ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ
ᠨᠡᠶᠢᠲᠡᠯᠡᠭᠰᠡᠨ ᠴᠠᠭ᠄
2021/9/3
     ︵1984 ᠣᠨ ᠤ 5 ᠰᠠᠷ᠎ᠠ ᠶᠢᠨ 11 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠪᠠ᠃ 1996 ᠣᠨ ᠤ 5 ᠰᠠᠷ᠎ᠠ ᠶᠢᠨ 15 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠤ《 ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠰᠢᠢᠳᠪᠤᠷᠢ︾ ᠶᠢ ᠦᠨᠳᠦᠰᠦᠯᠡᠨ ᠠᠩᠬᠠᠳᠤᠭᠠᠷ ᠤᠳᠠᠭ᠎ᠠ ᠵᠠᠰᠠᠪᠤᠷᠢ ᠣᠷᠣᠭᠤᠯᠪᠠ᠃ 2008 ᠣᠨ ᠤ 2 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ᠃ 2017 ᠣᠨ ᠤ 6 ᠰᠠᠷ᠎ᠠ ᠶᠢᠨ 27 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ〉  ᠳᠤ ᠵᠠᠰᠠᠪᠤᠷᠢ ᠤᠷᠤᠭᠤᠯᠬᠤ ᠲᠤᠬᠠᠢ ᠰᠢᠢᠳᠪᠤᠷᠢ》 ᠶᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢ ᠤᠷᠤᠭᠤᠯᠪᠠ︶      ᠨᠢᠭᠡᠳᠦᠭᠡᠷ ᠪᠦᠯᠦᠭ  ᠶᠡᠷᠦᠩᠬᠡᠢ ᠲᠦᠷᠢᠮ      ᠨᠢᠭᠡᠳᠦᠭᠡᠷ ᠵᠦᠢᠯ  ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠵᠤ᠂ ᠤᠰᠤᠨ ᠤ ᠠᠮᠢ ᠠᠬᠤᠶ ᠶᠢ ᠬᠠᠮᠠᠭᠠᠯᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ᠂ ᠤᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠬᠠᠤᠯᠢ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠲᠠᠬᠢ ᠭᠤᠣᠯ ᠮᠥᠷᠡᠨ᠂ ᠨᠠᠭᠤᠷ ᠴᠦᠬᠦᠷᠦᠮ᠂ ᠲᠠᠲᠠᠮᠠᠯ ᠭᠤᠣᠯ᠂ ᠤᠰᠤᠨ ᠰᠤᠪᠠᠭ᠂ ᠴᠥᠭᠦᠷᠥᠮ ᠵᠡᠷᠭᠡ ᠭᠠᠵᠠᠷ ᠳᠡᠭᠡᠷᠡᠬᠢ ᠤᠰᠤᠨ ᠴᠣᠭᠴᠠ ᠵᠢᠴᠢ ᠭᠠᠵᠠᠷ ᠳᠣᠣᠷᠠᠬᠢ ᠤᠰᠤᠨ ᠴᠣᠭᠴᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠡᠷᠡᠭᠯᠡᠨ᠎ᠡ᠃      ᠲᠡᠯᠡᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠯᠡᠢ ᠶᠢᠨ ᠣᠷᠴᠢᠨ ᠲᠤᠭᠤᠷᠢᠨ ᠢ ᠬᠠᠮᠠᠭᠠᠯᠠᠬᠤ ᠬᠠᠤᠯᠢ》 ᠶᠢ ᠲᠤᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ  ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ ᠵᠠᠷᠴᠢᠮ ᠢ ᠪᠠᠷᠢᠮᠲᠠᠯᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢ ᠡᠩ ᠲᠡᠷᠢᠭᠦᠨ ᠳᠤ ᠬᠠᠮᠠᠭᠠᠯᠠᠵᠤ᠂ ᠠᠵᠤ ᠦᠢᠯᠡᠳᠪᠦᠷᠢ ᠶᠢᠨ       ᠪᠣᠬᠢᠷᠲᠤᠯ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠵᠤ᠂ ᠠᠮᠢ ᠠᠬᠤᠶ ᠶᠢ ᠵᠠᠰᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠤᠰᠤᠨ ᠤ ᠣᠷᠴᠢᠨ ᠲᠤᠭᠤᠷᠢᠨ ᠤ ᠪᠣᠬᠢᠷᠲᠤᠯ ᠪᠠ ᠠᠮᠢ ᠠᠬᠤᠶ ᠶᠢᠨ ᠡᠪᠳᠡᠭᠳᠡᠯ ᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ ᠪᠠᠭᠠᠰᠬᠠᠬᠤ ᠬᠡᠷᠡᠭᠲᠡᠶ᠃      ᠳᠥᠷᠪᠡᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠬᠤ ᠬᠡᠷᠡᠭᠲᠡᠢ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠦᠠ ᠤ ᠣᠷᠴᠢᠨ ᠲᠣᠭᠤᠷᠢᠨ ᠤ ᠶᠠᠰᠤ ᠴᠢᠨᠠᠷ ᠢ ᠬᠠᠷᠢᠭᠤᠴᠠᠵᠤ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠡᠷᠡᠭᠲᠡᠢ᠃      ᠲᠠᠪᠤᠳᠤᠭᠠᠷ ᠵᠦᠢᠯ  ᠮᠤᠵᠢ᠂ ᠬᠤᠲᠠ᠂ ᠰᠢᠶᠠᠨ᠂ ᠰᠢᠶᠠᠩ ᠳᠤ ᠭᠤᠣᠯ ᠤᠨ ᠳᠠᠷᠤᠭ᠎ᠠ ᠶᠢᠨ ᠲᠦᠷᠢᠮ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯ ᠮᠥᠷᠡᠨ᠂ ᠨᠠᠭᠤᠷ ᠴᠦᠬᠦᠷᠦᠮ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠣᠷᠣᠨ ᠤ ᠡᠷᠭᠢ ᠶᠢᠨ ᠱᠤᠭᠤᠮ ᠢ ᠬᠠᠮᠢᠶᠠᠷᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ ᠠᠵᠢᠯ ᠢ ᠱᠠᠳᠤ ᠬᠤᠪᠢᠶᠠᠨ ᠬᠡᠰᠡᠭ ᠬᠤᠪᠢᠶᠠᠨ ᠵᠣᠬᠢᠶᠠᠨ ᠪᠠᠶᠢᠭᠤᠯᠵᠤ ᠤᠳᠤᠷᠢᠳᠤᠨ᠎ᠠ᠃      ᠵᠢᠷᠭᠤᠳᠤᠭᠠᠷ ᠵᠦᠢᠯ  ᠤᠯᠤᠰ ᠠᠴᠠ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠪᠠ ᠬᠢᠨᠠᠨ ᠰᠢᠯᠭᠠᠵᠤ ᠦᠨᠡᠯᠡᠬᠦ ᠲᠦᠷᠢᠮ ᠢ ᠬᠡᠷᠡᠭᠵᠢᠭᠦᠯᠵᠦ᠂ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠷᠢᠭᠤᠴᠠᠯᠭᠠᠲᠠᠨ ᠢ ᠬᠢᠨᠠᠨ ᠰᠢᠯᠭᠠᠵᠤ ᠦᠨᠡᠯᠡᠬᠦ ᠠᠭᠤᠯᠭ᠎ᠠ ᠪᠣᠯᠭᠠᠨ᠎ᠠ᠃      ᠳᠣᠯᠣᠳᠤᠭᠠᠷ ᠵᠦᠢᠯ  ᠤᠯᠤᠰ ᠠᠴᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠲᠡᠮᠵᠢᠵᠤ᠂ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃      ᠨᠠᠢᠮᠠᠳᠤᠭᠠᠷ ᠵᠦᠢᠯ  ᠤᠯᠤᠰ ᠠᠴᠠ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠣᠷᠣᠨ ᠪᠦᠰᠡ ᠪᠠ ᠭᠤᠣᠯ ᠮᠥᠷᠡᠨ᠂ ᠨᠠᠭᠤᠷ ᠴᠥᠭᠦᠷᠥᠮ ᠤᠨ ᠳᠡᠭᠡᠳᠦ ᠤᠷᠤᠰᠬᠠᠯ ᠤᠨ ᠭᠠᠵᠠᠷ ᠣᠷᠣᠨ ᠤ ᠤᠰᠤᠨ ᠤ ᠣᠷᠴᠢᠨ ᠲᠤᠭᠤᠷᠢᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠶᠢᠰᠦᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠳᠠ ᠳᠤ ᠨᠢᠭᠡᠳᠦᠯᠳᠡᠢ ᠬᠢᠨᠠᠯᠳᠠ ᠬᠠᠮᠢᠶᠠᠷᠤᠯᠳᠠ ᠬᠢᠨ᠎ᠡ᠃      ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠯᠠᠢ ᠶᠢᠨ ᠶᠠᠪᠤᠳᠠᠯ ᠢ ᠬᠠᠮᠢᠶᠠᠷᠬᠤ ᠪᠠᠶᠢᠭᠤᠯᠤᠮᠵᠢ ᠠᠴᠠ ᠣᠩᠭᠤᠴᠠ ᠰᠠᠯ ᠤᠨ ᠪᠤᠬᠢᠷᠳᠤᠭᠤᠯᠤᠭᠰᠠᠨ ᠤᠰᠤᠨ ᠣᠷᠣᠨ ᠤ ᠰᠡᠷᠭᠡᠶᠢᠯᠡᠨ ᠵᠠᠰᠠᠯᠳᠠ ᠳᠤ ᠬᠢᠨᠠᠯᠳᠠ ᠬᠠᠮᠢᠶᠠᠷᠤᠯᠳᠠ ᠬᠢᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭᠠᠯᠠᠯ᠂ ᠪᠦᠲᠦᠭᠡᠨ ᠪᠠᠶᠢᠭᠤᠯᠤᠯᠲᠠ᠂ ᠲᠠᠷᠢᠶᠠᠯᠠᠩ᠂ ᠵᠢᠭᠠᠰᠤᠨ ᠠᠵᠤ ᠠᠬᠤᠶ ᠵᠡᠷᠭᠡ ᠰᠠᠯᠠᠭ᠎ᠠ ᠮᠥᠴᠢᠷ ᠵᠢᠴᠢ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠᠶᠢᠭᠤᠯᠤᠮᠵᠢ ᠨᠤᠭᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠬᠢᠨᠠᠵᠤ ᠬᠠᠮᠢᠶᠠᠷᠤᠨ᠎ᠠ᠃      ᠠᠷᠪᠠᠳᠤᠭᠠᠷ ᠵᠦᠢᠯ   ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠳᠠᠭᠠᠨ ᠤᠯᠤᠰ ᠪᠤᠶᠤ ᠣᠷᠣᠨ ᠨᠤᠲᠤᠭ ᠤᠨ ᠲᠣᠭᠲᠠᠭᠠᠭᠰᠠᠨ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠪᠣᠯᠤᠨ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃      ᠠᠷᠪᠠᠨ ᠨᠢᠭᠡᠳᠦᠭᠡᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠲᠠᠢ ᠪᠥᠭᠡᠳ ᠤᠰᠤᠨ ᠤ ᠣᠷᠴᠢᠨ ᠲᠣᠭᠤᠷᠢᠨ ᠢ ᠪᠣᠬᠢᠷᠲᠤᠭᠤᠯᠤᠨ ᠬᠤᠬᠢᠷᠠᠭᠤᠯᠤᠭᠰᠠᠨ ᠠᠵᠢᠯᠯᠠᠭ᠎ᠠ ᠶᠢ ᠢᠯᠡᠴᠢᠯᠡᠬᠦ ᠡᠷᠬᠡ ᠲᠠᠢ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠰᠠᠶᠢᠰᠢᠶᠠᠨ ᠬᠥᠬᠢᠭᠦᠯᠦᠨ᠎ᠡ᠃      ᠬᠤᠶᠠᠳᠤᠭᠠᠷ ᠪᠦᠯᠦᠭ  ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠪᠠ ᠲᠥᠯᠥᠪᠵᠢᠭᠦᠯᠭᠡ      ᠠᠷᠪᠠᠨ ᠬᠤᠶᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ  ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠶᠢ ᠲᠤᠭᠳᠠᠭᠠᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠳᠤ ᠲᠣᠭᠲᠠᠭᠠᠭᠰᠠᠨ ᠦᠭᠡᠢ ᠵᠦᠢᠯᠡᠰ ᠲᠤ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠵᠤ ᠪᠣᠯᠬᠤ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃      ᠠᠷᠪᠠᠨ ᠭᠤᠷᠪᠠᠳᠤᠭᠠᠷ ᠵᠦᠢᠯ  ᠲᠥᠷᠥ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂  ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠲᠠᠢ ᠬᠠᠮᠳᠤᠷᠠᠨ᠂ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠴᠣᠭᠴᠠ ᠶᠢᠨ ᠬᠡᠷᠡᠭᠯᠡᠯᠲᠡ ᠶᠢᠨ ᠴᠢᠳᠠᠮᠵᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠠᠵᠤ ᠠᠬᠤᠶ᠂ ᠲᠧᠭᠨᠢᠭ ᠮᠡᠷᠭᠡᠵᠢᠯ ᠤᠨ ᠨᠥᠬᠦᠴᠡᠯ ᠢ ᠦᠨᠳᠦᠰᠦᠯᠡᠨ᠂ ᠲᠤᠰ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠮᠤᠵᠢ ᠶᠢᠨ ᠵᠠᠭᠠᠭ ᠲᠠᠬᠢ ᠤᠰᠤᠨ ᠴᠣᠭᠴᠠ ᠳᠤ ᠬᠡᠷᠡᠭᠯᠡᠬᠦ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠶᠢ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ ᠪᠣᠯᠤᠨ᠎ᠠ᠃      ᠠᠷᠪᠠᠨ ᠳᠥᠷᠪᠡᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠪᠣᠯᠤᠨ ᠤᠯᠤᠰ ᠤᠨ ᠠᠵᠤ ᠠᠬᠤᠢ᠂ ᠲᠧᠭᠨᠢᠭ ᠮᠡᠷᠭᠡᠵᠢᠯ ᠤᠨ ᠨᠥᠬᠦᠴᠡᠯ ᠢ ᠦᠨᠳᠦᠰᠦᠯᠡᠵᠦ᠂ ᠤᠯᠤᠰ ᠤᠨ ᠤᠰᠤᠨ ᠤ ᠪᠤᠬᠢᠷᠳᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠲᠣᠭᠲᠠᠭᠠᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ ᠤᠨ ᠪᠠᠷᠢᠮᠵᠢᠶ᠎ᠠ ᠳᠤ ᠲᠣᠭᠲᠠᠭᠠᠭᠰᠠᠨ ᠦᠭᠡᠢ ᠵᠦᠢᠯᠡᠰ ᠲᠤ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠵᠤ ᠪᠣᠯᠤᠨ᠎ᠠ︔  ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ ᠤᠨ ᠪᠠᠷᠢᠮᠵᠢᠶ᠎ᠠ ᠳᠤ ᠨᠢᠭᠡᠨᠲᠡ ᠲᠣᠭᠲᠠᠭᠠᠭᠰᠠᠨ ᠵᠦᠢᠯᠡᠰ ᠲᠤ ᠤᠰᠤᠨ ᠤ ᠪᠤᠬᠢᠷᠳᠤᠯ ᠪᠣᠳᠠᠰ ᠭᠠᠳᠠᠭᠰᠢᠯᠠᠭᠤᠯᠬᠤ ᠲᠤᠬᠠᠶ ᠤᠯᠤᠰ ᠤᠨ ᠪᠠᠷᠢᠮᠵᠢᠶ᠎ᠠ ᠠᠴᠠ ᠴᠢᠩᠭ᠎ᠠ ᠣᠷᠣᠨ ᠨᠤᠲᠤᠭ ᠤᠨ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠶᠢ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠬᠤ ᠬᠡᠷᠡᠭᠲᠡᠢ᠃      ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠲᠠᠢ ᠪᠣᠯᠤᠭᠰᠠᠨ ᠤᠰᠤᠨ ᠴᠣᠭᠴᠠ ᠳᠤ ᠪᠤᠬᠢᠷᠳᠤᠯ ᠪᠣᠳᠠᠰ ᠭᠠᠳᠠᠭᠰᠢᠯᠠᠭᠤᠯᠬᠤ ᠳᠤ ᠬᠦᠷᠪᠡᠯ᠂ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠪᠠ ᠤᠯᠤᠰ ᠪᠤᠶᠤ ᠣᠷᠣᠨ ᠨᠤᠲᠤᠭ ᠤᠨ ᠠᠵᠤ ᠠᠬᠤᠢ᠂ ᠲᠧᠭᠨᠢᠭ ᠮᠡᠷᠭᠡᠵᠢᠯ ᠤᠨ ᠨᠥᠬᠦᠴᠡᠯ ᠢ ᠦᠨᠳᠦᠰᠦᠯᠡᠨ᠂ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠪᠠ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠰᠠᠪᠠ ᠭᠠᠵᠠᠷ ᠢᠶᠠᠷ ᠪᠤᠶᠤ ᠣᠷᠣᠨ ᠪᠦᠰᠡ ᠪᠠᠷ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠡᠵᠡᠮᠳᠡᠯ᠂ ᠤᠰᠤᠨ ᠤ ᠵᠠᠰᠠᠭ ᠵᠠᠬᠢᠷᠭᠠᠨ ᠵᠡᠷᠭᠡ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠯ ᠠᠪᠬᠤ ᠬᠡᠷᠡᠭᠲᠡᠢ᠃      ᠡᠮᠦᠨᠡᠬᠢ ᠪᠠᠳᠠᠭ ᠤᠨ ᠲᠣᠭᠲᠠᠭᠠᠯ ᠠᠴᠠ ᠭᠠᠳᠠᠨᠠᠬᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ  ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠲᠤᠰ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ       ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠠᠳ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠣᠲᠣᠷᠠᠬᠢ ᠰᠢᠶᠠᠨ ᠠᠯᠤᠰᠯᠠᠭᠰᠠᠨ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠲᠤᠰ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃      ᠵᠥᠪᠰᠢᠶᠡᠷᠡᠭᠦᠯᠦᠭᠰᠡᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠦᠨᠳᠦᠰᠦᠨ ᠦᠨᠳᠦᠰᠦᠯᠡᠯ ᠮᠥᠨ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠳᠤ ᠡᠷᠬᠡᠪᠰᠢ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ ᠶᠣᠰᠣᠭᠠᠷ ᠵᠥᠪᠰᠢᠶᠡᠷᠡᠭᠰᠡᠨ ᠭᠤᠣᠯ ᠮᠥᠷᠡᠨ᠂ ᠨᠠᠭᠤᠷ  ᠴᠦᠬᠦᠷᠦᠮ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠣᠭᠲᠠᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠬᠤᠯᠪᠣᠭᠳᠠᠯ ᠪᠦᠬᠦᠢ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠳᠤ ᠲᠣᠭᠲᠠᠭᠠᠭᠰᠠᠨ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠬᠤᠭᠤᠴᠠᠭ᠎ᠠ ᠲᠣᠭᠲᠠᠭᠠᠨ ᠪᠠᠷᠢᠮᠵᠢᠶ᠎ᠠ ᠳᠤ ᠬᠦᠷᠭᠡᠬᠦ ᠲᠥᠯᠥᠪᠵᠢᠭᠦᠯᠭᠡ ᠲᠣᠭᠲᠠᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠬᠤᠭᠤᠴᠠᠭ᠎ᠠ ᠶᠣᠰᠣᠭᠠᠷ ᠪᠠᠷᠢᠮᠵᠢᠶ᠎ᠠ ᠳᠤ ᠬᠦᠷᠭᠡᠬᠦ ᠬᠡᠷᠡᠭᠲᠡᠶ᠃      ᠬᠤᠯᠪᠣᠭᠳᠠᠯ ᠪᠦᠬᠦᠢ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠭᠤᠴᠠᠭ᠎ᠠ ᠲᠣᠭᠲᠠᠭᠠᠨ ᠪᠠᠷᠢᠮᠵᠢᠶ᠎ᠠ ᠳᠤ ᠬᠦᠷᠭᠡᠬᠦ ᠲᠥᠯᠥᠪᠵᠢᠭᠦᠯᠭᠡ ᠪᠠᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ ᠣᠷᠴᠢᠨ ᠲᠤᠭᠤᠷᠢᠨ ᠤ ᠪᠠᠶᠢᠳᠠᠯ ᠪᠠ ᠣᠷᠴᠢᠨ ᠲᠤᠭᠤᠷᠢᠨ ᠢ ᠬᠠᠮᠠᠭᠠᠯᠠᠬᠤ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠮᠡᠳᠡᠭᠦᠯᠬᠦ ᠳᠡᠭᠡᠨ ᠤᠰᠤᠨ ᠤ ᠣᠷᠴᠢᠨ ᠲᠤᠭᠤᠷᠢᠨ ᠤ ᠶᠠᠰᠤ ᠴᠢᠨᠠᠷ ᠢ ᠬᠤᠭᠤᠴᠠᠭ᠎ᠠ ᠲᠣᠭᠲᠠᠭᠠᠨ ᠪᠠᠷᠢᠮᠵᠢᠶ᠎ᠠ ᠳᠤ ᠬᠦᠷᠭᠡᠬᠦ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃      ᠭᠤᠷᠪᠠᠳᠤᠭᠠᠷ ᠪᠦᠯᠦᠭ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠬᠤ      ᠠᠷᠪᠠ ᠶᠢᠰᠦᠳᠦᠭᠡᠷ ᠵᠦᠢᠯ  ᠤᠰᠤᠨ ᠴᠣᠭᠴᠠ ᠳᠤ ᠪᠣᠬᠢᠷᠲᠤᠯ ᠪᠣᠳᠠᠰ ᠢ ᠰᠢᠭᠤᠳ ᠪᠤᠶᠤ ᠳᠠᠮ ᠢᠶᠠᠷ ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠤᠰᠤᠨ ᠳᠡᠭᠡᠷᠡᠬᠢ ᠪᠤᠰᠤᠳ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠣᠷᠴᠢᠨ ᠲᠣᠭᠤᠷᠢᠨ ᠤ ᠨᠥᠯᠥᠭᠡᠯᠡᠯ ᠤᠨ ᠲᠤᠬᠠᠢ ᠦᠨᠡᠯᠡᠯᠲᠡ ᠶᠢ ᠬᠠᠤᠯᠢ ᠶᠣᠰᠣᠭᠠᠷ ᠬᠢᠬᠦ ᠬᠡᠷᠡᠭᠲᠡᠢ᠃      ᠪᠦᠳᠦᠭᠡᠠ ᠪᠠᠶᠢᠭᠤᠯᠬᠤ ᠨᠢᠭᠡᠴᠢ ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠬᠦᠷᠪᠡᠯ᠂ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠢ ᠤᠯᠬᠤ ᠬᠡᠷᠡᠭᠲᠡᠶ︔ ᠠᠶᠠᠯᠠᠯ ᠨᠡᠪᠲᠡᠷᠡᠬᠦ᠂ ᠵᠢᠭᠠᠰᠤᠨ ᠠᠵᠤ ᠠᠬᠤᠶ ᠶᠢᠨ ᠤᠰᠤᠨ ᠣᠷᠣᠨ ᠳᠤ ᠬᠤᠯᠪᠣᠭᠳᠠᠭᠰᠠᠨ ᠪᠠᠶᠢᠪᠠᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠷᠴᠢᠨ ᠲᠤᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠳᠡᠭᠡᠨ ᠵᠠᠮ ᠬᠠᠷᠢᠯᠴᠠᠭ᠎ᠠ᠂ ᠵᠢᠭᠠᠰᠤᠨ ᠠᠵᠤ ᠠᠬᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃      ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠥᠯᠥᠪᠯᠡᠨ᠂ ᠬᠠᠮᠲᠤ ᠳᠤᠨᠢ ᠪᠠᠷᠢᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠨᠢ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃      ᠬᠤᠷᠢᠳᠤᠭᠠᠷ ᠵᠦᠢᠯ  ᠤᠯᠤᠰ ᠠᠴᠠ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠦᠷᠢᠮ ᠢ ᠬᠡᠷᠡᠭᠵᠢᠭᠦᠯᠦᠨ᠎ᠡ᠃      ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠤᠨ ᠰᠠᠯᠠᠭ᠎ᠠ ᠮᠦᠴᠢᠷ ᠲᠠᠢ ᠬᠠᠮᠳᠤᠷᠠᠨ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠬᠦᠯᠦᠨ ᠵᠦᠪᠰᠢᠶᠡᠷᠡᠬᠦᠯᠬᠦ ᠶᠢᠨ ᠬᠠᠮᠳᠤ ᠲᠤᠷᠤᠭᠰᠢ ᠪᠠᠭᠤᠯᠭᠠᠵᠤ ᠬᠡᠷᠡᠭᠵᠢᠬᠦᠯᠦᠨ᠎ᠡ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠪᠠ ᠬᠢᠵᠠᠭᠠᠷᠯᠠᠬᠤ ᠬᠡᠷᠡᠭᠲᠡᠶ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠤᠯᠤᠰ ᠤᠨ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠠᠴᠠ ᠭᠠᠳᠠᠨᠠᠬᠢ ᠪᠤᠰᠤᠳ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ ᠪᠣᠯᠤᠨ᠎ᠠ᠃      ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠳᠠᠪᠠᠭᠰᠠᠨ ᠪᠤᠶᠤ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠪᠠᠨ ᠪᠡᠶᠡᠯᠡᠭᠦᠯᠦᠭᠰᠡᠨ ᠦᠭᠡᠶ ᠭᠠᠵᠠᠷ ᠣᠷᠣᠨ ᠳᠤ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ  ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠭᠠᠵᠠᠷ ᠣᠷᠣᠨ ᠤ ᠪᠠᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠲᠤ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ ᠲᠤᠭᠤᠷᠢᠨ ᠳᠤ ᠦᠵᠡᠭᠦᠯᠬᠦ ᠨᠥᠯᠥᠭᠡᠯᠡᠯ ᠤᠨ ᠪᠣᠯᠵᠣᠨ ᠶᠠᠷᠢᠯᠴᠠᠭᠰᠠᠨ ᠪᠠᠶᠢᠳᠠᠯ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ  ᠤᠰᠤᠨ ᠴᠣᠭᠴᠠ ᠳᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠣᠯᠤᠨ ᠡᠮ ᠡᠮᠨᠡᠯᠭᠡ ᠶᠢᠨ ᠪᠣᠬᠢᠷ ᠤᠰᠤ ᠶᠢ ᠰᠢᠭᠤᠳ ᠪᠤᠶᠤ ᠳᠠᠮ ᠢᠶᠠᠷ ᠭᠠᠳᠠᠭᠰᠢᠯᠠᠭᠤᠯᠬᠤ ᠵᠢᠴᠢ ᠲᠣᠭᠲᠠᠭᠠᠯ ᠶᠣᠰᠣᠭᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠣᠯᠪᠠᠯ ᠰᠠᠶ᠋ᠢ ᠭᠠᠳᠠᠭᠰᠢᠯᠠᠭᠤᠯᠵᠤ ᠪᠣᠯᠬᠤ ᠪᠤᠰᠤᠳ ᠬᠠᠶᠠᠭᠳᠠᠮᠠᠯ ᠤᠰᠤ᠂ ᠪᠣᠬᠢᠷ ᠤᠰᠤ ᠶᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠦᠷᠢᠯᠡᠯ ᠡᠵᠡᠩᠨᠡᠭᠴᠢᠳ ᠵᠠᠪᠠᠯ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠣᠯᠤᠭᠰᠠᠨ ᠪᠠᠶᠢᠬᠤ ᠬᠡᠷᠡᠭᠲᠡᠢ︔ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢ ᠡᠵᠡᠩᠨᠡᠬᠦ ᠨᠢᠭᠡᠴᠢ ᠪᠠᠰᠠ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠪᠠᠶᠢᠬᠤ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠳᠤ ᠭᠠᠳᠠᠭᠰᠢᠯᠠᠭᠤᠯᠬᠤ ᠤᠰᠤᠨ ᠤ ᠪᠤᠬᠢᠷᠳᠤᠯ ᠪᠤᠳᠠᠰ ᠤᠨ ᠲᠦᠷᠦᠯ ᠵᠦᠢᠯ᠂ ᠥᠳᠬᠡᠴᠡ ᠶᠢᠨ ᠬᠡᠮᠵᠢᠶ᠎ᠡ᠂ ᠶᠡᠷᠦᠩᠬᠡᠶ ᠬᠡᠮᠵᠢᠶ᠎ᠡ ᠪᠠ ᠭᠠᠳᠠᠭᠰᠢᠯᠠᠭᠤᠯᠬᠤ ᠴᠢᠭᠯᠡᠯ ᠵᠡᠷᠭᠡ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠬᠤ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃      ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ ᠡᠵᠡᠩᠨᠡᠭᠴᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠦᠭᠡᠢ ᠪᠠᠷ ᠪᠤᠶᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠤᠰᠤᠨ ᠴᠣᠭᠴᠠ ᠳᠤ ᠡᠮᠦᠨᠡᠬᠢ ᠪᠠᠳᠠᠭ ᠲᠤ ᠲᠣᠭᠲᠠᠭᠠᠭᠰᠠᠨ ᠬᠠᠶᠠᠭᠳᠠᠮᠠᠯ ᠤᠰᠤ᠂ ᠪᠣᠬᠢᠷ ᠤᠰᠤ ᠭᠠᠳᠠᠭᠰᠢᠯᠠᠭᠤᠯᠬᠤ ᠶᠢ ᠴᠠᠭᠠᠵᠠᠯᠠᠨ᠎ᠠ᠃      ᠬᠤᠷᠢᠨ ᠬᠤᠶᠠᠳᠤᠭᠠᠷ ᠵᠦᠢᠯ  ᠤᠰᠤᠨ ᠴᠣᠭᠴᠠ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ ᠡᠵᠡᠩᠨᠡᠭᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠭᠠᠷᠭᠠᠬᠤ ᠬᠡᠷᠡᠭᠲᠡᠢ︔ ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠳᠤ ᠪᠠᠰᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ ᠡᠵᠡᠩᠨᠡᠭᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠬᠢᠨᠠᠨ ᠬᠡᠮᠵᠢᠬᠦ ᠵᠢᠷᠤᠮᠵᠢᠯ ᠶᠣᠰᠣᠭᠠᠷ᠂ ᠭᠠᠳᠠᠭᠰᠢᠯᠠᠭᠤᠯᠤᠭᠰᠠᠨ ᠤᠰᠤᠨ ᠤ ᠪᠤᠬᠢᠷᠳᠤᠯ ᠪᠤᠳᠠᠰ ᠢᠶᠠᠨ ᠥᠪᠡᠰᠦᠪᠡᠨ ᠬᠢᠨᠠᠨ ᠬᠡᠮᠵᠢᠬᠦ ᠶᠢᠨ ᠬᠠᠮᠲᠤ ᠬᠢᠨᠠᠨ ᠬᠡᠮᠵᠢᠭᠰᠡᠨ ᠠᠩᠬᠠᠨ ᠤ ᠲᠡᠮᠳᠡᠭᠯᠡᠯ ᠢᠶᠠᠨ ᠬᠠᠳᠠᠭᠠᠯᠠᠬᠤ ᠬᠡᠷᠡᠭᠲᠡᠢ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭ᠎ᠠ ᠲᠠᠢ ᠨᠢᠭᠡᠴᠢ ᠪᠠᠰᠠ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ ᠤᠭᠰᠠᠷᠠᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠲᠠᠢ ᠰᠦᠯᠵᠢᠶᠡᠨ ᠳᠤ ᠬᠤᠯᠪᠣᠬᠤ ᠶᠢᠨ ᠬᠠᠮᠲᠤ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠠᠴᠠ ᠲᠤᠭᠳᠠᠭᠠᠨ᠎ᠠ᠃      ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠤᠭᠰᠠᠷᠬᠤ ᠴᠢᠬᠤᠯᠠ ᠲᠠᠢ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ  ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠣᠷᠴᠢᠨ ᠲᠤᠭᠤᠷᠢᠨ ᠤ ᠪᠠᠭᠲᠠᠭᠠᠮᠵᠢ᠂ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠭᠠᠳᠠᠭᠰᠢᠯᠠᠭᠤᠯᠬᠤ ᠤᠰᠤᠨ ᠤ ᠪᠤᠬᠢᠷᠳᠤᠯ ᠪᠤᠳᠠᠰ ᠤᠨ ᠲᠦᠷᠦᠯ ᠵᠦᠢᠯ᠂ ᠲᠤᠭ᠎ᠠ ᠬᠡᠮᠵᠢᠶ᠎ᠡ ᠪᠠ ᠥᠳᠬᠡᠴᠡ ᠵᠡᠷᠭᠡ ᠬᠦᠴᠦᠨ ᠵᠦᠢᠯ ᠢ ᠦᠨᠳᠦᠰᠦᠯᠡᠨ᠂ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ ᠲᠣᠭᠲᠠᠭᠠᠨ᠎ᠠ᠃      ᠬᠤᠷᠢᠨ ᠳᠥᠷᠪᠡᠳᠦᠭᠡᠷ ᠵᠦᠢᠯ  ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠦᠷᠢᠯᠡᠯ ᠡᠵᠡᠩᠨᠡᠭᠴᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠣᠯᠤᠨ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠢ᠃      ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠤᠣᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠦ᠋ᠲ᠋ᠣ᠋ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢᠨ ᠳᠠᠮᠵᠢᠭᠤᠯᠤᠭᠰᠠᠨ ᠲᠤᠭ᠎ᠠ ᠪᠠᠷᠢᠮᠲᠠ ᠨᠢ ᠬᠡᠪ ᠤᠨ ᠪᠤᠰᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠯᠲᠠ ᠬᠢᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ   ᠤᠯᠤᠰ ᠠᠴᠠ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠤᠰᠤᠨ ᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠲᠦᠷᠢᠮ ᠢ       ᠪᠠᠶᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠢᠷᠤᠮᠵᠢᠯ ᠢ ᠬᠠᠷᠢᠭᠤᠴᠠᠨ ᠲᠣᠭᠲᠠᠭᠠᠵᠤ᠂ ᠤᠯᠤᠰ ᠤᠨ ᠤᠰᠤᠨ ᠤ ᠣᠷᠴᠢᠨ ᠲᠣᠭᠤᠷᠢᠨ ᠤ ᠪᠠᠶᠢᠳᠠᠯ ᠤᠨ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠡᠮᠵᠢᠬᠦ ᠲᠣᠤᠷ ᠰᠦᠯᠵᠢᠶ᠎ᠡ ᠶᠢ ᠵᠣᠬᠢᠶᠠᠨ ᠪᠠᠶᠢᠭᠤᠯᠵᠤ᠂ ᠤᠯᠤᠰ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ︵ ᠴᠢᠭ︶ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠎ᠠ᠃      ᠬᠤᠷᠢᠨ ᠵᠢᠷᠭᠤᠳᠤᠭᠠᠷ ᠵᠦᠢᠯ  ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠪᠠᠶᠢᠭᠤᠯᠤᠮᠵᠢ ᠨᠢ ᠲᠡᠭᠦᠨ ᠤ ᠪᠠᠶᠢᠭ᠎ᠠ ᠰᠠᠪᠠ ᠭᠠᠵᠠᠷ ᠤᠨ ᠮᠤᠵᠢ ᠶᠢᠨ ᠵᠠᠭᠠᠭ ᠲᠠᠬᠢ ᠤᠰᠤᠨ ᠴᠣᠭᠴᠠ ᠶᠢᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠬᠤ ᠪᠥᠭᠡᠳ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠬᠦᠯᠬᠦ ᠬᠡᠷᠡᠭᠲᠡᠢ︔ ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠳᠤᠷᠢᠳᠬᠤ ᠪᠠᠶᠢᠭᠤᠯᠤᠮᠵᠢ ᠲᠠᠢ ᠪᠠᠶᠢᠪᠠᠯ᠂ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠳᠤᠷᠢᠳᠬᠤ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠬᠤᠷᠢᠨ ᠳᠣᠯᠣᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ ᠪᠠ ᠲᠣᠬᠢᠷᠠᠭᠤᠯᠬᠤ᠂ ᠵᠤᠬᠢᠴᠠᠭᠤᠯᠬᠤ ᠳᠠᠭᠠᠨ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠭᠤᠣᠯ ᠮᠥᠷᠡᠨ ᠤ ᠵᠦᠢ ᠵᠣᠬᠢᠰᠲᠠᠶ ᠤᠷᠤᠰᠬᠠᠯ ᠤᠨ ᠬᠡᠮᠵᠢᠶ᠎ᠡ ᠪᠣᠯᠤᠨ ᠨᠠᠭᠤᠷ ᠲᠣᠭᠤᠷᠢᠮ᠂ ᠴᠥᠭᠦᠷᠥᠮ ᠵᠢᠴᠢ ᠭᠠᠵᠠᠷ ᠳᠣᠣᠷᠠᠬᠢ ᠤᠰᠤᠨ ᠴᠣᠭᠴᠠ ᠶᠢᠨ ᠵᠦᠢ ᠵᠣᠬᠢᠰᠲᠠᠶ ᠤᠰᠤᠨ ᠲᠦᠪᠰᠢᠨ ᠢ ᠪᠠᠲᠤᠯᠠᠵᠤ᠂ ᠦᠨᠳᠦᠰᠦᠨ ᠠᠮᠢ ᠠᠬᠤᠶ ᠶᠢᠨ ᠬᠡᠷᠡᠭᠯᠡᠬᠦ ᠤᠰᠤ ᠶᠢ ᠪᠠᠲᠤᠯᠠᠵᠤ᠂ ᠤᠰᠤᠨ ᠴᠣᠭᠴᠠ ᠶᠢᠨ ᠠᠮᠢ ᠠᠬᠤᠶ ᠶᠢᠨ ᠴᠢᠳᠠᠮᠵᠢ ᠶᠢ ᠬᠠᠮᠠᠭᠠᠯᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠵᠤ ᠪᠠᠶᠢᠭᠠᠳ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠤᠰᠤᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠮᠲᠤᠷᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠪᠠᠷᠢᠮᠵᠢᠶᠠᠯᠠᠬᠤ᠂ ᠨᠢᠭᠡᠳᠦᠯᠲᠡᠢ ᠬᠢᠨᠠᠨ ᠬᠡᠮᠵᠢᠬᠦ᠂ ᠨᠢᠭᠡᠳᠦᠯᠲᠡᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃      ᠬᠤᠷᠢ ᠶᠢᠰᠦᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠠᠪᠠ ᠭᠠᠵᠠᠷ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠶᠢ ᠲᠣᠳᠣᠷᠬᠠᠶ ᠪᠣᠯᠭᠠᠵᠤ᠂ ᠰᠠᠪᠠ ᠭᠠᠵᠠᠷ ᠤᠨ ᠣᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠬᠢᠨᠠᠨ ᠬᠡᠮᠵᠢᠬᠦ᠂ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠪᠠ ᠭᠠᠵᠠᠷ ᠤᠨ ᠣᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠤᠷᠢᠳᠴᠢᠯᠠᠨ ᠰᠡᠷᠡᠮᠵᠢᠯᠡᠬᠦᠯᠬᠦ ᠶᠢ ᠬᠡᠷᠡᠭᠵᠢᠬᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠰᠠᠪᠠ ᠭᠠᠵᠠᠷ ᠤᠨ ᠠᠮᠢ ᠠᠬᠤᠶ ᠣᠷᠴᠢᠨ ᠲᠤᠭᠤᠷᠢᠨ ᠤ ᠴᠢᠳᠠᠮᠵᠢ ᠶᠢᠨ ᠬᠡᠷᠡᠭᠴᠡᠭᠡ ᠶᠢ ᠦᠨᠳᠦᠰᠦᠯᠡᠨ᠂ ᠭᠤᠣᠯ ᠮᠥᠷᠡᠨ᠂ ᠨᠠᠭᠤᠷ ᠴᠦᠬᠦᠷᠦᠮ᠂ ᠨᠠᠮᠤᠭ ᠭᠠᠵᠠᠷ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠬᠢᠶᠠᠮᠠᠯ ᠨᠠᠮᠤᠭ ᠭᠠᠵᠠᠷ᠂ ᠤᠰᠤᠨ ᠤ ᠰᠤᠷᠪᠤᠯᠵᠢ ᠶᠢ ᠬᠠᠳᠠᠭᠠᠯᠠᠬᠤ ᠤᠢ᠂ ᠭᠤᠣᠯ ᠳᠠᠭᠠᠤ ᠨᠠᠭᠤᠷ ᠳᠠᠭᠠᠤ ᠶᠢᠨ ᠤᠷᠭᠤᠮᠠᠯ ᠤᠨ ᠬᠤᠴᠢᠯᠭ᠎ᠠ ᠶᠢ ᠨᠠᠮᠳᠠᠭᠤᠯᠬᠤ ᠪᠦᠰᠡ ᠪᠠ ᠲᠤᠰᠠᠭᠠᠷᠯᠠᠬᠤ ᠪᠦᠰᠡ ᠵᠡᠷᠭᠡ ᠠᠮᠢ ᠠᠬᠤᠶ ᠤᠷᠴᠢᠨ ᠲᠤᠭᠤᠷᠢᠨ ᠢ ᠵᠠᠰᠠᠬᠤ ᠪᠠ ᠬᠠᠮᠠᠭᠠᠯᠠᠬᠤ ᠢᠨᠵᠧᠨᠧᠷᠢᠩ ᠢ ᠪᠠᠶᠢᠭᠤᠯᠵᠤ᠂ ᠬᠠᠷ᠎ᠠ ᠦᠮᠡᠬᠡᠶ ᠤᠰᠤᠨ ᠴᠣᠭᠴᠠ ᠶᠢ ᠴᠡᠭᠴᠡᠯᠡᠨ ᠵᠠᠰᠠᠵᠤ᠂ ᠰᠠᠪᠠ ᠭᠠᠵᠠᠷ ᠤᠨ ᠣᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢ ᠳᠡᠭᠡᠭᠰᠢᠯᠡᠭᠦᠯᠬᠦ ᠬᠡᠷᠡᠭᠲᠡᠶ᠃      ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠬᠢᠬᠦ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠠᠪᠠ ᠭᠠᠵᠠᠷ ᠤᠨ ᠠᠮᠢ ᠠᠬᠤᠶ ᠣᠷᠴᠢᠨ ᠲᠤᠭᠤᠷᠢᠨ ᠤ ᠴᠢᠳᠠᠮᠵᠢ ᠶᠢ ᠬᠠᠮᠠᠭᠠᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃      ᠭᠤᠴᠢᠳᠤᠭᠠᠷ ᠵᠦᠢᠯ  ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠵᠤ ᠬᠠᠮᠢᠶᠠᠷᠬᠤ ᠡᠷᠬᠡ ᠶᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ ᠤᠳ ᠬᠠᠷᠢᠶᠠᠯᠠᠬᠤ ᠬᠡᠪᠴᠢᠶᠡᠨ ᠤ ᠪᠠᠨ ᠳᠣᠲᠣᠷᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠬᠤ ᠡᠷᠬᠡ ᠲᠠᠢ᠃ ᠪᠠᠶᠢᠴᠠᠭᠠᠭᠳᠠᠬᠤ ᠨᠢᠭᠡᠴᠢ ᠪᠠᠶᠢᠳᠠᠯ ᠢᠶᠠᠨ ᠦᠨᠡᠨ ᠮᠥᠨ ᠢᠶᠠᠷ ᠨᠢ ᠲᠤᠰᠬᠠᠵᠤ᠂ ᠴᠢᠬᠤᠯᠠ ᠪᠦᠬᠦᠢ ᠮᠠᠲ᠋ᠧᠷᠢᠶᠠᠯ ᠢ ᠬᠠᠩᠭᠠᠵᠤ ᠥᠭᠬᠦ ᠬᠡᠷᠡᠭᠲᠡᠢ᠃ ᠪᠠᠶᠢᠴᠠᠭᠠᠬᠤ ᠪᠠᠶᠢᠭᠤᠯᠭ᠎ᠠ ᠨᠢ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠪᠠᠶᠢᠴᠠᠭᠠᠯᠲᠠ ᠶᠢᠨ ᠳᠤᠮᠳᠠ  ᠤᠯᠵᠤ ᠮᠡᠳᠡᠭᠰᠡᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ᠃      ᠭᠤᠴᠢᠨ ᠨᠢᠭᠡᠳᠦᠭᠡᠷ ᠵᠦᠢᠯ  ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠤᠰᠤᠨ ᠤ ᠪᠣᠬᠢᠷᠲᠤᠯ ᠤᠨ ᠵᠢᠭᠤᠷᠠᠯᠳᠤᠭᠠᠨ ᠢ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠥᠪᠳᠡᠯᠴᠡᠨ ᠰᠢᠢᠳᠪᠤᠷᠢᠯᠡᠬᠦ ᠪᠤᠶᠤ ᠲᠡᠳᠡᠨ ᠤ ᠬᠠᠮᠲᠤ ᠶᠢᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠴᠠᠭᠤᠯᠤᠨ  ᠰᠢᠢᠳᠪᠤᠷᠢᠯᠡᠨ᠎ᠡ᠃      ᠳᠥᠷᠪᠡᠳᠦᠭᠡᠷ ᠪᠦᠯᠦᠭ  ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ      ᠨᠢᠭᠡᠳᠦᠭᠡᠷ ᠬᠡᠰᠡᠭ ᠡ᠊ᠩ ᠤᠨ ᠲᠣᠭᠲᠠᠭᠠᠯ      ᠭᠤᠴᠢᠨ ᠬᠤᠶᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ᠂ ᠤᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠠᠬᠤᠢ ᠣᠷᠴᠢᠨ ᠲᠤᠭᠤᠷᠢᠨ ᠢ ᠬᠤᠬᠢᠷᠠᠭᠤᠯᠤᠭᠰᠠᠨ ᠪᠠ ᠨᠥᠯᠥᠭᠡᠯᠡᠭᠰᠡᠨ ᠬᠡᠮᠵᠢᠶ᠎ᠡ ᠶᠢ ᠨᠢ ᠦᠨᠳᠦᠰᠦᠯᠡᠨ᠂ ᠬᠤᠤᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃      ᠡᠮᠦᠨᠡᠬᠢ ᠪᠠᠳᠠᠭ ᠲᠤ ᠲᠣᠭᠲᠠᠭᠠᠭᠰᠠᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠰᠠᠨ ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ ᠦᠢᠯᠡᠳᠪᠤᠷᠢᠯᠡᠯ ᠡᠵᠡᠩᠨᠡᠭᠴᠢ ᠪᠣᠬᠢᠷᠲᠤᠯ ᠭᠠᠳᠠᠭᠰᠢᠯᠠᠭᠤᠯᠬᠤ  ᠠᠮᠠ ᠪᠠ ᠡᠷᠬᠢᠨ ᠲᠣᠭᠤᠷᠢᠨ ᠤ ᠣᠷᠴᠢᠨ ᠲᠤᠭᠤᠷᠢᠨ  ᠢ ᠬᠢᠨᠠᠨ ᠬᠡᠮᠵᠢᠵᠦ᠂ ᠣᠷᠴᠢᠨ  ᠲᠤᠭᠤᠷᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠤᠭᠤᠷᠢᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠮᠡᠳᠡᠭᠡ ᠵᠠᠩᠭᠢ ᠶᠢ ᠢᠯᠡ ᠪᠣᠯᠭᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠤᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃      ᠭᠤᠴᠢᠨ ᠭᠤᠷᠪᠠᠳᠤᠭᠠᠷ ᠵᠦᠢᠯ  ᠤᠰᠤᠨ ᠴᠣᠭᠴᠠ ᠳᠤ ᠲᠣᠰᠣᠯᠢᠭ ᠵᠦᠢᠯ᠂ ᠬᠦᠴᠢᠯᠯᠢᠭ ᠰᠢᠩᠭᠡᠨ᠂ ᠱᠦᠯᠲᠦ ᠶᠢᠨ ᠰᠢᠩᠭᠡᠨ ᠪᠤᠶᠤ ᠲᠤᠬᠰᠢᠨ ᠬᠤᠣᠷᠲᠠᠢ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠬᠤ ᠶᠢ ᠴᠠᠭᠠᠵᠠᠯᠠᠨ᠎ᠠ᠃      ᠤᠰᠦᠠ ᠴᠣᠭᠴᠠ ᠳᠤ ᠲᠤᠰᠦᠠ ᠤ ᠵᠦᠢᠯ ᠪᠤᠶᠤ ᠬᠤᠣᠷ ᠲᠠᠢ ᠪᠣᠬᠢᠷᠲᠤᠯ ᠪᠣᠳᠠᠰ ᠢ ᠰᠠᠪᠠᠯᠠᠵᠤ ᠬᠠᠳᠠᠭᠠᠯᠠᠭᠰᠠᠨ ᠲᠡᠷᠭᠡ ᠤᠨᠤᠭ᠎ᠠ ᠪᠣᠯᠤᠨ ᠰᠡᠪᠡ ᠬᠡᠷᠡᠭᠰᠡᠯ ᠢ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃      ᠭᠤᠴᠢᠨ ᠳᠥᠷᠪᠡᠳᠦᠭᠡᠷ ᠵᠦᠢᠯ  ᠤᠰᠤᠨ ᠴᠣᠭᠴᠠ ᠳᠤ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠦᠨᠳᠦᠷ ᠰᠠᠴᠤᠷᠠᠭ ᠴᠢᠨᠠᠷᠲᠠᠶ ᠪᠠ ᠳᠤᠮᠳᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ᠂ ᠴᠢᠳᠬᠤᠬᠤ ᠶᠢ ᠴᠠᠭᠠᠵᠠᠯᠠᠨ᠎ᠠ᠃      ᠤᠰᠤᠨ ᠴᠣᠭᠴᠠ ᠳᠤ ᠳᠣᠣᠷ᠎ᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠳᠠᠭᠠᠨ ᠰᠠᠴᠤᠷᠠᠭ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ᠃      ᠭᠤᠴᠢᠨ ᠲᠠᠪᠤᠳᠤᠭᠠᠷ ᠵᠦᠢᠯ  ᠤᠰᠤᠨ ᠴᠣᠭᠴᠠ ᠳᠤ ᠬᠠᠯᠠᠭᠤᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠳᠠᠭᠠᠨ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠴᠣᠭᠴᠠ ᠶᠢᠨ ᠤᠰᠤᠨ ᠤ ᠳᠤᠯᠠᠭᠠᠨ ᠤ ᠬᠡᠮᠵᠢᠶ᠎ᠡ ᠶᠢ ᠤᠰᠤᠨ ᠤ ᠣᠷᠴᠢᠨ ᠲᠣᠭᠤᠷᠢᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃      ᠭᠤᠴᠢᠨ ᠵᠢᠷᠭᠤᠳᠤᠭᠠᠷ ᠵᠦᠢᠯ  ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠶᠢ ᠠᠷᠢᠭᠤᠳᠬᠠᠨ ᠰᠢᠢᠳᠪᠤᠷᠢᠯᠡᠬᠦ ᠬᠡᠷᠡᠭᠲᠡᠶ︔ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠰᠡᠨ ᠤ ᠲᠡᠷᠠᠭ᠎ᠠ ᠰᠠᠶ᠋ᠢ ᠭᠠᠳᠠᠭᠰᠢᠯᠠᠭᠤᠯᠵᠤ ᠪᠣᠯᠤᠨ᠎ᠠ᠃      ᠭᠤᠴᠢᠨ ᠳᠣᠯᠣᠳᠤᠭᠠᠷ ᠵᠦᠢᠯ  ᠤᠰᠤᠨ ᠴᠣᠭᠴᠠ ᠳᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ ᠬᠤᠳᠠ ᠪᠠᠯᠭᠠᠰᠤᠨ ᠤ ᠬᠤᠭ ᠨᠣᠪᠰᠢ ᠪᠠ ᠪᠤᠰᠤᠳ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ᠂ ᠴᠢᠳᠬᠤᠬᠤ ᠶᠢ ᠴᠠᠭᠠᠵᠠᠯᠠᠨ᠎ᠠ᠃      ᠮᠥᠩᠭᠦᠨ ᠤᠰᠤ᠂ ᠺᠠᠳ᠋ᠮᠢ᠂ ᠠᠷᠰᠧᠨ᠂ ᠾᠷᠣᠮ᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠰᠢᠷ᠎ᠠ ᠹᠣᠰᠹᠣᠷ ᠵᠡᠷᠭᠡ ᠶᠢ ᠠᠭᠤᠯᠤᠭᠰᠠᠨ ᠠᠭᠤᠰᠤᠮᠠᠬᠠᠢ ᠴᠢᠨᠠᠷᠲᠠᠶ ᠲᠤᠬᠰᠢᠨ ᠬᠤᠣᠷᠲᠠᠢ ᠬᠠᠶᠠᠭᠳᠠᠮᠠᠯ ᠰᠢᠭᠠᠷᠤ ᠶᠢ ᠤᠰᠤᠨ ᠴᠣᠭᠴᠠ ᠳᠤ ᠭᠠᠳᠠᠭᠰᠢᠯᠠᠭᠤᠯᠬᠤ᠂ ᠴᠢᠳᠬᠤᠬᠤ ᠪᠤᠶᠤ ᠰᠢᠭᠤᠳ ᠭᠠᠵᠠᠷ ᠳᠣᠣᠷ᠎ᠠ ᠪᠤᠯᠠᠬᠤ ᠶᠢ ᠴᠠᠭᠠᠵᠠᠯᠠᠨ᠎ᠠ᠃      ᠠᠭᠤᠰᠬᠤ ᠴᠢᠨᠠᠷᠲᠠᠶ ᠲᠤᠬᠰᠢᠨ ᠬᠤᠣᠷᠲᠠᠢ ᠬᠠᠶᠠᠭᠳᠠᠮᠠᠯ ᠰᠢᠭᠠᠷᠤ ᠶᠢ ᠬᠠᠳᠠᠭᠠᠯᠠᠬᠤ ᠲᠠᠯᠠᠪᠤᠷ ᠲᠤ ᠤᠰᠤ ᠶᠢ ᠰᠡᠷᠭᠡᠶᠢᠯᠡᠬᠦ᠂ ᠨᠡᠪᠴᠢᠵᠦ ᠭᠤᠭᠤᠵᠢᠬᠤ ᠶᠢ ᠰᠡᠷᠭᠡᠶᠢᠯᠡᠬᠦ᠂ ᠭᠡᠭᠡᠭᠳᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠭᠤᠣᠯ ᠮᠥᠷᠡᠨ᠂ ᠨᠠᠭᠤᠷ ᠲᠣᠭᠤᠷᠢᠮ᠂ ᠲᠠᠲᠠᠮᠠᠯ ᠭᠤᠣᠯ᠂ ᠤᠰᠤᠨ ᠰᠤᠪᠠᠭ᠂ ᠴᠥᠭᠦᠷᠥᠮ ᠤᠨ ᠬᠠᠮᠤᠭ ᠤᠨ ᠳᠡᠭᠡᠳᠦ ᠤᠰᠤᠨ ᠲᠦᠪᠰᠢᠨ ᠤ ᠱᠤᠭᠤᠮ ᠠᠴᠠ ᠳᠣᠷᠣᠭᠰᠢᠬᠢ ᠲᠠᠩ ᠰᠠᠶᠢᠷ ᠭᠠᠵᠠᠷ ᠪᠠ ᠡᠷᠭᠢ ᠶᠢᠨ ᠬᠠᠵᠠᠭᠤ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠪᠤᠰᠤᠳ ᠪᠣᠬᠢᠷᠲᠤᠯ ᠪᠣᠳᠠᠰ ᠢ ᠣᠪᠣᠭᠠᠯᠠᠨ ᠲᠠᠯᠪᠢᠬᠤ᠂ ᠬᠠᠳᠠᠭᠠᠯᠠᠬᠤ ᠶᠢ ᠴᠠᠭᠠᠵᠠᠯᠠᠨ᠎ᠠ᠃      ᠭᠤᠴᠢ ᠶᠢᠰᠦᠳᠦᠭᠡᠷ ᠵᠦᠢᠯ  ᠨᠡᠪᠴᠢᠯᠲᠡ ᠶᠢᠨ ᠬᠤᠳᠳᠤᠭ᠂ ᠨᠡᠪᠴᠢᠯᠲᠡ ᠶᠢᠨ ᠨᠦᠬᠡ᠂ ᠠᠩ ᠵᠠᠪᠰᠠᠷ᠂ ᠠᠭᠤᠰᠤᠭᠳᠠᠮᠠᠯ ᠠᠭᠤᠢ ᠶᠢ ᠠᠰᠢᠭᠯᠠᠬᠤ᠂ ᠳᠤᠷ᠎ᠠ ᠪᠠᠷ ᠢᠶᠠᠨ ᠳᠠᠯᠳᠠ ᠬᠤᠭᠤᠯᠠᠢ ᠲᠠᠯᠪᠢᠬᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠭᠡᠷᠡᠲᠦᠭᠦᠯᠬᠦ᠂ ᠬᠠᠭᠤᠷᠮᠠᠭᠯᠠᠨ ᠵᠣᠬᠢᠶᠠᠬᠤ᠂ ᠡᠰᠡᠬᠦᠯ᠎ᠡ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠠᠴᠠ ᠵᠠᠶᠢᠯᠠᠬᠤ ᠠᠷᠭ᠎ᠠ ᠮᠠᠶ᠋ᠢᠭ ᠢᠶᠠᠷ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠴᠠᠭᠠᠵᠠᠯᠠᠨ᠎ᠠ᠃      ᠳᠥᠴᠢᠳᠦᠭᠡᠷ ᠵᠦᠢᠯ  ᠬᠢᠮᠢ ᠶᠢᠨ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠠᠵᠤ ᠦᠢᠯᠡᠳᠪᠦᠷᠢ ᠶᠢᠨ ᠪᠥᠭᠡᠮᠨᠡᠷᠡᠭᠰᠡᠨ ᠣᠷᠣᠨ᠂ ᠠᠭᠤᠷᠬᠠᠶ ᠶᠢᠨ ᠨᠡᠭᠡᠭᠡᠨ ᠮᠠᠯᠲᠠᠬᠤ ᠣᠷᠣᠨ᠂ ᠦᠯᠡᠳᠡᠭᠳᠡᠯ ᠬᠦᠳᠡᠷ ᠤᠨ ᠬᠥᠮᠥᠷᠭᠡ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠲᠠᠯᠠᠪᠤᠷ᠂ ᠬᠤᠭ ᠨᠣᠪᠰᠢ ᠪᠤᠯᠠᠬᠤ ᠲᠠᠯᠠᠪᠤᠷ ᠵᠡᠷᠭᠡ ᠶᠢ ᠡᠵᠡᠩᠨᠡᠬᠦ᠂ ᠬᠠᠮᠢᠶᠠᠷᠬᠤ ᠨᠢᠭᠡᠴᠢ ᠨᠦᠭᠦᠳ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠭᠠᠵᠠᠷ ᠳᠣᠣᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠬᠤᠳᠳᠤᠭ ᠪᠠᠶᠢᠭᠤᠯᠤᠨ ᠬᠢᠨᠠᠨ ᠬᠡᠮᠵᠢᠵᠦ᠂ ᠭᠠᠵᠠᠷ ᠳᠣᠣᠷᠠᠬᠢ ᠤᠰᠤᠨ ᠤ ᠪᠣᠬᠢᠷᠲᠤᠯ ᠠᠴᠠ ᠰᠡᠷᠭᠡᠶᠢᠯᠡᠬᠦ ᠬᠡᠷᠡᠭᠲᠡᠶ᠃      ᠲᠣᠰᠣ ᠨᠡᠮᠡᠬᠦ ᠥᠷᠲᠡᠭᠡ ᠵᠡᠷᠭᠡ ᠶᠢᠨ ᠭᠠᠵᠠᠷ ᠳᠣᠤᠷᠠᠬᠢ ᠲᠣᠰᠣᠨ ᠰᠠᠪᠠ ᠳᠤ ᠳᠠᠪᠬᠤᠷ ᠰᠠᠪᠠ ᠬᠡᠷᠡᠭᠯᠡᠬᠦ ᠪᠤᠶᠤ ᠨᠡᠪᠴᠢᠬᠦ ᠶᠢ ᠰᠡᠷᠭᠡᠶᠢᠯᠡᠬᠦ ᠲᠠᠲᠠᠭᠠᠯ ᠪᠠᠶᠢᠭᠤᠯᠬᠤ ᠵᠡᠷᠭᠡ ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠨᠡᠪᠴᠢᠬᠦ ᠶᠢ ᠰᠡᠷᠭᠡᠶᠢᠯᠡᠬᠦ ᠬᠢᠨᠠᠨ ᠬᠡᠮᠵᠢᠯᠲᠡ ᠬᠢᠵᠦ᠂ ᠭᠠᠵᠠᠷ ᠳᠣᠤᠷᠠᠬᠢ ᠤᠰᠤᠨ ᠤ ᠪᠣᠬᠢᠷᠲᠤᠬᠤ ᠠᠴᠠ ᠰᠡᠷᠭᠡᠶᠢᠯᠡᠬᠦ ᠬᠡᠷᠡᠭᠲᠡᠶ᠃      ᠨᠡᠪᠴᠢᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ᠂ ᠨᠦᠭᠡ ᠵᠡᠷᠭᠡ ᠶᠢ ᠠᠰᠢᠭᠯᠠᠨ ᠬᠤᠣᠷᠲᠤ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠪᠠ ᠪᠤᠰᠤᠳ ᠬᠠᠶᠠᠭᠳᠠᠮᠠᠯ ᠪᠣᠳᠠᠰ ᠢ ᠬᠦᠷᠭᠡᠬᠦ ᠪᠤᠶᠤ ᠬᠠᠳᠠᠭᠠᠯᠠᠬᠤ ᠶᠢ ᠴᠠᠭᠠᠵᠠᠯᠠᠨ᠎ᠠ᠃      ᠳᠥᠴᠢᠨ ᠨᠢᠭᠡᠳᠦᠭᠡᠷ ᠵᠦᠢᠯ  ᠤᠯᠠᠨ ᠳᠠᠪᠬᠤᠷᠭᠠᠲᠤ ᠭᠠᠵᠠᠷ ᠳᠣᠣᠷᠠᠬᠢ ᠤᠰᠤᠨ ᠤ ᠤᠰᠤ ᠠᠭᠤᠯᠤᠭᠰᠠᠨ ᠳᠠᠪᠬᠤᠷᠭ᠎ᠠ ᠶᠢᠨ ᠤᠰᠤᠨ ᠤ ᠴᠢᠨᠠᠷ ᠤᠨ ᠵᠥᠷᠢᠶ᠎ᠡ ᠨᠢ ᠶᠡᠭᠡ ᠪᠠᠶᠢᠪᠠᠯ᠂ ᠳᠠᠪᠬᠤᠷᠭ᠎ᠠ ᠬᠤᠪᠢᠶᠠᠨ ᠨᠡᠭᠡᠭᠡᠨ ᠮᠠᠯᠲᠠᠬᠤ ᠬᠡᠷᠡᠭᠲᠡᠶ︔ ᠨᠢᠭᠡᠨᠲᠡ ᠪᠣᠬᠢᠷᠲᠤᠭᠳᠠᠭᠰᠠᠨ ᠳᠠᠯᠳᠠ ᠤᠰᠤ ᠪᠠ ᠳᠠᠷᠤᠯᠲᠠᠲᠤ ᠤᠰᠤ ᠶᠢ ᠬᠤᠯᠢᠯᠳᠤᠭᠤᠯᠤᠨ ᠮᠠᠯᠲᠠᠵᠤ ᠪᠣᠯᠬᠤ ᠦᠭᠡᠢ᠃      ᠳᠥᠴᠢᠨ ᠬᠤᠶᠠᠳᠤᠭᠠᠷ ᠵᠦᠢᠯ  ᠭᠠᠵᠠᠷ ᠳᠣᠣᠷᠠᠬᠢ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠪᠤᠶᠤ ᠭᠠᠵᠠᠷ ᠳᠣᠣᠷ᠎ᠠ ᠬᠠᠶᠢᠨ ᠰᠢᠨᠵᠢᠬᠦ᠂ ᠠᠭᠤᠷᠬᠠᠶ ᠮᠠᠯᠲᠠᠬᠤ ᠵᠡᠷᠭᠡ ᠠᠵᠢᠯᠯᠠᠭ᠎ᠠ ᠬᠢᠬᠦ ᠳᠡᠭᠡᠨ ᠰᠡᠷᠭᠡᠶᠢᠯᠡᠨ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ ᠤ ᠪᠣᠬᠢᠷᠲᠤᠬᠤ ᠠᠴᠠ ᠰᠡᠷᠭᠡᠶᠢᠯᠡᠬᠦ ᠬᠡᠷᠡᠭᠲᠡᠶ᠃      ᠬᠡᠷᠡᠭᠯᠡᠭᠡᠨ ᠠᠴᠠ ᠭᠠᠷᠤᠭᠰᠠᠨ ᠠᠭᠤᠷᠬᠠᠶ ᠶᠢᠨ ᠬᠤᠳᠳᠤᠭ ᠂ ᠦᠷᠦᠮᠳᠡᠭᠰᠡᠨ ᠬᠤᠳᠳᠤᠭ ᠪᠤᠶᠤ  ᠤᠰᠤᠨ ᠬᠤᠳᠳᠤᠭ ᠵᠡᠷᠭᠡ ᠶᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠬᠡᠷᠡᠭᠲᠡᠶ᠃      ᠳᠥᠴᠢᠨ ᠭᠤᠷᠪᠠᠳᠤᠭᠠᠷ ᠵᠦᠢᠯ  ᠬᠦᠮᠦᠨ ᠤ ᠬᠦᠴᠦ ᠪᠠᠷ ᠡᠭᠡᠭᠦᠯᠦᠨ ᠴᠢᠳᠬᠤᠵᠤ ᠭᠠᠵᠠᠷ ᠳᠣᠣᠷᠠᠬᠢ ᠤᠰᠤ ᠶᠢ ᠨᠥᠬᠦᠪᠥᠷᠢᠯᠡᠬᠦ ᠳᠡᠭᠡᠨ ᠭᠠᠵᠠᠷ ᠳᠣᠣᠷᠠᠬᠢ ᠤᠰᠤᠨ ᠤ ᠴᠢᠨᠠᠷ ᠢ ᠮᠠᠭᠤᠳᠠᠭᠤᠯᠵᠤ ᠪᠣᠯᠬᠤ ᠦᠭᠡᠢ᠃      ᠬᠤᠶᠠᠳᠤᠭᠠᠷ ᠬᠡᠰᠡᠭ ᠠᠵᠤ ᠦᠢᠯᠡᠳᠪᠦᠷᠢ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ      ᠳᠥᠴᠢᠨ ᠳᠥᠷᠪᠡᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠵᠤ ᠦᠢᠯᠡᠳᠪᠦᠷᠢ ᠶᠢᠨ ᠪᠠᠶᠢᠷᠢᠰᠢᠯ ᠢ ᠵᠦᠢ ᠵᠣᠬᠢᠰᠲᠠᠶ ᠪᠠᠷ ᠲᠥᠯᠥᠪᠵᠢᠭᠦᠯᠵᠦ᠂ ᠤᠰᠤ ᠶᠢ ᠪᠣᠬᠢᠷᠲᠤᠭᠤᠯᠤᠭᠰᠠᠨ ᠠᠵᠤ ᠠᠬᠤᠶᠢᠯᠠᠯ ᠳᠤ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠬᠢᠯᠭᠡᠬᠦ ᠪᠠᠷ ᠱᠠᠭᠠᠷᠳᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠤᠰᠤ ᠶᠢ ᠳᠠᠪᠲᠠᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠬᠠᠶᠠᠭᠳᠠᠮᠠᠯ ᠤᠰᠤ ᠪᠣᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠲᠡᠶ᠃      ᠳᠥᠴᠢᠨ ᠲᠠᠪᠤᠳᠤᠭᠠᠷ ᠵᠦᠢᠯ  ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠠᠵᠤ ᠠᠬᠤᠶᠢᠯᠠᠯ ᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠠᠷᠭᠠᠭᠰᠠᠨ ᠪᠦᠬᠦ ᠬᠠᠶᠠᠭᠳᠠᠮᠠᠯ ᠤᠰᠤ ᠶᠢ ᠴᠤᠭᠯᠠᠭᠤᠯᠤᠨ ᠰᠢᠢᠳᠪᠤᠷᠢᠯᠡᠵᠦ᠂ ᠣᠷᠴᠢᠨ ᠲᠤᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃ ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠠᠭᠤᠯᠤᠭᠰᠠᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠲᠦᠷᠦᠯ ᠬᠤᠪᠢᠶᠠᠨ ᠴᠤᠭᠯᠠᠭᠤᠯᠬᠤ ᠪᠠ ᠰᠢᠢᠳᠪᠤᠷᠢᠯᠡᠬᠦ ᠬᠡᠷᠡᠭᠲᠡᠶ᠂ ᠰᠢᠩᠭᠡᠷᠡᠭᠦᠯᠦᠨ ᠭᠠᠳᠠᠭᠰᠢᠯᠠᠭᠤᠯᠵᠤ ᠪᠣᠯᠬᠤ ᠦᠭᠡᠢ᠃      ᠠᠵᠤ ᠦᠢᠯᠡᠳᠪᠦᠷᠢ ᠶᠢᠨ ᠪᠥᠭᠡᠮᠨᠡᠷᠡᠯ ᠤᠨ ᠣᠷᠣᠨ ᠳᠤ ᠪᠣᠬᠢᠷ ᠤᠰᠤ ᠶᠢ ᠲᠥᠪᠯᠡᠷᠡᠭᠦᠯᠦᠨ  ᠰᠢᠢᠳᠪᠤᠷᠢᠯᠡᠬᠦ ᠵᠣᠬᠢᠴᠠᠩᠭᠤᠶ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ ᠤᠭᠰᠠᠷᠠᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠲᠠᠢ ᠰᠦᠯᠵᠢᠶᠡᠨ ᠳᠤ ᠬᠤᠯᠪᠣᠬᠤ ᠶᠢᠨ ᠬᠠᠮᠲᠤ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠬᠤ ᠬᠡᠷᠡᠭᠲᠡᠶ᠃      ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠪᠡᠯᠡᠳᠬᠡᠮᠵᠢ ᠳᠤ ᠠᠵᠤ ᠦᠢᠯᠡᠳᠪᠤᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠤᠷᠢᠳᠴᠢᠯᠠᠨ ᠰᠢᠢᠳᠪᠤᠷᠢᠯᠡᠵᠦ᠂ ᠲᠥᠪᠯᠡᠷᠡᠭᠦᠯᠦᠨ ᠰᠢᠢᠳᠪᠤᠷᠢᠯᠡᠬᠦ ᠪᠡᠯᠡᠳᠬᠡᠮᠵᠢ ᠶᠢ  ᠰᠢᠢᠳᠪᠤᠷᠢᠯᠡᠬᠦ ᠤᠷᠠᠯᠠᠯ ᠤᠨ ᠱᠠᠭᠠᠷᠳᠠᠯᠭ᠎ᠠ ᠳᠤ ᠭᠦᠷᠦᠭᠰᠡᠨ ᠤ ᠳᠠᠷᠠᠭ᠎ᠠ ᠰᠠᠶ᠋ᠢ ᠭᠠᠳᠠᠭᠰᠢᠯᠠᠭᠤᠯᠵᠤ ᠪᠣᠯᠤᠨ᠎ᠠ᠃      ᠳᠥᠴᠢᠨ ᠵᠢᠷᠭᠤᠳᠤᠭᠠᠷ ᠵᠦᠢᠯ  ᠤᠯᠤᠰ ᠠᠴᠠ ᠤᠰᠤᠨ ᠤ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠲᠤᠭᠤᠯᠬᠤ ᠬᠤᠴᠣᠷᠤᠩᠭᠤᠢ ᠤᠷᠠᠯᠠᠯ ᠪᠠ ᠲᠤᠨᠤᠭ ᠲᠥᠬᠦᠭᠡᠷᠦᠮᠵᠢ ᠶᠢ  ᠰᠢᠭᠰᠢᠬᠦ ᠲᠦᠷᠢᠮ ᠢ ᠬᠡᠷᠡᠭᠵᠢᠭᠦᠯᠦᠨ᠎ᠡ᠃      ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠡᠵᠡᠮᠳᠡᠯ ᠤᠨ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠬᠡᠷᠡᠭᠯᠡᠬᠦ ᠶᠢ ᠨᠢ ᠬᠤᠭᠤᠴᠠᠭ᠎ᠠ ᠲᠣᠭᠲᠠᠭᠠᠨ ᠴᠠᠭᠠᠵᠠᠯᠠᠭᠰᠠᠨ ᠤᠰᠤᠨ ᠤ ᠣᠷᠴᠢᠨ ᠲᠤᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠤᠷᠠᠯᠠᠯ ᠤᠨ ᠨᠡᠷᠡᠰ ᠤᠨ ᠵᠢᠭᠰᠠᠭᠠᠯᠲᠠ ᠪᠠ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ᠂ ᠬᠡᠷᠡᠭᠯᠡᠬᠦ ᠶᠢ ᠨᠢ ᠬᠤᠭᠤᠴᠠᠭ᠎ᠠ ᠲᠣᠭᠲᠠᠭᠠᠨ ᠴᠠᠭᠠᠵᠠᠯᠠᠭᠰᠠᠨ ᠤᠰᠤᠨ ᠤ ᠣᠷᠴᠢᠨ ᠲᠤᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠲᠥᠬᠦᠭᠡᠷᠦᠮᠵᠢ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠨ᠎ᠡ᠃      ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠭᠠᠳᠠᠭᠠᠳᠤ ᠠᠴᠠ ᠣᠷᠣᠭᠤᠯᠤᠭᠴᠢ ᠪᠤᠶᠤ ᠬᠡᠷᠡᠭᠯᠡᠭᠴᠢ ᠡᠮᠦᠨᠡᠬᠢ ᠪᠠᠳᠠᠭ ᠲᠤ ᠲᠣᠭᠲᠠᠭᠠᠭᠰᠠᠨ ᠲᠤᠨᠤᠭ ᠲᠥᠬᠦᠭᠡᠷᠦᠮᠵᠢ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠬᠡᠷᠡᠭᠯᠡᠬᠦ ᠪᠠᠨ ᠲᠣᠭᠲᠠᠭᠰᠠᠨ ᠬᠤᠭᠤᠴᠠᠭᠠᠨ ᠤ ᠳᠣᠲᠣᠷ᠎ᠠ ᠵᠣᠭᠰᠣᠭᠠᠬᠤ ᠬᠡᠷᠡᠭᠲᠡᠢ᠃ ᠤᠷᠠᠯᠠᠯ ᠢ ᠬᠡᠷᠡᠭᠯᠡᠭᠴᠢᠳ ᠡᠮᠦᠨᠡᠬᠢ ᠪᠠᠳᠠᠭ ᠲᠤ ᠲᠣᠭᠲᠠᠭᠠᠭᠰᠠᠨ ᠤᠷᠠᠯᠠᠯ ᠤᠨ ᠨᠡᠷᠡᠰ ᠤᠨ ᠵᠢᠭᠰᠠᠭᠠᠯᠲᠠ ᠳᠤ ᠤᠷᠤᠭᠰᠠᠨ ᠤᠷᠠᠯᠠᠯ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠬᠡᠷᠡᠭᠯᠡᠬᠦ ᠪᠠᠨ ᠵᠣᠭᠰᠣᠬᠤ ᠬᠡᠷᠡᠭᠲᠡᠶ᠃      ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ  ᠰᠢᠭᠰᠢᠭᠳᠡᠭᠰᠡᠨ ᠲᠤᠨᠤᠭ ᠲᠥᠬᠦᠭᠡᠷᠦᠮᠵᠢ ᠶᠢ ᠪᠤᠰᠤᠳ ᠲᠤ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠦᠭᠡᠢ᠃      ᠳᠥᠴᠢᠨ ᠳᠣᠯᠣᠳᠤᠭᠠᠷ ᠵᠦᠢᠯ  ᠤᠯᠤᠰ ᠠᠴᠠ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠦᠯᠭ᠎ᠠ ᠳᠤ ᠤᠢᠯᠦ ᠨᠡᠶᠢᠴᠡᠬᠦ ᠵᠢᠵᠢᠭ ᠬᠡᠯᠪᠡᠷᠢ ᠶᠢᠨ ᠴᠠᠭᠠᠰᠤ ᠬᠢᠬᠦ᠂ ᠠᠷᠠᠰᠤ ᠰᠢᠷᠢ ᠦᠢᠯᠡᠳᠬᠦ᠂ ᠳᠠᠷᠤᠮᠠᠯᠯᠠᠨ ᠪᠤᠳᠦᠬᠤ᠂ ᠪᠤᠳᠤᠬ᠂ ᠬᠡᠦᠷᠡᠰᠦ ᠪᠣᠯᠪᠠᠰᠤᠷᠠᠭᠤᠯᠬᠤ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠮᠥᠩᠭᠦᠨ ᠤᠰᠤ ᠪᠣᠯᠪᠠᠰᠤᠷᠠᠭᠤᠯᠬᠤ᠂ ᠲᠤᠰᠦ ᠪᠣᠯᠪᠠᠰᠤᠷᠠᠭᠤᠯᠬᠤ᠂ ᠴᠠᠬᠢᠯᠭᠠᠨ ᠢᠶᠠᠷ ᠥᠩᠭᠡᠯᠡᠬᠦ᠂ ᠲᠠᠷᠢᠶᠠᠨ ᠡᠮ᠂ ᠰᠢᠷᠪᠥᠰᠥᠨ ᠴᠢᠯᠠᠭᠤ᠂ ᠱᠦᠢᠨᠢ᠂ ᠰᠢᠯ᠂ ᠪᠤᠯᠤᠤᠠ ᠲᠡᠮᠦᠷ᠂ ᠢᠯᠴᠢ ᠶᠢᠨ ᠴᠠᠬᠢᠯᠭᠠᠨ ᠵᠢᠴᠢ ᠤᠰᠦᠠ ᠤ ᠣᠷᠴᠢᠨ ᠲᠣᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠪᠤᠰᠤᠳ ᠦᠢᠯᠡᠳᠪᠦᠷᠢᠯᠡᠯ ᠤᠨ ᠵᠦᠢᠯᠡᠰ ᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠎ᠠ᠃      ᠳᠥᠴᠢᠨ ᠨᠠᠢᠮᠠᠳᠤᠭᠠᠷ ᠵᠦᠢᠯ  ᠠᠵᠤ ᠠᠬᠤᠶᠢᠯᠠᠯ ᠤᠳ ᠲᠦᠭᠦᠬᠡᠶ ᠡᠳ᠋ ᠮᠠᠲ᠋ᠧᠷᠢᠶᠠᠯ ᠤᠨ ᠠᠰᠢᠭᠯᠠᠯᠲᠠ ᠶᠢᠨ ᠨᠤᠷᠮ᠎ᠠ ᠪᠠᠷ ᠥᠨᠳᠥᠷ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠪᠠᠭ᠎ᠠ ᠪᠠᠶᠢᠳᠠᠭ ᠠᠷᠢᠭᠤᠨ ᠴᠡᠪᠡᠷ ᠤᠨ ᠤᠷᠠᠯᠠᠯ ᠢ ᠬᠡᠷᠡᠭᠯᠡᠬᠦ ᠶᠢᠨ ᠬᠠᠮᠲᠤ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠤ ᠪᠤᠬᠢᠷᠳᠤᠯ ᠪᠤᠳᠠᠰ ᠡᠭᠦᠰᠬᠦ ᠶᠢ ᠪᠠᠭᠠᠰᠬᠠᠬᠤ ᠬᠡᠷᠡᠭᠲᠡᠶ᠃      ᠭᠤᠷᠪᠠᠳᠤᠭᠠᠷ ᠬᠡᠰᠡᠭ  ᠬᠤᠳᠠ ᠪᠠᠯᠭᠠᠰᠤᠨ ᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ      ᠳᠥᠴᠢ ᠶᠢᠰᠦᠳᠦᠭᠡᠷ ᠵᠦᠢᠯ  ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃     ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠲᠥᠰᠦᠪ ᠪᠠ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠵᠤ᠂ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠳᠠ ᠪᠠᠯᠭᠠᠰᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠤᠷᠮ᠎ᠠ ᠪᠠ  ᠰᠢᠢᠳᠪᠤᠷᠢᠯᠡᠬᠦ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃      ᠲᠦᠷᠦ ᠶᠢᠨ ᠶᠠᠪᠤᠳᠠᠯ ᠤᠨ ᠬᠤᠷᠢᠶᠠᠨ ᠤ ᠪᠦᠳᠦᠭᠡᠠ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠡᠭᠤᠯᠦᠯ ᠡᠵᠡᠮᠳᠡᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠬᠤᠳᠠ ᠬᠥᠳᠡᠭᠡ ᠶᠢᠨ ᠲᠥᠯᠥᠪᠵᠢᠭᠦᠯᠭᠡ ᠪᠠ ᠤᠰᠦᠠ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠦᠨᠳᠦᠰᠦᠯᠡᠨ᠂ ᠪᠦᠬᠦ ᠤᠯᠤᠰ ᠤᠨ ᠬᠤᠳᠠ ᠪᠠᠯᠭᠠᠰᠤᠨ ᠤ ᠪᠤᠬᠢᠷ ᠤᠰᠤ ᠰᠢᠢᠳᠪᠤᠷᠢᠯᠡᠬᠦ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠬᠤ ᠶᠢ ᠵᠤᠬᠢᠶᠠᠨ ᠪᠠᠶᠢᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠯᠲᠠ᠂ ᠠᠵᠤ ᠠᠬᠤᠶ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠡᠵᠡᠮᠳᠡᠯ᠂ ᠣᠷᠴᠢᠨ ᠲᠤᠭᠤᠷᠢᠨ ᠤ ᠬᠠᠮᠠᠭᠠᠯᠠᠯᠲᠠ᠂ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠤᠷᠢᠯᠡᠬᠦ ᠲᠥᠬᠦᠭᠡᠷᠦᠮᠵᠢ ᠶᠢᠨ  ᠪᠠᠶᠢᠭᠤᠯᠤᠯᠲᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠤᠷᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠢ ᠵᠣᠬᠢᠶᠠᠨ ᠪᠠᠶᠢᠭᠤᠯᠵᠤ ᠪᠦᠳᠦᠭᠡᠨ ᠪᠠᠶᠢᠭᠤᠯᠬᠤ ᠬᠡᠷᠡᠭᠲᠡᠶ ᠪᠥᠭᠡᠳ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠡᠵᠡᠩᠨᠡᠯᠳᠡ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃      ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢ  ᠡᠵᠡᠩᠨᠡᠬᠦ ᠨᠢᠭᠡᠴᠢ ᠨᠢ ᠤᠯᠤᠰ ᠤᠨ ᠲᠣᠭᠲᠠᠭᠠᠯ ᠶᠣᠰᠣᠭᠠᠷ ᠪᠣᠬᠢᠷ ᠤᠰᠤ ᠶᠢ ᠭᠠᠳᠠᠭᠰᠢᠯᠠᠭᠤᠯᠤᠭᠴᠢ ᠳᠤ ᠪᠣᠬᠢᠷ ᠤᠰᠤ ᠶᠢ ᠰᠢᠢᠳᠪᠤᠷᠢᠯᠡᠬᠦ ᠲᠥᠯᠥᠪᠦᠷᠢᠲᠦ ᠦᠢᠯᠡᠴᠢᠯᠡᠭᠡ ᠬᠠᠩᠭᠠᠵᠤ᠂ ᠪᠣᠬᠢᠷ ᠤᠰᠤ ᠶᠢ ᠰᠢᠢᠳᠪᠤᠷᠢᠯᠡᠬᠦ ᠰᠦᠢᠳᠬᠡᠯ       ᠬᠤᠷᠢᠶᠠᠵᠤ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠨ᠎ᠠ᠃ ᠬᠤᠷᠢᠶᠠᠵᠤ ᠠᠪᠤᠭᠰᠠᠨ ᠪᠣᠬᠢᠷ ᠤᠰᠤ ᠶᠢ ᠰᠢᠢᠳᠪᠤᠷᠢᠯᠡᠬᠦ ᠰᠦᠢᠳᠬᠡᠯ ᠢ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠠᠵᠢᠯᠯᠠᠭᠠᠨ ᠪᠠ ᠪᠣᠬᠢᠷ ᠰᠢᠪᠠᠷ ᠢ ᠰᠢᠢᠳᠪᠤᠷᠢᠯᠡᠬᠦ ᠳᠤ ᠬᠡᠷᠡᠭᠯᠡᠬᠦ ᠬᠡᠷᠡᠭᠲᠡᠶ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠤᠢᠭᠡᠢ᠃      ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠪᠣᠬᠢᠷ ᠤᠰᠤ ᠶᠢ ᠰᠢᠢᠳᠪᠤᠷᠢᠯᠡᠬᠦ ᠳᠤ ᠰᠦᠢᠳᠬᠡᠯ ᠬᠤᠷᠢᠶᠠᠬᠤ᠂ ᠬᠠᠮᠢᠶᠠᠷᠬᠤ ᠵᠢᠴᠢ ᠬᠡᠷᠡᠭᠯᠡᠬᠦ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃      ᠲᠠᠪᠢᠳᠤᠭᠠᠷ ᠵᠦᠢᠯ  ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠳᠤ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠳᠠᠭᠠᠨ ᠤᠯᠤᠰ ᠪᠤᠶᠤ ᠣᠷᠣᠨ ᠨᠤᠲᠤᠭ ᠤᠨ ᠲᠣᠭᠲᠠᠭᠠᠭᠰᠠᠨ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃      ᠬᠤᠲᠠ ᠪᠠᠯᠭᠠᠰᠤ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠦᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠨᠢ ᠬᠤᠲᠠ ᠪᠠᠯᠭᠠᠰᠤ ᠶᠢᠨ ᠪᠣᠬᠢᠷ ᠤᠰᠤ ᠶᠢ ᠲᠥᠪᠯᠡᠷᠡᠭᠦᠯᠦᠨ  ᠰᠢᠢᠳᠪᠤᠷᠢᠯᠡᠬᠦ ᠲᠦᠬᠦᠭᠡᠷᠦᠮᠵᠢ ᠠᠴᠠ ᠭᠠᠷᠬᠤ ᠤᠰᠤᠨ ᠤ ᠴᠢᠨᠠᠷ ᠲᠤ ᠬᠠᠷᠢᠭᠤᠴᠠᠬᠤ ᠬᠡᠷᠡᠭᠲᠡᠶ᠃      ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠶᠢᠨ ᠭᠠᠷᠭᠠᠭᠰᠠᠨ ᠤᠰᠤᠨ ᠤ ᠴᠢᠨᠠᠷ ᠪᠠ ᠤᠰᠤᠨ ᠤ ᠬᠡᠮᠵᠢᠶ᠎ᠡ ᠶᠢ ᠬᠢᠨᠠᠵᠤ ᠪᠠᠶᠢᠴᠠᠭᠠᠬᠤ ᠬᠡᠷᠡᠭᠲᠡᠶ᠃      ᠲᠠᠪᠢᠨ ᠨᠢᠭᠡᠳᠦᠭᠡᠷ ᠵᠦᠢᠯ  ᠬᠤᠲᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠪᠤᠶᠤ ᠪᠤᠬᠢᠷ ᠰᠢᠪᠠᠷ ᠢ ᠰᠢᠢᠳᠪᠦᠷᠢᠯᠡᠬᠦ ᠨᠢᠭᠡᠴᠢ ᠨᠢ ᠪᠤᠬᠢᠷ ᠰᠢᠪᠠᠷ ᠢ ᠠᠶᠤᠯᠬᠦᠢ ᠪᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠤ ᠳᠠᠷᠠᠭᠠᠬᠢ ᠪᠤᠬᠢᠷ ᠰᠢᠪᠠᠷ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠪᠤᠬᠢᠷ ᠰᠢᠪᠠᠷ ᠤᠨ ᠤᠳᠤᠭᠰᠠᠨ ᠴᠢᠭᠯᠡᠯ ᠵᠡᠷᠭᠡ ᠶᠢ ᠲᠡᠮᠳᠡᠭᠯᠡᠬᠦ ᠬᠡᠷᠡᠭᠲᠡᠢ᠃      ᠳᠥᠷᠪᠡᠳᠦᠭᠡᠷ ᠬᠡᠰᠡᠭ  ᠲᠠᠷᠢᠶᠠᠯᠠᠩ ᠪᠠ ᠬᠥᠳᠡᠭᠡ ᠲᠣᠰᠬᠤᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ      ᠲᠡᠪᠢᠠ ᠬᠤᠶᠠᠳᠤᠭᠠᠷ ᠵᠦᠢᠯ  ᠤᠯᠤᠰ ᠠᠴᠠ ᠬᠥᠳᠡᠭᠡ ᠲᠣᠰᠬᠤᠨ ᠤ ᠪᠣᠬᠢᠷ ᠤᠰᠤ᠂ ᠬᠤᠭ ᠨᠣᠪᠰᠢ ᠶᠢ ᠰᠢᠢᠳᠪᠤᠷᠢᠯᠡᠬᠦ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢ ᠲᠡᠮᠵᠢᠵᠦ᠂ ᠬᠥᠳᠡᠭᠡ ᠲᠣᠰᠬᠤᠨ ᠤ ᠪᠣᠬᠢᠷ ᠤᠰᠤ᠂ ᠬᠤᠭ ᠨᠣᠪᠰᠢ ᠶᠢ ᠲᠥᠪᠯᠡᠷᠡᠭᠦᠯᠦᠨ ᠰᠢᠢᠳᠪᠤᠷᠢᠯᠡᠬᠦ ᠶᠢ ᠲᠦᠯᠬᠢᠠ ᠠᠬᠢᠭᠤᠯᠤᠨ᠎ᠠ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠪᠣᠬᠢᠷ ᠤᠰᠤ᠂ ᠬᠤᠭ ᠨᠣᠪᠰᠢ ᠶᠢ ᠰᠢᠢᠳᠪᠤᠷᠢᠯᠡᠬᠦ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠦᠨ ᠪᠦᠳᠦᠭᠡᠠ ᠪᠠᠶᠢᠭᠤᠯᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠶ᠃      ᠲᠡᠪᠢᠠ ᠭᠤᠷᠪᠠᠳᠤᠭᠠᠷ ᠵᠤᠶᠢᠯ  ᠬᠢᠮᠢ ᠶᠢᠨ ᠪᠤᠷᠳᠦᠭᠤᠷ᠂ ᠲᠠᠷᠢᠶᠠᠨ ᠡᠮ ᠵᠡᠷᠭᠡ ᠤᠢᠢᠯᠡᠦᠡᠬᠦᠠ ᠤ ᠶᠠᠰᠤ ᠴᠢᠨᠠᠷ ᠤᠨ ᠪᠠᠷᠢᠮᠵᠢᠶ᠎ᠠ ᠪᠠ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ ᠳᠠᠭᠠᠨ ᠤᠰᠦᠠ ᠤ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃      ᠲᠠᠪᠢᠨ ᠳᠥᠷᠪᠡᠳᠦᠭᠡᠷ ᠵᠤᠶᠢᠯ  ᠲᠠᠷᠢᠶᠠᠨ ᠡᠮ ᠢ ᠬᠡᠷᠡᠭᠯᠡᠬᠦ ᠳᠡᠭᠡᠨ ᠲᠠᠷᠢᠶᠠᠨ ᠡᠮ ᠢ ᠠᠶᠤᠯᠭᠦᠶ ᠬᠡᠷᠡᠭᠯᠡᠬᠦ ᠲᠤᠬᠠᠶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠃      ᠲᠠᠷᠢᠶᠠᠨ ᠡᠮ ᠢ ᠵᠥᠭᠡᠭᠡᠪᠦᠷᠢᠯᠡᠬᠦ᠂ ᠬᠠᠳᠠᠭᠠᠯᠠᠬᠤ ᠪᠠ ᠬᠤᠭᠤᠴᠠᠭ᠎ᠠ ᠨᠢ ᠥᠩᠭᠡᠷᠡᠭᠡᠳ ᠦᠢᠯᠡᠳᠦᠯ ᠢᠶᠠᠨ ᠠᠯᠳᠠᠭᠰᠠᠨ ᠲᠠᠷᠢᠶᠠᠨ ᠡᠮ ᠢ ᠰᠢᠢᠳᠪᠤᠷᠢᠯᠡᠬᠦ ᠳᠡᠭᠡᠨ ᠬᠠᠮᠢᠶᠠᠷᠤᠯᠲᠠ ᠪᠠᠨ ᠴᠢᠩᠭᠠᠳᠬᠠᠵᠤ᠂ ᠤᠰᠤᠨ ᠤ ᠪᠣᠬᠢᠷᠲᠤᠯ ᠡᠭᠦᠰᠭᠡᠬᠦ ᠠᠴᠠ ᠰᠡᠷᠭᠡᠶᠢᠯᠡᠬᠦ ᠬᠡᠷᠡᠭᠲᠡᠶ᠃      ᠲᠠᠪᠢᠨ ᠲᠠᠪᠤᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠭᠴᠢᠳ ᠢ ᠵᠢᠯᠣᠭᠤᠳᠤᠨ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠠᠷ᠂ ᠵᠦᠢ ᠵᠣᠬᠢᠰᠲᠠᠶ ᠪᠠᠷ ᠬᠡᠷᠡᠭᠯᠡᠭᠦᠯᠵᠦ᠂ ᠬᠥᠷᠥᠰᠥ ᠰᠢᠷᠣᠶ ᠶᠢ ᠨᠢ ᠦᠵᠡᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ ᠮᠡᠷᠭᠡᠵᠢᠯ ᠪᠣᠯᠤᠨ ᠦᠷ᠎ᠡ ᠠᠰᠢᠭ ᠲᠠᠢ᠂ ᠬᠤᠣᠷ ᠪᠠᠭ᠎ᠠ ᠲᠠᠢ᠂ ᠦᠯᠡᠳᠡᠭᠳᠡᠯ ᠪᠠᠭ᠎ᠠ ᠲᠠᠢ ᠲᠠᠷᠢᠶᠠᠨ ᠡᠮ ᠢ ᠳᠡᠯᠭᠡᠷᠡᠭᠦᠯᠵᠦ᠂ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠢ ᠬᠡᠲᠦᠷᠡᠲᠡᠯ᠎ᠡ ᠬᠡᠷᠡᠭᠯᠡᠬᠦ ᠶᠢ ᠬᠢᠵᠠᠭᠠᠷᠯᠠᠵᠤ᠂ ᠤᠰᠤᠨ ᠤ ᠪᠣᠬᠢᠷᠲᠤᠯ ᠡᠭᠦᠰᠭᠡᠬᠦ ᠠᠴᠠ ᠰᠡᠷᠭᠡᠶᠢᠯᠡᠬᠦ ᠬᠡᠷᠡᠭᠲᠡᠶ᠃      ᠲᠠᠪᠢᠨ ᠵᠢᠷᠭᠤᠳᠤᠭᠠᠷ ᠵᠦᠢᠯ  ᠤᠯᠤᠰ ᠠᠴᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠮᠠᠯ ᠵᠢᠭᠦᠷᠲᠡᠨ ᠤ ᠢᠯᠭᠠᠳᠠᠰᠤ᠂ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠪᠤᠶᠤ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠥᠬᠦᠭᠡᠷᠦᠮᠵᠢ ᠪᠠᠶᠢᠭᠤᠯᠬᠤ ᠶᠢ ᠳᠡᠮᠵᠢᠨ᠎ᠡ᠃      ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠨᠢ ᠮᠠᠯ ᠵᠢᠭᠦᠷᠲᠡᠨ ᠤ ᠢᠯᠭᠠᠳᠠᠰᠤ᠂ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠪᠤᠶᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠢᠶᠠᠨ ᠬᠡᠪ ᠤᠨ ᠠᠵᠢᠯᠯᠠᠭ᠎ᠠ ᠶᠢ ᠪᠠᠲᠤᠯᠠᠵᠤ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠵᠤ᠂ ᠤᠰᠤᠨ ᠤ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃      ᠮᠠᠯ ᠵᠢᠭᠦᠷᠲᠡᠨ ᠢ ᠲᠠᠷᠠᠬᠠᠢ ᠲᠡᠵᠢᠭᠡᠵᠦ ᠪᠠᠶᠢᠭ᠎ᠠ ᠨᠢᠭᠲᠠ ᠲᠥᠪᠯᠡᠷᠡᠭᠰᠡᠨ ᠣᠷᠣᠨ ᠤ ᠪᠠᠶᠢᠭ᠎ᠠ ᠭᠠᠵᠠᠷ ᠤᠨ ᠰᠢᠶᠠᠨ᠂ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠪᠠᠶᠢᠭᠠᠳ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷ ᠤᠰᠤ ᠶᠢ ᠡᠷᠤᠬᠡ ᠬᠤᠪᠢᠶᠠᠨ ᠴᠤᠭᠯᠠᠭᠤᠯᠵᠤ᠂ ᠲᠥᠪᠯᠡᠷᠡᠭᠦᠯᠦᠨ ᠰᠢᠢᠳᠪᠦᠷᠢᠯᠡᠵᠦ ᠠᠰᠢᠭᠯᠠᠬᠤ ᠬᠡᠷᠡᠭᠲᠡᠢ᠃      ᠲᠠᠪᠢᠨ ᠳᠣᠯᠣᠳᠤᠭᠠᠷ ᠵᠦᠢᠯ  ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠠᠵᠢᠯ ᠢ ᠡᠷᠬᠢᠯᠡᠬᠦ ᠳᠡᠭᠡᠨ ᠤᠰᠤᠨ ᠣᠷᠣᠨ ᠤ ᠠᠮᠢ ᠠᠬᠤᠶ ᠣᠷᠴᠢᠨ ᠲᠤᠭᠤᠷᠢᠨ ᠢ ᠬᠠᠮᠠᠭᠠᠯᠠᠵᠤ᠂ ᠲᠡᠵᠢᠭᠡᠨ ᠦᠷᠡᠵᠢᠭᠦᠯᠬᠦ ᠨᠢᠭᠲᠠᠴᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠦᠢ ᠵᠣᠬᠢᠰᠲᠠᠶ ᠪᠠᠷ ᠥᠭᠶᠥᠭᠡ ᠲᠠᠯᠪᠢᠬᠤ ᠪᠠ ᠡᠮ ᠤᠨ ᠵᠦᠢᠯ ᠢ ᠬᠡᠷᠡᠭᠯᠡᠵᠦ᠂ ᠤᠰᠤᠨ ᠤ ᠣᠷᠴᠢᠨ ᠲᠤᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃      ᠲᠠᠪᠢᠨ ᠨᠠᠢᠮᠠᠳᠤᠭᠠᠷ ᠵᠦᠢᠯ  ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤ ᠨᠢ ᠵᠣᠬᠢᠴᠠᠩᠭᠤᠶ ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠵᠤ᠂ ᠬᠥᠷᠥᠰᠥ ᠰᠢᠷᠣᠶ᠂ ᠭᠠᠵᠠᠷ ᠳᠣᠣᠷᠠᠬᠢ ᠤᠰᠤ ᠪᠠ ᠲᠠᠷᠢᠶᠠᠯᠠᠩ ᠤᠨ ᠪᠦᠲᠦᠭᠡᠭᠳᠡᠬᠦᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃      ᠲᠠᠷᠢᠶᠠᠨ ᠭᠠᠵᠠᠷ ᠤᠨ ᠤᠰᠤᠯᠠᠯᠲᠠ ᠶᠢᠨ ᠰᠤᠪᠠᠭ ᠲᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠤᠶᠤ ᠡᠮ ᠡᠮᠨᠡᠯᠭᠡ ᠶᠢᠨ ᠪᠣᠬᠢᠷ ᠤᠰᠤ ᠭᠠᠳᠠᠭᠰᠢᠯᠠᠭᠤᠯᠬᠤ ᠶᠢ ᠴᠠᠭᠠᠵᠠᠯᠠᠨ᠎ᠠ᠃ ᠲᠠᠷᠢᠶᠠᠨ ᠭᠠᠵᠠᠷ ᠤᠨ ᠤᠰᠤᠯᠠᠯᠲᠠ ᠶᠢᠨ ᠰᠤᠪᠠᠭ ᠲᠤ ᠬᠤᠳᠠ ᠪᠠᠯᠭᠠᠰᠤᠨ ᠤ ᠪᠣᠬᠢᠷ ᠤᠰᠤ ᠵᠢᠴᠢ ᠶᠡᠷᠦᠩᠬᠡᠶᠢᠯᠡᠨ ᠠᠰᠢᠭᠯᠠᠭᠠᠳᠤᠶ ᠮᠠᠯ ᠵᠢᠭᠦᠷᠲᠡᠨ ᠢ ᠲᠡᠵᠢᠭᠡᠨ ᠦᠷᠡᠵᠢᠬᠦᠯᠦᠭᠰᠡᠨ ᠬᠠᠶᠠᠭᠳᠠᠮᠠᠯ ᠤᠰᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠳᠠᠭᠠᠨ᠂ ᠲᠡᠭᠦᠨ ᠤ ᠳᠤᠤᠷᠠᠳᠤ ᠤᠷᠤᠰᠬᠠᠯ ᠤᠨ ᠬᠠᠮᠤᠭ ᠤᠨ ᠤᠢᠢᠷ᠎ᠠ ᠤᠰᠤᠯᠠᠯᠲᠠ ᠶᠢᠨ ᠤᠰᠤ ᠲᠠᠲᠠᠬᠤ ᠴᠡᠭ ᠤᠨ ᠤᠰᠤᠨ ᠤ ᠴᠢᠨᠠᠷ ᠢ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃      ᠲᠠᠪᠤᠳᠤᠭᠠᠷ ᠬᠡᠰᠡᠭ  ᠣᠩᠭᠤᠴᠠ ᠰᠠᠯ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ      ᠲᠠᠪᠢ ᠶᠢᠰᠦᠳᠦᠭᠡᠷ ᠵᠦᠢᠯ  ᠤᠩᠭᠤᠴᠠ ᠰᠠᠯ ᠲᠣᠰᠣ ᠲᠠᠢ ᠪᠣᠬᠢᠷ ᠤᠰᠤ᠂ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠳᠠᠭᠠᠨ ᠤᠩᠭᠤᠴᠠ ᠰᠠᠯ ᠤᠨ ᠪᠣᠬᠢᠷ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠢᠴᠡᠭᠰᠡᠨ ᠪᠠᠶᠢᠬᠤ ᠬᠡᠷᠡᠭᠲᠡᠶ᠃ ᠳᠠᠯᠠᠢ ᠲᠠᠩᠭᠢᠰ ᠤᠨ ᠲᠡᠭᠡᠭᠡᠪᠦᠷᠢ ᠶᠢ ᠡᠷᠬᠢᠯᠡᠵᠦ ᠪᠠᠶᠢᠭ᠎ᠠ ᠣᠩᠭᠤᠴᠠ ᠰᠠᠯ ᠳᠣᠲᠣᠭᠠᠳᠤ ᠭᠤᠣᠯ ᠮᠥᠷᠡᠨ ᠪᠠ ᠭᠠᠷᠠᠮ ᠳᠤ ᠣᠷᠣᠵᠤ ᠢᠷᠡᠬᠦ ᠳᠡᠭᠡᠨ ᠳᠣᠲᠣᠭᠠᠳᠤ ᠭᠤᠣᠯ ᠮᠥᠷᠡᠨ ᠤ ᠣᠩᠭᠤᠴᠠ ᠰᠠᠯ ᠤᠨ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠶ᠃      ᠣᠩᠭᠤᠴᠠ ᠰᠠᠯ ᠤᠨ ᠦᠯᠡᠳᠡᠭᠳᠡᠯ ᠲᠤᠰᠤ᠂ ᠬᠠᠶᠠᠭᠳᠠᠮᠠᠯ ᠲᠤᠰᠤ ᠶᠢ ᠬᠤᠷᠢᠶᠡᠠ ᠠᠪᠬᠤ ᠬᠡᠷᠡᠭᠲᠡᠶ᠂ ᠤᠰᠦᠠ ᠴᠣᠭᠴᠠ ᠳᠤ ᠣᠷᠣᠭᠤᠯᠬᠤ ᠶᠢ ᠴᠠᠭᠠᠵᠠᠯᠠᠨ᠎ᠠ᠃      ᠣᠩᠭᠤᠴᠠ ᠰᠠᠯ ᠤᠨ ᠬᠤᠭ ᠨᠣᠪᠰᠢ ᠶᠢ ᠤᠰᠤᠨ ᠴᠣᠭᠴᠠ ᠳᠤ ᠴᠢᠳᠬᠤᠬᠤ ᠶᠢ ᠴᠠᠭᠠᠵᠠᠯᠠᠨ᠎ᠠ᠃      ᠣᠩᠭᠤᠴᠠ ᠰᠠᠯ ᠲᠤᠰᠦᠠ ᠤ ᠵᠦᠢᠯ ᠪᠤᠶᠤ ᠬᠤᠣᠷᠲᠠᠢ ᠪᠠᠷᠠᠭ᠎ᠠ ᠶᠢ ᠠᠴᠢᠶᠠᠯᠠᠵᠤ ᠲᠡᠭᠡᠭᠡᠪᠦᠷᠢᠯᠡᠬᠦ ᠳᠡᠭᠡᠨ ᠪᠢᠯᠬᠠᠨ ᠤᠷᠤᠰᠬᠤ ᠪᠠ ᠨᠡᠪᠴᠢᠵᠦ ᠭᠤᠭᠤᠵᠢᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠪᠠᠷᠠᠭ᠎ᠠ ᠶᠢᠨ ᠤᠰᠦᠠ ᠳᠤ ᠤᠨᠠᠵᠤ ᠤᠰᠦᠠ ᠤ ᠪᠣᠬᠢᠷᠲᠤᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠭᠤᠣᠯ ᠮᠥᠷᠡᠨ ᠳᠤ ᠣᠷᠣᠵᠤ ᠢᠷᠡᠭᠰᠡᠨ ᠤᠯᠠᠨ ᠤᠯᠤᠰ ᠤᠨ ᠠᠶᠠᠯᠠᠯ ᠤᠨ ᠱᠤᠭᠤᠮ ᠤᠨ ᠣᠩᠭᠤᠴᠠ ᠰᠠᠯ ᠳᠠᠷᠤᠯᠲᠠᠲᠤ ᠤᠰᠤ ᠭᠠᠳᠠᠭᠰᠢᠯᠠᠭᠤᠯᠬᠤ ᠳᠠᠭᠠᠨ ᠳᠠᠷᠤᠯᠲᠠᠲᠤ ᠤᠰᠤ ᠶᠢ ᠰᠢᠢᠳᠪᠤᠷᠢᠯᠡᠬᠦ ᠲᠣᠨᠣᠭᠯᠠᠯ ᠢ ᠬᠡᠷᠡᠭᠯᠡᠬᠦ ᠪᠤᠶᠤ ᠠᠳᠠᠯᠢ ᠦᠢᠯᠡᠳᠦᠯ ᠲᠠᠢ ᠪᠤᠰᠤᠳ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠤᠯᠲᠠᠲᠤ ᠤᠰᠤ ᠶᠢ ᠰᠦᠢᠷᠡᠬᠦᠯᠬᠦ ᠵᠡᠷᠭᠡ ᠠᠷᠭ᠎ᠠ ᠪᠠᠷ ᠰᠢᠢᠳᠪᠤᠷᠢᠯᠡᠬᠦ ᠬᠡᠷᠡᠭᠲᠡᠶ᠃ ᠲᠣᠭᠲᠠᠭᠠᠯ ᠳᠤ ᠦᠯᠦ ᠨᠡᠶᠢᠴᠡᠬᠦ ᠣᠩᠭᠤᠴᠠ ᠰᠠᠯ ᠤᠨ ᠳᠠᠷᠤᠯᠲᠠᠲᠤ ᠤᠰᠤ ᠶᠢ ᠭᠠᠳᠠᠭᠰᠢᠯᠠᠭᠤᠯᠬᠤ ᠶᠢ ᠴᠠᠭᠠᠵᠠᠯᠠᠨ᠎ᠠ᠃      ᠵᠢᠷᠠᠳᠤᠭᠠᠷ ᠵᠦᠢᠯ  ᠤᠩᠭᠤᠴᠠ ᠰᠠᠯ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠬᠢᠷᠲᠤᠯ ᠢ ᠰᠡᠷᠭᠡᠶᠢᠯᠡᠬᠦ ᠵᠣᠬᠢᠴᠠᠩᠭᠤᠶ ᠲᠤᠨᠤᠭ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠶ ᠪᠥᠭᠡᠳ ᠤᠰᠤᠨ ᠣᠷᠣᠨ ᠤ ᠣᠷᠴᠢᠨ ᠲᠤᠭᠤᠷᠢᠨ ᠤ ᠪᠣᠬᠢᠷᠲᠤᠯ ᠢ ᠰᠡᠷᠭᠡᠶᠢᠯᠡᠬᠦ ᠬᠠᠤᠯᠢ ᠶᠣᠰᠣᠨ ᠤ ᠬᠦᠴᠦᠨ ᠪᠦᠬᠦᠢ ᠦᠨᠡᠮᠯᠡᠯ ᠪᠠ ᠪᠢᠴᠢᠭ ᠬᠠᠷ᠎ᠠ ᠲᠠᠢ ᠪᠠᠶᠢᠬᠤ ᠬᠡᠷᠡᠭᠲᠡᠶ᠃      ᠣᠩᠭᠤᠴᠠ ᠰᠠᠯ ᠪᠣᠬᠢᠷᠲᠤᠭᠤᠯᠤᠭᠴᠢ ᠪᠣᠳᠠᠰ ᠭᠠᠳᠠᠭᠰᠢᠯᠠᠭᠤᠯᠬᠤ ᠳᠤ ᠬᠤᠯᠪᠣᠭᠳᠠᠬᠤ ᠠᠵᠢᠯ ᠢ ᠬᠢᠬᠦ ᠳᠡᠭᠡᠨ ᠠᠵᠢᠯᠯᠠᠬᠤ ᠲᠦᠷᠢᠮ ᠢ ᠴᠢᠩᠭ᠎ᠠ ᠵᠢᠷᠤᠮᠯᠠᠬᠤ ᠬᠡᠷᠡᠭᠲᠡᠶ ᠪᠥᠭᠡᠳ ᠵᠣᠬᠢᠴᠠᠩᠭᠤᠶ ᠲᠡᠮᠳᠡᠭᠯᠡᠯ ᠤᠨ ᠳᠡᠪᠲᠡᠷ ᠳᠡᠭᠡᠷ᠎ᠡ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃      ᠵᠢᠷᠠᠨ ᠨᠢᠭᠡᠳᠦᠭᠡᠷ ᠵᠦᠢᠯ  ᠭᠠᠷᠠᠮ᠂ ᠣᠩᠭᠤᠴᠠᠨ ᠤ ᠵᠣᠭᠰᠣᠭᠠᠯ᠂ ᠠᠴᠢᠶᠠᠯᠠᠵᠤ ᠪᠠᠭᠤᠯᠭᠠᠬᠤ ᠦᠷᠳᠡᠭᠡ ᠪᠣᠯᠤᠨ ᠣᠩᠭᠤᠴᠠ ᠰᠠᠯ ᠵᠠᠰᠠᠵᠤ ᠦᠢᠯᠡᠳᠬᠦ ᠦᠢᠯᠡᠳᠪᠦᠷᠢ ᠶᠢᠨ ᠪᠠᠶᠢᠭ᠎ᠠ ᠭᠠᠵᠠᠷ ᠤᠨ ᠬᠤᠳᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠣᠩᠭᠤᠴᠠ ᠰᠠᠯ ᠤᠨ ᠪᠣᠬᠢᠷᠲᠤᠭᠤᠯᠬᠤ ᠪᠣᠳᠠᠰ᠂ ᠬᠠᠶᠠᠭᠳᠠᠮᠠᠯ ᠪᠣᠳᠠᠰ ᠢ ᠬᠦᠯᠢᠶᠡᠨ ᠠᠪᠬᠤ᠂ ᠳᠠᠮᠵᠢᠭᠤᠯᠤᠨ ᠲᠡᠭᠡᠭᠡᠪᠦᠷᠢᠯᠡᠬᠦ ᠵᠢᠴᠢ ᠰᠢᠢᠳᠪᠤᠷᠢᠯᠡᠬᠦ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠵᠦ ᠪᠠᠶᠢᠭᠤᠯᠬᠤ ᠬᠡᠷᠡᠭᠲᠡᠶ᠃      ᠭᠠᠷᠠᠮ᠂ ᠣᠩᠭᠤᠴᠠᠨ ᠤ ᠵᠣᠭᠰᠣᠭᠠᠯ᠂ ᠠᠴᠢᠶᠠᠯᠠᠵᠤ ᠪᠠᠭᠤᠯᠭᠠᠬᠤ ᠤᠢᠷᠳᠡᠭᠡ ᠪᠣᠯᠤᠨ ᠣᠩᠭᠤᠴᠠ ᠰᠠᠯ ᠵᠠᠰᠠᠵᠤ ᠦᠢᠯᠡᠳᠬᠦ ᠦᠢᠯᠡᠳᠪᠦᠷᠢ ᠨᠦᠭᠦᠳ ᠣᠩᠭᠤᠴᠠ ᠰᠠᠯ ᠤᠨ ᠪᠣᠬᠢᠷᠲᠤᠭᠤᠯᠬᠤ ᠪᠣᠳᠠᠰ᠂ ᠬᠠᠶᠠᠭᠳᠠᠮᠠᠯ ᠪᠣᠳᠠᠰ ᠢ ᠬᠦᠯᠢᠶᠡᠠ ᠠᠪᠬᠤ ᠬᠦᠷᠦᠯᠴᠡᠬᠦ᠋ᠢᠴᠡ ᠲᠥᠬᠦᠭᠡᠷᠦᠮᠵᠢ ᠲᠠᠢ ᠪᠠᠶᠢᠬᠤ ᠬᠡᠷᠡᠭᠲᠡᠶ᠃ ᠣᠩᠭᠤᠴᠠ ᠰᠠᠯ ᠤᠨ ᠪᠣᠬᠢᠷᠲᠤᠭᠤᠯᠤᠭᠴᠢ ᠪᠣᠳᠠᠰ᠂ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠪᠤᠶᠤ ᠲᠣᠰᠤᠨ ᠤ ᠵᠦᠢᠯ᠂ ᠪᠣᠬᠢᠷᠲᠤᠭᠤᠯᠬᠤ ᠬᠤᠣᠷ ᠬᠥᠨᠥᠭᠡᠯ ᠲᠠᠢ ᠪᠠᠷᠠᠭ᠎ᠠ ᠶᠢ ᠠᠴᠢᠶᠠᠯᠠᠵᠤ ᠲᠡᠭᠡᠭᠡᠪᠦᠷᠢᠯᠡᠬᠦ ᠣᠩᠭᠤᠴᠠᠨ ᠤ ᠦᠷᠦᠭᠡ ᠶᠢ ᠤᠬᠢᠶᠠᠨ ᠴᠡᠪᠡᠷᠯᠡᠬᠦ ᠠᠵᠢᠯ ᠢ ᠬᠢᠬᠦ ᠨᠢᠭᠡᠴᠢ ᠨᠢ ᠲᠡᠭᠦᠨ ᠤ ᠡᠵᠡᠩᠨᠡᠯᠲᠡ ᠶᠢᠨ ᠬᠡᠪᠴᠢᠶ᠎ᠡ ᠲᠠᠢ ᠪᠠᠨ ᠵᠣᠬᠢᠴᠠᠭᠰᠠᠨ ᠬᠤᠷᠢᠶᠠᠨ ᠠᠪᠴᠤ ᠰᠢᠢᠳᠪᠤᠷᠢᠯᠡᠬᠦ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃      ᠵᠢᠷᠠᠨ ᠬᠤᠶᠠᠳᠤᠭᠠᠷ ᠵᠦᠢᠯ  ᠤᠩᠭᠤᠴᠠ ᠰᠠᠯ ᠵᠢᠴᠢ ᠬᠤᠯᠪᠣᠭᠳᠠᠯ ᠪᠦᠬᠦᠢ ᠠᠵᠢᠯ ᠤᠨ ᠨᠢᠭᠡᠴᠢ ᠪᠣᠬᠢᠷᠲᠤᠯ ᠤᠨ ᠠᠶᠤᠯ ᠲᠦᠭᠰᠢᠭᠦᠷᠢ ᠲᠠᠢ ᠠᠵᠢᠯ ᠠᠵᠢᠯᠯᠠᠭ᠎ᠠ ᠬᠢᠬᠦ ᠳᠡᠭᠡᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠣᠰᠣᠭᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠨ ᠤ ᠪᠣᠬᠢᠷᠲᠤᠯ ᠡᠭᠦᠰᠭᠡᠬᠦ ᠠᠴᠠ ᠰᠡᠷᠭᠡᠶᠢᠯᠡᠬᠦ ᠬᠡᠷᠡᠭᠲᠡᠢ᠃ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠶ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠣᠩᠭᠤᠴᠠ ᠰᠠᠯ ᠵᠢᠴᠢ ᠬᠤᠯᠪᠣᠭᠳᠠᠯ ᠪᠦᠬᠦᠢ ᠠᠵᠢᠯ ᠠᠵᠢᠯᠯᠠᠭ᠎ᠠ ᠶᠢ ᠬᠢᠨᠠᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃      ᠣᠩᠭᠤᠴᠠ ᠰᠠᠯ ᠰᠤᠯᠠ ᠰᠠᠪᠠᠯᠠᠭᠰᠠᠨ ᠰᠢᠩᠭᠡᠨ ᠪᠡᠶᠡᠲᠦ ᠶᠢᠨ ᠪᠣᠬᠢᠷᠲᠤᠭᠤᠯᠤᠨ ᠬᠤᠬᠢᠷᠠᠭᠤᠯᠬᠤ ᠴᠢᠨᠠᠷᠲᠠᠶ ᠪᠠᠷᠠᠭ᠎ᠠ ᠶᠢ ᠴᠢᠷᠭᠡᠦᠯ ᠣᠩᠭᠤᠴᠠ ᠪᠠᠷ ᠳᠠᠮᠵᠢᠭᠤᠯᠬᠤ ᠠᠵᠢᠯ ᠬᠢᠬᠦ ᠳᠡᠭᠡᠨ ᠠᠵᠢᠯᠯᠠᠬᠤ ᠲᠥᠰᠦᠯ ᠨᠠᠶᠢᠷᠠᠭᠤᠯᠤᠨ ᠵᠣᠬᠢᠶᠠᠵᠤ᠂ ᠠᠶᠤᠯᠭᠦᠶ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠠᠵᠢᠯᠯᠠᠬᠤ ᠭᠠᠵᠠᠷ ᠤᠨ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃      ᠲᠡᠯᠡᠢ ᠶᠢᠨ ᠲᠡᠩ ᠳᠤ ᠲᠦᠷᠢᠬᠦ ᠠᠷᠭ᠎ᠠ ᠪᠠᠷ ᠣᠩᠭᠤᠴᠠ ᠰᠠᠯ ᠢ ᠵᠠᠳᠠᠯᠬᠤ ᠠᠵᠢᠯ ᠬᠢᠬᠦ ᠶᠢ ᠴᠠᠭᠠᠵᠠᠯᠠᠨ᠎ᠠ᠃      ᠲᠠᠪᠤᠳᠤᠭᠠᠷ ᠪᠦᠯᠦᠭ  ᠤᠤᠭᠤᠬᠤ ᠤᠰᠤᠨ ᠤ ᠡᠬᠢ ᠰᠤᠷᠪᠤᠯᠵᠢ ᠪᠠ ᠪᠤᠰᠤᠳ ᠣᠨᠴᠠᠭᠠᠶ ᠤᠰᠤᠨ ᠴᠣᠭᠴᠠ ᠶᠢ ᠬᠠᠮᠠᠭᠠᠯᠠᠬᠤ      ᠵᠢᠷᠠᠨ ᠭᠤᠷᠪᠠᠳᠤᠭᠠᠷ ᠵᠦᠢᠯ  ᠤᠯᠤᠰ ᠠᠴᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ ᠢ ᠪᠠᠶᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠪᠠ ᠬᠤᠶᠠᠳᠤᠭᠠᠷ ᠲᠡᠰ ᠤᠨ ᠬᠠᠮᠠᠭᠠᠯᠠᠯᠳᠠ ᠶᠢᠨ ᠤᠷᠤᠨ ᠭᠡᠵᠦ ᠬᠤᠪᠢᠶᠠᠨ᠎ᠠ︔ ᠴᠢᠬᠤᠯᠠᠲᠠᠶ ᠦᠶ᠎ᠡ ᠳᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠭᠠᠳᠠᠭᠤᠷ ᠵᠣᠬᠢᠬᠤ ᠣᠷᠣᠨ ᠪᠦᠰᠡ ᠶᠢ ᠵᠠᠭᠠᠭᠯᠠᠨ ᠲᠣᠭᠲᠠᠭᠠᠵᠤ ᠳᠡᠰᠯᠡᠬᠦ ᠬᠠᠮᠠᠭᠠᠯᠠᠯᠲᠠ ᠶᠢᠨ ᠣᠷᠣᠨ ᠪᠣᠯᠭᠠᠵᠤ ᠪᠣᠯᠤᠨ᠎ᠠ᠃      ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠳᠤ ᠬᠤᠯᠪᠣᠭᠳᠠᠯ ᠪᠦᠬᠦᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠬᠤ ᠲᠥᠰᠦᠯ ᠳᠤᠷᠠᠳᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠬᠤᠲᠠ᠂ ᠰᠢᠶᠠᠨ ᠠᠯᠤᠰᠯᠠᠭᠰᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠳᠤ ᠬᠤᠯᠪᠣᠭᠳᠠᠯ ᠪᠦᠬᠦᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠭᠠᠭᠯᠠᠨ ᠲᠣᠭᠲᠠᠭᠠᠬᠤ ᠲᠥᠰᠦᠯ ᠢ ᠵᠥᠪᠳᠡᠯᠴᠡᠨ ᠳᠤᠷᠠᠳᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠵᠥᠪᠳᠡᠯᠴᠡᠭᠡᠳ ᠪᠦᠲᠦᠬᠦ ᠦᠭᠡᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭᠠᠯᠠᠯ᠂ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠭᠠᠭᠯᠠᠨ ᠲᠣᠭᠲᠠᠭᠠᠬᠤ ᠲᠥᠰᠦᠯ ᠳᠤᠷᠠᠳᠴᠤ᠂ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠵᠥᠪᠳᠡᠯᠴᠡᠵᠦ ᠪᠠᠶᠢᠭᠠᠳ ᠵᠠᠭᠠᠭᠯᠠᠨ ᠲᠣᠭᠲᠠᠭᠠᠨ᠎ᠠ︔ ᠵᠥᠪᠳᠡᠯᠴᠡᠭᠡᠳ ᠪᠦᠲᠦᠬᠦ ᠦᠭᠡᠢ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ᠂ ᠡᠷᠡᠭᠦᠯ ᠬᠠᠮᠠᠭᠠᠯᠠᠯ᠂ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠭᠠᠭᠯᠠᠨ ᠲᠣᠭᠲᠠᠭᠠᠬᠤ ᠲᠥᠰᠦᠯ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠣᠳᠠᠲᠤ ᠬᠡᠷᠡᠭᠴᠡᠭᠡ ᠶᠢ ᠦᠨᠳᠦᠰᠦᠯᠡᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠶᠢ ᠲᠣᠬᠢᠷᠠᠭᠤᠯᠵᠤ᠂ ᠤᠤᠭᠤᠬᠤ ᠤᠰᠤᠨ ᠤ ᠠᠶᠤᠯᠭᠦᠶ ᠪᠠᠶᠢᠬᠤ ᠶᠢ ᠦᠨᠡᠨ ᠬᠦ ᠪᠠᠲᠤᠯᠠᠵᠤ ᠪᠣᠯᠤᠨ᠎ᠠ᠃ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠲᠤ ᠲᠣᠳᠣᠷᠬᠠᠢ ᠭᠠᠵᠠᠷ ᠵᠦᠢ ᠶᠢᠨ ᠵᠠᠭᠠᠭ ᠲᠡᠮᠳᠡᠭ ᠪᠠ ᠢᠯᠡᠷᠬᠡᠢ ᠰᠡᠷᠡᠮᠵᠢ ᠶᠢᠨ ᠲᠡᠮᠳᠡᠭ ᠪᠤᠰᠬᠠᠬᠤ ᠬᠡᠷᠡᠭᠲᠡᠢ᠃      ᠵᠢᠷᠠᠨ ᠲᠦᠷᠪᠡᠳᠦᠭᠡᠷ ᠵᠤᠶᠢᠯ  ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠬᠤ ᠶᠢ ᠴᠠᠭᠠᠵᠠᠯᠠᠨ᠎ᠠ᠃      ᠵᠢᠷᠠᠨ ᠲᠠᠪᠤᠳᠤᠭᠠᠷ ᠵᠦᠢᠯ  ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠤᠰᠤ ᠬᠠᠩᠭᠠᠬᠤ ᠲᠥᠬᠦᠭᠡᠷᠦᠮᠵᠢ ᠪᠠ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠠᠢ ᠬᠤᠯᠪᠣᠭᠳᠠᠯ ᠦᠭᠡᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ ᠨᠢᠭᠡᠨᠲᠡ ᠪᠠᠶᠢᠭᠤᠯᠤᠭᠰᠠᠨ ᠤᠰᠤ ᠬᠠᠩᠭᠠᠬᠤ ᠲᠥᠬᠦᠭᠡᠷᠦᠮᠵᠢ ᠪᠠ ᠤᠰᠤᠨ ᠤ ᠰᠤᠷᠪᠤᠯᠵᠢ ᠶᠢ ᠬᠠᠮᠠᠭᠠᠯᠠᠬᠤ ᠲᠠᠢ ᠬᠤᠯᠪᠣᠭᠳᠠᠯ ᠦᠭᠡᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠨᠤᠷᠠᠭᠠᠯᠭᠠᠬᠤ ᠪᠤᠶᠤ ᠡᠭᠦᠳᠡ ᠶᠢ ᠨᠢ ᠬᠠᠭᠠᠯᠭᠠᠨ᠎ᠠ᠃      ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ᠂ ᠵᠢᠭᠤᠯᠴᠢᠯᠠᠬᠤ᠂ ᠤᠰᠤᠨ ᠳᠤ ᠤᠮᠪᠠᠭ᠋ᠤ᠂ ᠵᠢᠭᠠᠰᠤ ᠭᠥᠬᠢᠳᠡᠬᠦ ᠪᠤᠶᠤ ᠤᠤᠭᠤᠬᠤ ᠤᠰᠤᠨ ᠤ ᠤᠰᠤᠨ ᠴᠣᠭᠴᠠ ᠶᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ᠵᠢᠷᠠᠨ ᠵᠢᠷᠭᠤᠳᠤᠭᠠᠷ ᠵᠦᠢᠯ  ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ ᠨᠢᠭᠡᠨᠲᠡ ᠪᠠᠶᠢᠭᠤᠯᠤᠭᠰᠠᠨ  ᠪᠤᠬᠢᠷᠳᠤᠯ ᠪᠣᠳᠠᠰ ᠭᠠᠳᠠᠭᠰᠢᠯᠠᠭᠤᠯᠬᠤ ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠨᠤᠷᠠᠭᠠᠯᠭᠠᠬᠤ ᠪᠤᠶᠤ ᠡᠭᠦᠳᠡ ᠶᠢ ᠨᠢ ᠬᠠᠭᠠᠯᠭᠠᠨ᠎ᠠ᠃      ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ᠂ ᠵᠢᠭᠤᠯᠴᠢᠯᠠᠬᠤ ᠵᠡᠷᠭᠡ ᠠᠵᠢᠯᠯᠠᠭ᠎ᠠ ᠬᠢᠬᠦ ᠳᠤ ᠬᠦᠷᠪᠡᠯ᠂ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ᠂ ᠤᠤᠭᠤᠬᠤ ᠤᠰᠤᠨ ᠤ ᠤᠰᠤᠨ ᠴᠣᠭᠴᠠ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃      ᠵᠢᠷᠠᠨ ᠳᠣᠯᠣᠳᠤᠭᠠᠷ ᠵᠦᠢᠯ  ᠤᠤᠭᠤᠬᠤ ᠤᠰᠤᠨ ᠤ ᠡᠬᠢ ᠰᠤᠷᠪᠤᠯᠵᠢ ᠶᠢᠨ ᠳᠡᠰᠯᠡᠬᠦ ᠬᠠᠮᠠᠭᠠᠯᠠᠯᠲᠠ ᠶᠢᠨ ᠣᠷᠣᠨ ᠤ ᠳᠣᠲᠣᠷ᠎ᠠ ᠤᠰᠤᠨ ᠴᠣᠭᠴᠠ ᠶᠢ ᠬᠦᠨᠳᠦ ᠨᠣᠴᠢᠲᠠᠢ ᠪᠣᠬᠢᠷᠲᠤᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠥᠭᠡᠷᠡᠴᠢᠯᠡᠨ ᠪᠠᠶᠢᠭᠤᠯᠬᠤ ᠳᠠᠭᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠨᠡᠮᠡᠭᠳᠡᠭᠦᠯᠵᠦ ᠪᠣᠯᠬᠤ ᠦᠭᠡᠢ᠃      ᠵᠢᠷᠠᠨ ᠨᠠᠢᠮᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠣᠳᠠᠲᠤ ᠬᠡᠷᠡᠭᠴᠡᠭᠡ ᠶᠢ ᠦᠨᠳᠦᠰᠦᠯᠡᠨ᠂ ᠳᠡᠰᠯᠡᠬᠦ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠠᠷᠢᠯᠭ᠎ᠠ ᠶᠢᠨ ᠠᠷᠭ᠎ᠠ ᠬᠡᠮᠵᠢᠶ᠎ᠡ ᠠᠪᠬᠤ ᠪᠤᠶᠤ ᠨᠠᠮᠤᠭ ᠭᠠᠵᠠᠷ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠤᠢ ᠪᠠᠶᠢᠭᠤᠯᠬᠤ ᠵᠡᠷᠭᠡ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠤᠰᠤᠨ ᠤ ᠪᠤᠬᠢᠷᠳᠤᠯ ᠪᠤᠳᠠᠰ ᠢ ᠤᠤᠭᠤᠬᠤ ᠤᠰᠤᠨ ᠤ ᠤᠰᠤᠨ ᠴᠣᠭᠴᠠ ᠳᠤ ᠰᠢᠭᠤᠳ ᠣᠷᠣᠭᠤᠯᠬᠤ ᠶᠢ ᠰᠡᠷᠭᠡᠶᠢᠯᠡᠵᠦ᠂ ᠤᠤᠭᠤᠬᠤ ᠤᠰᠤᠨ ᠤ ᠠᠶᠤᠯᠭᠦᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠵᠢᠷᠠ ᠶᠢᠰᠦᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠭᠠᠵᠠᠷ ᠳᠣᠣᠷᠠᠬᠢ ᠤᠰᠤᠨ ᠤ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ ᠨᠥᠬᠦᠪᠥᠷᠢᠯᠡᠨ ᠬᠠᠩᠭᠠᠬᠤ ᠣᠷᠣᠨ ᠵᠢᠴᠢ ᠤᠰᠤ ᠬᠠᠩᠭᠠᠬᠤ ᠨᠢᠭᠡᠴᠢ ᠶᠢᠨ ᠡᠷᠬᠢᠨ ᠲᠣᠭᠤᠷᠢᠨ ᠤ ᠣᠷᠣᠨ ᠪᠦᠰᠡ ᠶᠢᠨ ᠣᠷᠴᠢᠨ ᠲᠤᠭᠤᠷᠢᠨ ᠤ ᠪᠠᠶᠢᠳᠠᠯ ᠪᠠ ᠪᠣᠬᠢᠷᠲᠤᠯ ᠤᠨ ᠠᠶᠤᠯ ᠲᠦᠭᠰᠢᠭᠦᠷᠢ ᠶᠢ ᠪᠠᠶᠢᠴᠠᠭᠠᠨ ᠦᠨᠡᠯᠡᠵᠦ᠂ ᠣᠷᠣᠰᠢᠵᠤ ᠮᠡᠳᠡᠬᠦ ᠪᠣᠬᠢᠷᠲᠤᠯ ᠤᠨ ᠠᠶᠤᠯ ᠲᠦᠭᠰᠢᠭᠦᠷᠢ ᠶᠢᠨ ᠬᠦᠴᠦᠨ ᠵᠦᠢᠯ ᠢ ᠰᠢᠭᠰᠢᠨ ᠪᠠᠶᠢᠴᠠᠭᠠᠬᠤ ᠶᠢᠨ ᠬᠠᠮᠲᠤ ᠠᠶᠤᠯ ᠲᠦᠭᠰᠢᠭᠦᠷᠢ ᠠᠴᠠ ᠰᠡᠷᠭᠡᠶᠢᠯᠡᠬᠦ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃      ᠤᠤᠭᠤᠬᠤ ᠤᠰᠤᠨ ᠤ ᠡᠬᠢ ᠰᠤᠷᠪᠤᠯᠵᠢ ᠪᠣᠬᠢᠷᠲᠤᠭᠳᠠᠭᠠᠳ ᠤᠰᠤ ᠬᠠᠩᠭᠠᠬᠤ ᠠᠮᠤᠷ ᠲᠦᠪᠰᠢᠨ ᠢ ᠰᠦᠷᠳᠡᠭᠦᠯᠵᠦ ᠮᠡᠳᠡᠬᠦ ᠳᠤ ᠬᠦᠷᠪᠡᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ ᠦᠢᠯᠡᠳᠪᠤᠷᠢᠯᠡᠯ ᠡᠵᠡᠩᠨᠡᠭᠴᠢ ᠶᠢ ᠵᠠᠷᠯᠢᠭᠳᠠᠵᠤ ᠪᠠᠶᠢᠭᠠᠳ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠬᠤ ᠶᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠤᠤᠭᠤᠬᠤ ᠤᠰᠤ ᠬᠠᠩᠭᠠᠬᠤ ᠨᠢᠭᠡᠴᠢ ᠪᠠ ᠤᠰᠤ ᠬᠠᠩᠭᠠᠬᠤ᠂ ᠡᠷᠡᠭᠦᠯ ᠬᠠᠮᠠᠭᠠᠯᠠᠯ᠂ ᠤᠰᠤᠨ ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ︔ ᠵᠠᠰᠠᠭ ᠵᠠᠬᠢᠷᠭᠠᠨ ᠤ ᠣᠷᠣᠨ ᠢ ᠠᠯᠤᠰᠯᠠᠭᠰᠠᠨ ᠪᠠᠶᠢᠪᠠᠯ᠂ ᠪᠠᠰᠠ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠬᠦ ᠬᠡᠷᠡᠭᠲᠡᠶ᠃      ᠳᠠᠯᠠᠳᠤᠭᠠᠷ ᠵᠦᠢᠯ  ᠲᠠᠩ ᠭᠠᠭᠴᠠ ᠤᠰᠤᠨ ᠰᠤᠷᠪᠤᠯᠵᠢ ᠪᠠᠷ ᠤᠰᠤ ᠬᠠᠩᠭᠠᠬᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠪᠤᠶᠤ ᠪᠡᠯᠡᠳᠬᠡᠯ ᠤᠰᠤᠨ ᠰᠤᠷᠪᠤᠯᠵᠢ ᠶᠢ ᠪᠠᠶᠢᠭᠤᠯᠬᠤ ᠬᠡᠷᠡᠭᠲᠡᠶ᠂ ᠨᠥᠬᠦᠴᠡᠯ ᠲᠠᠢ ᠭᠠᠵᠠᠷ ᠣᠷᠣᠨ ᠳᠤ ᠣᠷᠣᠨ ᠪᠦᠰᠡ ᠶᠢᠨ ᠲᠣᠣᠷ ᠬᠤᠯᠪᠣᠨ ᠤᠰᠤ ᠬᠠᠩᠭᠠᠬᠤ ᠶᠢ ᠥᠷᠨᠢᠭᠦᠯᠵᠦ ᠪᠣᠯᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠵᠦᠢ ᠵᠣᠬᠢᠰᠲᠠᠶ ᠪᠠᠷ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠶ᠂ ᠨᠥᠬᠦᠴᠡᠯ ᠲᠠᠢ ᠭᠠᠵᠠᠷ ᠣᠷᠣᠨ ᠨᠤᠭᠤᠳ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠣᠷ ᠢ ᠤᠷᠲᠤᠳᠬᠠᠬᠤ ᠪᠤᠶᠤ ᠭᠠᠴᠠᠭ᠎ᠠ ᠠᠯᠤᠰᠯᠠᠭᠰᠠᠨ᠂ ᠰᠢᠶᠠᠩ ᠪᠠᠯᠭᠠᠰᠤ ᠠᠯᠤᠰᠯᠠᠨ ᠬᠡᠰᠡᠭ ᠬᠡᠰᠡᠭ ᠢᠶᠠᠷ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠬᠡᠪᠴᠢᠶᠡᠵᠢᠭᠦᠯᠦᠨ ᠲᠥᠪᠯᠡᠷᠡᠭᠦᠯᠦᠨ ᠤᠰᠤ ᠬᠠᠩᠭᠠᠬᠤ ᠶᠢ ᠬᠥᠭᠵᠢᠭᠦᠯᠵᠦ ᠪᠣᠯᠤᠨ᠎ᠠ᠃      ᠳᠠᠯᠠᠨ ᠨᠢᠭᠡᠳᠦᠭᠡᠷ ᠵᠦᠢᠯ  ᠤᠤᠭᠤᠬᠤ ᠤᠰᠤ ᠬᠠᠩᠭᠠᠬᠤ ᠨᠢᠭᠡᠴᠢ ᠤᠰᠤ ᠠᠪᠬᠤ ᠠᠮᠠ ᠪᠠ ᠤᠰᠤ ᠭᠠᠷᠭᠠᠬᠤ ᠠᠮᠠ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠰᠤ ᠠᠪᠬᠤ ᠠᠮᠠ ᠶᠢᠨ ᠤᠰᠤᠨ ᠤ ᠴᠢᠨᠠᠷ ᠨᠢ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠶᠤ ᠤᠰᠤ ᠭᠠᠷᠭᠠᠬᠤ ᠠᠮᠠ ᠶᠢᠨ ᠤᠰᠤᠨ ᠤ ᠴᠢᠨᠠᠷ ᠨᠢ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ  ᠵᠤᠬᠢᠰᠳᠠᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤ ᠬᠠᠩᠭᠠᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠤᠰᠤ ᠬᠠᠩᠭᠠᠬᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠣᠷᠴᠢᠨ  ᠲᠤᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠤᠰᠤᠨ ᠤ ᠶᠠᠪᠤᠳᠠᠯ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ᠃      ᠤᠤᠭᠤᠬᠤ ᠤᠰᠤ ᠬᠠᠩᠭᠠᠬᠤ ᠨᠢᠭᠡᠴᠢ ᠨᠢ ᠬᠠᠩᠭᠠᠬᠤ ᠤᠰᠤᠨ ᠤ ᠴᠢᠨᠠᠷ ᠲᠤ ᠬᠠᠷᠢᠭᠤᠴᠠᠵᠤ᠂ ᠤᠰᠤ ᠬᠠᠩᠭᠠᠬᠤ ᠲᠥᠬᠦᠭᠡᠷᠦᠮᠵᠢ ᠶᠢᠨ ᠠᠶᠤᠯᠭᠦᠶ ᠪᠥᠭᠡᠳ ᠨᠠᠶᠢᠳᠠᠪᠤᠷᠢᠲᠠᠶ ᠠᠵᠢᠯᠯᠠᠬᠤ ᠶᠢ ᠦᠨᠡᠨ ᠬᠦ ᠪᠠᠲᠤᠯᠠᠵᠤ᠂ ᠬᠠᠩᠭᠠᠬᠤ ᠤᠰᠤᠨ ᠤ ᠴᠢᠨᠠᠷ ᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃      ᠲᠠᠯᠠᠨ ᠬᠤᠶᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠤᠭᠤᠬᠤ ᠤᠰᠤᠨ ᠤ ᠡᠬᠢ ᠰᠤᠷᠪᠤᠯᠵᠢ᠂ ᠤᠰᠤ ᠬᠠᠩᠭᠠᠬᠤ ᠨᠢᠭᠡᠴᠢ ᠶᠢᠨ ᠤᠰᠤ ᠬᠠᠩᠭᠠᠬᠤ ᠪᠠ ᠬᠡᠷᠡᠭᠯᠡᠭᠴᠢ ᠶᠢᠨ ᠤᠰᠤᠨ ᠭᠤᠭᠤᠵᠢᠭᠤᠷ ᠠᠴᠠ ᠭᠠᠷᠬᠤ ᠤᠰᠤᠨ ᠤ ᠴᠢᠨᠠᠷ ᠵᠡᠷᠭᠡ ᠤᠤᠭᠤᠬᠤ ᠤᠰᠤᠨ ᠤ ᠠᠶᠤᠯᠭᠦᠶ ᠶᠢᠨ ᠪᠠᠶᠢᠳᠠᠯ ᠢ ᠬᠢᠨᠠᠨ ᠬᠡᠮᠵᠢᠵᠦ᠂ ᠦᠨᠡᠯᠡᠨ ᠵᠢᠱᠢᠬᠦ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠤᠭᠤᠬᠤ ᠤᠰᠤᠨ ᠤ ᠠᠶᠤᠯᠭᠦᠶ ᠶᠢᠨ ᠪᠠᠶᠢᠳᠠᠯ ᠤᠨ ᠮᠡᠳᠡᠭᠡ ᠵᠠᠩᠭᠢ ᠶᠢ ᠨᠠᠭᠠᠳᠤ ᠵᠠᠬ᠎ᠠ ᠳᠠᠭᠠᠨ ᠤᠯᠠᠷᠢᠯ ᠪᠦᠷᠢ ᠳᠤ ᠨᠢᠭᠡ ᠤᠳᠠᠭ᠎ᠠ ᠨᠡᠶᠢᠭᠡᠮ ᠳᠤ ᠢᠯᠡ ᠨᠡᠶᠢᠳᠡᠯᠡᠬᠦ ᠬᠡᠷᠡᠭᠲᠡᠢ᠃      ᠲᠡᠯᠡᠠ ᠭᠤᠷᠪᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠰᠦᠠ ᠤ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠴᠡᠭᠡ ᠪᠠᠨ ᠦᠨᠳᠦᠰᠦᠯᠡᠨ᠂ ᠤᠤᠭᠤᠬᠤ ᠤᠰᠦᠠ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠹᠣᠰᠹᠣᠷ ᠠᠭᠤᠯᠤᠭᠰᠠᠨ ᠤᠬᠢᠶᠠᠭᠴᠢ ᠡᠳ᠋᠂ ᠬᠢᠮᠢ ᠶᠢᠨ ᠪᠤᠷᠳᠦᠭᠤᠷ᠂ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠬᠤ ᠪᠤᠶᠤ ᠬᠢᠵᠠᠭᠠᠷᠯᠠᠬᠤ ᠵᠢᠴᠢ ᠲᠡᠷᠢᠵᠦ ᠲᠡᠵᠢᠭᠡᠨ ᠦᠷᠡᠵᠢᠭᠦᠯᠬᠦ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠵᠤ ᠪᠣᠯᠤᠨ᠎ᠠ᠃      ᠲᠡᠯᠡᠠ ᠳᠥᠷᠪᠡᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠯᠳᠠᠷᠲᠤ ᠦᠵᠡᠮᠵᠢ ᠶᠢᠨ ᠣᠷᠣᠨ ᠤ ᠤᠰᠦᠠ ᠴᠣᠭᠴᠠ᠂ ᠴᠢᠬᠤᠯᠠ ᠵᠢᠭᠠᠰᠤᠨ ᠠᠵᠤ ᠠᠬᠤᠶ ᠶᠢᠨ ᠤᠰᠦᠠ ᠴᠣᠭᠴᠠ ᠪᠣᠯᠤᠨ ᠠᠵᠤ ᠠᠬᠤᠶ ᠰᠣᠶᠣᠯ ᠤᠨ ᠣᠨᠴᠠᠭᠠᠶ ᠦᠨ᠎ᠡ ᠤᠢᠷᠳᠡᠭ ᠲᠠᠢ ᠪᠤᠰᠤᠳ ᠤᠰᠦᠠ ᠴᠣᠭᠴᠠ ᠳᠤ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ ᠪᠣᠯᠬᠤ ᠪᠥᠭᠡᠳ ᠠᠷᠭ᠎ᠠ ᠬᠡᠮᠵᠢᠶ᠎ᠡ ᠠᠪᠴᠤ ᠪᠠᠶᠢᠭᠠᠳ ᠬᠠᠮᠠᠭᠠᠯᠠᠯᠲᠠ ᠶᠢᠨ ᠣᠷᠣᠨ ᠤ ᠤᠰᠦᠠ ᠤ ᠴᠢᠨᠠᠷ ᠢ ᠲᠣᠭᠲᠠᠭᠰᠠᠨ ᠬᠡᠷᠡᠭᠴᠡᠭᠡᠨ ᠤ ᠤᠰᠦᠠ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃      ᠲᠠᠯᠠᠨ ᠲᠠᠪᠤᠳᠤᠭᠠᠷ ᠵᠦᠢᠯ  ᠠᠯᠳᠠᠷᠳᠤ ᠦᠵᠡᠮᠵᠢ ᠶᠢᠨ ᠣᠷᠣᠨ ᠤ ᠤᠰᠤᠨ ᠴᠣᠭᠴᠠ᠂ ᠴᠢᠬᠤᠯᠠ ᠵᠢᠭᠠᠰᠤᠨ ᠠᠵᠤ ᠠᠬᠤᠢ ᠶᠢᠨ ᠤᠰᠤᠨ ᠴᠣᠭᠴᠠ ᠪᠣᠯᠤᠨ ᠪᠤᠰᠤᠳ ᠣᠨᠴᠠᠭᠠᠢ ᠠᠵᠤ ᠠᠬᠤᠢ ᠰᠣᠶᠣᠯ ᠤᠨ ᠦᠨ᠎ᠡ ᠦᠷᠳᠡᠭ ᠲᠠᠢ ᠤᠰᠤᠨ ᠴᠣᠭᠴᠠ ᠶᠢᠨ ᠬᠠᠮᠠᠭᠠᠯᠠᠯᠲᠠ ᠶᠢᠨ ᠣᠷᠣᠨ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ᠃ ᠬᠠᠮᠠᠭᠠᠯᠠᠯᠲᠠ ᠶᠢᠨ ᠣᠷᠣᠨ ᠤ ᠣᠶᠢᠷᠠᠯᠴᠠᠭ᠎ᠠ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠬᠤ ᠳᠠᠭᠠᠨ ᠬᠠᠮᠠᠭᠠᠯᠠᠯᠲᠠ ᠶᠢᠨ ᠣᠷᠣᠨ ᠤ ᠤᠰᠤᠨ ᠴᠣᠭᠴᠠ ᠶᠢᠨ ᠪᠣᠬᠢᠷᠲᠤᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃      ᠵᠢᠷᠭᠤᠳᠤᠭᠠᠷ ᠪᠦᠯᠦᠭ  ᠤᠰᠤᠨ ᠤ ᠪᠣᠬᠢᠷᠲᠤᠯ ᠤᠨ ᠡ᠊ᠨᠳᠡᠯ ᠢ ᠰᠢᠢᠳᠪᠤᠷᠢᠯᠡᠬᠦ      ᠲᠠᠯᠠᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠰᠤᠨ ᠤ ᠪᠣᠬᠢᠷᠲᠤᠯ ᠤᠨ ᠡ᠊ᠨᠳᠡᠯ ᠭᠠᠷᠴᠤ ᠮᠡᠳᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠤᠰᠤᠨ ᠤ ᠪᠣᠬᠢᠷᠲᠤᠯ ᠤᠨ ᠭᠡᠨᠡᠳᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠪᠠ ᠬᠡᠷᠡᠭ ᠤᠨ ᠲᠠᠷᠠᠭ᠎ᠠ ᠰᠡᠷᠭᠦᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ᠲᠠᠯᠠᠨ ᠳᠣᠯᠣᠳᠤᠭᠠᠷ ᠵᠦᠢᠯ  ᠤᠰᠤᠨ ᠤ ᠪᠣᠬᠢᠷᠲᠤᠯ ᠤᠨ ᠡ᠊ᠨᠳᠡᠯ ᠭᠠᠷᠴᠤ ᠮᠡᠳᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠤᠰᠤᠨ ᠤ ᠪᠣᠬᠢᠷᠲᠤᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠬᠦ ᠬᠡᠷᠡᠭᠲᠡᠶ᠃      ᠠᠶᠤᠯᠲᠠᠶ ᠬᠢᠮᠢ ᠶᠢᠨ ᠪᠤᠳᠠᠰ ᠢ ᠦᠢᠯᠡᠳᠪᠦᠷᠢᠯᠡᠬᠦ᠂ ᠬᠠᠳᠠᠭᠠᠯᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠷᠭ᠎ᠠ ᠬᠡᠮᠵᠢᠶ᠎ᠡ ᠠᠪᠴᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠰᠢᠢᠳᠪᠤᠷᠢᠯᠡᠬᠦ ᠶᠠᠪᠤᠴᠠ ᠳᠤ ᠡᠭᠦᠰᠦᠭᠰᠡᠨ ᠤᠰᠤᠨ ᠴᠣᠭᠴᠠ ᠶᠢ ᠬᠦᠨᠳᠦ ᠨᠣᠴᠢᠲᠠᠶ ᠪᠣᠬᠢᠷᠲᠤᠭᠤᠯᠵᠤ ᠮᠡᠳᠡᠬᠦ ᠭᠠᠯ ᠰᠡᠷᠭᠡᠶᠢᠯᠡᠨ ᠤᠨᠲᠠᠷᠠᠭᠠᠬᠤ ᠬᠠᠶᠠᠭᠳᠠᠮᠠᠯ ᠤᠰᠤ᠂ ᠬᠠᠶᠠᠭᠳᠠᠮᠠᠯ ᠰᠢᠩᠭᠡᠨ ᠢ ᠤᠰᠤᠨ ᠴᠣᠭᠴᠠ ᠳᠤ ᠰᠢᠭᠤᠳ ᠭᠠᠳᠠᠭᠰᠢᠯᠠᠭᠤᠯᠬᠤ ᠶᠢ ᠰᠡᠷᠭᠡᠶᠢᠯᠡᠬᠦ ᠬᠡᠷᠡᠭᠲᠡᠶ᠃      ᠳᠠᠯᠠᠨ ᠨᠠᠢᠮᠠᠳᠤᠭᠠᠷ ᠵᠦᠢᠯ  ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠳᠡᠯ ᠪᠤᠶᠤ ᠪᠤᠰᠤᠳ ᠭᠡᠨᠡᠳᠲᠡ ᠶᠢᠨ ᠴᠢᠨᠠᠷᠲᠠᠶ ᠬᠡᠷᠡᠭ ᠭᠠᠷᠴᠤ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠤᠶᠤ ᠭᠠᠷᠭᠠᠵᠤ ᠮᠡᠳᠡᠬᠦ ᠳᠤ ᠬᠦᠷᠪᠡᠯ᠂ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠷᠡ ᠳᠠᠷᠤᠶ ᠳᠤᠨᠢ ᠡᠬᠢᠯᠡᠭᠦᠯᠵᠦ᠂ ᠲᠤᠰᠠᠭᠠᠷᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠤᠰᠤᠨ ᠤ ᠪᠤᠬᠢᠷᠳᠤᠯ ᠪᠤᠳᠠᠰ ᠤᠨ ᠤᠰᠤᠨ ᠴᠣᠭᠴᠠ ᠳᠤ ᠣᠷᠣᠬᠤ ᠠᠴᠠ ᠰᠡᠷᠭᠡᠶᠢᠯᠡᠬᠦ ᠶᠢᠨ ᠬᠠᠮᠲᠤ ᠡ᠊ᠨᠳᠡᠯ ᠭᠠᠷᠤᠭᠰᠠᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃      ᠵᠢᠭᠠᠰᠤᠨ ᠠᠵᠤ ᠠᠬᠤᠢ ᠶᠢᠨ ᠪᠣᠬᠢᠷᠲᠤᠯ ᠤᠨ ᠡ᠊ᠨᠳᠡᠯ ᠭᠠᠷᠭᠠᠭᠰᠠᠨ ᠪᠤᠶᠤ ᠵᠢᠭᠠᠰᠤᠨ ᠠᠵᠤ  ᠠᠬᠤᠢ ᠶᠢᠨ ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠡ᠊ᠨᠳᠡᠯ ᠭᠠᠷᠤᠭᠰᠠᠨ ᠭᠠᠵᠠᠷ ᠤᠨ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠪᠠᠶᠢᠴᠠᠭᠠᠨ ᠰᠢᠢᠳᠪᠤᠷᠢᠯᠡᠬᠦ ᠶᠢ ᠬᠦᠯᠢᠶᠡᠬᠦ ᠬᠡᠷᠡᠭᠲᠡᠶ᠃ ᠪᠤᠰᠤᠳ ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠡ᠊ᠨᠳᠡᠯ ᠭᠠᠷᠤᠭᠰᠠᠨ ᠭᠠᠵᠠᠷ ᠤᠨ ᠲᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ᠂ ᠪᠠᠶᠢᠴᠠᠭᠠᠨ ᠰᠢᠢᠳᠪᠤᠷᠢᠯᠡᠬᠦ ᠶᠢ ᠬᠦᠯᠢᠶᠡᠬᠦ ᠬᠡᠷᠡᠭᠲᠡᠶ︔ ᠵᠢᠭᠠᠰᠤᠨ ᠠᠵᠤ ᠠᠬᠤᠶ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ ᠪᠠᠶᠢᠴᠠᠭᠠᠨ ᠰᠢᠢᠳᠪᠤᠷᠢᠯᠡᠬᠦ ᠳᠤ ᠣᠷᠣᠯᠴᠠᠭᠤᠯᠬᠤ ᠬᠡᠷᠡᠭᠲᠡᠶ᠃      ᠳᠠᠯᠠ ᠶᠢᠰᠦᠳᠦᠭᠡᠷ ᠵᠦᠢᠯ  ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠤᠭᠤᠬᠤ ᠤᠰᠤᠨ ᠤ ᠠᠶᠤᠯᠭᠦᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠬᠡᠷᠡᠭᠲᠡᠶ᠃      ᠤᠤᠭᠤᠬᠤ ᠤᠰᠤ ᠬᠠᠩᠭᠠᠬᠤ ᠨᠢᠭᠡᠴᠢ ᠪᠠᠶᠢᠭ᠎ᠠ ᠭᠠᠵᠠᠷ ᠤᠨ ᠢᠶᠠᠨ ᠤᠤᠭᠤᠬᠤ ᠤᠰᠤᠨ ᠤ ᠠᠶᠤᠯᠭᠦᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠨᠳᠦᠰᠦᠯᠡᠨ᠂ ᠵᠣᠬᠢᠴᠠᠩᠭᠤᠶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠵᠤ᠂ ᠪᠠᠶᠢᠭ᠎ᠠ ᠭᠠᠵᠠᠷ ᠤᠨ ᠢᠶᠠᠨ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠬᠦ ᠬᠡᠷᠡᠭᠲᠡᠶ᠃      ᠤᠤᠭᠤᠬᠤ ᠤᠰᠤᠨ ᠤ ᠡᠬᠢ ᠰᠤᠷᠪᠤᠯᠵᠢ ᠳᠤ ᠤᠰᠤᠨ ᠤ ᠪᠣᠬᠢᠷᠲᠤᠯ ᠤᠨ ᠡ᠊ᠨᠳᠡᠯ ᠭᠠᠷᠤᠭᠰᠠᠨ ᠪᠤᠶᠤ ᠤᠤᠭᠤᠬᠤ ᠤᠰᠤᠨ ᠤ ᠠᠶᠤᠯᠭᠦᠶ ᠶᠢ ᠨᠥᠯᠥᠭᠡᠯᠡᠵᠦ ᠮᠡᠳᠡᠬᠦ ᠭᠡᠨᠡᠳᠲᠡ ᠶᠢᠨ ᠴᠢᠨᠠᠷᠲᠠᠶ ᠪᠤᠰᠤᠳ ᠬᠡᠷᠡᠭ ᠭᠠᠷᠤᠭᠰᠠᠨ ᠪᠠᠶᠢᠪᠠᠯ᠂ ᠤᠤᠭᠤᠬᠤ ᠤᠰᠤ ᠬᠠᠩᠭᠠᠬᠤ ᠨᠢᠭᠡᠴᠢ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠷᠭ᠎ᠠ ᠬᠡᠮᠵᠢᠶ᠎ᠡ ᠠᠪᠴᠤ᠂ ᠪᠠᠶᠢᠭ᠎ᠠ ᠭᠠᠵᠠᠷ ᠤᠨ ᠢᠶᠠᠨ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃      ᠳᠣᠯᠣᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ      ᠨᠠᠶᠠᠳᠤᠭᠠᠷ ᠵᠦᠢᠯ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠨ ᠬᠠᠮᠢᠶᠠᠷᠬᠤ ᠡᠷᠬᠡ ᠲᠠᠢ ᠪᠤᠰᠤᠳ ᠰᠠᠯᠠᠭ᠎ᠠ ᠮᠥᠴᠢᠷ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠭᠠᠷᠭᠠᠭᠰᠠᠨ ᠦᠭᠡᠢ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠭᠦᠢᠴᠡᠳᠬᠡᠭᠰᠡᠨ ᠦᠭᠡᠢ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠤᠶᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠶᠢᠴᠠᠭᠠᠨ ᠰᠢᠢᠳᠪᠤᠷᠢᠯᠡᠭᠰᠡᠨ ᠦᠭᠡᠢ᠂ ᠡᠰᠡᠬᠦᠯ᠎ᠡ ᠲᠤᠰ ᠬᠠᠤᠯᠢ ᠶᠢᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠃      ᠨᠠᠶᠠᠨ ᠨᠢᠭᠡᠳᠦᠭᠡᠷ ᠵᠦᠢᠯ  ᠬᠠᠤᠯᠢ ᠬᠡᠷᠡᠭᠵᠢᠭᠦᠯᠬᠦ ᠠᠵᠢᠯᠲᠠᠨ ᠢ ᠤᠳᠠᠭᠠᠰᠢᠷᠠᠭᠤᠯᠬᠤ᠂ ᠪᠦᠰᠡᠯᠡᠨ ᠬᠠᠰᠢᠬᠤ᠂ ᠰᠠᠭᠠᠳᠠᠭᠠᠬᠤ ᠵᠡᠷᠭᠡ ᠠᠷᠭ᠎ᠠ ᠮᠠᠶ᠋ᠢᠭ ᠢᠶᠠᠷ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠡᠷᠬᠡ ᠶᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠲᠡᠪᠴᠢᠬᠦ ᠪᠤᠶᠤ ᠬᠠᠷᠰᠢᠯᠠᠭᠰᠠᠨ᠂ ᠡᠰᠡᠬᠦᠯ᠎ᠡ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠳᠡᠭᠡᠨ ᠬᠤᠳᠠᠯ ᠬᠡᠯᠡᠵᠦ ᠬᠠᠭᠤᠷᠮᠠᠭᠯᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠬᠠᠤᠯᠢ ᠶᠢᠨ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠡᠷᠬᠡ ᠶᠢ ᠬᠡᠷᠡᠭᠵᠢᠭᠦᠯᠬᠦ ᠪᠤᠰᠤᠳ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃      ᠨᠠᠶᠠᠨ ᠬᠤᠶᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠦᠨ ᠵᠠᠰᠠᠭᠤᠯᠤᠨ᠎ᠠ᠄      ︵ᠨᠢᠭᠡ︶ ᠭᠠᠳᠠᠭᠰᠢᠯᠠᠭᠤᠯᠤᠭᠰᠠᠨ ᠤᠰᠤᠨ ᠤ ᠪᠤᠬᠢᠷᠳᠤᠯ ᠪᠤᠳᠠᠰ ᠢᠶᠠᠨ ᠲᠣᠭᠲᠠᠭᠠᠯ ᠶᠣᠰᠣᠭᠠᠷ ᠥᠪᠡᠰᠦᠪᠡᠨ ᠬᠢᠨᠠᠨ ᠬᠡᠮᠵᠢᠭᠰᠡᠨ ᠦᠭᠡᠢ᠂ ᠡᠰᠡᠬᠦᠯ᠎ᠡ ᠬᠢᠨᠠᠨ ᠬᠡᠮᠵᠢᠭᠰᠡᠨ ᠠᠩᠬᠠᠨ ᠤ ᠲᠡᠮᠳᠡᠭᠯᠡᠯ ᠢᠶᠠᠨ ᠬᠠᠳᠠᠭᠠᠯᠠᠭᠰᠠᠨ ᠦᠭᠡᠢ︔      ︵ᠬᠤᠶᠠᠷ︶  ᠲᠣᠭᠲᠠᠭᠠᠯ ᠶᠣᠰᠣᠭᠠᠷ ᠤᠰᠤᠨ ᠤ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠠᠦ᠋ᠲ᠋ᠣ᠋ ᠲᠥᠬᠦᠭᠡᠷᠦᠮᠵᠢ ᠶᠢ ᠤᠭᠰᠠᠷᠠᠭᠰᠠᠨ ᠦᠭᠡᠢ᠂ ᠲᠣᠭᠲᠠᠭᠠᠯ ᠶᠣᠰᠣᠭᠠᠷ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠥᠬᠦᠭᠡᠷᠦᠮᠵᠢ ᠲᠠᠢ ᠰᠦᠯᠵᠢᠶᠡᠵᠢᠭᠦᠯᠦᠭᠰᠡᠨ ᠦᠭᠡᠢ᠂ ᠡᠰᠡᠬᠦᠯ᠎ᠡ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠭᠰᠠᠨ ᠦᠭᠡᠢ︔      ︵ᠭᠤᠷᠪᠠ︶ ᠲᠣᠭᠲᠠᠭᠠᠯ ᠶᠣᠰᠣᠭᠠᠷ ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠪᠣᠬᠢᠷᠲᠤᠯ ᠭᠠᠳᠠᠭᠰᠢᠯᠠᠭᠤᠯᠬᠤ ᠠᠮᠠ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠢᠨᠠᠨ ᠬᠡᠮᠵᠢᠭᠰᠡᠨ ᠦᠭᠡᠢ᠂ ᠡᠰᠡᠬᠦᠯ᠎ᠡ ᠬᠤᠣᠷ ᠬᠥᠨᠥᠭᠡᠯ ᠲᠠᠢ ᠤᠰᠤᠨ ᠤ ᠪᠤᠬᠢᠷᠳᠤᠯ ᠪᠤᠳᠠᠰ ᠤᠨ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠦᠭᠡᠢ᠃      ᠨᠠᠶᠠᠨ ᠭᠤᠷᠪᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠬᠢᠵᠠᠭᠠᠷᠯᠠᠵᠤ᠂ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠄      ︵ᠨᠢᠭᠡ︶ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠦᠭᠡᠢ ᠪᠠᠷ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ︔      ︵ᠬᠤᠶᠠᠷ︶ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠠᠴᠠ ᠬᠡᠲᠦᠷᠡᠭᠦᠯᠦᠭᠰᠡᠨ ᠪᠤᠶᠤ ᠭᠤᠣᠯᠳᠠᠯᠭ᠎ᠠ ᠲᠠᠢ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠬᠡᠲᠦᠷᠡᠭᠦᠯᠦᠨ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ︔      ︵ᠭᠤᠷᠪᠠ︶ ᠨᠡᠪᠴᠢᠯᠲᠡ ᠶᠢᠨ ᠬᠤᠳᠳᠤᠭ᠂ ᠨᠡᠪᠴᠢᠯᠲᠡ ᠶᠢᠨ ᠨᠦᠬᠡ᠂ ᠠᠩ ᠵᠠᠪᠰᠠᠷ᠂ ᠠᠭᠤᠰᠤᠭᠳᠠᠮᠠᠯ ᠠᠭᠤᠢ ᠶᠢ ᠠᠰᠢᠭᠯᠠᠨ ᠳᠤᠷ᠎ᠠ ᠪᠠᠷ ᠢᠶᠠᠨ ᠳᠠᠯᠳᠠ ᠬᠤᠭᠤᠯᠠᠢ ᠲᠠᠯᠪᠢᠬᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠭᠡᠷᠡᠲᠦᠭᠦᠯᠬᠦ᠂ ᠬᠠᠭᠤᠷᠮᠠᠭᠯᠠᠨ ᠵᠣᠬᠢᠶᠠᠬᠤ᠂ ᠡᠰᠡᠬᠦᠯ᠎ᠡ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠠᠴᠠ ᠵᠠᠶᠢᠯᠠᠬᠤ ᠠᠷᠭ᠎ᠠ ᠮᠠᠶ᠋ᠢᠭ ᠢᠶᠠᠷ ᠤᠰᠤᠨ ᠤ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ︔      ︵ᠲᠦᠷᠪᠡ︶ ᠲᠣᠭᠲᠠᠭᠠᠯ ᠶᠣᠰᠣᠭᠠᠷ ᠤᠷᠢᠳᠴᠢᠯᠠᠨ ᠰᠢᠢᠳᠪᠤᠷᠢᠯᠡᠭᠰᠡᠨ ᠦᠭᠡᠢ ᠪᠠᠷ ᠪᠣᠬᠢᠷ ᠤᠰᠤ ᠶᠢ ᠲᠥᠪᠯᠡᠷᠡᠭᠦᠯᠦᠨ ᠰᠢᠢᠳᠪᠤᠷᠢᠯᠡᠬᠦ ᠲᠥᠬᠦᠭᠡᠷᠦᠮᠵᠢ ᠳᠤ ᠰᠢᠢᠳᠪᠤᠷᠢᠯᠡᠬᠦ ᠤᠷᠠᠯᠠᠯ ᠤᠨ ᠱᠠᠭᠠᠷᠳᠠᠯᠭ᠎ᠠ ᠳᠤ ᠦᠯᠦ ᠨᠡᠶᠢᠴᠡᠬᠦ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠤᠭᠰᠠᠨ᠃      ᠨᠠᠶᠠᠨ ᠳᠥᠷᠪᠡᠳᠦᠭᠡᠷ ᠵᠦᠢᠯ  ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠨᠤᠷᠠᠭᠠᠨ ᠠᠷᠢᠯᠭᠠᠭᠰᠠᠨ ᠤᠢᠭᠡᠢ ᠪᠠᠶᠢᠪᠠᠯ᠂ ᠠᠯᠪᠡᠳᠡᠠ ᠨᠤᠷᠠᠭᠠᠨ ᠠᠷᠢᠯᠭᠠᠭᠤᠯᠵᠤ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠢᠶᠠᠷ ᠡᠭᠦᠷᠭᠡᠯᠡᠭᠦᠯᠵᠦ᠂ ᠲᠡᠪᠢᠠ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠬᠦ ᠪᠥᠭᠡᠳ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ ᠪᠣᠯᠤᠨ᠎ᠠ᠃      ᠡᠮᠦᠨᠡᠬᠢ ᠪᠠᠳᠠᠭ ᠤᠨ ᠲᠣᠭᠲᠠᠭᠠᠯ ᠠᠴᠠ ᠭᠠᠳᠠᠨ᠎ᠠ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠢ ᠵᠥᠷᠢᠴᠡᠵᠦ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠭᠠᠷᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠨᠤᠷᠠᠭᠠᠨ ᠠᠷᠢᠯᠭᠠᠭᠰᠠᠨ ᠤᠢᠭᠡᠢ ᠪᠠᠶᠢᠪᠠᠯ᠂ ᠠᠯᠪᠡᠳᠡᠠ ᠨᠤᠷᠠᠭᠠᠨ ᠠᠷᠢᠯᠭᠠᠭᠤᠯᠵᠤ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠢᠶᠠᠷ ᠡᠭᠦᠷᠭᠡᠯᠡᠭᠦᠯᠵᠦ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠡᠪᠢᠠ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ       ᠪᠣᠯᠤᠨ᠎ᠠ᠃      ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠭᠤᠣᠯ ᠮᠥᠷᠡᠨ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ ᠰᠢᠢᠳᠭᠡᠯ ᠥᠭᠭᠦᠨ᠎ᠡ᠃      ᠨᠠᠶᠠᠨ ᠲᠠᠪᠤᠳᠤᠭᠠᠷ ᠵᠦᠢᠯ  ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ ᠢ ᠠᠷᠢᠯᠭᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠄      ︵ᠨᠢᠭᠡ︶ ᠤᠰᠤᠨ ᠴᠣᠭᠴᠠ ᠳᠤ ᠲᠣᠰᠣᠯᠢᠭ ᠵᠦᠢᠯ᠂ ᠬᠦᠴᠢᠯᠯᠢᠭ ᠰᠢᠩᠭᠡᠨ᠂ ᠱᠦᠯᠲᠦᠯᠢᠭ ᠰᠢᠩᠭᠡᠨ ᠢ ᠭᠠᠳᠠᠭᠰᠢᠯᠠᠭᠤᠯᠤᠭᠰᠠᠨ︔     ︵ᠬᠤᠶᠠᠷ︶ ᠤᠰᠤᠨ ᠴᠣᠭᠴᠠ ᠳᠤ ᠲᠤᠬᠰᠢᠨ ᠬᠤᠣᠷᠲᠠᠢ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠤᠭᠰᠠᠨ᠂ ᠡᠰᠡᠬᠦᠯ᠎ᠡ ᠮᠥᠩᠭᠦᠨ ᠤᠰᠤ᠂ ᠺᠠᠳ᠋ᠮᠢ᠂ ᠠᠷᠰᠧᠨ᠂ ᠾᠷᠣᠮ᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠰᠢᠷ᠎ᠠ ᠹᠣᠰᠹᠣᠷ ᠵᠡᠷᠭᠡ ᠶᠢ ᠠᠭᠤᠯᠤᠭᠰᠠᠨ ᠠᠭᠤᠰᠤᠮᠠᠬᠠᠢ ᠴᠢᠨᠠᠷᠲᠠᠶ ᠲᠤᠬᠰᠢᠨ ᠬᠤᠣᠷᠲᠠᠢ ᠬᠠᠶᠠᠭᠳᠠᠮᠠᠯ ᠰᠢᠭᠠᠷᠤ ᠶᠢ ᠤᠰᠤᠨ ᠴᠣᠭᠴᠠ ᠳᠤ ᠭᠠᠳᠠᠭᠰᠢᠯᠠᠭᠤᠯᠤᠭᠰᠠᠨ᠂ ᠴᠢᠳᠬᠤᠭᠰᠠᠨ ᠪᠤᠶᠤ ᠰᠢᠭᠤᠳ ᠭᠠᠵᠠᠷ ᠳᠣᠣᠷ᠎ᠠ ᠪᠤᠯᠠᠭᠰᠠᠨ︔     ︵ᠭᠤᠷᠪᠠ︶ ᠤᠰᠦᠠ ᠴᠣᠭᠴᠠ ᠳᠤ ᠲᠤᠰᠦᠠ ᠤ ᠵᠦᠢᠯ᠂ ᠬᠤᠣᠷ ᠲᠠᠢ ᠪᠣᠬᠢᠷᠲᠤᠯ ᠪᠣᠳᠠᠰ ᠢ ᠰᠠᠪᠠᠯᠠᠵᠤ ᠬᠠᠳᠠᠭᠠᠯᠠᠵᠤ ᠥᠩᠭᠡᠷᠡᠭᠰᠡᠨ ᠲᠡᠷᠭᠡ ᠪᠤᠶᠤ ᠰᠡᠪᠡ ᠬᠡᠷᠡᠭᠰᠡᠯ ᠢ ᠤᠬᠢᠶᠠᠵᠤ ᠴᠡᠪᠡᠷᠯᠡᠭᠰᠡᠨ︔     ︵ᠲᠦᠷᠪᠡ︶ ᠤᠰᠦᠠ ᠴᠣᠭᠴᠠ ᠳᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ᠂ ᠬᠤᠳᠠ ᠪᠠᠯᠭᠠᠰᠤᠨ ᠤ ᠬᠤᠭ ᠨᠣᠪᠰᠢ ᠪᠤᠶᠤ ᠪᠤᠰᠤᠳ ᠬᠠᠶᠠᠭᠳᠠᠮᠠᠯ ᠪᠣᠳᠠᠰ ᠢ ᠭᠠᠳᠠᠭᠰᠢᠯᠠᠭᠤᠯᠤᠭᠰᠠᠨ᠂ ᠴᠢᠳᠬᠤᠭᠰᠠᠨ᠂ ᠡᠰᠡᠬᠦᠯ᠎ᠡ ᠭᠤᠣᠯ ᠮᠥᠷᠡᠨ᠂ ᠨᠠᠭᠤᠷ ᠲᠣᠭᠤᠷᠢᠮ᠂ ᠲᠠᠲᠠᠮᠠᠯ ᠭᠤᠣᠯ᠂ ᠤᠰᠦᠠ ᠰᠤᠪᠠᠭ᠂ ᠤᠰᠦᠠ ᠴᠥᠭᠦᠷᠥᠮ ᠤᠨ ᠬᠠᠮᠤᠭ ᠤᠨ ᠥᠨᠳᠥᠷ ᠤᠰᠦᠠ ᠲᠦᠪᠰᠢᠨ ᠤ ᠱᠤᠭᠤᠮ ᠠᠴᠠ ᠳᠣᠷᠣᠭᠰᠢᠬᠢ ᠲᠡᠩ ᠰᠠᠶᠢᠷ ᠭᠠᠵᠠᠷ᠂ ᠡᠷᠭᠢ ᠶᠢᠨ ᠪᠡᠯ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠪᠤᠰᠤᠳ ᠪᠣᠬᠢᠷᠲᠤᠯ ᠪᠣᠳᠠᠰ ᠢ ᠣᠪᠣᠭᠠᠯᠠᠨ ᠲᠠᠯᠪᠢᠭᠰᠠᠨ᠂ ᠬᠠᠳᠠᠭᠠᠯᠠᠭᠰᠠᠨ︔     ︵ᠲᠠᠪᠤ︶ ᠤᠰᠤᠨ ᠴᠣᠭᠴᠠ ᠳᠤ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠤᠶᠤ ᠦᠨᠳᠦᠷ ᠰᠠᠴᠤᠷᠠᠭ ᠴᠢᠨᠠᠷᠲᠠᠶ ᠪᠠ ᠳᠤᠮᠳᠠ ᠰᠠᠴᠤᠷᠠᠭ ᠴᠢᠨᠠᠷᠲᠠᠶ ᠪᠣᠳᠠᠰ ᠠᠭᠤᠯᠤᠭᠰᠠᠨ ᠬᠠᠶᠠᠭᠳᠠᠮᠠᠯ ᠤᠰᠤ ᠶᠢ ᠭᠠᠳᠠᠭᠰᠢᠯᠠᠭᠤᠯᠤᠭᠰᠠᠨ᠂ ᠴᠢᠳᠬᠤᠭᠰᠠᠨ︔     ︵ᠵᠢᠷᠭᠤᠭ᠎ᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠤᠶᠤ ᠪᠠᠷᠢᠮᠵᠢᠶ᠎ᠠ ᠠᠴᠠ ᠵᠥᠷᠢᠴᠡᠵᠦ᠂ ᠤᠰᠤᠨ ᠴᠣᠭᠴᠠ ᠳᠤ ᠳᠣᠣᠷ᠎ᠠ ᠰᠠᠴᠤᠷᠠᠭ ᠢᠳᠡᠪᠬᠢ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠬᠠᠯᠠᠭᠤᠨ ᠬᠠᠶᠠᠭᠳᠠᠮᠠᠯ ᠤᠰᠤ ᠪᠤᠶᠤ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠶᠢ ᠭᠠᠳᠠᠭᠰᠢᠯᠠᠭᠤᠯᠤᠭᠰᠠᠨ︔     ︵ᠲᠤᠯᠤᠭ᠎ᠠ︶ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠥᠭᠡᠢ᠂ ᠡᠰᠡᠬᠦᠯ᠎ᠡ ᠭᠠᠵᠠᠷ ᠳᠣᠣᠷᠠᠬᠢ ᠤᠰᠤᠨ ᠤ ᠴᠢᠨᠠᠷ ᠢ ᠬᠢᠨᠠᠨ ᠬᠡᠮᠵᠢᠬᠦ ᠬᠤᠳᠳᠤᠭ ᠪᠠᠶᠢᠭᠤᠯᠵᠤ ᠬᠢᠨᠠᠨ ᠬᠡᠮᠵᠢᠭᠰᠡᠨ ᠥᠭᠡᠢ  ︔     ︵ᠨᠠᠢᠮᠠ︶  ᠲᠤᠰᠤ ᠨᠡᠮᠡᠬᠦ ᠦᠷᠳᠡᠭᠡ ᠵᠡᠷᠭᠡ ᠶᠢᠨ ᠭᠠᠵᠠᠷ ᠳᠣᠣᠷᠠᠬᠢ ᠲᠤᠰᠤᠨ ᠰᠠᠪᠠ ᠳᠤ ᠳᠠᠪᠬᠤᠷ ᠪᠤᠳᠤᠩ ᠬᠡᠷᠡᠭᠯᠡᠭᠰᠡᠨ ᠦᠭᠡᠢ ᠪᠤᠶᠤ ᠨᠡᠪᠴᠢᠯᠲᠡ ᠶᠢ ᠰᠡᠷᠭᠡᠶᠢᠯᠡᠬᠦ ᠲᠠᠲᠠᠭᠠᠯ ᠪᠠᠶᠢᠭᠤᠯᠬᠤ ᠵᠡᠷᠭᠡ ᠪᠤᠰᠤᠳ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠨᠡᠪᠴᠢᠯᠲᠡ ᠶᠢ ᠰᠡᠷᠭᠡᠶᠢᠯᠡᠬᠦ ᠬᠢᠨᠠᠨ ᠬᠡᠮᠵᠢᠯᠲᠡ ᠬᠢᠭᠰᠡᠨ ᠦᠭᠡᠢ︔     ︵ᠶᠢᠰᠦ︶ ᠲᠣᠭᠲᠠᠭᠠᠯ ᠶᠣᠰᠣᠭᠠᠷ ᠰᠡᠷᠭᠡᠶᠢᠯᠡᠨ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠭᠤᠤ ᠰᠤᠪᠠᠭ᠂ ᠨᠦᠬᠡᠨ ᠲᠠᠩ ᠵᠡᠷᠭᠡ ᠳᠤ ᠬᠤᠣᠷᠲᠤ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠤᠰᠤ᠂ ᠡᠪᠡᠳᠴᠢᠨ ᠡᠭᠦᠰᠭᠡᠭᠴᠢ ᠠᠭᠤᠯᠤᠭᠰᠠᠨ ᠪᠣᠬᠢᠷ ᠤᠰᠤ ᠪᠤᠶᠤ ᠪᠤᠰᠤᠳ ᠬᠠᠶᠠᠭᠳᠠᠮᠠᠯ ᠪᠣᠳᠠᠰ ᠢ ᠵᠥᠭᠡᠭᠡᠪᠦᠷᠢᠯᠡᠭᠰᠡᠨ ᠪᠤᠶᠤ ᠬᠠᠳᠠᠭᠠᠯᠠᠭᠰᠠᠨ᠃      ᠡᠮᠦᠨᠡᠬᠢ ᠪᠠᠳᠠᠭ ᠤᠨ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠵᠢᠷᠭᠤᠳᠤᠭᠠᠷ ᠵᠤᠷᠪᠤᠰ᠂ ᠳᠣᠯᠣᠳᠤᠭᠠᠷ ᠵᠤᠷᠪᠤᠰ᠂ ᠨᠠᠢᠮᠠᠳᠤᠭᠠᠷ ᠵᠤᠷᠪᠤᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ ᠡᠮᠦᠨᠡᠬᠢ ᠪᠠᠳᠠᠭ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠲᠠᠪᠤᠳᠤᠭᠠᠷ ᠵᠤᠷᠪᠤᠰ᠂ ᠶᠢᠰᠦᠳᠦᠭᠡᠷ ᠵᠤᠷᠪᠤᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠃      ᠨᠠᠶᠠᠨ ᠵᠢᠷᠭᠤᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ᠂ ᠬᠡᠷᠡᠭᠯᠡᠬᠦ ᠶᠢ ᠴᠠᠭᠠᠵᠠᠯᠠᠭᠰᠠᠨ ᠤᠰᠤᠨ ᠤ ᠣᠷᠴᠢᠨ ᠲᠣᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠲᠣᠨᠤᠭ ᠲᠥᠬᠦᠭᠡᠷᠦᠮᠵᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠬᠡᠷᠡᠭᠯᠡᠬᠦ᠂ ᠡᠰᠡᠬᠦᠯ᠎ᠡ ᠬᠡᠷᠡᠭᠯᠡᠬᠦ ᠶᠢ ᠴᠠᠭᠠᠵᠠᠯᠠᠭᠰᠠᠨ ᠤᠰᠤᠨ ᠤ ᠣᠷᠴᠢᠨ ᠲᠤᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠤᠷᠠᠯᠠᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠤᠷᠠᠯᠠᠯ ᠢ ᠬᠡᠷᠡᠭᠯᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠠᠭᠤᠯᠤᠯ ᠡᠵᠡᠮᠳᠡᠯ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠬᠤᠷᠸ᠎ᠠ ᠲᠤᠬᠢᠷᠡᠭᠤᠯᠦᠯ ᠡᠵᠡᠮᠳᠡᠯ ᠤᠨ ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠃      ᠨᠠᠶᠠᠨ ᠳᠣᠯᠣᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠦᠯᠦ ᠨᠡᠶᠢᠴᠡᠬᠦ ᠵᠢᠵᠢᠭ ᠬᠡᠯᠪᠡᠷᠢ ᠶᠢᠨ ᠴᠠᠭᠠᠰᠤ ᠬᠢᠬᠦ᠂ ᠠᠷᠠᠰᠤ ᠰᠢᠷᠢ ᠦᠢᠯᠡᠳᠬᠦ᠂ ᠳᠠᠷᠤᠮᠠᠯᠯᠠᠨ ᠪᠤᠳᠤᠬᠤ᠂ ᠪᠤᠳᠤᠭᠯᠠᠬᠤ᠂ ᠬᠡᠦᠷᠡᠰᠦ ᠪᠣᠯᠪᠠᠰᠤᠷᠠᠭᠤᠯᠬᠤ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠮᠥᠩᠭᠦᠨ ᠤᠰᠤ ᠪᠣᠯᠪᠠᠰᠤᠷᠠᠭᠤᠯᠬᠤ᠂ ᠲᠤᠰᠤ ᠪᠣᠯᠪᠠᠰᠤᠷᠠᠭᠤᠯᠬᠤ᠂ ᠴᠠᠬᠢᠯᠭᠠᠨ ᠢᠶᠠᠷ ᠥᠩᠭᠡᠯᠡᠬᠦ᠂ ᠲᠠᠷᠢᠶᠠᠨ ᠡᠮ᠂ ᠰᠢᠷᠪᠥᠰᠥᠨ ᠴᠢᠯᠠᠭᠤ᠂ ᠱᠦᠢᠨᠢ᠂ ᠰᠢᠯ᠂ ᠪᠤᠯᠤᠳ ᠲᠡᠮᠤᠷ᠂ ᠢᠯᠴᠢ ᠶᠢᠨ ᠴᠠᠬᠢᠯᠭᠠᠨ ᠵᠢᠴᠢ ᠤᠰᠤᠨ ᠤ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠲᠤᠭᠤᠯᠬᠤ ᠪᠤᠰᠤᠳ ᠦᠢᠯᠡᠳᠪᠦᠷᠢᠯᠡᠯ ᠤᠨ ᠵᠦᠢᠯᠡᠰ ᠢ ᠪᠠᠶᠢᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ ᠬᠢᠨᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠡᠭᠦᠳᠡ ᠶᠢ ᠨᠢ ᠬᠠᠭᠠᠯᠭᠠᠨ᠎ᠠ᠃      ᠨᠠᠶᠠᠨ ᠨᠠᠢᠮᠠᠳᠤᠭᠠᠷ ᠵᠦᠢᠯ  ᠬᠤᠳᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠢ ᠪᠤᠶᠤ ᠪᠤᠵᠠᠷ ᠰᠢᠪᠠᠷ ᠢ  ᠰᠢᠢᠳᠪᠦᠷᠢᠯᠡᠬᠦ ᠨᠢᠭᠡᠴᠢ ᠰᠢᠢᠳᠪᠦᠷᠢᠯᠡᠭᠰᠡᠨ ᠤ ᠳᠠᠷᠠᠭᠠᠬᠢ ᠪᠤᠬᠢᠷ ᠰᠢᠪᠠᠷ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ᠂ ᠡᠰᠡᠬᠦᠯ᠎ᠡ ᠪᠤᠬᠢᠷ ᠰᠢᠪᠠᠷ ᠤᠨ ᠬᠠᠮᠢᠭᠠᠰᠢ ᠶᠠᠪᠤᠭᠰᠠᠨ ᠵᠡᠷᠭᠡ ᠶᠢ ᠲᠡᠮᠳᠡᠭᠯᠡᠭᠰᠡᠨ ᠦᠭᠡᠢ ᠪᠠᠶᠢᠪᠠᠯ᠂ ᠬᠤᠳᠠ ᠪᠠᠯᠭᠠᠰᠤᠨ ᠤ ᠤᠰᠤ ᠵᠠᠯᠠᠬᠤ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠰᠡᠷᠡᠮᠵᠢ ᠥᠭᠭᠦᠨ᠎ᠡ︔ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠬᠤᠲᠠ ᠪᠠᠯᠭᠠᠰᠤ ᠶᠢᠨ ᠤᠰᠤ ᠵᠠᠯᠠᠬᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃      ᠨᠠᠶᠠ ᠶᠢᠰᠦᠳᠦᠭᠡᠷ ᠵᠦᠢᠯ  ᠤᠩᠭᠤᠴᠠ ᠰᠠᠯ ᠳᠤ ᠪᠣᠬᠢᠷᠲᠤᠯ ᠢ ᠰᠡᠷᠭᠡᠶᠢᠯᠡᠬᠦ ᠵᠣᠬᠢᠴᠠᠩᠭᠤᠶ ᠲᠤᠨᠤᠭ ᠲᠥᠬᠦᠭᠡᠷᠦᠮᠵᠢ ᠪᠠ ᠪᠠᠭᠠᠵᠢ ᠬᠡᠷᠡᠭᠰᠡᠯ ᠲᠣᠬᠢᠷᠠᠭᠤᠯᠤᠭᠰᠠᠨ ᠦᠭᠡᠢ᠂ ᠡᠰᠡᠬᠦᠯ᠎ᠡ ᠤᠰᠤᠨ ᠣᠷᠣᠨ ᠤ ᠣᠷᠴᠢᠨ ᠲᠤᠭᠤᠷᠢᠨ ᠤ ᠪᠣᠬᠢᠷᠲᠤᠯ ᠢ ᠰᠡᠷᠭᠡᠶᠢᠯᠡᠬᠦ ᠬᠠᠤᠯᠢ ᠶᠣᠰᠣᠨ ᠤ ᠬᠦᠴᠦᠨ ᠪᠦᠬᠦᠢ ᠦᠨᠡᠮᠯᠡᠯ ᠪᠠ ᠪᠢᠴᠢᠭ ᠬᠠᠷ᠎ᠠ ᠪᠠᠶᠢᠬᠤ ᠦᠭᠡᠢ ᠪᠠᠶᠢᠪᠠᠯ᠂ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ ᠬᠤᠶᠠᠷ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠤᠢᠭᠡᠢ ᠪᠠᠶᠢᠪᠠᠯ᠂ ᠵᠠᠷᠯᠢᠭᠳᠠᠵᠤ ᠪᠠᠶᠢᠭᠠᠳ ᠣᠩᠭᠤᠴᠠ ᠰᠠᠯ ᠤᠨ ᠠᠶᠠᠯᠠᠯ ᠢ ᠨᠢ ᠲᠦᠷ ᠵᠣᠭᠰᠣᠭᠠᠨ᠎ᠠ᠃      ᠣᠩᠭᠤᠴᠠ ᠰᠠᠯ ᠪᠤᠬᠢᠷᠳᠤᠯ ᠪᠣᠳᠠᠰ ᠭᠠᠳᠠᠭᠰᠢᠯᠠᠭᠤᠯᠬᠤ ᠳᠤ ᠬᠤᠯᠪᠣᠭᠳᠠᠬᠤ ᠠᠵᠢᠯ ᠢ ᠬᠢᠬᠦ ᠳᠡᠭᠡᠨ ᠠᠵᠢᠯᠯᠠᠬᠤ ᠲᠦᠷᠢᠮ ᠢ ᠵᠢᠷᠤᠮᠯᠠᠭᠰᠠᠨ ᠤᠢᠭᠡᠢ ᠪᠤᠶᠤ ᠵᠣᠬᠢᠴᠠᠩᠭᠤᠶ ᠲᠡᠮᠳᠡᠭᠯᠡᠯ ᠤᠨ ᠳᠡᠪᠲᠡᠷ ᠳᠡᠭᠡᠷ᠎ᠡ ᠦᠨᠡᠨ ᠮᠥᠨ ᠢᠶᠠᠷ ᠨᠢ ᠲᠡᠮᠳᠡᠭᠯᠡᠭᠰᠡᠨ ᠤᠢᠭᠡᠢ ᠪᠠᠶᠢᠪᠠᠯ᠂ ᠲᠡᠯᠡᠢ ᠶᠢᠨ ᠶᠠᠪᠤᠳᠠᠯ ᠢ ᠬᠠᠮᠢᠶᠠᠷᠬᠤ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠤᠶᠠᠷ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃      ᠶᠡᠷᠡᠳᠦᠭᠡᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠰᠤᠨ ᠤ ᠪᠣᠬᠢᠷᠲᠤᠯ ᠢ ᠪᠤᠢ ᠪᠣᠯᠭᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ ᠢ ᠠᠷᠢᠯᠭᠠᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠰᠠᠬᠤ ᠠᠷᠭ᠎ᠠ ᠬᠡᠮᠵᠢᠶ᠎ᠡ ᠠᠪᠤᠭᠰᠠᠨ ᠤᠢᠭᠡᠢ ᠪᠠᠶᠢᠪᠠᠯ᠂ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠣᠩᠭᠤᠴᠠ ᠰᠠᠯ ᠤᠨ ᠡᠵᠡᠨ ᠡᠭᠦᠷᠭᠡᠯᠡᠨ᠎ᠡ᠄      ︵ᠨᠢᠭᠡ︶ ᠤᠰᠦᠠ ᠴᠣᠭᠴᠠ ᠳᠤ ᠣᠩᠭᠤᠴᠠ ᠰᠠᠯ ᠤᠨ ᠬᠤᠭ ᠨᠣᠪᠰᠢ ᠶᠢ ᠴᠢᠳᠬᠤᠭᠰᠠᠨ ᠪᠤᠶᠤ ᠣᠩᠭᠤᠴᠠ ᠰᠠᠯ ᠤᠨ ᠦᠯᠡᠳᠡᠭᠳᠡᠯ ᠲᠤᠰᠦ᠂ ᠬᠠᠶᠠᠭᠳᠠᠮᠠᠯ ᠲᠤᠰᠦ ᠶᠢ ᠭᠠᠳᠠᠭᠰᠢᠯᠠᠭᠤᠯᠤᠭᠰᠠᠨ︔      ︵ᠬᠤᠶᠠᠷ︶ ᠠᠵᠢᠯᠯᠠᠬᠤ ᠭᠠᠵᠠᠷ ᠤᠨ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤᠢᠭᠡᠢ ᠪᠠᠷ ᠣᠩᠭᠤᠴᠠ ᠰᠠᠯ ᠳᠤ ᠰᠤᠯᠠ ᠰᠠᠪᠠᠯᠠᠭᠰᠠᠨ ᠰᠢᠩᠭᠡᠨ ᠪᠡᠶᠡᠲᠦ ᠶᠢᠨ ᠪᠣᠬᠢᠷᠲᠤᠭᠤᠯᠤᠨ ᠬᠤᠬᠢᠷᠠᠭᠤᠯᠬᠤ ᠴᠢᠨᠠᠷᠲᠠᠶ ᠪᠠᠷᠠᠭ᠎ᠠ ᠶᠢ ᠴᠢᠷᠭᠡᠦᠯ ᠣᠩᠭᠤᠴᠠ ᠪᠠᠷ ᠰᠢᠯᠵᠢᠭᠦᠯᠬᠦ ᠠᠵᠢᠯ ᠬᠢᠭᠰᠡᠨ︔      ︵ᠭᠤᠷᠪᠠ︶ ᠣᠩᠭᠤᠴᠠ ᠰᠠᠯ ᠵᠢᠴᠢ ᠬᠤᠯᠪᠣᠭᠳᠠᠯ ᠪᠦᠬᠦᠢ ᠠᠵᠢᠯ ᠤᠨ ᠨᠢᠭᠡᠴᠢ ᠪᠣᠬᠢᠷᠲᠤᠯ ᠤᠨ ᠠᠶᠤᠯ ᠲᠦᠭᠰᠢᠭᠦᠷᠢ ᠲᠠᠢ ᠠᠵᠢᠯ ᠠᠵᠢᠯᠯᠠᠭ᠎ᠠ ᠬᠢᠬᠦ ᠳᠡᠭᠡᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠡᠰᠡ ᠠᠪᠤᠭᠰᠠᠨ︔      ︵ᠲᠦᠷᠪᠡ︶ ᠲᠡᠯᠡᠢ ᠶᠢᠨ ᠲᠡᠩ ᠢ ᠲᠦᠷᠢᠬᠦ ᠠᠷᠭ᠎ᠠ ᠪᠠᠷ ᠣᠩᠭᠤᠴᠠ ᠰᠠᠯ ᠢ ᠵᠠᠳᠠᠯᠤᠭᠰᠠᠨ︔      ︵ᠲᠠᠪᠤ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠭᠤᠣᠯ ᠮᠥᠷᠡᠨ ᠳᠤ ᠣᠷᠣᠵᠤ ᠢᠷᠡᠭᠰᠡᠨ ᠤᠯᠠᠨ ᠤᠯᠤᠰ ᠤᠨ ᠠᠶᠠᠯᠠᠯ ᠤᠨ ᠱᠤᠭᠤᠮ ᠤᠨ ᠤᠩᠭᠤᠴᠠ ᠰᠠᠯ ᠨᠢ ᠲᠣᠭᠲᠠᠭᠠᠯ ᠳᠤ ᠨᠡᠶᠢᠴᠡᠬᠦ ᠦᠭᠡᠢ ᠤᠩᠭᠤᠴᠠ ᠰᠠᠯ ᠤᠨ ᠲᠠᠷᠤᠯᠳᠠᠳᠤ ᠤᠰᠤ ᠶᠢ ᠭᠠᠳᠠᠭᠰᠢᠯᠠᠭᠤᠯᠤᠭᠰᠠᠨ᠃      ᠶᠡᠷᠡᠨ ᠨᠢᠭᠡᠳᠦᠭᠡᠷ ᠵᠦᠢᠯ  ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠠᠪᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠡᠭᠦᠨ ᠤ ᠬᠠᠮᠲᠤ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠨᠤᠷᠠᠭᠠᠯᠭᠠᠬᠤ ᠪᠤᠶᠤ ᠡᠭᠦᠳᠡ ᠶᠢ ᠨᠢ ᠬᠠᠭᠠᠯᠭᠠᠨ᠎ᠠ᠄      ︵ᠨᠢᠭᠡ︶ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠤᠰᠤ ᠬᠠᠩᠭᠠᠬᠤ ᠲᠥᠬᠦᠭᠡᠷᠦᠮᠵᠢ ᠪᠠ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠠᠢ ᠬᠤᠯᠪᠣᠭᠳᠠᠯ ᠦᠭᠡᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ︔     ︵ᠬᠤᠶᠠᠷ︶ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ︔      ︵ᠭᠤᠷᠪᠠ︶ ᠤᠤᠭᠤᠬᠤ ᠤᠰᠤᠨ ᠤ ᠡᠬᠢ ᠰᠤᠷᠪᠤᠯᠵᠢ ᠶᠢᠨ ᠳᠡᠰᠯᠡᠬᠦ ᠬᠠᠮᠠᠭᠠᠯᠠᠯᠲᠠ ᠶᠢᠨ ᠣᠷᠣᠨ ᠤ ᠳᠣᠲᠣᠷ᠎ᠠ ᠤᠰᠤᠨ ᠴᠣᠭᠴᠠ ᠶᠢ ᠬᠦᠨᠳᠦ ᠨᠣᠴᠢᠲᠠᠶ ᠪᠣᠬᠢᠷᠲᠤᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ᠂ ᠡᠰᠡᠬᠦᠯ᠎ᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠥᠭᠡᠷᠡᠴᠢᠯᠡᠨ ᠪᠠᠶᠢᠭᠤᠯᠤᠭᠠᠳ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠨᠡᠮᠡᠭᠳᠡᠭᠦᠯᠦᠭᠰᠡᠨ᠃      ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠳᠤ ᠲᠣᠣᠷᠯᠢᠭ ᠬᠠᠶᠢᠷᠴᠠᠭ ᠢᠶᠠᠷ ᠲᠡᠵᠢᠭᠡᠨ ᠦᠷᠡᠵᠢᠭᠦᠯᠬᠦ ᠪᠤᠶᠤ ᠵᠢᠭᠤᠯᠴᠢᠯᠠᠬᠤ᠂ ᠵᠢᠭᠠᠰᠤ ᠭᠥᠬᠢᠳᠡᠬᠦ ᠪᠤᠶᠤ ᠤᠤᠭᠤᠬᠤ ᠤᠰᠤᠨ ᠤ ᠤᠰᠤᠨ ᠴᠣᠭᠴᠠ ᠶᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ ᠬᠤᠪᠢ ᠬᠥᠮᠦᠨ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠳᠤ ᠤᠮᠪᠠᠭ᠋ᠤ᠂ ᠵᠢᠭᠠᠰᠤ ᠭᠥᠬᠢᠳᠡᠬᠦ ᠪᠤᠶᠤ ᠤᠤᠭᠤᠬᠤ ᠤᠰᠤᠨ ᠤ ᠤᠰᠤᠨ ᠴᠣᠭᠴᠠ ᠶᠢ ᠪᠣᠬᠢᠷᠲᠤᠭᠤᠯᠵᠤ ᠮᠡᠳᠡᠬᠦ ᠪᠤᠰᠤᠳ ᠠᠵᠢᠯᠯᠠᠭ᠎ᠠ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠠᠪᠤᠨ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠶᠡᠷᠡᠨ ᠬᠤᠶᠠᠳᠤᠭᠠᠷ ᠵᠦᠢᠯ  ᠤᠤᠭᠤᠬᠤ ᠤᠰᠤ ᠬᠠᠩᠭᠠᠬᠤ ᠨᠢᠭᠡᠴᠢ ᠶᠢᠨ ᠬᠠᠩᠭᠠᠬᠤ ᠤᠰᠤᠨ ᠤ ᠴᠢᠨᠠᠷ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠪᠠᠶᠢᠭ᠎ᠠ ᠭᠠᠵᠠᠷ ᠤᠨ ᠬᠢᠨᠢ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤ ᠬᠠᠩᠭᠠᠬᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ ᠪᠣᠯᠤᠨ᠎ᠠ︔ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠃      ᠶᠡᠷᠡᠨ ᠭᠤᠷᠪᠠᠳᠤᠭᠠᠷ ᠵᠦᠢᠯ  ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠄      ︵ᠨᠢᠭᠡ︶ ᠤᠰᠤᠨ ᠤ ᠪᠣᠬᠢᠷᠲᠤᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠯ ᠶᠣᠰᠣᠭᠠᠷ ᠲᠣᠭᠲᠠᠭᠠᠭᠰᠠᠨ ᠦᠭᠡᠢ︔      ︵ᠬᠤᠶᠠᠷ︶ ᠤᠰᠤᠨ ᠤ ᠪᠣᠬᠢᠷᠲᠤᠯ ᠤᠨ ᠡ᠊ᠨᠳᠡᠯ ᠭᠠᠷᠤᠭᠰᠠᠨ ᠤ ᠲᠠᠷᠠᠭ᠎ᠠ᠂ ᠤᠰᠤᠨ ᠤ ᠪᠣᠬᠢᠷᠲᠤᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠡᠬᠢᠯᠡᠭᠦᠯᠦᠭᠰᠡᠨ ᠦᠭᠡᠢ᠂ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠃      ᠶᠡᠷᠡᠨ ᠳᠥᠷᠪᠡᠳᠦᠭᠡᠷ ᠵᠦᠢᠯ  ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠠᠴᠠ ᠭᠠᠳᠠᠨ᠎ᠠ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠪᠣᠬᠢᠷᠲᠤᠯ ᠢ ᠠᠷᠢᠯᠭᠠᠭᠤᠯᠤᠨ᠎ᠠ︔ ᠱᠠᠭᠠᠷᠳᠠᠯᠭ᠎ᠠ ᠶᠣᠰᠣᠭᠠᠷ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠵᠠᠰᠠᠬᠤ ᠴᠢᠳᠠᠪᠤᠷᠢ ᠶᠢ ᠪᠦᠷᠢᠯᠳᠦᠭᠦᠯᠦᠭᠰᠡᠨ ᠦᠭᠡᠢ ᠪᠠᠶᠢᠪᠠᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠴᠢᠳᠠᠪᠤᠷᠢ ᠲᠠᠢ ᠨᠢᠭᠡᠴᠢ ᠶᠢ ᠵᠢᠭᠠᠨ ᠲᠣᠭᠲᠠᠭᠠᠵᠤ ᠣᠷᠣᠯᠠᠨ ᠵᠠᠰᠠᠭᠤᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ︔ ᠬᠦᠨᠳᠦ ᠶᠡᠭᠡ ᠪᠤᠶᠤ ᠣᠨᠴᠠ ᠶᠡᠭᠡ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠵᠤ ᠪᠣᠯᠤᠨ᠎ᠠ︔ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ ᠳᠡᠭᠡᠷ᠎ᠡ ᠨᠢᠭᠡ ᠵᠢᠯ ᠤᠨ ᠲᠤᠰ ᠨᠢᠭᠡᠴᠢ ᠠᠴᠠ ᠣᠯᠤᠭᠰᠠᠨ ᠣᠷᠣᠯᠭ᠎ᠠ ᠶᠢᠨ 50% ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠤᠭᠤᠷᠢᠨ ᠢ ᠬᠠᠮᠠᠭᠠᠯᠠᠬᠤ ᠬᠠᠤᠯᠢ︾ ᠶᠢᠨ ᠵᠢᠷᠠᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠬᠠᠤᠯᠢ ᠶᠢ ᠵᠥᠷᠢᠴᠡᠵᠦ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠵᠡᠷᠭᠡ ᠠᠵᠢᠯᠯᠠᠭ᠎ᠠ ᠶᠢᠨ ᠨᠢᠭᠡ ᠶᠢ ᠬᠢᠵᠦ᠂ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ ᠠᠷᠪᠠᠨ ᠡᠳᠦᠷ ᠠᠴᠠ ᠳᠡᠭᠡᠭᠰᠢ ᠠᠷᠪᠠᠨ ᠲᠠᠪᠤᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠭᠡᠨ᠎ᠡ︔ ᠥᠢᠯᠡ ᠪᠠᠶᠢᠳᠠᠯ ᠨᠢ ᠬᠥᠡᠭᠭᠡᠨ ᠪᠠᠶᠢᠪᠠᠯ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠣᠭᠤᠭᠰᠢ ᠲᠥᠷ ᠬᠤᠷᠢᠬᠤ ᠪᠠᠷ  ᠰᠢᠢᠳᠭᠡᠨ᠎ᠡ᠃      ᠡᠩ ᠤᠨ ᠪᠤᠶᠤ ᠨᠡᠯᠢᠶᠡᠳ ᠶᠡᠭᠡ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠤᠰᠤᠨ ᠤ ᠪᠣᠬᠢᠷᠲᠤᠯ ᠤᠨ ᠡ᠊ᠨᠳᠡᠯ ᠠᠴᠠ ᠪᠣᠯᠤᠭᠰᠠᠨ ᠰᠢᠭᠤᠳ ᠬᠤᠬᠢᠷᠠᠯ ᠤᠨ 20% ᠪᠠᠷ ᠪᠤᠳᠤᠵᠤ ᠵᠣᠭᠤᠰ ᠢᠶᠠᠷ       ᠲᠣᠷᠭᠠᠨ᠎ᠠ︔ ᠬᠦᠨᠳᠦ ᠶᠡᠭᠡ ᠪᠤᠶᠤ ᠣᠨᠴᠠ ᠶᠡᠭᠡ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠤᠰᠤᠨ ᠤ ᠪᠣᠬᠢᠷᠲᠤᠯ ᠤᠨ ᠡ᠊ᠨᠳᠡᠯ ᠠᠴᠠ ᠪᠣᠯᠤᠭᠰᠠᠨ ᠰᠢᠭᠤᠳ ᠬᠤᠬᠢᠷᠠᠯ ᠤᠨ 30% ᠪᠠᠷ ᠪᠤᠳᠤᠵᠤ ᠵᠣᠭᠤᠰ ᠢᠶᠠᠷ ᠲᠣᠷᠭᠠᠨ᠎ᠠ᠃      ᠵᠢᠭᠠᠰᠤᠨ ᠠᠵᠤ ᠠᠬᠤᠢ ᠶᠢᠨ ᠪᠣᠬᠢᠷᠲᠤᠯ ᠤᠨ ᠡ᠊ᠨᠳᠡᠯ ᠭᠠᠷᠭᠠᠭᠰᠠᠨ ᠪᠤᠶᠤ ᠵᠢᠭᠠᠰᠤᠨ ᠠᠵᠤ  ᠠᠬᠤᠢ ᠶᠢᠨ ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠢᠳᠭᠡᠨ᠎ᠡ︔ ᠪᠤᠰᠤᠳ ᠣᠩᠭᠤᠴᠠ ᠰᠠᠯ ᠤᠰᠤᠨ ᠤ ᠪᠣᠬᠢᠷᠲᠤᠯ ᠤᠨ ᠡ᠊ᠨᠳᠡᠯ ᠭᠠᠷᠭᠠᠭᠰᠠᠨ ᠪᠠᠶᠢᠪᠠᠯ᠂ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠰᠢᠢᠳᠭᠡᠨ᠎ᠡ᠃      ᠶᠡᠷᠡᠨ ᠲᠠᠪᠤᠳᠤᠭᠠᠷ ᠵᠦᠢᠯ  ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠦᠢᠯᠡᠳᠪᠤᠷᠢᠯᠡᠯ ᠡᠵᠡᠩᠨᠡᠭᠴᠢ ᠬᠠᠤᠯᠢ ᠪᠤᠰᠤ ᠪᠠᠷ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠵᠤ᠂ ᠵᠣᠭᠤᠰ ᠢᠶᠠᠷ ᠲᠣᠷᠭᠠᠬᠤ ᠪᠠᠷ ᠰᠢᠢᠳᠭᠡᠭᠳᠡᠭᠡᠳ ᠵᠠᠷᠯᠢᠭᠳᠠᠨ ᠵᠠᠯᠠᠷᠠᠭᠤᠯᠤᠭᠳᠠᠭᠰᠠᠨ ᠪᠠᠶᠢᠪᠠᠯ᠂ ᠬᠠᠤᠯᠢ ᠶᠣᠰᠣᠭᠠᠷ ᠰᠢᠢᠳᠭᠡᠬᠦ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠠᠬᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠂ ᠲᠡᠭᠦᠨ ᠤ ᠦᠷᠭᠦᠯᠵᠢᠯᠡᠨ ᠬᠠᠤᠯᠢ ᠶᠢ ᠵᠥᠷᠢᠴᠡᠨ ᠤᠰᠤᠨ ᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠢ ᠣᠯᠵᠤ ᠮᠡᠳᠡᠭᠰᠡᠨ ᠪᠤᠶᠤ ᠲᠠᠬᠢᠨ ᠪᠠᠶᠢᠴᠠᠭᠠᠬᠤ ᠶᠢ ᠲᠡᠪᠴᠢᠵᠦ᠂ ᠬᠠᠷᠰᠢᠯᠠᠭᠰᠠᠨ ᠢ ᠣᠯᠵᠤ ᠮᠡᠳᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠤᠭᠤᠷᠢᠨ ᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠡᠳᠦᠷ ᠤᠨ ᠲᠤᠭ᠎ᠠ ᠪᠠᠷ ᠪᠤᠳᠤᠵᠤ ᠦᠷᠭᠦᠯᠵᠢᠯᠡᠨ ᠰᠢᠢᠳᠭᠡᠨ᠎ᠡ᠃      ᠶᠡᠷᠡᠨ ᠵᠢᠷᠭᠤᠳᠤᠭᠠᠷ ᠵᠦᠢᠯ  ᠤᠰᠤᠨ ᠤ ᠪᠣᠬᠢᠷᠲᠤᠯ ᠠᠴᠠ ᠪᠤᠯᠵᠤ ᠬᠤᠬᠢᠷᠠᠯ ᠳᠤ ᠤᠴᠠᠷᠠᠭᠰᠠᠨ ᠲᠤᠬᠠᠶ ᠶᠢᠨ ᠬᠥᠮᠦᠨ ᠨᠢ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠳᠤ ᠬᠤᠣᠷ ᠬᠥᠨᠥᠭᠡᠯ ᠢ ᠠᠷᠢᠯᠭᠠᠭᠤᠯᠬᠤ ᠪᠠ ᠬᠤᠬᠢᠷᠠᠯ ᠢ ᠲᠦᠯᠦᠬᠦᠯᠬᠦ ᠪᠠᠷ ᠱᠠᠭᠠᠷᠳᠠᠬᠤ ᠡᠷᠬᠡ ᠲᠠᠢ᠃      ᠡᠰᠡᠷᠭᠦᠴᠡᠰᠢ ᠤᠢᠭᠡᠢ ᠬᠦᠴᠦᠨ ᠠᠴᠠ ᠪᠤᠯᠵᠦ ᠤᠰᠦᠠ ᠤ ᠪᠣᠬᠢᠷᠲᠤᠯ ᠤᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠤᠢᠭᠡᠢ︔ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠤᠢᠭᠡᠢ᠃      ᠤᠰᠤᠨ ᠤ ᠪᠣᠬᠢᠷᠲᠤᠯ ᠤᠨ ᠬᠤᠬᠢᠷᠠᠯ ᠢ ᠬᠤᠬᠢᠷᠠᠯ ᠠᠮᠰᠠᠭᠴᠢ ᠵᠣᠷᠢᠭᠤᠳᠠ ᠪᠤᠢ ᠪᠣᠯᠭᠠᠭᠰᠠᠨ ᠪᠠᠶᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠦᠭᠡᠢ᠃ ᠤᠰᠤᠨ ᠤ ᠪᠣᠬᠢᠷᠲᠤᠯ ᠤᠨ ᠬᠤᠬᠢᠷᠠᠯ ᠨᠢ ᠬᠤᠬᠢᠷᠠᠯ ᠠᠮᠰᠠᠭᠴᠢ ᠶᠢᠨ ᠬᠦᠨᠳᠦ ᠶᠡᠭᠡ ᠡ᠊ᠨᠳᠡᠯ ᠠᠴᠠ ᠪᠣᠯᠤᠭᠰᠠᠨ ᠪᠠᠶᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ  ᠡᠳᠡᠭᠡᠳ ᠤᠨ ᠲᠥᠯᠥᠪᠦᠷᠢ ᠶᠢᠨ ᠬᠠᠷᠢᠭᠤᠴᠠᠯᠭ᠎ᠠ ᠶᠢ ᠬᠥᠩᠭᠡᠷᠡᠭᠦᠯᠵᠦ ᠪᠣᠯᠤᠨ᠎ᠠ᠃      ᠤᠰᠤᠨ ᠤ ᠪᠣᠬᠢᠷᠲᠤᠯ ᠤᠨ ᠬᠤᠬᠢᠷᠠᠯ ᠢ ᠭᠤᠷᠪᠠᠳᠠᠬᠢ ᠬᠥᠮᠦᠨ ᠪᠤᠢ ᠪᠣᠯᠭᠠᠭᠰᠠᠨ ᠪᠠᠶᠢᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠭᠰᠡᠨ ᠤ ᠲᠠᠷᠠᠭ᠎ᠠ᠂ ᠭᠤᠷᠪᠠᠳᠠᠬᠢ ᠬᠥᠮᠦᠨ ᠠᠴᠠ ᠲᠥᠯᠥᠪᠦᠷᠢ ᠨᠡᠬᠡᠮᠵᠢᠯᠡᠬᠦ ᠡᠷᠬᠡ ᠲᠠᠢ᠃      ᠶᠡᠷᠡᠨ ᠳᠣᠯᠣᠳᠤᠭᠠᠷ ᠵᠦᠢᠯ  ᠤᠰᠤᠨ ᠤ ᠪᠣᠬᠢᠷᠲᠤᠯ ᠠᠴᠠ ᠪᠣᠯᠤᠭᠰᠠᠨ ᠬᠤᠬᠢᠷᠠᠯ ᠢ ᠲᠦᠯᠦᠬᠦ ᠬᠠᠷᠢᠭᠤᠴᠠᠯᠭ᠎ᠠ ᠪᠠ ᠲᠦᠯᠦᠬᠦ ᠵᠣᠭᠤᠰ ᠤᠨ ᠲᠣᠭᠠᠨ ᠤ ᠲᠤᠬᠠᠶ ᠵᠢᠭᠤᠷᠠᠯᠳᠤᠭᠠᠨ ᠢ ᠲᠤᠬᠠᠶ ᠶᠢᠨ ᠬᠥᠮᠦᠨ ᠤ ᠭᠤᠶᠤᠴᠢᠯᠠᠯ ᠢ ᠦᠨᠳᠦᠰᠦᠯᠡᠨ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠵᠢᠭᠠᠰᠤᠨ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠶᠡᠳᠡᠭᠦᠯᠦᠨ ᠰᠢᠢᠳᠪᠤᠷᠢᠯᠡᠵᠦ ᠪᠣᠯᠤᠨ᠎ᠠ︔ ᠡᠶᠡᠳᠡᠭᠦᠯᠦᠭᠡᠳ ᠪᠦᠲᠦᠭᠰᠡᠨ ᠤᠢᠭᠡᠢ ᠪᠠᠶᠢᠪᠠᠯ᠂ ᠲᠤᠬᠠᠶ ᠶᠢᠨ ᠬᠥᠮᠦᠨ ᠨᠢ ᠠᠷᠠᠳ ᠤᠨ ᠰᠢᠭᠦᠬᠦ ᠬᠤᠷᠢᠶᠠᠨ ᠳᠤ ᠵᠡᠭᠠᠯᠳᠦᠵᠦ ᠪᠣᠯᠤᠨ᠎ᠠ᠃ ᠲᠤᠬᠠᠶ ᠶᠢᠨ ᠬᠥᠮᠦᠨ ᠨᠢ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃      ᠶᠡᠷᠡᠨ ᠨᠠᠢᠮᠠᠳᠤᠭᠠᠷ ᠵᠦᠢᠯ  ᠤᠰᠤᠨ ᠤ ᠪᠣᠬᠢᠷᠲᠤᠯ ᠠᠴᠠ ᠪᠣᠯᠤᠭᠰᠠᠨ ᠬᠤᠬᠢᠷᠠᠯ ᠤᠨ ᠲᠥᠯᠥᠪᠦᠷᠢ ᠶᠢᠨ ᠵᠠᠷᠭᠤ ᠳᠤ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠡᠳᠡᠭᠡᠳ ᠨᠢ ᠬᠠᠤᠯᠢ ᠴᠠᠭᠠᠵᠠ ᠳᠤ ᠲᠣᠭᠲᠠᠭᠠᠭᠰᠠᠨ ᠬᠠᠷᠢᠭᠤᠴᠠᠯᠭ᠎ᠠ ᠠᠴᠠ ᠬᠡᠯᠲᠦᠷᠢᠭᠦᠯᠬᠦ ᠤᠴᠢᠷ ᠰᠢᠯᠲᠠᠭᠠᠨ ᠵᠢᠴᠢ ᠲᠡᠭᠦᠨ ᠤ ᠦᠢᠯᠡ ᠠᠵᠢᠯᠯᠠᠭ᠎ᠠ ᠬᠢᠭᠡᠳ ᠬᠤᠬᠢᠷᠠᠯ ᠤᠨ ᠦᠷ᠎ᠡ ᠳ᠋ᠦᠩ ᠤᠨ ᠬᠤᠭᠤᠷᠣᠨᠳᠣ ᠰᠢᠯᠲᠠᠭᠠᠨ ᠦᠷ᠎ᠡ ᠶᠢᠨ ᠬᠠᠷᠢᠴᠠᠭ᠎ᠠ ᠣᠷᠣᠰᠢᠬᠤ ᠦᠭᠡᠢ ᠪᠠᠶᠢᠬᠤ ᠳᠤ ᠬᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ᠶᠡᠷᠡ ᠶᠢᠰᠦᠳᠦᠭᠡᠷ ᠵᠦᠢᠯ  ᠤᠰᠤᠨ ᠤ ᠪᠣᠬᠢᠷᠲᠤᠯ ᠠᠴᠠ ᠪᠤᠯᠵᠤ ᠬᠤᠬᠢᠷᠠᠯ ᠠᠮᠰᠠᠭᠰᠠᠨ ᠲᠤᠬᠠᠶ ᠶᠢᠨ ᠬᠥᠮᠦᠨ ᠤ ᠬᠥᠮᠦᠨ ᠤ ᠲᠤᠭ᠎ᠠ ᠨᠢ ᠤᠯᠠᠨ ᠪᠠᠶᠢᠪᠠᠯ᠂ ᠲᠤᠬᠠᠶ ᠶᠢᠨ ᠬᠥᠮᠦᠨ ᠨᠢ ᠬᠠᠤᠯᠢ ᠶᠣᠰᠣᠭᠠᠷ ᠲᠥᠯᠥᠭᠡᠯᠡᠭᠴᠢ ᠰᠣᠩᠭᠤᠨ ᠭᠠᠷᠭᠠᠵᠤ ᠬᠠᠮᠲᠤ ᠪᠠᠷ ᠵᠠᠷᠭᠤᠯᠳᠤᠭᠤᠯᠵᠤ ᠪᠣᠯᠤᠨ᠎ᠠ᠃      ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠨᠡᠶᠢᠭᠡᠮ ᠤᠨ ᠪᠦᠯᠬᠦᠮ ᠤᠳ ᠤᠰᠤᠨ ᠤ ᠪᠣᠬᠢᠷᠲᠤᠯ ᠠᠴᠠ ᠪᠤᠯᠵᠤ ᠬᠤᠬᠢᠷᠠᠯ ᠳᠤ ᠤᠴᠠᠷᠠᠭᠰᠠᠨ ᠲᠤᠬᠠᠶ ᠶᠢᠨ ᠬᠥᠮᠦᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠬᠤ ᠶᠢ ᠬᠠᠤᠯᠢ ᠶᠣᠰᠣᠭᠠᠷ ᠲᠡᠮᠵᠢᠵᠤ ᠪᠣᠯᠤᠨ᠎ᠠ᠃      ᠤᠯᠤᠰ ᠠᠴᠠ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠬᠠᠤᠯᠢᠴᠢ ᠶᠢᠨ ᠤᠰᠤᠨ ᠤ ᠪᠣᠬᠢᠷᠲᠤᠯ ᠤᠨ ᠬᠤᠬᠢᠷᠠᠯ ᠤᠨ ᠵᠠᠷᠭᠤ ᠳᠠᠬᠢ ᠬᠤᠬᠢᠷᠠᠯ ᠠᠮᠰᠠᠭᠴᠢ ᠳᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ  ᠶᠢ ᠵᠤᠷᠢᠭᠵᠢᠭᠤᠯᠤᠨ᠎ᠠ᠃      ᠵᠠᠭᠤᠳᠤᠭᠠᠷ ᠵᠦᠢᠯ  ᠤᠰᠤᠨ ᠤ ᠪᠣᠬᠢᠷᠲᠤᠯ ᠠᠴᠠ ᠪᠣᠯᠤᠭᠰᠠᠨ ᠬᠤᠬᠢᠷᠠᠯ ᠤᠨ ᠲᠥᠯᠥᠪᠦᠷᠢ ᠶᠢᠨ ᠬᠠᠷᠢᠭᠤᠴᠠᠯᠭ᠎ᠠ ᠪᠠ ᠲᠥᠯᠥᠪᠦᠷᠢ ᠶᠢᠨ ᠵᠣᠭᠤᠰ ᠤᠨ ᠲᠣᠭᠠᠨ ᠤ ᠵᠢᠭᠤᠷᠠᠯᠳᠤᠭᠠᠨ ᠳᠤ ᠲᠤᠬᠠᠶ ᠶᠢᠨ ᠬᠥᠮᠦᠨ ᠨᠢ ᠣᠷᠴᠢᠨ ᠲᠤᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠳᠤ ᠨᠠᠶᠢᠳᠠᠵᠤ ᠬᠢᠨᠠᠨ ᠬᠡᠮᠵᠢᠭᠰᠡᠨ ᠲᠤᠭ᠎ᠠ ᠪᠠᠷᠢᠮᠲᠠ ᠬᠠᠩᠭᠠᠯᠭᠠᠵᠤ ᠪᠣᠯᠤᠨ᠎ᠠ᠃ ᠣᠷᠴᠢᠨ ᠲᠤᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠨᠠᠶᠢᠳᠠᠯᠭ᠎ᠠ ᠶᠢ ᠬᠦᠯᠢᠶᠡᠵᠦ᠂ ᠬᠤᠯᠪᠣᠭᠳᠠᠯ ᠪᠦᠬᠦᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠃      ᠵᠠᠭᠤ ᠨᠢᠭᠡᠳᠦᠭᠡᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠠᠢᠮᠠᠳᠤᠭᠠᠷ ᠪᠦᠯᠦᠭ   ᠲᠠᠭᠠᠯᠳᠤᠭᠤᠯᠤᠯ ᠲᠦᠷᠢᠮ      ᠵᠠᠭᠤ ᠬᠤᠶᠠᠳᠤᠭᠠᠷ ᠵᠦᠢᠯ  ᠲᠤᠰ ᠬᠠᠤᠯᠢ ᠳᠠᠬᠢ ᠳᠣᠣᠷ᠎ᠠ ᠵᠢᠭᠰᠠᠭᠠᠭᠰᠠᠨ ᠦᠭᠡᠰ ᠤᠨ ᠤᠳᠬ᠎ᠠ᠄      ︵ᠨᠢᠭᠡ︶ ᠤᠰᠦᠠ ᠤ ᠪᠣᠬᠢᠷᠲᠤᠯ ᠭᠡᠳᠡᠭ ᠪᠣᠯ ᠤᠰᠦᠠ ᠴᠣᠭᠴᠠ ᠶᠢᠨ ᠶᠠᠮᠠᠷ ᠨᠢᠭᠡᠨ ᠵᠦᠢᠯ ᠤᠨ ᠪᠣᠳᠠᠰ ᠣᠷᠣᠵᠤ ᠢᠷᠡᠭᠰᠡᠨ ᠠᠴᠠ ᠪᠤᠯᠵᠦ ᠲᠡᠭᠦᠨ ᠤ ᠬᠢᠮᠢ᠂ ᠹᠢᠽᠢᠺ᠂ ᠠᠮᠢᠳᠤ ᠪᠣᠳᠠᠰ ᠪᠤᠶᠤ ᠰᠠᠴᠤᠷᠠᠭ ᠢᠳᠡᠪᠬᠢ ᠴᠢᠨᠠᠷ ᠵᠡᠷᠭᠡ ᠲᠠᠯ᠎ᠠ ᠶᠢᠨ ᠥᠪᠡᠷᠮᠢᠴᠡ ᠴᠢᠨᠠᠷ ᠢ ᠬᠤᠪᠢᠷᠠᠭᠤᠯᠬᠤ ᠶᠢᠨ ᠤᠯᠠᠮ ᠠᠴᠠ ᠤᠰᠦᠠ ᠤ ᠪᠦᠲᠦᠮᠵᠢᠲᠡᠶ ᠠᠰᠢᠭᠯᠠᠯᠲᠠ ᠶᠢ ᠨᠥᠯᠥᠭᠡᠯᠡᠵᠦ᠂ ᠬᠥᠮᠦᠨ ᠤ ᠪᠡᠶ᠎ᠡ ᠶᠢᠨ ᠡᠷᠡᠭᠦᠯ ᠮᠡᠡᠳᠦ ᠶᠢ ᠬᠤᠬᠢᠷᠠᠭᠤᠯᠬᠤ ᠪᠤᠶᠤ ᠠᠮᠢ ᠠᠬᠤᠢ ᠣᠷᠴᠢᠨ ᠲᠣᠭᠤᠷᠢᠨ ᠢ ᠡᠪᠳᠡᠵᠦ᠂ ᠤᠰᠦᠠ ᠤ ᠴᠢᠨᠠᠷ ᠢ ᠮᠠᠭᠤᠳᠠᠭᠤᠯᠬᠤ ᠦᠵᠡᠭᠳᠡᠯ ᠢ ᠬᠡᠯᠡᠵᠦ ᠪᠠᠶᠢᠨ᠎ᠠ᠃      ︵ᠬᠤᠶᠠᠷ︶ ᠤᠰᠤᠨ ᠤ ᠪᠤᠬᠢᠷᠳᠤᠯ ᠪᠤᠳᠠᠰ ᠭᠡᠵᠦ ᠤᠰᠤᠨ ᠴᠣᠭᠴᠠ ᠳᠤ ᠰᠢᠭᠤᠳ ᠪᠤᠶᠤ ᠳᠠᠮ ᠢᠶᠠᠷ ᠭᠠᠳᠠᠭᠰᠢᠯᠠᠭᠤᠯᠤᠭᠰᠠᠨ᠂ ᠤᠰᠤᠨ ᠴᠣᠭᠴᠠ ᠶᠢ ᠪᠣᠬᠢᠷᠲᠤᠭᠤᠯᠬᠤ ᠪᠣᠳᠠᠰ ᠢ ᠬᠡᠯᠡᠵᠦ ᠪᠠᠶᠢᠨ᠎ᠠ᠃      ︵ᠭᠤᠷᠪᠠ︶  ᠬᠤᠤᠷᠳᠠᠢ ᠪᠣᠬᠢᠷᠲᠤᠯ ᠪᠣᠳᠠᠰ ᠭᠡᠳᠡᠭ ᠨᠢ ᠰᠢᠭᠤᠳ ᠪᠤᠶᠤ ᠳᠠᠮ ᠢᠶᠠᠷ ᠠᠮᠢᠳᠤ ᠪᠣᠳᠠᠰ ᠤᠨ ᠪᠡᠶ᠎ᠡ ᠳᠤ ᠰᠢᠩᠭᠡᠭᠡᠭᠳᠡᠭᠰᠡᠨ ᠤ ᠲᠠᠷᠠᠭ᠎ᠠ᠂ ᠲᠤᠰ ᠠᠮᠢᠳᠤ ᠪᠣᠳᠠᠰ ᠪᠤᠶᠤ ᠲᠡᠭᠦᠨ ᠤ ᠬᠤᠶᠢᠴᠢ ᠦᠶ᠎ᠡ ᠶᠢ ᠡᠪᠡᠳᠴᠢᠯᠡᠭᠦᠯᠬᠦ᠂ ᠦᠢᠯᠡ ᠠᠵᠢᠯᠯᠠᠭ᠎ᠠ ᠶᠢ ᠬᠡᠪ ᠤᠨ ᠪᠤᠰᠤ ᠪᠣᠯᠭᠠᠬᠤ᠂ ᠤᠳᠤᠮᠰᠢᠯ ᠢ ᠣᠨᠳᠣᠣᠰᠢᠭᠤᠯᠬᠤ᠂ ᠹᠢᠽᠢᠣᠯᠣᠭᠢ ᠶᠢᠨ ᠠᠵᠢᠯᠯᠠᠭ᠎ᠠ ᠶᠢᠨ ᠬᠡᠪ ᠤᠨ ᠪᠠᠶᠢᠳᠠᠯ ᠢ ᠠᠯᠳᠠᠭᠤᠯᠬᠤ᠂ ᠪᠡᠶ᠎ᠡ ᠮᠠᠬᠠᠪᠣᠳ ᠤᠨ ᠬᠡᠯᠪᠡᠷᠢ ᠶᠢ ᠬᠤᠪᠢᠷᠠᠭᠤᠯᠬᠤ ᠪᠤᠶᠤ ᠦᠬᠦᠭᠦᠯᠬᠦ ᠳᠤ ᠬᠦᠷᠦᠭᠦᠯᠵᠦ ᠮᠡᠳᠡᠬᠦ ᠲᠡᠳᠡᠭᠡᠷ ᠪᠣᠬᠢᠷᠲᠤᠯ ᠪᠣᠳᠠᠰ ᠢ ᠵᠢᠭᠠᠵᠤ ᠪᠠᠶᠢᠨ᠎ᠠ᠃      ︵ᠲᠦᠷᠪᠡ︶  ᠪᠤᠬᠢᠷ ᠰᠢᠪᠠᠷ ᠭᠡᠵᠦ ᠪᠤᠵᠠᠷ ᠤᠰᠤ ᠶᠢ ᠰᠢᠢᠳᠪᠤᠷᠢᠯᠡᠬᠦ ᠶᠠᠪᠤᠴᠠ ᠳᠤ ᠡᠭᠦᠰᠦᠭᠰᠡᠨ ᠬᠠᠭᠠᠰ ᠬᠠᠲᠠᠭᠤ ᠲᠦᠯᠦᠪᠳᠦ ᠪᠤᠶᠤ ᠬᠠᠲᠠᠭᠤ ᠲᠦᠯᠦᠪᠳᠦ ᠪᠣᠳᠠᠰ ᠢ ᠵᠢᠭᠠᠵᠤ ᠪᠠᠶᠢᠨ᠎ᠠ᠃      ︵ᠲᠠᠪᠤ︶ ᠵᠢᠭᠠᠰᠤᠨ ᠠᠵᠤ ᠠᠬᠤᠢ ᠶᠢᠨ ᠤᠰᠦᠠ ᠴᠣᠭᠴᠠ ᠭᠡᠳᠡᠭ ᠪᠣᠯ ᠵᠢᠭᠠᠰᠤ ᠰᠡᠮ ᠬᠤᠷᠣᠬᠠᠶ ᠶᠢᠨ ᠲᠦᠷᠦᠯ ᠤᠨ ᠥᠨᠳᠡᠭᠡᠯᠡᠬᠦ ᠲᠡᠯᠡᠪᠡᠢ᠂ ᠥᠭᠶᠥᠭᠡ ᠠᠪᠬᠤ ᠲᠡᠯᠡᠪᠡᠢ᠂ ᠡᠪᠦᠯᠵᠢᠬᠦ ᠲᠡᠯᠡᠪᠡᠢ᠂ ᠨᠡᠭᠦᠳᠡᠯᠯᠡᠬᠦ ᠵᠡᠮ ᠪᠠ ᠵᠢᠭᠠᠰᠤ ᠰᠡᠮ ᠬᠤᠷᠣᠬᠠᠶ ᠬᠢᠰᠤᠭ᠎ᠠ ᠵᠠᠮᠠᠭ ᠤᠨ ᠲᠦᠷᠦᠯ ᠢ ᠲᠡᠵᠢᠭᠡᠨ ᠦᠷᠡᠵᠢᠭᠦᠯᠬᠦ ᠲᠡᠯᠡᠪᠡᠢ ᠶᠢᠨ ᠤᠰᠦᠠ ᠴᠣᠭᠴᠠ ᠶᠢ ᠬᠡᠯᠡᠵᠦ ᠪᠠᠶᠢᠨ᠎ᠠ᠃      ᠵᠠᠭᠤ ᠭᠤᠷᠪᠠᠳᠤᠭᠠᠷ ᠵᠦᠢᠯ  ᠲᠤᠰ ᠬᠠᠤᠯᠢ ᠶᠢ 2008 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号