᠷᠣᠨ ᠪᠣᠯᠭᠠᠵᠤ ᠪᠣᠯᠤᠨ᠎ᠠ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠳᠤ | ᠬᠤᠯᠪᠣᠭᠳᠠᠯ ᠪᠦᠬᠦᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠬᠤ | ᠲᠥᠰᠦᠯ ᠳᠤᠷᠠᠳᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠬᠤᠲᠠ᠂ ᠰᠢᠶᠠᠨ ᠠᠯᠤᠰᠯᠠᠭᠰᠠᠨ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠳᠤ ᠬᠤᠯᠪᠣᠭᠳᠠᠯ ᠪᠦᠬᠦᠢ | ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠬᠤ ᠲᠥᠰᠦᠯ ᠢ ᠵᠥᠪᠳᠡᠯᠴᠡᠨ | ᠳᠤᠷᠠᠳᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠵᠥᠪᠳᠡᠯᠴᠡᠭᠡᠳ ᠪᠦᠲᠦᠬᠦ ᠦᠭᠡᠢ ᠪᠣᠯ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭ᠎ᠠ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭᠠᠯᠠᠯ᠂ ᠪᠦᠲᠦᠭᠡᠨ | ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠭᠠᠭᠯᠠᠨ ᠲᠣᠭᠲᠠᠭᠠᠬᠤ ᠲᠥᠰᠦᠯ ᠳᠤᠷᠠᠳᠴᠤ᠂ ᠠᠳᠠᠯᠢ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠲᠠᠢ ᠵᠥᠪᠳᠡᠯᠴᠡᠵᠦ ᠪᠠᠶᠢᠭᠠᠳ ᠵᠠᠭᠠᠭᠯᠠᠨ ᠲᠣᠭᠲᠠᠭᠠᠨ᠎ᠠ︔ ᠵᠥᠪᠳᠡᠯᠴᠡᠭᠡᠳ | ᠪᠦᠲᠦᠬᠦ ᠦᠭᠡᠢ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ᠂ | ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭᠠᠯᠠᠯ᠂ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠵᠠᠭᠠᠭᠯᠠᠨ ᠲᠣᠭᠲᠠᠭᠠᠬᠤ ᠲᠥᠰᠦᠯ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ | ᠪᠣᠳᠠᠲᠤ ᠬᠡᠷᠡᠭᠴᠡᠭᠡ ᠶᠢ ᠦᠨᠳᠦᠰᠦᠯᠡᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠤ ᠬᠦᠷᠢᠶ᠎ᠡ ᠬᠡᠪᠴᠢᠶ᠎ᠡ ᠶᠢ ᠲᠣᠬᠢᠷᠠᠭᠤᠯᠵᠤ᠂ ᠤᠤᠭᠤᠬᠤ ᠤᠰᠤᠨ ᠤ ᠠᠶᠤᠯᠭᠦᠶ ᠪᠠᠶᠢᠬᠤ ᠶᠢ ᠦᠨᠡᠨ ᠬᠦ | ᠪᠠᠲᠤᠯᠠᠵᠤ ᠪᠣᠯᠤᠨ᠎ᠠ᠃ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠲᠤ ᠲᠣᠳᠣᠷᠬᠠᠢ ᠭᠠᠵᠠᠷ ᠵᠦᠢ ᠶᠢᠨ ᠵᠠᠭᠠᠭ | ᠲᠡᠮᠳᠡᠭ ᠪᠠ ᠢᠯᠡᠷᠬᠡᠢ ᠰᠡᠷᠡᠮᠵᠢ ᠶᠢᠨ ᠲᠡᠮᠳᠡᠭ ᠪᠤᠰᠬᠠᠬᠤ ᠬᠡᠷᠡᠭᠲᠡᠢ᠃ | ᠵᠢᠷᠠᠨ ᠲᠦᠷᠪᠡᠳᠦᠭᠡᠷ ᠵᠤᠶᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ | ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠴᠠᠭᠠᠵᠠᠯᠠᠨ᠎ᠠ᠃ | ᠵᠢᠷᠠᠨ ᠲᠠᠪᠤᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ | ᠬᠠᠮᠠᠭᠠᠯᠠᠯᠲᠠ ᠶᠢᠨ ᠣᠷᠣᠨ ᠤ ᠳᠣᠲᠣᠷ᠎ᠠ ᠤᠰᠤ ᠬᠠᠩᠭᠠᠬᠤ ᠲᠥᠬᠦᠭᠡᠷᠦᠮᠵᠢ ᠪᠠ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ ᠲᠠᠢ ᠬᠤᠯᠪᠣᠭᠳᠠᠯ ᠦᠭᠡᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ ᠨᠢᠭᠡᠨᠲᠡ ᠪᠠᠶᠢᠭᠤᠯᠤᠭᠰᠠᠨ ᠤᠰᠤ | ᠬᠠᠩᠭᠠᠬᠤ ᠲᠥᠬᠦᠭᠡᠷᠦᠮᠵᠢ ᠪᠠ ᠤᠰᠤᠨ ᠤ ᠰᠤᠷᠪᠤᠯᠵᠢ ᠶᠢ ᠬᠠᠮᠠᠭᠠᠯᠠᠬᠤ ᠲᠠᠢ ᠬᠤᠯᠪᠣᠭᠳᠠᠯ ᠦᠭᠡᠢ ᠪᠦᠳᠦᠭᠡᠨ | ᠪᠠᠶᠢᠭᠤᠯᠤᠯᠲᠠ ᠶᠢᠨ ᠵᠦᠢᠯᠡᠰ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠵᠠᠷᠯᠢᠭᠳᠠᠵᠤ ᠪᠠᠶᠢᠭᠠᠳ ᠨᠤᠷᠠᠭᠠᠯᠭᠠᠬᠤ ᠪᠤᠶᠤ ᠡᠭᠦᠳᠡ ᠶᠢ ᠨᠢ ᠬᠠᠭᠠᠯᠭᠠᠨ᠎ᠠ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ | ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ᠂ ᠵᠢᠭᠤᠯᠴᠢᠯᠠᠬᠤ᠂ ᠤᠰᠤᠨ ᠳᠤ ᠤᠮᠪᠠᠭ᠋ᠤ᠂ ᠵᠢᠭᠠᠰᠤ | ᠭᠥᠬᠢᠳᠡᠬᠦ ᠪᠤᠶᠤ ᠤᠤᠭᠤᠬᠤ ᠤᠰᠤᠨ ᠤ ᠤᠰᠤᠨ ᠴᠣᠭᠴᠠ ᠶᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ | ᠬᠢᠬᠦ ᠶᠢ ᠴᠠᠭᠠᠵᠠᠯᠠᠨ᠎ᠠ᠃ | ᠵᠢᠷᠠᠨ ᠵᠢᠷᠭᠤᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ | ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠲᠠ ᠶᠢᠨ | ᠵᠦᠢᠯᠡᠰ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ | ᠨᠢᠭᠡᠨᠲᠡ ᠪᠠᠶᠢᠭᠤᠯᠤᠭᠰᠠᠨ ᠪᠤᠬᠢᠷᠳᠤᠯ ᠪᠣᠳᠠᠰ ᠭᠠᠳᠠᠭᠰᠢᠯᠠᠭᠤᠯᠬᠤ ᠪᠦᠳᠦᠭᠡᠠ ᠪᠠᠶᠢᠭᠤᠯᠤᠯᠲᠠ ᠶᠢᠨ ᠵᠦᠢᠯᠡᠰ ᠢ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠨᠤᠷᠠᠭᠠᠯᠭᠠᠬᠤ | ᠪᠤᠶᠤ ᠡᠭᠦᠳᠡ ᠶᠢ ᠨᠢ ᠬᠠᠭᠠᠯᠭᠠᠨ᠎ᠠ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ | ᠳᠣᠲᠣᠷ᠎ᠠ ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ᠂ ᠵᠢᠭᠤᠯᠴᠢᠯᠠᠬᠤ ᠵᠡᠷᠭᠡ ᠠᠵᠢᠯᠯᠠᠭ᠎ᠠ ᠬᠢᠬᠦ ᠳᠤ | ᠬᠦᠷᠪᠡᠯ᠂ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ᠂ ᠤᠤᠭᠤᠬᠤ ᠤᠰᠤᠨ ᠤ ᠤᠰᠤᠨ ᠴᠣᠭᠴᠠ ᠶᠢ | ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ | ᠵᠢᠷᠠᠨ ᠳᠣᠯᠣᠳᠤᠭᠠᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠳᠡᠰᠯᠡᠬᠦ ᠬᠠᠮᠠᠭᠠᠯᠠᠯᠲᠠ ᠶᠢᠨ | ᠣᠷᠣᠨ ᠤ ᠳᠣᠲᠣᠷ᠎ᠠ ᠤᠰᠤᠨ ᠴᠣᠭᠴᠠ ᠶᠢ ᠬᠦᠨᠳᠦ ᠨᠣᠴᠢᠲᠠᠢ ᠪᠣᠬᠢᠷᠲᠤᠭᠤᠯᠬᠤ ᠪᠦᠲᠦᠭᠡᠨ ᠪᠠᠶᠢᠭᠤᠯᠤᠯᠲᠠ ᠶᠢᠨ | ᠵᠦᠢᠯᠡᠰ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ ᠪᠦᠳᠦᠭᠡᠨ | ᠪᠠᠶᠢᠭᠤᠯᠤᠯᠲᠠ ᠶᠢᠨ ᠵᠦᠢᠯᠡᠰ ᠢ ᠥᠭᠡᠷᠡᠴᠢᠯᠡᠨ ᠪᠠᠶᠢᠭᠤᠯᠬᠤ ᠳᠠᠭᠠᠨ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠨᠡᠮᠡᠭᠳᠡᠭᠦᠯᠵᠦ ᠪᠣᠯᠬᠤ ᠦᠭᠡᠢ᠃ | ᠵᠢᠷᠠᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠣᠳᠠᠲᠤ ᠬᠡᠷᠡᠭᠴᠡᠭᠡ ᠶᠢ | ᠦᠨᠳᠦᠰᠦᠯᠡᠨ᠂ ᠳᠡᠰᠯᠡᠬᠦ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠠᠷᠢᠯᠭ᠎ᠠ ᠶᠢᠨ ᠠᠷᠭ᠎ᠠ ᠬᠡᠮᠵᠢᠶ᠎ᠡ ᠠᠪᠬᠤ ᠪᠤᠶᠤ | ᠨᠠᠮᠤᠭ ᠭᠠᠵᠠᠷ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠤᠢ ᠪᠠᠶᠢᠭᠤᠯᠬᠤ ᠵᠡᠷᠭᠡ ᠠᠮᠢ ᠠᠬᠤᠶ ᠶᠢᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠤᠰᠤᠨ ᠤ ᠪᠤᠬᠢᠷᠳᠤᠯ ᠪᠤᠳᠠᠰ ᠢ ᠤᠤᠭᠤᠬᠤ ᠤᠰᠤᠨ ᠤ ᠤᠰᠤᠨ | ᠴᠣᠭᠴᠠ ᠳᠤ ᠰᠢᠭᠤᠳ ᠣᠷᠣᠭᠤᠯᠬᠤ ᠶᠢ ᠰᠡᠷᠭᠡᠶᠢᠯᠡᠵᠦ᠂ ᠤᠤᠭᠤᠬᠤ ᠤᠰᠤᠨ ᠤ ᠠᠶᠤᠯᠭᠦᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠵᠢᠷᠠ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠭᠠᠵᠠᠷ ᠳᠣᠣᠷᠠᠬᠢ | ᠤᠰᠤᠨ ᠤ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ ᠨᠥᠬᠦᠪᠥᠷᠢᠯᠡᠨ ᠬᠠᠩᠭᠠᠬᠤ ᠣᠷᠣᠨ ᠵᠢᠴᠢ | ᠤᠰᠤ ᠬᠠᠩᠭᠠᠬᠤ ᠨᠢᠭᠡᠴᠢ ᠶᠢᠨ ᠡᠷᠬᠢᠨ ᠲᠣᠭᠤᠷᠢᠨ ᠤ ᠣᠷᠣᠨ ᠪᠦᠰᠡ ᠶᠢᠨ ᠣᠷᠴᠢᠨ ᠲᠤᠭᠤᠷᠢᠨ ᠤ ᠪᠠᠶᠢᠳᠠᠯ ᠪᠠ | ᠪᠣᠬᠢᠷᠲᠤᠯ ᠤᠨ ᠠᠶᠤᠯ ᠲᠦᠭᠰᠢᠭᠦᠷᠢ ᠶᠢ ᠪᠠᠶᠢᠴᠠᠭᠠᠨ ᠦᠨᠡᠯᠡᠵᠦ᠂ ᠣᠷᠣᠰᠢᠵᠤ ᠮᠡᠳᠡᠬᠦ ᠪᠣᠬᠢᠷᠲᠤᠯ ᠤᠨ ᠠᠶᠤᠯ | ᠲᠦᠭᠰᠢᠭᠦᠷᠢ ᠶᠢᠨ ᠬᠦᠴᠦᠨ ᠵᠦᠢᠯ ᠢ ᠰᠢᠭᠰᠢᠨ ᠪᠠᠶᠢᠴᠠᠭᠠᠬᠤ ᠶᠢᠨ ᠬᠠᠮᠲᠤ ᠠᠶᠤᠯ ᠲᠦᠭᠰᠢᠭᠦᠷᠢ ᠠᠴᠠ ᠰᠡᠷᠭᠡᠶᠢᠯᠡᠬᠦ | ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠤᠤᠭᠤᠬᠤ ᠤᠰᠤᠨ ᠤ ᠡᠬᠢ ᠰᠤᠷᠪᠤᠯᠵᠢ ᠪᠣᠬᠢᠷᠲᠤᠭᠳᠠᠭᠠᠳ ᠤᠰᠤ ᠬᠠᠩᠭᠠᠬᠤ ᠠᠮᠤᠷ ᠲᠦᠪᠰᠢᠨ ᠢ | ᠰᠦᠷᠳᠡᠭᠦᠯᠵᠦ ᠮᠡᠳᠡᠬᠦ ᠳᠤ ᠬᠦᠷᠪᠡᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ ᠦᠢᠯᠡᠳᠪᠤᠷᠢᠯᠡᠯ | ᠡᠵᠡᠩᠨᠡᠭᠴᠢ ᠶᠢ ᠵᠠᠷᠯᠢᠭᠳᠠᠵᠤ ᠪᠠᠶᠢᠭᠠᠳ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠵᠣᠭᠰᠣᠭᠠᠬᠤ ᠵᠡᠷᠭᠡ | ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠤᠤᠭᠤᠬᠤ ᠤᠰᠤ ᠬᠠᠩᠭᠠᠬᠤ ᠨᠢᠭᠡᠴᠢ ᠪᠠ ᠤᠰᠤ ᠬᠠᠩᠭᠠᠬᠤ᠂ ᠡᠷᠡᠭᠦᠯ | ᠬᠠᠮᠠᠭᠠᠯᠠᠯ᠂ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ︔ ᠵᠠᠰᠠᠭ ᠵᠠᠬᠢᠷᠭᠠᠨ ᠤ | ᠣᠷᠣᠨ ᠢ ᠠᠯᠤᠰᠯᠠᠭᠰᠠᠨ ᠪᠠᠶᠢᠪᠠᠯ᠂ ᠪᠠᠰᠠ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠳᠤ ᠮᠡᠳᠡᠭᠳᠡᠬᠦ ᠬᠡᠷᠡᠭᠲᠡᠶ᠃ | ᠳᠠᠯᠠᠳᠤᠭᠠᠷ ᠵᠦᠢᠯ ᠲᠠᠩ ᠭᠠᠭᠴᠠ ᠤᠰᠤᠨ ᠰᠤᠷᠪᠤᠯᠵᠢ ᠪᠠᠷ ᠤᠰᠤ ᠬᠠᠩᠭᠠᠬᠤ ᠬᠤᠳᠠ ᠶᠢᠨ ᠠᠷᠠᠳ ᠤᠨ | ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠪᠤᠶᠤ ᠪᠡᠯᠡᠳᠬᠡᠯ ᠤᠰᠤᠨ ᠰᠤᠷᠪᠤᠯᠵᠢ ᠶᠢ | ᠪᠠᠶᠢᠭᠤᠯᠬᠤ ᠬᠡᠷᠡᠭᠲᠡᠶ᠂ ᠨᠥᠬᠦᠴᠡᠯ ᠲᠠᠢ ᠭᠠᠵᠠᠷ ᠣᠷᠣᠨ ᠳᠤ ᠣᠷᠣᠨ ᠪᠦᠰᠡ ᠶᠢᠨ ᠲᠣᠣᠷ ᠬᠤᠯᠪᠣᠨ ᠤᠰᠤ | ᠬᠠᠩᠭᠠᠬᠤ ᠶᠢ ᠥᠷᠨᠢᠭᠦᠯᠵᠦ ᠪᠣᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠬᠥᠳᠡᠭᠡ ᠲᠣᠰᠬᠤᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠵᠦᠢ ᠵᠣᠬᠢᠰᠲᠠᠶ ᠪᠠᠷ ᠲᠣᠬᠢᠷᠠᠭᠤᠯᠤᠨ | ᠪᠠᠶᠢᠷᠢᠯᠠᠭᠤᠯᠬᠤ ᠬᠡᠷᠡᠭᠲᠡᠶ᠂ ᠨᠥᠬᠦᠴᠡᠯ ᠲᠠᠢ ᠭᠠᠵᠠᠷ ᠣᠷᠣᠨ ᠨᠤᠭᠤᠳ ᠬᠤᠲᠠ ᠪᠠᠯᠭᠠᠰᠤᠨ ᠤ ᠤᠰᠤ ᠬᠠᠩᠭᠠᠬᠤ | ᠬᠤᠭᠤᠯᠠᠶ ᠶᠢᠨ ᠲᠣᠣᠷ ᠢ ᠤᠷᠲᠤᠳᠬᠠᠬᠤ ᠪᠤᠶᠤ ᠭᠠᠴᠠᠭ᠎ᠠ ᠠᠯᠤᠰᠯᠠᠭᠰᠠᠨ᠂ ᠰᠢᠶᠠᠩ ᠪᠠᠯᠭᠠᠰᠤ ᠠᠯᠤᠰᠯᠠᠨ ᠬᠡᠰᠡᠭ | ᠬᠡᠰᠡᠭ ᠢᠶᠠᠷ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ | ᠬᠡᠪᠴᠢᠶᠡᠵᠢᠭᠦᠯᠦᠨ ᠲᠥᠪᠯᠡᠷᠡᠭᠦᠯᠦᠨ ᠤᠰᠤ ᠬᠠᠩᠭᠠᠬᠤ ᠶᠢ ᠬᠥᠭᠵᠢᠭᠦᠯᠵᠦ ᠪᠣᠯᠤᠨ᠎ᠠ᠃ | ᠳᠠᠯᠠᠨ ᠨᠢᠭᠡᠳᠦᠭᠡᠷ ᠵᠦᠢᠯ ᠤᠤᠭᠤᠬᠤ ᠤᠰᠤ ᠬᠠᠩᠭᠠᠬᠤ ᠨᠢᠭᠡᠴᠢ ᠤᠰᠤ ᠠᠪᠬᠤ ᠠᠮᠠ ᠪᠠ ᠤᠰᠤ | ᠭᠠᠷᠭᠠᠬᠤ ᠠᠮᠠ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠰᠤ | ᠠᠪᠬᠤ ᠠᠮᠠ ᠶᠢᠨ ᠤᠰᠤᠨ ᠤ ᠴᠢᠨᠠᠷ ᠨᠢ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ | ᠪᠠᠷᠢᠮᠵᠢᠶ᠎ᠠ ᠳᠤ ᠨᠡᠶᠢᠴᠡᠬᠦ ᠦᠭᠡᠢ ᠪᠤᠶᠤ ᠤᠰᠤ ᠭᠠᠷᠭᠠᠬᠤ ᠠᠮᠠ ᠶᠢᠨ ᠤᠰᠤᠨ ᠤ ᠴᠢᠨᠠᠷ ᠨᠢ ᠤᠤᠭᠤᠬᠤ ᠤᠰᠤᠨ ᠤ | ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ | ᠵᠤᠬᠢᠰᠳᠠᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠬᠤᠲᠠ᠂ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠤᠰᠤ ᠬᠠᠩᠭᠠᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ | ᠬᠡᠷᠡᠭᠲᠡᠶ᠃ ᠤᠰᠤ ᠬᠠᠩᠭᠠᠬᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ | ᠳᠠᠷᠠᠭ᠎ᠠ ᠣᠷᠴᠢᠨ ᠲᠤᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ | ᠵᠡᠷᠭᠡ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ᠃ | ᠤᠤᠭᠤᠬᠤ ᠤᠰᠤ ᠬᠠᠩᠭᠠᠬᠤ ᠨᠢᠭᠡᠴᠢ ᠨᠢ ᠬᠠᠩᠭᠠᠬᠤ ᠤᠰᠤᠨ ᠤ ᠴᠢᠨᠠᠷ ᠲᠤ ᠬᠠᠷᠢᠭᠤᠴᠠᠵᠤ᠂ ᠤᠰᠤ | ᠬᠠᠩᠭᠠᠬᠤ ᠲᠥᠬᠦᠭᠡᠷᠦᠮᠵᠢ ᠶᠢᠨ ᠠᠶᠤᠯᠭᠦᠶ ᠪᠥᠭᠡᠳ ᠨᠠᠶᠢᠳᠠᠪᠤᠷᠢᠲᠠᠶ ᠠᠵᠢᠯᠯᠠᠬᠤ ᠶᠢ ᠦᠨᠡᠨ ᠬᠦ ᠪᠠᠲᠤᠯᠠᠵᠤ᠂ | ᠬᠠᠩᠭᠠᠬᠤ ᠤᠰᠤᠨ ᠤ ᠴᠢᠨᠠᠷ ᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ | ᠬᠡᠷᠡᠭᠲᠡᠶ᠃ | ᠲᠠᠯᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠤᠭᠤᠬᠤ ᠤᠰᠤᠨ ᠤ ᠡᠬᠢ ᠰᠤᠷᠪᠤᠯᠵᠢ᠂ ᠤᠰᠤ ᠬᠠᠩᠭᠠᠬᠤ | ᠨᠢᠭᠡᠴᠢ ᠶᠢᠨ ᠤᠰᠤ ᠬᠠᠩᠭᠠᠬᠤ ᠪᠠ ᠬᠡᠷᠡᠭᠯᠡᠭᠴᠢ ᠶᠢᠨ ᠤᠰᠤᠨ ᠭᠤᠭᠤᠵᠢᠭᠤᠷ ᠠᠴᠠ ᠭᠠᠷᠬᠤ ᠤᠰᠤᠨ ᠤ ᠴᠢᠨᠠᠷ | ᠵᠡᠷᠭᠡ ᠤᠤᠭᠤᠬᠤ ᠤᠰᠤᠨ ᠤ ᠠᠶᠤᠯᠭᠦᠶ ᠶᠢᠨ ᠪᠠᠶᠢᠳᠠᠯ ᠢ ᠬᠢᠨᠠᠨ ᠬᠡᠮᠵᠢᠵᠦ᠂ ᠦᠨᠡᠯᠡᠨ ᠵᠢᠱᠢᠬᠦ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠤᠭᠤᠬᠤ ᠤᠰᠤᠨ ᠤ ᠠᠶᠤᠯᠭᠦᠶ ᠶᠢᠨ ᠪᠠᠶᠢᠳᠠᠯ ᠤᠨ ᠮᠡᠳᠡᠭᠡ | ᠵᠠᠩᠭᠢ ᠶᠢ ᠨᠠᠭᠠᠳᠤ ᠵᠠᠬ᠎ᠠ ᠳᠠᠭᠠᠨ ᠤᠯᠠᠷᠢᠯ ᠪᠦᠷᠢ ᠳᠤ ᠨᠢᠭᠡ ᠤᠳᠠᠭ᠎ᠠ ᠨᠡᠶᠢᠭᠡᠮ ᠳᠤ ᠢᠯᠡ ᠨᠡᠶᠢᠳᠡᠯᠡᠬᠦ ᠬᠡᠷᠡᠭᠲᠡᠢ᠃ | ᠲᠡᠯᠡᠠ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠰᠦᠠ ᠤ ᠣᠷᠴᠢᠨ ᠲᠣᠭᠤᠷᠢᠨ ᠢ | ᠬᠠᠮᠠᠭᠠᠯᠠᠬᠤ ᠬᠡᠷᠡᠭᠴᠡᠭᠡ ᠪᠠᠨ ᠦᠨᠳᠦᠰᠦᠯᠡᠨ᠂ ᠤᠤᠭᠤᠬᠤ ᠤᠰᠦᠠ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠳᠤ ᠹᠣᠰᠹᠣᠷ ᠠᠭᠤᠯᠤᠭᠰᠠᠨ ᠤᠬᠢᠶᠠᠭᠴᠢ ᠡᠳ᠋᠂ ᠬᠢᠮᠢ ᠶᠢᠨ ᠪᠤᠷᠳᠦᠭᠤᠷ᠂ ᠲᠠᠷᠢᠶᠠᠨ ᠡᠮ ᠬᠡᠷᠡᠭᠯᠡᠬᠦ ᠶᠢ | ᠴᠠᠭᠠᠵᠠᠯᠠᠬᠤ ᠪᠤᠶᠤ ᠬᠢᠵᠠᠭᠠᠷᠯᠠᠬᠤ ᠵᠢᠴᠢ ᠲᠡᠷᠢᠵᠦ ᠲᠡᠵᠢᠭᠡᠨ ᠦᠷᠡᠵᠢᠭᠦᠯᠬᠦ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ | ᠠᠪᠬᠤ ᠪᠠᠷ ᠲᠣᠭᠲᠠᠭᠠᠵᠤ ᠪᠣᠯᠤᠨ᠎ᠠ᠃ | ᠲᠡᠯᠡᠠ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠠᠯᠳᠠᠷᠲᠤ ᠦᠵᠡᠮᠵᠢ ᠶᠢᠨ ᠣᠷᠣᠨ ᠤ ᠤᠰᠦᠠ ᠴᠣᠭᠴᠠ᠂ ᠴᠢᠬᠤᠯᠠ ᠵᠢᠭᠠᠰᠤᠨ ᠠᠵᠤ | ᠠᠬᠤᠶ ᠶᠢᠨ ᠤᠰᠦᠠ ᠴᠣᠭᠴᠠ ᠪᠣᠯᠤᠨ ᠠᠵᠤ ᠠᠬᠤᠶ ᠰᠣᠶᠣᠯ ᠤᠨ ᠣᠨᠴᠠᠭᠠᠶ ᠦᠨ᠎ᠡ ᠤᠢᠷᠳᠡᠭ ᠲᠠᠢ ᠪᠤᠰᠤᠳ | ᠤᠰᠦᠠ ᠴᠣᠭᠴᠠ ᠳᠤ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ ᠪᠣᠯᠬᠤ ᠪᠥᠭᠡᠳ ᠠᠷᠭ᠎ᠠ ᠬᠡᠮᠵᠢᠶ᠎ᠡ | ᠠᠪᠴᠤ ᠪᠠᠶᠢᠭᠠᠳ ᠬᠠᠮᠠᠭᠠᠯᠠᠯᠲᠠ ᠶᠢᠨ ᠣᠷᠣᠨ ᠤ ᠤᠰᠦᠠ ᠤ ᠴᠢᠨᠠᠷ ᠢ ᠲᠣᠭᠲᠠᠭᠰᠠᠨ ᠬᠡᠷᠡᠭᠴᠡᠭᠡᠨ ᠤ ᠤᠰᠦᠠ ᠤ | ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃ | ᠲᠠᠯᠠᠨ ᠲᠠᠪᠤᠳᠤᠭᠠᠷ ᠵᠦᠢᠯ ᠠᠯᠳᠠᠷᠳᠤ ᠦᠵᠡᠮᠵᠢ ᠶᠢᠨ ᠣᠷᠣᠨ ᠤ ᠤᠰᠤᠨ ᠴᠣᠭᠴᠠ᠂ ᠴᠢᠬᠤᠯᠠ ᠵᠢᠭᠠᠰᠤᠨ | ᠠᠵᠤ ᠠᠬᠤᠢ ᠶᠢᠨ ᠤᠰᠤᠨ ᠴᠣᠭᠴᠠ ᠪᠣᠯᠤᠨ ᠪᠤᠰᠤᠳ ᠣᠨᠴᠠᠭᠠᠢ ᠠᠵᠤ ᠠᠬᠤᠢ ᠰᠣᠶᠣᠯ ᠤᠨ ᠦᠨ᠎ᠡ | ᠦᠷᠳᠡᠭ ᠲᠠᠢ ᠤᠰᠤᠨ ᠴᠣᠭᠴᠠ ᠶᠢᠨ ᠬᠠᠮᠠᠭᠠᠯᠠᠯᠲᠠ ᠶᠢᠨ ᠣᠷᠣᠨ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠰᠢᠨ᠎ᠡ ᠪᠠᠷ ᠪᠠᠶᠢᠭᠤᠯᠵᠤ ᠪᠣᠯᠬᠤ ᠦᠭᠡᠢ᠃ ᠬᠠᠮᠠᠭᠠᠯᠠᠯᠲᠠ ᠶᠢᠨ ᠣᠷᠣᠨ ᠤ ᠣᠶᠢᠷᠠᠯᠴᠠᠭ᠎ᠠ ᠪᠣᠬᠢᠷᠲᠤᠯ | ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠬᠤ ᠳᠠᠭᠠᠨ ᠬᠠᠮᠠᠭᠠᠯᠠᠯᠲᠠ ᠶᠢᠨ ᠣᠷᠣᠨ ᠤ ᠤᠰᠤᠨ ᠴᠣᠭᠴᠠ ᠶᠢᠨ | ᠪᠣᠬᠢᠷᠲᠤᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ | ᠵᠢᠷᠭᠤᠳᠤᠭᠠᠷ ᠪᠦᠯᠦᠭ ᠤᠰᠤᠨ ᠤ ᠪᠣᠬᠢᠷᠲᠤᠯ ᠤᠨ ᠡ᠊ᠨᠳᠡᠯ ᠢ ᠰᠢᠢᠳᠪᠤᠷᠢᠯᠡᠬᠦ | ᠲᠠᠯᠠᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠰᠤᠨ ᠤ ᠪᠣᠬᠢᠷᠲᠤᠯ ᠤᠨ ᠡ᠊ᠨᠳᠡᠯ ᠭᠠᠷᠴᠤ ᠮᠡᠳᠡᠬᠦ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ | ᠬᠡᠷᠡᠭ ᠢ ᠠᠷᠭᠠᠴᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠤᠰᠤᠨ ᠤ ᠪᠣᠬᠢᠷᠲᠤᠯ ᠤᠨ ᠭᠡᠨᠡᠳᠲᠡ ᠶᠢᠨ | ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠪᠠ | ᠬᠡᠷᠡᠭ ᠤᠨ ᠲᠠᠷᠠᠭ᠎ᠠ ᠰᠡᠷᠭᠦᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠲᠠᠯᠠᠨ ᠳᠣᠯᠣᠳᠤᠭᠠᠷ ᠵᠦᠢᠯ ᠤᠰᠤᠨ ᠤ ᠪᠣᠬᠢᠷᠲᠤᠯ ᠤᠨ ᠡ᠊ᠨᠳᠡᠯ ᠭᠠᠷᠴᠤ ᠮᠡᠳᠡᠬᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠨᠦᠭᠦᠳ ᠤᠰᠤᠨ ᠤ ᠪᠣᠬᠢᠷᠲᠤᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ ᠲᠣᠭᠲᠠᠮᠠᠯ | ᠬᠤᠭᠤᠴᠠᠭ᠎ᠠ ᠲᠠᠢ ᠪᠠᠷ ᠰᠣᠷᠢᠯᠲᠠ ᠬᠢᠬᠦ ᠬᠡᠷᠡᠭᠲᠡᠶ᠃ | ᠠᠶᠤᠯᠲᠠᠶ ᠬᠢᠮᠢ ᠶᠢᠨ ᠪᠤᠳᠠᠰ ᠢ ᠦᠢᠯᠡᠳᠪᠦᠷᠢᠯᠡᠬᠦ᠂ ᠬᠠᠳᠠᠭᠠᠯᠠᠬᠤ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠠᠷᠭ᠎ᠠ ᠬᠡᠮᠵᠢᠶ᠎ᠡ ᠠᠪᠴᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠰᠢᠢᠳᠪᠤᠷᠢᠯᠡᠬᠦ | ᠶᠠᠪᠤᠴᠠ ᠳᠤ ᠡᠭᠦᠰᠦᠭᠰᠡᠨ ᠤᠰᠤᠨ ᠴᠣᠭᠴᠠ ᠶᠢ ᠬᠦᠨᠳᠦ ᠨᠣᠴᠢᠲᠠᠶ ᠪᠣᠬᠢᠷᠲᠤᠭᠤᠯᠵᠤ ᠮᠡᠳᠡᠬᠦ ᠭᠠᠯ ᠰᠡᠷᠭᠡᠶᠢᠯᠡᠨ | ᠤᠨᠲᠠᠷᠠᠭᠠᠬᠤ ᠬᠠᠶᠠᠭᠳᠠᠮᠠᠯ ᠤᠰᠤ᠂ ᠬᠠᠶᠠᠭᠳᠠᠮᠠᠯ ᠰᠢᠩᠭᠡᠨ ᠢ ᠤᠰᠤᠨ ᠴᠣᠭᠴᠠ ᠳᠤ ᠰᠢᠭᠤᠳ | ᠭᠠᠳᠠᠭᠰᠢᠯᠠᠭᠤᠯᠬᠤ ᠶᠢ ᠰᠡᠷᠭᠡᠶᠢᠯᠡᠬᠦ ᠬᠡᠷᠡᠭᠲᠡᠶ᠃ | ᠳᠠᠯᠠᠨ ᠨᠠᠢᠮᠠᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠳᠡᠯ ᠪᠤᠶᠤ ᠪᠤᠰᠤᠳ | ᠭᠡᠨᠡᠳᠲᠡ ᠶᠢᠨ ᠴᠢᠨᠠᠷᠲᠠᠶ ᠬᠡᠷᠡᠭ ᠭᠠᠷᠴᠤ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠤᠶᠤ ᠭᠠᠷᠭᠠᠵᠤ | ᠮᠡᠳᠡᠬᠦ ᠳᠤ ᠬᠦᠷᠪᠡᠯ᠂ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠷᠡ ᠳᠠᠷᠤᠶ ᠳᠤᠨᠢ | ᠡᠬᠢᠯᠡᠭᠦᠯᠵᠦ᠂ ᠲᠤᠰᠠᠭᠠᠷᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠤᠰᠤᠨ ᠤ | ᠪᠤᠬᠢᠷᠳᠤᠯ ᠪᠤᠳᠠᠰ ᠤᠨ ᠤᠰᠤᠨ ᠴᠣᠭᠴᠠ ᠳᠤ ᠣᠷᠣᠬᠤ ᠠᠴᠠ ᠰᠡᠷᠭᠡᠶᠢᠯᠡᠬᠦ ᠶᠢᠨ ᠬᠠᠮᠲᠤ ᠡ᠊ᠨᠳᠡᠯ ᠭᠠᠷᠤᠭᠰᠠᠨ | ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠦᠯᠲᠡ ᠶᠢ | ᠣᠯᠤᠭᠰᠠᠨ ᠤ ᠳᠠᠷᠠᠭ᠎ᠠ᠂ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ | ᠮᠡᠳᠡᠭᠦᠯᠬᠦ ᠬᠡᠷᠡᠭᠲᠡᠶ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃ | ᠵᠢᠭᠠᠰᠤᠨ ᠠᠵᠤ ᠠᠬᠤᠢ ᠶᠢᠨ ᠪᠣᠬᠢᠷᠲᠤᠯ ᠤᠨ ᠡ᠊ᠨᠳᠡᠯ ᠭᠠᠷᠭᠠᠭᠰᠠᠨ ᠪᠤᠶᠤ ᠵᠢᠭᠠᠰᠤᠨ ᠠᠵᠤ ᠠᠬᠤᠢ ᠶᠢᠨ | ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠡ᠊ᠨᠳᠡᠯ ᠭᠠᠷᠤᠭᠰᠠᠨ ᠭᠠᠵᠠᠷ ᠤᠨ | ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠪᠠᠶᠢᠴᠠᠭᠠᠨ | ᠰᠢᠢᠳᠪᠤᠷᠢᠯᠡᠬᠦ ᠶᠢ ᠬᠦᠯᠢᠶᠡᠬᠦ ᠬᠡᠷᠡᠭᠲᠡᠶ᠃ ᠪᠤᠰᠤᠳ ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ | ᠭᠠᠷᠭᠠᠭᠰᠠᠨ ᠪᠠᠶᠢᠪᠠᠯ᠂ ᠡ᠊ᠨᠳᠡᠯ ᠭᠠᠷᠤᠭᠰᠠᠨ ᠭᠠᠵᠠᠷ ᠤᠨ ᠲᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠳᠤ ᠮᠡᠳᠡᠭᠦᠯᠵᠦ᠂ ᠪᠠᠶᠢᠴᠠᠭᠠᠨ ᠰᠢᠢᠳᠪᠤᠷᠢᠯᠡᠬᠦ ᠶᠢ ᠬᠦᠯᠢᠶᠡᠬᠦ ᠬᠡᠷᠡᠭᠲᠡᠶ︔ ᠵᠢᠭᠠᠰᠤᠨ ᠠᠵᠤ | ᠠᠬᠤᠶ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ | ᠪᠠᠶᠢᠴᠠᠭᠠᠨ ᠰᠢᠢᠳᠪᠤᠷᠢᠯᠡᠬᠦ ᠳᠤ ᠣᠷᠣᠯᠴᠠᠭᠤᠯᠬᠤ ᠬᠡᠷᠡᠭᠲᠡᠶ᠃ | ᠳᠠᠯ᠎ᠠ ᠶᠢᠰᠦᠳᠦᠭᠡᠷ ᠵᠦᠢᠯ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠤᠤᠭᠤᠬᠤ ᠤᠰᠤᠨ ᠤ ᠠᠶᠤᠯᠭᠦᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠤᠤᠭᠤᠬᠤ ᠤᠰᠤ ᠬᠠᠩᠭᠠᠬᠤ ᠨᠢᠭᠡᠴᠢ ᠪᠠᠶᠢᠭ᠎ᠠ ᠭᠠᠵᠠᠷ ᠤᠨ ᠢᠶᠠᠨ ᠤᠤᠭᠤᠬᠤ ᠤᠰᠤᠨ ᠤ ᠠᠶᠤᠯᠭᠦᠶ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠨᠳᠦᠰᠦᠯᠡᠨ᠂ ᠵᠣᠬᠢᠴᠠᠩᠭᠤᠶ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠵᠤ᠂ ᠪᠠᠶᠢᠭ᠎ᠠ ᠭᠠᠵᠠᠷ ᠤᠨ ᠢᠶᠠᠨ | ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ | ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠬᠦ ᠬᠡᠷᠡᠭᠲᠡᠶ᠃ | ᠤᠤᠭᠤᠬᠤ ᠤᠰᠤᠨ ᠤ ᠡᠬᠢ ᠰᠤᠷᠪᠤᠯᠵᠢ ᠳᠤ ᠤᠰᠤᠨ ᠤ ᠪᠣᠬᠢᠷᠲᠤᠯ ᠤᠨ ᠡ᠊ᠨᠳᠡᠯ ᠭᠠᠷᠤᠭᠰᠠᠨ ᠪᠤᠶᠤ | ᠤᠤᠭᠤᠬᠤ ᠤᠰᠤᠨ ᠤ ᠠᠶᠤᠯᠭᠦᠶ ᠶᠢ ᠨᠥᠯᠥᠭᠡᠯᠡᠵᠦ ᠮᠡᠳᠡᠬᠦ ᠭᠡᠨᠡᠳᠲᠡ ᠶᠢᠨ ᠴᠢᠨᠠᠷᠲᠠᠶ ᠪᠤᠰᠤᠳ ᠬᠡᠷᠡᠭ ᠭᠠᠷᠤᠭᠰᠠᠨ | ᠪᠠᠶᠢᠪᠠᠯ᠂ ᠤᠤᠭᠤᠬᠤ ᠤᠰᠤ ᠬᠠᠩᠭᠠᠬᠤ ᠨᠢᠭᠡᠴᠢ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠷᠭ᠎ᠠ ᠬᠡᠮᠵᠢᠶ᠎ᠡ | ᠠᠪᠴᠤ᠂ ᠪᠠᠶᠢᠭ᠎ᠠ ᠭᠠᠵᠠᠷ ᠤᠨ ᠢᠶᠠᠨ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ ᠬᠤᠯᠪᠣᠭᠳᠠᠯ ᠪᠦᠬᠦᠢ ᠠᠷᠠᠳ ᠤᠨ | ᠵᠠᠰᠠᠭ ᠤᠨ ᠣᠷᠳᠣᠨ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ | ᠲᠤᠬᠠᠶ ᠳᠤᠨᠢ ᠡᠬᠢᠯᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠬᠠᠩᠭᠠᠬᠤ ᠠᠮᠤᠷ | ᠲᠦᠪᠰᠢᠨ ᠢ ᠪᠠᠲᠤᠯᠠᠬᠤ ᠬᠡᠷᠡᠭᠲᠡᠶ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠶᠠᠳᠤᠭᠠᠷ ᠵᠦᠢᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠨ ᠬᠠᠮᠢᠶᠠᠷᠬᠤ ᠡᠷᠬᠡ ᠲᠠᠢ ᠪᠤᠰᠤᠳ ᠰᠠᠯᠠᠭ᠎ᠠ ᠮᠥᠴᠢᠷ ᠬᠠᠤᠯᠢ | ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠭᠠᠷᠭᠠᠭᠰᠠᠨ ᠦᠭᠡᠢ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ | ᠭᠦᠢᠴᠡᠳᠬᠡᠭᠰᠡᠨ ᠦᠭᠡᠢ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠤᠶᠤ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠶᠢᠴᠠᠭᠠᠨ | ᠰᠢᠢᠳᠪᠤᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠶᠢᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ | ᠥᠭᠭᠦᠨ᠎ᠡ᠃ | ᠨᠠᠶᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠢ ᠤᠳᠠᠭᠠᠰᠢᠷᠠᠭᠤᠯᠬᠤ᠂ ᠪᠦᠰᠡᠯᠡᠨ ᠬᠠᠰᠢᠬᠤ᠂ | ᠰᠠᠭᠠᠳᠠᠭᠠᠬᠤ ᠵᠡᠷᠭᠡ ᠠᠷᠭ᠎ᠠ ᠮᠠᠶ᠋ᠢᠭ ᠢᠶᠠᠷ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠡᠷᠬᠡ ᠶᠢ | ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠲᠡᠪᠴᠢᠬᠦ ᠪᠤᠶᠤ ᠬᠠᠷᠰᠢᠯᠠᠭᠰᠠᠨ᠂ | ᠡᠰᠡᠬᠦᠯ᠎ᠡ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠳᠡᠭᠡᠨ ᠬᠤᠳᠠᠯ ᠬᠡᠯᠡᠵᠦ ᠬᠠᠭᠤᠷᠮᠠᠭᠯᠠᠭᠰᠠᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠯᠲᠠ | ᠬᠠᠮᠢᠶᠠᠷᠤᠯᠲᠠ ᠶᠢᠨ ᠡᠷᠬᠡ ᠶᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠬᠤᠶᠠᠷ | ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ᠃ | ᠨᠠᠶᠠᠨ ᠬᠤᠶᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ | ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠭᠦᠯᠦᠨ ᠵᠠᠰᠠᠭᠤᠯᠤᠨ᠎ᠠ᠄ | ︵ᠨᠢᠭᠡ︶ ᠭᠠᠳᠠᠭᠰᠢᠯᠠᠭᠤᠯᠤᠭᠰᠠᠨ ᠤᠰᠤᠨ ᠤ ᠪᠤᠬᠢᠷᠳᠤᠯ ᠪᠤᠳᠠᠰ ᠢᠶᠠᠨ ᠲᠣᠭᠲᠠᠭᠠᠯ ᠶᠣᠰᠣᠭᠠᠷ ᠥᠪᠡᠰᠦᠪᠡᠨ | ᠬᠢᠨᠠᠨ ᠬᠡᠮᠵᠢᠭᠰᠡᠨ ᠦᠭᠡᠢ᠂ ᠡᠰᠡᠬᠦᠯ᠎ᠡ ᠬᠢᠨᠠᠨ ᠬᠡᠮᠵᠢᠭᠰᠡᠨ ᠠᠩᠬᠠᠨ ᠤ ᠲᠡᠮᠳᠡᠭᠯᠡᠯ ᠢᠶᠠᠨ ᠬᠠᠳᠠᠭᠠᠯᠠᠭᠰᠠᠨ ᠦᠭᠡᠢ︔ | ︵ᠬᠤᠶᠠᠷ︶ ᠲᠣᠭᠲᠠᠭᠠᠯ ᠶᠣᠰᠣᠭᠠᠷ ᠤᠰᠤᠨ ᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠶᠢ ᠬᠢᠨᠠᠨ | ᠬᠡᠮᠵᠢᠬᠦ ᠠᠦ᠋ᠲ᠋ᠣ᠋ ᠲᠥᠬᠦᠭᠡᠷᠦᠮᠵᠢ ᠶᠢ ᠤᠭᠰᠠᠷᠠᠭᠰᠠᠨ ᠦᠭᠡᠢ᠂ ᠲᠣᠭᠲᠠᠭᠠᠯ ᠶᠣᠰᠣᠭᠠᠷ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠲᠠᠢ | ᠰᠦᠯᠵᠢᠶᠡᠵᠢᠭᠦᠯᠦᠭᠰᠡᠨ ᠦᠭᠡᠢ᠂ ᠡᠰᠡᠬᠦᠯ᠎ᠡ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ | ᠪᠠᠲᠤᠯᠠᠭᠰᠠᠨ ᠦᠭᠡᠢ︔ | ︵ᠭᠤᠷᠪᠠ︶ ᠲᠣᠭᠲᠠᠭᠠᠯ ᠶᠣᠰᠣᠭᠠᠷ ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠪᠣᠬᠢᠷᠲᠤᠯ | ᠭᠠᠳᠠᠭᠰᠢᠯᠠᠭᠤᠯᠬᠤ ᠠᠮᠠ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠢᠨᠠᠨ ᠬᠡᠮᠵᠢᠭᠰᠡᠨ ᠦᠭᠡᠢ᠂ ᠡᠰᠡᠬᠦᠯ᠎ᠡ | ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠦᠭᠡᠢ᠃ | ᠨᠠᠶᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠵᠠᠯᠠᠷᠠᠭᠤᠯᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠬᠢᠵᠠᠭᠠᠷᠯᠠᠵᠤ᠂ | ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠤᠢᠢᠯᠠ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠄ | ︵ᠨᠢᠭᠡ︶ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ | ᠣᠯᠤᠭᠰᠠᠨ ᠦᠭᠡᠢ ᠪᠠᠷ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ︔ | ︵ᠬᠤᠶᠠᠷ︶ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠠᠴᠠ ᠬᠡᠲᠦᠷᠡᠭᠦᠯᠦᠭᠰᠡᠨ ᠪᠤᠶᠤ | ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠬᠡᠯ ᠲᠤᠭ᠎ᠠ ᠠᠴᠠ ᠬᠡᠲᠦᠷᠡᠭᠦᠯᠦᠨ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ︔ | ︵ᠭᠤᠷᠪᠠ︶ ᠨᠡᠪᠴᠢᠯᠲᠡ ᠶᠢᠨ ᠬᠤᠳᠳᠤᠭ᠂ ᠨᠡᠪᠴᠢᠯᠲᠡ ᠶᠢᠨ ᠨᠦᠬᠡ᠂ ᠠᠩ ᠵᠠᠪᠰᠠᠷ᠂ ᠠᠭᠤᠰᠤᠭᠳᠠᠮᠠᠯ | ᠠᠭᠤᠢ ᠶᠢ ᠠᠰᠢᠭᠯᠠᠨ ᠳᠤᠷ᠎ᠠ ᠪᠠᠷ ᠢᠶᠠᠨ ᠳᠠᠯᠳᠠ ᠬᠤᠭᠤᠯᠠᠢ ᠲᠠᠯᠪᠢᠬᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ | ᠥᠭᠡᠷᠡᠲᠦᠭᠦᠯᠬᠦ᠂ ᠬᠠᠭᠤᠷᠮᠠᠭᠯᠠᠨ ᠵᠣᠬᠢᠶᠠᠬᠤ᠂ ᠡᠰᠡᠬᠦᠯ᠎ᠡ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠠᠴᠠ ᠵᠠᠶᠢᠯᠠᠬᠤ ᠠᠷᠭ᠎ᠠ | ᠮᠠᠶ᠋ᠢᠭ ᠢᠶᠠᠷ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ︔ | ︵ᠲᠦᠷᠪᠡ︶ ᠲᠣᠭᠲᠠᠭᠠᠯ ᠶᠣᠰᠣᠭᠠᠷ ᠤᠷᠢᠳᠴᠢᠯᠠᠨ ᠰᠢᠢᠳᠪᠤᠷᠢᠯᠡᠭᠰᠡᠨ ᠦᠭᠡᠢ ᠪᠠᠷ ᠪᠣᠬᠢᠷ ᠤᠰᠤ ᠶᠢ | ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠳᠤ ᠰᠢᠢᠳᠪᠤᠷᠢᠯᠡᠬᠦ ᠤᠷᠠᠯᠠᠯ ᠤᠨ ᠱᠠᠭᠠᠷᠳᠠᠯᠭ᠎ᠠ ᠳᠤ ᠦᠯᠦ | ᠨᠡᠶᠢᠴᠡᠬᠦ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠤᠭᠰᠠᠨ᠃ | ᠨᠠᠶᠠᠨ ᠳᠥᠷᠪᠡᠳᠦᠭᠡᠷ ᠵᠦᠢᠯ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ | ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠨᠤᠷᠠᠭᠠᠯᠭᠠᠵᠤ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠨᠤᠷᠠᠭᠠᠨ ᠠᠷᠢᠯᠭᠠᠭᠰᠠᠨ ᠤᠢᠭᠡᠢ ᠪᠠᠶᠢᠪᠠᠯ᠂ | ᠠᠯᠪᠡᠳᠡᠠ ᠨᠤᠷᠠᠭᠠᠨ ᠠᠷᠢᠯᠭᠠᠭᠤᠯᠵᠤ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠢᠶᠠᠷ ᠡᠭᠦᠷᠭᠡᠯᠡᠭᠦᠯᠵᠦ᠂ | ᠲᠡᠪᠢᠠ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠭᠡᠬᠦ ᠪᠥᠭᠡᠳ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ | ᠪᠣᠯᠤᠨ᠎ᠠ᠃ | ᠡᠮᠦᠨᠡᠬᠢ ᠪᠠᠳᠠᠭ ᠤᠨ ᠲᠣᠭᠲᠠᠭᠠᠯ ᠠᠴᠠ ᠭᠠᠳᠠᠨ᠎ᠠ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠢ ᠵᠥᠷᠢᠴᠡᠵᠦ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ | ᠭᠠᠷᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ | ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ | ᠬᠡᠲᠦᠷᠡᠲᠡᠯ᠎ᠡ ᠨᠤᠷᠠᠭᠠᠨ ᠠᠷᠢᠯᠭᠠᠭᠰᠠᠨ ᠤᠢᠭᠡᠢ ᠪᠠᠶᠢᠪᠠᠯ᠂ ᠠᠯᠪᠡᠳᠡᠠ ᠨᠤᠷᠠᠭᠠᠨ ᠠᠷᠢᠯᠭᠠᠭᠤᠯᠵᠤ᠂ ᠬᠡᠷᠡᠭᠰᠡᠬᠦ | ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠢᠶᠠᠷ ᠡᠭᠦᠷᠭᠡᠯᠡᠭᠦᠯᠵᠦ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ | ᠲᠡᠪᠢᠠ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ | ᠪᠣᠯᠤᠨ᠎ᠠ᠃ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠭᠤᠣᠯ ᠮᠥᠷᠡᠨ᠂ ᠨᠠᠭᠤᠷ | ᠴᠦᠬᠦᠷᠦᠮ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ | ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ᠂ ᠡᠮᠦᠨᠡᠬᠢ | ᠪᠠᠳᠠᠭ ᠤᠨ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ ᠰᠢᠢᠳᠭᠡᠯ ᠥᠭᠭᠦᠨ᠎ᠡ᠃ | ᠨᠠᠶᠠᠨ ᠲᠠᠪᠤᠳᠤᠭᠠᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ | ᠪᠣᠬᠢᠷᠲᠤᠯ ᠢ ᠠᠷᠢᠯᠭᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠰᠠᠬᠤ | ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ | ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠄ | ︵ᠨᠢᠭᠡ︶ ᠤᠰᠤᠨ ᠴᠣᠭᠴᠠ ᠳᠤ ᠲᠣᠰᠣᠯᠢᠭ ᠵᠦᠢᠯ᠂ ᠬᠦᠴᠢᠯᠯᠢᠭ ᠰᠢᠩᠭᠡᠨ᠂ ᠱᠦᠯᠲᠦᠯᠢᠭ ᠰᠢᠩᠭᠡᠨ ᠢ | ᠭᠠᠳᠠᠭᠰᠢᠯᠠᠭᠤᠯᠤᠭᠰᠠᠨ︔ | ︵ᠬᠤᠶᠠᠷ︶ ᠤᠰᠤᠨ ᠴᠣᠭᠴᠠ ᠳᠤ ᠲᠤᠬᠰᠢᠨ ᠬᠤᠣᠷᠲᠠᠢ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠤᠭᠰᠠᠨ᠂ | ᠡᠰᠡᠬᠦᠯ᠎ᠡ ᠮᠥᠩᠭᠦᠨ ᠤᠰᠤ᠂ ᠺᠠᠳ᠋ᠮᠢ᠂ ᠠᠷᠰᠧᠨ᠂ ᠾᠷᠣᠮ᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠰᠢᠷ᠎ᠠ | ᠹᠣᠰᠹᠣᠷ ᠵᠡᠷᠭᠡ ᠶᠢ ᠠᠭᠤᠯᠤᠭᠰᠠᠨ ᠠᠭᠤᠰᠤᠮᠠᠬᠠᠢ ᠴᠢᠨᠠᠷᠲᠠᠶ ᠲᠤᠬᠰᠢᠨ ᠬᠤᠣᠷᠲᠠᠢ ᠬᠠᠶᠠᠭᠳᠠᠮᠠᠯ ᠰᠢᠭᠠᠷᠤ ᠶᠢ ᠤᠰᠤᠨ | ᠴᠣᠭᠴᠠ ᠳᠤ ᠭᠠᠳᠠᠭᠰᠢᠯᠠᠭᠤᠯᠤᠭᠰᠠᠨ᠂ ᠴᠢᠳᠬᠤᠭᠰᠠᠨ ᠪᠤᠶᠤ ᠰᠢᠭᠤᠳ ᠭᠠᠵᠠᠷ ᠳᠣᠣᠷ᠎ᠠ ᠪᠤᠯᠠᠭᠰᠠᠨ︔ | ︵ᠭᠤᠷᠪᠠ︶ ᠤᠰᠦᠠ ᠴᠣᠭᠴᠠ ᠳᠤ ᠲᠤᠰᠦᠠ ᠤ ᠵᠦᠢᠯ᠂ ᠬᠤᠣᠷ ᠲᠠᠢ ᠪᠣᠬᠢᠷᠲᠤᠯ ᠪᠣᠳᠠᠰ ᠢ ᠰᠠᠪᠠᠯᠠᠵᠤ | ᠬᠠᠳᠠᠭᠠᠯᠠᠵᠤ ᠥᠩᠭᠡᠷᠡᠭᠰᠡᠨ ᠲᠡᠷᠭᠡ ᠪᠤᠶᠤ ᠰᠡᠪᠡ ᠬᠡᠷᠡᠭᠰᠡᠯ ᠢ ᠤᠬᠢᠶᠠᠵᠤ ᠴᠡᠪᠡᠷᠯᠡᠭᠰᠡᠨ︔ | ︵ᠲᠦᠷᠪᠡ︶ ᠤᠰᠦᠠ ᠴᠣᠭᠴᠠ ᠳᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ ᠬᠤᠳᠠ | ᠪᠠᠯᠭᠠᠰᠤᠨ ᠤ ᠬᠤᠭ ᠨᠣᠪᠰᠢ ᠪᠤᠶᠤ ᠪᠤᠰᠤᠳ ᠬᠠᠶᠠᠭᠳᠠᠮᠠᠯ ᠪᠣᠳᠠᠰ ᠢ ᠭᠠᠳᠠᠭᠰᠢᠯᠠᠭᠤᠯᠤᠭᠰᠠᠨ᠂ ᠴᠢᠳᠬᠤᠭᠰᠠᠨ᠂ | ᠡᠰᠡᠬᠦᠯ᠎ᠡ ᠭᠤᠣᠯ ᠮᠥᠷᠡᠨ᠂ ᠨᠠᠭᠤᠷ ᠲᠣᠭᠤᠷᠢᠮ᠂ ᠲᠠᠲᠠᠮᠠᠯ ᠭᠤᠣᠯ᠂ ᠤᠰᠦᠠ ᠰᠤᠪᠠᠭ᠂ ᠤᠰᠦᠠ ᠴᠥᠭᠦᠷᠥᠮ ᠤᠨ | ᠬᠠᠮᠤᠭ ᠤᠨ ᠥᠨᠳᠥᠷ ᠤᠰᠦᠠ ᠲᠦᠪᠰᠢᠨ ᠤ ᠱᠤᠭᠤᠮ ᠠᠴᠠ ᠳᠣᠷᠣᠭᠰᠢᠬᠢ ᠲᠡᠩ ᠰᠠᠶᠢᠷ ᠭᠠᠵᠠᠷ᠂ ᠡᠷᠭᠢ ᠶᠢᠨ | ᠪᠡᠯ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠪᠤᠰᠤᠳ ᠪᠣᠬᠢᠷᠲᠤᠯ ᠪᠣᠳᠠᠰ ᠢ ᠣᠪᠣᠭᠠᠯᠠᠨ ᠲᠠᠯᠪᠢᠭᠰᠠᠨ᠂ | ᠬᠠᠳᠠᠭᠠᠯᠠᠭᠰᠠᠨ︔ | ︵ᠲᠠᠪᠤ︶ ᠤᠰᠤᠨ ᠴᠣᠭᠴᠠ ᠳᠤ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ | ᠦᠨᠳᠦᠷ ᠰᠠᠴᠤᠷᠠᠭ ᠴᠢᠨᠠᠷᠲᠠᠶ ᠪᠠ ᠳᠤᠮᠳᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠶᠢ | ᠭᠠᠳᠠᠭᠰᠢᠯᠠᠭᠤᠯᠤᠭᠰᠠᠨ᠂ ᠴᠢᠳᠬᠤᠭᠰᠠᠨ︔ | ︵ᠵᠢᠷᠭᠤᠭ᠎ᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠤᠶᠤ ᠪᠠᠷᠢᠮᠵᠢᠶ᠎ᠠ ᠠᠴᠠ ᠵᠥᠷᠢᠴᠡᠵᠦ᠂ | ᠤᠰᠤᠨ ᠴᠣᠭᠴᠠ ᠳᠤ ᠳᠣᠣᠷ᠎ᠠ ᠰᠠᠴᠤᠷᠠᠭ ᠢᠳᠡᠪᠬᠢ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠬᠠᠯᠠᠭᠤᠨ | ᠬᠠᠶᠠᠭᠳᠠᠮᠠᠯ ᠤᠰᠤ ᠪᠤᠶᠤ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠶᠢ ᠭᠠᠳᠠᠭᠰᠢᠯᠠᠭᠤᠯᠤᠭᠰᠠᠨ︔ | ︵ᠲᠤᠯᠤᠭ᠎ᠠ︶ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠥᠭᠡᠢ᠂ | ᠡᠰᠡᠬᠦᠯ᠎ᠡ ᠭᠠᠵᠠᠷ ᠳᠣᠣᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠬᠤᠳᠳᠤᠭ ᠪᠠᠶᠢᠭᠤᠯᠵᠤ ᠬᠢᠨᠠᠨ ᠬᠡᠮᠵᠢᠭᠰᠡᠨ | ᠥᠭᠡᠢ ︔ | ︵ᠨᠠᠢᠮᠠ︶ ᠲᠤᠰᠤ ᠨᠡᠮᠡᠬᠦ ᠦᠷᠳᠡᠭᠡ ᠵᠡᠷᠭᠡ ᠶᠢᠨ ᠭᠠᠵᠠᠷ ᠳᠣᠣᠷᠠᠬᠢ ᠲᠤᠰᠤᠨ ᠰᠠᠪᠠ ᠳᠤ ᠳᠠᠪᠬᠤᠷ ᠪᠤᠳᠤᠩ | ᠬᠡᠷᠡᠭᠯᠡᠭᠰᠡᠨ ᠦᠭᠡᠢ ᠪᠤᠶᠤ ᠨᠡᠪᠴᠢᠯᠲᠡ ᠶᠢ ᠰᠡᠷᠭᠡᠶᠢᠯᠡᠬᠦ ᠲᠠᠲᠠᠭᠠᠯ ᠪᠠᠶᠢᠭᠤᠯᠬᠤ ᠵᠡᠷᠭᠡ ᠪᠤᠰᠤᠳ ᠪᠦᠲᠦᠮᠵᠢᠲᠡᠶ ᠠᠷᠭ᠎ᠠ | ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠨᠡᠪᠴᠢᠯᠲᠡ ᠶᠢ ᠰᠡᠷᠭᠡᠶᠢᠯᠡᠬᠦ ᠬᠢᠨᠠᠨ ᠬᠡᠮᠵᠢᠯᠲᠡ ᠬᠢᠭᠰᠡᠨ ᠦᠭᠡᠢ︔ | ︵ᠶᠢᠰᠦ︶ ᠲᠣᠭᠲᠠᠭᠠᠯ ᠶᠣᠰᠣᠭᠠᠷ ᠰᠡᠷᠭᠡᠶᠢᠯᠡᠨ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠦᠭᠡᠢ᠂ | ᠡᠰᠡᠬᠦᠯ᠎ᠡ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ᠂ ᠨᠦᠬᠡᠨ | ᠲᠠᠩ ᠵᠡᠷᠭᠡ ᠳᠤ ᠬᠤᠣᠷᠲᠤ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ | ᠠᠭᠤᠯᠤᠭᠰᠠᠨ ᠪᠣᠬᠢᠷ ᠤᠰᠤ ᠪᠤᠶᠤ ᠪᠤᠰᠤᠳ ᠬᠠᠶᠠᠭᠳᠠᠮᠠᠯ ᠪᠣᠳᠠᠰ ᠢ ᠵᠥᠭᠡᠭᠡᠪᠦᠷᠢᠯᠡᠭᠰᠡᠨ ᠪᠤᠶᠤ ᠬᠠᠳᠠᠭᠠᠯᠠᠭᠰᠠᠨ᠃ | ᠡᠮᠦᠨᠡᠬᠢ ᠪᠠᠳᠠᠭ ᠤᠨ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠵᠢᠷᠭᠤᠳᠤᠭᠠᠷ ᠵᠤᠷᠪᠤᠰ᠂ | ᠳᠣᠯᠣᠳᠤᠭᠠᠷ ᠵᠤᠷᠪᠤᠰ᠂ ᠨᠠᠢᠮᠠᠳᠤᠭᠠᠷ ᠵᠤᠷᠪᠤᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠶᠠᠷ | ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ᠃ ᠡᠮᠦᠨᠡᠬᠢ ᠪᠠᠳᠠᠭ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠲᠠᠪᠤᠳᠤᠭᠠᠷ ᠵᠤᠷᠪᠤᠰ᠂ | ᠶᠢᠰᠦᠳᠦᠭᠡᠷ ᠵᠤᠷᠪᠤᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ | ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ | ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠵᠥᠪᠰᠢᠶᠡᠷᠡᠭᠦᠯᠦᠭᠡᠳ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ | ᠬᠠᠭᠠᠯᠭᠠᠨ᠎ᠠ᠃ | ᠨᠠᠶᠠᠨ ᠵᠢᠷᠭᠤᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠢᠯᠡᠳᠪᠦᠷᠢᠯᠡᠬᠦ᠂ | ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ᠂ ᠬᠡᠷᠡᠭᠯᠡᠬᠦ ᠶᠢ ᠴᠠᠭᠠᠵᠠᠯᠠᠭᠰᠠᠨ ᠤᠰᠤᠨ ᠤ ᠣᠷᠴᠢᠨ ᠲᠣᠭᠤᠷᠢᠨ ᠢ | ᠬᠦᠨᠳᠦ ᠨᠣᠴᠢᠲᠠᠶ ᠪᠣᠬᠢᠷᠲᠤᠭᠤᠯᠬᠤ ᠲᠣᠨᠤᠭ ᠲᠥᠬᠦᠭᠡᠷᠦᠮᠵᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ | ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠬᠡᠷᠡᠭᠯᠡᠬᠦ᠂ | ᠡᠰᠡᠬᠦᠯ᠎ᠡ ᠬᠡᠷᠡᠭᠯᠡᠬᠦ ᠶᠢ ᠴᠠᠭᠠᠵᠠᠯᠠᠭᠰᠠᠨ ᠤᠰᠤᠨ ᠤ ᠣᠷᠴᠢᠨ ᠲᠤᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ | ᠤᠷᠠᠯᠠᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠤᠷᠠᠯᠠᠯ ᠢ ᠬᠡᠷᠡᠭᠯᠡᠭᠰᠡᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠬᠤᠷᠸ᠎ᠠ | ᠲᠤᠬᠢᠷᠠᠭᠤᠯᠤᠯ ᠡᠵᠡᠮᠳᠡᠯ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠲᠠᠪᠤᠨ ᠲᠦᠮᠡᠨ | ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠡᠭᠤᠯᠦᠯ ᠡᠵᠡᠮᠳᠡᠯ ᠤᠨ | ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠃ | ᠨᠠᠶᠠᠨ ᠳᠣᠯᠣᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠯᠤᠰ ᠤᠨ ᠠᠵᠤ | ᠦᠢᠯᠡᠰ ᠤᠨ ᠲᠦᠷᠦ ᠶᠢᠨ ᠪᠤᠳᠤᠯᠭ᠎ᠠ ᠳᠤ ᠦᠯᠦ ᠨᠡᠶᠢᠴᠡᠬᠦ ᠵᠢᠵᠢᠭ ᠬᠡᠯᠪᠡᠷᠢ ᠶᠢᠨ ᠴᠠᠭᠠᠰᠤ ᠬᠢᠬᠦ᠂ ᠠᠷᠠᠰᠤ ᠰᠢᠷᠢ | ᠦᠢᠯᠡᠳᠬᠦ᠂ ᠳᠠᠷᠤᠮᠠᠯᠯᠠᠨ ᠪᠤᠳᠤᠬᠤ᠂ ᠪᠤᠳᠤᠭᠯᠠᠬᠤ᠂ ᠬᠡᠦᠷᠡᠰᠦ ᠪᠣᠯᠪᠠᠰᠤᠷᠠᠭᠤᠯᠬᠤ᠂ ᠬᠦᠬᠦᠷ ᠪᠣᠯᠪᠠᠰᠤᠷᠠᠭᠤᠯᠬᠤ᠂ | ᠠᠷᠰᠧᠨ ᠪᠣᠯᠪᠠᠰᠤᠷᠠᠭᠤᠯᠬᠤ᠂ ᠮᠥᠩᠭᠦᠨ ᠤᠰᠤ ᠪᠣᠯᠪᠠᠰᠤᠷᠠᠭᠤᠯᠬᠤ᠂ ᠲᠤᠰᠤ ᠪᠣᠯᠪᠠᠰᠤᠷᠠᠭᠤᠯᠬᠤ᠂ ᠴᠠᠬᠢᠯᠭᠠᠨ ᠢᠶᠠᠷ | ᠥᠩᠭᠡᠯᠡᠬᠦ᠂ ᠲᠠᠷᠢᠶᠠᠨ ᠡᠮ᠂ ᠰᠢᠷᠪᠥᠰᠥᠨ ᠴᠢᠯᠠᠭᠤ᠂ ᠱᠦᠢᠨᠢ᠂ ᠰᠢᠯ᠂ ᠪᠤᠯᠤᠳ ᠲᠡᠮᠤᠷ᠂ ᠢᠯᠴᠢ ᠶᠢᠨ ᠴᠠᠬᠢᠯᠭᠠᠨ | ᠵᠢᠴᠢ ᠤᠰᠤᠨ ᠤ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠲᠤᠭᠤᠯᠬᠤ ᠪᠤᠰᠤᠳ ᠦᠢᠯᠡᠳᠪᠦᠷᠢᠯᠡᠯ ᠤᠨ | ᠵᠦᠢᠯᠡᠰ ᠢ ᠪᠠᠶᠢᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ ᠬᠢᠨᠢ ᠬᠤᠲᠠ᠂ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠵᠠᠷᠯᠢᠭᠳᠠᠨ ᠡᠭᠦᠳᠡ ᠶᠢ ᠨᠢ ᠬᠠᠭᠠᠯᠭᠠᠨ᠎ᠠ᠃ | ᠨᠠᠶᠠᠨ ᠨᠠᠢᠮᠠᠳᠤᠭᠠᠷ ᠵᠦᠢᠯ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠪᠤᠶᠤ ᠪᠤᠵᠠᠷ ᠰᠢᠪᠠᠷ ᠢ ᠰᠢᠢᠳᠪᠦᠷᠢᠯᠡᠬᠦ ᠨᠢᠭᠡᠴᠢ | ᠰᠢᠢᠳᠪᠦᠷᠢᠯᠡᠭᠰᠡᠨ ᠤ ᠳᠠᠷᠠᠭᠠᠬᠢ ᠪᠤᠬᠢᠷ ᠰᠢᠪᠠᠷ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ᠂ ᠡᠰᠡᠬᠦᠯ᠎ᠡ ᠪᠤᠬᠢᠷ | ᠰᠢᠪᠠᠷ ᠤᠨ ᠬᠠᠮᠢᠭᠠᠰᠢ ᠶᠠᠪᠤᠭᠰᠠᠨ ᠵᠡᠷᠭᠡ ᠶᠢ ᠲᠡᠮᠳᠡᠭᠯᠡᠭᠰᠡᠨ ᠦᠭᠡᠢ ᠪᠠᠶᠢᠪᠠᠯ᠂ ᠬᠤᠳᠠ ᠪᠠᠯᠭᠠᠰᠤᠨ ᠤ ᠤᠰᠤ ᠵᠠᠯᠠᠬᠤ | ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠰᠡᠷᠡᠮᠵᠢ ᠥᠭᠭᠦᠨ᠎ᠡ︔ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ | ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ | ᠬᠤᠲᠠ ᠪᠠᠯᠭᠠᠰᠤ ᠶᠢᠨ ᠤᠰᠤ ᠵᠠᠯᠠᠬᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ | ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ | ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ | ᠨᠠᠶᠠ ᠶᠢᠰᠦᠳᠦᠭᠡᠷ ᠵᠦᠢᠯ ᠤᠩᠭᠤᠴᠠ ᠰᠠᠯ ᠳᠤ ᠪᠣᠬᠢᠷᠲᠤᠯ ᠢ ᠰᠡᠷᠭᠡᠶᠢᠯᠡᠬᠦ ᠵᠣᠬᠢᠴᠠᠩᠭᠤᠶ ᠲᠤᠨᠤᠭ | ᠲᠥᠬᠦᠭᠡᠷᠦᠮᠵᠢ ᠪᠠ ᠪᠠᠭᠠᠵᠢ ᠬᠡᠷᠡᠭᠰᠡᠯ ᠲᠣᠬᠢᠷᠠᠭᠤᠯᠤᠭᠰᠠᠨ ᠦᠭᠡᠢ᠂ ᠡᠰᠡᠬᠦᠯ᠎ᠡ ᠤᠰᠤᠨ ᠣᠷᠣᠨ ᠤ ᠣᠷᠴᠢᠨ | ᠲᠤᠭᠤᠷᠢᠨ ᠤ ᠪᠣᠬᠢᠷᠲᠤᠯ ᠢ ᠰᠡᠷᠭᠡᠶᠢᠯᠡᠬᠦ ᠬᠠᠤᠯᠢ ᠶᠣᠰᠣᠨ ᠤ ᠬᠦᠴᠦᠨ ᠪᠦᠬᠦᠢ ᠦᠨᠡᠮᠯᠡᠯ ᠪᠠ ᠪᠢᠴᠢᠭ ᠬᠠᠷ᠎ᠠ ᠪᠠᠶᠢᠬᠤ | ᠦᠭᠡᠢ ᠪᠠᠶᠢᠪᠠᠯ᠂ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠬᠤᠶᠠᠷ ᠮᠢᠩᠭᠠᠨ ᠲᠥᠭᠦᠷᠢᠭ ᠠᠴᠠ | ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠤᠭᠰᠠᠨ ᠤᠢᠭᠡᠢ ᠪᠠᠶᠢᠪᠠᠯ᠂ ᠵᠠᠷᠯᠢᠭᠳᠠᠵᠤ ᠪᠠᠶᠢᠭᠠᠳ ᠣᠩᠭᠤᠴᠠ ᠰᠠᠯ ᠤᠨ ᠠᠶᠠᠯᠠᠯ ᠢ ᠨᠢ | ᠲᠦᠷ ᠵᠣᠭᠰᠣᠭᠠᠨ᠎ᠠ᠃ | ᠣᠩᠭᠤᠴᠠ ᠰᠠᠯ ᠪᠤᠬᠢᠷᠳᠤᠯ ᠪᠣᠳᠠᠰ ᠭᠠᠳᠠᠭᠰᠢᠯᠠᠭᠤᠯᠬᠤ ᠳᠤ ᠬᠤᠯᠪᠣᠭᠳᠠᠬᠤ ᠠᠵᠢᠯ ᠢ ᠬᠢᠬᠦ ᠳᠡᠭᠡᠨ | ᠠᠵᠢᠯᠯᠠᠬᠤ ᠲᠦᠷᠢᠮ ᠢ ᠵᠢᠷᠤᠮᠯᠠᠭᠰᠠᠨ ᠤᠢᠭᠡᠢ ᠪᠤᠶᠤ ᠵᠣᠬᠢᠴᠠᠩᠭᠤᠶ ᠲᠡᠮᠳᠡᠭᠯᠡᠯ ᠤᠨ ᠳᠡᠪᠲᠡᠷ ᠳᠡᠭᠡᠷ᠎ᠡ ᠦᠨᠡᠨ | ᠮᠥᠨ ᠢᠶᠠᠷ ᠨᠢ ᠲᠡᠮᠳᠡᠭᠯᠡᠭᠰᠡᠨ ᠤᠢᠭᠡᠢ ᠪᠠᠶᠢᠪᠠᠯ᠂ ᠲᠡᠯᠡᠢ ᠶᠢᠨ ᠶᠠᠪᠤᠳᠠᠯ ᠢ ᠬᠠᠮᠢᠶᠠᠷᠬᠤ ᠪᠠᠶᠢᠭᠤᠯᠤᠮᠵᠢ᠂ ᠵᠢᠭᠠᠰᠤᠨ | ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ | ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠤᠶᠠᠷ ᠮᠢᠩᠭᠠᠨ ᠲᠥᠭᠦᠷᠢᠭ ᠠᠴᠠ | ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ | ᠶᠡᠷᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ | ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠣᠭᠰᠣᠭᠠᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠭᠡᠨ᠎ᠡ︔ ᠤᠰᠤᠨ ᠤ ᠪᠣᠬᠢᠷᠲᠤᠯ ᠢ ᠪᠤᠢ ᠪᠣᠯᠭᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ ᠢ ᠠᠷᠢᠯᠭᠠᠭᠤᠯᠵᠤ᠂ ᠬᠤᠶᠠᠷ ᠲᠦᠮᠡᠨ | ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠤᠢᠭᠡᠢ ᠪᠠᠶᠢᠪᠠᠯ᠂ ᠲᠡᠯᠡᠢ ᠶᠢᠨ | ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠬᠤ ᠴᠢᠳᠠᠪᠤᠷᠢ ᠲᠠᠢ | ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠣᠩᠭᠤᠴᠠ ᠰᠠᠯ ᠤᠨ | ᠡᠵᠡᠨ ᠡᠭᠦᠷᠭᠡᠯᠡᠨ᠎ᠡ᠄ | ︵ᠨᠢᠭᠡ︶ ᠤᠰᠦᠠ ᠴᠣᠭᠴᠠ ᠳᠤ ᠣᠩᠭᠤᠴᠠ ᠰᠠᠯ ᠤᠨ ᠬᠤᠭ ᠨᠣᠪᠰᠢ ᠶᠢ ᠴᠢᠳᠬᠤᠭᠰᠠᠨ ᠪᠤᠶᠤ | ᠣᠩᠭᠤᠴᠠ ᠰᠠᠯ ᠤᠨ ᠦᠯᠡᠳᠡᠭᠳᠡᠯ ᠲᠤᠰᠦ᠂ ᠬᠠᠶᠠᠭᠳᠠᠮᠠᠯ ᠲᠤᠰᠦ ᠶᠢ ᠭᠠᠳᠠᠭᠰᠢᠯᠠᠭᠤᠯᠤᠭᠰᠠᠨ︔ | ︵ᠬᠤᠶᠠᠷ︶ ᠠᠵᠢᠯᠯᠠᠬᠤ ᠭᠠᠵᠠᠷ ᠤᠨ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ | ᠵᠥᠪᠰᠢᠶᠡᠷᠡᠭᠦᠯᠦᠭᠰᠡᠨ ᠤᠢᠭᠡᠢ ᠪᠠᠷ ᠣᠩᠭᠤᠴᠠ ᠰᠠᠯ ᠳᠤ ᠰᠤᠯᠠ ᠰᠠᠪᠠᠯᠠᠭᠰᠠᠨ ᠰᠢᠩᠭᠡᠨ ᠪᠡᠶᠡᠲᠦ ᠶᠢᠨ | ᠪᠣᠬᠢᠷᠲᠤᠭᠤᠯᠤᠨ ᠬᠤᠬᠢᠷᠠᠭᠤᠯᠬᠤ ᠴᠢᠨᠠᠷᠲᠠᠶ ᠪᠠᠷᠠᠭ᠎ᠠ ᠶᠢ ᠴᠢᠷᠭᠡᠦᠯ ᠣᠩᠭᠤᠴᠠ ᠪᠠᠷ ᠰᠢᠯᠵᠢᠭᠦᠯᠬᠦ ᠠᠵᠢᠯ ᠬᠢᠭᠰᠡᠨ︔ | ︵ᠭᠤᠷᠪᠠ︶ ᠣᠩᠭᠤᠴᠠ ᠰᠠᠯ ᠵᠢᠴᠢ ᠬᠤᠯᠪᠣᠭᠳᠠᠯ ᠪᠦᠬᠦᠢ ᠠᠵᠢᠯ ᠤᠨ ᠨᠢᠭᠡᠴᠢ ᠪᠣᠬᠢᠷᠲᠤᠯ ᠤᠨ ᠠᠶᠤᠯ | ᠲᠦᠭᠰᠢᠭᠦᠷᠢ ᠲᠠᠢ ᠠᠵᠢᠯ ᠠᠵᠢᠯᠯᠠᠭ᠎ᠠ ᠬᠢᠬᠦ ᠳᠡᠭᠡᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠲᠣᠭᠲᠠᠭᠠᠯ ᠶᠣᠰᠣᠭᠠᠷ ᠡᠰᠡ ᠠᠪᠤᠭᠰᠠᠨ︔ | ︵ᠲᠦᠷᠪᠡ︶ ᠲᠡᠯᠡᠢ ᠶᠢᠨ ᠲᠡᠩ ᠢ ᠲᠦᠷᠢᠬᠦ ᠠᠷᠭ᠎ᠠ ᠪᠠᠷ ᠣᠩᠭᠤᠴᠠ ᠰᠠᠯ ᠢ ᠵᠠᠳᠠᠯᠤᠭᠰᠠᠨ︔ | ︵ᠲᠠᠪᠤ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠭᠤᠣᠯ ᠮᠥᠷᠡᠨ ᠳᠤ | ᠣᠷᠣᠵᠤ ᠢᠷᠡᠭᠰᠡᠨ ᠤᠯᠠᠨ ᠤᠯᠤᠰ ᠤᠨ ᠠᠶᠠᠯᠠᠯ ᠤᠨ ᠱᠤᠭᠤᠮ ᠤᠨ ᠤᠩᠭᠤᠴᠠ ᠰᠠᠯ ᠨᠢ ᠲᠣᠭᠲᠠᠭᠠᠯ ᠳᠤ ᠨᠡᠶᠢᠴᠡᠬᠦ | ᠦᠭᠡᠢ ᠤᠩᠭᠤᠴᠠ ᠰᠠᠯ ᠤᠨ ᠲᠠᠷᠤᠯᠳᠠᠳᠤ ᠤᠰᠤ ᠶᠢ ᠭᠠᠳᠠᠭᠰᠢᠯᠠᠭᠤᠯᠤᠭᠰᠠᠨ᠃ | ᠶᠡᠷᠡᠨ ᠨᠢᠭᠡᠳᠦᠭᠡᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠡᠭᠦᠨ ᠤ ᠬᠠᠮᠲᠤ ᠵᠥᠪᠰᠢᠶᠡᠷᠡᠬᠦ ᠡᠷᠬᠡ | ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ | ᠨᠤᠷᠠᠭᠠᠯᠭᠠᠬᠤ ᠪᠤᠶᠤ ᠡᠭᠦᠳᠡ ᠶᠢ ᠨᠢ ᠬᠠᠭᠠᠯᠭᠠᠨ᠎ᠠ᠄ | ︵ᠨᠢᠭᠡ︶ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ | ᠣᠷᠣᠨ ᠤ ᠳᠣᠲᠣᠷ᠎ᠠ ᠤᠰᠤ ᠬᠠᠩᠭᠠᠬᠤ ᠲᠥᠬᠦᠭᠡᠷᠦᠮᠵᠢ ᠪᠠ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠠᠢ | ᠬᠤᠯᠪᠣᠭᠳᠠᠯ ᠦᠭᠡᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ | ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ︔ | ︵ᠬᠤᠶᠠᠷ︶ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ | ᠣᠷᠣᠨ ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ | ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ︔ | ︵ᠭᠤᠷᠪᠠ︶ ᠤᠤᠭᠤᠬᠤ ᠤᠰᠤᠨ ᠤ ᠡᠬᠢ ᠰᠤᠷᠪᠤᠯᠵᠢ ᠶᠢᠨ ᠳᠡᠰᠯᠡᠬᠦ ᠬᠠᠮᠠᠭᠠᠯᠠᠯᠲᠠ ᠶᠢᠨ ᠣᠷᠣᠨ ᠤ | ᠳᠣᠲᠣᠷ᠎ᠠ ᠤᠰᠤᠨ ᠴᠣᠭᠴᠠ ᠶᠢ ᠬᠦᠨᠳᠦ ᠨᠣᠴᠢᠲᠠᠶ ᠪᠣᠬᠢᠷᠲᠤᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ | ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ᠂ ᠡᠰᠡᠬᠦᠯ᠎ᠡ ᠪᠦᠲᠦᠭᠡᠨ ᠪᠠᠶᠢᠭᠤᠯᠤᠯᠲᠠ ᠶᠢᠨ | ᠵᠦᠢᠯᠡᠰ ᠢ ᠥᠭᠡᠷᠡᠴᠢᠯᠡᠨ ᠪᠠᠶᠢᠭᠤᠯᠤᠭᠠᠳ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠨᠡᠮᠡᠭᠳᠡᠭᠦᠯᠦᠭᠰᠡᠨ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠳᠤ | ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ ᠪᠤᠶᠤ ᠵᠢᠭᠤᠯᠴᠢᠯᠠᠬᠤ᠂ ᠵᠢᠭᠠᠰᠤ ᠭᠥᠬᠢᠳᠡᠬᠦ ᠪᠤᠶᠤ ᠤᠤᠭᠤᠬᠤ | ᠤᠰᠤᠨ ᠤ ᠤᠰᠤᠨ ᠴᠣᠭᠴᠠ ᠶᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠢᠭᠰᠡᠨ | ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ ᠬᠤᠪᠢ ᠬᠥᠮᠦᠨ ᠤᠤᠭᠤᠬᠤ | ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠳᠤ ᠤᠮᠪᠠᠭ᠋ᠤ᠂ ᠵᠢᠭᠠᠰᠤ | ᠭᠥᠬᠢᠳᠡᠬᠦ ᠪᠤᠶᠤ ᠤᠤᠭᠤᠬᠤ ᠤᠰᠤᠨ ᠤ ᠤᠰᠤᠨ ᠴᠣᠭᠴᠠ ᠶᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠶᠢ | ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠠᠪᠤᠨ ᠵᠠᠭᠤᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠶᠡᠷᠡᠨ ᠬᠤᠶᠠᠳᠤᠭᠠᠷ ᠵᠦᠢᠯ ᠤᠤᠭᠤᠬᠤ ᠤᠰᠤ ᠬᠠᠩᠭᠠᠬᠤ ᠨᠢᠭᠡᠴᠢ ᠶᠢᠨ ᠬᠠᠩᠭᠠᠬᠤ ᠤᠰᠤᠨ ᠤ ᠴᠢᠨᠠᠷ ᠨᠢ | ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠪᠠᠶᠢᠭ᠎ᠠ ᠭᠠᠵᠠᠷ ᠤᠨ ᠬᠢᠨᠢ ᠬᠤᠲᠠ᠂ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤ ᠬᠠᠩᠭᠠᠬᠤ ᠠᠵᠢᠯ ᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ | ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ ᠪᠣᠯᠤᠨ᠎ᠠ︔ ᠰᠢᠭᠤᠳ ᠬᠠᠷᠢᠭᠤᠴᠠᠵᠤ ᠪᠠᠶᠢᠭ᠎ᠠ | ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ | ᠰᠢᠢᠳᠭᠡᠯ ᠥᠭᠭᠦᠨ᠎ᠡ᠃ | ᠶᠡᠷᠡᠨ ᠭᠤᠷᠪᠠᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ | ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠄ | ︵ᠨᠢᠭᠡ︶ ᠤᠰᠤᠨ ᠤ ᠪᠣᠬᠢᠷᠲᠤᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠯ | ᠶᠣᠰᠣᠭᠠᠷ ᠲᠣᠭᠲᠠᠭᠠᠭᠰᠠᠨ ᠦᠭᠡᠢ︔ | ︵ᠬᠤᠶᠠᠷ︶ ᠤᠰᠤᠨ ᠤ ᠪᠣᠬᠢᠷᠲᠤᠯ ᠤᠨ ᠡ᠊ᠨᠳᠡᠯ ᠭᠠᠷᠤᠭᠰᠠᠨ ᠤ ᠲᠠᠷᠠᠭ᠎ᠠ᠂ ᠤᠰᠤᠨ ᠤ ᠪᠣᠬᠢᠷᠲᠤᠯ ᠤᠨ | ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠡᠬᠢᠯᠡᠭᠦᠯᠦᠭᠰᠡᠨ ᠦᠭᠡᠢ᠂ ᠬᠤᠯᠪᠣᠭᠳᠠᠯ | ᠪᠦᠬᠦᠢ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠃ | ᠶᠡᠷᠡᠨ ᠳᠥᠷᠪᠡᠳᠦᠭᠡᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠤᠰ ᠬᠠᠤᠯᠢ ᠶᠢᠨ | ᠲᠣᠭᠲᠠᠭᠠᠯ ᠢ ᠵᠥᠷᠢᠴᠡᠵᠦ᠂ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ | ᠲᠦᠯᠦᠬᠦ ᠬᠠᠷᠢᠭᠤᠴᠠᠯᠭ᠎ᠠ ᠡᠭᠦᠷᠭᠡᠯᠡᠬᠦ ᠠᠴᠠ ᠭᠠᠳᠠᠨ᠎ᠠ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠤᠰ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ ᠢ | ᠠᠷᠢᠯᠭᠠᠭᠤᠯᠤᠨ᠎ᠠ︔ ᠱᠠᠭᠠᠷᠳᠠᠯᠭ᠎ᠠ ᠶᠣᠰᠣᠭᠠᠷ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠵᠠᠰᠠᠬᠤ | ᠴᠢᠳᠠᠪᠤᠷᠢ ᠶᠢ ᠪᠦᠷᠢᠯᠳᠦᠭᠦᠯᠦᠭᠰᠡᠨ ᠦᠭᠡᠢ ᠪᠠᠶᠢᠪᠠᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ | ᠵᠠᠰᠠᠭᠤᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ︔ ᠬᠦᠨᠳᠦ ᠶᠡᠭᠡ ᠪᠤᠶᠤ ᠣᠨᠴᠠ | ᠶᠡᠭᠡ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠵᠤ | ᠪᠣᠯᠤᠨ᠎ᠠ︔ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠢ ᠳᠡᠭᠡᠷ᠎ᠡ ᠨᠢᠭᠡ ᠵᠢᠯ ᠤᠨ ᠲᠤᠰ ᠨᠢᠭᠡᠴᠢ ᠠᠴᠠ ᠣᠯᠤᠭᠰᠠᠨ ᠣᠷᠣᠯᠭ᠎ᠠ ᠶᠢᠨ | 50% ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠷᠴᠢᠨ ᠲᠤᠭᠤᠷᠢᠨ ᠢ ᠬᠠᠮᠠᠭᠠᠯᠠᠬᠤ ᠬᠠᠤᠯᠢ︾ ᠶᠢᠨ ᠵᠢᠷᠠᠨ ᠭᠤᠷᠪᠠᠳᠤᠭᠠᠷ | ᠵᠦᠢᠯ ᠳᠤ ᠲᠣᠭᠲᠠᠭᠠᠭᠰᠠᠨ ᠬᠠᠤᠯᠢ ᠶᠢ ᠵᠥᠷᠢᠴᠡᠵᠦ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠵᠡᠷᠭᠡ | ᠠᠵᠢᠯᠯᠠᠭ᠎ᠠ ᠶᠢᠨ ᠨᠢᠭᠡ ᠶᠢ ᠬᠢᠵᠦ᠂ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ | ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ ᠠᠷᠪᠠᠨ ᠡᠳᠦᠷ ᠠᠴᠠ ᠳᠡᠭᠡᠭᠰᠢ ᠠᠷᠪᠠᠨ ᠲᠠᠪᠤᠨ ᠡᠳᠦᠷ ᠠᠴᠠ | ᠳᠣᠭᠤᠭᠰᠢ ᠲᠦᠷ ᠬᠤᠷᠢᠬᠤ ᠪᠠᠷ ᠰᠢᠢᠳᠭᠡᠨ᠎ᠡ︔ ᠥᠢᠯᠡ ᠪᠠᠶᠢᠳᠠᠯ ᠨᠢ ᠬᠥᠡᠭᠭᠡᠨ ᠪᠠᠶᠢᠪᠠᠯ᠂ ᠲᠠᠪᠤᠨ ᠡᠳᠦᠷ ᠠᠴᠠ | ᠳᠡᠭᠡᠭᠰᠢ ᠠᠷᠪᠠᠨ ᠡᠳᠦᠷ ᠠᠴᠠ ᠳᠣᠭᠤᠭᠰᠢ ᠲᠥᠷ ᠬᠤᠷᠢᠬᠤ ᠪᠠᠷ ᠰᠢᠢᠳᠭᠡᠨ᠎ᠡ᠃ | ᠡᠩ ᠤᠨ ᠪᠤᠶᠤ ᠨᠡᠯᠢᠶᠡᠳ ᠶᠡᠭᠡ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠤᠰᠤᠨ ᠤ | ᠪᠣᠬᠢᠷᠲᠤᠯ ᠤᠨ ᠡ᠊ᠨᠳᠡᠯ ᠠᠴᠠ ᠪᠣᠯᠤᠭᠰᠠᠨ ᠰᠢᠭᠤᠳ ᠬᠤᠬᠢᠷᠠᠯ ᠤᠨ 20% ᠪᠠᠷ ᠪᠤᠳᠤᠵᠤ ᠵᠣᠭᠤᠰ ᠢᠶᠠᠷ | ᠲᠣᠷᠭᠠᠨ᠎ᠠ︔ ᠬᠦᠨᠳᠦ ᠶᠡᠭᠡ ᠪᠤᠶᠤ ᠣᠨᠴᠠ ᠶᠡᠭᠡ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ | ᠤᠰᠤᠨ ᠤ ᠪᠣᠬᠢᠷᠲᠤᠯ ᠤᠨ ᠡ᠊ᠨᠳᠡᠯ ᠠᠴᠠ ᠪᠣᠯᠤᠭᠰᠠᠨ ᠰᠢᠭᠤᠳ ᠬᠤᠬᠢᠷᠠᠯ ᠤᠨ 30% ᠪᠠᠷ ᠪᠤᠳᠤᠵᠤ ᠵᠣᠭᠤᠰ ᠢᠶᠠᠷ | ᠲᠣᠷᠭᠠᠨ᠎ᠠ᠃ | ᠵᠢᠭᠠᠰᠤᠨ ᠠᠵᠤ ᠠᠬᠤᠢ ᠶᠢᠨ ᠪᠣᠬᠢᠷᠲᠤᠯ ᠤᠨ ᠡ᠊ᠨᠳᠡᠯ ᠭᠠᠷᠭᠠᠭᠰᠠᠨ ᠪᠤᠶᠤ ᠵᠢᠭᠠᠰᠤᠨ ᠠᠵᠤ ᠠᠬᠤᠢ ᠶᠢᠨ | ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠵᠢᠭᠠᠰᠤᠨ ᠠᠵᠤ ᠠᠬᠤᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠢᠳᠭᠡᠨ᠎ᠡ︔ ᠪᠤᠰᠤᠳ ᠣᠩᠭᠤᠴᠠ ᠰᠠᠯ ᠤᠰᠤᠨ ᠤ | ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠰᠢᠢᠳᠭᠡᠨ᠎ᠡ᠃ | ᠶᠡᠷᠡᠨ ᠲᠠᠪᠤᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ | ᠦᠢᠯᠡᠳᠪᠤᠷᠢᠯᠡᠯ ᠡᠵᠡᠩᠨᠡᠭᠴᠢ ᠬᠠᠤᠯᠢ ᠪᠤᠰᠤ ᠪᠠᠷ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠵᠤ᠂ ᠵᠣᠭᠤᠰ ᠢᠶᠠᠷ | ᠲᠣᠷᠭᠠᠬᠤ ᠪᠠᠷ ᠰᠢᠢᠳᠭᠡᠭᠳᠡᠭᠡᠳ ᠵᠠᠷᠯᠢᠭᠳᠠᠨ ᠵᠠᠯᠠᠷᠠᠭᠤᠯᠤᠭᠳᠠᠭᠰᠠᠨ ᠪᠠᠶᠢᠪᠠᠯ᠂ ᠬᠠᠤᠯᠢ ᠶᠣᠰᠣᠭᠠᠷ ᠰᠢᠢᠳᠭᠡᠬᠦ | ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠠᠬᠢᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠬᠤ ᠬᠡᠷᠡᠭᠲᠡᠶ᠂ ᠲᠡᠭᠦᠨ ᠤ ᠦᠷᠭᠦᠯᠵᠢᠯᠡᠨ ᠬᠠᠤᠯᠢ ᠶᠢ ᠵᠥᠷᠢᠴᠡᠨ ᠤᠰᠤᠨ ᠤ ᠪᠤᠬᠢᠷᠳᠤᠯ ᠪᠤᠳᠠᠰ | ᠭᠠᠳᠠᠭᠰᠢᠯᠠᠭᠤᠯᠤᠭᠰᠠᠨ ᠢ ᠣᠯᠵᠤ ᠮᠡᠳᠡᠭᠰᠡᠨ ᠪᠤᠶᠤ ᠲᠠᠬᠢᠨ ᠪᠠᠶᠢᠴᠠᠭᠠᠬᠤ ᠶᠢ ᠲᠡᠪᠴᠢᠵᠦ᠂ ᠬᠠᠷᠰᠢᠯᠠᠭᠰᠠᠨ ᠢ ᠣᠯᠵᠤ | ᠮᠡᠳᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠤᠭᠤᠷᠢᠨ ᠢ ᠬᠠᠮᠠᠭᠠᠯᠠᠬᠤ ᠬᠠᠤᠯᠢ︾ | ᠶᠢᠨ ᠲᠣᠭᠲᠠᠭᠠᠯ ᠶᠣᠰᠣᠭᠠᠷ ᠡᠳᠦᠷ ᠤᠨ ᠲᠤᠭ᠎ᠠ ᠪᠠᠷ ᠪᠤᠳᠤᠵᠤ ᠦᠷᠭᠦᠯᠵᠢᠯᠡᠨ ᠰᠢᠢᠳᠭᠡᠨ᠎ᠡ᠃ | ᠶᠡᠷᠡᠨ ᠵᠢᠷᠭᠤᠳᠤᠭᠠᠷ ᠵᠦᠢᠯ ᠤᠰᠤᠨ ᠤ ᠪᠣᠬᠢᠷᠲᠤᠯ ᠠᠴᠠ ᠪᠤᠯᠵᠤ ᠬᠤᠬᠢᠷᠠᠯ ᠳᠤ ᠤᠴᠠᠷᠠᠭᠰᠠᠨ ᠲᠤᠬᠠᠶ ᠶᠢᠨ | ᠬᠥᠮᠦᠨ ᠨᠢ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠳᠤ ᠬᠤᠣᠷ ᠬᠥᠨᠥᠭᠡᠯ ᠢ ᠠᠷᠢᠯᠭᠠᠭᠤᠯᠬᠤ ᠪᠠ | ᠬᠤᠬᠢᠷᠠᠯ ᠢ ᠲᠦᠯᠦᠬᠦᠯᠬᠦ ᠪᠠᠷ ᠱᠠᠭᠠᠷᠳᠠᠬᠤ ᠡᠷᠬᠡ ᠲᠠᠢ᠃ | ᠡᠰᠡᠷᠭᠦᠴᠡᠰᠢ ᠤᠢᠭᠡᠢ ᠬᠦᠴᠦᠨ ᠠᠴᠠ ᠪᠤᠯᠵᠦ ᠤᠰᠦᠠ ᠤ ᠪᠣᠬᠢᠷᠲᠤᠯ ᠤᠨ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠤᠢᠭᠡᠢ︔ | ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠤᠢᠭᠡᠢ᠃ | ᠤᠰᠤᠨ ᠤ ᠪᠣᠬᠢᠷᠲᠤᠯ ᠤᠨ ᠬᠤᠬᠢᠷᠠᠯ ᠢ ᠬᠤᠬᠢᠷᠠᠯ ᠠᠮᠰᠠᠭᠴᠢ ᠵᠣᠷᠢᠭᠤᠳᠠ ᠪᠤᠢ ᠪᠣᠯᠭᠠᠭᠰᠠᠨ ᠪᠠᠶᠢᠪᠠᠯ᠂ | ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃ | ᠤᠰᠤᠨ ᠤ ᠪᠣᠬᠢᠷᠲᠤᠯ ᠤᠨ ᠬᠤᠬᠢᠷᠠᠯ ᠨᠢ ᠬᠤᠬᠢᠷᠠᠯ ᠠᠮᠰᠠᠭᠴᠢ ᠶᠢᠨ ᠬᠦᠨᠳᠦ ᠶᠡᠭᠡ ᠡ᠊ᠨᠳᠡᠯ ᠠᠴᠠ ᠪᠣᠯᠤᠭᠰᠠᠨ | ᠪᠠᠶᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠤᠨ ᠲᠥᠯᠥᠪᠦᠷᠢ ᠶᠢᠨ ᠬᠠᠷᠢᠭᠤᠴᠠᠯᠭ᠎ᠠ ᠶᠢ | ᠬᠥᠩᠭᠡᠷᠡᠭᠦᠯᠵᠦ ᠪᠣᠯᠤᠨ᠎ᠠ᠃ | ᠤᠰᠤᠨ ᠤ ᠪᠣᠬᠢᠷᠲᠤᠯ ᠤᠨ ᠬᠤᠬᠢᠷᠠᠯ ᠢ ᠭᠤᠷᠪᠠᠳᠠᠬᠢ ᠬᠥᠮᠦᠨ ᠪᠤᠢ ᠪᠣᠯᠭᠠᠭᠰᠠᠨ ᠪᠠᠶᠢᠪᠠᠯ᠂ ᠪᠣᠬᠢᠷᠲᠤᠯ | ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠭᠰᠡᠨ ᠤ ᠲᠠᠷᠠᠭ᠎ᠠ᠂ | ᠭᠤᠷᠪᠠᠳᠠᠬᠢ ᠬᠥᠮᠦᠨ ᠠᠴᠠ ᠲᠥᠯᠥᠪᠦᠷᠢ ᠨᠡᠬᠡᠮᠵᠢᠯᠡᠬᠦ ᠡᠷᠬᠡ ᠲᠠᠢ᠃ | ᠶᠡᠷᠡᠨ ᠳᠣᠯᠣᠳᠤᠭᠠᠷ ᠵᠦᠢᠯ ᠤᠰᠤᠨ ᠤ ᠪᠣᠬᠢᠷᠲᠤᠯ ᠠᠴᠠ ᠪᠣᠯᠤᠭᠰᠠᠨ ᠬᠤᠬᠢᠷᠠᠯ ᠢ ᠲᠦᠯᠦᠬᠦ ᠬᠠᠷᠢᠭᠤᠴᠠᠯᠭ᠎ᠠ | ᠪᠠ ᠲᠦᠯᠦᠬᠦ ᠵᠣᠭᠤᠰ ᠤᠨ ᠲᠣᠭᠠᠨ ᠤ ᠲᠤᠬᠠᠶ ᠵᠢᠭᠤᠷᠠᠯᠳᠤᠭᠠᠨ ᠢ ᠲᠤᠬᠠᠶ ᠶᠢᠨ ᠬᠥᠮᠦᠨ ᠤ ᠭᠤᠶᠤᠴᠢᠯᠠᠯ ᠢ | ᠦᠨᠳᠦᠰᠦᠯᠡᠨ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠶᠡᠳᠡᠭᠦᠯᠦᠨ | ᠰᠢᠢᠳᠪᠤᠷᠢᠯᠡᠵᠦ ᠪᠣᠯᠤᠨ᠎ᠠ︔ ᠡᠶᠡᠳᠡᠭᠦᠯᠦᠭᠡᠳ ᠪᠦᠲᠦᠭᠰᠡᠨ ᠤᠢᠭᠡᠢ ᠪᠠᠶᠢᠪᠠᠯ᠂ ᠲᠤᠬᠠᠶ ᠶᠢᠨ ᠬᠥᠮᠦᠨ ᠨᠢ ᠠᠷᠠᠳ ᠤᠨ | ᠰᠢᠭᠦᠬᠦ ᠬᠤᠷᠢᠶᠠᠨ ᠳᠤ ᠵᠡᠭᠠᠯᠳᠦᠵᠦ ᠪᠣᠯᠤᠨ᠎ᠠ᠃ ᠲᠤᠬᠠᠶ ᠶᠢᠨ ᠬᠥᠮᠦᠨ ᠨᠢ ᠠᠷᠠᠳ ᠤᠨ ᠰᠢᠭᠦᠬᠦ ᠬᠤᠷᠢᠶᠠᠨ ᠳᠤ | ᠰᠢᠭᠤᠳ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃ | ᠶᠡᠷᠡᠨ ᠨᠠᠢᠮᠠᠳᠤᠭᠠᠷ ᠵᠦᠢᠯ ᠤᠰᠤᠨ ᠤ ᠪᠣᠬᠢᠷᠲᠤᠯ ᠠᠴᠠ ᠪᠣᠯᠤᠭᠰᠠᠨ ᠬᠤᠬᠢᠷᠠᠯ ᠤᠨ ᠲᠥᠯᠥᠪᠦᠷᠢ ᠶᠢᠨ | ᠵᠠᠷᠭᠤ ᠳᠤ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠬᠠᠤᠯᠢ ᠴᠠᠭᠠᠵᠠ ᠳᠤ ᠲᠣᠭᠲᠠᠭᠠᠭᠰᠠᠨ | ᠬᠠᠷᠢᠭᠤᠴᠠᠯᠭ᠎ᠠ ᠠᠴᠠ ᠬᠡᠯᠲᠦᠷᠢᠭᠦᠯᠬᠦ ᠤᠴᠢᠷ ᠰᠢᠯᠲᠠᠭᠠᠨ ᠵᠢᠴᠢ ᠲᠡᠭᠦᠨ ᠤ ᠦᠢᠯᠡ ᠠᠵᠢᠯᠯᠠᠭ᠎ᠠ ᠬᠢᠭᠡᠳ | ᠬᠤᠬᠢᠷᠠᠯ ᠤᠨ ᠦᠷ᠎ᠡ ᠳ᠋ᠦᠩ ᠤᠨ ᠬᠤᠭᠤᠷᠣᠨᠳᠣ ᠰᠢᠯᠲᠠᠭᠠᠨ ᠦᠷ᠎ᠡ ᠶᠢᠨ ᠬᠠᠷᠢᠴᠠᠭ᠎ᠠ ᠣᠷᠣᠰᠢᠬᠤ ᠦᠭᠡᠢ | ᠪᠠᠶᠢᠬᠤ ᠳᠤ ᠬᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠶᠡᠷᠡ ᠶᠢᠰᠦᠳᠦᠭᠡᠷ ᠵᠦᠢᠯ ᠤᠰᠤᠨ ᠤ ᠪᠣᠬᠢᠷᠲᠤᠯ ᠠᠴᠠ ᠪᠤᠯᠵᠤ ᠬᠤᠬᠢᠷᠠᠯ ᠠᠮᠰᠠᠭᠰᠠᠨ ᠲᠤᠬᠠᠶ ᠶᠢᠨ | ᠬᠥᠮᠦᠨ ᠤ ᠬᠥᠮᠦᠨ ᠤ ᠲᠤᠭ᠎ᠠ ᠨᠢ ᠤᠯᠠᠨ ᠪᠠᠶᠢᠪᠠᠯ᠂ ᠲᠤᠬᠠᠶ ᠶᠢᠨ ᠬᠥᠮᠦᠨ ᠨᠢ ᠬᠠᠤᠯᠢ ᠶᠣᠰᠣᠭᠠᠷ ᠲᠥᠯᠥᠭᠡᠯᠡᠭᠴᠢ | ᠰᠣᠩᠭᠤᠨ ᠭᠠᠷᠭᠠᠵᠤ ᠬᠠᠮᠲᠤ ᠪᠠᠷ ᠵᠠᠷᠭᠤᠯᠳᠤᠭᠤᠯᠵᠤ ᠪᠣᠯᠤᠨ᠎ᠠ᠃ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ | ᠪᠦᠬᠦᠢ ᠨᠡᠶᠢᠭᠡᠮ ᠤᠨ ᠪᠦᠯᠬᠦᠮ ᠤᠳ ᠤᠰᠤᠨ ᠤ ᠪᠣᠬᠢᠷᠲᠤᠯ ᠠᠴᠠ ᠪᠤᠯᠵᠤ ᠬᠤᠬᠢᠷᠠᠯ ᠳᠤ ᠤᠴᠠᠷᠠᠭᠰᠠᠨ ᠲᠤᠬᠠᠶ ᠶᠢᠨ | ᠬᠥᠮᠦᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠬᠤ ᠶᠢ ᠬᠠᠤᠯᠢ ᠶᠣᠰᠣᠭᠠᠷ ᠲᠡᠮᠵᠢᠵᠤ ᠪᠣᠯᠤᠨ᠎ᠠ᠃ | | ᠤᠯᠤᠰ ᠠᠴᠠ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠬᠠᠤᠯᠢᠴᠢ ᠶᠢᠨ ᠤᠰᠤᠨ ᠤ | ᠪᠣᠬᠢᠷᠲᠤᠯ ᠤᠨ ᠬᠤᠬᠢᠷᠠᠯ ᠤᠨ ᠵᠠᠷᠭᠤ ᠳᠠᠬᠢ ᠬᠤᠬᠢᠷᠠᠯ ᠠᠮᠰᠠᠭᠴᠢ ᠳᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ | ᠶᠢ ᠵᠤᠷᠢᠭᠵᠢᠭᠤᠯᠤᠨ᠎ᠠ᠃ | ᠵᠠᠭᠤᠳᠤᠭᠠᠷ ᠵᠦᠢᠯ ᠤᠰᠤᠨ ᠤ ᠪᠣᠬᠢᠷᠲᠤᠯ ᠠᠴᠠ ᠪᠣᠯᠤᠭᠰᠠᠨ ᠬᠤᠬᠢᠷᠠᠯ ᠤᠨ ᠲᠥᠯᠥᠪᠦᠷᠢ ᠶᠢᠨ | ᠬᠠᠷᠢᠭᠤᠴᠠᠯᠭ᠎ᠠ ᠪᠠ ᠲᠥᠯᠥᠪᠦᠷᠢ ᠶᠢᠨ ᠵᠣᠭᠤᠰ ᠤᠨ ᠲᠣᠭᠠᠨ ᠤ ᠵᠢᠭᠤᠷᠠᠯᠳᠤᠭᠠᠨ ᠳᠤ ᠲᠤᠬᠠᠶ ᠶᠢᠨ ᠬᠥᠮᠦᠨ ᠨᠢ | ᠣᠷᠴᠢᠨ ᠲᠤᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠳᠤ ᠨᠠᠶᠢᠳᠠᠵᠤ ᠬᠢᠨᠠᠨ ᠬᠡᠮᠵᠢᠭᠰᠡᠨ ᠲᠤᠭ᠎ᠠ ᠪᠠᠷᠢᠮᠲᠠ | ᠬᠠᠩᠭᠠᠯᠭᠠᠵᠤ ᠪᠣᠯᠤᠨ᠎ᠠ᠃ ᠣᠷᠴᠢᠨ ᠲᠤᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠨᠠᠶᠢᠳᠠᠯᠭ᠎ᠠ ᠶᠢ ᠬᠦᠯᠢᠶᠡᠵᠦ᠂ | ᠬᠤᠯᠪᠣᠭᠳᠠᠯ ᠪᠦᠬᠦᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠃ | ᠵᠠᠭᠤ ᠨᠢᠭᠡᠳᠦᠭᠡᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | ᠵᠠᠭᠤ ᠬᠤᠶᠠᠳᠤᠭᠠᠷ ᠵᠦᠢᠯ ᠲᠤᠰ ᠬᠠᠤᠯᠢ ᠳᠠᠬᠢ ᠳᠣᠣᠷ᠎ᠠ ᠵᠢᠭᠰᠠᠭᠠᠭᠰᠠᠨ ᠦᠭᠡᠰ ᠤᠨ ᠤᠳᠬ᠎ᠠ᠄ | ︵ᠨᠢᠭᠡ︶ ᠤᠰᠦᠠ ᠤ ᠪᠣᠬᠢᠷᠲᠤᠯ ᠭᠡᠳᠡᠭ ᠪᠣᠯ ᠤᠰᠦᠠ ᠴᠣᠭᠴᠠ ᠶᠢᠨ ᠶᠠᠮᠠᠷ ᠨᠢᠭᠡᠨ ᠵᠦᠢᠯ ᠤᠨ ᠪᠣᠳᠠᠰ | ᠣᠷᠣᠵᠤ ᠢᠷᠡᠭᠰᠡᠨ ᠠᠴᠠ ᠪᠤᠯᠵᠦ ᠲᠡᠭᠦᠨ ᠤ ᠬᠢᠮᠢ᠂ ᠹᠢᠽᠢᠺ᠂ ᠠᠮᠢᠳᠤ ᠪᠣᠳᠠᠰ ᠪᠤᠶᠤ ᠰᠠᠴᠤᠷᠠᠭ ᠢᠳᠡᠪᠬᠢ ᠴᠢᠨᠠᠷ | ᠵᠡᠷᠭᠡ ᠲᠠᠯ᠎ᠠ ᠶᠢᠨ ᠥᠪᠡᠷᠮᠢᠴᠡ ᠴᠢᠨᠠᠷ ᠢ ᠬᠤᠪᠢᠷᠠᠭᠤᠯᠬᠤ ᠶᠢᠨ ᠤᠯᠠᠮ ᠠᠴᠠ ᠤᠰᠦᠠ ᠤ ᠪᠦᠲᠦᠮᠵᠢᠲᠡᠶ | ᠠᠰᠢᠭᠯᠠᠯᠲᠠ ᠶᠢ ᠨᠥᠯᠥᠭᠡᠯᠡᠵᠦ᠂ ᠬᠥᠮᠦᠨ ᠤ ᠪᠡᠶ᠎ᠡ ᠶᠢᠨ ᠡᠷᠡᠭᠦᠯ ᠮᠡᠡᠳᠦ ᠶᠢ ᠬᠤᠬᠢᠷᠠᠭᠤᠯᠬᠤ ᠪᠤᠶᠤ ᠠᠮᠢ ᠠᠬᠤᠢ | ᠣᠷᠴᠢᠨ ᠲᠣᠭᠤᠷᠢᠨ ᠢ ᠡᠪᠳᠡᠵᠦ᠂ ᠤᠰᠦᠠ ᠤ ᠴᠢᠨᠠᠷ ᠢ ᠮᠠᠭᠤᠳᠠᠭᠤᠯᠬᠤ ᠦᠵᠡᠭᠳᠡᠯ ᠢ ᠬᠡᠯᠡᠵᠦ ᠪᠠᠶᠢᠨ᠎ᠠ᠃ | ︵ᠬᠤᠶᠠᠷ︶ ᠤᠰᠤᠨ ᠤ ᠪᠤᠬᠢᠷᠳᠤᠯ ᠪᠤᠳᠠᠰ ᠭᠡᠵᠦ ᠤᠰᠤᠨ ᠴᠣᠭᠴᠠ ᠳᠤ ᠰᠢᠭᠤᠳ ᠪᠤᠶᠤ ᠳᠠᠮ ᠢᠶᠠᠷ | ᠭᠠᠳᠠᠭᠰᠢᠯᠠᠭᠤᠯᠤᠭᠰᠠᠨ᠂ ᠤᠰᠤᠨ ᠴᠣᠭᠴᠠ ᠶᠢ ᠪᠣᠬᠢᠷᠲᠤᠭᠤᠯᠬᠤ ᠪᠣᠳᠠᠰ ᠢ ᠬᠡᠯᠡᠵᠦ ᠪᠠᠶᠢᠨ᠎ᠠ᠃ | ︵ᠭᠤᠷᠪᠠ︶ ᠬᠤᠤᠷᠳᠠᠢ ᠪᠣᠬᠢᠷᠲᠤᠯ ᠪᠣᠳᠠᠰ ᠭᠡᠳᠡᠭ ᠨᠢ ᠰᠢᠭᠤᠳ ᠪᠤᠶᠤ ᠳᠠᠮ ᠢᠶᠠᠷ ᠠᠮᠢᠳᠤ ᠪᠣᠳᠠᠰ ᠤᠨ | ᠪᠡᠶ᠎ᠡ ᠳᠤ ᠰᠢᠩᠭᠡᠭᠡᠭᠳᠡᠭᠰᠡᠨ ᠤ ᠲᠠᠷᠠᠭ᠎ᠠ᠂ ᠲᠤᠰ ᠠᠮᠢᠳᠤ ᠪᠣᠳᠠᠰ ᠪᠤᠶᠤ ᠲᠡᠭᠦᠨ ᠤ ᠬᠤᠶᠢᠴᠢ ᠦᠶ᠎ᠡ ᠶᠢ | ᠡᠪᠡᠳᠴᠢᠯᠡᠭᠦᠯᠬᠦ᠂ ᠦᠢᠯᠡ ᠠᠵᠢᠯᠯᠠᠭ᠎ᠠ ᠶᠢ ᠬᠡᠪ ᠤᠨ ᠪᠤᠰᠤ ᠪᠣᠯᠭᠠᠬᠤ᠂ ᠤᠳᠤᠮᠰᠢᠯ ᠢ ᠣᠨᠳᠣᠣᠰᠢᠭᠤᠯᠬᠤ᠂ | ᠹᠢᠽᠢᠣᠯᠣᠭᠢ ᠶᠢᠨ ᠠᠵᠢᠯᠯᠠᠭ᠎ᠠ ᠶᠢᠨ ᠬᠡᠪ ᠤᠨ ᠪᠠᠶᠢᠳᠠᠯ ᠢ ᠠᠯᠳᠠᠭᠤᠯᠬᠤ᠂ ᠪᠡᠶ᠎ᠡ ᠮᠠᠬᠠᠪᠣᠳ ᠤᠨ ᠬᠡᠯᠪᠡᠷᠢ ᠶᠢ | ᠬᠤᠪᠢᠷᠠᠭᠤᠯᠬᠤ ᠪᠤᠶᠤ ᠦᠬᠦᠭᠦᠯᠬᠦ ᠳᠤ ᠬᠦᠷᠦᠭᠦᠯᠵᠦ ᠮᠡᠳᠡᠬᠦ ᠲᠡᠳᠡᠭᠡᠷ ᠪᠣᠬᠢᠷᠲᠤᠯ ᠪᠣᠳᠠᠰ ᠢ ᠵᠢᠭᠠᠵᠤ ᠪᠠᠶᠢᠨ᠎ᠠ᠃ | ︵ᠲᠦᠷᠪᠡ︶ ᠪᠤᠬᠢᠷ ᠰᠢᠪᠠᠷ ᠭᠡᠵᠦ ᠪᠤᠵᠠᠷ ᠤᠰᠤ ᠶᠢ ᠰᠢᠢᠳᠪᠤᠷᠢᠯᠡᠬᠦ ᠶᠠᠪᠤᠴᠠ ᠳᠤ ᠡᠭᠦᠰᠦᠭᠰᠡᠨ ᠬᠠᠭᠠᠰ | ᠬᠠᠲᠠᠭᠤ ᠲᠦᠯᠦᠪᠳᠦ ᠪᠤᠶᠤ ᠬᠠᠲᠠᠭᠤ ᠲᠦᠯᠦᠪᠳᠦ ᠪᠣᠳᠠᠰ ᠢ ᠵᠢᠭᠠᠵᠤ ᠪᠠᠶᠢᠨ᠎ᠠ᠃ | ︵ᠲᠠᠪᠤ︶ ᠵᠢᠭᠠᠰᠤᠨ ᠠᠵᠤ ᠠᠬᠤᠢ ᠶᠢᠨ ᠤᠰᠦᠠ ᠴᠣᠭᠴᠠ ᠭᠡᠳᠡᠭ ᠪᠣᠯ ᠵᠢᠭᠠᠰᠤ ᠰᠡᠮ ᠬᠤᠷᠣᠬᠠᠶ ᠶᠢᠨ | ᠲᠦᠷᠦᠯ ᠤᠨ ᠥᠨᠳᠡᠭᠡᠯᠡᠬᠦ ᠲᠡᠯᠡᠪᠡᠢ᠂ ᠥᠭᠶᠥᠭᠡ ᠠᠪᠬᠤ ᠲᠡᠯᠡᠪᠡᠢ᠂ ᠡᠪᠦᠯᠵᠢᠬᠦ ᠲᠡᠯᠡᠪᠡᠢ᠂ ᠨᠡᠭᠦᠳᠡᠯᠯᠡᠬᠦ ᠵᠡᠮ ᠪᠠ | ᠵᠢᠭᠠᠰᠤ ᠰᠡᠮ ᠬᠤᠷᠣᠬᠠᠶ ᠬᠢᠰᠤᠭ᠎ᠠ ᠵᠠᠮᠠᠭ ᠤᠨ ᠲᠦᠷᠦᠯ ᠢ ᠲᠡᠵᠢᠭᠡᠨ ᠦᠷᠡᠵᠢᠭᠦᠯᠬᠦ ᠲᠡᠯᠡᠪᠡᠢ ᠶᠢᠨ ᠤᠰᠦᠠ | ᠴᠣᠭᠴᠠ ᠶᠢ ᠬᠡᠯᠡᠵᠦ ᠪᠠᠶᠢᠨ᠎ᠠ᠃ | ᠵᠠᠭᠤ ᠭᠤᠷᠪᠠᠳᠤᠭᠠᠷ ᠵᠦᠢᠯ ᠲᠤᠰ ᠬᠠᠤᠯᠢ ᠶᠢ 2008 ᠣᠨ ᠤ 6 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |