︵1997 ᠣᠨ ᠤ 8 ᠰᠠᠷ᠎ᠠ ᠶᠢᠨ 29 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ | ᠬᠤᠷᠠᠯᠳᠤᠭᠠᠨ ᠠᠴᠠ ᠪᠠᠲᠤᠯᠠᠪᠠ᠃ 2009 ᠣᠨ ᠤ 8 ᠰᠠᠷ᠎ᠠ ᠶᠢᠨ 27 ᠤ ᠡᠳᠦᠷ ᠤᠨ ᠠᠷᠪᠠᠨ ᠨᠢᠭᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠳᠤᠭᠠᠷ ᠬᠤᠷᠠᠯᠳᠤᠭᠠᠨ ᠤ《 ᠬᠡᠰᠡᠭ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ | ᠲᠣᠭᠲᠠᠭᠠᠯ︾ ᠢ ᠦᠨᠳᠦᠰᠦᠯᠡᠨ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠪᠠ᠃ 2015 ᠣᠨ ᠤ 4 ᠰᠠᠷ᠎ᠠ ᠶᠢᠨ | 24 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠤ《 ︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠷᠠᠮ ᠤᠨ ᠬᠠᠤᠯᠢ﹀ ᠵᠡᠷᠭᠡ ᠲᠤᠯᠤᠭᠠᠨ ᠬᠠᠤᠯᠢ ᠳᠤ ᠵᠠᠰᠠᠪᠤᠷᠢ | ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2016 ᠣᠨ ᠤ 7 | ᠰᠠᠷ᠎ᠠ ᠶᠢᠨ 2 ᠤᠨ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠤ ︽︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠰᠤᠷᠪᠤᠯᠵᠢ ᠶᠢ ᠠᠷᠪᠢᠯᠠᠬᠤ ᠬᠠᠤᠯᠢ﹀ ᠵᠡᠷᠭᠡ | ᠵᠢᠷᠭᠤᠭᠠᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠭᠤᠷᠪᠠᠳᠠᠬᠢ ᠤᠳᠠᠭ᠎ᠠ | ᠵᠠᠰᠠᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠦᠶᠡᠷ ᠢ ᠰᠡᠷᠭᠡᠶᠢᠯᠡᠨ ᠵᠠᠰᠠᠵᠤ᠂ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ | ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ | ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠦᠶᠡᠷ ᠢ ᠰᠡᠷᠭᠡᠶᠢᠯᠡᠬᠦ ᠠᠵᠢᠯ ᠳᠤ ᠪᠦᠬᠦ ᠲᠠᠯ᠎ᠠ ᠪᠠᠷ ᠲᠥᠯᠥᠪᠵᠢᠭᠦᠯᠬᠦ᠂ ᠨᠢᠭᠡᠳᠦᠯᠲᠡᠢ | ᠲᠥᠯᠥᠪᠯᠡᠨ ᠨᠡᠶᠢᠳᠡ ᠳᠤᠨᠢ ᠬᠠᠷᠠᠭᠠᠯᠵᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ | ᠵᠠᠰᠠᠬᠤ᠂ ᠬᠡᠰᠡᠭ ᠲᠠᠯ᠎ᠠ ᠶᠢᠨ ᠠᠰᠢᠭ ᠲᠤᠰᠠ ᠶᠢ ᠪᠦᠬᠦ ᠲᠠᠯ᠎ᠠ ᠶᠢᠨ ᠠᠰᠢᠭ ᠲᠤᠰᠠ ᠳᠤ ᠳᠠᠭᠠᠭᠤᠯᠬᠤ ᠵᠠᠷᠴᠢᠮ ᠢ | ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ | ᠣᠷᠣᠭᠤᠯᠬᠤ ᠬᠡᠷᠡᠭᠲᠡᠢ᠃ | ᠦᠶᠡᠷ ᠢ ᠰᠡᠷᠭᠡᠶᠢᠯᠡᠬᠦ ᠵᠠᠷᠤᠳᠠᠯ ᠢ ᠵᠠᠰᠠᠭ ᠤᠨ ᠣᠷᠳᠣᠨ ᠤ ᠣᠷᠣᠭᠤᠯᠤᠯᠲᠠ ᠬᠢᠭᠡᠳ ᠠᠰᠢᠭ ᠬᠦᠷᠲᠡᠭᠴᠢ | ᠵᠦᠢ ᠵᠣᠬᠢᠰᠲᠠᠶ ᠡᠭᠦᠷᠭᠡᠯᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠤᠨ ᠶᠣᠰᠣᠭᠠᠷ ᠴᠤᠭᠯᠠᠭᠤᠯᠤᠨ᠎ᠠ᠃ | ᠳᠥᠷᠪᠡᠳᠦᠭᠡᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠦᠶᠡᠷ ᠢ | ᠰᠡᠷᠭᠡᠶᠢᠯᠡᠬᠦ ᠶᠡᠷᠦᠩᠬᠡᠶ ᠲᠤᠬᠢᠷᠠᠭᠤᠯᠤᠯᠳᠡ ᠶᠢ ᠲᠠᠭᠠᠵᠤ᠂ ᠠᠰᠢᠭ ᠲᠠᠢ ᠲᠠᠯ᠎ᠠ ᠶᠢ ᠬᠥᠭᠵᠢᠭᠦᠯᠬᠦ ᠪᠠ ᠬᠤᠣᠷ | ᠬᠥᠨᠥᠭᠡᠯ ᠢ ᠠᠷᠢᠯᠭᠠᠬᠤ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠬᠦ ᠬᠡᠷᠡᠭᠲᠡᠶ᠃ | ᠭᠤᠣᠯ ᠮᠥᠷᠡᠨ᠂ ᠨᠠᠭᠤᠷ ᠴᠦᠬᠦᠷᠦᠮ ᠢ ᠵᠠᠰᠠᠬᠤ ᠵᠢᠴᠢ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠳᠤ | ᠨᠡᠶᠢᠴᠡᠭᠦᠯᠵᠦ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠠᠢ | ᠤᠶᠠᠯᠳᠤᠭᠤᠯᠬᠤ ᠬᠡᠷᠡᠭᠲᠡᠢ᠃ | ᠲᠤᠰ ᠬᠠᠤᠯᠢ ᠳᠤ ᠬᠡᠯᠡᠵᠦ ᠪᠠᠶᠢᠭ᠎ᠠ ᠶᠡᠷᠦᠩᠬᠡᠶ ᠲᠥᠯᠥᠪᠵᠢᠭᠦᠯᠭᠡ ᠭᠡᠳᠡᠭ ᠪᠣᠯ ᠤᠰᠤᠨ ᠤ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠶᠡᠷᠦᠩᠬᠡᠶ ᠲᠥᠯᠥᠪᠵᠢᠭᠦᠯᠭᠡ ᠶᠢ ᠵᠢᠭᠠᠵᠤ | ᠪᠠᠶᠢᠨ᠎ᠠ᠃ | ᠲᠠᠪᠤᠳᠤᠭᠠᠷ ᠵᠦᠢᠯ ᠦᠶᠡᠷ ᠢ ᠰᠡᠷᠭᠡᠶᠢᠯᠡᠬᠦ ᠠᠵᠢᠯ ᠳᠤ ᠰᠠᠪᠠ ᠭᠠᠵᠠᠷ ᠪᠤᠶᠤ ᠣᠷᠣᠨ ᠪᠦᠰᠡ ᠶᠢᠨ ᠶᠣᠰᠣᠭᠠᠷ | ᠨᠢᠭᠡᠳᠦᠯᠲᠡᠢ ᠲᠥᠯᠥᠪᠵᠢᠭᠦᠯᠬᠦ᠂ ᠱᠠᠳᠤ ᠬᠤᠪᠢᠶᠠᠨ ᠬᠡᠷᠡᠭᠵᠢᠭᠦᠯᠬᠦ ᠪᠠ ᠰᠠᠪᠠ ᠭᠠᠵᠠᠷ ᠤᠨ ᠬᠠᠮᠢᠶᠠᠷᠤᠯᠲᠠ ᠶᠢ ᠵᠠᠰᠠᠭ | ᠵᠠᠬᠢᠷᠭᠠᠨ ᠤ ᠣᠷᠣᠨ ᠤ ᠬᠠᠮᠢᠶᠠᠷᠤᠯᠲᠠ ᠲᠠᠢ ᠤᠶᠠᠯᠳᠤᠭᠤᠯᠬᠤ ᠲᠦᠷᠢᠮ ᠢ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠲᠥᠬᠦᠭᠡᠷᠦᠮᠵᠢ ᠶᠢ ᠬᠠᠮᠠᠭᠠᠯᠠᠬᠤ ᠪᠠ ᠬᠠᠤᠯᠢ ᠶᠣᠰᠣᠭᠠᠷ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ | ᠣᠷᠣᠯᠴᠠᠬᠤ ᠡᠭᠦᠷᠭᠡ ᠲᠠᠢ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠶᠡᠷ ᠢ ᠰᠡᠷᠭᠡᠶᠢᠯᠡᠬᠦ ᠠᠵᠢᠯ ᠤᠨ | ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ | ᠵᠣᠬᠢᠶᠠᠨ ᠪᠠᠶᠢᠭᠤᠯᠵᠤ᠂ ᠨᠡᠶᠢᠭᠡᠮ ᠤᠨ ᠬᠦᠴᠦᠨ ᠢ ᠲᠠᠶᠢᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠰᠢᠯᠳᠠ ᠳᠤ ᠲᠦᠰᠢᠭᠯᠡᠨ᠂ ᠲᠥᠯᠥᠪᠯᠡᠭᠡ ᠲᠠᠢ ᠪᠠᠷ ᠭᠤᠣᠯ ᠮᠥᠷᠡᠨ᠂ ᠨᠠᠭᠤᠷ ᠴᠦᠬᠦᠷᠦᠮ ᠢ ᠵᠠᠰᠠᠵᠤ᠂ ᠠᠷᠭ᠎ᠠ | ᠬᠡᠮᠵᠢᠶ᠎ᠡ ᠠᠪᠴᠤ ᠪᠠᠶᠢᠭᠠᠳ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠴᠢᠳᠠᠪᠤᠷᠢ ᠪᠠᠨ ᠪᠠᠬᠢᠵᠢᠭᠦᠯᠦᠨ ᠳᠡᠭᠡᠭᠰᠢᠯᠡᠭᠦᠯᠬᠦ | ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠢ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠬᠦᠴᠦᠨ ᠢ ᠲᠡᠶᠢᠴᠢᠯᠡᠠ᠂ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠬᠦ ᠪᠠ ᠦᠶᠡᠷ ᠤᠰᠤᠲᠤᠯ ᠤᠨ ᠭᠠᠮᠰᠢᠭ ᠤᠨ ᠳᠠᠷᠠᠭᠠᠬᠢ ᠰᠡᠷᠭᠦᠭᠡᠬᠦ ᠪᠠ ᠠᠪᠤᠷᠠᠨ ᠲᠤᠰᠠᠯᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠶᠡᠷ ᠢ ᠲᠣᠭᠲᠠᠭᠠᠨ ᠬᠤᠷᠠᠭᠤᠯᠬᠤ ᠣᠷᠣᠨ ᠢ | ᠲᠡᠳᠬᠦᠨ ᠳᠡᠮᠵᠢᠬᠦ ᠬᠡᠷᠡᠭᠲᠡᠶ︔ ᠦᠶᠡᠷ ᠢ ᠲᠣᠭᠲᠠᠭᠠᠨ ᠬᠤᠷᠠᠭᠤᠯᠤᠭᠰᠠᠨ ᠤ ᠲᠡᠷᠠᠭ᠎ᠠ᠂ ᠤᠯᠤᠰ ᠤᠨ ᠲᠣᠭᠲᠠᠭᠠᠯ | ᠶᠣᠰᠣᠭᠠᠷ ᠨᠥᠬᠦᠪᠥᠷᠢ ᠥᠭᠬᠦ ᠪᠤᠶᠤ ᠠᠪᠤᠷᠠᠨ ᠲᠤᠰᠠᠯᠠᠬᠤ ᠬᠡᠷᠡᠭᠲᠡᠶ᠃ | ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ᠂ | ᠪᠦᠬᠦ ᠤᠯᠤᠰ ᠤᠨ ᠦᠶᠡᠷ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ | ᠵᠢᠯᠣᠭᠤᠳᠬᠤ ᠵᠡᠷᠭᠡ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠯᠤᠰ ᠠᠴᠠ | ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶᠠᠯᠠᠬᠤ ᠬᠡᠪᠴᠢᠶᠡᠨ ᠳᠣᠲᠣᠷ᠎ᠠ ᠪᠠᠨ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠦᠶᠡᠷ ᠢ | ᠰᠡᠷᠭᠡᠶᠢᠯᠡᠬᠦ ᠶᠢ ᠵᠣᠬᠢᠴᠠᠭᠤᠯᠬᠤ ᠪᠠ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠳᠦᠭᠡᠠ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠤᠳ ᠲᠦᠷᠦ ᠶᠢᠨ | ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠦᠶᠡᠷ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠣᠭᠤᠳᠬᠤ | ᠵᠡᠷᠭᠡ ᠡᠳᠦᠷ ᠲᠤᠳᠤᠮ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠪᠦᠳᠦᠭᠡᠠ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠳᠣᠣᠷ᠎ᠠ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠦᠶᠡᠷ ᠢ | ᠰᠡᠷᠭᠡᠶᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | | ᠬᠤᠶᠠᠳᠤᠭᠠᠷ ᠪᠦᠯᠦᠭ ᠦᠶᠡᠷ ᠢ ᠰᠡᠷᠭᠡᠶᠢᠯᠡᠬᠦ ᠲᠥᠯᠥᠪᠵᠢᠭᠦᠯᠭᠡ | | ᠶᠢᠰᠦᠳᠦᠭᠡᠷ ᠵᠦᠢᠯ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠭᠡᠳᠡᠭ ᠪᠣᠯ ᠶᠠᠮᠠᠷ ᠨᠢᠭᠡᠨ ᠰᠠᠪᠠ ᠭᠠᠵᠠᠷ᠂ | ᠭᠤᠣᠯ ᠤᠨ ᠬᠡᠰᠡᠭ ᠪᠤᠶᠤ ᠣᠷᠣᠨ ᠪᠦᠰᠡ ᠶᠢᠨ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ ᠵᠠᠰᠠᠬᠤ ᠶᠢᠨ | ᠲᠥᠯᠥᠭᠡ ᠲᠣᠭᠲᠠᠭᠠᠭᠰᠠᠨ ᠶᠡᠷᠦᠩᠬᠡᠢ ᠪᠠᠶᠢᠷᠢᠯᠠᠭᠤᠯᠤᠯᠲᠠ ᠶᠢ ᠵᠢᠭᠠᠵᠤ ᠪᠠᠶᠢᠨ᠎ᠠ᠂ ᠡᠭᠦᠨ ᠳᠤ ᠤᠯᠤᠰ ᠠᠴᠠ | ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ | ᠲᠥᠯᠥᠪᠵᠢᠭᠦᠯᠭᠡ᠂ ᠪᠤᠰᠤᠳ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠦᠶᠡᠷ ᠢ | ᠰᠡᠷᠭᠡᠶᠢᠯᠡᠬᠦ ᠲᠥᠯᠥᠪᠵᠢᠭᠦᠯᠭᠡ ᠵᠢᠴᠢ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠠᠭᠲᠠᠨ᠎ᠠ᠃ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠨᠢ ᠪᠠᠶᠢᠭ᠎ᠠ ᠰᠠᠪᠠ ᠭᠠᠵᠠᠷ᠂ ᠣᠷᠣᠨ ᠪᠦᠰᠡ ᠶᠢᠨ ᠶᠡᠷᠦᠩᠬᠡᠢ | ᠲᠥᠯᠥᠪᠵᠢᠭᠦᠯᠭᠡ ᠶᠢ ᠲᠠᠭᠠᠬᠤ ᠬᠡᠷᠡᠭᠲᠡᠢ︔ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠨᠢ | ᠪᠠᠶᠢᠭ᠎ᠠ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠲᠠᠭᠠᠬᠤ ᠬᠡᠷᠡᠭᠲᠡᠢ᠃ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠣᠯ ᠭᠤᠣᠯ ᠮᠥᠷᠡᠨ᠂ ᠨᠠᠭᠤᠷ ᠴᠦᠬᠦᠷᠦᠮ ᠢ ᠵᠠᠰᠠᠬᠤ ᠪᠠ | ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠦᠨᠳᠦᠰᠦᠨ | ᠦᠨᠳᠦᠰᠦᠯᠡᠯ ᠮᠥᠨ᠃ | ᠠᠷᠪᠠᠳᠤᠭᠠᠷ ᠵᠦᠢᠯ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠭᠤᠣᠯ ᠮᠥᠷᠡᠨ᠂ ᠨᠠᠭᠤᠷ | ᠴᠦᠬᠦᠷᠦᠮ ᠤᠨ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ | ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠪᠤᠰᠤᠳ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ | ᠲᠥᠯᠥᠪᠵᠢᠭᠦᠯᠭᠡ ᠪᠤᠶᠤ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠲᠤᠰ ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ᠂ | ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠠᠯᠤᠰᠯᠠᠭᠰᠠᠨ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ | ᠲᠥᠯᠥᠪᠵᠢᠭᠦᠯᠭᠡ ᠶᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ | ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠬᠠᠮᠲᠤᠷᠠᠨ ᠲᠣᠭᠲᠠᠭᠠᠨ᠎ᠠ᠃ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠲᠤᠰ ᠬᠢᠨᠠᠨ ᠪᠠᠶᠢᠴᠠᠭᠠᠭᠠᠳ ᠰᠠᠨᠠᠯ | ᠳᠤᠷᠠᠳᠤᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃ | ᠬᠤᠳᠠ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠪᠦᠳᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠠᠪᠠ ᠭᠠᠵᠠᠷ ᠤᠨ ᠦᠶᠡᠷ ᠢ ᠰᠡᠷᠭᠡᠶᠢᠯᠡᠬᠦ | ᠲᠥᠯᠥᠪᠵᠢᠭᠦᠯᠭᠡ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠪᠦᠰᠡ ᠶᠢᠨ ᠦᠶᠡᠷ ᠢ | ᠰᠡᠷᠭᠡᠶᠢᠯᠡᠬᠦ ᠲᠥᠯᠥᠪᠵᠢᠭᠦᠯᠭᠡ ᠶᠢ ᠦᠨᠳᠦᠰᠦᠯᠡᠨ ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠭᠰᠠᠨ ᠬᠢᠨᠠᠨ ᠵᠥᠪᠰᠢᠶᠡᠷᠡᠬᠦ ᠵᠢᠷᠤᠮ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠤᠳᠠ | ᠶᠢᠨ ᠶᠡᠷᠦᠩᠬᠡᠢ ᠲᠦᠯᠦᠪᠵᠢᠬᠦᠯᠭᠡ ᠳᠤ ᠤᠷᠤᠭᠤᠯᠤᠨ᠎ᠠ᠃ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠳᠤ ᠤᠤᠯ ᠤᠨ ᠵᠥᠪᠰᠢᠶᠡᠷᠡᠭᠰᠡᠨ | ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ | ᠭᠤᠣᠯᠳᠠᠯᠭ᠎ᠠ ᠶᠢ ᠦᠨᠡᠨ ᠬᠦ ᠪᠠᠲᠤᠯᠠᠬᠤ᠂ ᠡᠩ ᠤᠨ ᠪᠠᠶᠢᠳᠠᠯ ᠢ ᠬᠠᠮᠲᠤ ᠳᠤᠨᠢ ᠬᠠᠷᠠᠭᠠᠯᠵᠠᠬᠤ᠂ ᠵᠢᠴᠢ ᠦᠶᠡᠷ ᠢ | ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠶᠢ ᠤᠶᠠᠯᠳᠤᠭᠤᠯᠬᠤ᠂ ᠪᠠᠷᠢᠯᠭ᠎ᠠ ᠶᠢᠨ ᠠᠷᠭ᠎ᠠ ᠬᠡᠮᠵᠢᠶ᠎ᠡ ᠪᠠ | ᠪᠠᠷᠢᠯᠭ᠎ᠠ ᠶᠢᠨ ᠪᠤᠰᠤ ᠠᠷᠭ᠎ᠠ ᠬᠡᠮᠵᠢᠶ᠎ᠡ ᠶᠢ ᠤᠶᠠᠯᠳᠤᠭᠤᠯᠬᠤ ᠵᠠᠷᠴᠢᠮ ᠢ ᠵᠢᠷᠤᠮᠯᠠᠵᠤ᠂ ᠦᠶᠡᠷ ᠤᠰᠤᠲᠤᠯ ᠤᠨ ᠵᠢᠮ᠎ᠡ | ᠶᠣᠰᠣ ᠪᠣᠯᠤᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠷᠢᠴᠠᠭ᠎ᠠ ᠵᠢᠴᠢ ᠤᠯᠤᠰ | ᠠᠷᠠᠳ ᠤᠨ ᠠᠵᠤ ᠠᠬᠤᠢ ᠶᠢᠨ ᠦᠶᠡᠷ ᠢ ᠰᠡᠷᠭᠡᠶᠢᠯᠡᠬᠦ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠢ ᠪᠥᠭᠡᠳ | ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠪᠠ ᠭᠠᠵᠠᠷ ᠰᠢᠷᠣᠢ ᠶᠢ ᠠᠰᠢᠭᠯᠠᠬᠤ ᠶᠡᠷᠦᠩᠬᠡᠢ | ᠲᠥᠯᠥᠪᠵᠢᠭᠦᠯᠭᠡ ᠲᠠᠢ ᠵᠣᠬᠢᠴᠠᠭᠤᠯᠬᠤ ᠬᠡᠷᠡᠭᠲᠡᠢ᠃ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠰᠡᠷᠭᠡᠶᠢᠯᠡᠨ ᠬᠠᠮᠠᠭᠠᠯᠠᠬᠤ ᠡᠲᠡᠭᠡᠳ᠂ ᠵᠠᠰᠠᠬᠤ ᠬᠠᠷᠠᠯᠲᠠ ᠪᠠ | ᠡᠭᠦᠷᠭᠡ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠦᠶᠡᠷᠯᠡᠭᠰᠡᠨ | ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ | ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠬᠡᠷᠡᠭᠯᠡᠬᠦ | ᠵᠠᠷᠴᠢᠮ ᠢ ᠲᠣᠭᠲᠠᠭᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠲᠤᠬᠰᠢᠨ ᠰᠠᠯᠬᠢᠨ ᠤ ᠲᠦᠯᠬᠢᠭᠡᠨ ᠤ ᠰᠦᠷᠳᠡᠭᠦᠯᠦᠯ ᠳᠤ ᠤᠴᠠᠷᠠᠭᠰᠠᠨ ᠲᠠᠯᠠᠢ | ᠳᠠᠭᠠᠤ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ | ᠲᠤᠬᠰᠢᠨ ᠰᠠᠯᠬᠢᠨ ᠤ ᠲᠦᠯᠬᠢᠭᠡᠨ ᠢ ᠰᠡᠷᠭᠡᠶᠢᠯᠡᠬᠦ ᠠᠵᠢᠯ ᠢ ᠲᠤᠰ ᠭᠠᠵᠠᠷ ᠣᠷᠣᠨ ᠤ ᠪᠠᠨ ᠦᠶᠡᠷ ᠢ ᠰᠡᠷᠭᠡᠶᠢᠯᠡᠬᠦ | ᠲᠥᠯᠥᠪᠵᠢᠭᠦᠯᠭᠡ ᠳᠡᠭᠡᠨ ᠣᠷᠣᠭᠤᠯᠵᠤ᠂ ᠲᠠᠯᠠᠢ ᠶᠢᠨ ᠳᠠᠯᠠᠩ ︵ᠲᠠᠯᠠᠢ ᠶᠢᠨ ᠴᠥᠭᠦᠷᠥᠮ︶᠂ ᠲᠦᠯᠬᠢᠭᠡᠨ ᠢ | ᠬᠤᠷᠢᠭᠯᠠᠬᠤ ᠬᠠᠭᠠᠯᠲᠠ ᠪᠠ ᠲᠠᠯᠠᠢ ᠳᠠᠭᠠᠤ ᠬᠠᠮᠠᠭᠠᠯᠠᠯᠲᠠ ᠶᠢᠨ ᠤᠢ ᠵᠡᠷᠭᠡ ᠲᠤᠬᠰᠢᠨ ᠰᠠᠯᠬᠢᠨ ᠤ ᠲᠦᠯᠬᠢᠭᠡᠨ ᠢ | ᠰᠡᠷᠭᠡᠶᠢᠯᠡᠬᠦ ᠪᠠᠷᠢᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠲᠦᠰᠦᠯ ᠪᠠ ᠠᠵᠢᠯ | ᠨᠢ ᠲᠤᠭᠰᠢᠨ ᠰᠠᠯᠬᠢᠨ ᠤ ᠲᠦᠯᠬᠢᠭᠡᠨ ᠠᠴᠠ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠬᠢᠨᠠᠯᠲᠠ | ᠲᠠᠯᠪᠢᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠠᠭᠤᠯᠠᠨ ᠦᠶᠡᠷ ᠨᠢ ᠠᠭᠤᠯᠠ ᠶᠡᠭᠦᠷᠡᠬᠦ᠂ ᠨᠤᠷᠠᠬᠤ ᠪᠠ ᠰᠢᠪᠠᠷ ᠴᠢᠯᠠᠭᠤᠨ ᠤ | ᠤᠷᠤᠰᠬᠠᠯ ᠡᠭᠦᠰᠬᠦ ᠭᠠᠵᠠᠷ ᠣᠷᠣᠨ ᠵᠢᠴᠢ ᠪᠤᠰᠤᠳ ᠠᠭᠤᠯᠠᠨ ᠦᠶᠡᠷ ᠣᠯᠠᠨ ᠭᠠᠷᠳᠠᠭ ᠭᠠᠵᠠᠷ ᠣᠷᠣᠨ ᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠭᠠᠵᠠᠷ | ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ᠂ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠭᠤᠯᠠ ᠶᠡᠭᠦᠷᠡᠬᠦ᠂ ᠨᠤᠷᠠᠬᠤ ᠪᠠ ᠰᠢᠪᠠᠷ | ᠴᠢᠯᠠᠭᠤᠨ ᠤ ᠤᠷᠤᠰᠬᠠᠯ ᠤᠨ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠵᠤ᠂ ᠭᠤᠣᠯᠳᠠᠯᠭ᠎ᠠ ᠲᠠᠢ ᠰᠡᠷᠭᠡᠶᠢᠯᠡᠨ | ᠵᠠᠰᠠᠬᠤ ᠣᠷᠣᠨ ᠢ ᠵᠠᠭᠠᠭᠯᠠᠨ ᠲᠣᠭᠲᠠᠭᠠᠵᠤ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠬᠤᠳᠠ᠂ ᠭᠠᠴᠠᠭ᠎ᠠ ᠪᠠᠯᠭᠠᠰᠤ ᠪᠠ ᠰᠠᠭᠤᠭᠠᠯᠢ ᠠᠷᠠᠳ ᠤᠨ ᠪᠤᠰᠤᠳ ᠴᠡᠭ ᠵᠢᠴᠢ ᠦᠢᠯᠡᠳᠪᠦᠷᠢ᠂ | ᠠᠭᠤᠷᠬᠠᠶ᠂ ᠲᠡᠮᠦᠷ ᠵᠡᠮ ᠪᠠ ᠵᠠᠰᠠᠮᠠᠯ ᠵᠡᠮ ᠤᠨ ᠭᠤᠣᠯ ᠱᠤᠭᠤᠮ ᠤᠨ ᠪᠠᠶᠢᠷᠢᠯᠠᠭᠤᠯᠤᠯᠲᠠ ᠨᠢ ᠠᠭᠤᠯᠠᠨ ᠦᠶᠡᠷ ᠤᠨ | ᠰᠦᠷᠳᠡᠭᠦᠯᠦᠯ ᠠᠴᠠ ᠵᠠᠶᠢᠯᠠᠬᠤ ᠬᠡᠷᠡᠭᠲᠡᠶ︔ ᠨᠢᠭᠡᠨᠲᠡ ᠠᠭᠤᠯᠠᠨ ᠦᠶᠡᠷ ᠤᠨ ᠰᠦᠷᠳᠡᠭᠦᠯᠦᠯ ᠳᠤ ᠤᠴᠠᠷᠠᠭᠰᠠᠨ | ᠭᠠᠵᠠᠷ ᠲᠤ ᠪᠠᠶᠢᠭᠤᠯᠤᠭᠰᠠᠨ ᠪᠠᠶᠢᠪᠠᠯ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠲᠠᠯ᠎ᠠ ᠭᠠᠵᠠᠷ᠂ ᠬᠤᠩᠬᠤᠷ ᠭᠠᠵᠠᠷ᠂ ᠤᠰᠤᠨ ᠲᠣᠣᠷ ᠤᠨ ᠬᠠᠰᠢᠯᠭᠠᠳᠤ | ᠤᠷᠤᠨ᠂ ᠠᠭᠤᠯᠠᠨ ᠬᠥᠨᠳᠡᠢ᠂ ᠬᠤᠲᠣᠭᠤᠷ ᠭᠠᠵᠠᠷ ᠵᠡᠷᠭᠡ ᠠᠮᠠᠷᠬᠠᠨ ᠤᠰᠤᠲᠤᠬᠤ ᠭᠠᠵᠠᠷ ᠣᠷᠣᠨ ᠤ ᠬᠤᠯᠪᠣᠭᠳᠠᠯ | ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤᠰᠤᠲᠤᠯ ᠢ ᠠᠷᠢᠯᠭᠠᠨ ᠤᠰᠤᠲᠤᠯ ᠢ ᠵᠠᠰᠠᠬᠤ | ᠲᠥᠯᠥᠪᠵᠢᠭᠦᠯᠭᠡ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠤᠨ | ᠵᠣᠬᠢᠴᠠᠩᠭᠤᠢ ᠵᠠᠰᠠᠬᠤ ᠠᠷᠭ᠎ᠠ ᠬᠡᠮᠵᠢᠶ᠎ᠡ ᠠᠪᠴᠤ᠂ ᠤᠰᠤ ᠵᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ | ᠤᠰᠤᠲᠤᠯ ᠳᠤ ᠲᠡᠰᠪᠦᠷᠢᠲᠡᠢ ᠲᠠᠷᠢᠮᠠᠯ ᠤᠨ ᠲᠦᠷᠦᠯ ᠵᠦᠢᠯ ᠪᠠ ᠡᠭᠦᠯᠳᠡᠷ ᠢ ᠬᠥᠭᠵᠢᠭᠦᠯᠵᠦ᠂ ᠦᠶᠡᠷ ᠤᠰᠤᠲᠤᠯ᠂ | ᠭᠠᠩ ᠬᠠᠭᠰᠠᠷᠠᠭᠠᠨ᠂ ᠬᠤᠵᠢᠷ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ | ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠳᠠ ᠶᠢᠨ ᠲᠣᠭᠤᠷᠢᠭ ᠤᠨ ᠦᠶᠡᠷ ᠤᠰᠤᠲᠤᠯ ᠢ | ᠵᠠᠯᠠᠬᠤ ᠬᠤᠭᠤᠯᠠᠶ ᠶᠢᠨ ᠲᠣᠣᠷ᠂ ᠬᠥᠭᠡᠷᠭᠡ ᠶᠢᠨ ᠤᠢᠷᠳᠡᠭᠡ ᠶᠢᠨ ᠪᠦᠳᠦᠭᠡᠠ ᠪᠠᠶᠢᠭᠤᠯᠤᠯᠲᠠ ᠪᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ | ᠬᠠᠮᠲᠤᠷᠠᠵᠤ ᠪᠠᠶᠢᠭᠠᠳ ᠬᠥᠬᠡᠮᠥ᠋ᠷᠡᠨ᠂ ᠬᠠᠳᠤᠨ ᠭᠤᠣᠯ᠂ ᠵᠦᠵᠢᠶᠠᠩ ᠮᠥᠷᠡᠨ᠂ ᠯᠢᠶᠣᠤᠾᠧ ᠭᠤᠣᠯ᠂ ᠬᠤᠸᠠᠢ | ᠾᠧ ᠭᠤᠣᠯ᠂ ᠬᠠᠶᠢᠾᠧ ᠭᠤᠣᠯ ᠤᠨ ᠳᠠᠯᠠᠢ ᠳᠤ ᠴᠢᠳᠬᠤᠬᠤ ᠭᠤᠣᠯ ᠤᠨ ᠠᠮᠠ ᠶᠢ ᠵᠠᠰᠠᠬᠤ ᠲᠥᠯᠥᠪᠵᠢᠭᠦᠯᠭᠡ ᠶᠢ | ᠲᠣᠭᠲᠠᠭᠠᠬᠤ ᠬᠡᠷᠡᠭᠲᠡᠶ᠃ | ᠡᠮᠦᠨᠡᠬᠢ ᠪᠠᠳᠠᠭ ᠲᠤ ᠳᠤᠷᠠᠳᠤᠭᠰᠠᠨ ᠲᠡᠯᠡᠢ ᠳᠤ ᠴᠢᠳᠬᠤᠬᠤ ᠭᠤᠣᠯ ᠤᠨ ᠠᠮᠠ ᠳᠤ ᠲᠡᠯᠡᠢ ᠶᠢ ᠬᠦᠷᠢᠶᠡᠯᠡᠨ | ᠲᠠᠷᠢᠶᠠᠨ ᠭᠠᠵᠠᠷ ᠭᠠᠷᠭᠠᠬᠤ ᠳᠠᠭᠠᠨ ᠭᠤᠣᠯ ᠤᠨ ᠠᠮᠠ ᠶᠢ ᠵᠠᠰᠠᠬᠤ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠤᠨ | ᠵᠠᠮ ᠢ ᠵᠠᠰᠠᠬᠤ ᠲᠥᠯᠥᠪᠯᠡᠭᠡ ᠳᠤ ᠬᠡᠷᠡᠭᠯᠡᠬᠦ ᠭᠠᠵᠠᠷ ᠪᠣᠯᠤᠨ ᠲᠥᠯᠥᠪᠵᠢᠭᠦᠯᠦᠨ ᠪᠦᠳᠦᠭᠡᠨ ᠪᠠᠶᠢᠭᠤᠯᠤᠭᠰᠠᠨ | ᠬᠠᠰᠢᠯᠭ᠎ᠠ ᠳᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠭᠠᠵᠠᠷ ᠰᠢᠷᠣᠢ ᠶᠢ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ ᠬᠢᠨᠠᠨ ᠲᠣᠭᠲᠠᠭᠠᠵᠤ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ | ᠲᠥᠯᠥᠪᠵᠢᠭᠦᠯᠭᠡ ᠶᠢᠨ ᠦᠯᠡᠳᠡᠭᠡᠬᠦ ᠣᠷᠣᠨ ᠪᠣᠯᠭᠠᠨ ᠵᠠᠭᠠᠭᠯᠠᠨ ᠲᠣᠭᠲᠠᠭᠠᠵᠤ ᠪᠣᠯᠤᠨ᠎ᠠ︔ ᠲᠤᠰ | ᠲᠥᠯᠥᠪᠵᠢᠭᠦᠯᠭᠡ ᠶᠢᠨ ᠦᠯᠡᠳᠡᠭᠡᠬᠦ ᠣᠷᠣᠨ ᠤ ᠬᠡᠪᠴᠢᠶᠡᠨ ᠳᠠᠬᠢ ᠭᠠᠵᠠᠷ ᠰᠢᠷᠣᠶ ᠨᠢ ᠪᠤᠰᠤᠳ ᠵᠦᠢᠯᠡᠰ ᠲᠤ | ᠬᠡᠷᠡᠭᠯᠡᠬᠦ ᠭᠠᠵᠠᠷ ᠲᠤ ᠬᠤᠯᠪᠣᠭᠳᠠᠪᠠᠯ᠂ ᠬᠤᠯᠪᠣᠭᠳᠠᠯ ᠪᠦᠬᠦᠢ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠠ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ | ᠲᠣᠭᠲᠠᠭᠠᠬᠤ ᠳᠠᠭᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠲᠥᠯᠥᠪᠵᠢᠭᠦᠯᠭᠡ ᠶᠢᠨ ᠦᠯᠡᠳᠡᠭᠡᠬᠦ ᠣᠷᠣᠨ ᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠵᠠᠭᠠᠭᠯᠠᠨ | ᠲᠣᠭᠲᠠᠭᠠᠭᠰᠠᠨ ᠤ ᠳᠠᠷᠠᠭ᠎ᠠ ᠵᠠᠷᠯᠠᠨ ᠨᠡᠶᠢᠲᠡᠯᠡᠬᠦ ᠬᠡᠷᠡᠭᠲᠡᠶ᠃ | ᠡᠮᠦᠨᠡᠬᠢ ᠪᠠᠳᠠᠭ ᠤᠨ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠳᠤ ᠦᠶᠡᠷ ᠢ ᠰᠡᠷᠭᠡᠶᠢᠯᠡᠬᠦ ᠲᠠᠢ | ᠬᠤᠯᠪᠣᠭᠳᠠᠯ ᠦᠭᠡᠢ ᠦᠢᠯᠡᠳᠪᠦᠷᠢ ᠠᠭᠤᠷᠬᠠᠢ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ︔ | ᠣᠨᠴᠠᠭᠠᠶ ᠪᠠᠶᠢᠳᠠᠯ ᠤᠨ ᠳᠣᠣᠷ᠎ᠠ᠂ ᠤᠯᠤᠰ ᠤᠨ ᠦᠢᠯᠡᠳᠪᠦᠷᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢᠨ | ᠵᠦᠢᠯᠡᠰ ᠲᠤ ᠡᠮᠦᠨᠡᠬᠢ ᠪᠠᠳᠠᠭ ᠤᠨ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠤ ᠳᠣᠲᠣᠷᠠᠬᠢ ᠭᠠᠵᠠᠷ ᠰᠢᠷᠣᠶ ᠶᠢ | ᠦᠨᠡᠨ ᠬᠦ ᠡᠵᠡᠯᠡᠨ ᠬᠡᠷᠡᠭᠯᠡᠬᠦ ᠴᠢᠬᠤᠯᠠᠲᠠᠶ ᠪᠠᠶᠢᠪᠠᠯ᠂ ᠤᠯᠤᠰ ᠠᠴᠠ ᠲᠣᠭᠲᠠᠭᠠᠭᠰᠠᠨ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠲᠣᠭᠲᠠᠭᠠᠭᠰᠠᠨ ᠥᠷᠭᠡᠳᠬᠡᠭᠰᠡᠨ ᠪᠤᠶᠤ ᠨᠡᠭᠡᠭᠡᠭᠰᠡᠨ ᠬᠥᠮᠦᠨ ᠤ | ᠬᠦᠴᠦ ᠪᠠᠷ ᠦᠶᠡᠷ ᠵᠠᠯᠠᠬᠤ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠠᠬᠢ ᠭᠠᠵᠠᠷ ᠰᠢᠷᠣᠶ ᠶᠢ ᠮᠤᠵᠢ ᠶᠢᠨ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠣᠯᠤᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ | ᠬᠢᠨᠠᠨ ᠲᠣᠭᠲᠠᠭᠠᠭᠠᠳ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ | ᠳᠠᠷᠠᠭ᠎ᠠ᠂ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠪᠣᠯᠭᠠᠨ ᠵᠠᠭᠠᠭᠯᠠᠨ ᠲᠣᠭᠲᠠᠭᠠᠵᠤ ᠪᠣᠯᠤᠨ᠎ᠠ᠂ ᠡᠭᠦᠨ ᠳᠤ | ᠡᠮᠦᠨᠡᠬᠢ ᠪᠠᠳᠠᠭ ᠤᠨ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ | ᠠᠷᠪᠠᠨ ᠳᠣᠯᠣᠳᠤᠭᠠᠷ ᠵᠦᠢᠯ ᠭᠤᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠦᠶᠡᠷ ᠢ ᠰᠡᠷᠭᠡᠶᠢᠯᠡᠬᠦ | ᠪᠠᠷᠢᠯᠭ᠎ᠠ ᠪᠠ ᠪᠤᠰᠤᠳ ᠤᠰᠤᠨ ᠤ ᠪᠠᠷᠢᠯᠭ᠎ᠠ᠂ ᠤᠰᠤᠨ ᠴᠠᠬᠢᠯᠭᠠᠨ ᠤ ᠦᠷᠳᠡᠭᠡ ᠵᠡᠷᠭᠡ ᠶᠢ ᠪᠠᠶᠢᠭᠤᠯᠬᠤ ᠳᠠᠭᠠᠨ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ︔ ᠴᠥᠭᠦᠷᠥᠮ ᠨᠢ ᠦᠶᠡᠷ ᠢ | ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠦᠶᠡᠷ ᠢ ᠰᠡᠷᠭᠡᠶᠢᠯᠡᠬᠦ ᠴᠥᠭᠦᠷᠥᠮ ᠤᠨ | ᠪᠠᠭᠲᠠᠭᠠᠮᠵᠢ ᠶᠢ ᠭᠦᠢᠴᠡᠳ ᠦᠯᠡᠳᠡᠭᠡᠬᠦ ᠬᠡᠷᠡᠭᠲᠡᠢ᠃ | ᠡᠮᠦᠨᠡᠬᠢ ᠪᠠᠳᠠᠭ ᠲᠤ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ ᠤᠰᠤᠨ ᠤ ᠪᠠᠷᠢᠯᠭ᠎ᠠ᠂ | ᠤᠰᠤᠨ ᠴᠠᠬᠢᠯᠭᠠᠨ ᠦᠷᠲᠡᠭᠡ ᠨᠢ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠭᠠᠷ ᠤᠨ ᠦᠰᠦᠭ ᠵᠢᠷᠤᠭᠰᠠᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ | ᠱᠠᠭᠠᠷᠳᠠᠯᠭ᠎ᠠ ᠳᠤ ᠨᠡᠶᠢᠴᠡᠭᠰᠡᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ ᠣᠯᠤᠭᠰᠠᠨ ᠦᠭᠡᠢ ᠪᠠᠶᠢᠪᠠᠯ᠂ | ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠵᠤ ᠪᠣᠯᠬᠤ ᠦᠭᠡᠢ᠃ | | ᠭᠤᠷᠪᠠᠳᠤᠭᠠᠷ ᠪᠦᠯᠦᠭ ᠵᠠᠰᠠᠬᠤ ᠪᠠ ᠰᠡᠷᠭᠡᠶᠢᠯᠡᠨ ᠬᠠᠮᠠᠭᠠᠯᠠᠬᠤ | | ᠠᠷᠪᠠᠨ ᠨᠠᠢᠮᠠᠳᠤᠭᠠᠷ ᠵᠦᠢᠯ ᠭᠤᠣᠯ ᠮᠥᠷᠡᠨ ᠤ ᠦᠶᠡᠷ ᠢ ᠰᠡᠷᠭᠡᠶᠢᠯᠡᠨ ᠵᠠᠰᠠᠬᠤ ᠳᠤ ᠬᠤᠷᠠᠭᠤᠯᠬᠤ ᠪᠠ | ᠵᠠᠯᠠᠬᠤ ᠶᠢ ᠬᠤᠣᠰᠯᠠᠭᠤᠯᠵᠤ᠂ ᠭᠤᠣᠯ ᠤᠨ ᠵᠠᠮ ᠤᠨ ᠦᠶᠡᠷ ᠶᠠᠪᠤᠭᠤᠯᠬᠤ ᠴᠢᠳᠠᠪᠤᠷᠢ ᠪᠠ ᠴᠥᠭᠦᠷᠥᠮ᠂ ᠬᠤᠲᠣᠭᠤᠷ | ᠭᠠᠵᠠᠷ᠂ ᠨᠠᠭᠤᠷ ᠴᠦᠬᠦᠷᠦᠮ ᠤᠨ ᠦᠶᠡᠷ ᠤᠨ ᠤᠰᠤ ᠶᠢ ᠲᠣᠬᠢᠷᠠᠭᠤᠯᠤᠨ ᠬᠠᠳᠠᠭᠠᠯᠠᠬᠤ ᠴᠢᠳᠠᠮᠵᠢ ᠶᠢ ᠭᠦᠢᠴᠡᠳ | ᠪᠠᠳᠠᠷᠠᠭᠤᠯᠵᠤ᠂ ᠭᠤᠣᠯ ᠤᠨ ᠵᠠᠮ ᠤᠨ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠬᠤᠷᠠᠭᠰᠠᠨ ᠢ ᠠᠷᠢᠯᠭᠠᠨ ᠯᠠᠶᠢᠳᠠᠬᠤ ᠵᠡᠷᠭᠡ ᠠᠷᠭ᠎ᠠ ᠬᠡᠮᠵᠢᠶ᠎ᠡ ᠶᠢ | ᠠᠪᠴᠤ᠂ ᠦᠶᠡᠷ ᠤᠨ ᠤᠷᠤᠰᠬᠠᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ | ᠭᠤᠣᠯ ᠮᠥᠷᠡᠨ ᠤ ᠦᠶᠡᠷ ᠢ ᠰᠡᠷᠭᠡᠶᠢᠯᠡᠨ ᠵᠠᠰᠠᠬᠤ ᠳᠤ ᠰᠠᠪᠠ ᠭᠠᠵᠠᠷ ᠤᠨ ᠤᠢ ᠰᠢᠭᠤᠶ ᠡᠪᠡᠰᠦ | ᠤᠷᠭᠤᠮᠠᠯ ᠤᠨ ᠬᠤᠴᠢᠯᠭ᠎ᠠ ᠶᠢ ᠬᠠᠮᠠᠭᠠᠯᠠᠨ ᠥᠷᠭᠡᠳᠬᠡᠵᠦ᠂ ᠤᠰᠤᠨ ᠤ ᠰᠤᠷᠪᠤᠯᠵᠢ ᠶᠢ ᠬᠠᠳᠠᠭᠠᠯᠠᠵᠤ᠂ ᠰᠠᠪᠠ | ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠭᠤᠣᠯ ᠤᠨ ᠵᠠᠮ ᠢ ᠵᠠᠰᠠᠬᠤ ᠪᠠ ᠭᠤᠣᠯ ᠤᠨ ᠤᠰᠤᠨ ᠤ ᠤᠷᠤᠰᠬᠠᠯ ᠤᠨ | ᠴᠢᠭᠯᠡᠯ ᠢ ᠡᠵᠡᠮᠳᠡᠨ ᠵᠢᠯᠣᠭᠤᠳᠬᠤ᠂ ᠬᠠᠰᠢᠯᠭ᠎ᠠ ᠳᠠᠯᠠᠩ ᠢ ᠬᠠᠮᠠᠭᠠᠯᠠᠬᠤ ᠵᠡᠷᠭᠡ ᠪᠠᠷᠢᠯᠭ᠎ᠠ ᠶᠢ ᠪᠠᠶᠢᠭᠤᠯᠬᠤ ᠳᠠᠭᠠᠨ | ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠷᠢᠴᠠᠭ᠎ᠠ ᠶᠢ ᠬᠠᠮᠲᠤ ᠳᠤᠨᠢ ᠬᠠᠷᠠᠭᠠᠯᠵᠠᠵᠤ᠂ | ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠶᠣᠰᠣᠭᠠᠷ ᠬᠡᠷᠡᠭᠵᠢᠭᠦᠯᠬᠦ ᠬᠡᠷᠡᠭᠲᠡᠢ᠂ ᠭᠤᠣᠯ ᠤᠨ ᠤᠰᠤᠨ ᠤ | ᠤᠷᠤᠰᠬᠠᠯ ᠤᠨ ᠴᠢᠭᠯᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ ᠤ ᠲᠥᠯᠥᠪᠵᠢᠭᠦᠯᠭᠡ ᠶᠢᠨ ᠵᠠᠰᠠᠵᠤ ᠵᠠᠯᠠᠬᠤ | ᠱᠤᠭᠤᠮ ᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠭᠤᠷᠪᠢᠨ ᠲᠣᠭᠲᠠᠭᠠᠵᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃ | ᠪᠤᠰᠤᠳ ᠭᠤᠣᠯ ᠮᠥᠷᠡᠨ᠂ ᠭᠤᠣᠯ ᠤᠨ ᠬᠡᠰᠡᠭ ᠤᠨ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠢ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠭᠤᠷᠪᠢᠨ ᠲᠣᠭᠲᠠᠭᠠᠵᠤ᠂ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ ᠵᠦᠪᠰᠢᠶᠡᠷᠡᠬᠦᠯᠦᠨ᠎ᠡ︔ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠰᠤᠨᠳᠠᠯᠠᠭᠰᠠᠨ ᠭᠤᠣᠯ ᠮᠥᠷᠡᠨ᠂ ᠭᠤᠣᠯ ᠤᠨ ᠬᠡᠰᠡᠭ ᠪᠠ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠭᠤᠷᠣᠨᠳᠣᠬᠢ ᠮᠤᠵᠢ ᠶᠢᠨ ᠵᠠᠭᠠᠭ ᠤᠨ | ᠭᠤᠣᠯ ᠤᠨ ᠵᠡᠮ ᠤᠨ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠢ ᠬᠤᠯᠪᠣᠭᠳᠠᠯ ᠪᠦᠬᠦᠢ ᠰᠡᠪᠡ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ ᠮᠥᠷᠡᠨ᠂ ᠭᠤᠣᠯ ᠤᠨ ᠬᠡᠰᠡᠭ ᠤᠨ ᠪᠠᠶᠢᠭ᠎ᠠ ᠭᠠᠵᠠᠷ ᠤᠨ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠦᠠ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠭᠤᠷᠪᠢᠨ | ᠲᠤᠭᠳᠠᠭᠠᠵᠤ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠢᠨᠠᠨ ᠪᠠᠶᠢᠴᠠᠭᠠᠭᠠᠳ ᠰᠠᠨᠠᠯ ᠳᠤᠷᠠᠳᠤᠭᠰᠠᠨ ᠤ ᠳᠠᠷᠠᠭ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃ | ᠬᠤᠷᠢᠳᠤᠭᠠᠷ ᠵᠦᠢᠯ ᠭᠤᠣᠯ ᠤᠨ ᠵᠠᠮ᠂ ᠨᠠᠭᠤᠷ ᠴᠦᠬᠦᠷᠦᠮ ᠢ ᠴᠡᠭᠴᠡᠯᠡᠨ ᠵᠠᠰᠠᠬᠤ ᠳᠤ ᠤᠰᠤᠨ | ᠠᠶᠠᠯᠠᠯ ᠤᠨ ᠵᠠᠮ ᠳᠤ ᠬᠤᠯᠪᠣᠭᠳᠠᠬᠤ ᠳᠤ ᠬᠦᠷᠪᠡᠯ᠂ ᠤᠰᠤᠨ ᠵᠠᠮ ᠤᠨ ᠲᠡᠭᠡᠭᠡᠪᠦᠷᠢ ᠶᠢᠨ ᠬᠡᠷᠡᠭᠴᠡᠭᠡ ᠶᠢ | ᠬᠠᠮᠲᠤ ᠳᠤᠨᠢ ᠬᠠᠷᠠᠭᠠᠯᠵᠠᠬᠤ ᠬᠡᠷᠡᠭᠲᠡᠢ ᠪᠥᠭᠡᠳ ᠤᠷᠢᠳᠠᠪᠠᠷ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ ᠤᠰᠤᠨ ᠠᠶᠠᠯᠠᠯ ᠤᠨ ᠵᠠᠮ ᠢ ᠴᠡᠭᠴᠡᠯᠡᠨ ᠵᠠᠰᠠᠬᠤ ᠳᠤ ᠭᠤᠣᠯ | ᠮᠥᠷᠡᠨ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠬᠦ | ᠬᠡᠷᠡᠭᠲᠡᠢ ᠪᠥᠭᠡᠳ ᠤᠷᠢᠳ ᠢᠶᠠᠷ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ | ᠬᠤᠯᠤᠰᠤ ᠮᠣᠳᠣᠨ ᠮᠠᠲ᠋ᠧᠷᠢᠶᠠᠯ ᠤᠷᠤᠰᠬᠠᠨ ᠲᠡᠭᠡᠭᠡᠪᠤᠷᠢᠯᠡᠵᠦ ᠪᠠᠶᠢᠭ᠎ᠠ ᠭᠤᠣᠯ ᠮᠥᠷᠡᠨ ᠪᠠ ᠵᠢᠭᠠᠰᠤᠨ ᠠᠵᠤ | ᠠᠬᠤᠶ ᠶᠢᠨ ᠤᠰᠦᠠ ᠣᠷᠣᠨ ᠳᠤ ᠭᠤᠣᠯ ᠤᠨ ᠵᠡᠮ ᠢ ᠵᠠᠰᠠᠬᠤ ᠳᠤ ᠬᠤᠯᠤᠰᠤ ᠮᠣᠳᠣᠨ ᠮᠠᠲ᠋ᠧᠷᠢᠶᠠᠯ ᠤᠨ ᠤᠰᠦᠠ | ᠲᠡᠭᠡᠭᠡᠪᠦᠷᠢ ᠪᠠ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ | ᠬᠡᠷᠡᠭᠲᠡᠶ ᠪᠥᠭᠡᠳ ᠤᠷᠢᠳᠠᠪᠠᠷ ᠤᠢ ᠰᠢᠭᠤᠶ᠂ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ ᠭᠤᠣᠯ ᠤᠨ ᠵᠠᠮ ᠳᠤ ᠬᠤᠯᠤᠰᠤ ᠮᠣᠳᠣ | ᠤᠷᠤᠰᠬᠠᠨ ᠲᠡᠭᠡᠭᠡᠪᠦᠷᠢᠯᠡᠬᠦ ᠳᠡᠭᠡᠨ ᠦᠶᠡᠷ ᠵᠠᠯᠠᠬᠤ ᠪᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ | ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ᠃ | ᠬᠤᠷᠢᠨ ᠨᠢᠭᠡᠳᠦᠭᠡᠷ ᠵᠦᠢᠯ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠳᠤ ᠤᠰᠤᠨ ᠤ | ᠰᠢᠰᠲ᠋ᠧᠮ ᠢᠶᠠᠷ ᠨᠢᠭᠡᠳᠦᠯᠳᠡᠢ ᠬᠠᠮᠢᠶᠠᠷᠬᠤ ᠪᠠ ᠱᠠᠳᠤ ᠬᠤᠪᠢᠶᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ | ᠬᠡᠷᠡᠭᠵᠢᠭᠦᠯᠵᠦ᠂ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠨ᠂ ᠰᠠᠭᠠᠳ ᠦᠭᠡᠢ ᠨᠡᠪᠲᠡᠷᠡᠬᠦ ᠶᠢ ᠦᠨᠡᠨ ᠬᠦ | ᠪᠠᠲᠤᠯᠠᠨ᠎ᠠ᠃ | ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠤᠨ ᠭᠤᠣᠯ ᠪᠣᠯᠬᠤ | ᠭᠤᠣᠯ ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠴᠢᠬᠤᠯᠠ | ᠭᠤᠣᠯ ᠤᠨ ᠬᠡᠰᠡᠭ᠂ ᠨᠠᠭᠤᠷ ᠴᠦᠬᠦᠷᠦᠮ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠬᠤᠭᠤᠷᠣᠨᠳᠣᠬᠢ ᠮᠤᠵᠢ ᠶᠢᠨ ᠵᠠᠭᠠᠭ ᠤᠨ ᠭᠤᠣᠯ ᠤᠨ ᠵᠠᠮ᠂ ᠨᠠᠭᠤᠷ ᠴᠦᠬᠦᠷᠦᠮ ᠵᠢᠴᠢ ᠤᠯᠤᠰ ︵ | ᠬᠢᠵᠠᠭᠠᠷ︶ ᠤᠨ ᠵᠠᠭᠠᠭ ᠤᠨ ᠭᠤᠣᠯ ᠤᠨ ᠵᠠᠮ᠂ ᠨᠠᠭᠤᠷ ᠴᠦᠬᠦᠷᠦᠮ ᠢ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠣᠯᠤᠨ ᠭᠤᠣᠯ ᠮᠥᠷᠡᠨ᠂ ᠨᠠᠭᠤᠷ ᠴᠦᠬᠦᠷᠦᠮ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠭᠠᠭᠯᠠᠨ | ᠲᠣᠭᠲᠠᠭᠠᠭᠰᠠᠨ ᠶᠣᠰᠣᠭᠠᠷ ᠬᠠᠤᠯᠢ ᠶᠣᠰᠣᠭᠠᠷ ᠬᠠᠮᠢᠶᠠᠷᠤᠨ᠎ᠠ᠃ ᠪᠤᠰᠤᠳ ᠭᠤᠣᠯ ᠤᠨ ᠵᠠᠮ᠂ ᠨᠠᠭᠤᠷ ᠴᠦᠬᠦᠷᠦᠮ ᠢ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠡᠷᠬᠡ ᠤᠯᠭᠤᠭᠰᠠᠨ ᠪᠠᠶᠢᠭᠤᠯᠤᠮᠵᠢ ᠶᠢᠨ ᠵᠠᠭᠠᠭᠯᠠᠨ ᠲᠤᠭᠳᠠᠭᠠᠭᠰᠠᠨ ᠶᠤᠰᠤᠭᠠᠷ ᠬᠠᠤᠯᠢ | ᠶᠤᠰᠤᠭᠠᠷ ᠬᠠᠮᠢᠶᠠᠷᠤᠨ᠎ᠠ᠃ | ᠬᠠᠰᠢᠯᠭ᠎ᠠ ᠲᠡᠯᠡᠩ ᠲᠠᠢ ᠭᠤᠣᠯ ᠤᠨ ᠵᠡᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠦᠷᠢᠶ᠎ᠡ | ᠬᠡᠪᠴᠢᠶ᠎ᠡ ᠨᠢ ᠬᠤᠶᠠᠷ ᠡᠷᠭᠢ ᠶᠢᠨ ᠬᠠᠰᠢᠯᠭ᠎ᠠ ᠲᠡᠯᠡᠩ ᠤᠨ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ | ᠲᠡᠩ ᠭᠠᠵᠠᠷ᠂ ᠦᠶᠡᠷ ᠵᠠᠯᠠᠬᠤ ᠣᠷᠣᠨ ᠪᠠ ᠬᠠᠰᠢᠯᠭ᠎ᠠ ᠲᠡᠯᠡᠩ ᠵᠢᠴᠢ ᠲᠡᠯᠡᠩ ᠬᠠᠮᠠᠭᠠᠯᠠᠬᠤ ᠭᠠᠵᠠᠷ ᠪᠣᠯᠤᠨ᠎ᠠ︔ | ᠬᠠᠰᠢᠯᠭ᠎ᠠ ᠲᠡᠯᠡᠩ ᠤᠢᠭᠡᠢ ᠭᠤᠣᠯ ᠤᠨ ᠵᠡᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ | ᠲᠡᠦᠬᠡᠨ ᠳᠡᠭᠡᠷᠡᠬᠢ ᠬᠠᠮᠤᠭ ᠤᠨ ᠥᠨᠳᠥᠷ ᠦᠶᠡᠷ ᠤᠨ ᠤᠰᠦᠠ ᠲᠦᠪᠰᠢᠨ ᠪᠤᠶᠤ ᠵᠢᠷᠤᠵᠤ ᠲᠥᠯᠥᠪᠯᠡᠭᠰᠡᠨ | ᠦᠶᠡᠷ ᠤᠨ ᠤᠰᠦᠠ ᠲᠦᠪᠰᠢᠨ ᠤ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ ᠲᠡᠩ ᠭᠠᠵᠠᠷ ᠪᠠ | ᠦᠶᠡᠷ ᠵᠠᠯᠠᠬᠤ ᠣᠷᠣᠨ ᠪᠣᠯᠤᠨ᠎ᠠ᠃ | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠢᠭᠤᠳ ᠬᠠᠮᠢᠶᠠᠷᠬᠤ ᠭᠤᠣᠯ ᠤᠨ ᠵᠠᠮ᠂ ᠨᠠᠭᠤᠷ | ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠲᠠᠢ ᠬᠠᠮᠲᠤᠷᠠᠨ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠨ᠎ᠠ︔ ᠪᠤᠰᠤᠳ | ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠯᠪᠣᠭᠳᠠᠯ ᠪᠦᠬᠦᠢ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠡᠮᠦᠨᠡᠬᠢ | ᠪᠠᠳᠠᠭ ᠤᠨ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠨ᠎ᠠ᠃ | ᠬᠤᠷᠢᠨ ᠬᠤᠶᠠᠳᠤᠭᠠᠷ ᠵᠦᠢᠯ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠭᠠᠵᠠᠷ ᠰᠢᠷᠣᠢ ᠪᠠ ᠡᠷᠭᠢ ᠶᠢᠨ ᠱᠤᠭᠤᠮ ᠢ ᠠᠰᠢᠭᠯᠠᠬᠤ ᠳᠠᠭᠠᠨ ᠦᠶᠡᠷ ᠵᠠᠯᠠᠬᠤ᠂ ᠤᠰᠤ | ᠳᠠᠮᠵᠢᠭᠤᠯᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ | ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ | ᠬᠠᠷᠰᠢᠯᠠᠬᠤ ᠪᠠᠷᠢᠯᠭ᠎ᠠ ᠪᠠᠶᠢᠭᠤᠯᠬᠤ᠂ ᠬᠤᠭ ᠨᠣᠪᠰᠢ᠂ ᠰᠢᠭᠠᠷᠤ ᠰᠢᠷᠤᠢ ᠬᠠᠶᠠᠬᠤ᠂ ᠭᠤᠣᠯ ᠤᠨ ᠤᠷᠤᠰᠬᠠᠯ ᠤᠨ | ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ | ᠬᠢᠬᠦ ᠶᠢ ᠴᠠᠭᠠᠵᠠᠯᠠᠨ᠎ᠠ᠃ | ᠦᠶᠡᠷ ᠵᠠᠯᠠᠬᠤ ᠭᠤᠣᠯ ᠤᠨ ᠵᠠᠮ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠪᠠ ᠥᠨᠳᠥᠷ | ᠡᠰᠢᠲᠦ ᠲᠠᠷᠢᠮᠠᠯ ᠲᠠᠷᠢᠬᠤ ᠶᠢ ᠴᠠᠭᠠᠵᠠᠯᠠᠨ᠎ᠠ᠃ | ᠣᠩᠭᠤᠴᠠ ᠰᠠᠯ ᠠᠶᠠᠯᠠᠬᠤ ᠳᠠᠭᠠᠨ ᠲᠡᠯᠡᠩ ᠡᠷᠭᠢ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠮᠡᠳᠡᠬᠦ | ᠭᠤᠣᠯ ᠤᠨ ᠬᠡᠰᠡᠭ ᠲᠤ ᠠᠶᠠᠯᠠᠬᠤ ᠬᠤᠷᠳᠤᠴᠠ ᠶᠢ ᠬᠢᠵᠠᠭᠠᠷᠯᠠᠬᠤ ᠬᠡᠷᠡᠭᠲᠡᠶ᠃ ᠠᠶᠠᠯᠠᠯ ᠤᠨ ᠬᠤᠷᠳᠤᠴᠠ ᠶᠢ | ᠬᠢᠵᠠᠭᠠᠷᠯᠠᠭᠰᠠᠨ ᠳᠡᠮᠳᠡᠭ ᠢ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠥᠪᠯᠡᠨ ᠲᠣᠭᠲᠠᠭᠠᠭᠰᠠᠨ ᠤ ᠳᠠᠷᠠᠭ᠎ᠠ | ᠪᠠᠶᠢᠷᠢᠯᠠᠭᠤᠯᠤᠨ᠎ᠠ᠃ | ᠬᠤᠷᠢᠨ ᠭᠤᠷᠪᠠᠳᠤᠭᠠᠷ ᠵᠦᠢᠯ ᠨᠠᠭᠤᠷ ᠢ ᠬᠦᠷᠢᠶᠡᠯᠡᠨ ᠭᠠᠵᠠᠷ ᠭᠠᠷᠭᠠᠬᠤ ᠶᠢ ᠴᠠᠭᠠᠵᠠᠯᠠᠨ᠎ᠠ᠃ ᠨᠢᠭᠡᠨᠲᠡ | ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠪᠠᠷ | ᠵᠠᠰᠠᠵᠤ᠂ ᠲᠥᠯᠥᠪᠯᠡᠭᠡ ᠲᠠᠢ ᠪᠠᠷ ᠭᠠᠵᠠᠷ ᠰᠢᠷᠤᠢ ᠶᠢ ᠪᠤᠴᠠᠭᠠᠵᠤ ᠨᠠᠭᠤᠷ ᠢ ᠰᠡᠷᠭᠦᠭᠡᠬᠦ ᠬᠡᠷᠡᠭᠲᠡᠶ᠃ | ᠭᠤᠣᠯ ᠤᠨ ᠵᠡᠮ ᠢ ᠬᠦᠷᠢᠶᠡᠯᠡᠨ ᠬᠠᠭᠠᠯᠪᠤᠷᠢᠯᠠᠬᠤ ᠶᠢ ᠴᠠᠭᠠᠵᠠᠯᠠᠨ᠎ᠠ᠃ ᠦᠨᠡᠨ ᠬᠦ ᠬᠦᠷᠢᠶᠡᠯᠡᠨ | ᠬᠠᠭᠠᠯᠪᠤᠷᠢᠯᠠᠬᠤ ᠴᠢᠬᠤᠯᠠᠲᠠᠶ ᠪᠠᠶᠢᠪᠠᠯ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠤᠰᠤᠨ ᠤ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠦᠶᠡᠷ ᠢ ᠵᠠᠯᠠᠬᠤ᠂ ᠤᠰᠤ | ᠳᠠᠮᠵᠢᠭᠤᠯᠬᠤ ᠶᠢ ᠬᠠᠷᠰᠢᠯᠠᠬᠤ ᠦᠭᠡᠢ ᠭᠡᠵᠦ ᠨᠤᠲᠠᠯᠠᠭᠤᠯᠤᠭᠰᠠᠨ ᠤ ᠳᠠᠷᠠᠭ᠎ᠠ᠂ ᠮᠤᠵᠢ ᠶᠢᠨ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠦᠶᠡᠷ ᠵᠠᠯᠠᠬᠤ ᠭᠤᠣᠯ ᠤᠨ ᠵᠠᠮ ᠳᠤ ᠰᠠᠭᠤᠵᠤ ᠪᠠᠶᠢᠭ᠎ᠠ ᠰᠠᠭᠤᠭᠠᠯᠢ | ᠠᠷᠠᠳ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ | ᠭᠠᠳᠠᠭᠰᠢ ᠨᠡᠭᠦᠯᠭᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠭᠤᠣᠯ ᠤᠨ ᠵᠡᠮ᠂ | ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠵᠤ ᠲᠡᠷᠢᠵᠦ ᠬᠠᠮᠢᠶᠠᠷᠤᠨ᠎ᠠ᠃ | ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠳᠤᠷ᠎ᠠ ᠪᠠᠷ ᠢᠶᠠᠨ ᠣᠭᠲᠣᠯᠵᠤ ᠪᠣᠯᠬᠤ ᠤᠢᠭᠡᠢ᠃ ᠲᠡᠯᠡᠩ | ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠣᠭᠲᠣᠯᠬᠤ ᠳᠤ ᠬᠦᠷᠪᠡᠯ᠂ ᠣᠭᠲᠣᠯᠬᠤ ᠶᠢ ᠵᠥᠪᠰᠢᠶᠡᠷᠡᠬᠦ ᠭᠠᠷ | ᠭᠦᠢᠴᠡᠳᠬᠡᠯ ᠢ ᠬᠠᠤᠯᠢ ᠶᠣᠰᠣᠭᠠᠷ ᠬᠦᠢᠴᠡᠳᠭᠡᠬᠦ ᠬᠡᠷᠡᠭᠲᠡᠶ ᠪᠥᠭᠡᠳ ᠰᠢᠨᠡᠳᠬᠡᠨ ᠨᠥᠬᠦᠵᠦ ᠲᠡᠷᠢᠬᠤ ᠲᠣᠭᠲᠠᠭᠰᠠᠨ | ᠡᠭᠦᠷᠭᠡ ᠶᠢ ᠪᠡᠶᠡᠯᠡᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠤᠰᠤᠨ ᠤ ᠲᠦᠭᠵᠢᠷᠡᠯ ᠪᠠ ᠬᠠᠷᠰᠢᠯᠠᠯ ᠪᠠᠷ ᠬᠦᠨᠳᠦ ᠨᠣᠴᠢᠲᠠᠢ ᠪᠠᠶᠢᠳᠠᠭ | ᠬᠥᠭᠦᠷᠭᠡ᠂ ᠵᠠᠯᠠᠬᠤ ᠵᠠᠮ᠂ ᠭᠠᠷᠠᠮ ᠪᠣᠯᠤᠨ ᠭᠤᠣᠯ ᠠᠯᠤᠰᠯᠠᠭᠰᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ ᠶᠢ | ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ | ᠬᠡᠪᠴᠢᠶ᠎ᠡ ᠶᠢᠨ ᠶᠣᠰᠣᠭᠠᠷ ᠪᠦᠳᠦᠭᠡᠨ ᠪᠠᠶᠢᠭᠤᠯᠬᠤ ᠨᠢᠭᠡᠴᠢ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠥᠭᠡᠷᠡᠴᠢᠯᠡᠨ ᠪᠠᠶᠢᠭᠤᠯᠬᠤ ᠪᠤᠶᠤ ᠨᠤᠷᠠᠭᠠᠯᠭᠠᠵᠤ ᠪᠣᠯᠤᠨ᠎ᠠ᠃ | ᠬᠤᠷᠢᠨ ᠳᠣᠯᠣᠳᠤᠭᠠᠷ ᠵᠦᠢᠯ ᠭᠤᠣᠯ ᠠᠯᠤᠰᠯᠠᠭᠰᠠᠨ᠂ ᠭᠤᠣᠯ ᠭᠠᠲᠤᠯᠤᠭᠰᠠᠨ᠂ ᠳᠠᠯᠠᠩ ᠭᠠᠲᠤᠯᠤᠭᠰᠠᠨ᠂ | ᠭᠤᠣᠯ ᠳᠠᠭᠠᠭᠰᠠᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠢ᠂ ᠤᠳᠠᠰᠤ ᠲᠠᠲᠠᠯᠭ᠎ᠠ᠂ ᠤᠰᠤ ᠲᠠᠲᠠᠬᠤ᠂ | ᠤᠰᠤ ᠵᠠᠯᠠᠬᠤ ᠵᠡᠷᠭᠡ ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ ᠳᠠᠭᠠᠨ ᠦᠶᠡᠷ ᠢ ᠰᠡᠷᠭᠡᠶᠢᠯᠡᠬᠦ | ᠪᠠᠷᠢᠮᠵᠢᠶ᠎ᠠ᠂ ᠡᠷᠭᠢ ᠶᠢᠨ ᠱᠤᠭᠤᠮ ᠤᠨ ᠲᠥᠯᠥᠪᠵᠢᠭᠦᠯᠭᠡ᠂ ᠤᠰᠤᠨ ᠵᠠᠮ ᠤᠨ ᠲᠡᠭᠡᠭᠡᠪᠦᠷᠢ ᠶᠢᠨ ᠱᠠᠭᠠᠷᠳᠠᠯᠭ᠎ᠠ ᠪᠠ | ᠪᠤᠰᠤᠳ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠂ ᠳᠠᠯᠠᠩ ᠬᠠᠰᠢᠯᠭ᠎ᠠ ᠶᠢᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠵᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠵᠦ᠂ | ᠦᠶᠡᠷ ᠤᠨ ᠰᠠᠭᠠᠳ ᠦᠭᠡᠢ ᠨᠡᠪᠲᠡᠷᠡᠬᠦ ᠶᠢ ᠬᠠᠷᠰᠢᠯᠠᠵᠤ ᠪᠣᠯᠬᠤ ᠦᠭᠡᠢ︔ ᠲᠡᠭᠦᠨ ᠤ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠲᠥᠰᠦᠯ ᠢ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠡᠮᠦᠨ᠎ᠡ ᠳᠤᠷᠠᠳᠤᠭᠰᠠᠨ ᠦᠶᠡᠷ ᠢ ᠰᠡᠷᠭᠡᠶᠢᠯᠡᠬᠦ ᠱᠠᠭᠠᠷᠳᠠᠯᠭ᠎ᠠ ᠶᠢ ᠦᠨᠳᠦᠰᠦᠯᠡᠨ | ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ | ᠡᠬᠢᠯᠡᠭᠦᠯᠵᠦ ᠪᠦᠳᠦᠭᠡᠨ ᠪᠠᠶᠢᠭᠤᠯᠵᠤ ᠪᠣᠯᠬᠤ ᠦᠭᠡᠢ᠃ | ᠡᠮᠦᠨᠡᠬᠢ ᠪᠠᠳᠠᠭ ᠲᠤ ᠳᠤᠷᠠᠳᠤᠭᠰᠠᠨ ᠪᠠᠷᠢᠯᠭ᠎ᠠ ᠶᠢᠨ ᠲᠥᠬᠦᠭᠡᠷᠦᠮᠵᠢ ᠨᠢ ᠭᠤᠣᠯ ᠤᠨ ᠵᠡᠮ᠂ ᠨᠠᠭᠤᠷ | ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠶ ᠶᠢ ᠡᠵᠡᠯᠡᠨ ᠬᠡᠷᠡᠭᠯᠡᠬᠦ᠂ ᠭᠤᠣᠯ ᠤᠨ ᠵᠡᠮ᠂ | ᠨᠠᠭᠤᠷ ᠴᠦᠬᠦᠷᠦᠮ ᠤᠨ ᠣᠷᠣᠨ ᠵᠠᠶ ᠶᠢ ᠳᠠᠪᠠᠭ᠋ᠤ ᠪᠤᠶᠤ ᠭᠤᠣᠯ ᠤᠨ ᠭᠤᠯᠳᠤᠷᠢᠯ ᠢᠶᠠᠷ ᠥᠩᠭᠡᠷᠡᠬᠦ ᠴᠢᠬᠤᠯᠠᠲᠠᠶ | ᠪᠠᠶᠢᠪᠠᠯ᠂ ᠪᠦᠳᠦᠭᠡᠠ ᠪᠠᠶᠢᠭᠤᠯᠬᠤ ᠨᠢᠭᠡᠴᠢ ᠨᠢ ᠬᠤᠯᠪᠣᠭᠳᠠᠯ ᠪᠦᠬᠦᠢ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠲᠤᠰ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠠ | ᠪᠠᠶᠢᠭᠤᠯᠤᠯᠲᠠ ᠶᠢᠨ ᠣᠷᠣᠨ ᠪᠠᠶᠢᠷᠢ ᠪᠠ ᠵᠠᠭᠠᠭ ᠬᠢᠵᠠᠭᠠᠷ ᠢ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ | ᠲᠡᠷᠠᠭ᠎ᠠ ᠰᠠᠶ᠋ᠢ ᠠᠵᠢᠯ ᠡᠬᠢᠯᠡᠭᠦᠯᠬᠦ ᠭᠠᠷ ᠭᠦᠢᠴᠡᠳᠬᠡᠯ ᠢ ᠬᠠᠤᠯᠢ ᠶᠣᠰᠣᠭᠠᠷ ᠬᠢᠵᠦ ᠪᠣᠯᠤᠨ᠎ᠠ︔ ᠪᠠᠷᠢᠯᠭ᠎ᠠ ᠶᠢᠨ | ᠠᠵᠢᠯ ᠢ ᠲᠣᠬᠢᠷᠠᠭᠤᠯᠬᠤ ᠳᠠᠭᠠᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠪᠠᠶᠢᠴᠠᠭᠠᠵᠤ ᠵᠥᠪᠰᠢᠶᠡᠷᠡᠭᠰᠡᠨ ᠣᠷᠣᠨ ᠪᠠᠶᠢᠷᠢ ᠪᠠ ᠵᠠᠭᠠᠭ ᠬᠢᠵᠠᠭᠠᠷ ᠶᠣᠰᠣᠭᠠᠷ ᠬᠢᠬᠦ ᠬᠡᠷᠡᠭᠲᠡᠶ᠃ | | ᠬᠤᠷᠢᠨ ᠨᠠᠢᠮᠠᠳᠤᠭᠠᠷ ᠵᠦᠢᠯ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠲᠤᠰ ᠬᠠᠤᠯᠢ ᠶᠢᠨ ᠲᠣᠭᠲᠠᠭᠠᠯ ᠶᠣᠰᠣᠭᠠᠷ ᠪᠦᠳᠦᠭᠡᠨ ᠪᠠᠶᠢᠭᠤᠯᠤᠭᠰᠠᠨ ᠪᠠᠷᠢᠯᠭ᠎ᠠ ᠶᠢᠨ | ᠲᠥᠬᠦᠭᠡᠷᠦᠮᠵᠢ ᠶᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ | ᠶᠣᠰᠣᠭᠠᠷ ᠪᠠᠶᠢᠴᠠᠭᠠᠬᠤ ᠡᠷᠬᠡ ᠲᠠᠢ︔ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠠᠶᠢᠴᠠᠭᠠᠬᠤ ᠦᠶ᠎ᠡ ᠳᠤ ᠪᠠᠶᠢᠴᠠᠭᠠᠭᠳᠠᠭᠴᠢ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ | ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠃ | ᠡᠮᠦᠨᠡᠬᠢ ᠪᠠᠳᠠᠭ ᠲᠤ ᠲᠣᠭᠲᠠᠭᠠᠭᠰᠠᠨ ᠪᠠᠷᠢᠯᠭ᠎ᠠ ᠶᠢᠨ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠳᠠᠭᠤᠰᠴᠤ | ᠰᠢᠯᠭᠠᠨ ᠠᠪᠬᠤ ᠳᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠣᠷᠣᠯᠴᠠᠭᠰᠠᠨ ᠪᠠᠶᠢᠬᠤ ᠬᠡᠷᠡᠭᠲᠡᠶ᠃ | | ᠳᠥᠷᠪᠡᠳᠦᠭᠡᠷ ᠪᠦᠯᠦᠭ ᠦᠶᠡᠷ ᠢ ᠰᠡᠷᠭᠡᠶᠢᠯᠡᠬᠦ ᠣᠷᠣᠨ ᠪᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠲᠥᠬᠦᠭᠡᠷᠦᠮᠵᠢ ᠶᠢᠨ ᠬᠠᠮᠢᠶᠠᠷᠤᠯᠲᠠ | | ᠬᠤᠷᠢ ᠶᠢᠰᠦᠳᠦᠭᠡᠷ ᠵᠦᠢᠯ ᠦᠶᠡᠷ ᠢ ᠰᠡᠷᠭᠡᠶᠢᠯᠡᠬᠦ ᠣᠷᠣᠨ ᠭᠡᠳᠡᠭ ᠪᠣᠯ ᠦᠶᠡᠷ ᠤᠨ ᠤᠰᠤ ᠦᠶᠡᠷᠯᠡᠭᠡᠳ | ᠤᠰᠤᠨ ᠳᠤ ᠠᠪᠲᠠᠵᠤ ᠮᠡᠳᠡᠬᠦ ᠭᠠᠵᠠᠷ ᠣᠷᠣᠨ ᠢ ᠵᠢᠭᠠᠵᠤ ᠪᠠᠶᠢᠨ᠎ᠠ᠂ ᠲᠡᠭᠦᠨ ᠢ ᠦᠶᠡᠷᠯᠡᠭᠰᠡᠨ ᠣᠷᠣᠨ᠂ ᠦᠶᠡᠷ ᠢ | ᠲᠣᠭᠲᠠᠭᠠᠨ ᠬᠤᠷᠠᠭᠤᠯᠬᠤ ᠣᠷᠣᠨ ᠪᠠ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠭᠡᠵᠦ ᠬᠤᠪᠢᠶᠠᠨ᠎ᠠ᠃ | ᠦᠶᠡᠷᠯᠡᠭᠰᠡᠨ ᠣᠷᠣᠨ ᠭᠡᠳᠡᠭ ᠨᠢ ᠪᠠᠷᠢᠯᠭ᠎ᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠤᠢᠭᠡᠢ ᠦᠶᠡᠷ ᠤᠨ | ᠤᠰᠤ ᠦᠶᠡᠷᠯᠡᠭᠰᠡᠨ ᠭᠠᠵᠠᠷ ᠣᠷᠣᠨ ᠢ ᠵᠢᠭᠠᠵᠤ ᠪᠠᠶᠢᠨ᠎ᠠ᠃ | ᠦᠶᠡᠷ ᠢ ᠲᠣᠭᠲᠠᠭᠠᠨ ᠬᠤᠷᠠᠭᠤᠯᠬᠤ ᠣᠷᠣᠨ ᠭᠡᠳᠡᠭ ᠨᠢ ᠦᠶᠡᠷ ᠢ ᠰᠠᠯᠭᠠᠬᠤ ᠠᠮᠠᠰᠠᠷ ᠢ ᠪᠠᠭᠲᠠᠭᠠᠭᠰᠠᠨ | ᠭᠤᠣᠯ ᠤᠨ ᠲᠡᠯᠡᠩ ᠤᠨ ᠠᠷᠤ ᠲᠠᠯ᠎ᠠ ᠶᠢᠨ ᠤᠰᠦᠠ ᠤ ᠭᠠᠳᠠᠷᠭᠤ ᠠᠴᠠ ᠭᠠᠳᠠᠨ᠎ᠠ ᠦᠶᠡᠷ ᠤᠨ ᠤᠰᠤ ᠶᠢ ᠲᠦᠷ ᠴᠠᠭ | ᠬᠠᠳᠠᠭᠠᠯᠠᠬᠤ ᠨᠠᠮ ᠳᠣᠣᠷ᠎ᠠ ᠭᠠᠵᠠᠷ ᠣᠷᠣᠨ ᠵᠢᠴᠢ ᠨᠠᠭᠤᠷ ᠴᠥᠭᠦᠷᠥᠮ ᠵᠡᠷᠭᠡ ᠶᠢ ᠵᠢᠭᠠᠵᠤ ᠪᠠᠶᠢᠨ᠎ᠠ᠃ | ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠭᠡᠳᠡᠭ ᠨᠢ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢᠨ | ᠳᠣᠲᠣᠷ᠎ᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠳᠤ ᠬᠠᠮᠠᠭᠠᠯᠠᠭᠳᠠᠵᠤ ᠪᠠᠶᠢᠭ᠎ᠠ ᠭᠠᠵᠠᠷ ᠣᠷᠣᠨ ᠢ | ᠵᠢᠭᠠᠵᠤ ᠪᠠᠶᠢᠨ᠎ᠠ᠃ | ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠦᠶᠡᠷ ᠢ ᠰᠡᠷᠭᠡᠶᠢᠯᠡᠬᠦ | ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠶᠢ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠤᠶᠤ ᠦᠶᠡᠷ ᠢ | ᠰᠡᠷᠭᠡᠶᠢᠯᠡᠬᠦ ᠲᠥᠰᠦᠯ ᠳᠤ ᠵᠠᠭᠠᠭᠯᠠᠨ ᠲᠣᠭᠲᠠᠭᠠᠬᠤ ᠪᠥᠭᠡᠳ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ | ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ ᠵᠠᠷᠯᠠᠨ ᠨᠡᠶᠢᠲᠡᠯᠡᠨ᠎ᠡ᠃ | ᠭᠤᠴᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠶᠡᠷ ᠢ ᠰᠡᠷᠭᠡᠶᠢᠯᠡᠬᠦ | ᠲᠥᠯᠥᠪᠵᠢᠭᠦᠯᠭᠡ ᠶᠢᠨ ᠶᠣᠰᠣᠭᠠᠷ ᠦᠶᠡᠷ ᠢ ᠰᠡᠷᠭᠡᠶᠢᠯᠡᠬᠦ ᠣᠷᠣᠨ ᠤ ᠳᠣᠲᠣᠷᠠᠬᠢ ᠭᠠᠵᠠᠷ ᠰᠢᠷᠣᠢ ᠶᠢᠨ | ᠠᠰᠢᠭᠯᠠᠯᠲᠠ ᠳᠤ ᠣᠷᠣᠨ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠦᠶᠡᠷ ᠢ ᠰᠡᠷᠭᠡᠶᠢᠯᠡᠬᠦ ᠣᠷᠣᠨ ᠤ ᠠᠮᠤᠷ ᠲᠦᠪᠰᠢᠨ ᠤ ᠪᠦᠳᠦᠭᠡᠨ ᠪᠠᠶᠢᠭᠤᠯᠤᠯᠲᠠ ᠶᠢᠨ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠤᠨ | ᠦᠶᠡᠷ ᠢ ᠰᠡᠷᠭᠡᠶᠢᠯᠡᠬᠦ ᠣᠷᠣᠨ ᠤ ᠳᠣᠲᠣᠷᠠᠬᠢ ᠨᠢᠭᠡᠴᠢ ᠪᠠ ᠰᠠᠭᠤᠭᠠᠯᠢ ᠠᠷᠠᠳ ᠲᠤ ᠦᠶᠡᠷ ᠢ ᠰᠡᠷᠭᠡᠶᠢᠯᠡᠬᠦ ᠬᠥᠮᠦᠵᠢᠯ | ᠬᠢᠵᠦ᠂ ᠦᠶᠡᠷ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠤᠰᠤᠨ ᠤ ᠠᠶᠤᠯ ᠤᠨ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠢ︔ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠠ ᠦᠶᠡᠷ ᠢ ᠰᠡᠷᠭᠡᠶᠢᠯᠡᠬᠦ ᠲᠥᠰᠦᠯ ᠤᠨ | ᠶᠣᠰᠣᠭᠠᠷ ᠦᠶᠡᠷ ᠢ ᠰᠡᠷᠭᠡᠶᠢᠯᠡᠬᠦ ᠰᠢᠰᠲ᠋ᠧᠮ ᠪᠠ ᠤᠰᠤᠨ ᠵᠦᠢ᠂ ᠴᠠᠭ ᠠᠭᠤᠷ᠂ ᠮᠡᠳᠡᠭᠡ ᠬᠤᠯᠪᠣᠭ᠎ᠠ᠂ | ᠤᠷᠢᠳᠴᠢᠯᠠᠨ ᠰᠡᠷᠡᠮᠵᠢᠯᠡᠭᠦᠯᠬᠦ ᠵᠢᠴᠢ ᠦᠶᠡᠷ ᠤᠰᠤᠲᠤᠯ ᠤᠨ ᠭᠠᠮᠰᠢᠭ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠦᠶᠡᠷ ᠢ ᠰᠡᠷᠭᠡᠶᠢᠯᠡᠬᠦ ᠣᠷᠣᠨ | ᠤ ᠳᠣᠲᠣᠷᠠᠬᠢ ᠨᠢᠭᠡᠴᠢ ᠪᠣᠯᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠬᠦ ᠠᠵᠢᠯ ᠳᠤ | ᠢᠳᠡᠪᠬᠢᠲᠡᠶ ᠣᠷᠣᠯᠴᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠦᠶᠡᠷ ᠢ | ᠰᠡᠷᠭᠡᠶᠢᠯᠡᠬᠦ ᠦᠶᠡᠷ ᠠᠴᠠ ᠵᠠᠶᠢᠯᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ | ᠭᠤᠴᠢᠨ ᠬᠤᠶᠠᠳᠤᠭᠠᠷ ᠵᠦᠢᠯ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ | ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠪᠠᠶᠢᠭᠠᠳ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠦᠶᠡᠷᠯᠡᠭᠰᠡᠨ ᠣᠷᠣᠨ᠂ | ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠠᠶᠤᠯᠭᠦᠶ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ | ᠲᠣᠭᠲᠠᠭᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠥᠮᠦᠨ ᠠᠮᠠ ᠶᠢᠨ ᠥᠰᠥᠯᠲᠡ ᠶᠢ ᠬᠢᠵᠠᠭᠠᠷᠯᠠᠵᠤ᠂ | ᠦᠷᠭᠦᠯᠵᠢ ᠬᠡᠷᠡᠭᠯᠡᠳᠡᠭ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠰᠠᠭᠤᠵᠤ ᠪᠠᠶᠢᠭ᠎ᠠ ᠰᠠᠭᠤᠭᠠᠯᠢ ᠠᠷᠠᠳ ᠢ | ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ ᠭᠠᠳᠠᠭᠰᠢ ᠨᠡᠭᠦᠯᠭᠡᠬᠦ ᠶᠢᠨ ᠬᠠᠮᠲᠤ ᠴᠢᠬᠤᠯᠠ ᠪᠦᠬᠦᠢ ᠠᠶᠤᠯᠭᠦᠶ ᠶᠢᠨ | ᠬᠠᠮᠠᠭᠠᠯᠠᠯᠲᠠ ᠶᠢᠨ ᠪᠤᠰᠤᠳ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ | ᠦᠶᠡᠷ ᠢ ᠲᠣᠭᠲᠠᠭᠠᠨ ᠬᠤᠷᠠᠭᠤᠯᠬᠤ ᠣᠷᠣᠨ ᠠᠴᠠ ᠪᠤᠯᠵᠦ ᠰᠢᠭᠤᠳ ᠠᠰᠢᠭ ᠬᠦᠷᠳᠡᠬᠦ ᠭᠠᠵᠠᠷ ᠣᠷᠣᠨ ᠪᠠ | ᠨᠢᠭᠡᠴᠢ ᠨᠦᠭᠦᠳ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠤᠯᠤᠰ ᠠᠴᠠ ᠲᠣᠭᠲᠠᠭᠠᠭᠰᠠᠨ ᠨᠥᠬᠦᠪᠥᠷᠢ | ᠥᠭᠬᠦ᠂ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠬᠦ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ | ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠲᠡᠳᠬᠦᠨ ᠳᠡᠮᠵᠢᠬᠦ ᠪᠠ ᠨᠥᠬᠦᠪᠥᠷᠢ | ᠥᠭᠬᠦ᠂ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠬᠡᠷᠡᠭᠲᠡᠶ᠃ | ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠦᠶᠡᠷᠯᠡᠭᠰᠡᠨ ᠣᠷᠣᠨ᠂ ᠦᠶᠡᠷ ᠢ | ᠲᠣᠭᠲᠠᠭᠠᠨ ᠬᠤᠷᠠᠭᠤᠯᠬᠤ ᠣᠷᠣᠨ ᠤ ᠠᠶᠤᠯᠭᠦᠶ ᠶᠢᠨ ᠪᠦᠳᠦᠭᠡᠠ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ | ᠵᠢᠴᠢ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠲᠡᠳᠬᠦᠨ ᠳᠡᠮᠵᠢᠬᠦ ᠪᠠ ᠨᠥᠬᠦᠪᠥᠷᠢ ᠥᠭᠬᠦ᠂ ᠠᠪᠤᠷᠠᠨ | ᠲᠤᠰᠠᠯᠠᠬᠤ ᠠᠷᠭ᠎ᠠ ᠶᠢ ᠲᠣᠭᠲᠠᠭᠠᠵᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ | ᠦᠶᠡᠷ ᠢ ᠰᠡᠷᠭᠡᠶᠢᠯᠡᠬᠦ ᠪᠤᠰᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠪᠦᠳᠦᠭᠡᠨ ᠪᠠᠶᠢᠭᠤᠯᠬᠤ ᠳᠤ᠂ ᠦᠶᠡᠷ ᠤᠨ | ᠤᠰᠤᠨ ᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠦᠵᠡᠭᠦᠯᠵᠦ ᠮᠡᠳᠡᠬᠦ ᠨᠥᠯᠥᠭᠡ ᠪᠠ ᠪᠦᠳᠦᠭᠡᠨ | ᠪᠠᠶᠢᠭᠤᠯᠤᠯᠲᠠ ᠶᠢᠨ ᠵᠦᠢᠯᠡᠰ ᠤᠨ ᠦᠶᠡᠷ ᠢ ᠰᠡᠷᠭᠡᠶᠢᠯᠡᠬᠦ ᠳᠤ ᠦᠵᠡᠭᠦᠯᠵᠦ ᠮᠡᠳᠡᠬᠦ ᠨᠥᠯᠥᠭᠡ ᠳᠤ ᠦᠨᠡᠯᠡᠯᠲᠡ ᠬᠢᠵᠦ᠂ | ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠰᠡᠷᠭᠡᠶᠢᠯᠡᠨ ᠬᠤᠷᠢᠭᠯᠠᠬᠤ | ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠦᠶᠡᠷ ᠤᠨ ᠨᠥᠯᠥᠭᠡ ᠶᠢᠨ ᠲᠤᠬᠠᠶ ᠦᠨᠡᠯᠡᠯᠲᠡ ᠶᠢᠨ ᠮᠡᠳᠡᠭᠦᠯᠦᠯᠲᠡ ᠶᠢ | ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ | ᠠᠵᠢᠯ ᠢᠶᠠᠨ ᠡᠬᠢᠯᠡᠭᠦᠯᠵᠦ ᠪᠣᠯᠬᠤ ᠦᠭᠡᠢ᠃ | ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠪᠠᠶᠢᠭᠤᠯᠤᠭᠰᠠᠨ ᠴᠢᠯᠠᠭᠤᠨ ᠲᠤᠰᠤᠨ ᠤ ᠠᠭᠤᠷᠬᠠᠶ᠂ | ᠲᠡᠮᠦᠷ ᠵᠠᠮ᠂ ᠵᠠᠰᠠᠮᠠᠯ ᠵᠠᠮ᠂ ᠠᠭᠤᠷᠬᠠᠶ᠂ ᠴᠠᠬᠢᠯᠭᠠᠨ ᠤ ᠦᠢᠯᠡᠳᠪᠦᠷᠢ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ | ᠪᠠ ᠳᠠᠮᠵᠢᠭᠤᠯᠬᠤ ᠬᠤᠭᠤᠯᠠᠶ ᠶᠢᠨ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠳᠤ ᠪᠦᠳᠦᠭᠡᠨ ᠪᠠᠶᠢᠭᠤᠯᠬᠤ | ᠨᠢᠭᠡᠴᠢ ᠶᠢᠨ ᠥᠪᠡᠰᠦᠪᠡᠨ ᠲᠣᠬᠢᠷᠠᠭᠤᠯᠤᠭᠰᠠᠨ ᠦᠶᠡᠷ ᠢ ᠰᠡᠷᠭᠡᠶᠢᠯᠡᠵᠦ ᠦᠶᠡᠷ ᠠᠴᠠ ᠵᠠᠶᠢᠯᠠᠬᠤ ᠲᠥᠰᠦᠯ ᠢ | ᠪᠠᠭᠲᠠᠭᠠᠭᠰᠠᠨ ᠪᠠᠶᠢᠬᠤ ᠬᠡᠷᠡᠭᠲᠡᠶ᠃ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠬᠤ | ᠪᠤᠶᠤ ᠬᠡᠷᠡᠭᠯᠡᠬᠦ ᠦᠶ᠎ᠡ ᠳᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠨᠢ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠠᠪᠤᠭᠤᠯᠬᠤ ᠬᠡᠷᠡᠭᠲᠡᠢ᠃ | ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠭᠡᠷ ᠪᠠᠶᠢᠰᠢᠩ ᠪᠠᠷᠢᠬᠤ ᠳᠤ ᠲᠡᠭᠰᠢ ᠤᠷᠤᠢ ᠲᠠᠢ | ᠪᠦᠲᠦᠴᠡ ᠶᠢ ᠬᠡᠷᠡᠭᠯᠡᠬᠦ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠲᠤᠮᠤ ᠳᠤᠮᠳᠠ ᠬᠤᠳᠠ᠂ ᠴᠢᠬᠤᠯᠠ ᠲᠡᠮᠦᠷ ᠵᠠᠮ᠂ ᠵᠠᠰᠠᠮᠠᠯ ᠵᠠᠮ ᠤᠨ | ᠭᠤᠣᠯ ᠱᠤᠭᠤᠮ᠂ ᠲᠤᠮᠤ ᠬᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠢ ᠦᠶᠡᠷ ᠢ ᠰᠡᠷᠭᠡᠶᠢᠯᠡᠬᠦ ᠭᠤᠣᠯᠳᠠᠯᠭ᠎ᠠ | ᠪᠣᠯᠭᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠦᠶᠡᠷ ᠤᠨ ᠰᠦᠷᠳᠡᠭᠦᠯᠦᠯ ᠳᠤ ᠤᠴᠠᠷᠠᠭᠰᠠᠨ ᠬᠤᠳᠠ᠂ ᠠᠵᠤ ᠠᠬᠤᠶ ᠶᠢᠨ ᠨᠡᠭᠡᠭᠡᠨ ᠬᠥᠭᠵᠢᠭᠦᠯᠬᠦ ᠣᠷᠣᠨ᠂ | ᠦᠢᠯᠡᠳᠪᠦᠷᠢ ᠠᠭᠤᠷᠬᠠᠶ ᠶᠢᠨ ᠣᠷᠣᠨ ᠪᠣᠯᠤᠨ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ | ᠰᠠᠭᠤᠷᠢᠨ ᠭᠠᠵᠠᠷ ᠵᠡᠷᠭᠡ ᠶᠢ ᠭᠤᠣᠯᠳᠠᠯᠭ᠎ᠠ ᠲᠠᠢ ᠪᠠᠷ ᠬᠠᠮᠠᠭᠠᠯᠠᠵᠤ᠂ ᠦᠶᠡᠷ ᠢ ᠰᠡᠷᠭᠡᠶᠢᠯᠡᠬᠦ ᠴᠢᠬᠤᠯᠠ ᠪᠦᠬᠦᠢ | ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ ᠬᠡᠷᠡᠭᠲᠡᠶ᠃ | ᠬᠤᠳᠠ ᠶᠢᠨ ᠪᠦᠳᠦᠭᠡᠨ ᠪᠠᠶᠢᠭᠤᠯᠤᠯᠲᠠ ᠳᠤ ᠤᠤᠯ ᠤᠨ ᠪᠠᠶᠢᠭᠰᠠᠨ ᠭᠤᠣᠯ ᠤᠨ ᠵᠠᠮ ᠤᠨ ᠭᠤᠤ ᠰᠤᠪᠠᠭ᠂ | ᠤᠰᠤ ᠬᠠᠳᠠᠭᠠᠯᠠᠬᠤ ᠨᠠᠭᠤᠷ ᠴᠥᠭᠦᠷᠥᠮ ᠬᠤᠲᠣᠭᠤᠷ ᠭᠠᠵᠠᠷ ᠢ ᠳᠤᠷ᠎ᠠ ᠪᠠᠷ ᠢᠶᠠᠨ ᠪᠥᠭᠯᠡᠬᠦ ᠪᠠ ᠤᠤᠯ ᠤᠨ ᠪᠠᠶᠢᠭᠰᠠᠨ | ᠦᠶᠡᠷ ᠢ ᠰᠡᠷᠭᠡᠶᠢᠯᠡᠬᠦ ᠬᠠᠰᠢᠯᠭ᠎ᠠ ᠳᠠᠯᠠᠩ ᠢ ᠤᠰᠠᠳᠬᠠᠵᠤ ᠪᠣᠯᠬᠤ ᠦᠭᠡᠢ᠃ ᠦᠨᠡᠨ ᠬᠦ ᠪᠥᠭᠯᠡᠬᠦ ᠪᠤᠶᠤ ᠬᠦᠴᠦᠨ | ᠤᠢᠭᠡᠢ ᠪᠣᠯᠭᠠᠬᠤ ᠴᠢᠬᠤᠯᠠ ᠲᠠᠢ ᠪᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ | ᠬᠡᠷᠡᠭᠲᠡᠶ᠃ | ᠭᠤᠴᠢᠨ ᠲᠠᠪᠤᠳᠤᠭᠠᠷ ᠵᠦᠢᠯ ᠦᠶᠡᠷ ᠢ ᠰᠡᠷᠭᠡᠶᠢᠯᠡᠬᠦ ᠤᠯᠤᠰ ᠤᠨ ᠥᠮᠴᠢᠯᠡᠯ ᠳᠤ ᠬᠠᠷᠢᠶᠠᠯᠠᠭᠳᠠᠬᠤ | ᠪᠠᠷᠢᠯᠭ᠎ᠠ ᠶᠢᠨ ᠲᠥᠬᠦᠭᠡᠷᠦᠮᠵᠢ ᠶᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠶᠢᠨ ᠶᠣᠰᠣᠭᠠᠷ᠂ ᠪᠠᠷᠢᠯᠭ᠎ᠠ ᠶᠢᠨ | ᠠᠵᠢᠯ ᠳᠠᠭᠤᠰᠴᠤ ᠰᠢᠯᠭᠠᠨ ᠠᠪᠬᠤ ᠠᠴᠠ ᠡᠮᠦᠨ᠎ᠡ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠤᠯᠤᠰ ᠤᠨ ᠲᠣᠭᠲᠠᠭᠠᠯ ᠶᠣᠰᠣᠭᠠᠷ ᠬᠠᠮᠢᠶᠠᠷᠬᠤ ᠪᠠ ᠬᠠᠮᠠᠭᠠᠯᠠᠬᠤ ᠬᠡᠪᠴᠢᠶ᠎ᠡ ᠶᠢ ᠵᠠᠭᠠᠭᠯᠠᠨ | ᠲᠣᠭᠲᠠᠭᠠᠬᠤ ᠬᠡᠷᠡᠭᠲᠡᠢ᠃ | ᠬᠠᠮᠲᠤ ᠶᠢᠨ ᠥᠮᠴᠢᠯᠡᠯ ᠳᠤ ᠬᠠᠷᠢᠶᠠᠯᠠᠭᠳᠠᠬᠤ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ | ᠬᠠᠮᠠᠭᠠᠯᠠᠯᠲᠠ ᠶᠢᠨ ᠬᠡᠪᠴᠢᠶ᠎ᠡ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠬᠤ ᠬᠡᠷᠡᠭᠲᠡᠢ᠃ | ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ | ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠦᠶᠡᠷ ᠢ ᠰᠡᠷᠭᠡᠶᠢᠯᠡᠬᠦ | ᠪᠠᠷᠢᠯᠭ᠎ᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠶᠢ | ᠴᠠᠭᠠᠵᠠᠯᠠᠨ᠎ᠠ᠃ | ᠭᠤᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠴᠥᠭᠦᠷᠥᠮ ᠤᠨ ᠬᠠᠰᠢᠯᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠢᠨᠠᠵᠤ ᠬᠠᠮᠢᠶᠠᠷᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃ ᠵᠢᠷᠤᠵᠤ | ᠲᠥᠯᠥᠪᠯᠡᠭᠰᠡᠨ ᠦᠶᠡᠷ ᠤᠨ ᠤᠰᠤᠨ ᠤ ᠪᠠᠷᠢᠮᠵᠢᠶ᠎ᠠ᠂ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢᠨ | ᠱᠠᠭᠠᠷᠳᠠᠯᠭ᠎ᠠ ᠳᠤ ᠬᠦᠷᠦᠭᠰᠡᠨ ᠦᠭᠡᠢ ᠪᠤᠶᠤ ᠶᠠᠰᠤ ᠴᠢᠨᠠᠷ ᠤᠨ ᠲᠠᠯ᠎ᠠ ᠪᠠᠷ ᠬᠦᠨᠳᠦ ᠨᠣᠴᠢᠲᠠᠶ ᠭᠡᠮ ᠰᠣᠭᠤᠭ ᠲᠠᠢ | ᠠᠶᠤᠯᠲᠠᠶ ᠬᠠᠰᠢᠯᠭ᠎ᠠ ᠳᠤ ᠬᠠᠰᠢᠯᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ | ᠨᠢᠭᠡᠴᠢ ᠶᠢ ᠵᠣᠬᠢᠶᠠᠨ ᠪᠠᠶᠢᠭᠤᠯᠤᠨ ᠠᠶᠤᠯ ᠢ ᠠᠷᠢᠯᠭᠠᠨ ᠪᠠᠬᠢᠯᠡᠬᠦ ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ | ᠲᠣᠭᠲᠠᠭᠠᠨ ᠠᠶᠤᠯ ᠢ ᠠᠷᠢᠯᠭᠠᠬᠤ ᠪᠤᠶᠤ ᠲᠠᠬᠢᠨ ᠪᠠᠶᠢᠭᠤᠯᠬᠤ ᠬᠡᠷᠡᠭᠲᠡᠶ᠂ ᠬᠤᠯᠪᠣᠭᠳᠠᠯ ᠪᠦᠬᠦᠢ ᠠᠷᠠᠳ ᠤᠨ | ᠵᠠᠰᠠᠭ ᠤᠨ ᠣᠷᠳᠣᠨ ᠠᠴᠠ ᠬᠡᠷᠡᠭᠰᠡᠬᠦ ᠪᠡᠯᠡ ᠮᠥᠩᠭᠦ ᠶᠢ ᠤᠷᠢᠳᠠᠪᠠᠷ ᠲᠣᠬᠢᠷᠠᠭᠤᠯᠬᠤ ᠬᠡᠷᠡᠭᠲᠡᠶ᠃ ᠬᠠᠰᠢᠯᠭ᠎ᠠ ᠨᠤᠷᠠᠵᠤ | ᠮᠡᠳᠡᠬᠦ ᠤᠰᠤᠨ ᠴᠥᠭᠦᠷᠥᠮ ᠳᠤ ᠪᠣᠯ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠠ ᠰᠠᠭᠤᠭᠠᠯᠢ | ᠠᠷᠠᠳ ᠢ ᠲᠦᠷ ᠵᠠᠶᠢᠯᠠᠭᠤᠯᠬᠤ ᠲᠥᠰᠦᠯ ᠢ ᠤᠷᠢᠳᠠᠪᠠᠷ ᠲᠣᠭᠲᠠᠭᠠᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠦᠯᠡᠳᠡᠭᠳᠡᠯ ᠠᠭᠤᠷᠬᠠᠢ ᠶᠢᠨ ᠬᠠᠰᠢᠯᠭ᠎ᠠ ᠳᠤ ᠲᠠᠯᠪᠢᠬᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠦᠶᠡᠷ ᠤᠨ ᠤᠰᠤᠨ ᠠᠴᠠ ᠪᠤᠯᠵᠤ ᠬᠠᠰᠢᠯᠭ᠎ᠠ ᠨᠤᠷᠠᠬᠤ ᠠᠴᠠ | ᠵᠠᠶᠢᠯᠠᠰᠬᠢᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠤᠰᠤᠨ ᠴᠥᠭᠦᠷᠥᠮ ᠤᠨ ᠶᠡᠭᠡ | ᠬᠠᠰᠢᠯᠭ᠎ᠠ᠂ ᠳᠠᠯᠠᠩ ᠬᠠᠰᠢᠯᠭ᠎ᠠ᠂ ᠤᠰᠤᠨ ᠬᠠᠭᠠᠯᠲᠠ᠂ ᠡᠷᠭᠢ ᠶᠢᠨ ᠬᠠᠮᠠᠭᠠᠯᠠᠯᠲᠠ᠂ ᠤᠰᠤ ᠲᠠᠲᠠᠬᠤ ᠦᠷᠳᠡᠭᠡ᠂ | ᠤᠰᠤ ᠵᠠᠯᠠᠬᠤ ᠰᠤᠪᠠᠭ ᠤᠨ ᠰᠢᠰᠲ᠋ᠧᠮ ᠵᠡᠷᠭᠡ ᠦᠶᠡᠷ ᠢ ᠰᠡᠷᠭᠡᠶᠢᠯᠡᠬᠦ ᠪᠠᠷᠢᠯᠭ᠎ᠠ ᠪᠠ ᠤᠰᠤᠨ ᠵᠦᠢ᠂ ᠮᠡᠳᠡᠭᠡ | ᠬᠤᠯᠪᠣᠭᠠᠨ ᠤ ᠲᠥᠬᠦᠭᠡᠷᠦᠮᠵᠢ ᠵᠢᠴᠢ ᠦᠶᠡᠷ ᠢ ᠰᠡᠷᠭᠡᠶᠢᠯᠡᠬᠦ ᠪᠡᠯᠡᠳᠬᠡᠯ ᠪᠠᠭᠠᠵᠢ ᠬᠡᠷᠡᠭᠰᠡᠯ᠂ ᠪᠣᠳᠠᠰ ᠤᠨ ᠮᠠᠲ᠋ᠧᠷᠢᠶᠠᠯ | ᠵᠡᠷᠭᠡ ᠶᠢ ᠡᠪᠳᠡᠵᠦ᠂ ᠡᠵᠡᠯᠡᠵᠦ᠂ ᠡᠪᠳᠡᠵᠦ ᠰᠦᠢᠳᠬᠡᠵᠦ ᠪᠣᠯᠬᠤ ᠦᠭᠡᠢ᠃ | | ᠲᠠᠪᠤᠳᠤᠭᠠᠷ ᠪᠦᠯᠦᠭ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ | | ᠭᠤᠴᠢᠨ ᠨᠠᠢᠮᠠᠳᠤᠭᠠᠷ ᠵᠦᠢᠯ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ | ᠨᠢᠭᠡᠳᠦᠯᠲᠡᠢ ᠵᠢᠯᠣᠭᠤᠳᠴᠤ᠂ ᠱᠠᠳᠤ ᠬᠤᠪᠢᠶᠠᠨ ᠰᠠᠯᠠᠭ᠎ᠠ ᠮᠥᠴᠢᠷ ᠬᠤᠪᠢᠶᠠᠨ ᠬᠠᠷᠢᠭᠤᠴᠠᠨ᠎ᠠ᠃ | ᠭᠤᠴᠢ ᠶᠢᠰᠦᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠤᠯᠤᠰ ᠤᠨ ᠦᠶᠡᠷ ᠢ ᠰᠡᠷᠭᠡᠶᠢᠯᠡᠬᠦ | ᠠᠵᠢᠯ ᠤᠨ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠪᠦᠬᠦ ᠤᠯᠤᠰ ᠤᠨ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠬᠦ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠶᠢ ᠬᠠᠷᠢᠭᠤᠴᠠᠭᠤᠯᠤᠨ᠎ᠠ᠂ ᠲᠡᠭᠦᠨ ᠤ ᠬᠡᠷᠡᠭ ᠡᠷᠬᠢᠯᠡᠬᠦ | ᠪᠠᠶᠢᠭᠤᠯᠤᠮᠵᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠤᠨ᠎ᠠ᠃ | ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠳᠤ ᠬᠤᠯᠪᠣᠭᠳᠠᠯ ᠪᠦᠬᠦᠢ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠲᠤᠰ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠵᠡᠷᠭᠡ ᠪᠠᠷ ᠪᠦᠷᠢᠯᠳᠦᠭᠰᠡᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢ | ᠪᠠᠶᠢᠭᠤᠯᠵᠤ᠂ ᠬᠠᠮᠢᠶᠠᠷᠴᠤ ᠪᠠᠶᠢᠭ᠎ᠠ ᠬᠡᠪᠴᠢᠶᠡᠨ ᠤ ᠪᠠᠨ ᠳᠣᠲᠣᠷᠠᠬᠢ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ | ᠠᠵᠢᠯ ᠢ ᠵᠢᠯᠣᠭᠤᠳᠴᠤ ᠪᠣᠯᠤᠨ᠎ᠠ᠂ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠶᠢ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠶᠢᠷᠢᠯᠠᠭᠤᠯᠤᠨ᠎ᠠ᠃ | ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠭᠦᠷᠭᠡ ᠲᠠᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠤᠬᠠᠶ ᠶᠢᠨ | ᠭᠠᠵᠠᠷ ᠲᠤ ᠰᠠᠭᠤᠭ᠎ᠠ ᠴᠡᠷᠢᠭ ᠠᠩᠭᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠷᠢᠭᠤᠴᠠᠯᠭᠠᠲᠠᠨ | ᠵᠡᠷᠭᠡ ᠪᠠᠷ ᠪᠦᠷᠢᠯᠳᠦᠭᠰᠡᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠳᠡᠭᠡᠳᠦ | ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠪᠠ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠭᠠᠵᠠᠷ ᠣᠷᠣᠨ ᠤ ᠪᠠᠨ ᠦᠶᠡᠷ ᠢ ᠰᠡᠷᠭᠡᠶᠢᠯᠡᠵᠦ | ᠦᠶᠡᠷ ᠲᠠᠢ ᠲᠡᠮᠡᠴᠡᠬᠦ ᠠᠵᠢᠯ ᠢ ᠵᠢᠯᠣᠭᠤᠳᠤᠨ᠎ᠠ᠂ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠶᠢ ᠠᠳᠠᠯᠢ ᠱᠠᠲᠤᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠤᠨ᠎ᠠ︔ | ᠴᠢᠬᠤᠯᠠᠲᠠᠶ ᠦᠶ᠎ᠡ ᠳᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠣᠭᠲᠠᠭᠠᠯᠭᠠᠭᠠᠳ᠂ ᠦᠶᠡᠷ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠳᠠ ᠶᠢᠨ ᠲᠣᠭᠤᠷᠢᠭ ᠤᠨ ᠬᠡᠷᠡᠭ ᠡᠷᠬᠢᠯᠡᠬᠦ ᠪᠠᠶᠢᠭᠤᠯᠤᠮᠵᠢ | ᠭᠠᠷᠭᠠᠵᠤ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠤᠳᠤᠷᠢᠳᠤᠯᠭ᠎ᠠ ᠶᠢᠨ | ᠳᠣᠣᠷ᠎ᠠ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠳᠦᠷ ᠲᠤᠳᠤᠮ ᠤᠨ | ᠠᠵᠢᠯ ᠢ ᠬᠠᠷᠢᠭᠤᠴᠠᠭᠤᠯᠵᠤ ᠴᠤ ᠪᠣᠯᠤᠨ᠎ᠠ᠃ | ᠳᠥᠴᠢᠳᠦᠭᠡᠷ ᠵᠦᠢᠯ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠭᠦᠷᠭᠡ ᠲᠠᠢ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠰᠠᠪᠠ ᠭᠠᠵᠠᠷ ᠤᠨ ᠶᠡᠷᠦᠩᠬᠡᠢ | ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠣᠳᠠᠲᠤ ᠪᠠᠶᠢᠳᠠᠯ ᠪᠣᠯᠤᠨ ᠤᠯᠤᠰ ᠠᠴᠠ ᠲᠣᠭᠲᠠᠭᠠᠭᠰᠠᠨ | ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠦᠨᠳᠦᠰᠦᠯᠡᠨ᠂ ᠦᠶᠡᠷ ᠢ ᠰᠡᠷᠭᠡᠶᠢᠯᠡᠬᠦ ᠲᠥᠰᠦᠯ ︵ᠣᠨᠴᠠ ᠶᠡᠭᠡ ᠦᠶᠡᠷ ᠢ | ᠰᠢᠢᠳᠪᠦᠷᠢᠯᠡᠬᠦ ᠠᠷᠭ᠎ᠠ ᠬᠡᠮᠵᠢᠶ᠎ᠡ ᠪᠠᠭᠲᠠᠨ᠎ᠠ︶ ᠢ ᠲᠣᠭᠲᠠᠭᠠᠨ᠎ᠠ᠃ | ᠬᠥᠬᠡᠮᠥ᠋ᠷᠡᠨ᠂ ᠬᠠᠳᠤᠨ ᠭᠤᠣᠯ᠂ ᠬᠤᠸᠠᠢ ᠾᠧ ᠭᠤᠣᠯ᠂ ᠬᠠᠶ ᠾᠧ ᠭᠤᠣᠯ ᠤᠨ ᠦᠶᠡᠷ ᠢ ᠰᠡᠷᠭᠡᠶᠢᠯᠡᠨ | ᠬᠤᠷᠢᠭᠯᠠᠬᠤ ᠲᠥᠰᠦᠯ ᠢ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ | ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠪᠤᠰᠤᠳ ᠭᠤᠣᠯ ᠮᠥᠷᠡᠨ ᠤ ᠦᠶᠡᠷ ᠢ | ᠰᠡᠷᠭᠡᠶᠢᠯᠡᠨ ᠬᠤᠷᠢᠭᠯᠠᠬᠤ ᠲᠥᠰᠦᠯ ᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ | ᠲᠦᠷᠦ ᠶᠢᠨ ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠮᠡᠳᠡᠭᠦᠯᠵᠦ ᠵᠥᠪᠰᠢᠶᠡᠷᠡᠭᠦᠯᠦᠨ᠎ᠡ᠃ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ ᠢ ᠵᠥᠪᠰᠢᠶᠡᠷᠡᠭᠦᠯᠦᠭᠰᠡᠨ ᠤ | ᠲᠡᠷᠠᠭ᠎ᠠ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠬᠡᠷᠡᠭᠵᠢᠭᠦᠯᠬᠦ | ᠬᠡᠷᠡᠭᠲᠡᠶ᠃ | ᠡᠯ᠎ᠡ ᠱᠠᠲᠤᠨ ᠤ ᠦᠶᠡᠷ ᠤᠨ ᠰᠡᠷᠭᠡᠶᠢᠯᠡᠯᠲᠡ ᠶᠢᠨ ᠵᠢᠯᠣᠭᠤᠳᠬᠤ ᠪᠠᠶᠢᠭᠤᠯᠤᠮᠵᠢ ᠪᠣᠯᠤᠨ ᠦᠶᠡᠷ ᠢ | ᠰᠡᠷᠭᠡᠶᠢᠯᠡᠨ ᠦᠶᠡᠷ ᠲᠠᠢ ᠲᠡᠮᠡᠴᠡᠬᠦ ᠡᠭᠦᠷᠭᠡ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ | ᠡᠷᠬᠡᠪᠰᠢ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ ᠢ ᠦᠨᠳᠦᠰᠦᠯᠡᠨ ᠦᠶᠡᠷ ᠢ ᠰᠡᠷᠭᠡᠶᠢᠯᠡᠨ ᠦᠶᠡᠷ ᠲᠠᠢ | ᠲᠡᠮᠡᠴᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ᠳᠥᠴᠢᠨ ᠨᠢᠭᠡᠳᠦᠭᠡᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠲᠤᠬᠠᠢ ᠶᠢᠨ | ᠭᠠᠵᠠᠷ ᠤᠨ ᠦᠶᠡᠷ ᠤᠨ ᠵᠢᠮ᠎ᠡ ᠶᠣᠰᠣ ᠶᠢ ᠦᠨᠳᠦᠰᠦᠯᠡᠨ᠂ ᠦᠶᠡᠷᠯᠡᠬᠦ ᠬᠤᠭᠤᠴᠠᠭᠠᠨ ᠤ ᠡᠬᠢᠯᠡᠵᠦ ᠳᠠᠭᠤᠰᠬᠤ | ᠡᠳᠦᠷ ᠬᠤᠭᠤᠴᠠᠭ᠎ᠠ ᠶᠢ ᠲᠣᠭᠲᠠᠭᠠᠨ᠎ᠠ᠃ | ᠭᠤᠣᠯ ᠮᠥᠷᠡᠨ᠂ ᠨᠠᠭᠤᠷ ᠴᠦᠬᠦᠷᠦᠮ ᠤᠨ ᠤᠰᠤᠨ ᠤ ᠪᠠᠶᠢᠳᠠᠯ ᠨᠢ ᠪᠠᠲᠤᠯᠠᠬᠤ ᠤᠰᠤᠨ ᠲᠦᠪᠰᠢᠨ ᠪᠤᠶᠤ | ᠠᠶᠤᠯ ᠦᠭᠡᠢ ᠤᠷᠤᠰᠬᠠᠯ ᠤᠨ ᠬᠡᠮᠵᠢᠶ᠎ᠡ ᠳᠤ ᠣᠶᠢᠷᠠᠲᠤᠭᠰᠠᠨ᠂ ᠴᠥᠭᠦᠷᠥᠮ ᠤᠨ ᠤᠰᠤᠨ ᠲᠦᠪᠰᠢᠨ ᠨᠢ ᠵᠢᠷᠤᠵᠤ | ᠲᠥᠯᠥᠪᠯᠡᠭᠰᠡᠨ ᠦᠶᠡᠷ ᠤᠨ ᠤᠰᠤᠨ ᠲᠦᠪᠰᠢᠨ ᠳᠤ ᠣᠶᠢᠷᠠᠲᠤᠭᠰᠠᠨ᠂ ᠡᠰᠡᠬᠦᠯ᠎ᠡ ᠦᠶᠡᠷ ᠢ ᠰᠡᠷᠭᠡᠶᠢᠯᠡᠬᠦ | ᠪᠠᠷᠢᠯᠭ᠎ᠠ ᠶᠢᠨ ᠲᠥᠬᠦᠭᠡᠷᠦᠮᠵᠢ ᠳᠤ ᠬᠦᠨᠳᠦ ᠶᠡᠭᠡ ᠲᠦᠭᠰᠢᠭᠦᠷᠢᠲᠦ ᠪᠠᠶᠢᠳᠠᠯ ᠭᠠᠷᠤᠭᠰᠠᠨ ᠦᠶ᠎ᠡ ᠳᠤ᠂ ᠬᠤᠯᠪᠣᠭᠳᠠᠯ | ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠬᠦ ᠠᠵᠢᠯ ᠤᠨ | ᠵᠢᠯᠣᠭᠤᠳᠬᠤ ᠪᠠᠶᠢᠭᠤᠯᠤᠮᠵᠢ ᠠᠴᠠ ᠦᠶᠡᠷ ᠢ ᠰᠡᠷᠭᠡᠶᠢᠯᠡᠬᠦ ᠪᠠᠴᠢᠮ ᠬᠤᠭᠤᠴᠠᠭᠠᠨ ᠳᠤ ᠤᠷᠤᠭᠰᠠᠨ ᠢ ᠨᠡᠶᠢᠲᠡᠯᠡᠵᠦ | ᠪᠣᠯᠤᠨ᠎ᠠ᠃ | ᠳᠥᠴᠢᠨ ᠬᠤᠶᠠᠳᠤᠭᠠᠷ ᠵᠦᠢᠯ ᠭᠤᠣᠯ ᠤᠨ ᠵᠠᠮ᠂ ᠨᠠᠭᠤᠷ ᠴᠦᠬᠦᠷᠦᠮ ᠤᠨ ᠬᠡᠪᠴᠢᠶᠡᠨ ᠳᠠᠬᠢ ᠦᠶᠡᠷ | ᠵᠠᠯᠠᠬᠤ ᠶᠢ ᠬᠠᠷᠰᠢᠯᠠᠬᠤ ᠰᠠᠭᠠᠳ ᠪᠣᠳᠠᠰ ᠢ ᠬᠡᠨ ᠲᠤᠬᠢᠷᠠᠭᠤᠯᠠᠭᠰᠠᠨ ᠪᠣᠯ ᠲᠡᠷᠡ ᠠᠷᠢᠯᠭᠠᠬᠤ ᠵᠠᠷᠴᠢᠮ ᠶᠣᠰᠣᠭᠠᠷ᠂ | ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠠᠷᠢᠯᠭᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠠᠷᠢᠯᠭᠠᠭᠰᠠᠨ ᠦᠭᠡᠢ ᠪᠠᠶᠢᠪᠠᠯ᠂ ᠦᠶᠡᠷ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠵᠣᠬᠢᠶᠠᠨ ᠪᠠᠶᠢᠭᠤᠯᠵᠤ ᠪᠠᠶᠢᠭᠠᠳ ᠠᠯᠪᠠᠳᠠᠯᠭ᠎ᠠ ᠪᠠᠷ | ᠴᠡᠪᠡᠷᠯᠡᠨ ᠠᠷᠢᠯᠭᠠᠵᠤ᠂ ᠬᠡᠷᠡᠭᠰᠡᠬᠦ ᠵᠠᠷᠤᠳᠠᠯ ᠢ ᠰᠠᠭᠠᠳ ᠲᠤᠬᠢᠷᠠᠭᠤᠯᠤᠭᠰᠠᠨ ᠬᠥᠮᠦᠨ ᠡᠭᠦᠷᠭᠡᠯᠡᠨ᠎ᠡ᠃ | ᠦᠶᠡᠷ ᠢ ᠰᠡᠷᠭᠡᠶᠢᠯᠡᠬᠦ ᠪᠠᠴᠢᠮ ᠬᠤᠭᠤᠴᠠᠭᠠᠨ ᠳᠤ᠂ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ | ᠵᠢᠯᠣᠭᠤᠳᠬᠤ ᠪᠠᠶᠢᠭᠤᠯᠤᠮᠵᠢ ᠪᠤᠶᠤ ᠲᠡᠭᠦᠨ ᠤ ᠡᠷᠬᠡ ᠣᠯᠭᠤᠭᠰᠠᠨ ᠰᠠᠪᠠ ᠭᠠᠵᠠᠷ᠂ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢ | ᠤᠰᠤᠨ ᠤ ᠲᠦᠭᠵᠢᠷᠡᠯ ᠪᠠ ᠬᠠᠷᠰᠢᠯᠠᠯ ᠪᠠᠷ ᠬᠦᠨᠳᠦ ᠨᠣᠴᠢᠲᠠᠢ ᠪᠠᠶᠢᠭ᠎ᠠ ᠬᠥᠭᠦᠷᠭᠡ᠂ ᠵᠠᠯᠠᠬᠤ ᠵᠠᠮ᠂ ᠭᠠᠷᠠᠮ ᠪᠣᠯᠤᠨ | ᠭᠤᠣᠯ ᠠᠯᠤᠰᠯᠠᠭᠰᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ ᠶᠢ ᠪᠠᠴᠢᠮ ᠰᠢᠢᠳᠪᠦᠷᠢᠯᠡᠬᠦ ᠡᠷᠬᠡ ᠲᠠᠢ᠃ | ᠳᠥᠴᠢᠨ ᠭᠤᠷᠪᠠᠳᠤᠭᠠᠷ ᠵᠦᠢᠯ ᠦᠶᠡᠷᠯᠡᠬᠦ ᠬᠤᠭᠤᠴᠠᠭᠠᠨ ᠳᠤ ᠴᠠᠭ ᠠᠭᠤᠷ᠂ ᠤᠰᠤᠨ ᠵᠦᠢ᠂ ᠳᠠᠯᠠᠢ | ᠲᠠᠩᠭᠢᠰ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ | ᠪᠠᠶᠢᠭᠤᠯᠤᠮᠵᠢ ᠳᠤ ᠴᠠᠭ ᠠᠭᠤᠷ᠂ ᠤᠰᠤᠨ ᠵᠦᠢ ᠵᠡᠷᠭᠡ ᠶᠢᠨ ᠲᠤᠬᠠᠢ ᠶᠢᠨ ᠴᠠᠭ ᠤᠨ ᠮᠡᠳᠡᠭᠡ ᠵᠠᠩᠭᠢ ᠪᠠ ᠰᠠᠯᠬᠢ | ᠰᠢᠭᠤᠷᠭᠠᠨ ᠤ ᠲᠦᠯᠬᠢᠭᠡᠨ ᠤ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ︔ ᠴᠠᠬᠢᠯᠭᠠᠨ | ᠬᠤᠯᠪᠣᠭᠠᠨ ᠤ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠮᠡᠳᠡᠭᠡ ᠬᠤᠯᠪᠣᠭᠠᠨ ᠤ | ᠦᠢᠯᠡᠴᠢᠯᠡᠭᠡ ᠶᠢ ᠡᠩ ᠲᠡᠷᠢᠭᠦᠨ ᠳᠤ ᠬᠠᠩᠭᠠᠬᠤ ᠬᠡᠷᠡᠭᠲᠡᠶ︔ ᠲᠡᠭᠡᠭᠡᠪᠦᠷᠢ᠂ ᠴᠠᠬᠢᠯᠭᠠᠨ ᠬᠦᠴᠦ᠂ ᠡᠳ᠋ ᠪᠣᠳᠠᠰ | ᠮᠠᠲ᠋ᠧᠷᠢᠶᠠᠯ ᠤᠨ ᠬᠠᠩᠭᠠᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠩ ᠲᠡᠷᠢᠭᠦᠨ ᠳᠤ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠦᠢᠯᠡᠴᠢᠯᠡᠬᠦ ᠬᠡᠷᠡᠭᠲᠡᠢ᠃ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠬᠢ ᠪᠠ ᠡᠷᠦᠭᠡ ᠶᠢᠨ ᠴᠡᠷᠢᠭ ᠤᠯᠤᠰ ᠠᠴᠠ ᠳᠠᠭᠠᠭᠠᠯᠭᠠᠭᠰᠠᠨ ᠦᠶᠡᠷ ᠲᠠᠢ ᠲᠡᠮᠡᠴᠡᠨ | ᠠᠶᠤᠯ ᠠᠴᠠ ᠠᠪᠤᠷᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠦᠶᠡᠷᠯᠡᠬᠦ ᠬᠤᠭᠤᠴᠠᠭᠠᠨ ᠳᠤ ᠤᠰᠤᠨ ᠴᠥᠭᠦᠷᠥᠮ᠂ ᠬᠠᠰᠢᠯᠭ᠎ᠠ ᠪᠠ | ᠪᠤᠰᠤᠳ ᠤᠰᠤᠨ ᠤ ᠪᠠᠷᠢᠯᠭ᠎ᠠ ᠶᠢᠨ ᠲᠥᠬᠦᠭᠡᠷᠦᠮᠵᠢ ᠶᠢ ᠬᠡᠷᠡᠭᠯᠡᠬᠦ ᠳᠡᠭᠡᠨ ᠡᠷᠬᠡᠪᠰᠢ ᠬᠤᠯᠪᠣᠭᠳᠠᠯ ᠪᠦᠬᠦᠢ ᠦᠶᠡᠷ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠲᠤᠬᠢᠷᠠᠭᠤᠯᠤᠯᠲᠠ ᠵᠢᠯᠤᠭᠤᠳᠤᠯᠭ᠎ᠠ ᠪᠠ ᠬᠢᠨᠠᠯᠲᠠ ᠶᠢ | ᠲᠠᠭᠠᠬᠤ ᠬᠡᠷᠡᠭᠲᠡᠢ᠃ | ᠦᠶᠡᠷᠯᠡᠬᠦ ᠬᠤᠭᠤᠴᠠᠭᠠᠨ ᠳᠤ ᠤᠰᠤᠨ ᠴᠥᠭᠦᠷᠥᠮ ᠨᠢ ᠦᠶᠡᠷᠯᠡᠬᠦ ᠬᠤᠭᠤᠴᠠᠭᠠᠨ ᠤ ᠬᠢᠵᠠᠭᠠᠷᠯᠠᠭᠰᠠᠨ ᠤᠰᠤᠨ | ᠲᠦᠪᠰᠢᠨ ᠠᠴᠠ ᠳᠡᠭᠡᠭᠰᠢ ᠳᠤᠷ᠎ᠠ ᠪᠠᠷ ᠢᠶᠠᠨ ᠤᠰᠤ ᠬᠠᠳᠠᠭᠠᠯᠠᠵᠤ ᠪᠣᠯᠬᠤ ᠦᠭᠡᠢ᠂ ᠦᠶᠡᠷᠯᠡᠬᠦ ᠬᠤᠭᠤᠴᠠᠭᠠᠨ ᠤ | ᠬᠢᠵᠠᠭᠠᠷᠯᠠᠭᠰᠠᠨ ᠤᠰᠤᠨ ᠲᠦᠪᠰᠢᠨ ᠠᠴᠠ ᠳᠡᠭᠡᠭᠰᠢᠬᠢ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ | ᠬᠡᠷᠡᠭᠯᠡᠬᠦ ᠳᠡᠭᠡᠨ ᠡᠷᠬᠡᠪᠰᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠲᠣᠬᠢᠷᠠᠭᠤᠯᠤᠨ | ᠵᠢᠯᠣᠭᠤᠳᠬᠤ ᠪᠠ ᠬᠢᠨᠠᠯᠲᠠ ᠲᠠᠯᠪᠢᠬᠤ ᠶᠢ ᠳᠠᠭᠠᠬᠤ ᠬᠡᠷᠡᠭᠲᠡᠶ᠃ | ᠬᠠᠯᠢᠶ᠎ᠠ ᠦᠶᠡᠷ ᠤᠨ ᠬᠤᠭᠤᠴᠠᠭᠠᠨ ᠳᠤ᠂ ᠬᠠᠯᠢᠶ᠎ᠠ ᠦᠶᠡᠷ ᠢ ᠰᠡᠷᠭᠡᠶᠢᠯᠡᠬᠦ ᠡᠭᠦᠷᠭᠡ ᠲᠠᠢ ᠭᠤᠣᠯ ᠮᠥᠷᠡᠨ ᠤ | ᠳᠡᠭᠡᠳᠦ ᠤᠷᠤᠰᠬᠠᠯ ᠤᠨ ᠤᠰᠤᠨ ᠴᠥᠭᠦᠷᠥᠮ ᠤᠨ ᠳᠣᠷᠣᠭᠰᠢ ᠤᠷᠤᠰᠬᠤ ᠤᠰᠤᠨ ᠤ ᠬᠡᠮᠵᠢᠶ᠎ᠡ ᠶᠢ ᠡᠷᠬᠡᠪᠰᠢ | ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠵᠥᠪᠰᠢᠶᠡᠷᠡᠯ ᠢ | ᠤᠯᠬᠤ ᠶᠢᠨ ᠬᠠᠮᠲᠤ ᠲᠡᠳᠡᠨ ᠤ ᠬᠢᠨᠠᠯᠲᠠ ᠶᠢ ᠬᠦᠯᠢᠶᠡᠬᠦ ᠬᠡᠷᠡᠭᠲᠡᠶ᠃ | ᠳᠥᠴᠢᠨ ᠲᠠᠪᠤᠳᠤᠭᠠᠷ ᠵᠦᠢᠯ ᠦᠶᠡᠷ ᠢ ᠪᠠᠴᠢᠮ ᠰᠡᠷᠭᠡᠶᠢᠯᠡᠬᠦ ᠬᠤᠭᠤᠴᠠᠭᠠᠨ ᠳᠤ᠂ ᠦᠶᠡᠷ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠨᠢ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠬᠡᠷᠡᠭᠴᠡᠭᠡ ᠶᠢ ᠦᠨᠳᠦᠰᠦᠯᠡᠨ᠂ | ᠬᠠᠷᠢᠶᠠᠯᠠᠯ ᠤᠨ ᠢᠶᠠᠨ ᠬᠡᠪᠴᠢᠶᠡᠨ ᠳᠣᠲᠣᠷ᠎ᠠ ᠡᠳ᠋ ᠪᠣᠳᠠᠰ᠂ ᠲᠤᠨᠤᠭ ᠲᠥᠬᠦᠭᠡᠷᠦᠮᠵᠢ᠂ ᠵᠠᠮ ᠲᠡᠭᠡᠭᠡᠪᠦᠷᠢ ᠶᠢᠨ | ᠪᠠᠭᠠᠵᠢ ᠪᠠ ᠬᠥᠮᠦᠨ ᠤ ᠬᠦᠴᠦᠨ ᠢ ᠰᠢᠯᠵᠢᠭᠦᠯᠦᠨ ᠬᠡᠷᠡᠭᠯᠡᠵᠦ᠂ ᠰᠢᠷᠣᠢ ᠠᠪᠴᠤ ᠭᠠᠵᠠᠷ ᠡᠵᠡᠯᠡᠬᠦ᠂ ᠤᠢ ᠮᠣᠳᠣ ᠶᠢ | ᠣᠭᠲᠣᠯᠬᠤ᠂ ᠤᠰᠤ ᠶᠢ ᠬᠠᠷᠰᠢᠯᠠᠬᠤ ᠰᠠᠭᠠᠳ ᠪᠣᠳᠠᠰ ᠢ ᠠᠷᠢᠯᠭᠠᠬᠤ ᠪᠠ ᠪᠤᠰᠤᠳ ᠴᠢᠬᠤᠯᠠ ᠪᠦᠬᠦᠢ ᠪᠠᠴᠢᠮ | ᠠᠷᠭ᠎ᠠ ᠬᠡᠮᠵᠢᠶ᠎ᠡ ᠠᠪᠬᠤ ᠶᠢ ᠲᠣᠭᠲᠠᠭᠠᠬᠤ ᠡᠷᠬᠡ ᠲᠠᠢ︔ ᠴᠢᠬᠤᠯᠠᠲᠠᠶ ᠦᠶ᠎ᠡ ᠳᠤ᠂ ᠳᠣᠲᠣᠭᠠᠳᠤ ᠶᠢ ᠬᠠᠮᠠᠭᠠᠯᠠᠬᠤ᠂ | ᠵᠠᠮ ᠬᠠᠷᠢᠯᠴᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠦᠶᠡᠷ ᠢ ᠰᠡᠷᠭᠡᠶᠢᠯᠡᠬᠦ ᠠᠵᠢᠯ ᠤᠨ | ᠵᠢᠯᠣᠭᠤᠳᠬᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠠᠭᠤᠷᠠᠶ ᠭᠠᠵᠠᠷ ᠪᠠ ᠤᠰᠤᠨ | ᠭᠠᠳᠠᠷᠭᠤ ᠶᠢᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠯᠵᠢᠭᠦᠯᠦᠨ ᠬᠡᠷᠡᠭᠯᠡᠭᠰᠡᠨ ᠡᠳ᠋ ᠪᠣᠳᠠᠰ᠂ ᠲᠤᠨᠤᠭ | ᠲᠥᠬᠦᠭᠡᠷᠦᠮᠵᠢ᠂ ᠵᠠᠮ ᠲᠡᠭᠡᠭᠡᠪᠦᠷᠢ ᠶᠢᠨ ᠪᠠᠭᠠᠵᠢ ᠵᠡᠷᠭᠡ ᠶᠢ ᠦᠶᠡᠷᠯᠡᠬᠦ ᠬᠤᠭᠤᠴᠠᠭ᠎ᠠ ᠳᠠᠭᠤᠰᠤᠭᠰᠠᠨ ᠤ ᠲᠠᠷᠠᠭ᠎ᠠ | ᠴᠠᠭ ᠲᠤᠬᠠᠶ ᠳᠤᠨᠢ ᠪᠤᠴᠠᠭᠠᠵᠤ ᠥᠭᠬᠦ ᠬᠡᠷᠡᠭᠲᠡᠶ︔ ᠡᠪᠳᠡᠵᠦ ᠰᠦᠢᠳᠬᠡᠭᠰᠡᠨ ᠪᠤᠶᠤ ᠪᠤᠴᠠᠭᠠᠵᠤ ᠥᠭᠬᠦ ᠶᠢᠨ ᠠᠷᠭ᠎ᠠ | ᠤᠢᠭᠡᠢ ᠪᠣᠯᠭᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠵᠣᠬᠢᠰᠲᠠᠶ ᠲᠥᠯᠥᠪᠦᠷᠢ ᠥᠭᠬᠦ ᠪᠤᠶᠤ ᠪᠤᠰᠤᠳ ᠠᠷᠭ᠎ᠠ ᠪᠠᠷ ᠰᠢᠢᠳᠪᠤᠷᠢᠯᠡᠨ᠎ᠡ᠃ ᠰᠢᠷᠣᠶ ᠠᠪᠴᠤ ᠭᠠᠵᠠᠷ | ᠡᠵᠡᠯᠡᠭᠰᠡᠨ᠂ ᠤᠢ ᠮᠣᠳᠣ ᠶᠢ ᠣᠭᠲᠣᠯᠤᠭᠰᠠᠨ ᠪᠠᠶᠢᠪᠠᠯ᠂ ᠦᠶᠡᠷᠯᠡᠬᠦ ᠬᠤᠭᠤᠴᠠᠭ᠎ᠠ ᠳᠠᠭᠤᠰᠤᠭᠰᠠᠨ ᠤ ᠲᠠᠷᠠᠭ᠎ᠠ | ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠠᠷ ᠭᠦᠢᠴᠡᠳᠬᠡᠯ ᠢ ᠨᠥᠬᠦᠵᠦ ᠬᠢᠬᠦ ᠬᠡᠷᠡᠭᠲᠡᠶ︔ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠰᠢᠷᠣᠶ ᠠᠪᠤᠭᠰᠠᠨ ᠤ ᠳᠠᠷᠠᠭᠠᠬᠢ | ᠭᠠᠵᠠᠷ ᠰᠢᠷᠣᠶ ᠶᠢ ᠲᠡᠬᠢᠠ ᠬᠠᠭᠠᠯᠪᠤᠷᠢᠯᠠᠬᠤ ᠠᠵᠢᠯ ᠢ ᠵᠣᠬᠢᠶᠠᠨ ᠪᠠᠶᠢᠭᠤᠯᠵᠤ᠂ ᠣᠭᠲᠣᠯᠤᠭᠰᠠᠨ ᠤᠢ ᠮᠣᠳᠣ ᠶᠢ | ᠨᠥᠬᠦᠵᠦ ᠲᠡᠷᠢᠬᠤ ᠠᠵᠢᠯ ᠢ ᠵᠣᠬᠢᠶᠠᠨ ᠪᠠᠶᠢᠭᠤᠯᠤᠨ᠎ᠠ᠃ | ᠳᠥᠴᠢᠨ ᠵᠢᠷᠭᠤᠳᠤᠭᠠᠷ ᠵᠦᠢᠯ ᠭᠤᠣᠯ ᠮᠥᠷᠡᠨ᠂ ᠨᠠᠭᠤᠷ ᠴᠦᠬᠦᠷᠦᠮ ᠤᠨ ᠤᠰᠤᠨ ᠲᠦᠪᠰᠢᠨ ᠪᠤᠶᠤ | ᠤᠷᠤᠰᠬᠠᠯ ᠤᠨ ᠬᠡᠮᠵᠢᠶ᠎ᠡ ᠨᠢ ᠤᠯᠤᠰ ᠠᠴᠠ ᠲᠣᠭᠲᠠᠭᠠᠭᠰᠠᠨ ᠦᠶᠡᠷ ᠢ ᠰᠠᠯᠭᠠᠬᠤ ᠪᠠᠷᠢᠮᠵᠢᠶ᠎ᠠ ᠳᠤ ᠬᠦᠷᠴᠦ᠂ | ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠵᠦ ᠬᠡᠷᠡᠭᠯᠡᠬᠦ ᠴᠢᠬᠤᠯᠠᠲᠠᠶ ᠦᠶ᠎ᠡ ᠳᠤ᠂ ᠲᠦᠷᠦ ᠶᠢᠨ | ᠶᠠᠪᠤᠳᠠᠯ ᠤᠨ ᠬᠤᠷᠢᠶ᠎ᠠ᠂ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠰᠠᠪᠠ | ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢ | ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠶᠡᠷ ᠢ ᠰᠡᠷᠭᠡᠶᠢᠯᠡᠬᠦ ᠲᠥᠰᠦᠯ ᠳᠤ ᠲᠣᠭᠲᠠᠭᠠᠭᠰᠠᠨ ᠡᠬᠢᠯᠡᠵᠦ ᠬᠡᠷᠡᠭᠯᠡᠬᠦ | ᠨᠥᠬᠦᠴᠡᠯ ᠪᠠ ᠵᠥᠪᠰᠢᠶᠡᠷᠡᠬᠦ ᠵᠢᠷᠤᠮ ᠤᠨ ᠶᠣᠰᠣᠭᠠᠷ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠵᠦ | ᠬᠡᠷᠡᠭᠯᠡᠬᠦ ᠪᠠᠷ ᠲᠣᠭᠲᠠᠭᠠᠨ᠎ᠠ᠃ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠬᠠᠤᠯᠢ ᠶᠣᠰᠣᠭᠠᠷ ᠡᠬᠢᠯᠡᠵᠦ | ᠬᠡᠷᠡᠭᠯᠡᠬᠦ ᠳᠤ ᠶᠠᠮᠠᠷᠪᠠ ᠨᠢᠭᠡᠴᠢ ᠪᠠ ᠬᠤᠪᠢ ᠬᠥᠮᠦᠨ ᠬᠤᠷᠢᠭᠯᠠᠨ ᠤᠳᠠᠭᠠᠰᠢᠷᠠᠭᠤᠯᠵᠤ ᠪᠣᠯᠬᠤ ᠦᠭᠡᠢ︔ | ᠬᠤᠷᠢᠭᠯᠠᠬᠤ᠂ ᠤᠳᠠᠭᠠᠰᠢᠷᠠᠭᠤᠯᠬᠤ ᠶᠠᠪᠤᠳᠠᠯ ᠲᠣᠬᠢᠶᠠᠯᠳᠤᠪᠠᠯ᠂ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠠᠯᠪᠠᠳᠠᠯᠭ᠎ᠠ ᠪᠠᠷ ᠬᠡᠷᠡᠭᠵᠢᠭᠦᠯᠦᠨ᠎ᠡ᠃ | ᠳᠥᠴᠢᠨ ᠳᠣᠯᠣᠳᠤᠭᠠᠷ ᠵᠦᠢᠯ ᠦᠶᠡᠷ ᠤᠰᠤᠲᠤᠯ ᠤᠨ ᠭᠠᠮᠰᠢᠭ ᠭᠠᠷᠤᠭᠰᠠᠨ ᠤ ᠲᠠᠷᠠᠭ᠎ᠠ᠂ ᠬᠤᠯᠪᠣᠭᠳᠠᠯ | ᠪᠦᠬᠦᠢ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ | ᠪᠠᠶᠢᠭᠤᠯᠵᠤ ᠪᠠᠶᠢᠭᠠᠳ ᠭᠠᠮᠰᠢᠭᠳᠠᠭᠰᠠᠨ ᠣᠷᠣᠨ ᠤ ᠠᠮᠢᠳᠤᠷᠠᠯ ᠤᠨ ᠬᠠᠩᠭᠠᠯᠭ᠎ᠠ᠂ ᠡᠷᠡᠭᠦᠯ ᠢ ᠬᠠᠮᠠᠭᠠᠯᠠᠬᠤ ᠬᠢᠵᠢᠭ ᠢ | ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠠᠩᠭᠠᠯᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ᠂ | ᠰᠤᠷᠭᠠᠭᠤᠯᠢ ᠶᠢᠨ ᠬᠢᠴᠢᠶᠡᠯ ᠢ ᠰᠡᠷᠭᠦᠭᠡᠬᠦ᠂ ᠦᠢᠯᠡᠳᠪᠦᠷᠢᠯᠡᠯ ᠢ ᠰᠡᠷᠭᠦᠭᠡᠬᠦ ᠪᠠ ᠭᠡᠷ ᠣᠷᠣᠨ ᠢᠶᠠᠨ ᠲᠠᠬᠢᠨ | ᠪᠠᠶᠢᠭᠤᠯᠬᠤ ᠵᠡᠷᠭᠡ ᠭᠠᠮᠰᠢᠭ ᠠᠴᠠ ᠠᠪᠤᠷᠠᠬᠤ ᠠᠵᠢᠯ ᠵᠢᠴᠢ ᠬᠠᠮᠢᠶᠠᠷᠴᠤ ᠪᠠᠶᠢᠭ᠎ᠠ ᠭᠠᠵᠠᠷ ᠣᠷᠣᠨ ᠤ ᠪᠠᠨ | ᠤᠰᠤᠨ ᠳᠤ ᠡᠪᠳᠡᠭᠳᠡᠭᠰᠡᠨ ᠡᠯ᠎ᠡ ᠵᠦᠢᠯ ᠤᠨ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠢ ᠰᠠᠶᠢᠲᠤᠷ | ᠬᠢᠬᠦ ᠬᠡᠷᠡᠭᠲᠡᠢ᠃ ᠤᠰᠤᠨ ᠳᠤ ᠰᠦᠢᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ | ᠵᠠᠰᠠᠬᠤ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ | ᠡᠩ ᠲᠡᠷᠢᠭᠦᠨ ᠳᠤ ᠣᠷᠣᠭᠤᠯᠬᠤ ᠬᠡᠷᠡᠭᠲᠡᠢ᠃ | ᠦᠶᠡᠷ ᠤᠨ ᠤᠰᠤᠨ ᠤ ᠳᠠᠭᠠᠳᠬᠠᠯ ᠥᠷᠨᠢᠭᠦᠯᠬᠦ ᠶᠢ ᠤᠯᠤᠰ ᠠᠴᠠ ᠵᠣᠷᠢᠭᠵᠢᠭᠤᠯᠤᠨ ᠲᠡᠮᠵᠢᠨ᠎ᠡ᠃ | | ᠵᠢᠷᠭᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | | ᠳᠥᠴᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ | ᠬᠡᠮᠵᠢᠶ᠎ᠡ ᠠᠪᠴᠤ ᠪᠠᠶᠢᠭᠠᠳ ᠦᠶᠡᠷ ᠢ ᠰᠡᠷᠭᠡᠶᠢᠯᠡᠬᠦ ᠣᠷᠣᠭᠤᠯᠤᠯᠲᠠ ᠶᠢᠨ ᠶᠡᠷᠦᠩᠬᠡᠢ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃ | ᠳᠥᠴᠢ ᠶᠢᠰᠦᠳᠦᠭᠡᠷ ᠵᠦᠢᠯ ᠭᠤᠣᠯ ᠮᠥᠷᠡᠨ᠂ ᠨᠠᠭᠤᠷ ᠴᠦᠬᠦᠷᠦᠮ ᠢ ᠵᠠᠰᠠᠬᠤ ᠪᠠ ᠦᠶᠡᠷ ᠢ ᠰᠡᠷᠭᠡᠶᠢᠯᠡᠬᠦ | ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ ᠪᠠ ᠬᠠᠮᠠᠭᠠᠯᠠᠬᠤ ᠳᠤ ᠬᠡᠷᠡᠭᠰᠡᠬᠦ ᠪᠡᠯᠡ ᠣᠷᠣᠭᠤᠯᠤᠯᠲᠠ ᠶᠢ | ᠠᠵᠢᠯ ᠶᠠᠪᠤᠳᠠᠯ ᠤᠨ ᠡᠷᠬᠡ ᠪᠠ ᠡᠳ᠋ ᠤᠨ ᠵᠠᠰᠠᠭ ᠤᠨ ᠡᠷᠬᠡ ᠶᠢ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ ᠱᠠᠳᠤ | ᠬᠤᠪᠢᠶᠠᠨ ᠬᠠᠷᠢᠭᠤᠴᠠᠵᠤ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ | ᠬᠤᠳᠠ ᠶᠢᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ | ᠬᠠᠮᠠᠭᠠᠯᠠᠯᠲᠠ ᠳᠤ ᠬᠡᠷᠡᠭᠰᠡᠬᠦ ᠪᠡᠯᠡ ᠣᠷᠣᠭᠤᠯᠤᠯᠲᠠ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡᠯᠡᠨ᠎ᠡ᠃ | ᠦᠶᠡᠷ ᠤᠨ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠴᠢᠯᠠᠭᠤᠨ ᠲᠤᠰᠦᠠ ᠤ ᠠᠭᠤᠷᠬᠠᠶ᠂ | ᠳᠠᠮᠵᠢᠭᠤᠯᠬᠤ ᠬᠤᠭᠤᠯᠠᠶ᠂ ᠲᠡᠮᠦᠷ ᠵᠡᠮ᠂ ᠵᠠᠰᠠᠮᠠᠯ ᠵᠡᠮ᠂ ᠠᠭᠤᠷᠬᠠᠶ᠂ ᠴᠠᠬᠢᠯᠭᠠᠨ ᠬᠦᠴᠦ᠂ ᠴᠠᠬᠢᠯᠭᠠᠨ ᠬᠤᠯᠪᠣᠭ᠎ᠠ | ᠵᠡᠷᠭᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠨᠦᠭᠦᠳ ᠥᠪᠡᠰᠦᠪᠡᠨ ᠪᠡᠯᠠ ᠮᠥᠩᠭᠦ ᠴᠤᠭᠯᠠᠭᠤᠯᠵᠤ᠂ | ᠦᠶᠡᠷ ᠢ ᠰᠡᠷᠭᠡᠶᠢᠯᠡᠵᠦ ᠥᠪᠡᠷ ᠢ ᠪᠠᠨ ᠬᠠᠮᠠᠭᠠᠯᠠᠬᠤ ᠴᠢᠬᠤᠯᠠ ᠪᠦᠬᠦᠢ ᠪᠠᠷᠢᠯᠭ᠎ᠠ ᠶᠢ ᠪᠠᠶᠢᠭᠤᠯᠬᠤ ᠬᠡᠷᠡᠭᠲᠡᠶ᠃ | ᠲᠠᠪᠢᠳᠤᠭᠠᠷ ᠵᠦᠢᠯ ᠲᠦᠪ ᠤᠨ ᠡᠳ᠋ ᠤᠨ ᠵᠠᠰᠠᠭ ᠠᠴᠠ ᠪᠡᠯᠡ ᠮᠥᠩᠭᠦ ᠲᠣᠬᠢᠷᠠᠭᠤᠯᠵᠤ᠂ ᠤᠯᠤᠰ ᠠᠴᠠ | ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠬᠠᠰᠢᠯᠭ᠎ᠠ ᠳᠠᠯᠠᠩ ᠣᠨᠴᠠ ᠶᠡᠭᠡ ᠦᠶᠡᠷ | ᠤᠰᠤᠲᠤᠯ ᠤᠨ ᠭᠠᠮᠰᠢᠭ ᠲᠤ ᠤᠴᠠᠷᠠᠬᠤ ᠦᠶ᠎ᠡ ᠶᠢᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠪᠠ | ᠤᠰᠤᠨ ᠳᠤ ᠰᠦᠢᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠵᠠᠰᠠᠨ ᠰᠡᠷᠭᠦᠭᠡᠬᠦ ᠳᠤ ᠬᠡᠷᠡᠭᠯᠡᠬᠦ ᠬᠡᠷᠡᠭᠲᠡᠢ᠃ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ | ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠪᠡᠯᠡ ᠮᠥᠩᠭᠦ ᠲᠣᠬᠢᠷᠠᠭᠤᠯᠵᠤ᠂ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠣᠨᠴᠠ ᠶᠡᠭᠡ ᠦᠶᠡᠷ ᠤᠰᠤᠲᠤᠯ ᠤᠨ ᠭᠠᠮᠰᠢᠭ ᠲᠤ ᠤᠴᠠᠷᠠᠭᠰᠠᠨ ᠭᠠᠵᠠᠷ ᠣᠷᠣᠨ ᠤ | ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠪᠠ ᠤᠰᠤᠨ ᠳᠤ ᠰᠦᠢᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢ | ᠵᠠᠰᠠᠨ ᠰᠡᠷᠭᠦᠭᠡᠬᠦ ᠳᠤ ᠬᠡᠷᠡᠭᠯᠡᠬᠦ ᠬᠡᠷᠡᠭᠲᠡᠢ᠃ | ᠲᠠᠪᠢᠨ ᠨᠢᠭᠡᠳᠦᠭᠡᠷ ᠵᠦᠢᠯ ᠤᠯᠤᠰ ᠠᠴᠠ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ | ᠰᠠᠭᠤᠷᠢ ᠮᠥᠩᠭᠦ ᠪᠠᠶᠢᠭᠤᠯᠵᠤ᠂ ᠦᠶᠡᠷ ᠢ ᠰᠡᠷᠭᠡᠶᠢᠯᠡᠬᠦ ᠪᠠᠷᠢᠯᠭ᠎ᠠ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢ | ᠬᠠᠮᠠᠭᠠᠯᠠᠬᠤ ᠪᠠ ᠪᠦᠳᠦᠭᠡᠨ ᠪᠠᠶᠢᠭᠤᠯᠬᠤ ᠳᠤ ᠬᠡᠷᠡᠭᠯᠡᠨ᠎ᠡ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠲᠤᠭᠳᠠᠭᠠᠨ᠎ᠠ᠃ | ᠦᠶᠡᠷ ᠤᠨ ᠰᠦᠷᠳᠡᠭᠦᠯᠦᠯ ᠳᠤ ᠤᠴᠠᠷᠠᠭᠰᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠬᠤᠷᠢᠭᠯᠠᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠭᠤᠣᠯ ᠤᠨ ᠵᠠᠮ ᠤᠨ | ᠪᠠᠷᠢᠯᠭ᠎ᠠ ᠶᠢ ᠪᠠᠶᠢᠭᠤᠯᠵᠤ ᠰᠡᠯᠪᠢᠨ ᠵᠠᠰᠠᠬᠤ ᠬᠠᠮᠢᠶᠠᠷᠤᠯᠲᠠ ᠶᠢᠨ ᠵᠠᠷᠤᠳᠠᠯ ᠲᠠᠲᠠᠪᠤᠷᠢᠯᠠᠬᠤ ᠪᠠᠷ ᠲᠣᠭᠲᠠᠭᠠᠵᠤ | ᠪᠣᠯᠤᠨ᠎ᠠ᠃ | ᠲᠠᠪᠢᠨ ᠬᠤᠶᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠦᠶᠡᠷ ᠢ ᠰᠡᠷᠭᠡᠶᠢᠯᠡᠬᠦ᠂ ᠭᠠᠮᠰᠢᠭ ᠠᠴᠠ | ᠠᠪᠤᠷᠠᠬᠤ ᠪᠡᠯᠡ ᠮᠥᠩᠭᠦ ᠪᠠ ᠡᠳ᠋ ᠪᠣᠳᠠᠰ ᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠦᠭᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠪᠠᠶᠢᠭᠤᠯᠭ᠎ᠠ ᠨᠤᠭᠤᠳ ᠦᠶᠡᠷ ᠢ | ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠵᠤ ᠬᠢᠨᠠᠯᠲᠠ | ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠲᠠᠪᠢᠨ ᠭᠤᠷᠪᠠᠳᠤᠭᠠᠷ ᠵᠦᠢᠯ ᠲᠤᠰ ᠬᠠᠤᠯᠢ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ | ᠵᠥᠷᠢᠴᠡᠵᠦ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠳᠡᠭᠡᠷ᠎ᠡ ᠭᠠᠷ ᠤᠨ ᠦᠰᠦᠭ ᠵᠢᠷᠤᠭᠤᠯᠤᠭᠰᠠᠨ ᠦᠭᠡᠢ ᠪᠠᠷ | ᠳᠤᠷ᠎ᠠ ᠪᠠᠷ ᠢᠶᠠᠨ ᠭᠤᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ | ᠤᠰᠤᠨ ᠤ ᠪᠠᠷᠢᠯᠭ᠎ᠠ᠂ ᠤᠰᠤᠨ ᠴᠠᠬᠢᠯᠭᠠᠨ ᠦᠷᠳᠡᠭᠡ ᠪᠠᠶᠢᠭᠤᠯᠤᠭᠰᠠᠨ ᠪᠠᠶᠢᠪᠠᠯ᠂ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠤᠨ ᠭᠠᠷ | ᠭᠦᠢᠴᠡᠳᠬᠡᠯ ᠢ ᠨᠥᠬᠦᠪᠥᠷᠢᠯᠡᠨ ᠬᠢᠯᠭᠡᠨ᠎ᠡ︔ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠤᠨ ᠱᠠᠭᠠᠷᠳᠠᠯᠭ᠎ᠠ ᠶᠢ | ᠵᠥᠷᠢᠴᠡᠵᠦ᠂ ᠦᠶᠡᠷ ᠢ ᠰᠡᠷᠭᠡᠶᠢᠯᠡᠬᠦ ᠶᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠤᠨ | ᠱᠠᠭᠠᠷᠳᠠᠯᠭ᠎ᠠ ᠶᠢ ᠵᠥᠷᠢᠴᠡᠵᠦ᠂ ᠦᠶᠡᠷ ᠢ ᠰᠡᠷᠭᠡᠶᠢᠯᠡᠬᠦ ᠶᠢ ᠨᠥᠯᠥᠭᠡᠯᠡᠭᠰᠡᠨ ᠪᠣᠯᠪᠠᠴᠤ ᠪᠠᠰᠠ ᠨᠥᠬᠦᠪᠥᠷᠢᠯᠡᠬᠦ ᠠᠷᠭ᠎ᠠ | ᠬᠡᠮᠵᠢᠶ᠎ᠡ ᠠᠪᠴᠤ ᠪᠣᠯᠬᠤ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠥᠬᠦᠪᠥᠷᠢᠯᠡᠬᠦ ᠠᠷᠭ᠎ᠠ | ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠲᠠᠪᠢᠨ ᠳᠥᠷᠪᠡᠳᠦᠭᠡᠷ ᠵᠦᠢᠯ ᠲᠤᠰ ᠬᠠᠤᠯᠢ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ | ᠵᠥᠷᠢᠴᠡᠵᠦ᠂ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠶᠣᠰᠣᠭᠠᠷ ᠭᠤᠣᠯ ᠤᠨ ᠵᠠᠮ ᠢ ᠵᠠᠰᠠᠭᠰᠠᠨ ᠦᠭᠡᠢ | ᠪᠠ ᠭᠤᠣᠯ ᠤᠨ ᠤᠷᠤᠰᠬᠠᠯ ᠤᠨ ᠴᠢᠭᠯᠡᠯ ᠢ ᠡᠵᠡᠮᠳᠡᠨ ᠵᠢᠯᠣᠭᠤᠳᠬᠤ᠂ ᠳᠠᠯᠠᠩ ᠡᠷᠭᠢ ᠶᠢ ᠬᠠᠮᠠᠭᠠᠯᠠᠬᠤ ᠵᠡᠷᠭᠡ | ᠪᠠᠷᠢᠯᠭ᠎ᠠ ᠶᠢ ᠪᠠᠶᠢᠭᠤᠯᠤᠭᠰᠠᠨ ᠦᠭᠡᠢ ᠠᠴᠠ ᠪᠤᠯᠵᠤ᠂ ᠦᠶᠡᠷ ᠢ ᠰᠡᠷᠭᠡᠶᠢᠯᠡᠬᠦ ᠶᠢ ᠨᠥᠯᠥᠭᠡᠯᠡᠭᠰᠡᠨ ᠪᠠᠶᠢᠪᠠᠯ᠂ | ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠤᠤᠯ ᠤᠨ | ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠠᠪᠤᠷᠠᠬᠤ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ | ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠲᠠᠪᠢᠨ ᠲᠠᠪᠤᠳᠤᠭᠠᠷ ᠵᠦᠢᠯ ᠲᠤᠰ ᠬᠠᠤᠯᠢ ᠶᠢᠨ ᠬᠤᠷᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ᠂ | ᠭᠤᠷᠪᠠᠳᠤᠭᠠᠷ ᠪᠠᠳᠠᠭ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ | ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ | ᠬᠠᠷᠰᠢ ᠰᠠᠭᠠᠳ ᠢ ᠠᠷᠢᠯᠭᠠᠭᠤᠯᠬᠤ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠄ | ︵ᠨᠢᠭᠡ︶ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ | ᠵᠠᠯᠠᠬᠤ ᠶᠢ ᠬᠠᠷᠰᠢᠯᠠᠬᠤ ᠪᠠᠷᠢᠯᠭ᠎ᠠ ᠪᠠᠶᠢᠭᠤᠯᠤᠭᠰᠠᠨ︔ | ︵ᠬᠤᠶᠠᠷ︶ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠭ | ᠨᠣᠪᠰᠢ᠂ ᠰᠢᠭᠠᠷᠤ ᠰᠢᠷᠤᠢ ᠬᠠᠶᠠᠵᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ | ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ | ᠭᠤᠣᠯ ᠤᠨ ᠵᠠᠮ ᠢᠶᠠᠷ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠭᠰᠡᠨ︔ | ︵ᠭᠤᠷᠪᠠ︶ ᠦᠶᠡᠷ ᠵᠠᠯᠠᠬᠤ ᠭᠤᠣᠯ ᠤᠨ ᠵᠠᠮ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠪᠠ | ᠥᠨᠳᠥᠷ ᠡᠰᠢᠲᠦ ᠲᠠᠷᠢᠮᠠᠯ ᠲᠠᠷᠢᠭᠰᠠᠨ᠃ | ᠲᠡᠪᠢᠠ ᠵᠢᠷᠭᠤᠳᠤᠭᠠᠷ ᠵᠦᠢᠯ ᠲᠤᠰ ᠬᠠᠤᠯᠢ ᠶᠢᠨ ᠠᠷᠪᠠᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ᠂ | ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠲᠡᠯᠡᠢ ᠶᠢ ᠬᠦᠷᠢᠶᠡᠯᠡᠨ ᠲᠠᠷᠢᠶᠠᠨ ᠭᠠᠵᠠᠷ | ᠭᠠᠷᠭᠠᠭᠰᠠᠨ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠭᠰᠠᠨ᠂ ᠭᠤᠣᠯ ᠤᠨ ᠵᠡᠮ ᠢ ᠬᠦᠷᠢᠶᠡᠯᠡᠨ | ᠬᠠᠭᠠᠯᠪᠤᠷᠢᠯᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ | ᠤᠤᠯ ᠤᠨ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠤᠤᠯ ᠤᠨ | ᠪᠠᠶᠢᠳᠠᠯ ᠢ ᠨᠢ ᠰᠡᠷᠭᠦᠭᠡᠬᠦ ᠦᠭᠡᠢ ᠮᠥᠷᠲᠡᠭᠡᠨ ᠪᠠᠰᠠ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ | ᠪᠠᠶᠢᠪᠠᠯ᠂ ᠲᠡᠭᠦᠨ ᠢ ᠣᠷᠣᠯᠠᠨ ᠤᠭ ᠤᠨ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ | ᠠᠪᠤᠨ᠎ᠠ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ | ᠲᠠᠪᠢᠨ ᠳᠣᠯᠣᠳᠤᠭᠠᠷ ᠵᠦᠢᠯ ᠲᠤᠰ ᠬᠠᠤᠯᠢ ᠶᠢᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ | ᠵᠥᠷᠢᠴᠡᠵᠦ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠰᠦᠯ ᠢᠶᠠᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ | ᠪᠤᠶᠤ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠪᠠᠶᠢᠴᠠᠭᠠᠵᠤ ᠵᠥᠪᠰᠢᠶᠡᠷᠡᠭᠰᠡᠨ ᠣᠷᠣᠨ ᠪᠠᠶᠢᠷᠢ᠂ ᠵᠠᠭᠠᠭ ᠬᠢᠵᠠᠭᠠᠷ ᠶᠣᠰᠣᠭᠠᠷ ᠭᠤᠣᠯ ᠤᠨ ᠵᠠᠮ᠂ | ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠠᠵᠢᠯᠯᠠᠭ᠎ᠠ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠣᠭᠰᠣᠭᠠᠵᠤ᠂ ᠬᠢᠨᠠᠨ ᠪᠠᠶᠢᠴᠠᠭᠠᠵᠤ ᠵᠥᠪᠰᠢᠶᠡᠷᠡᠬᠦ ᠪᠤᠶᠤ ᠬᠢᠨᠠᠨ ᠪᠠᠶᠢᠴᠠᠭᠠᠵᠤ ᠵᠥᠪᠰᠢᠶᠡᠷᠡᠬᠦ | ᠭᠠᠷ ᠭᠦᠢᠴᠡᠳᠬᠡᠯ ᠢ ᠨᠥᠬᠦᠪᠥᠷᠢᠯᠡᠨ ᠬᠢᠯᠭᠡᠨ᠎ᠡ︔ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠨᠢ | ᠦᠶᠡᠷ ᠢ ᠰᠡᠷᠭᠡᠶᠢᠯᠡᠬᠦ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠨᠤᠷᠠᠭᠠᠯᠭᠠᠨ᠎ᠠ᠂ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠤᠢᠭᠡᠢ ᠪᠠᠶᠢᠪᠠᠯ᠂ ᠠᠯᠪᠠᠳᠠᠯᠭ᠎ᠠ ᠪᠠᠷ | ᠨᠤᠷᠠᠭᠠᠯᠭᠠᠨ᠎ᠠ᠂ ᠬᠡᠷᠡᠭᠰᠡᠬᠦ ᠵᠠᠷᠤᠳᠠᠯ ᠢ ᠪᠦᠳᠦᠭᠡᠠ ᠪᠠᠶᠢᠭᠤᠯᠬᠤ ᠨᠢᠭᠡᠴᠢ ᠡᠭᠦᠷᠭᠡᠯᠡᠨ᠎ᠡ︔ ᠦᠶᠡᠷ ᠵᠠᠯᠠᠬᠤ ᠶᠢ | ᠨᠥᠯᠥᠭᠡᠯᠡᠬᠦ ᠪᠣᠯᠪᠠᠴᠤ ᠪᠠᠰᠠ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ ᠪᠣᠯᠬᠤ ᠪᠠᠶᠢᠪᠠᠯ᠂ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ | ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠲᠠᠪᠢᠨ ᠨᠠᠢᠮᠠᠳᠤᠭᠠᠷ ᠵᠦᠢᠯ ᠲᠤᠰ ᠬᠠᠤᠯᠢ ᠶᠢᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠤᠨ | ᠲᠣᠭᠲᠠᠭᠠᠯ ᠢ ᠵᠥᠷᠢᠴᠡᠵᠦ᠂ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠦᠶᠡᠷ ᠢ | ᠰᠡᠷᠭᠡᠶᠢᠯᠡᠬᠦ ᠪᠤᠰᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠪᠠᠶᠢᠭᠤᠯᠬᠤ ᠳᠠᠭᠠᠨ ᠦᠶᠡᠷ ᠤᠨ ᠨᠥᠯᠥᠭᠡ ᠶᠢ | ᠦᠨᠡᠯᠡᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠦᠶᠡᠷ ᠤᠨ ᠨᠥᠯᠥᠭᠡ ᠶᠢ ᠦᠨᠡᠯᠡᠭᠰᠡᠨ | ᠮᠡᠳᠡᠭᠦᠯᠦᠯᠲᠡ ᠶᠢ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠠᠵᠢᠯ ᠡᠬᠢᠯᠡᠭᠦᠯᠵᠦ ᠪᠦᠳᠦᠭᠡᠨ | ᠪᠠᠶᠢᠭᠤᠯᠤᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ | ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ | ᠲᠤᠰ ᠬᠠᠤᠯᠢ ᠶᠢᠨ ᠭᠤᠴᠢᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ | ᠵᠥᠷᠢᠴᠡᠵᠦ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠰᠢᠯᠭᠠᠨ ᠠᠪᠤᠭᠤᠯᠤᠭᠰᠠᠨ ᠦᠭᠡᠢ᠂ ᠤᠳᠠᠯ | ᠦᠭᠡᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠤᠭᠰᠠᠨ ᠪᠤᠶᠤ ᠬᠡᠷᠡᠭᠯᠡᠭᠰᠡᠨ ᠪᠠᠶᠢᠪᠠᠯ᠂ | ᠦᠢᠯᠡᠳᠪᠦᠷᠢᠯᠡᠬᠦ ᠪᠤᠶᠤ ᠬᠡᠷᠡᠭᠯᠡᠬᠦ ᠶᠢ ᠨᠢ ᠵᠠᠷᠯᠢᠭᠳᠠᠨ ᠵᠣᠭᠰᠣᠭᠠᠵᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠲᠥᠬᠦᠭᠡᠷᠦᠮᠵᠢ ᠶᠢ ᠬᠤᠭᠤᠴᠠᠭ᠎ᠠ ᠲᠣᠭᠲᠠᠭᠠᠨ ᠰᠢᠯᠭᠠᠨ ᠠᠪᠤᠭᠤᠯᠵᠤ᠂ ᠲᠠᠪᠤᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ | ᠲᠡᠪᠢ ᠶᠢᠰᠦᠳᠦᠭᠡᠷ ᠵᠦᠢᠯ ᠲᠤᠰ ᠬᠠᠤᠯᠢ ᠶᠢᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ | ᠵᠥᠷᠢᠴᠡᠵᠦ᠂ ᠬᠤᠳᠠ ᠶᠢᠨ ᠪᠦᠳᠦᠭᠡᠠ ᠪᠠᠶᠢᠭᠤᠯᠤᠯᠲᠠ ᠠᠴᠠ ᠪᠤᠯᠵᠦ ᠤᠤᠯ ᠤᠨ ᠪᠠᠶᠢᠭᠰᠠᠨ ᠭᠤᠣᠯ ᠤᠨ ᠵᠡᠮ | ᠰᠤᠪᠠᠭ᠂ ᠤᠰᠤ ᠬᠠᠳᠠᠭᠠᠯᠠᠬᠤ ᠨᠠᠭᠤᠷ ᠴᠥᠭᠦᠷᠥᠮ ᠬᠤᠲᠣᠭᠤᠷ ᠭᠠᠵᠠᠷ ᠢ ᠳᠤᠷ᠎ᠠ ᠪᠠᠷ ᠢᠶᠠᠨ ᠪᠥᠭᠯᠡᠭᠰᠡᠨ ᠪᠠ | ᠤᠤᠯ ᠤᠨ ᠪᠠᠶᠢᠭᠰᠠᠨ ᠦᠶᠡᠷ ᠢ ᠰᠡᠷᠭᠡᠶᠢᠯᠡᠬᠦ ᠬᠠᠰᠢᠯᠭ᠎ᠠ ᠲᠡᠯᠡᠩ ᠢ ᠤᠰᠠᠳᠬᠠᠭᠰᠠᠨ ᠪᠠᠶᠢᠪᠠᠯ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ | ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠤᠶᠤ ᠪᠤᠰᠤᠳ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠬᠤ ᠬᠡᠷᠡᠭᠲᠡᠶ᠃ | ᠵᠢᠷᠠᠳᠤᠭᠠᠷ ᠵᠦᠢᠯ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠠᠰᠢᠯᠭ᠎ᠠ ᠲᠡᠯᠡᠩ᠂ ᠤᠰᠦᠠ | ᠬᠠᠭᠠᠯᠲᠠ᠂ ᠡᠷᠭᠢ ᠶᠢᠨ ᠬᠠᠮᠠᠭᠠᠯᠠᠯᠲᠠ᠂ ᠤᠰᠤ ᠲᠠᠲᠠᠬᠤ ᠤᠢᠷᠳᠡᠭᠡ᠂ ᠤᠰᠤ ᠵᠠᠯᠠᠬᠤ ᠰᠤᠪᠠᠭ ᠤᠨ ᠰᠢᠰᠲ᠋ᠧᠮ ᠵᠡᠷᠭᠡ | ᠦᠶᠡᠷ ᠢ ᠰᠡᠷᠭᠡᠶᠢᠯᠡᠬᠦ ᠪᠠᠷᠢᠯᠭ᠎ᠠ ᠪᠣᠯᠤᠨ ᠤᠰᠦᠠ ᠵᠦᠢ᠂ ᠮᠡᠳᠡᠭᠡ ᠬᠤᠯᠪᠣᠭᠠᠨ ᠤ ᠲᠥᠬᠦᠭᠡᠷᠦᠮᠵᠢ ᠵᠢᠴᠢ ᠦᠶᠡᠷ ᠢ | ᠰᠡᠷᠭᠡᠶᠢᠯᠡᠬᠦ ᠪᠡᠯᠡᠳᠬᠡᠯ ᠪᠠᠭᠠᠵᠢ ᠬᠡᠷᠡᠭᠰᠡᠯ᠂ ᠡᠳ᠋ ᠮᠠᠲ᠋ᠧᠷᠢᠶᠠᠯ ᠢ ᠡᠪᠳᠡᠭᠰᠡᠨ᠂ ᠡᠵᠡᠯᠡᠭᠰᠡᠨ᠂ ᠰᠦᠢᠳᠬᠡᠭᠰᠡᠨ ᠪᠠᠶᠢᠪᠠᠯ᠂ | ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠨᠥᠬᠦᠪᠥᠷᠢᠯᠡᠬᠦ ᠠᠷᠭ᠎ᠠ | ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ | ᠪᠣᠯᠤᠨ᠎ᠠ︔ ᠡᠪᠳᠡᠵᠦ ᠰᠦᠢᠳᠬᠡᠭᠰᠡᠨ ᠪᠠᠶᠢᠪᠠᠯ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ | ᠡᠭᠦᠷᠭᠡᠯᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠬᠦ ᠬᠡᠷᠡᠭᠲᠡᠶ ᠪᠠᠶᠢᠪᠠᠯ᠂ | ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢᠨ ᠲᠣᠭᠲᠠᠭᠠᠯ ᠶᠣᠰᠣᠭᠠᠷ | ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠷᠠᠨ ᠨᠢᠭᠡᠳᠦᠭᠡᠷ ᠵᠦᠢᠯ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠳᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ | ᠬᠠᠷᠰᠢᠯᠠᠵᠤ᠂ ᠰᠦᠷᠳᠡᠭᠦᠯᠦᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯᠪᠠᠴᠤ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠬᠦ ᠬᠡᠷᠡᠭᠲᠡᠶ ᠪᠠᠶᠢᠪᠠᠯ᠂ ᠠᠮᠤᠷ ᠢ ᠬᠠᠮᠠᠭᠠᠯᠠᠬᠤ ᠠᠵᠢᠯ ᠤᠨ | ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢᠨ ᠲᠣᠭᠲᠠᠭᠠᠯ ᠶᠣᠰᠣᠭᠠᠷ ᠰᠢᠢᠳᠭᠡᠨ᠎ᠡ᠃ | ᠵᠢᠷᠠᠨ ᠬᠤᠶᠠᠳᠤᠭᠠᠷ ᠵᠦᠢᠯ ᠦᠶᠡᠷ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠪᠠ ᠡᠳ᠋ | ᠪᠣᠳᠠᠰ ᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯ ᠵᠠᠰᠠᠭ | ᠵᠠᠬᠢᠷᠭᠠᠨ ᠤ ᠰᠢᠢᠳᠭᠡᠯ ᠥᠭᠭᠦᠨ᠎ᠡ᠃ | ᠵᠢᠷᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠠᠪᠢ ᠶᠢᠰᠦᠳᠦᠭᠡᠷ ᠵᠦᠢᠯ ᠤᠨ ᠲᠣᠭᠲᠠᠭᠠᠯ ᠢ ᠭᠠᠷᠭᠠᠪᠠᠯ᠂ | ᠲᠤᠰ ᠪᠦᠯᠦᠭ ᠲᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠪᠠ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠂ ᠡᠰᠡᠬᠦᠯ᠎ᠡ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ | ᠲᠣᠭᠲᠠᠭᠠᠨ᠎ᠠ᠃ ᠭᠡᠪᠡᠴᠦ ᠲᠤᠰ ᠬᠠᠤᠯᠢ ᠶᠢᠨ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ ᠳᠤ ᠲᠣᠭᠲᠠᠭᠠᠭᠰᠠᠨ | ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠢ ᠲᠣᠭᠲᠠᠭᠠᠬᠤ ᠪᠠᠶᠢᠭᠤᠯᠭ᠎ᠠ ᠨᠢ ᠠᠮᠤᠷ ᠢ | ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃ | ᠵᠢᠷᠠᠨ ᠳᠥᠷᠪᠡᠳᠦᠭᠡᠷ ᠵᠦᠢᠯ ᠲᠦᠷᠦ ᠶᠢᠨ ᠠᠵᠢᠯᠳᠠᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ | ᠨᠢᠭᠡ ᠶᠢ ᠬᠢᠵᠦ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠄ | ︵ᠨᠢᠭᠡ︶ ᠲᠤᠰ ᠬᠠᠤᠯᠢ ᠶᠢᠨ ᠠᠷᠪᠠᠨ ᠳᠣᠯᠣᠳᠤᠭᠠᠷ ᠵᠦᠢᠯ᠂ ᠠᠷᠪᠠ ᠶᠢᠰᠦᠳᠦᠭᠡᠷ ᠵᠦᠢᠯ᠂ ᠬᠤᠷᠢᠨ | ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ᠂ ᠬᠤᠷᠢᠨ ᠬᠤᠶᠠᠳᠤᠭᠠᠷ ᠵᠦᠢᠯ ᠤᠨ ᠭᠤᠷᠪᠠᠳᠤᠭᠠᠷ ᠪᠠᠳᠠᠭ᠂ ᠬᠤᠷᠢᠨ | ᠳᠣᠯᠣᠳᠤᠭᠠᠷ ᠵᠦᠢᠯ ᠪᠤᠶᠤ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠦᠶᠡᠷ ᠢ | ᠰᠡᠷᠭᠡᠶᠢᠯᠡᠬᠦ ᠶᠢ ᠬᠦᠨᠳᠦ ᠨᠣᠴᠢᠲᠠᠢ ᠨᠥᠯᠥᠭᠡᠯᠡᠭᠰᠡᠨ︔ | ︵ᠬᠤᠶᠠᠷ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠡᠳ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠬᠦ ᠠᠵᠢᠯ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ︔ | ︵ᠭᠤᠷᠪᠠ︶ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ᠂ ᠦᠶᠡᠷ ᠢ ᠰᠡᠷᠭᠡᠶᠢᠯᠡᠵᠦ ᠠᠶᠤᠯ ᠠᠴᠠ | ᠠᠪᠤᠷᠠᠬᠤ ᠵᠠᠷᠯᠢᠭ ᠪᠤᠶᠤ ᠦᠶᠡᠷ ᠢ ᠲᠣᠭᠲᠠᠭᠠᠨ ᠬᠤᠷᠠᠭᠤᠯᠬᠤ ᠲᠥᠰᠦᠯ᠂ ᠠᠷᠭ᠎ᠠ ᠬᠡᠮᠵᠢᠶ᠎ᠡ᠂ ᠦᠶᠡᠷ ᠤᠨ | ᠬᠤᠭᠤᠴᠠᠭᠠᠨ ᠤ ᠲᠣᠬᠢᠷᠠᠭᠤᠯᠤᠨ ᠬᠡᠷᠡᠭᠯᠡᠬᠦ ᠲᠥᠯᠥᠪᠯᠡᠭᠡ ᠵᠡᠷᠭᠡ ᠦᠶᠡᠷ ᠢ ᠰᠡᠷᠭᠡᠶᠢᠯᠡᠨ ᠲᠣᠬᠢᠷᠠᠭᠤᠯᠬᠤ ᠲᠥᠰᠦᠯ ᠢ | ᠬᠡᠷᠡᠭᠵᠢᠭᠦᠯᠬᠦ ᠶᠢ ᠲᠡᠪᠴᠢᠭᠰᠡᠨ︔ | ︵ᠲᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠪᠤᠶᠤ | ᠪᠤᠰᠤᠳ ᠨᠢᠭᠡᠴᠢ ᠶᠢᠨ ᠦᠶᠡᠷ ᠤᠨ ᠭᠠᠮᠰᠢᠭ ᠤᠨ ᠬᠤᠬᠢᠷᠠᠯ ᠢ ᠪᠤᠢ ᠪᠣᠯᠭᠠᠭᠰᠠᠨ ᠪᠤᠶᠤ ᠬᠦᠨᠳᠦᠷᠡᠭᠦᠯᠦᠭᠰᠡᠨ᠃ | | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | | ᠵᠢᠷᠠᠨ ᠲᠠᠪᠤᠳᠤᠭᠠᠷ ᠵᠦᠢᠯ ᠲᠤᠰ ᠬᠠᠤᠯᠢ ᠶᠢ 1998 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |