︵1988 ᠣᠨ ᠤ 6 ᠰᠠᠷ᠎ᠠ ᠶᠢᠨ 10 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠦᠷᠦ ᠶᠢᠨ ᠶᠠᠪᠤᠳᠠᠯ ᠤᠨ ᠬᠤᠷᠢᠶᠠᠨ ᠤ 3 ᠳ᠋ᠤᠭᠠᠷ ᠵᠠᠷᠯᠢᠭ ᠢᠶᠠᠷ ᠨᠡᠶᠢᠲᠡᠯᠡᠪᠡ᠃ 2011 ᠣᠨ ᠤ 1 ᠰᠠᠷ᠎ᠠ ᠶᠢᠨ | 8 ᠤ ᠡᠳᠦᠷ ᠤᠨ《 ᠬᠡᠰᠡᠭ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢ ᠬᠦᠴᠦᠨ ᠦᠭᠡᠢ ᠪᠤᠯᠭᠠᠬᠤ ᠪᠠ ᠵᠠᠰᠠᠪᠤᠷᠢ | ᠤᠷᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ》 ᠢ ᠦᠨᠳᠦᠰᠦᠯᠡᠨ ᠨᠢᠭᠡᠳᠦᠭᠡᠷ | ᠤᠳᠠᠭ᠎ᠠ ᠵᠠᠰᠠᠪᠤᠷᠢ ᠤᠷᠤᠭᠤᠯᠪᠠ᠃ 2017 ᠣᠨ ᠤ 3 ᠰᠠᠷ᠎ᠠ ᠶᠢᠨ 1 ᠤ ᠡᠳᠦᠷ ᠤᠨ《 ᠬᠡᠰᠡᠭ ᠵᠠᠰᠠᠭ ᠵᠠᠬᠢᠷᠭᠠᠨ | ᠤ ᠬᠠᠤᠯᠢ ᠲᠤᠭᠳᠠᠭᠠᠯ ᠢ ᠬᠦᠴᠦᠨ ᠦᠭᠡᠢ ᠪᠤᠯᠭᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠶᠢᠨ ᠶᠠᠪᠤᠳᠠᠯ | ᠤᠨ ᠬᠤᠷᠢᠶᠠᠨ ᠤ ᠲᠤᠭᠳᠠᠭᠠᠯ》 ᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢ ᠤᠷᠤᠭᠤᠯᠪᠠ᠃ 2017 | ᠣᠨ ᠤ 10 ᠰᠠᠷ᠎ᠠ ᠶᠢᠨ 7 ᠤ ᠡᠳᠦᠷ ᠤᠨ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ | ᠣᠷᠣᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠭᠤᠷᠪᠠᠳᠤᠭᠠᠷ | ᠤᠳᠠᠭ᠎ᠠ ᠵᠠᠰᠠᠪᠤᠷᠢ ᠤᠷᠤᠭᠤᠯᠪᠠ᠃ 2018 ᠣᠨ ᠤ 3 ᠰᠠᠷ᠎ᠠ ᠶᠢᠨ 19 ᠤ ᠡᠳᠦᠷ ᠤᠨ《 ᠬᠡᠰᠡᠭ ᠵᠠᠰᠠᠭ | ᠵᠠᠬᠢᠷᠭᠠᠨ ᠤ ᠬᠠᠤᠯᠢ ᠲᠤᠭᠳᠠᠭᠠᠯ ᠢ ᠬᠦᠴᠦᠨ ᠦᠭᠡᠢ ᠪᠤᠯᠭᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠲᠤᠭᠳᠠᠭᠠᠯ》 ᠢ ᠦᠨᠳᠦᠰᠦᠯᠡᠨ ᠲᠦᠷᠪᠡᠳᠦᠭᠡᠷ ᠤᠳᠠᠭ᠎ᠠ ᠵᠠᠰᠠᠪᠤᠷᠢ ᠤᠷᠤᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠮᠤᠷ | ᠲᠦᠪᠰᠢᠨ ᠢ ᠪᠠᠲᠤᠯᠠᠵᠤ᠂ ᠭᠤᠣᠯ ᠮᠥᠷᠡᠨ ᠨᠠᠭᠤᠷ ᠴᠦᠬᠦᠷᠦᠮ ᠤᠨ ᠶᠡᠷᠦᠩᠬᠡᠶᠢᠯᠡᠭᠰᠡᠨ ᠦᠷ᠎ᠡ ᠠᠰᠢᠭ ᠢ | ᠪᠠᠳᠠᠷᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ | ᠶᠢ ᠦᠨᠳᠦᠰᠦᠯᠡᠨ ᠲᠤᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠳᠡᠪᠢᠰᠬᠡᠷ ᠲᠠᠬᠢ ᠭᠤᠣᠯ ᠤᠨ ᠵᠠᠮ ︵ᠨᠠᠭᠤᠷ᠂ ᠵᠤᠬᠢᠶᠠᠮᠠᠯ ᠤᠰᠤᠨ ᠵᠠᠮ᠂ ᠦᠶᠡᠷ ᠶᠠᠪᠤᠭᠤᠯᠬᠤ ᠣᠷᠣᠨ᠂ ᠦᠶᠡᠷ | ᠲᠤᠭᠳᠠᠭᠠᠨ ᠬᠤᠷᠠᠭᠤᠯᠬᠤ ᠣᠷᠣᠨ᠂ ᠦᠶᠡᠷ ᠢ ᠲᠣᠭᠲᠠᠭᠠᠬᠤ ᠣᠷᠣᠨ ᠪᠠᠭᠲᠠᠨ᠎ᠠ︶ ᠳᠤ ᠲᠤᠬᠢᠷᠠᠭᠤᠯᠤᠨ ᠬᠡᠷᠡᠭᠯᠡᠨ᠎ᠡ᠃ | | ᠭᠤᠣᠯ ᠤᠨ ᠵᠠᠮ ᠤᠨ ᠳᠣᠲᠣᠷᠠᠬᠢ ᠤᠰᠤᠨ ᠠᠶᠠᠯᠠᠯ ᠤᠨ ᠵᠠᠮ ᠳᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠰᠤᠨ ᠠᠶᠠᠯᠠᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠢ ᠬᠠᠮᠳᠤ ᠳᠤ ᠨᠢ | ᠲᠤᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠭᠤᠣᠯ ᠮᠥᠷᠡᠨ ᠨᠠᠭᠤᠷ ᠴᠦᠬᠦᠷᠦᠮ ᠤᠨ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ ᠳᠤ ᠪᠦᠬᠦ ᠲᠠᠯ᠎ᠠ ᠪᠠᠷ ᠲᠥᠯᠥᠪᠵᠢᠭᠦᠯᠵᠦ᠂ ᠨᠢᠭᠡᠳᠦᠯᠲᠡᠶ | ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠶᠡᠷᠦᠩᠬᠡᠶᠢᠯᠡᠨ ᠠᠰᠢᠭᠯᠠᠵᠤ᠂ ᠦᠷ᠎ᠡ ᠠᠰᠢᠭ ᠢ ᠡᠷᠬᠢᠮᠯᠡᠨ᠂ ᠦᠶᠡᠷ ᠢ | ᠰᠡᠷᠭᠡᠶᠢᠯᠡᠬᠦ ᠶᠡᠷᠦᠩᠬᠡᠶ ᠲᠤᠬᠢᠷᠠᠭᠤᠯᠤᠯᠳᠡ ᠶᠢ ᠲᠠᠭᠠᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ | ᠠᠬᠢᠭᠤᠯᠬᠤ ᠬᠡᠷᠡᠭᠲᠡᠶ᠃ | ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠪᠦᠬᠦ ᠤᠯᠤᠰ ᠤᠨ ᠭᠤᠣᠯ ᠤᠨ ᠵᠠᠮ ᠤᠨ ᠭᠤᠤᠯᠯᠠᠨ | ᠬᠠᠮᠢᠶᠠᠷᠬᠤ ᠪᠠᠶᠢᠭᠤᠯᠭ᠎ᠠ ᠪᠤᠯᠤᠨ᠎ᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ᠶᠢᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭᠠᠨ ᠤ ᠣᠷᠣᠨ ᠤ | ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠪᠣᠯᠤᠨ᠎ᠠ᠃ | ᠲᠠᠪᠤᠳᠤᠭᠠᠷ ᠵᠦᠢᠯ ᠤᠯᠤᠰ ᠠᠴᠠ ᠭᠤᠣᠯ ᠤᠨ ᠵᠡᠮ ᠳᠤ ᠤᠰᠦᠠ ᠤ ᠰᠢᠰᠲ᠋ᠧᠮ ᠢᠶᠠᠷ ᠨᠢᠭᠡᠳᠦᠯᠳᠡᠢ | ᠬᠠᠮᠢᠶᠠᠷᠬᠤ ᠪᠠ ᠱᠡᠳᠦ ᠬᠤᠪᠢᠶᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠦᠨ᠎ᠡ᠃ | ᠬᠦᠬᠡᠮᠦ᠋ᠷᠡᠨ᠂ ᠬᠠᠲᠤᠨ ᠭᠤᠣᠯ᠂ ᠬᠤᠸᠠᠶᠢᠾᠧ ᠭᠤᠣᠯ᠂ ᠬᠠᠶᠢᠾᠧ ᠭᠤᠣᠯ᠂ ᠵᠦᠵᠢᠶᠠᠩ ᠮᠥᠷᠡᠨ᠂ | ᠰᠤᠩᠭᠠᠷᠢ ᠮᠥᠷᠡᠨ᠂ ᠯᠢᠶᠣᠤᠾᠧ ᠭᠤᠣᠯ ᠵᠡᠷᠭᠡ ᠶᠡᠭᠡ ᠭᠤᠣᠯ ᠮᠥᠷᠡᠨ ᠤ ᠭᠤᠣᠯ ᠤᠨ ᠬᠡᠰᠡᠭ᠂ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠴᠢᠬᠤᠯᠠ ᠭᠤᠣᠯ ᠤᠨ ᠬᠡᠰᠡᠭ᠂ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠭᠤᠷᠣᠨᠳᠣᠬᠢ ᠬᠢᠯᠢ ᠶᠢᠨ ᠵᠠᠭᠠᠭ ᠤᠨ | ᠭᠤᠣᠯ ᠤᠨ ᠵᠠᠮ ᠵᠢᠴᠢ ᠤᠯᠤᠰ ᠤᠨ ᠬᠢᠯᠢ ᠶᠢᠨ ᠵᠠᠭᠠᠭ ᠤᠨ ᠭᠤᠣᠯ ᠤᠨ ᠵᠠᠮ ᠢ ᠤᠯᠤᠰ ᠠᠴᠠ ᠡᠷᠬᠡ ᠣᠯᠭᠤᠭᠰᠠᠨ | ᠭᠤᠣᠯ ᠮᠥᠷᠡᠨ ᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶᠠᠷᠤᠨ᠎ᠠ᠂ ᠡᠰᠡᠬᠦᠯ᠎ᠡ ᠳᠡᠭᠡᠷ᠎ᠡ | ᠳᠤᠷᠠᠳᠤᠭᠰᠠᠨ ᠭᠤᠣᠯ ᠮᠥᠷᠡᠨ ᠤ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠰᠠᠪᠠ ᠭᠠᠵᠠᠷ ᠤᠨ ᠨᠢᠭᠡᠳᠦᠯᠲᠡᠶ | ᠲᠥᠯᠥᠪᠵᠢᠭᠦᠯᠭᠡ ᠶᠢ ᠦᠨᠳᠦᠰᠦᠯᠡᠨ ᠬᠠᠮᠢᠶᠠᠷᠤᠨ᠎ᠠ᠃ ᠪᠤᠰᠤᠳ ᠭᠤᠣᠯ ᠤᠨ ᠵᠡᠮ ᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠪᠤᠶᠤ ᠬᠤᠲᠠ᠂ ᠰᠢᠶᠠᠨ ᠤ ᠭᠤᠣᠯ ᠤᠨ ᠵᠡᠮ ᠢ ᠭᠤᠤᠯᠯᠠᠨ ᠬᠠᠮᠢᠶᠠᠷᠬᠤ | ᠪᠠᠶᠢᠭᠤᠯᠭ᠎ᠠ ᠠᠴᠠ ᠬᠠᠮᠢᠶᠠᠷᠤᠨ᠎ᠠ᠃ | ᠵᠢᠷᠭᠤᠳᠤᠭᠠᠷ ᠵᠦᠢᠯ ᠭᠤᠣᠯ ᠤᠨ ᠵᠡᠮ ᠢ ᠵᠡᠷᠭᠡ ᠳᠡᠰ ᠬᠤᠪᠢᠶᠠᠨ᠎ᠠ᠃ ᠭᠤᠣᠯ ᠤᠨ ᠵᠡᠮ ᠤᠨ ᠵᠡᠷᠭᠡ | ᠳᠡᠰ ᠤᠨ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠦᠠ ᠠᠰᠢᠭᠯᠠᠯᠲᠠ ᠶᠢᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠳᠣᠯᠣᠳᠤᠭᠠᠷ ᠵᠦᠢᠯ ᠭᠤᠣᠯ ᠤᠨ ᠵᠠᠮ ᠤᠨ ᠦᠶᠡᠷ ᠢ ᠰᠡᠷᠭᠡᠶᠢᠯᠡᠬᠦ ᠪᠠ ᠰᠠᠭᠠᠳ ᠢ ᠠᠷᠢᠯᠭᠠᠬᠤ ᠠᠵᠢᠯ ᠨᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠥᠷᠢᠮ | ᠢ ᠬᠡᠷᠡᠭᠵᠢᠭᠦᠯᠦᠨ᠎ᠡ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠢ ᠭᠤᠤᠯᠯᠠᠨ | ᠬᠠᠮᠢᠶᠠᠷᠬᠤ ᠪᠠᠶᠢᠭᠤᠯᠭ᠎ᠠ ᠵᠢᠴᠢ ᠭᠤᠣᠯ ᠤᠨ ᠵᠠᠮ ᠢ ᠬᠢᠨᠠᠨ ᠬᠠᠮᠢᠶᠠᠷᠬᠤ ᠠᠵᠢᠯᠳᠠᠨ ᠡᠷᠬᠡᠪᠰᠢ ᠤᠯᠤᠰ ᠤᠨ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠭᠤᠣᠯ ᠤᠨ ᠵᠠᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠤᠰᠤ | ᠬᠠᠩᠭᠠᠬᠤ ᠲᠥᠯᠥᠪᠯᠡᠭᠡ ᠪᠠ ᠦᠶᠡᠷ ᠢ ᠰᠡᠷᠭᠡᠶᠢᠯᠡᠬᠦ ᠲᠤᠬᠢᠷᠠᠭᠤᠯᠭ᠎ᠠ ᠶᠢᠨ ᠵᠠᠷᠯᠢᠭ ᠢ ᠬᠡᠷᠡᠭᠵᠢᠭᠦᠯᠵᠦ᠂ ᠤᠰᠤᠨ ᠤ | ᠪᠠᠷᠢᠯᠭ᠎ᠠ ᠪᠠ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ | ᠶᠢᠰᠦᠳᠦᠭᠡᠷ ᠵᠦᠢᠯ ᠠᠯᠢᠪᠠ ᠨᠢᠭᠡᠴᠢ ᠪᠠ ᠬᠤᠪᠢ ᠬᠥᠮᠦᠨ ᠴᠥᠮ ᠭᠤᠣᠯ ᠤᠨ ᠵᠠᠮ ᠬᠠᠰᠢᠯᠭ᠎ᠠ ᠳᠠᠯᠠᠩ ᠤᠨ | ᠠᠮᠤᠷ ᠲᠦᠪᠰᠢᠨ ᠢ ᠬᠠᠮᠠᠭᠠᠯᠠᠬᠤ ᠪᠠ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠳᠤ ᠣᠷᠣᠯᠴᠠᠬᠤ | ᠡᠭᠦᠷᠭᠡ ᠲᠠᠢ᠃ | | ᠬᠤᠶᠠᠳᠤᠭᠠᠷ ᠪᠦᠯᠦᠭ ᠭᠤᠣᠯ ᠤᠨ ᠵᠡᠮ ᠢ ᠵᠠᠰᠠᠬᠤ ᠪᠠ ᠪᠦᠳᠦᠭᠡᠠ ᠪᠠᠶᠢᠭᠤᠯᠬᠤ | | ᠠᠷᠪᠠᠳᠤᠭᠠᠷ ᠵᠦᠢᠯ ᠭᠤᠣᠯ ᠤᠨ ᠵᠠᠮ ᠢ ᠵᠠᠰᠠᠬᠤ ᠪᠠ ᠪᠦᠳᠦᠭᠡᠨ ᠪᠠᠶᠢᠭᠤᠯᠬᠤ ᠳᠠᠭᠠᠨ ᠰᠠᠪᠠ ᠭᠠᠵᠠᠷ ᠤᠨ | ᠶᠡᠷᠦᠩᠬᠡᠢ ᠲᠥᠯᠥᠪᠵᠢᠭᠦᠯᠭᠡ ᠶᠢ ᠳᠠᠭᠠᠵᠤ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ᠂ | ᠠᠶᠠᠯᠠᠯ ᠨᠡᠪᠲᠡᠷᠡᠬᠦ ᠪᠠᠷᠢᠮᠵᠢᠶ᠎ᠠ ᠪᠣᠯᠤᠨ ᠪᠤᠰᠤᠳ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ | ᠨᠡᠶᠢᠴᠡᠭᠦᠯᠵᠦ᠂ ᠬᠠᠰᠢᠯᠭ᠎ᠠ ᠳᠠᠯᠠᠩ ᠤᠨ ᠠᠮᠤᠷ ᠲᠦᠪᠰᠢᠨ ᠢ ᠬᠠᠮᠠᠭᠠᠯᠠᠵᠤ᠂ ᠭᠤᠣᠯ ᠤᠨ ᠤᠷᠤᠰᠬᠠᠯ ᠤᠨ | ᠲᠣᠭᠲᠠᠭᠤᠨ ᠪᠠᠶᠢᠬᠤ ᠪᠠ ᠦᠶᠡᠷ ᠵᠠᠯᠠᠬᠤ᠂ ᠤᠰᠤᠨ ᠵᠠᠮ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠤᠰᠤᠨ ᠠᠰᠢᠭᠯᠠᠯᠲᠠ ᠶᠢ ᠨᠡᠭᠡᠭᠡᠨ ᠠᠰᠢᠭᠯᠠᠬᠤ᠂ ᠤᠰᠤᠨ ᠤ ᠭᠠᠮᠰᠢᠭ ᠢ | ᠰᠡᠷᠭᠡᠶᠢᠯᠡᠨ ᠵᠠᠰᠠᠬᠤ᠂ ᠭᠤᠣᠯ ᠤᠨ ᠵᠠᠮ ᠢ ᠵᠠᠰᠠᠬᠤ ᠡᠯ᠎ᠡ ᠲᠦᠷᠦᠯ ᠤᠨ ᠪᠠᠷᠢᠯᠭ᠎ᠠ ᠪᠠ ᠭᠤᠣᠯ ᠰᠤᠨᠳᠠᠯᠠᠬᠤ᠂ ᠭᠤᠣᠯ | ᠭᠠᠲᠤᠯᠬᠤ᠂ ᠭᠤᠣᠯ ᠳᠠᠭᠠᠭᠰᠠᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠶ᠂ ᠤᠳᠠᠰᠤ ᠲᠠᠲᠠᠯᠭ᠎ᠠ ᠵᠡᠷᠭᠡ | ᠪᠠᠷᠢᠯᠭ᠎ᠠ ᠵᠢᠴᠢ ᠲᠥᠬᠦᠭᠡᠷᠦᠮᠵᠢ ᠶᠢ ᠪᠠᠶᠢᠭᠤᠯᠬᠤ ᠳᠤ ᠪᠦᠳᠦᠭᠡᠨ ᠪᠠᠶᠢᠭᠤᠯᠬᠤ ᠨᠢᠭᠡᠴᠢ ᠨᠢ ᠡᠷᠬᠡᠪᠰᠢ ᠭᠤᠣᠯ ᠤᠨ | ᠵᠠᠮ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠲᠥᠰᠦᠯ ᠢᠶᠠᠨ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠦᠨ | ᠬᠦᠷᠭᠡᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠭᠤᠣᠯ ᠤᠨ ᠵᠡᠮ ᠢ ᠭᠤᠤᠯᠯᠠᠨ ᠬᠠᠮᠢᠶᠠᠷᠬᠤ | ᠪᠠᠶᠢᠭᠤᠯᠭ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤᠢᠭᠡᠢ ᠪᠠᠶᠢᠪᠠᠯ᠂ ᠪᠦᠳᠦᠭᠡᠠ ᠪᠠᠶᠢᠭᠤᠯᠬᠤ | ᠨᠢᠭᠡᠴᠢ ᠨᠢ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ ᠪᠣᠯᠬᠤ ᠤᠢᠭᠡᠢ᠃ | ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠪᠦᠳᠦᠭᠡᠠ ᠪᠠᠶᠢᠭᠤᠯᠬᠤ | ᠨᠢᠭᠡᠴᠢ ᠨᠢ ᠪᠠᠷᠢᠯᠭ᠎ᠠ ᠶᠢᠨ ᠠᠵᠢᠯ ᠤᠨ ᠲᠤᠬᠢᠷᠡᠭᠤᠯᠦᠯᠳᠠ ᠪᠠᠨ ᠭᠤᠣᠯ ᠤᠨ ᠵᠡᠮ ᠤᠨ ᠭᠤᠤᠯᠯᠠᠨ ᠬᠠᠮᠢᠶᠠᠷᠬᠤ | ᠪᠠᠶᠢᠭᠤᠯᠭ᠎ᠠ ᠳᠤ ᠮᠡᠳᠡᠭᠳᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠬᠦᠬᠦᠷᠭᠡ᠂ ᠭᠠᠷᠠᠮ ᠪᠠ ᠪᠤᠰᠤᠳ ᠲᠥᠬᠦᠭᠡᠷᠦᠮᠵᠢ ᠶᠢ ᠪᠠᠶᠢᠭᠤᠯᠬᠤ ᠳᠤ | ᠡᠷᠬᠡᠪᠰᠢ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠳᠤ ᠲᠣᠭᠲᠠᠭᠠᠭᠰᠠᠨ ᠭᠤᠣᠯ ᠤᠨ | ᠥᠷᠭᠡᠨ ᠤ ᠬᠡᠮᠵᠢᠶ᠎ᠡ ᠪᠠᠷ ᠬᠢᠬᠦ ᠬᠡᠷᠡᠭᠲᠡᠢ᠂ ᠦᠶᠡᠷ ᠵᠠᠯᠠᠬᠤ ᠵᠠᠮ ᠢ ᠪᠠᠭᠠᠰᠬᠠᠵᠤ ᠪᠣᠯᠬᠤ ᠦᠭᠡᠢ᠃ | ᠬᠥᠭᠦᠷᠭᠡ ᠪᠠ ᠬᠥᠭᠦᠷᠭᠡ ᠶᠢᠨ ᠨᠢᠷᠤᠭᠤ ᠶᠢᠨ ᠢᠷᠣᠭᠠᠷ ᠢ ᠡᠷᠬᠡᠪᠰᠢ ᠵᠢᠷᠤᠵᠤ ᠲᠥᠯᠥᠪᠯᠡᠭᠰᠡᠨ ᠦᠶᠡᠷ ᠤᠨ | ᠤᠰᠤᠨ ᠤ ᠲᠦᠪᠰᠢᠨ ᠠᠴᠠ ᠥᠨᠳᠥᠷ ᠪᠠᠶᠢᠯᠭᠠᠬᠤ ᠬᠡᠷᠡᠭᠲᠡᠶ ᠪᠥᠭᠡᠳ ᠦᠶᠡᠷ ᠢ ᠰᠡᠷᠭᠡᠶᠢᠯᠡᠬᠦ ᠪᠠ ᠤᠰᠤᠨ ᠵᠠᠮ ᠤᠨ | ᠲᠡᠭᠡᠭᠡᠪᠦᠷᠢ ᠶᠢᠨ ᠱᠠᠭᠠᠷᠳᠠᠯᠭ᠎ᠠ ᠶᠣᠰᠣᠭᠠᠷ ᠵᠣᠬᠢᠬᠤ ᠬᠡᠮᠵᠢᠶᠡᠨ ᠤ ᠭᠡᠳᠤ ᠥᠨᠳᠥᠷ ᠪᠠᠶᠢᠯᠭᠠᠬᠤ ᠬᠡᠷᠡᠭᠲᠡᠶ᠃ ᠵᠢᠷᠤᠵᠤ | ᠲᠥᠯᠥᠪᠯᠡᠭᠰᠡᠨ ᠦᠶᠡᠷ ᠤᠨ ᠤᠰᠤᠨ ᠲᠦᠪᠰᠢᠨ ᠢ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ | ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠦᠨᠳᠦᠰᠦᠯᠡᠨ ᠲᠣᠭᠲᠠᠭᠠᠨ᠎ᠠ᠃ | ᠭᠤᠣᠯ ᠤᠨ ᠵᠠᠮ ᠢ ᠰᠤᠨᠳᠠᠯᠠᠭᠰᠠᠨ ᠳᠠᠮᠵᠢᠭᠤᠯᠬᠤ ᠬᠤᠭᠤᠯᠠᠶ᠂ ᠱᠤᠭᠤᠮ ᠤᠨ ᠠᠭᠠᠷ ᠤᠨ ᠴᠡᠪᠡᠷ | ᠬᠥᠨᠳᠡᠶ ᠶᠢᠨ ᠥᠨᠳᠥᠷ ᠤᠨ ᠬᠡᠮᠵᠢᠶ᠎ᠡ ᠨᠢ ᠡᠷᠬᠡᠪᠰᠢ ᠦᠶᠡᠷ ᠢ ᠰᠡᠷᠭᠡᠶᠢᠯᠡᠬᠦ ᠪᠠ ᠤᠰᠤᠨ ᠵᠠᠮ ᠤᠨ ᠲᠡᠭᠡᠭᠡᠪᠦᠷᠢ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠰᠤᠨ ᠠᠶᠠᠯᠠᠯ ᠤᠨ ᠵᠠᠮ ᠢ | ᠴᠡᠭᠴᠡᠯᠡᠨ ᠵᠠᠰᠠᠬᠤ ᠳᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ | ᠪᠥᠭᠡᠳ ᠬᠤᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠶᠢᠨ ᠲᠤᠬᠠᠢ ᠭᠤᠣᠯ ᠤᠨ ᠵᠠᠮ ᠤᠨ ᠭᠤᠤᠯᠯᠠᠨ | ᠬᠠᠮᠢᠶᠠᠷᠬᠤ ᠪᠠᠶᠢᠭᠤᠯᠭ᠎ᠠ ᠶᠢᠨ ᠰᠠᠨᠠᠯ ᠢ ᠤᠷᠢᠳᠠᠪᠠᠷ ᠬᠤᠷᠢᠶᠠᠬᠤ ᠬᠡᠷᠡᠭᠲᠡᠢ᠃ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠭᠤᠣᠯ ᠤᠨ ᠵᠠᠮ ᠢ ᠵᠠᠰᠠᠬᠤ ᠳᠠᠭᠠᠨ ᠤᠰᠤᠨ ᠠᠶᠠᠯᠠᠯ ᠤᠨ | ᠵᠠᠮ ᠳᠤ ᠬᠤᠯᠪᠣᠭᠳᠠᠭᠰᠠᠨ ᠪᠠᠶᠢᠪᠠᠯ᠂ ᠤᠰᠤᠨ ᠵᠠᠮ ᠤᠨ ᠲᠡᠭᠡᠭᠡᠪᠦᠷᠢ ᠶᠢᠨ ᠬᠡᠷᠡᠭᠴᠡᠭᠡ ᠶᠢ ᠬᠠᠮᠲᠤ ᠳᠤᠨᠢ | ᠬᠠᠷᠠᠭᠠᠯᠵᠠᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠶᠢᠨ ᠲᠤᠬᠠᠢ ᠵᠠᠮ | ᠬᠠᠷᠢᠯᠴᠠᠭᠠᠨ ᠤ ᠰᠠᠯᠠᠭ᠎ᠠ ᠮᠥᠴᠢᠷ ᠤᠨ ᠰᠠᠨᠠᠯ ᠢ ᠤᠷᠢᠳᠠᠪᠠᠷ ᠬᠤᠷᠢᠶᠠᠬᠤ ᠬᠡᠷᠡᠭᠲᠡᠢ᠃ | ᠤᠯᠤᠰ ᠠᠴᠠ ᠬᠤᠯᠤᠰᠤ ᠮᠣᠳᠣ ᠤᠷᠤᠰᠬᠠᠨ ᠲᠡᠭᠡᠭᠡᠪᠦᠷᠢᠯᠡᠵᠦ ᠪᠣᠯᠤᠨ᠎ᠠ ᠭᠡᠵᠦ ᠲᠣᠭᠲᠠᠭᠠᠭᠰᠠᠨ ᠭᠤᠣᠯ | ᠮᠥᠷᠡᠨ ᠪᠠ ᠵᠢᠭᠠᠰᠤᠨ ᠠᠵᠤ ᠠᠬᠤᠶ ᠶᠢᠨ ᠴᠢᠬᠤᠯᠠ ᠤᠰᠦᠠ ᠣᠷᠣᠨ ᠳᠤ ᠭᠤᠣᠯ ᠤᠨ ᠵᠡᠮ᠂ ᠤᠰᠦᠠ ᠵᠡᠮ ᠢ | ᠵᠠᠰᠠᠬᠤ ᠳᠤ ᠪᠦᠳᠦᠭᠡᠠ ᠪᠠᠶᠢᠭᠤᠯᠬᠤ ᠨᠢᠭᠡᠴᠢ ᠨᠢ ᠬᠤᠯᠤᠰᠤ ᠮᠣᠳᠣᠨ ᠤ ᠤᠰᠦᠠ ᠲᠡᠭᠡᠭᠡᠪᠦᠷᠢ ᠪᠠ ᠵᠢᠭᠠᠰᠤᠨ ᠠᠵᠤ | ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠪᠥᠭᠡᠳ ᠬᠤᠯᠪᠣᠭᠳᠠᠯ ᠪᠦᠬᠦᠢ | ᠵᠢᠷᠤᠭ ᠲᠥᠯᠥᠪᠯᠡᠭᠡ ᠪᠠ ᠲᠥᠯᠥᠪᠯᠡᠭᠡ ᠶᠢ ᠤᠷᠢᠳᠠᠪᠠᠷ ᠠᠳᠠᠯᠢ ᠱᠠᠲᠤᠨ ᠤ ᠤᠢ ᠰᠢᠭᠤᠶ᠂ ᠵᠢᠭᠠᠰᠤᠨ ᠠᠵᠤ | ᠠᠬᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠵᠦ ᠰᠠᠨᠠᠯ ᠬᠤᠷᠢᠶᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠠᠰᠢᠯᠭ᠎ᠠ ᠲᠡᠯᠡᠩ ᠳᠡᠭᠡᠷ᠎ᠡ ᠨᠢᠭᠡᠨᠲᠡ ᠪᠠᠶᠢᠭᠤᠯᠤᠭᠰᠠᠨ ᠭᠤᠯᠳᠤᠩ | ᠬᠠᠭᠠᠯᠲᠠ᠂ ᠬᠥᠭᠡᠷᠭᠡ ᠶᠢᠨ ᠤᠢᠷᠳᠡᠭᠡ ᠪᠠ ᠪᠤᠯᠠᠵᠤ ᠲᠠᠯᠪᠢᠭᠰᠠᠨ ᠬᠠᠰᠢᠯᠭ᠎ᠠ ᠨᠡᠪᠲᠡᠯᠬᠦ ᠬᠤᠭᠤᠯᠠᠶ᠂ ᠳᠡᠭᠡᠰᠦ | ᠤᠲᠠᠰᠤ ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ᠂ ᠪᠠᠷᠢᠯᠭ᠎ᠠ ᠶᠢᠨ ᠠᠶᠤᠯᠭᠦᠶ ᠶᠢᠨ ᠱᠠᠭᠠᠷᠳᠠᠯᠭ᠎ᠠ ᠳᠤ | ᠨᠡᠶᠢᠴᠡᠬᠦ ᠤᠢᠭᠡᠢ ᠶᠢ ᠨᠢ ᠬᠤᠭᠤᠴᠠᠭ᠎ᠠ ᠲᠣᠭᠲᠠᠭᠠᠨ ᠥᠭᠡᠷᠡᠴᠢᠯᠡᠨ ᠪᠠᠶᠢᠭᠤᠯᠬᠤ ᠬᠡᠷᠡᠭᠲᠡᠶ᠃ | ᠬᠠᠰᠢᠯᠭ᠎ᠠ ᠳᠠᠯᠠᠩ ᠳᠡᠭᠡᠷ᠎ᠡ ᠡᠮᠦᠨᠡᠬᠢ ᠪᠠᠳᠠᠭ ᠲᠤ ᠵᠢᠭᠠᠭᠰᠠᠨ ᠪᠠᠷᠢᠯᠭ᠎ᠠ ᠵᠢᠴᠢ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠬᠤ ᠳᠠᠭᠠᠨ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠠᠶᠤᠯᠭᠦᠶ ᠶᠢᠨ ᠬᠠᠮᠢᠶᠠᠷᠤᠯᠲᠠ ᠶᠢ | ᠲᠡᠭᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠠᠰᠢᠯᠭ᠎ᠠ ᠶᠢᠨ ᠤᠷᠦᠢ ᠪᠤᠶᠤ ᠲᠡᠪᠰᠢ ᠶᠢ ᠠᠰᠢᠭᠯᠠᠨ ᠵᠠᠰᠠᠮᠠᠯ ᠵᠡᠮ ᠢ | ᠬᠠᠪᠰᠤᠷᠭᠠᠨ ᠬᠡᠷᠡᠭᠯᠡᠬᠦ ᠦᠨᠡᠨ ᠬᠦ ᠴᠢᠬᠤᠯᠠ ᠲᠠᠢ ᠪᠣᠯ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ | ᠵᠥᠪᠰᠢᠶᠡᠷᠡᠭᠦᠯᠬᠦ ᠬᠡᠷᠡᠭᠲᠡᠶ᠃ ᠲᠡᠯᠡᠩ ᠤᠨ ᠪᠡᠶ᠎ᠡ ᠪᠠ ᠲᠡᠯᠡᠩ ᠤᠨ ᠤᠷᠦᠢ ᠳᠡᠭᠡᠷᠡᠬᠢ ᠵᠠᠰᠠᠮᠠᠯ ᠵᠡᠮ ᠢ ᠬᠠᠮᠢᠶᠠᠷᠬᠤ ᠪᠠ | ᠬᠠᠮᠠᠭᠠᠯᠠᠬᠤ ᠠᠷᠭ᠎ᠠ ᠶᠢ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠵᠡᠮ ᠬᠠᠷᠢᠯᠴᠠᠭᠠᠨ ᠤ | ᠰᠠᠯᠠᠭ᠎ᠠ ᠮᠥᠴᠢᠷ ᠲᠠᠢ ᠵᠥᠪᠳᠡᠯᠴᠡᠵᠦ ᠲᠣᠭᠲᠠᠭᠠᠨ᠎ᠠ᠃ | ᠠᠷᠪᠠᠨ ᠵᠢᠷᠭᠤᠳᠤᠭᠠᠷ ᠵᠦᠢᠯ ᠬᠤᠳᠠ ᠪᠠᠯᠭᠠᠰᠤᠨ ᠤ ᠪᠦᠳᠦᠭᠡᠠ ᠪᠠᠶᠢᠭᠤᠯᠤᠯᠲᠠ ᠪᠠ ᠬᠥᠭᠵᠢᠯᠲᠡ ᠳᠤ | ᠭᠤᠣᠯ ᠤᠨ ᠵᠡᠮ ᠤᠨ ᠲᠡᠩ ᠭᠠᠵᠠᠷ ᠢ ᠡᠵᠡᠯᠡᠨ ᠬᠡᠷᠡᠭᠯᠡᠵᠦ ᠪᠣᠯᠬᠤ ᠤᠢᠭᠡᠢ᠃ ᠬᠤᠳᠠ ᠪᠠᠯᠭᠠᠰᠤᠨ ᠤ | ᠲᠥᠯᠥᠪᠵᠢᠭᠦᠯᠭᠡ ᠶᠢᠨ ᠭᠤᠣᠯ ᠳᠠᠭᠠᠤ ᠶᠢᠨ ᠵᠠᠭᠠᠭ ᠢ ᠭᠤᠣᠯ ᠮᠥᠷᠡᠨ ᠤ ᠵᠠᠮ ᠢ ᠭᠤᠤᠯᠯᠠᠨ ᠬᠠᠮᠢᠶᠠᠷᠬᠤ | ᠪᠠᠶᠢᠭᠤᠯᠭ᠎ᠠ ᠠᠴᠠ ᠬᠤᠳᠠ ᠪᠠᠯᠭᠠᠰᠤᠨ ᠤ ᠲᠥᠯᠥᠪᠵᠢᠭᠦᠯᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠣᠭᠲᠠᠭᠠᠨ᠎ᠠ᠃ ᠭᠤᠣᠯ ᠳᠠᠭᠠᠤ ᠶᠢᠨ ᠬᠤᠲᠠ ᠪᠠᠯᠭᠠᠰᠤ ᠨᠢ ᠬᠤᠲᠠ ᠪᠠᠯᠭᠠᠰᠤᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠪᠠ ᠬᠢᠨᠠᠨ ᠪᠠᠶᠢᠴᠠᠭᠠᠬᠤ ᠳᠠᠭᠠᠨ ᠤᠷᠢᠳ ᠢᠶᠠᠷ ᠭᠤᠣᠯ ᠤᠨ ᠵᠠᠮ ᠢ ᠭᠤᠤᠯᠯᠠᠨ ᠬᠠᠮᠢᠶᠠᠷᠬᠤ | ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠭᠤᠣᠯ ᠤᠨ ᠵᠠᠮ ᠤᠨ ᠡᠷᠭᠢ ᠶᠢᠨ ᠱᠤᠭᠤᠮ ᠢ ᠠᠰᠢᠭᠯᠠᠬᠤ ᠪᠠ ᠪᠦᠳᠦᠭᠡᠨ | ᠪᠠᠶᠢᠭᠤᠯᠬᠤ ᠳᠠᠭᠠᠨ ᠭᠤᠣᠯ ᠤᠨ ᠵᠠᠮ ᠢ ᠴᠡᠭᠴᠡᠯᠡᠨ ᠵᠠᠰᠠᠬᠤ ᠲᠥᠯᠥᠪᠵᠢᠭᠦᠯᠭᠡ ᠪᠠ ᠤᠰᠤᠨ ᠠᠶᠠᠯᠠᠯ ᠤᠨ ᠵᠠᠮ ᠢ | ᠴᠡᠭᠴᠡᠯᠡᠨ ᠵᠠᠰᠠᠬᠤ ᠲᠥᠯᠥᠪᠵᠢᠭᠦᠯᠭᠡ ᠶᠢ ᠲᠠᠭᠠᠬᠤ ᠬᠡᠷᠡᠭᠲᠡᠢ᠃ ᠲᠥᠯᠥᠪᠯᠡᠭᠡᠨ ᠤ ᠰᠠᠯᠠᠭ᠎ᠠ ᠮᠥᠴᠢᠷ ᠭᠤᠣᠯ ᠤᠨ | ᠵᠠᠮ ᠤᠨ ᠡᠷᠭᠢ ᠶᠢᠨ ᠱᠤᠭᠤᠮ ᠢ ᠠᠰᠢᠭᠯᠠᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ | ᠵᠥᠪᠰᠢᠶᠡᠷᠡᠬᠦ ᠳᠡᠭᠡᠨ ᠤᠷᠢᠳ ᠢᠶᠠᠷ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠰᠠᠨᠠᠯ ᠢ | ᠬᠤᠷᠢᠶᠠᠬᠤ ᠬᠡᠷᠡᠭᠲᠡᠶ᠃ | ᠭᠤᠣᠯ ᠤᠨ ᠵᠡᠮ ᠤᠨ ᠡᠷᠭᠢ ᠶᠢᠨ ᠱᠤᠭᠤᠮ ᠤᠨ ᠵᠠᠭᠠᠭ ᠢ ᠭᠤᠣᠯ ᠤᠨ ᠵᠡᠮ ᠤᠨ ᠭᠤᠤᠯᠯᠠᠨ ᠬᠠᠮᠢᠶᠠᠷᠬᠤ | ᠪᠠᠶᠢᠭᠤᠯᠭ᠎ᠠ ᠠᠴᠠ ᠵᠡᠮ ᠬᠠᠷᠢᠯᠴᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ ᠵᠠᠭᠠᠭᠯᠠᠨ | ᠲᠤᠭᠳᠠᠭᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠭᠤᠣᠯ ᠤᠨ ᠵᠠᠮ ᠤᠨ ᠰᠢᠪᠠᠷ ᠱᠠᠯᠪᠠᠭ ᠢ ᠠᠷᠢᠯᠭᠠᠬᠤ ᠪᠠ ᠬᠠᠰᠢᠯᠭ᠎ᠠ ᠳᠠᠯᠠᠩ ᠢ | ᠪᠠᠬᠢᠯᠡᠵᠦ ᠰᠢᠷᠣᠶ ᠠᠪᠬᠤ ᠵᠢᠴᠢ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠶᠣᠰᠣᠭᠠᠷ ᠭᠤᠣᠯ ᠤᠨ ᠵᠠᠮ ᠢ | ᠴᠡᠭᠴᠡᠯᠡᠨ ᠵᠠᠰᠠᠬᠤ ᠳᠤ ᠡᠵᠡᠯᠡᠨ ᠬᠡᠷᠡᠭᠯᠡᠬᠦ ᠴᠢᠬᠤᠯᠠᠲᠠᠶ ᠭᠠᠵᠠᠷ ᠰᠢᠷᠣᠶ ᠶᠢ ᠲᠤᠬᠠᠶ ᠶᠢᠨ ᠭᠠᠵᠠᠷ ᠤᠨ ᠠᠷᠠᠳ ᠤᠨ | ᠵᠠᠰᠠᠭ ᠤᠨ ᠣᠷᠳᠣᠨ ᠠᠴᠠ ᠲᠣᠬᠢᠷᠠᠭᠤᠯᠤᠨ ᠰᠢᠢᠳᠪᠤᠷᠢᠯᠡᠨ᠎ᠡ᠃ | ᠴᠥᠭᠦᠷᠥᠮ ᠪᠠᠶᠢᠭᠤᠯᠬᠤ᠂ ᠭᠤᠣᠯ ᠤᠨ ᠵᠡᠮ ᠢ ᠵᠠᠰᠠᠬᠤ ᠠᠴᠠ ᠪᠤᠯᠵᠦ ᠨᠡᠮᠡᠵᠦ ᠣᠷᠣᠭᠤᠯᠤᠭᠰᠠᠨ ᠠᠰᠢᠭᠯᠠᠵᠤ | ᠪᠣᠯᠬᠤ ᠭᠠᠵᠠᠷ ᠰᠢᠷᠣᠶ ᠨᠢ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠠᠴᠠ ᠨᠡᠭᠦᠳᠡᠯᠴᠢᠨ ᠠᠷᠠᠳ ᠢ ᠲᠥᠪᠬᠢᠨᠡᠭᠦᠯᠬᠦ ᠪᠠ ᠭᠤᠣᠯ ᠤᠨ ᠵᠡᠮ ᠢ ᠵᠠᠰᠠᠬᠤ | ᠪᠠᠷᠢᠯᠭ᠎ᠠ ᠳᠤ ᠬᠡᠷᠡᠭᠯᠡᠵᠦ ᠪᠣᠯᠤᠨ᠎ᠠ᠃ | ᠠᠷᠪᠠ ᠶᠢᠰᠦᠳᠦᠭᠡᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠢ | ᠭᠤᠣᠯ ᠤᠨ ᠵᠠᠮ ᠢᠶᠠᠷ ᠵᠠᠭᠠᠭ ᠪᠣᠯᠭᠠᠭᠰᠠᠨ ᠪᠠᠶᠢᠪᠠᠯ᠂ ᠭᠤᠣᠯ ᠤᠨ ᠵᠠᠮ ᠤᠨ ᠬᠤᠶᠠᠷ ᠡᠷᠭᠢ ᠶᠢᠨ ᠭᠠᠳᠠᠷ ᠲᠠᠯ᠎ᠠ ᠶᠢᠨ | ᠲᠤᠰ ᠪᠦᠷᠢ 10 ᠺᠢᠯᠣᠮᠧᠲᠷ ᠤᠨ ᠳᠣᠲᠣᠷ᠎ᠠ᠂ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠠᠯᠤᠰᠯᠠᠭᠰᠠᠨ ᠭᠤᠣᠯ ᠤᠨ ᠵᠠᠮ ᠳᠤ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠬᠡᠯᠡᠯᠴᠡᠭᠡᠷ ᠲᠣᠭᠲᠠᠭᠰᠠᠨ | ᠦᠭᠡᠢ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠭᠠᠭᠴᠠ ᠲᠠᠯ᠎ᠠ ᠠᠴᠠ ᠤᠰᠤ ᠵᠠᠯᠠᠬᠤ᠂ ᠤᠰᠤ | ᠬᠤᠷᠢᠭᠯᠠᠬᠤ᠂ ᠤᠰᠤ ᠲᠠᠲᠠᠬᠤ᠂ ᠤᠰᠤ ᠬᠠᠳᠠᠭᠠᠯᠠᠬᠤ ᠪᠠᠷᠢᠯᠭ᠎ᠠ ᠵᠢᠴᠢ ᠭᠤᠣᠯ ᠤᠨ ᠵᠠᠮ ᠢ ᠵᠠᠰᠠᠬᠤ ᠪᠠᠷᠢᠯᠭ᠎ᠠ | ᠪᠠᠶᠢᠭᠤᠯᠬᠤ ᠶᠢ ᠴᠠᠭᠠᠵᠠᠯᠠᠨ᠎ᠠ᠃ | | ᠭᠤᠷᠪᠠᠳᠤᠭᠠᠷ ᠪᠦᠯᠦᠭ ᠭᠤᠣᠯ ᠤᠨ ᠵᠡᠮ ᠢ ᠬᠠᠮᠠᠭᠠᠯᠠᠬᠤ | | ᠬᠤᠷᠢᠳᠤᠭᠠᠷ ᠵᠦᠢᠯ ᠬᠠᠰᠢᠯᠭ᠎ᠠ ᠲᠡᠯᠡᠩ ᠲᠠᠢ ᠭᠤᠣᠯ ᠤᠨ ᠵᠡᠮ ᠤᠨ ᠬᠠᠮᠢᠶᠠᠷᠤᠯᠲᠠ ᠶᠢᠨ ᠬᠦᠷᠢᠶ᠎ᠡ | ᠬᠡᠪᠴᠢᠶ᠎ᠡ ᠨᠢ ᠬᠤᠶᠠᠷ ᠡᠷᠭᠢ ᠶᠢᠨ ᠬᠠᠰᠢᠯᠭ᠎ᠠ ᠲᠡᠯᠡᠩ ᠤᠨ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ | ᠲᠡᠩ ᠭᠠᠵᠠᠷ ︵ᠲᠠᠷᠢᠶᠠᠨ ᠭᠠᠵᠠᠷ ᠪᠠᠭᠲᠠᠨ᠎ᠠ︶᠂ ᠦᠶᠡᠷ ᠵᠠᠯᠠᠬᠤ ᠣᠷᠣᠨ᠂ ᠬᠤᠶᠠᠷ ᠡᠷᠭᠢ ᠶᠢᠨ ᠬᠠᠰᠢᠯᠭ᠎ᠠ ᠲᠡᠯᠡᠩ | ᠵᠢᠴᠢ ᠲᠡᠯᠡᠩ ᠬᠠᠮᠠᠭᠠᠯᠠᠬᠤ ᠭᠠᠵᠠᠷ ᠪᠣᠯᠤᠨ᠎ᠠ᠃ | ᠬᠠᠰᠢᠯᠭ᠎ᠠ ᠲᠡᠯᠡᠩ ᠤᠢᠭᠡᠢ ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠲᠡᠦᠬᠡᠨ ᠳᠡᠭᠡᠷᠡᠬᠢ | ᠬᠠᠮᠤᠭ ᠤᠨ ᠥᠨᠳᠥᠷ ᠦᠶᠡᠷ ᠤᠨ ᠲᠦᠪᠰᠢᠨ ᠪᠤᠶᠤ ᠵᠢᠷᠤᠵᠤ ᠲᠥᠯᠥᠪᠯᠡᠭᠰᠡᠨ ᠦᠶᠡᠷ ᠤᠨ ᠲᠦᠪᠰᠢᠨ ᠢ | ᠦᠨᠳᠦᠰᠦᠯᠡᠵᠦ ᠲᠣᠭᠲᠠᠭᠠᠨ᠎ᠠ᠃ | ᠭᠤᠣᠯ ᠤᠨ ᠵᠡᠮ ᠤᠨ ᠪᠣᠳᠠᠲᠠᠶ ᠬᠠᠮᠢᠶᠠᠷᠬᠤ ᠬᠡᠪᠴᠢᠶ᠎ᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠵᠠᠭᠠᠭᠯᠠᠨ ᠲᠣᠭᠲᠠᠭᠠᠨ᠎ᠠ᠃ | ᠬᠤᠷᠢᠨ ᠨᠢᠭᠡᠳᠦᠭᠡᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠤᠰᠤᠨ | ᠣᠷᠣᠨ ᠪᠠ ᠭᠠᠵᠠᠷ ᠰᠢᠷᠣᠢ ᠶᠢᠨ ᠠᠰᠢᠭᠯᠠᠯᠲᠠ ᠨᠢ ᠭᠤᠣᠯ ᠮᠥᠷᠡᠨ ᠤ ᠦᠶᠡᠷ ᠵᠠᠯᠠᠬᠤ᠂ ᠤᠰᠤ ᠳᠠᠮᠵᠢᠭᠤᠯᠬᠤ ᠪᠠ | ᠤᠰᠤᠨ ᠵᠠᠮ ᠤᠨ ᠲᠡᠭᠡᠭᠡᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ ᠲᠡᠩ ᠭᠠᠵᠠᠷ ᠢ | ᠠᠰᠢᠭᠯᠠᠬᠤ ᠳᠤ ᠭᠤᠣᠯ ᠤᠨ ᠵᠡᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠭᠠᠵᠠᠷ ᠰᠢᠷᠣᠶ ᠶᠢᠨ ᠬᠠᠮᠢᠶᠠᠷᠤᠯᠲᠠ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠯᠥᠪᠵᠢᠭᠦᠯᠭᠡ ᠲᠣᠭᠲᠠᠭᠠᠵᠤ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠡᠷᠠᠭ᠎ᠠ ᠬᠡᠷᠡᠭᠵᠢᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠬᠠᠰᠢᠯᠭ᠎ᠠ ᠲᠡᠯᠡᠩ᠂ ᠡᠷᠭᠢ ᠶᠢᠨ ᠬᠠᠮᠠᠭᠠᠯᠠᠯᠲᠠ᠂ ᠬᠠᠭᠠᠯᠳᠠ ᠬᠠᠰᠢᠯᠭ᠎ᠠ | ᠵᠡᠷᠭᠡ ᠤᠰᠦᠠ ᠤ ᠪᠠᠷᠢᠯᠭ᠎ᠠ ᠶᠢᠨ ᠪᠠᠷᠢᠯᠭ᠎ᠠ ᠪᠠ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠦᠠ ᠵᠦᠢ ᠶᠢᠨ ᠬᠢᠨᠠᠨ | ᠬᠡᠮᠵᠢᠬᠦ ᠲᠥᠬᠦᠭᠡᠷᠦᠮᠵᠢ᠂ ᠭᠤᠣᠯ ᠤᠨ ᠡᠷᠭᠢ ᠶᠢᠨ ᠭᠠᠵᠠᠷ ᠰᠢᠨᠵᠢᠯᠡᠭᠡᠨ ᠤ ᠬᠢᠨᠠᠨ ᠬᠡᠮᠵᠢᠬᠦ ᠲᠥᠬᠦᠭᠡᠷᠦᠮᠵᠢ ᠵᠢᠴᠢ | ᠮᠡᠳᠡᠭᠡ ᠬᠤᠯᠪᠣᠭᠠᠨ ᠤ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠡᠪᠳᠡᠨ ᠰᠦᠢᠳᠬᠡᠬᠦ ᠶᠢ ᠴᠠᠭᠠᠵᠠᠯᠠᠨ᠎ᠠ᠃ | ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠬᠤᠭᠤᠴᠠᠭᠠᠨ ᠳᠤ ᠬᠤᠯᠪᠣᠭᠳᠠᠯ ᠦᠭᠡᠢ ᠬᠥᠮᠦᠨ ᠪᠠ ᠲᠡᠷᠭᠡ | ᠬᠥᠰᠬᠡ ᠶᠢ ᠬᠠᠰᠢᠯᠭ᠎ᠠ ᠳᠡᠭᠡᠷ᠎ᠡ ᠭᠠᠷᠭᠠᠵᠤ ᠪᠣᠯᠬᠤ ᠦᠭᠡᠢ᠃ | ᠴᠠᠰᠤ ᠪᠣᠷᠣᠭᠠᠨ ᠵᠡᠷᠭᠡ ᠠᠴᠠ ᠪᠤᠯᠵᠤ ᠬᠠᠰᠢᠯᠭ᠎ᠠ ᠶᠢᠨ ᠤᠷᠤᠢ ᠨᠢ ᠰᠢᠪᠠᠷ ᠱᠠᠯᠴᠢᠭ ᠲᠠᠢ ᠪᠣᠯᠤᠭᠰᠠᠨ | ᠬᠤᠭᠤᠴᠠᠭᠠᠨ ᠳᠤ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠂ ᠭᠡᠪᠡᠴᠦ ᠦᠶᠡᠷ ᠢ ᠰᠡᠷᠭᠡᠶᠢᠯᠡᠵᠦ ᠠᠶᠤᠯ ᠠᠴᠠ | ᠠᠪᠤᠷᠠᠬᠤ ᠲᠡᠷᠭᠡ ᠬᠥᠰᠬᠡ ᠡᠭᠦᠨ ᠳᠤ ᠪᠠᠭᠲᠠᠬᠤ ᠦᠭᠡᠢ᠃ | ᠬᠤᠷᠢᠨ ᠭᠤᠷᠪᠠᠳᠤᠭᠠᠷ ᠵᠦᠢᠯ ᠬᠠᠮᠢᠶᠠᠷᠤᠯᠲᠠ ᠶᠢᠨ ᠪᠤᠰᠤ ᠬᠥᠮᠦᠨ ᠤ ᠭᠤᠣᠯ ᠤᠨ ᠵᠠᠮ ᠳᠡᠭᠡᠷᠡᠬᠢ | ᠭᠤᠯᠳᠤᠩ ᠬᠠᠭᠠᠯᠲᠠ ᠶᠢ ᠬᠡᠷᠡᠭᠯᠡᠬᠦ ᠶᠢ ᠴᠠᠭᠠᠵᠠᠯᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ | ᠭᠤᠣᠯ ᠤᠨ ᠵᠠᠮ ᠤᠨ ᠬᠠᠮᠢᠶᠠᠷᠤᠯᠲᠠ ᠶᠢᠨ ᠨᠢᠭᠡᠴᠢ ᠶᠢᠨ ᠬᠡᠪ ᠤᠨ ᠠᠵᠢᠯ ᠢ ᠬᠠᠷᠰᠢᠯᠠᠬᠤ ᠶᠢ ᠴᠠᠭᠠᠵᠠᠯᠠᠨ᠎ᠠ᠃ | ᠬᠤᠷᠢᠨ ᠳᠥᠷᠪᠡᠳᠦᠭᠡᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠠᠭᠠᠯᠳᠠ | ᠬᠠᠰᠢᠯᠭ᠎ᠠ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠠᠭᠠᠵᠠᠯᠠᠨ᠎ᠠ︔ ᠥᠨᠳᠥᠷ | ᠡᠰᠢᠲᠦ ᠲᠠᠷᠢᠮᠠᠯ᠂ ᠬᠤᠯᠤᠰᠤ᠂ ᠴᠠᠭᠠᠨ ᠪᠤᠷᠭᠠᠰᠤ᠂ ᠲᠦᠯᠡᠭᠡ ᠡᠪᠡᠰᠦ ᠪᠠ ᠮᠣᠳᠣ ︵ ᠬᠠᠭᠠᠯᠳᠠ ᠬᠠᠰᠢᠯᠭ᠎ᠠ ᠶᠢᠨ | ᠤᠢ ᠡᠭᠦᠨ ᠳᠤ ᠪᠠᠭᠲᠠᠬᠤ ᠦᠭᠡᠢ︶ ᠶᠢ ᠲᠠᠷᠢᠬᠤ ᠶᠢ ᠴᠠᠭᠠᠵᠠᠯᠠᠨ᠎ᠠ︔ ᠭᠤᠣᠯ ᠬᠠᠰᠢᠵᠤ ᠵᠢᠭᠠᠰᠤ ᠠᠩᠨᠠᠬᠤ ᠪᠠᠭᠠᠵᠢ | ᠬᠡᠷᠡᠭᠰᠡᠯ ᠢ ᠪᠠᠶᠢᠷᠢᠯᠠᠭᠤᠯᠬᠤ ᠶᠢ ᠴᠠᠭᠠᠵᠠᠯᠠᠨ᠎ᠠ︔ ᠬᠦᠳᠡᠷ ᠤᠨ ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ | ᠦᠨᠡᠰᠦ᠂ ᠰᠢᠪᠠᠷ ᠰᠢᠷᠣᠶ᠂ ᠬᠤᠭ ᠨᠣᠪᠰᠢ ᠵᠡᠷᠭᠡ ᠶᠢ ᠬᠠᠶᠠᠬᠤ ᠶᠢ ᠴᠠᠭᠠᠵᠠᠯᠠᠨ᠎ᠠ᠃ | ᠬᠠᠰᠢᠯᠭ᠎ᠠ ᠳᠠᠯᠠᠩ ᠪᠠ ᠬᠠᠰᠢᠯᠭ᠎ᠠ ᠬᠠᠮᠠᠭᠠᠯᠠᠬᠤ ᠭᠠᠵᠠᠷ ᠲᠤ ᠭᠡᠷ ᠪᠠᠷᠢᠬᠤ᠂ ᠮᠠᠯ ᠬᠠᠷᠢᠭᠤᠯᠬᠤ᠂ ᠰᠤᠪᠠᠭ | ᠮᠠᠯᠲᠠᠬᠤ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠡᠳ᠋ | ᠮᠠᠲ᠋ᠧᠷᠢᠶᠠᠯ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ | ᠨᠡᠭᠡᠭᠡᠨ ᠮᠠᠯᠳᠠᠯᠳᠠ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ᠃ | ᠬᠤᠷᠢᠨ ᠲᠠᠪᠤᠳᠤᠭᠠᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠣᠣᠷ᠎ᠠ | ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠬᠦ ᠳᠤ ᠡᠷᠬᠡᠪᠰᠢ ᠭᠤᠣᠯ ᠤᠨ ᠵᠠᠮ ᠤᠨ ᠭᠤᠤᠯᠯᠠᠨ ᠬᠠᠮᠢᠶᠠᠷᠬᠤ | ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ︔ ᠪᠤᠰᠤᠳ ᠰᠠᠯᠠᠭ᠎ᠠ ᠮᠥᠴᠢᠷ ᠲᠤ ᠬᠤᠯᠪᠣᠭᠳᠠᠪᠠᠯ᠂ | ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠵᠥᠪᠰᠢᠶᠡᠷᠡᠨ᠎ᠡ᠄ | ︵ᠨᠢᠭᠡ︶ ᠡᠯᠡᠰᠦ ᠮᠠᠯᠲᠠᠬᠤ᠂ ᠰᠢᠷᠣᠶ ᠠᠪᠬᠤ᠂ ᠠᠯᠲᠠ ᠮᠠᠯᠲᠠᠬᠤ᠂ ᠬᠠᠶᠢᠷ ᠴᠢᠯᠠᠭᠤ ᠪᠤᠶᠤ ᠯᠠᠭ ᠰᠢᠪᠠᠷ ᠢ | ᠬᠠᠶᠠᠬᠤ︔ | ︵ᠬᠤᠶᠠᠷ︶ ᠳᠡᠯᠪᠡᠴᠢᠬᠦ᠂ ᠥᠷᠥᠮᠳᠡᠨ ᠬᠠᠶᠢᠬᠤ᠂ ᠵᠢᠭᠠᠰᠤᠨ ᠴᠥᠭᠦᠷᠥᠮ ᠮᠠᠯᠲᠠᠬᠤ︔ | ︵ᠭᠤᠷᠪᠠ︶ ᠭᠤᠣᠯ ᠤᠨ ᠵᠡᠮ ᠤᠨ ᠲᠡᠩ ᠭᠠᠵᠠᠷ ᠲᠤ ᠡᠳ᠋ ᠮᠠᠲ᠋ᠧᠷᠢᠶᠠᠯ ᠬᠠᠳᠠᠭᠠᠯᠠᠬᠤ᠂ ᠦᠢᠯᠡᠳᠪᠦᠷᠢ ᠶᠢᠨ | ᠭᠡᠷ ᠪᠠᠶᠢᠰᠢᠩ ᠪᠠᠷᠢᠬᠤ ᠪᠤᠶᠤ ᠪᠤᠰᠤᠳ ᠪᠠᠷᠢᠯᠭ᠎ᠠ ᠶᠢᠨ ᠲᠥᠬᠦᠭᠡᠷᠦᠮᠵᠢ ᠪᠠᠷᠢᠬᠤ︔ | ︵ᠲᠦᠷᠪᠡ︶ ᠭᠤᠣᠯ ᠤᠨ ᠵᠡᠮ ᠲᠡᠩ ᠭᠠᠵᠠᠷ ᠲᠤ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠪᠠ | ᠬᠠᠭᠤᠴᠢ ᠰᠤᠳᠤᠯᠤᠯ ᠤᠨ ᠨᠡᠭᠡᠭᠡᠨ ᠮᠠᠯᠳᠠᠯᠳᠠ ᠬᠢᠬᠦ᠃ | ᠬᠤᠷᠢᠨ ᠵᠢᠷᠭᠤᠳᠤᠭᠠᠷ ᠵᠦᠢᠯ ᠲᠡᠯᠡᠩ ᠬᠠᠰᠢᠯᠭ᠎ᠠ ᠶᠢᠨ ᠴᠢᠬᠤᠯᠠ ᠬᠡᠮᠵᠢᠶ᠎ᠡ᠂ ᠲᠡᠯᠡᠩ ᠤᠨ ᠰᠠᠭᠤᠷᠢ ᠶᠢᠨ | ᠰᠢᠷᠣᠶ ᠶᠢᠨ ᠨᠥᠬᠦᠴᠡᠯ ᠵᠡᠷᠭᠡ ᠶᠢ ᠦᠨᠳᠦᠰᠦᠯᠡᠵᠦ᠂ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ᠂ | ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶᠡᠨ ᠤ ᠵᠠᠯᠭᠠᠯᠳᠤᠭᠰᠠᠨ ᠭᠠᠵᠠᠷ ᠣᠷᠣᠨ ᠳᠤ ᠲᠡᠯᠡᠩ ᠬᠠᠰᠢᠯᠭ᠎ᠠ | ᠶᠢᠨ ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ ᠪᠣᠯᠤᠨ᠎ᠠ᠃ ᠬᠠᠰᠢᠯᠭ᠎ᠠ ᠲᠡᠯᠡᠩ ᠤᠨ | ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ | ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠬᠠᠰᠢᠯᠭ᠎ᠠ ᠲᠡᠯᠡᠩ ᠤᠨ | ᠠᠶᠤᠯᠭᠦᠶ ᠶᠢ ᠬᠤᠬᠢᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠬᠤᠷᠢᠨ ᠳᠣᠯᠣᠳᠤᠭᠠᠷ ᠵᠦᠢᠯ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠬᠤ ᠶᠢ ᠴᠠᠭᠠᠵᠠᠯᠠᠨ᠎ᠠ᠃ | ᠨᠢᠭᠡᠨᠲᠡ ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ | ᠪᠠᠷᠢᠮᠵᠢᠶ᠎ᠠ ᠪᠠᠷ ᠵᠠᠰᠠᠵᠤ᠂ ᠠᠯᠬᠤᠮ ᠠᠯᠬᠤᠮ ᠢᠶᠠᠷ ᠲᠠᠷᠢᠶᠠᠨ ᠭᠠᠵᠠᠷ ᠢ ᠪᠤᠴᠠᠭᠠᠨ ᠨᠠᠭᠤᠷ ᠲᠠᠩᠭᠢᠰ ᠢ ᠰᠡᠷᠭᠦᠭᠡᠬᠦ | ᠬᠡᠷᠡᠭᠲᠡᠶ᠃ ᠨᠠᠭᠤᠷ ᠴᠦᠬᠦᠷᠦᠮ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠡᠷᠬᠡᠪᠰᠢ ᠭᠤᠣᠯ ᠤᠨ ᠵᠡᠮ ᠢ | ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ | ᠭᠤᠣᠯ ᠮᠥᠷᠡᠨ ᠢ ᠬᠦᠷᠢᠶᠡᠯᠡᠨ ᠬᠠᠭᠠᠯᠪᠤᠷᠢᠯᠠᠬᠤ ᠶᠢ ᠴᠠᠭᠠᠵᠠᠯᠠᠨ᠎ᠠ᠂ ᠦᠨᠡᠨ ᠬᠦ ᠬᠦᠷᠢᠶᠡᠯᠡᠨ ᠬᠠᠭᠠᠯᠪᠤᠷᠢᠯᠠᠬᠤ | ᠴᠢᠬᠤᠯᠠ ᠲᠠᠢ ᠪᠣᠯ ᠡᠷᠬᠡᠪᠰᠢ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠶᠢᠨ ᠬᠠᠮᠲᠤ ᠮᠤᠵᠢ ᠶᠢᠨ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠭᠤᠣᠯ ᠤᠨ ᠵᠠᠮ ᠤᠨ ᠲᠠᠩ ᠭᠠᠵᠠᠷ᠂ ᠬᠠᠰᠢᠯᠭ᠎ᠠ ᠳᠠᠯᠠᠩ ᠪᠠ ᠭᠤᠣᠯ ᠤᠨ | ᠡᠷᠭᠢ ᠶᠢᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠪᠠ | ᠭᠤᠣᠯ ᠤᠨ ᠵᠠᠮ ᠳᠤ ᠱᠠᠯᠪᠠᠭ ᠬᠤᠷᠠᠬᠤ ᠶᠢ ᠰᠡᠷᠭᠡᠶᠢᠯᠡᠨ ᠬᠤᠷᠢᠭᠯᠠᠨ᠎ᠠ᠃ | ᠬᠤᠷᠢ ᠶᠢᠰᠦᠳᠦᠭᠡᠷ ᠵᠦᠢᠯ ᠭᠤᠣᠯ ᠮᠥᠷᠡᠨ ᠤ ᠬᠠᠭᠤᠴᠢᠨ ᠵᠡᠮ᠂ ᠬᠠᠭᠤᠴᠢᠨ ᠲᠡᠯᠡᠩ᠂ ᠤᠤᠯ ᠤᠨ | ᠪᠠᠷᠢᠯᠭ᠎ᠠ ᠶᠢᠨ ᠲᠥᠬᠦᠭᠡᠷᠦᠮᠵᠢ ᠵᠡᠷᠭᠡ ᠶᠢ ᠳᠤᠷ᠎ᠠ ᠪᠠᠷ ᠢᠶᠠᠨ ᠪᠥᠭᠯᠡᠵᠦ᠂ ᠡᠵᠡᠯᠡᠨ ᠬᠡᠷᠡᠭᠯᠡᠬᠦ ᠪᠤᠶᠤ ᠨᠤᠷᠠᠭᠠᠵᠤ ᠪᠣᠯᠬᠤ | ᠤᠢᠭᠡᠢ᠃ | ᠭᠤᠴᠢᠳᠤᠭᠠᠷ ᠵᠦᠢᠯ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠭᠤᠣᠯ ᠤᠨ ᠵᠡᠮ ᠤᠨ | ᠬᠠᠮᠢᠶᠠᠷᠤᠯᠲᠠ ᠶᠢᠨ ᠨᠢᠭᠡᠴᠢ ᠠᠴᠠ ᠵᠣᠬᠢᠶᠠᠨ ᠪᠠᠶᠢᠭᠤᠯᠵᠤ ᠪᠠᠶᠢᠭᠠᠳ ᠲᠡᠷᠢᠵᠦ ᠬᠠᠮᠢᠶᠠᠷᠤᠨ᠎ᠠ᠂ ᠪᠤᠰᠤᠳ ᠶᠠᠮᠠᠷᠪᠠ | ᠨᠢᠭᠡᠴᠢ ᠪᠠ ᠬᠤᠪᠢ ᠬᠥᠮᠦᠨ ᠡᠵᠡᠯᠡᠨ ᠠᠪᠬᠤ᠂ ᠣᠭᠲᠣᠯᠬᠤ ᠪᠤᠶᠤ ᠡᠪᠳᠡᠵᠦ ᠪᠣᠯᠬᠤ ᠤᠢᠭᠡᠢ᠃ | ᠭᠤᠣᠯ ᠤᠨ ᠵᠡᠮ ᠤᠨ ᠬᠠᠮᠢᠶᠠᠷᠤᠯᠲᠠ ᠶᠢᠨ ᠨᠢᠭᠡᠴᠢ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ | ᠠᠷᠠᠴᠢᠯᠠᠨ ᠪᠤᠶᠢᠵᠢᠭᠤᠯᠬᠤ ᠪᠠ ᠰᠢᠨᠡᠳᠬᠡᠬᠦ ᠴᠢᠨᠠᠷ ᠲᠠᠢ ᠪᠠᠷ ᠣᠭᠲᠣᠯᠬᠤ ᠵᠢᠴᠢ ᠦᠶᠡᠷ ᠢ ᠰᠡᠷᠭᠡᠶᠢᠯᠡᠵᠦ ᠠᠶᠤᠯ ᠠᠴᠠ | ᠠᠪᠤᠷᠠᠬᠤ ᠶᠢᠨ ᠲᠦᠯᠦᠭᠡ ᠮᠣᠳᠣ ᠤᠭᠳᠤᠯᠤᠭᠰᠠᠨ ᠪᠠᠶᠢᠪᠠᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠤᠢ ᠮᠣᠳᠣ ᠪᠤᠶᠢᠵᠢᠭᠤᠯᠬᠤ ᠰᠠᠭᠤᠷᠢ ᠮᠥᠩᠭᠦ ᠲᠤᠰᠢᠶᠠᠬᠤ ᠤᠢᠭᠡᠢ᠃ | ᠭᠤᠴᠢᠨ ᠨᠢᠭᠡᠳᠦᠭᠡᠷ ᠵᠦᠢᠯ ᠲᠡᠯᠡᠩ ᠡᠷᠭᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ | ᠠᠶᠠᠯᠠᠯ ᠤᠨ ᠬᠤᠷᠳᠤᠴᠠ ᠶᠢ ᠬᠢᠵᠠᠭᠠᠷᠯᠠᠬᠤ ᠴᠢᠬᠤᠯᠠᠲᠠᠢ ᠭᠤᠣᠯ ᠤᠨ ᠬᠡᠰᠡᠭ ᠲᠤ ᠭᠤᠣᠯ ᠤᠨ ᠵᠡᠮ ᠢ ᠭᠤᠤᠯᠯᠠᠨ | ᠬᠠᠮᠢᠶᠠᠷᠬᠤ ᠪᠠᠶᠢᠭᠤᠯᠭ᠎ᠠ ᠨᠢ ᠵᠡᠮ ᠬᠠᠷᠢᠯᠴᠠᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠠᠶᠠᠯᠠᠯ ᠤᠨ ᠬᠤᠷᠳᠤᠴᠠ ᠶᠢ | ᠬᠢᠵᠠᠭᠠᠷᠯᠠᠬᠤ ᠲᠡᠮᠳᠡᠭ ᠲᠠᠯᠪᠢᠬᠤ ᠬᠡᠷᠡᠭᠲᠡᠢ᠂ ᠨᠡᠪᠲᠡᠷᠡᠬᠦ ᠣᠩᠭᠤᠴᠠ ᠰᠠᠯ ᠨᠢ ᠬᠤᠷᠳᠤᠴᠠ ᠠᠴᠠ ᠬᠡᠲᠦᠷᠡᠭᠦᠯᠦᠨ | ᠶᠠᠪᠤᠵᠤ ᠪᠣᠯᠬᠤ ᠤᠢᠭᠡᠢ᠃ | ᠦᠶᠡᠷᠯᠡᠬᠦ ᠬᠤᠭᠤᠴᠠᠭᠠᠨ ᠳᠤ ᠣᠩᠭᠤᠴᠠ ᠰᠠᠯ ᠶᠠᠪᠤᠬᠤ ᠪᠠ ᠵᠣᠭᠰᠣᠬᠤ ᠳᠤ ᠡᠷᠬᠡᠪᠰᠢ ᠦᠶᠡᠷ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ | ᠭᠤᠴᠢᠨ ᠬᠤᠶᠠᠳᠤᠭᠠᠷ ᠵᠦᠢᠯ ᠡᠭᠤᠯᠠᠷᠬᠠᠭ ᠣᠷᠣᠨ ᠤ ᠭᠤᠣᠯ ᠤᠨ ᠵᠠᠮ ᠳᠤ ᠠᠭᠤᠯᠠ ᠶᠡᠭᠦᠷᠡᠬᠦ᠂ ᠡᠷᠭᠢ | ᠨᠤᠷᠠᠬᠤ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠲᠤ ᠳᠠᠭᠠᠷᠢᠭᠳᠠᠭᠰᠠᠨ ᠭᠤᠣᠯ ᠤᠨ | ᠬᠡᠰᠡᠭ ᠪᠠᠶᠢᠪᠠᠯ᠂ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠨᠢ ᠭᠠᠵᠠᠷ ᠰᠢᠨᠵᠢᠯᠡᠭᠡ᠂ ᠵᠠᠮ | ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠡᠮᠵᠢᠬᠦ ᠠᠵᠢᠯ ᠢᠶᠠᠨ ᠴᠢᠩᠭᠠᠳᠬᠠᠬᠤ ᠬᠡᠷᠡᠭᠲᠡᠢ᠃ | ᠳᠡᠭᠡᠷ᠎ᠡ ᠳᠤᠷᠠᠳᠤᠭᠰᠠᠨ ᠭᠤᠣᠯ ᠤᠨ ᠬᠡᠰᠡᠭ ᠲᠤ ᠠᠭᠤᠯᠠ ᠶᠢ ᠨᠡᠭᠡᠭᠡᠵᠦ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ | ᠠᠳᠠᠷ ᠬᠠᠭᠠᠯᠪᠤᠷᠢᠯᠠᠬᠤ ᠵᠡᠷᠭᠡ ᠠᠭᠤᠯᠠ ᠶᠢᠨ ᠲᠣᠭᠲᠠᠭᠤᠨ ᠪᠠᠶᠢᠳᠠᠯ ᠢ ᠰᠦᠷᠳᠡᠭᠦᠯᠬᠦ ᠠᠵᠢᠯᠯᠠᠭ᠎ᠠ ᠬᠢᠬᠦ ᠶᠢ | ᠴᠠᠭᠠᠵᠠᠯᠠᠨ᠎ᠠ᠃ | ᠭᠤᠴᠢᠨ ᠭᠤᠷᠪᠠᠳᠤᠭᠠᠷ ᠵᠦᠢᠯ ᠭᠤᠣᠯ ᠤᠨ ᠵᠠᠮ ᠳᠤ ᠬᠤᠯᠤᠰᠤ ᠮᠣᠳᠣ ᠤᠷᠤᠰᠬᠠᠨ | ᠲᠡᠭᠡᠭᠡᠪᠦᠷᠢᠯᠡᠬᠦ ᠳᠠᠭᠠᠨ ᠦᠶᠡᠷ ᠵᠠᠯᠠᠬᠤ᠂ ᠤᠰᠤᠨ ᠵᠠᠮ ᠤᠨ ᠲᠡᠭᠡᠭᠡᠪᠦᠷᠢ ᠪᠠ ᠤᠰᠤᠨ ᠤ ᠪᠠᠷᠢᠯᠭ᠎ᠠ ᠶᠢᠨ ᠠᠮᠤᠷ | ᠲᠦᠪᠰᠢᠨ ᠢ ᠨᠥᠯᠥᠭᠡᠯᠡᠵᠦ ᠪᠣᠯᠬᠤ ᠦᠭᠡᠢ ᠪᠥᠭᠡᠳ ᠲᠤᠬᠠᠢ ᠶᠢᠨ ᠭᠠᠵᠠᠷ ᠤᠨ ᠭᠤᠣᠯ ᠤᠨ ᠵᠠᠮ ᠤᠨ ᠭᠤᠤᠯᠯᠠᠨ | ᠬᠠᠮᠢᠶᠠᠷᠬᠤ ᠪᠠᠶᠢᠭᠤᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠳᠠᠭᠠᠬᠤ ᠬᠡᠷᠡᠭᠲᠡᠢ᠃ | ᠦᠶᠡᠷᠯᠡᠬᠦ ᠬᠤᠭᠤᠴᠠᠭᠠᠨ ᠳᠤ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠭᠤᠣᠯ ᠤᠨ | ᠵᠡᠮ ᠳᠡᠭᠡᠷᠡᠬᠢ ᠬᠤᠯᠤᠰᠤ ᠮᠣᠳᠣ ᠪᠣᠯᠤᠨ ᠪᠤᠰᠤᠳ ᠬᠥᠪᠦᠮᠡᠯ ᠪᠣᠳᠠᠰ ᠢ ᠪᠠᠴᠢᠮ ᠰᠢᠢᠳᠪᠤᠷᠢᠯᠡᠬᠦ ᠡᠷᠬᠡ ᠲᠠᠢ᠃ | ᠭᠤᠴᠢᠨ ᠳᠥᠷᠪᠡᠳᠦᠭᠡᠷ ᠵᠦᠢᠯ ᠭᠤᠣᠯ ᠤᠨ ᠵᠠᠮ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ | ᠭᠠᠳᠠᠭᠰᠢᠯᠠᠭᠤᠯᠬᠤ ᠠᠮᠠ ᠭᠠᠷᠭᠠᠬᠤ ᠪᠠ ᠥᠷᠭᠡᠳᠬᠡᠬᠦ ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ | ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠲᠤ ᠮᠡᠳᠡᠭᠦᠯᠬᠦ ᠠᠴᠠ ᠪᠠᠨ ᠡᠮᠦᠨ᠎ᠡ ᠭᠤᠣᠯ ᠤᠨ ᠵᠠᠮ ᠢ | ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠵᠥᠪᠰᠢᠶᠡᠷᠡᠯ ᠢ ᠤᠯᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶᠡᠨ ᠳᠤ ᠤᠰᠦᠠ | ᠴᠣᠭᠴᠠ ᠶᠢ ᠪᠣᠬᠢᠷᠲᠤᠭᠤᠯᠤᠭᠰᠠᠨ ᠪᠣᠳᠠᠰ ᠢ ᠣᠪᠣᠭᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠶᠢ | ᠴᠠᠭᠠᠵᠠᠯᠠᠨ᠎ᠠ᠃ ᠲᠤᠰᠦᠠ ᠤ ᠵᠦᠢᠯ ᠪᠤᠶᠤ ᠬᠤᠣᠷᠲᠠᠢ ᠪᠣᠬᠢᠷᠲᠤᠭᠤᠯᠬᠤ ᠪᠣᠳᠠᠰ ᠢ ᠰᠠᠪᠠᠯᠠᠵᠤ ᠬᠠᠳᠠᠭᠠᠯᠠᠵᠤ | ᠥᠩᠭᠡᠷᠡᠭᠰᠡᠨ ᠲᠡᠷᠭᠡ ᠬᠥᠰᠬᠡ᠂ ᠰᠡᠪᠡ ᠬᠡᠷᠡᠭᠰᠡᠯ ᠢ ᠭᠤᠣᠯ ᠤᠨ ᠵᠡᠮ ᠳᠤ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃ | ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠨᠤᠭᠤᠳ ᠭᠤᠣᠯ ᠤᠨ ᠵᠠᠮ ᠤᠨ ᠤᠰᠤᠨ ᠤ | ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠣᠷᠴᠢᠨ ᠲᠤᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠲᠠᠢ | ᠬᠠᠮᠵᠢᠯᠴᠠᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠬᠤ ᠬᠡᠷᠡᠭᠲᠡᠶ᠃ | | ᠳᠥᠷᠪᠡᠳᠦᠭᠡᠷ ᠪᠦᠯᠦᠭ ᠭᠤᠣᠯ ᠤᠨ ᠵᠡᠮ ᠤᠨ ᠰᠠᠭᠠᠳ ᠲᠣᠳᠬᠠᠷ ᠢ ᠠᠷᠢᠯᠭᠠᠬᠤ | | ᠭᠤᠴᠢᠨ ᠵᠢᠷᠭᠤᠳᠤᠭᠠᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠤᠰᠤ ᠶᠢ | ᠬᠤᠷᠢᠭᠯᠠᠬᠤ ᠰᠠᠭᠠᠳ ᠪᠣᠳᠠᠰ ᠢ ︽ᠬᠡᠨ ᠰᠠᠭᠠᠳ ᠲᠠᠯᠪᠢᠭᠰᠠᠨ ᠪᠣᠯ ᠲᠡᠷᠡ ᠠᠷᠢᠯᠭᠠᠬᠤ︾ ᠵᠠᠷᠴᠢᠮ ᠶᠣᠰᠣᠭᠠᠷ᠂ | ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠬᠠᠷᠰᠢ ᠰᠠᠭᠠᠳ ᠢ ᠠᠷᠢᠯᠭᠠᠬᠤ ᠲᠥᠯᠥᠪᠯᠡᠭᠡ ᠪᠠ | ᠬᠡᠷᠡᠭᠵᠢᠭᠦᠯᠬᠦ ᠲᠥᠰᠦᠯ ᠳᠤᠷᠠᠳᠴᠤ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠰᠠᠭᠠᠳ | ᠲᠠᠯᠪᠢᠭᠰᠠᠨ ᠬᠥᠮᠦᠨ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠤ ᠳᠣᠲᠣᠷ᠎ᠠ ᠠᠷᠢᠯᠭᠠᠭᠤᠯᠤᠨ᠎ᠠ᠃ | ᠬᠤᠭᠤᠴᠠᠭ᠎ᠠ ᠬᠡᠲᠦᠷᠡᠲᠡᠯ᠎ᠡ ᠠᠷᠢᠯᠭᠠᠭᠰᠠᠨ ᠦᠭᠡᠢ ᠪᠠᠶᠢᠪᠠᠯ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ | ᠭᠠᠵᠠᠷ ᠠᠴᠠ ᠵᠣᠬᠢᠶᠠᠨ ᠪᠠᠶᠢᠭᠤᠯᠵᠤ ᠪᠠᠶᠢᠭᠠᠳ ᠠᠯᠪᠠᠳᠠᠯᠭ᠎ᠠ ᠪᠠᠷ ᠠᠷᠢᠯᠭᠠᠬᠤ ᠶᠢᠨ ᠬᠠᠮᠲᠤ ᠬᠠᠷᠰᠢ ᠰᠠᠭᠠᠳ ᠢ | ᠠᠷᠢᠯᠭᠠᠭᠰᠠᠨ ᠪᠦᠬᠦ ᠵᠠᠷᠤᠳᠠᠯ ᠢ ᠬᠠᠷᠰᠢ ᠰᠠᠭᠠᠳ ᠲᠠᠯᠪᠢᠭᠰᠠᠨ ᠬᠥᠮᠦᠨ ᠢᠶᠠᠷ ᠡᠭᠦᠷᠭᠡᠯᠡᠭᠦᠯᠦᠨ᠎ᠡ᠃ | ᠭᠤᠴᠢᠨ ᠳᠣᠯᠣᠳᠤᠭᠠᠷ ᠵᠦᠢᠯ ᠤᠰᠤᠨ ᠤ ᠲᠦᠭᠵᠢᠷᠡᠯ ᠪᠠ ᠬᠠᠷᠰᠢᠯᠠᠯ ᠪᠠᠷ ᠬᠦᠨᠳᠦ ᠨᠣᠴᠢᠲᠠᠢ ᠪᠠᠶᠢᠳᠠᠭ | ᠬᠥᠭᠦᠷᠭᠡ᠂ ᠵᠠᠯᠠᠬᠤ ᠵᠠᠮ᠂ ᠭᠠᠷᠠᠮ ᠪᠣᠯᠤᠨ ᠭᠤᠣᠯ ᠠᠯᠤᠰᠯᠠᠭᠰᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ ᠶᠢ ᠪᠣᠯ | ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠦᠨᠳᠦᠰᠦᠯᠡᠨ᠂ ᠭᠤᠣᠯ ᠤᠨ ᠵᠠᠮ ᠤᠨ | ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠰᠠᠨᠠᠯ ᠳᠤᠷᠠᠳᠬᠤ ᠶᠢᠨ ᠬᠠᠮᠲᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠡᠳ᠂ ᠤᠤᠯ ᠤᠨ ᠪᠦᠳᠦᠭᠡᠨ ᠪᠠᠶᠢᠭᠤᠯᠤᠭᠰᠠᠨ ᠨᠢᠭᠡᠴᠢ ᠶᠢ ᠵᠠᠷᠯᠢᠭᠳᠠᠵᠤ ᠪᠠᠶᠢᠭᠠᠳ | ᠲᠣᠭᠲᠠᠭᠰᠠᠨ ᠬᠤᠭᠤᠴᠠᠭᠠᠨ ᠤ ᠳᠣᠲᠣᠷ᠎ᠠ ᠥᠭᠡᠷᠡᠴᠢᠯᠡᠨ ᠪᠠᠶᠢᠭᠤᠯᠬᠤ ᠪᠤᠶᠤ ᠨᠤᠷᠠᠭᠠᠯᠭᠠᠨ᠎ᠠ᠃ ᠦᠶᠡᠷ ᠤᠨ | ᠬᠤᠭᠤᠴᠠᠭᠠᠨ ᠳᠤ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠨᠥᠯᠥᠭᠡᠯᠡᠬᠦ ᠳᠤ ᠬᠦᠷᠪᠡᠯ᠂ ᠡᠷᠬᠡᠪᠰᠢ ᠦᠶᠡᠷ ᠢ | ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠰᠢᠢᠳᠪᠤᠷᠢᠯᠡᠬᠦ ᠲᠣᠭᠲᠠᠭᠠᠯ ᠢ ᠲᠠᠭᠠᠬᠤ ᠬᠡᠷᠡᠭᠲᠡᠶ᠃ | | ᠲᠠᠪᠤᠳᠤᠭᠠᠷ ᠪᠦᠯᠦᠭ ᠵᠠᠷᠤᠳᠠᠯ | | ᠭᠤᠴᠢᠨ ᠨᠠᠢᠮᠠᠳᠤᠭᠠᠷ ᠵᠦᠢᠯ ᠭᠤᠣᠯ ᠮᠥᠷᠡᠨ ᠤ ᠬᠠᠰᠢᠯᠭ᠎ᠠ ᠲᠡᠯᠡᠩ ᠤᠨ ᠦᠶᠡᠷ ᠢ ᠰᠡᠷᠭᠡᠶᠢᠯᠡᠬᠦ ᠤᠨ ᠤ | ᠰᠡᠯᠪᠢᠨ ᠵᠠᠰᠠᠬᠤ ᠵᠠᠷᠤᠳᠠᠯ ᠢ ᠱᠡᠳᠦ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ ᠲᠥᠪ ᠤᠨ ᠡᠳ᠋ ᠤᠨ ᠵᠠᠰᠠᠭ ᠪᠠ | ᠣᠷᠣᠨ ᠨᠤᠲᠤᠭ ᠤᠨ ᠡᠳ᠋ ᠤᠨ ᠵᠠᠰᠠᠭ ᠠᠴᠠ ᠲᠤᠰ ᠲᠤᠰ ᠡᠭᠦᠷᠭᠡᠯᠡᠵᠦ᠂ ᠲᠥᠪ ᠤᠨ ᠪᠠ ᠣᠷᠣᠨ ᠨᠤᠲᠤᠭ ᠤᠨ | ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ | ᠭᠤᠴᠢ ᠶᠢᠰᠦᠳᠦᠭᠡᠷ ᠵᠦᠢᠯ ᠠᠰᠢᠭ ᠬᠦᠷᠳᠡᠬᠦ ᠬᠡᠪᠴᠢᠶ᠎ᠡ ᠨᠢ ᠲᠣᠳᠣᠷᠬᠠᠶ ᠪᠠᠶᠢᠭ᠎ᠠ ᠬᠠᠰᠢᠯᠭ᠎ᠠ ᠲᠡᠯᠡᠩ᠂ | ᠡᠷᠭᠢ ᠶᠢᠨ ᠬᠠᠮᠠᠭᠠᠯᠠᠯᠲᠠ᠂ ᠤᠰᠦᠠ ᠬᠠᠭᠠᠯᠲᠠ᠂ ᠬᠠᠰᠢᠯᠭ᠎ᠠ᠂ ᠲᠡᠯᠡᠩ ᠴᠥᠭᠦᠷᠥᠮ ᠪᠠ ᠦᠶᠡᠷ ᠵᠠᠯᠠᠬᠤ | ᠪᠠᠷᠢᠯᠭ᠎ᠠ ᠶᠢᠨ ᠲᠥᠬᠦᠭᠡᠷᠦᠮᠵᠢ ᠠᠴᠠ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠨᠢ ᠠᠰᠢᠭ ᠬᠦᠷᠳᠡᠬᠦ | ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠵᠡᠷᠭᠡ ᠨᠢᠭᠡᠴᠢ ᠪᠠ ᠲᠠᠷᠢᠶᠠᠴᠢᠨ ᠡᠷᠦᠭᠡ ᠠᠴᠠ ᠭᠤᠣᠯ ᠤᠨ | ᠵᠡᠮ ᠤᠨ ᠪᠠᠷᠢᠯᠭ᠎ᠠ ᠶᠢ ᠵᠠᠰᠠᠵᠤ ᠪᠠᠶᠢᠭᠤᠯᠬᠤ ᠪᠠ ᠬᠠᠮᠠᠭᠠᠯᠠᠵᠤ ᠬᠠᠮᠢᠶᠠᠷᠬᠤ ᠰᠦᠢᠳᠭᠡᠯ ᠬᠤᠷᠢᠶᠠᠵᠤ ᠪᠣᠯᠤᠨ᠎ᠠ᠂ | ᠲᠡᠭᠦᠨ ᠤ ᠪᠠᠷᠢᠮᠵᠢᠶ᠎ᠠ ᠶᠢ ᠪᠠᠷᠢᠯᠭ᠎ᠠ ᠶᠢ ᠵᠠᠰᠠᠵᠤ ᠪᠠᠶᠢᠭᠤᠯᠬᠤ ᠪᠠ ᠬᠠᠮᠠᠭᠠᠯᠠᠵᠤ ᠬᠠᠮᠢᠶᠠᠷᠬᠤ ᠰᠦᠢᠳᠭᠡᠯ ᠢ | ᠦᠨᠳᠦᠰᠦᠯᠡᠵᠦ ᠲᠣᠭᠲᠠᠭᠠᠬᠤ ᠬᠡᠷᠡᠭᠲᠡᠶ᠃ ᠰᠦᠢᠳᠭᠡᠯ ᠬᠤᠷᠢᠶᠠᠬᠤ ᠪᠤᠳᠠᠳᠠᠢ ᠪᠠᠷᠢᠮᠵᠢᠶ᠎ᠠ ᠪᠤᠯᠤᠨ ᠬᠤᠷᠢᠶᠠᠬᠤ ᠠᠷᠭ᠎ᠠ | ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ | ᠠᠴᠠ ᠲᠤᠭᠳᠠᠭᠠᠨ᠎ᠠ᠃ | ᠳᠥᠴᠢᠳᠦᠭᠡᠷ ᠵᠦᠢᠯ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠡᠯᠡᠰᠦ ᠮᠠᠯᠲᠠᠬᠤ᠂ | ᠰᠢᠷᠣᠢ ᠠᠪᠬᠤ᠂ ᠠᠯᠲᠠ ᠮᠠᠯᠲᠠᠬᠤ ᠳᠤ ᠡᠷᠬᠡᠪᠰᠢ ᠵᠥᠪᠰᠢᠶᠡᠷᠡᠭᠦᠯᠦᠭᠰᠡᠨ ᠬᠡᠪᠴᠢᠶ᠎ᠡ ᠪᠠ ᠠᠵᠢᠯᠯᠠᠬᠤ ᠠᠷᠭ᠎ᠠ | ᠮᠠᠶ᠋ᠢᠭ ᠢᠶᠠᠷ ᠬᠢᠬᠦ ᠬᠡᠷᠡᠭᠲᠡᠢ ᠪᠥᠭᠡᠳ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ | ᠬᠠᠮᠢᠶᠠᠷᠤᠯᠲᠠ ᠶᠢᠨ ᠰᠦᠢᠳᠬᠡᠯ ᠲᠤᠰᠢᠶᠠᠬᠤ ᠬᠡᠷᠡᠭᠲᠡᠢ᠃ ᠰᠦᠢᠳᠬᠡᠯ ᠬᠤᠷᠢᠶᠠᠬᠤ ᠪᠠᠷᠢᠮᠵᠢᠶ᠎ᠠ ᠪᠠ ᠬᠤᠷᠢᠶᠠᠬᠤ | ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃ | ᠳᠥᠴᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠬᠠᠰᠢᠯᠭ᠎ᠠ ᠲᠡᠯᠡᠩ᠂ ᠡᠷᠭᠢ | ᠬᠠᠮᠠᠭᠠᠯᠠᠬᠤ ᠪᠠ ᠪᠤᠰᠤᠳ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠡᠪᠳᠡᠨ ᠰᠦᠢᠳᠬᠡᠭᠰᠡᠨ | ᠪᠤᠶᠤ ᠭᠤᠣᠯ ᠤᠨ ᠵᠡᠮ ᠳᠤ ᠱᠠᠯᠪᠠᠭ ᠬᠤᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ ᠬᠥᠮᠦᠨ ᠬᠠᠷᠢᠭᠤᠴᠠᠵᠤ | ᠪᠠᠶᠢᠭᠠᠳ ᠰᠡᠯᠪᠢᠨ ᠵᠠᠰᠠᠬᠤ᠂ ᠬᠤᠷᠠᠭᠰᠠᠨ ᠱᠠᠯᠪᠠᠭ ᠢ ᠴᠡᠪᠡᠷᠯᠡᠬᠦ ᠪᠤᠶᠤ ᠰᠡᠯᠪᠢᠨ ᠵᠠᠰᠠᠬᠤ ᠰᠦᠢᠳᠭᠡᠯ ᠢ | ᠡᠭᠦᠷᠭᠡᠯᠡᠨ᠎ᠡ᠃ | ᠳᠥᠴᠢᠨ ᠬᠤᠶᠠᠳᠤᠭᠠᠷ ᠵᠦᠢᠯ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠬᠤᠷᠢᠶᠠᠭᠰᠠᠨ | ᠡᠯ᠎ᠡ ᠵᠦᠢᠯ ᠤᠨ ᠰᠦᠢᠳᠭᠡᠯ ᠢ ᠭᠤᠣᠯ ᠤᠨ ᠵᠡᠮ ᠤᠨ ᠲᠡᠯᠡᠩ ᠬᠠᠰᠢᠯᠭ᠎ᠠ ᠶᠢᠨ ᠪᠠᠷᠢᠯᠭ᠎ᠠ ᠶᠢᠨ ᠪᠦᠳᠦᠭᠡᠠ | ᠪᠠᠶᠢᠭᠤᠯᠤᠯᠲᠠ᠂ ᠬᠠᠮᠢᠶᠠᠷᠤᠯᠲᠠ᠂ ᠰᠡᠯᠪᠢᠨ ᠵᠠᠰᠠᠯᠲᠠ ᠪᠠ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠳᠤ | ᠬᠡᠷᠡᠭᠯᠡᠨ᠎ᠡ᠃ ᠦᠯᠡᠳᠡᠪᠦᠷᠢ ᠪᠡᠯᠡ ᠮᠥᠩᠭᠦ ᠶᠢ ᠵᠢᠯ ᠳᠠᠷᠠᠭᠠᠯᠠᠨ ᠳ᠋ᠦᠩᠨᠡᠨ ᠰᠢᠯᠵᠢᠭᠦᠯᠵᠦ ᠬᠡᠷᠡᠭᠯᠡᠵᠦ ᠪᠣᠯᠤᠨ᠎ᠠ᠂ | ᠶᠠᠮᠠᠷᠪᠠ ᠰᠠᠯᠠᠭ᠎ᠠ ᠮᠥᠴᠢᠷ ᠭᠡᠳ ᠲᠠᠰᠤᠯᠤᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃ | ᠳᠥᠴᠢᠨ ᠭᠤᠷᠪᠠᠳᠤᠭᠠᠷ ᠵᠦᠢᠯ ᠭᠤᠣᠯ ᠤᠨ ᠵᠡᠮ ᠤᠨ ᠬᠤᠶᠠᠷ ᠬᠥᠪᠡᠭᠡᠨ ᠤ ᠬᠤᠲᠠ ᠪᠠᠯᠭᠠᠰᠤ ᠪᠠ ᠬᠥᠳᠡᠭᠡ | ᠲᠣᠰᠬᠤᠨ ᠳᠤ᠂ ᠲᠤᠬᠠᠢ ᠶᠢᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠦᠶᠡᠷᠯᠡᠬᠦ ᠬᠤᠭᠤᠴᠠᠭᠠᠨ ᠳᠤ ᠲᠡᠯᠡᠩ ᠬᠠᠰᠢᠯᠭ᠎ᠠ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠨᠢᠭᠡᠴᠢ ᠪᠠ | ᠬᠤᠪᠢ ᠬᠥᠮᠦᠨ ᠢ ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠠᠵᠢᠯ ᠳᠤ ᠣᠷᠣᠭᠤᠯᠵᠤ᠂ ᠭᠤᠣᠯ ᠤᠨ ᠵᠡᠮ ᠤᠨ | ᠲᠡᠯᠡᠩ ᠬᠠᠰᠢᠯᠭ᠎ᠠ ᠶᠢᠨ ᠪᠠᠷᠢᠯᠭ᠎ᠠ ᠶᠢ ᠰᠡᠯᠪᠢᠨ ᠵᠠᠰᠠᠬᠤ ᠪᠠ ᠪᠠᠬᠢᠵᠢᠭᠦᠯᠵᠦ ᠪᠣᠯᠤᠨ᠎ᠠ᠃ | | ᠵᠢᠷᠭᠤᠳᠤᠭᠠᠷ ᠪᠦᠯᠦᠭ ᠲᠣᠷᠭᠠᠬᠤ ᠳᠦᠷᠢᠮ | | ᠳᠥᠴᠢᠨ ᠳᠥᠷᠪᠡᠳᠦᠭᠡᠷ ᠵᠦᠢᠯ ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠲᠡᠭᠦᠨ ᠢ | ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠤᠭᠤᠯᠵᠤ᠂ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠬᠤ ᠠᠴᠠ ᠭᠠᠳᠠᠨ᠎ᠠ᠂ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠬᠠᠤᠯᠢ ᠪᠤᠰᠤ | ᠣᠯᠵᠠ ᠠᠰᠢᠭ ᠢ ᠨᠢ ᠬᠤᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠦᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠤᠯᠯᠠᠨ ᠬᠠᠮᠢᠶᠠᠷᠬᠤ | ᠪᠠᠶᠢᠭᠤᠯᠭ᠎ᠠ ᠠᠴᠠ ᠨᠢ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ | ᠪᠣᠳᠠᠰ ᠢ ᠬᠠᠶᠠᠭᠰᠠᠨ᠂ ᠣᠪᠣᠭᠠᠯᠠᠭᠰᠠᠨ︔ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠪᠤᠶᠤ ᠥᠨᠳᠥᠷ ᠡᠰᠢᠲᠦ | ᠤᠷᠭᠤᠮᠠᠯ ᠲᠠᠷᠢᠭᠰᠠᠨ︔ ᠬᠠᠰᠢᠯᠭ᠎ᠠ ᠲᠡᠯᠡᠩ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠡᠮ | ᠪᠠᠶᠢᠭᠤᠯᠤᠭᠰᠠᠨ︔ | ︵ᠬᠤᠶᠠᠷ︶ ᠬᠠᠰᠢᠯᠭ᠎ᠠ ᠲᠡᠯᠡᠩ᠂ ᠬᠠᠰᠢᠯᠭ᠎ᠠ ᠬᠠᠮᠠᠭᠠᠯᠠᠬᠤ ᠭᠠᠵᠠᠷ ᠲᠤ ᠭᠡᠷ ᠪᠠᠷᠢᠬᠤ᠂ ᠮᠡᠯ ᠬᠠᠷᠢᠭᠤᠯᠬᠤ᠂ | ᠰᠤᠪᠠᠭ ᠨᠡᠭᠡᠭᠡᠬᠦ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ | ᠡᠳ᠋ ᠮᠠᠲ᠋ᠧᠷᠢᠶᠠᠯ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ | ᠰᠤᠳᠤᠯᠤᠯ ᠤᠨ ᠨᠡᠭᠡᠭᠡᠨ ᠮᠠᠯᠲᠠᠬᠤ ᠠᠵᠢᠯ ᠬᠢᠬᠦ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠦᠭᠰᠡᠨ︔ | ︵ᠭᠤᠷᠪᠠ︶ ᠵᠥᠪᠰᠢᠶᠡᠷᠡᠭᠦᠯᠦᠭᠰᠡᠨ ᠤᠢᠭᠡᠢ ᠪᠤᠶᠤ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ | ᠪᠠᠷᠢᠮᠵᠢᠶ᠎ᠠ᠂ ᠪᠠᠷᠢᠯᠭ᠎ᠠ ᠶᠢᠨ ᠠᠶᠤᠯᠭᠦᠶ ᠶᠢᠨ ᠪᠠᠷᠢᠮᠵᠢᠶ᠎ᠠ ᠶᠢ ᠵᠢᠷᠤᠮᠯᠠᠬᠤ ᠤᠢᠭᠡᠢ ᠪᠠᠷ ᠭᠤᠣᠯ ᠤᠨ ᠵᠡᠮ ᠢ ᠵᠠᠰᠠᠭᠰᠠᠨ | ᠪᠤᠶᠤ ᠤᠰᠦᠠ ᠤ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ ᠪᠠᠶᠢᠭᠤᠯᠤᠭᠰᠠᠨ︔ | ︵ᠲᠦᠷᠪᠡ︶ ᠵᠥᠪᠰᠢᠶᠡᠷᠡᠭᠦᠯᠦᠭᠰᠡᠨ ᠦᠭᠡᠢ ᠪᠤᠶᠤ ᠭᠤᠣᠯ ᠤᠨ ᠵᠠᠮ ᠤᠨ ᠭᠤᠤᠯᠯᠠᠨ ᠬᠠᠮᠢᠶᠠᠷᠬᠤ | ᠪᠠᠶᠢᠭᠤᠯᠭ᠎ᠠ ᠶᠢᠨ ᠲᠣᠭᠲᠠᠭᠠᠯ ᠶᠣᠰᠣᠭᠠᠷ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠤ ᠳᠣᠲᠣᠷ᠎ᠠ ᠡᠯᠡᠰᠦ | ᠮᠠᠯᠲᠠᠭᠰᠠᠨ᠂ ᠰᠢᠷᠣᠢ ᠠᠪᠤᠭᠰᠠᠨ᠂ ᠠᠯᠲᠠ ᠲᠤᠩᠭᠠᠭᠰᠠᠨ᠂ ᠬᠠᠶᠢᠷ ᠴᠢᠯᠠᠭᠤ ᠪᠤᠶᠤ ᠯᠠᠭ ᠰᠢᠪᠠᠷ ᠢ ᠬᠠᠶᠠᠭᠰᠠᠨ᠂ | ᠳᠡᠯᠪᠡᠴᠢᠭᠰᠡᠨ᠂ ᠥᠷᠥᠮᠳᠡᠵᠦ ᠬᠠᠶᠢᠭᠰᠠᠨ᠂ ᠵᠢᠭᠠᠰᠤᠨ ᠴᠥᠭᠦᠷᠥᠮ ᠮᠠᠯᠲᠠᠵᠤ ᠪᠠᠶᠢᠭᠤᠯᠤᠭᠰᠠᠨ︔ | ︵ᠲᠠᠪᠤ︶ ᠵᠥᠪᠰᠢᠶᠡᠷᠡᠭᠦᠯᠦᠭᠰᠡᠨ ᠦᠭᠡᠢ ᠪᠠᠷ ᠭᠤᠣᠯ ᠤᠨ ᠵᠠᠮ ᠤᠨ ᠲᠠᠩ ᠭᠠᠵᠠᠷ ᠲᠤ ᠡᠳ᠋ ᠮᠠᠲ᠋ᠧᠷᠢᠶᠠᠯ ᠢ | ᠬᠠᠳᠠᠭᠠᠯᠠᠭᠰᠠᠨ᠂ ᠦᠢᠯᠡᠳᠪᠦᠷᠢ ᠶᠢᠨ ᠭᠡᠷ ᠪᠠᠶᠢᠰᠢᠩ ᠪᠤᠶᠤ ᠪᠤᠰᠤᠳ ᠪᠠᠷᠢᠯᠭ᠎ᠠ ᠶᠢᠨ ᠲᠥᠬᠦᠭᠡᠷᠦᠮᠵᠢ | ᠪᠠᠶᠢᠭᠤᠯᠤᠭᠰᠠᠨ᠂ ᠵᠢᠴᠢ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠭᠰᠠᠨ ᠪᠤᠶᠤ ᠬᠠᠭᠤᠴᠢ ᠰᠤᠳᠤᠯᠤᠯ ᠤᠨ | ᠨᠡᠭᠡᠭᠡᠨ ᠮᠠᠯᠲᠠᠯᠲᠠ ᠬᠢᠭᠰᠡᠨ︔ | ︵ᠵᠢᠷᠭᠤᠭ᠎ᠠ︶ ᠲᠤᠰ ᠲᠦᠷᠢᠮ ᠤᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠨᠠᠭᠤᠷ | ᠴᠦᠬᠦᠷᠦᠮ᠂ ᠭᠤᠣᠯ ᠮᠥᠷᠡᠨ ᠢ ᠬᠦᠷᠢᠶᠡᠯᠡᠨ ᠬᠠᠭᠠᠯᠪᠤᠷᠢᠯᠠᠭᠰᠠᠨ︔ | ︵ᠲᠤᠯᠤᠭ᠎ᠠ︶ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠳᠤᠷ᠎ᠠ ᠪᠠᠷ ᠢᠶᠠᠨ | ᠣᠭᠲᠣᠯᠤᠭᠰᠠᠨ︔ | ︵ᠨᠠᠢᠮᠠ︶ ᠦᠶᠡᠷᠯᠡᠬᠦ ᠬᠤᠭᠤᠴᠠᠭᠠᠨ ᠳᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ | ᠲᠣᠭᠲᠠᠭᠠᠯ ᠪᠤᠶᠤ ᠵᠠᠷᠯᠢᠭ ᠢ ᠵᠥᠷᠢᠴᠡᠭᠰᠡᠨ᠃ | ᠳᠥᠴᠢᠨ ᠲᠠᠪᠤᠳᠤᠭᠠᠷ ᠵᠦᠢᠯ ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠲᠡᠭᠦᠨ ᠢ | ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠤᠭᠤᠯᠵᠤ᠂ ᠬᠤᠬᠢᠷᠠᠯ ᠢ | ᠲᠦᠯᠦᠭᠦᠯᠵᠦ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ ᠠᠴᠠ ᠭᠠᠳᠠᠨ᠎ᠠ᠂ ᠰᠡᠷᠡᠮᠵᠢ ᠥᠭᠬᠦ᠂ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ | ᠰᠢᠢᠳᠭᠡᠯ ᠥᠭᠬᠦ ᠶᠣᠰᠣᠲᠠᠶ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠭᠡᠨ᠎ᠡ︔ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠰᠢᠯᠭ᠎ᠠ᠂ ᠡᠷᠭᠢ ᠶᠢᠨ ᠬᠠᠮᠠᠭᠠᠯᠠᠯᠲᠠ᠂ ᠬᠠᠭᠠᠯᠳᠠ ᠬᠠᠰᠢᠯᠭ᠎ᠠ᠂ ᠤᠰᠤᠨ ᠠᠰᠢᠭᠯᠠᠯᠲᠠ ᠶᠢᠨ | ᠪᠠᠷᠢᠯᠭ᠎ᠠ ᠶᠢ ᠡᠪᠳᠡᠨ ᠰᠦᠢᠳᠬᠡᠵᠦ᠂ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠤᠨ ᠵᠦᠢ ᠶᠢᠨ ᠬᠢᠨᠠᠨ | ᠬᠡᠮᠵᠢᠯᠲᠡ ᠶᠢᠨ ᠲᠥᠬᠦᠭᠡᠷᠦᠮᠵᠢ᠂ ᠭᠤᠣᠯ ᠤᠨ ᠡᠷᠭᠢ ᠶᠢᠨ ᠭᠠᠵᠠᠷ ᠰᠢᠨᠵᠢᠯᠡᠭᠡᠨ ᠤ ᠬᠢᠨᠠᠨ ᠬᠡᠮᠵᠢᠯᠲᠡ ᠶᠢᠨ | ᠲᠥᠬᠦᠭᠡᠷᠦᠮᠵᠢ ᠵᠢᠴᠢ ᠮᠡᠳᠡᠭᠡ ᠬᠤᠯᠪᠣᠭᠠᠨ ᠤ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠡᠪᠳᠡᠨ ᠰᠦᠢᠳᠬᠡᠬᠦ︔ | ︵ᠬᠤᠶᠠᠷ︶ ᠬᠠᠰᠢᠯᠭ᠎ᠠ ᠲᠡᠯᠡᠩ ᠤᠨ ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ᠂ | ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ | ᠵᠡᠷᠭᠡ ᠬᠠᠰᠢᠯᠭ᠎ᠠ ᠲᠡᠯᠡᠩ ᠤᠨ ᠠᠶᠤᠯᠭᠦᠶ ᠶᠢ ᠬᠤᠬᠢᠷᠠᠭᠤᠯᠬᠤ ᠠᠵᠢᠯᠯᠠᠭ᠎ᠠ ᠬᠢᠭᠰᠡᠨ︔ | ︵ᠭᠤᠷᠪᠠ︶ ᠬᠠᠮᠢᠶᠠᠷᠤᠯᠲᠠ ᠶᠢᠨ ᠪᠤᠰᠤ ᠬᠥᠮᠦᠨ ᠭᠤᠣᠯ ᠤᠨ ᠵᠠᠮ ᠳᠡᠭᠡᠷᠡᠬᠢ ᠭᠤᠯᠳᠤᠩ ᠬᠠᠭᠠᠯᠲᠠ ᠶᠢ | ᠬᠡᠷᠡᠭᠯᠡᠭᠰᠡᠨ ᠪᠤᠶᠤ ᠭᠤᠣᠯ ᠤᠨ ᠵᠠᠮ ᠤᠨ ᠬᠠᠮᠢᠶᠠᠷᠤᠯᠲᠠ ᠶᠢᠨ ᠨᠢᠭᠡᠴᠢ ᠶᠢᠨ ᠬᠡᠪ ᠤᠨ ᠠᠵᠢᠯ ᠢ ᠬᠠᠷᠰᠢᠯᠠᠭᠰᠠᠨ᠃ | ᠳᠥᠴᠢᠨ ᠵᠢᠷᠭᠤᠳᠤᠭᠠᠷ ᠵᠦᠢᠯ ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠢ | ᠬᠦᠯᠢᠶᠡᠬᠦ ᠦᠭᠡᠶ ᠪᠣᠯ ᠰᠢᠢᠳᠭᠡᠯ ᠤᠨ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ | ᠰᠢᠢᠳᠭᠡᠯ ᠤᠨ ᠲᠣᠭᠲᠠᠭᠠᠯ ᠭᠠᠷᠭᠠᠭᠰᠠᠨ ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠪᠠᠶᠢᠭᠤᠯᠭ᠎ᠠ ᠳᠤ ᠳᠠᠬᠢᠨ | ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠳᠠᠬᠢᠨ ᠵᠥᠪᠯᠡᠭᠰᠡᠨ ᠲᠣᠭᠲᠠᠭᠠᠯ ᠢ ᠬᠦᠯᠢᠶᠡᠬᠦ ᠦᠭᠡᠶ ᠪᠣᠯ ᠳᠠᠬᠢᠨ | ᠵᠥᠪᠯᠡᠭᠰᠡᠨ ᠲᠣᠭᠲᠠᠭᠠᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠵᠤ ᠪᠣᠯᠤᠨ᠎ᠠ᠃ ᠲᠤᠬᠠᠶ ᠶᠢᠨ ᠬᠥᠮᠦᠨ ᠨᠢ ᠰᠢᠢᠳᠭᠡᠬᠦ ᠮᠡᠳᠡᠭᠳᠡᠯ ᠢ ᠣᠯᠤᠭᠰᠠᠨ ᠡᠳᠦᠷ ᠠᠴᠠ | ᠡᠬᠢᠯᠡᠨ 15 ᠡᠳᠦᠷ ᠤᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠡᠭᠠᠯᠳᠦᠵᠦ ᠴᠤ ᠪᠣᠯᠤᠨ᠎ᠠ᠃ | ᠲᠤᠬᠠᠶ ᠶᠢᠨ ᠬᠥᠮᠦᠨ ᠨᠢ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠤᠢᠭᠡᠢ ᠪᠤᠶᠤ | ᠠᠷᠠᠳ ᠤᠨ ᠰᠢᠭᠦᠬᠦ ᠬᠤᠷᠢᠶᠠᠨ ᠳᠤ ᠵᠡᠭᠠᠯᠳᠦᠬᠰᠡᠠ ᠤᠢᠭᠡᠢ ᠪᠥᠭᠡᠳ ᠰᠢᠢᠳᠭᠡᠬᠦ ᠲᠣᠭᠲᠠᠭᠠᠯ ᠢ ᠭᠦᠢᠴᠡᠳᠬᠡᠬᠦ ᠤᠢᠭᠡᠢ | ᠪᠠᠶᠢᠪᠠᠯ᠂ ᠰᠢᠢᠳᠭᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ | ᠭᠠᠷᠭᠠᠵᠤ ᠠᠯᠪᠡᠳᠡᠠ ᠭᠦᠢᠴᠡᠳᠬᠡᠭᠦᠯᠦᠨ᠎ᠡ᠃ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠢ | ᠵᠥᠪᠰᠢᠶᠡᠷᠡᠬᠦ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠪᠤᠷᠢᠯᠡᠨ᠎ᠡ᠃ | ᠳᠥᠴᠢᠨ ᠳᠣᠯᠣᠳᠤᠭᠠᠷ ᠵᠦᠢᠯ ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠤᠯᠤᠰ ᠣᠷᠣᠨ᠂ ᠬᠠᠮᠲᠤ | ᠨᠡᠶᠢᠳᠡ᠂ ᠬᠤᠪᠢ ᠬᠥᠮᠦᠨ ᠳᠤ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠯ ᠠᠮᠰᠠᠭᠰᠠᠨ | ᠲᠠᠯ᠎ᠠ ᠨᠢ ᠰᠢᠶᠠᠨ ᠤ ᠱᠠᠲᠤᠨ ᠠᠴᠠ ᠳᠡᠭᠡᠭᠰᠢᠬᠢ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠳᠤ | ᠰᠢᠢᠳᠪᠤᠷᠢᠯᠡᠬᠦᠯᠬᠦ ᠪᠠᠷ ᠭᠤᠶᠤᠴᠢᠯᠠᠵᠤ ᠪᠣᠯᠤᠨ᠎ᠠ᠃ ᠬᠤᠬᠢᠷᠠᠯ ᠠᠮᠰᠠᠭᠰᠠᠨ ᠲᠠᠯ᠎ᠠ ᠨᠢ ᠠᠷᠠᠳ ᠤᠨ ᠰᠢᠭᠦᠬᠦ | ᠬᠤᠷᠢᠶᠠᠨ ᠳᠤ ᠰᠢᠭᠤᠳ ᠵᠡᠭᠠᠯᠳᠦᠵᠦ ᠴᠤ ᠪᠣᠯᠤᠨ᠎ᠠ᠃ | ᠲᠤᠬᠠᠶ ᠶᠢᠨ ᠬᠥᠮᠦᠨ ᠨᠢ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠰᠢᠢᠳᠪᠤᠷᠢᠯᠡᠭᠰᠡᠨ | ᠲᠣᠭᠲᠠᠭᠠᠯ ᠢ ᠵᠥᠪᠰᠢᠶᠡᠷᠡᠬᠦ ᠦᠭᠡᠢ ᠪᠠᠶᠢᠪᠠᠯ᠂ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ | ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃ | ᠳᠥᠴᠢᠨ ᠨᠠᠢᠮᠠᠳᠤᠭᠠᠷ ᠵᠦᠢᠯ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠠᠵᠢᠯᠳᠠᠨ | ᠵᠢᠴᠢ ᠭᠤᠣᠯ ᠤᠨ ᠵᠠᠮ ᠢ ᠬᠢᠨᠠᠨ ᠬᠠᠮᠢᠶᠠᠷᠬᠤ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ | ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠵᠠᠰᠠᠭ | ᠵᠠᠬᠢᠷᠭᠠᠨ ᠤ ᠰᠢᠢᠳᠭᠡᠯ ᠥᠭᠭᠦᠨ᠎ᠡ︔ ᠤᠯᠡᠠ ᠨᠡᠶᠢᠲᠡ ᠶᠢᠨ ᠡᠳ᠋ ᠬᠦᠷᠦᠩᠭᠡ᠂ ᠤᠯᠤᠰ ᠣᠷᠣᠨ ᠪᠠ ᠠᠷᠠᠳ | ᠲᠦᠮᠡᠨ ᠤ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠳᠣᠯᠣᠳᠤᠭᠠᠷ ᠪᠦᠯᠦᠭ ᠲᠠᠭᠠᠯᠳᠤᠭᠤᠯᠤᠯ ᠲᠦᠷᠢᠮ | | ᠳᠥᠴᠢ ᠶᠢᠰᠦᠳᠦᠭᠡᠷ ᠵᠦᠢᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠲᠦᠷᠢᠮ ᠤᠨ ᠲᠣᠭᠲᠠᠭᠠᠯ ᠢ ᠦᠨᠳᠦᠰᠦᠯᠡᠨ᠂ ᠲᠤᠰ ᠭᠠᠵᠠᠷ | ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠬᠦ ᠠᠷᠭ᠎ᠠ ᠲᠣᠭᠲᠠᠭᠠᠵᠤ ᠪᠣᠯᠤᠨ᠎ᠠ᠃ | ᠲᠠᠪᠢᠳᠤᠭᠠᠷ ᠵᠦᠢᠯ ᠲᠤᠰ ᠳᠦᠷᠢᠮ ᠢ ᠳᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠲᠠᠪᠢᠨ ᠨᠢᠭᠡᠳᠦᠭᠡᠷ ᠵᠦᠢᠯ ᠲᠤᠰ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |