ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ
ᠨᠡᠶᠢᠲᠡᠯᠡᠭᠰᠡᠨ ᠴᠠᠭ᠄
2021/9/8
     ︵1997 ᠣᠨ ᠤ 8 ᠰᠠᠷ᠎ᠠ ᠶᠢᠨ 29 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠠᠴᠠ ᠪᠠᠲᠤᠯᠠᠪᠠ᠃ 2009 ᠣᠨ ᠤ 8 ᠰᠠᠷ᠎ᠠ ᠶᠢᠨ 27 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠤ《 ᠬᠡᠰᠡᠭ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠪᠠ᠃ 2015 ᠣᠨ ᠤ 4 ᠰᠠᠷ᠎ᠠ ᠶᠢᠨ 24 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠤ《  ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠷᠠᠮ ᠤᠨ ᠬᠠᠤᠯᠢ﹀ ᠵᠡᠷᠭᠡ ᠲᠤᠯᠤᠭᠠᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2016 ᠣᠨ ᠤ 7 ᠰᠠᠷ᠎ᠠ ᠶᠢᠨ 2 ᠤᠨ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠰᠤᠷᠪᠤᠯᠵᠢ ᠶᠢ ᠠᠷᠪᠢᠯᠠᠬᠤ ᠬᠠᠤᠯᠢ﹀ ᠵᠡᠷᠭᠡ ᠵᠢᠷᠭᠤᠭᠠᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ︶          ᠨᠢᠭᠡᠳᠦᠭᠡᠷ ᠪᠦᠯᠦᠭ  ᠶᠡᠷᠦᠩᠬᠡᠢ ᠲᠦᠷᠢᠮ        ᠨᠢᠭᠡᠳᠦᠭᠡᠷ ᠵᠦᠢᠯ  ᠦᠶᠡᠷ ᠢ ᠰᠡᠷᠭᠡᠶᠢᠯᠡᠨ ᠵᠠᠰᠠᠵᠤ᠂ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ  ᠦᠶᠡᠷ ᠢ ᠰᠡᠷᠭᠡᠶᠢᠯᠡᠬᠦ ᠠᠵᠢᠯ ᠳᠤ ᠪᠦᠬᠦ ᠲᠠᠯ᠎ᠠ ᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ᠂ ᠬᠡᠰᠡᠭ ᠲᠠᠯ᠎ᠠ ᠶᠢᠨ ᠠᠰᠢᠭ ᠲᠤᠰᠠ ᠶᠢ ᠪᠦᠬᠦ ᠲᠠᠯ᠎ᠠ ᠶᠢᠨ ᠠᠰᠢᠭ ᠲᠤᠰᠠ ᠳᠤ ᠳᠠᠭᠠᠭᠤᠯᠬᠤ ᠵᠠᠷᠴᠢᠮ ᠢ ᠬᠡᠷᠡᠭᠵᠢᠭᠦᠯᠦᠨ᠎ᠡ᠃      ᠭᠤᠷᠪᠠᠳᠤᠭᠠᠷ ᠵᠦᠢᠯ  ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠣᠷᠣᠭᠤᠯᠬᠤ ᠬᠡᠷᠡᠭᠲᠡᠢ᠃      ᠦᠶᠡᠷ ᠢ ᠰᠡᠷᠭᠡᠶᠢᠯᠡᠬᠦ ᠵᠠᠷᠤᠳᠠᠯ ᠢ ᠵᠠᠰᠠᠭ ᠤᠨ ᠣᠷᠳᠣᠨ ᠤ ᠣᠷᠣᠭᠤᠯᠤᠯᠲᠠ ᠬᠢᠭᠡᠳ ᠠᠰᠢᠭ ᠬᠦᠷᠲᠡᠭᠴᠢ ᠵᠦᠢ ᠵᠣᠬᠢᠰᠲᠠᠶ ᠡᠭᠦᠷᠭᠡᠯᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠤᠨ  ᠶᠣᠰᠣᠭᠠᠷ ᠴᠤᠭᠯᠠᠭᠤᠯᠤᠨ᠎ᠠ᠃      ᠳᠥᠷᠪᠡᠳᠦᠭᠡᠷ ᠵᠦᠢᠯ  ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠦᠶᠡᠷ ᠢ ᠰᠡᠷᠭᠡᠶᠢᠯᠡᠬᠦ ᠶᠡᠷᠦᠩᠬᠡᠶ ᠲᠤᠬᠢᠷᠠᠭᠤᠯᠤᠯᠳᠡ ᠶᠢ ᠲᠠᠭᠠᠵᠤ᠂ ᠠᠰᠢᠭ ᠲᠠᠢ ᠲᠠᠯ᠎ᠠ ᠶᠢ ᠬᠥᠭᠵᠢᠭᠦᠯᠬᠦ ᠪᠠ ᠬᠤᠣᠷ ᠬᠥᠨᠥᠭᠡᠯ ᠢ ᠠᠷᠢᠯᠭᠠᠬᠤ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠬᠦ ᠬᠡᠷᠡᠭᠲᠡᠶ᠃      ᠭᠤᠣᠯ ᠮᠥᠷᠡᠨ᠂ ᠨᠠᠭᠤᠷ ᠴᠦᠬᠦᠷᠦᠮ ᠢ ᠵᠠᠰᠠᠬᠤ ᠵᠢᠴᠢ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠳᠤ ᠨᠡᠶᠢᠴᠡᠭᠦᠯᠵᠦ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠠᠢ ᠤᠶᠠᠯᠳᠤᠭᠤᠯᠬᠤ ᠬᠡᠷᠡᠭᠲᠡᠢ᠃      ᠲᠤᠰ ᠬᠠᠤᠯᠢ ᠳᠤ ᠬᠡᠯᠡᠵᠦ ᠪᠠᠶᠢᠭ᠎ᠠ ᠶᠡᠷᠦᠩᠬᠡᠶ ᠲᠥᠯᠥᠪᠵᠢᠭᠦᠯᠭᠡ ᠭᠡᠳᠡᠭ ᠪᠣᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠶᠡᠷᠦᠩᠬᠡᠶ ᠲᠥᠯᠥᠪᠵᠢᠭᠦᠯᠭᠡ ᠶᠢ ᠵᠢᠭᠠᠵᠤ ᠪᠠᠶᠢᠨ᠎ᠠ᠃      ᠲᠠᠪᠤᠳᠤᠭᠠᠷ ᠵᠦᠢᠯ  ᠦᠶᠡᠷ ᠢ ᠰᠡᠷᠭᠡᠶᠢᠯᠡᠬᠦ ᠠᠵᠢᠯ ᠳᠤ ᠰᠠᠪᠠ ᠭᠠᠵᠠᠷ ᠪᠤᠶᠤ ᠣᠷᠣᠨ ᠪᠦᠰᠡ ᠶᠢᠨ ᠶᠣᠰᠣᠭᠠᠷ ᠨᠢᠭᠡᠳᠦᠯᠲᠡᠢ ᠲᠥᠯᠥᠪᠵᠢᠭᠦᠯᠬᠦ᠂ ᠱᠠᠳᠤ ᠬᠤᠪᠢᠶᠠᠨ ᠬᠡᠷᠡᠭᠵᠢᠭᠦᠯᠬᠦ ᠪᠠ ᠰᠠᠪᠠ ᠭᠠᠵᠠᠷ ᠤᠨ ᠬᠠᠮᠢᠶᠠᠷᠤᠯᠲᠠ ᠶᠢ ᠵᠠᠰᠠᠭ ᠵᠠᠬᠢᠷᠭᠠᠨ ᠤ ᠣᠷᠣᠨ ᠤ ᠬᠠᠮᠢᠶᠠᠷᠤᠯᠲᠠ ᠲᠠᠢ ᠤᠶᠠᠯᠳᠤᠭᠤᠯᠬᠤ ᠲᠦᠷᠢᠮ ᠢ ᠬᠡᠷᠡᠭᠵᠢᠭᠦᠯᠦᠨ᠎ᠡ᠃      ᠵᠢᠷᠭᠤᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠬᠤ ᠪᠠ ᠬᠠᠤᠯᠢ ᠶᠣᠰᠣᠭᠠᠷ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠣᠷᠣᠯᠴᠠᠬᠤ ᠡᠭᠦᠷᠭᠡ ᠲᠠᠢ᠃      ᠳᠣᠯᠣᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠶᠡᠷ ᠢ ᠰᠡᠷᠭᠡᠶᠢᠯᠡᠬᠦ ᠠᠵᠢᠯ ᠤᠨ ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠬᠦᠴᠦᠨ ᠢ ᠲᠠᠶᠢᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠨ᠂ ᠲᠥᠯᠥᠪᠯᠡᠭᠡ ᠲᠠᠢ ᠪᠠᠷ ᠭᠤᠣᠯ ᠮᠥᠷᠡᠨ᠂ ᠨᠠᠭᠤᠷ ᠴᠦᠬᠦᠷᠦᠮ ᠢ ᠵᠠᠰᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠴᠢᠳᠠᠪᠤᠷᠢ ᠪᠠᠨ ᠪᠠᠬᠢᠵᠢᠭᠦᠯᠦᠨ ᠳᠡᠭᠡᠭᠰᠢᠯᠡᠭᠦᠯᠬᠦ       ᠬᠡᠷᠡᠭᠲᠡᠢ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠬᠦᠴᠦᠨ ᠢ ᠲᠡᠶᠢᠴᠢᠯᠡᠠ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠ ᠦᠶᠡᠷ ᠤᠰᠤᠲᠤᠯ ᠤᠨ ᠭᠠᠮᠰᠢᠭ ᠤᠨ ᠳᠠᠷᠠᠭᠠᠬᠢ ᠰᠡᠷᠭᠦᠭᠡᠬᠦ ᠪᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠲᠡᠳᠬᠦᠨ ᠳᠡᠮᠵᠢᠬᠦ ᠬᠡᠷᠡᠭᠲᠡᠶ︔ ᠦᠶᠡᠷ ᠢ ᠲᠣᠭᠲᠠᠭᠠᠨ ᠬᠤᠷᠠᠭᠤᠯᠤᠭᠰᠠᠨ ᠤ ᠲᠡᠷᠠᠭ᠎ᠠ᠂ ᠤᠯᠤᠰ ᠤᠨ ᠲᠣᠭᠲᠠᠭᠠᠯ ᠶᠣᠰᠣᠭᠠᠷ ᠨᠥᠬᠦᠪᠥᠷᠢ ᠥᠭᠬᠦ ᠪᠤᠶᠤ ᠠᠪᠤᠷᠠᠨ ᠲᠤᠰᠠᠯᠠᠬᠤ ᠬᠡᠷᠡᠭᠲᠡᠶ᠃      ᠨᠠᠢᠮᠠᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ᠂ ᠪᠦᠬᠦ ᠤᠯᠤᠰ ᠤᠨ ᠦᠶᠡᠷ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠣᠭᠤᠳᠬᠤ ᠵᠡᠷᠭᠡ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶᠠᠯᠠᠬᠤ ᠬᠡᠪᠴᠢᠶᠡᠨ ᠳᠣᠲᠣᠷ᠎ᠠ ᠪᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠦᠶᠡᠷ ᠢ ᠰᠡᠷᠭᠡᠶᠢᠯᠡᠬᠦ ᠶᠢ ᠵᠣᠬᠢᠴᠠᠭᠤᠯᠬᠤ ᠪᠠ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃      ᠲᠦᠷᠦ ᠶᠢᠨ ᠶᠠᠪᠤᠳᠠᠯ ᠤᠨ ᠬᠤᠷᠢᠶᠠᠨ ᠤ ᠪᠦᠳᠦᠭᠡᠠ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠤᠳ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠣᠭᠤᠳᠬᠤ ᠵᠡᠷᠭᠡ ᠡᠳᠦᠷ ᠲᠤᠳᠤᠮ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠦᠳᠦᠭᠡᠠ ᠪᠠᠶᠢᠭᠤᠯᠤᠯᠲᠠ ᠶᠢᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃          ᠬᠤᠶᠠᠳᠤᠭᠠᠷ ᠪᠦᠯᠦᠭ  ᠦᠶᠡᠷ ᠢ ᠰᠡᠷᠭᠡᠶᠢᠯᠡᠬᠦ ᠲᠥᠯᠥᠪᠵᠢᠭᠦᠯᠭᠡ        ᠶᠢᠰᠦᠳᠦᠭᠡᠷ ᠵᠦᠢᠯ  ᠦᠶᠡᠷ ᠢ ᠰᠡᠷᠭᠡᠶᠢᠯᠡᠬᠦ ᠲᠥᠯᠥᠪᠵᠢᠭᠦᠯᠭᠡ ᠭᠡᠳᠡᠭ ᠪᠣᠯ ᠶᠠᠮᠠᠷ ᠨᠢᠭᠡᠨ ᠰᠠᠪᠠ ᠭᠠᠵᠠᠷ᠂ ᠭᠤᠣᠯ ᠤᠨ ᠬᠡᠰᠡᠭ ᠪᠤᠶᠤ ᠣᠷᠣᠨ ᠪᠦᠰᠡ ᠶᠢᠨ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ ᠵᠠᠰᠠᠬᠤ ᠶᠢᠨ ᠲᠥᠯᠥᠭᠡ ᠲᠣᠭᠲᠠᠭᠠᠭᠰᠠᠨ ᠶᠡᠷᠦᠩᠬᠡᠢ ᠪᠠᠶᠢᠷᠢᠯᠠᠭᠤᠯᠤᠯᠲᠠ ᠶᠢ ᠵᠢᠭᠠᠵᠤ ᠪᠠᠶᠢᠨ᠎ᠠ᠂ ᠡᠭᠦᠨ ᠳᠤ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ᠂ ᠪᠤᠰᠤᠳ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠢᠴᠢ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠠᠭᠲᠠᠨ᠎ᠠ᠃      ᠦᠶᠡᠷ ᠢ ᠰᠡᠷᠭᠡᠶᠢᠯᠡᠬᠦ ᠲᠥᠯᠥᠪᠵᠢᠭᠦᠯᠭᠡ ᠨᠢ ᠪᠠᠶᠢᠭ᠎ᠠ ᠰᠠᠪᠠ ᠭᠠᠵᠠᠷ᠂ ᠣᠷᠣᠨ ᠪᠦᠰᠡ ᠶᠢᠨ ᠶᠡᠷᠦᠩᠬᠡᠢ ᠲᠥᠯᠥᠪᠵᠢᠭᠦᠯᠭᠡ ᠶᠢ ᠲᠠᠭᠠᠬᠤ ᠬᠡᠷᠡᠭᠲᠡᠢ︔ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠨᠢ ᠪᠠᠶᠢᠭ᠎ᠠ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠲᠠᠭᠠᠬᠤ ᠬᠡᠷᠡᠭᠲᠡᠢ᠃      ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠣᠯ ᠭᠤᠣᠯ ᠮᠥᠷᠡᠨ᠂ ᠨᠠᠭᠤᠷ ᠴᠦᠬᠦᠷᠦᠮ ᠢ ᠵᠠᠰᠠᠬᠤ ᠪᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠦᠨᠳᠦᠰᠦᠨ ᠦᠨᠳᠦᠰᠦᠯᠡᠯ ᠮᠥᠨ᠃      ᠠᠷᠪᠠᠳᠤᠭᠠᠷ ᠵᠦᠢᠯ  ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠪᠤᠰᠤᠳ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠤᠶᠤ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠲᠤᠰ ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ᠂ ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ ᠮᠥᠷᠡᠨ᠂ ᠭᠤᠣᠯ ᠤᠨ ᠬᠡᠰᠡᠭ᠂ ᠨᠠᠭᠤᠷ ᠴᠦᠬᠦᠷᠦᠮ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠲᠤᠰ ᠬᠢᠨᠠᠨ ᠪᠠᠶᠢᠴᠠᠭᠠᠭᠠᠳ ᠰᠠᠨᠠᠯ ᠳᠤᠷᠠᠳᠤᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃      ᠬᠤᠳᠠ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠦᠨᠳᠦᠰᠦᠯᠡᠨ ᠨᠠᠶᠢᠷᠠᠭᠤᠯᠤᠨ ᠵᠣᠬᠢᠶᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠬᠢᠨᠠᠨ ᠵᠥᠪᠰᠢᠶᠡᠷᠡᠬᠦ ᠵᠢᠷᠤᠮ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠤᠳᠠ  ᠶᠢᠨ ᠶᠡᠷᠦᠩᠬᠡᠢ ᠲᠦᠯᠦᠪᠵᠢᠬᠦᠯᠭᠡ ᠳᠤ ᠤᠷᠤᠭᠤᠯᠤᠨ᠎ᠠ᠃      ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠳᠤ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ  ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠭᠤᠣᠯᠳᠠᠯᠭ᠎ᠠ ᠶᠢ ᠦᠨᠡᠨ ᠬᠦ ᠪᠠᠲᠤᠯᠠᠬᠤ᠂ ᠡᠩ ᠤᠨ ᠪᠠᠶᠢᠳᠠᠯ ᠢ ᠬᠠᠮᠲᠤ ᠳᠤᠨᠢ ᠬᠠᠷᠠᠭᠠᠯᠵᠠᠬᠤ᠂ ᠵᠢᠴᠢ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠶᠢ ᠤᠶᠠᠯᠳᠤᠭᠤᠯᠬᠤ᠂ ᠪᠠᠷᠢᠯᠭ᠎ᠠ ᠶᠢᠨ ᠠᠷᠭ᠎ᠠ ᠬᠡᠮᠵᠢᠶ᠎ᠡ ᠪᠠ ᠪᠠᠷᠢᠯᠭ᠎ᠠ ᠶᠢᠨ ᠪᠤᠰᠤ ᠠᠷᠭ᠎ᠠ ᠬᠡᠮᠵᠢᠶ᠎ᠡ ᠶᠢ ᠤᠶᠠᠯᠳᠤᠭᠤᠯᠬᠤ ᠵᠠᠷᠴᠢᠮ ᠢ ᠵᠢᠷᠤᠮᠯᠠᠵᠤ᠂ ᠦᠶᠡᠷ ᠤᠰᠤᠲᠤᠯ ᠤᠨ ᠵᠢᠮ᠎ᠡ ᠶᠣᠰᠣ ᠪᠣᠯᠤᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠷᠢᠴᠠᠭ᠎ᠠ ᠵᠢᠴᠢ ᠤᠯᠤᠰ ᠠᠷᠠᠳ ᠤᠨ ᠠᠵᠤ ᠠᠬᠤᠢ ᠶᠢᠨ ᠦᠶᠡᠷ ᠢ ᠰᠡᠷᠭᠡᠶᠢᠯᠡᠬᠦ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠢ ᠪᠥᠭᠡᠳ ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠪᠠ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠲᠠᠢ ᠵᠣᠬᠢᠴᠠᠭᠤᠯᠬᠤ ᠬᠡᠷᠡᠭᠲᠡᠢ᠃      ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠰᠡᠷᠭᠡᠶᠢᠯᠡᠨ ᠬᠠᠮᠠᠭᠠᠯᠠᠬᠤ ᠡᠲᠡᠭᠡᠳ᠂ ᠵᠠᠰᠠᠬᠤ ᠬᠠᠷᠠᠯᠲᠠ ᠪᠠ ᠡᠭᠦᠷᠭᠡ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠬᠡᠷᠡᠭᠯᠡᠬᠦ ᠵᠠᠷᠴᠢᠮ ᠢ ᠲᠣᠭᠲᠠᠭᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ  ᠲᠤᠬᠰᠢᠨ ᠰᠠᠯᠬᠢᠨ ᠤ ᠲᠦᠯᠬᠢᠭᠡᠨ ᠤ ᠰᠦᠷᠳᠡᠭᠦᠯᠦᠯ ᠳᠤ ᠤᠴᠠᠷᠠᠭᠰᠠᠨ ᠲᠠᠯᠠᠢ ᠳᠠᠭᠠᠤ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠤᠬᠰᠢᠨ ᠰᠠᠯᠬᠢᠨ ᠤ ᠲᠦᠯᠬᠢᠭᠡᠨ ᠢ ᠰᠡᠷᠭᠡᠶᠢᠯᠡᠬᠦ ᠠᠵᠢᠯ ᠢ ᠲᠤᠰ ᠭᠠᠵᠠᠷ ᠣᠷᠣᠨ ᠤ ᠪᠠᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠡᠭᠡᠨ ᠣᠷᠣᠭᠤᠯᠵᠤ᠂ ᠲᠠᠯᠠᠢ ᠶᠢᠨ ᠳᠠᠯᠠᠩ ︵ᠲᠠᠯᠠᠢ ᠶᠢᠨ ᠴᠥᠭᠦᠷᠥᠮ︶᠂ ᠲᠦᠯᠬᠢᠭᠡᠨ ᠢ ᠬᠤᠷᠢᠭᠯᠠᠬᠤ ᠬᠠᠭᠠᠯᠲᠠ ᠪᠠ ᠲᠠᠯᠠᠢ ᠳᠠᠭᠠᠤ ᠬᠠᠮᠠᠭᠠᠯᠠᠯᠲᠠ ᠶᠢᠨ ᠤᠢ ᠵᠡᠷᠭᠡ ᠲᠤᠬᠰᠢᠨ ᠰᠠᠯᠬᠢᠨ ᠤ ᠲᠦᠯᠬᠢᠭᠡᠨ ᠢ ᠰᠡᠷᠭᠡᠶᠢᠯᠡᠬᠦ ᠪᠠᠷᠢᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠲᠦᠰᠦᠯ ᠪᠠ ᠠᠵᠢᠯ  ᠨᠢ ᠲᠤᠭᠰᠢᠨ ᠰᠠᠯᠬᠢᠨ ᠤ ᠲᠦᠯᠬᠢᠭᠡᠨ ᠠᠴᠠ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠬᠢᠨᠠᠯᠲᠠ ᠲᠠᠯᠪᠢᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠠᠭᠤᠯᠠᠨ ᠦᠶᠡᠷ ᠨᠢ ᠠᠭᠤᠯᠠ ᠶᠡᠭᠦᠷᠡᠬᠦ᠂ ᠨᠤᠷᠠᠬᠤ ᠪᠠ ᠰᠢᠪᠠᠷ ᠴᠢᠯᠠᠭᠤᠨ ᠤ ᠤᠷᠤᠰᠬᠠᠯ ᠡᠭᠦᠰᠬᠦ ᠭᠠᠵᠠᠷ ᠣᠷᠣᠨ ᠵᠢᠴᠢ ᠪᠤᠰᠤᠳ ᠠᠭᠤᠯᠠᠨ ᠦᠶᠡᠷ ᠣᠯᠠᠨ ᠭᠠᠷᠳᠠᠭ ᠭᠠᠵᠠᠷ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠭᠤᠯᠠ ᠶᠡᠭᠦᠷᠡᠬᠦ᠂ ᠨᠤᠷᠠᠬᠤ ᠪᠠ ᠰᠢᠪᠠᠷ ᠴᠢᠯᠠᠭᠤᠨ ᠤ ᠤᠷᠤᠰᠬᠠᠯ ᠤᠨ ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠵᠤ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠢ ᠵᠠᠭᠠᠭᠯᠠᠨ ᠲᠣᠭᠲᠠᠭᠠᠵᠤ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ᠬᠤᠳᠠ᠂ ᠭᠠᠴᠠᠭ᠎ᠠ ᠪᠠᠯᠭᠠᠰᠤ ᠪᠠ ᠰᠠᠭᠤᠭᠠᠯᠢ ᠠᠷᠠᠳ ᠤᠨ ᠪᠤᠰᠤᠳ ᠴᠡᠭ ᠵᠢᠴᠢ ᠦᠢᠯᠡᠳᠪᠦᠷᠢ᠂       ᠠᠭᠤᠷᠬᠠᠶ᠂ ᠲᠡᠮᠦᠷ ᠵᠡᠮ ᠪᠠ ᠵᠠᠰᠠᠮᠠᠯ ᠵᠡᠮ ᠤᠨ ᠭᠤᠣᠯ ᠱᠤᠭᠤᠮ ᠤᠨ ᠪᠠᠶᠢᠷᠢᠯᠠᠭᠤᠯᠤᠯᠲᠠ ᠨᠢ ᠠᠭᠤᠯᠠᠨ ᠦᠶᠡᠷ ᠤᠨ ᠰᠦᠷᠳᠡᠭᠦᠯᠦᠯ ᠠᠴᠠ ᠵᠠᠶᠢᠯᠠᠬᠤ ᠬᠡᠷᠡᠭᠲᠡᠶ︔ ᠨᠢᠭᠡᠨᠲᠡ ᠠᠭᠤᠯᠠᠨ ᠦᠶᠡᠷ ᠤᠨ ᠰᠦᠷᠳᠡᠭᠦᠯᠦᠯ ᠳᠤ ᠤᠴᠠᠷᠠᠭᠰᠠᠨ ᠭᠠᠵᠠᠷ ᠲᠤ ᠪᠠᠶᠢᠭᠤᠯᠤᠭᠰᠠᠨ ᠪᠠᠶᠢᠪᠠᠯ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠲᠠᠯ᠎ᠠ ᠭᠠᠵᠠᠷ᠂ ᠬᠤᠩᠬᠤᠷ ᠭᠠᠵᠠᠷ᠂ ᠤᠰᠤᠨ ᠲᠣᠣᠷ ᠤᠨ ᠬᠠᠰᠢᠯᠭᠠᠳᠤ ᠤᠷᠤᠨ᠂ ᠠᠭᠤᠯᠠᠨ ᠬᠥᠨᠳᠡᠢ᠂ ᠬᠤᠲᠣᠭᠤᠷ ᠭᠠᠵᠠᠷ ᠵᠡᠷᠭᠡ ᠠᠮᠠᠷᠬᠠᠨ ᠤᠰᠤᠲᠤᠬᠤ ᠭᠠᠵᠠᠷ ᠣᠷᠣᠨ ᠤ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤᠰᠤᠲᠤᠯ ᠢ ᠠᠷᠢᠯᠭᠠᠨ ᠤᠰᠤᠲᠤᠯ ᠢ ᠵᠠᠰᠠᠬᠤ ᠲᠥᠯᠥᠪᠵᠢᠭᠦᠯᠭᠡ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠩᠭᠤᠢ ᠵᠠᠰᠠᠬᠤ ᠠᠷᠭ᠎ᠠ ᠬᠡᠮᠵᠢᠶ᠎ᠡ ᠠᠪᠴᠤ᠂ ᠤᠰᠤ ᠵᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠰᠤᠲᠤᠯ ᠳᠤ ᠲᠡᠰᠪᠦᠷᠢᠲᠡᠢ ᠲᠠᠷᠢᠮᠠᠯ ᠤᠨ ᠲᠦᠷᠦᠯ ᠵᠦᠢᠯ ᠪᠠ ᠡᠭᠦᠯᠳᠡᠷ ᠢ ᠬᠥᠭᠵᠢᠭᠦᠯᠵᠦ᠂ ᠦᠶᠡᠷ ᠤᠰᠤᠲᠤᠯ᠂ ᠭᠠᠩ ᠬᠠᠭᠰᠠᠷᠠᠭᠠᠨ᠂ ᠬᠤᠵᠢᠷ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃      ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠳᠠ ᠶᠢᠨ ᠲᠣᠭᠤᠷᠢᠭ ᠤᠨ ᠦᠶᠡᠷ ᠤᠰᠤᠲᠤᠯ ᠢ ᠵᠠᠯᠠᠬᠤ ᠬᠤᠭᠤᠯᠠᠶ ᠶᠢᠨ ᠲᠣᠣᠷ᠂ ᠬᠥᠭᠡᠷᠭᠡ ᠶᠢᠨ ᠤᠢᠷᠳᠡᠭᠡ ᠶᠢᠨ ᠪᠦᠳᠦᠭᠡᠠ ᠪᠠᠶᠢᠭᠤᠯᠤᠯᠲᠠ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠵᠤ ᠪᠠᠶᠢᠭᠠᠳ ᠬᠥᠬᠡᠮᠥ᠋ᠷᠡᠨ᠂ ᠬᠠᠳᠤᠨ ᠭᠤᠣᠯ᠂ ᠵᠦᠵᠢᠶᠠᠩ ᠮᠥᠷᠡᠨ᠂ ᠯᠢᠶᠣᠤᠾᠧ ᠭᠤᠣᠯ᠂ ᠬᠤᠸᠠᠢ ᠾᠧ ᠭᠤᠣᠯ᠂ ᠬᠠᠶᠢᠾᠧ ᠭᠤᠣᠯ ᠤᠨ ᠳᠠᠯᠠᠢ ᠳᠤ ᠴᠢᠳᠬᠤᠬᠤ ᠭᠤᠣᠯ ᠤᠨ ᠠᠮᠠ ᠶᠢ ᠵᠠᠰᠠᠬᠤ ᠲᠥᠯᠥᠪᠵᠢᠭᠦᠯᠭᠡ ᠶᠢ ᠲᠣᠭᠲᠠᠭᠠᠬᠤ ᠬᠡᠷᠡᠭᠲᠡᠶ᠃      ᠡᠮᠦᠨᠡᠬᠢ ᠪᠠᠳᠠᠭ ᠲᠤ ᠳᠤᠷᠠᠳᠤᠭᠰᠠᠨ ᠲᠡᠯᠡᠢ ᠳᠤ ᠴᠢᠳᠬᠤᠬᠤ ᠭᠤᠣᠯ ᠤᠨ ᠠᠮᠠ ᠳᠤ ᠲᠡᠯᠡᠢ ᠶᠢ ᠬᠦᠷᠢᠶᠡᠯᠡᠨ ᠲᠠᠷᠢᠶᠠᠨ ᠭᠠᠵᠠᠷ ᠭᠠᠷᠭᠠᠬᠤ ᠳᠠᠭᠠᠨ ᠭᠤᠣᠯ ᠤᠨ ᠠᠮᠠ ᠶᠢ ᠵᠠᠰᠠᠬᠤ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠤᠨ ᠵᠠᠮ ᠢ ᠵᠠᠰᠠᠬᠤ ᠲᠥᠯᠥᠪᠯᠡᠭᠡ ᠳᠤ ᠬᠡᠷᠡᠭᠯᠡᠬᠦ ᠭᠠᠵᠠᠷ ᠪᠣᠯᠤᠨ ᠲᠥᠯᠥᠪᠵᠢᠭᠦᠯᠦᠨ ᠪᠦᠳᠦᠭᠡᠨ ᠪᠠᠶᠢᠭᠤᠯᠤᠭᠰᠠᠨ ᠬᠠᠰᠢᠯᠭ᠎ᠠ ᠳᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠭᠠᠵᠠᠷ ᠰᠢᠷᠣᠢ ᠶᠢ ᠭᠠᠵᠠᠷ ᠰᠢᠷᠣᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ ᠬᠢᠨᠠᠨ ᠲᠣᠭᠲᠠᠭᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠪᠣᠯᠭᠠᠨ ᠵᠠᠭᠠᠭᠯᠠᠨ ᠲᠣᠭᠲᠠᠭᠠᠵᠤ ᠪᠣᠯᠤᠨ᠎ᠠ︔ ᠲᠤᠰ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠤ ᠬᠡᠪᠴᠢᠶᠡᠨ ᠳᠠᠬᠢ ᠭᠠᠵᠠᠷ ᠰᠢᠷᠣᠶ ᠨᠢ ᠪᠤᠰᠤᠳ ᠵᠦᠢᠯᠡᠰ ᠲᠤ ᠬᠡᠷᠡᠭᠯᠡᠬᠦ ᠭᠠᠵᠠᠷ ᠲᠤ ᠬᠤᠯᠪᠣᠭᠳᠠᠪᠠᠯ᠂ ᠬᠤᠯᠪᠣᠭᠳᠠᠯ ᠪᠦᠬᠦᠢ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠲᠣᠭᠲᠠᠭᠠᠬᠤ ᠳᠠᠭᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃      ᠲᠥᠯᠥᠪᠵᠢᠭᠦᠯᠭᠡ ᠶᠢᠨ ᠦᠯᠡᠳᠡᠭᠡᠬᠦ ᠣᠷᠣᠨ ᠢ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠭᠰᠠᠨ ᠤ ᠳᠠᠷᠠᠭ᠎ᠠ ᠵᠠᠷᠯᠠᠨ ᠨᠡᠶᠢᠲᠡᠯᠡᠬᠦ ᠬᠡᠷᠡᠭᠲᠡᠶ᠃      ᠡᠮᠦᠨᠡᠬᠢ ᠪᠠᠳᠠᠭ ᠤᠨ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠳᠤ ᠦᠶᠡᠷ ᠢ ᠰᠡᠷᠭᠡᠶᠢᠯᠡᠬᠦ ᠲᠠᠢ ᠬᠤᠯᠪᠣᠭᠳᠠᠯ ᠦᠭᠡᠢ ᠦᠢᠯᠡᠳᠪᠦᠷᠢ ᠠᠭᠤᠷᠬᠠᠢ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ︔ ᠣᠨᠴᠠᠭᠠᠶ ᠪᠠᠶᠢᠳᠠᠯ ᠤᠨ ᠳᠣᠣᠷ᠎ᠠ᠂ ᠤᠯᠤᠰ ᠤᠨ ᠦᠢᠯᠡᠳᠪᠦᠷᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠡᠮᠦᠨᠡᠬᠢ ᠪᠠᠳᠠᠭ ᠤᠨ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠤ ᠳᠣᠲᠣᠷᠠᠬᠢ ᠭᠠᠵᠠᠷ ᠰᠢᠷᠣᠶ ᠶᠢ  ᠦᠨᠡᠨ ᠬᠦ ᠡᠵᠡᠯᠡᠨ ᠬᠡᠷᠡᠭᠯᠡᠬᠦ ᠴᠢᠬᠤᠯᠠᠲᠠᠶ ᠪᠠᠶᠢᠪᠠᠯ᠂ ᠤᠯᠤᠰ ᠠᠴᠠ ᠲᠣᠭᠲᠠᠭᠠᠭᠰᠠᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃      ᠦᠶᠡᠷ ᠢ ᠰᠡᠷᠭᠡᠶᠢᠯᠡᠬᠦ ᠲᠥᠯᠥᠪᠵᠢᠭᠦᠯᠭᠡ ᠳᠤ ᠲᠣᠭᠲᠠᠭᠠᠭᠰᠠᠨ ᠥᠷᠭᠡᠳᠬᠡᠭᠰᠡᠨ ᠪᠤᠶᠤ ᠨᠡᠭᠡᠭᠡᠭᠰᠡᠨ ᠬᠥᠮᠦᠨ ᠤ ᠬᠦᠴᠦ ᠪᠠᠷ ᠦᠶᠡᠷ ᠵᠠᠯᠠᠬᠤ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠠᠬᠢ ᠭᠠᠵᠠᠷ ᠰᠢᠷᠣᠶ ᠶᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ ᠬᠢᠨᠠᠨ ᠲᠣᠭᠲᠠᠭᠠᠭᠠᠳ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠯᠥᠪᠵᠢᠭᠦᠯᠭᠡ ᠶᠢᠨ ᠦᠯᠡᠳᠡᠭᠡᠬᠦ ᠣᠷᠣᠨ ᠪᠣᠯᠭᠠᠨ ᠵᠠᠭᠠᠭᠯᠠᠨ ᠲᠣᠭᠲᠠᠭᠠᠵᠤ ᠪᠣᠯᠤᠨ᠎ᠠ᠂ ᠡᠭᠦᠨ ᠳᠤ ᠡᠮᠦᠨᠡᠬᠢ ᠪᠠᠳᠠᠭ ᠤᠨ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃      ᠠᠷᠪᠠᠨ ᠳᠣᠯᠣᠳᠤᠭᠠᠷ ᠵᠦᠢᠯ  ᠭᠤᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ ᠤᠰᠤᠨ ᠤ ᠪᠠᠷᠢᠯᠭ᠎ᠠ᠂ ᠤᠰᠤᠨ ᠴᠠᠬᠢᠯᠭᠠᠨ ᠤ ᠦᠷᠳᠡᠭᠡ ᠵᠡᠷᠭᠡ ᠶᠢ ᠪᠠᠶᠢᠭᠤᠯᠬᠤ ᠳᠠᠭᠠᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ︔ ᠴᠥᠭᠦᠷᠥᠮ ᠨᠢ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠭᠦᠢᠴᠡᠳ ᠦᠯᠡᠳᠡᠭᠡᠬᠦ ᠬᠡᠷᠡᠭᠲᠡᠢ᠃      ᠡᠮᠦᠨᠡᠬᠢ ᠪᠠᠳᠠᠭ ᠲᠤ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ ᠤᠰᠤᠨ ᠤ ᠪᠠᠷᠢᠯᠭ᠎ᠠ᠂ ᠤᠰᠤᠨ ᠴᠠᠬᠢᠯᠭᠠᠨ ᠦᠷᠲᠡᠭᠡ ᠨᠢ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷ ᠤᠨ ᠦᠰᠦᠭ ᠵᠢᠷᠤᠭᠰᠠᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ ᠣᠯᠤᠭᠰᠠᠨ ᠦᠭᠡᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠵᠤ ᠪᠣᠯᠬᠤ ᠦᠭᠡᠢ᠃          ᠭᠤᠷᠪᠠᠳᠤᠭᠠᠷ ᠪᠦᠯᠦᠭ  ᠵᠠᠰᠠᠬᠤ ᠪᠠ ᠰᠡᠷᠭᠡᠶᠢᠯᠡᠨ ᠬᠠᠮᠠᠭᠠᠯᠠᠬᠤ          ᠠᠷᠪᠠᠨ ᠨᠠᠢᠮᠠᠳᠤᠭᠠᠷ ᠵᠦᠢᠯ  ᠭᠤᠣᠯ ᠮᠥᠷᠡᠨ ᠤ ᠦᠶᠡᠷ ᠢ ᠰᠡᠷᠭᠡᠶᠢᠯᠡᠨ ᠵᠠᠰᠠᠬᠤ ᠳᠤ ᠬᠤᠷᠠᠭᠤᠯᠬᠤ ᠪᠠ ᠵᠠᠯᠠᠬᠤ ᠶᠢ ᠬᠤᠣᠰᠯᠠᠭᠤᠯᠵᠤ᠂ ᠭᠤᠣᠯ ᠤᠨ ᠵᠠᠮ ᠤᠨ ᠦᠶᠡᠷ ᠶᠠᠪᠤᠭᠤᠯᠬᠤ ᠴᠢᠳᠠᠪᠤᠷᠢ ᠪᠠ ᠴᠥᠭᠦᠷᠥᠮ᠂ ᠬᠤᠲᠣᠭᠤᠷ ᠭᠠᠵᠠᠷ᠂ ᠨᠠᠭᠤᠷ ᠴᠦᠬᠦᠷᠦᠮ ᠤᠨ ᠦᠶᠡᠷ ᠤᠨ ᠤᠰᠤ ᠶᠢ ᠲᠣᠬᠢᠷᠠᠭᠤᠯᠤᠨ ᠬᠠᠳᠠᠭᠠᠯᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠭᠤᠣᠯ ᠤᠨ ᠵᠠᠮ ᠤᠨ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠬᠤᠷᠠᠭᠰᠠᠨ ᠢ ᠠᠷᠢᠯᠭᠠᠨ ᠯᠠᠶᠢᠳᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠦᠶᠡᠷ ᠤᠨ ᠤᠷᠤᠰᠬᠠᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃      ᠭᠤᠣᠯ ᠮᠥᠷᠡᠨ ᠤ ᠦᠶᠡᠷ ᠢ ᠰᠡᠷᠭᠡᠶᠢᠯᠡᠨ ᠵᠠᠰᠠᠬᠤ ᠳᠤ ᠰᠠᠪᠠ ᠭᠠᠵᠠᠷ ᠤᠨ ᠤᠢ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢ ᠬᠠᠮᠠᠭᠠᠯᠠᠨ ᠥᠷᠭᠡᠳᠬᠡᠵᠦ᠂ ᠤᠰᠤᠨ ᠤ ᠰᠤᠷᠪᠤᠯᠵᠢ ᠶᠢ ᠬᠠᠳᠠᠭᠠᠯᠠᠵᠤ᠂ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ  ᠭᠤᠣᠯ ᠤᠨ ᠵᠠᠮ ᠢ ᠵᠠᠰᠠᠬᠤ ᠪᠠ ᠭᠤᠣᠯ ᠤᠨ ᠤᠰᠤᠨ ᠤ ᠤᠷᠤᠰᠬᠠᠯ ᠤᠨ ᠴᠢᠭᠯᠡᠯ ᠢ ᠡᠵᠡᠮᠳᠡᠨ ᠵᠢᠯᠣᠭᠤᠳᠬᠤ᠂ ᠬᠠᠰᠢᠯᠭ᠎ᠠ ᠳᠠᠯᠠᠩ ᠢ ᠬᠠᠮᠠᠭᠠᠯᠠᠬᠤ ᠵᠡᠷᠭᠡ ᠪᠠᠷᠢᠯᠭ᠎ᠠ ᠶᠢ ᠪᠠᠶᠢᠭᠤᠯᠬᠤ ᠳᠠᠭᠠᠨ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠷᠢᠴᠠᠭ᠎ᠠ ᠶᠢ ᠬᠠᠮᠲᠤ ᠳᠤᠨᠢ ᠬᠠᠷᠠᠭᠠᠯᠵᠠᠵᠤ᠂ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠶᠣᠰᠣᠭᠠᠷ ᠬᠡᠷᠡᠭᠵᠢᠭᠦᠯᠬᠦ ᠬᠡᠷᠡᠭᠲᠡᠢ᠂ ᠭᠤᠣᠯ ᠤᠨ ᠤᠰᠤᠨ ᠤ ᠤᠷᠤᠰᠬᠠᠯ ᠤᠨ ᠴᠢᠭᠯᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃      ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ ᠤ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠭᠤᠷᠪᠢᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃      ᠪᠤᠰᠤᠳ ᠭᠤᠣᠯ ᠮᠥᠷᠡᠨ᠂ ᠭᠤᠣᠯ ᠤᠨ ᠬᠡᠰᠡᠭ ᠤᠨ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠭᠤᠷᠪᠢᠨ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ ᠵᠦᠪᠰᠢᠶᠡᠷᠡᠬᠦᠯᠦᠨ᠎ᠡ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠰᠤᠨᠳᠠᠯᠠᠭᠰᠠᠨ ᠭᠤᠣᠯ ᠮᠥᠷᠡᠨ᠂ ᠭᠤᠣᠯ ᠤᠨ ᠬᠡᠰᠡᠭ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠭᠤᠷᠣᠨᠳᠣᠬᠢ ᠮᠤᠵᠢ ᠶᠢᠨ ᠵᠠᠭᠠᠭ ᠤᠨ ᠭᠤᠣᠯ ᠤᠨ ᠵᠡᠮ ᠤᠨ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠢ ᠬᠤᠯᠪᠣᠭᠳᠠᠯ ᠪᠦᠬᠦᠢ ᠰᠡᠪᠡ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠭᠤᠣᠯ ᠮᠥᠷᠡᠨ᠂ ᠭᠤᠣᠯ ᠤᠨ ᠬᠡᠰᠡᠭ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠭᠤᠷᠪᠢᠨ ᠲᠤᠭᠳᠠᠭᠠᠵᠤ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠨᠠᠨ ᠪᠠᠶᠢᠴᠠᠭᠠᠭᠠᠳ ᠰᠠᠨᠠᠯ ᠳᠤᠷᠠᠳᠤᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃      ᠬᠤᠷᠢᠳᠤᠭᠠᠷ ᠵᠦᠢᠯ  ᠭᠤᠣᠯ ᠤᠨ ᠵᠠᠮ᠂ ᠨᠠᠭᠤᠷ ᠴᠦᠬᠦᠷᠦᠮ ᠢ ᠴᠡᠭᠴᠡᠯᠡᠨ ᠵᠠᠰᠠᠬᠤ ᠳᠤ ᠤᠰᠤᠨ ᠠᠶᠠᠯᠠᠯ ᠤᠨ ᠵᠠᠮ ᠳᠤ ᠬᠤᠯᠪᠣᠭᠳᠠᠬᠤ ᠳᠤ ᠬᠦᠷᠪᠡᠯ᠂ ᠤᠰᠤᠨ ᠵᠠᠮ ᠤᠨ ᠲᠡᠭᠡᠭᠡᠪᠦᠷᠢ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠢ ᠪᠥᠭᠡᠳ ᠤᠷᠢᠳᠠᠪᠠᠷ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ ᠤᠰᠤᠨ ᠠᠶᠠᠯᠠᠯ ᠤᠨ ᠵᠠᠮ ᠢ ᠴᠡᠭᠴᠡᠯᠡᠨ ᠵᠠᠰᠠᠬᠤ ᠳᠤ ᠭᠤᠣᠯ ᠮᠥᠷᠡᠨ᠂ ᠨᠠᠭᠤᠷ ᠴᠦᠬᠦᠷᠦᠮ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ ᠪᠥᠭᠡᠳ ᠤᠷᠢᠳ ᠢᠶᠠᠷ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃      ᠬᠤᠯᠤᠰᠤ ᠮᠣᠳᠣᠨ ᠮᠠᠲ᠋ᠧᠷᠢᠶᠠᠯ ᠤᠷᠤᠰᠬᠠᠨ ᠲᠡᠭᠡᠭᠡᠪᠤᠷᠢᠯᠡᠵᠦ ᠪᠠᠶᠢᠭ᠎ᠠ ᠭᠤᠣᠯ ᠮᠥᠷᠡᠨ ᠪᠠ ᠵᠢᠭᠠᠰᠤᠨ ᠠᠵᠤ ᠠᠬᠤᠶ ᠶᠢᠨ ᠤᠰᠦᠠ ᠣᠷᠣᠨ ᠳᠤ ᠭᠤᠣᠯ ᠤᠨ ᠵᠡᠮ ᠢ ᠵᠠᠰᠠᠬᠤ ᠳᠤ ᠬᠤᠯᠤᠰᠤ ᠮᠣᠳᠣᠨ ᠮᠠᠲ᠋ᠧᠷᠢᠶᠠᠯ ᠤᠨ ᠤᠰᠦᠠ ᠲᠡᠭᠡᠭᠡᠪᠦᠷᠢ ᠪᠠ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠪᠥᠭᠡᠳ ᠤᠷᠢᠳᠠᠪᠠᠷ ᠤᠢ ᠰᠢᠭᠤᠶ᠂ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ ᠭᠤᠣᠯ ᠤᠨ ᠵᠠᠮ ᠳᠤ ᠬᠤᠯᠤᠰᠤ ᠮᠣᠳᠣ ᠤᠷᠤᠰᠬᠠᠨ ᠲᠡᠭᠡᠭᠡᠪᠦᠷᠢᠯᠡᠬᠦ ᠳᠡᠭᠡᠨ ᠦᠶᠡᠷ ᠵᠠᠯᠠᠬᠤ ᠪᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ᠃      ᠬᠤᠷᠢᠨ ᠨᠢᠭᠡᠳᠦᠭᠡᠷ ᠵᠦᠢᠯ  ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠳᠤ ᠤᠰᠤᠨ ᠤ ᠰᠢᠰᠲ᠋ᠧᠮ ᠢᠶᠠᠷ ᠨᠢᠭᠡᠳᠦᠯᠳᠡᠢ ᠬᠠᠮᠢᠶᠠᠷᠬᠤ ᠪᠠ ᠱᠠᠳᠤ ᠬᠤᠪᠢᠶᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠵᠦ᠂ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠨ᠂ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃      ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠤᠨ ᠭᠤᠣᠯ ᠪᠣᠯᠬᠤ ᠭᠤᠣᠯ ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠴᠢᠬᠤᠯᠠ ᠭᠤᠣᠯ ᠤᠨ ᠬᠡᠰᠡᠭ᠂ ᠨᠠᠭᠤᠷ ᠴᠦᠬᠦᠷᠦᠮ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠭᠤᠷᠣᠨᠳᠣᠬᠢ ᠮᠤᠵᠢ ᠶᠢᠨ ᠵᠠᠭᠠᠭ ᠤᠨ ᠭᠤᠣᠯ ᠤᠨ ᠵᠠᠮ᠂ ᠨᠠᠭᠤᠷ ᠴᠦᠬᠦᠷᠦᠮ ᠵᠢᠴᠢ ᠤᠯᠤᠰ ︵ᠬᠢᠵᠠᠭᠠᠷ︶ ᠤᠨ ᠵᠠᠭᠠᠭ ᠤᠨ ᠭᠤᠣᠯ ᠤᠨ ᠵᠠᠮ᠂ ᠨᠠᠭᠤᠷ ᠴᠦᠬᠦᠷᠦᠮ ᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠭᠤᠣᠯ ᠮᠥᠷᠡᠨ᠂ ᠨᠠᠭᠤᠷ ᠴᠦᠬᠦᠷᠦᠮ ᠤᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠭᠠᠭᠯᠠᠨ ᠲᠣᠭᠲᠠᠭᠠᠭᠰᠠᠨ ᠶᠣᠰᠣᠭᠠᠷ ᠬᠠᠤᠯᠢ ᠶᠣᠰᠣᠭᠠᠷ ᠬᠠᠮᠢᠶᠠᠷᠤᠨ᠎ᠠ᠃ ᠪᠤᠰᠤᠳ ᠭᠤᠣᠯ ᠤᠨ ᠵᠠᠮ᠂ ᠨᠠᠭᠤᠷ ᠴᠦᠬᠦᠷᠦᠮ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠷᠬᠡ ᠤᠯᠭᠤᠭᠰᠠᠨ ᠪᠠᠶᠢᠭᠤᠯᠤᠮᠵᠢ ᠶᠢᠨ ᠵᠠᠭᠠᠭᠯᠠᠨ ᠲᠤᠭᠳᠠᠭᠠᠭᠰᠠᠨ ᠶᠤᠰᠤᠭᠠᠷ ᠬᠠᠤᠯᠢ ᠶᠤᠰᠤᠭᠠᠷ ᠬᠠᠮᠢᠶᠠᠷᠤᠨ᠎ᠠ᠃      ᠬᠠᠰᠢᠯᠭ᠎ᠠ ᠲᠡᠯᠡᠩ ᠲᠠᠢ ᠭᠤᠣᠯ ᠤᠨ ᠵᠡᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠬᠤᠶᠠᠷ ᠡᠷᠭᠢ ᠶᠢᠨ ᠬᠠᠰᠢᠯᠭ᠎ᠠ ᠲᠡᠯᠡᠩ ᠤᠨ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ ᠲᠡᠩ ᠭᠠᠵᠠᠷ᠂ ᠦᠶᠡᠷ ᠵᠠᠯᠠᠬᠤ ᠣᠷᠣᠨ ᠪᠠ ᠬᠠᠰᠢᠯᠭ᠎ᠠ ᠲᠡᠯᠡᠩ ᠵᠢᠴᠢ ᠲᠡᠯᠡᠩ ᠬᠠᠮᠠᠭᠠᠯᠠᠬᠤ ᠭᠠᠵᠠᠷ ᠪᠣᠯᠤᠨ᠎ᠠ︔ ᠬᠠᠰᠢᠯᠭ᠎ᠠ ᠲᠡᠯᠡᠩ ᠤᠢᠭᠡᠢ ᠭᠤᠣᠯ ᠤᠨ ᠵᠡᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠲᠡᠦᠬᠡᠨ ᠳᠡᠭᠡᠷᠡᠬᠢ ᠬᠠᠮᠤᠭ ᠤᠨ ᠥᠨᠳᠥᠷ ᠦᠶᠡᠷ ᠤᠨ ᠤᠰᠦᠠ ᠲᠦᠪᠰᠢᠨ ᠪᠤᠶᠤ ᠵᠢᠷᠤᠵᠤ ᠲᠥᠯᠥᠪᠯᠡᠭᠰᠡᠨ ᠦᠶᠡᠷ ᠤᠨ ᠤᠰᠦᠠ ᠲᠦᠪᠰᠢᠨ ᠤ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ ᠲᠡᠩ ᠭᠠᠵᠠᠷ ᠪᠠ ᠦᠶᠡᠷ ᠵᠠᠯᠠᠬᠤ ᠣᠷᠣᠨ ᠪᠣᠯᠤᠨ᠎ᠠ᠃      ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠢᠭᠤᠳ ᠬᠠᠮᠢᠶᠠᠷᠬᠤ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠨ᠎ᠠ︔ ᠪᠤᠰᠤᠳ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠨ᠎ᠠ᠃      ᠬᠤᠷᠢᠨ ᠬᠤᠶᠠᠳᠤᠭᠠᠷ ᠵᠦᠢᠯ  ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠢ ᠪᠠ ᠡᠷᠭᠢ ᠶᠢᠨ ᠱᠤᠭᠤᠮ ᠢ ᠠᠰᠢᠭᠯᠠᠬᠤ ᠳᠠᠭᠠᠨ ᠦᠶᠡᠷ ᠵᠠᠯᠠᠬᠤ᠂ ᠤᠰᠤ ᠳᠠᠮᠵᠢᠭᠤᠯᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃      ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠪᠠᠶᠢᠭᠤᠯᠬᠤ᠂ ᠬᠤᠭ ᠨᠣᠪᠰᠢ᠂ ᠰᠢᠭᠠᠷᠤ ᠰᠢᠷᠤᠢ ᠬᠠᠶᠠᠬᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ᠦᠶᠡᠷ ᠵᠠᠯᠠᠬᠤ ᠭᠤᠣᠯ ᠤᠨ ᠵᠠᠮ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠪᠠ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠨ᠎ᠠ᠃      ᠣᠩᠭᠤᠴᠠ ᠰᠠᠯ ᠠᠶᠠᠯᠠᠬᠤ ᠳᠠᠭᠠᠨ ᠲᠡᠯᠡᠩ ᠡᠷᠭᠢ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠮᠡᠳᠡᠬᠦ ᠭᠤᠣᠯ ᠤᠨ ᠬᠡᠰᠡᠭ ᠲᠤ ᠠᠶᠠᠯᠠᠬᠤ ᠬᠤᠷᠳᠤᠴᠠ ᠶᠢ ᠬᠢᠵᠠᠭᠠᠷᠯᠠᠬᠤ ᠬᠡᠷᠡᠭᠲᠡᠶ᠃ ᠠᠶᠠᠯᠠᠯ ᠤᠨ ᠬᠤᠷᠳᠤᠴᠠ ᠶᠢ ᠬᠢᠵᠠᠭᠠᠷᠯᠠᠭᠰᠠᠨ ᠳᠡᠮᠳᠡᠭ ᠢ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠥᠪᠯᠡᠨ ᠲᠣᠭᠲᠠᠭᠠᠭᠰᠠᠨ ᠤ ᠳᠠᠷᠠᠭ᠎ᠠ ᠪᠠᠶᠢᠷᠢᠯᠠᠭᠤᠯᠤᠨ᠎ᠠ᠃      ᠬᠤᠷᠢᠨ ᠭᠤᠷᠪᠠᠳᠤᠭᠠᠷ ᠵᠦᠢᠯ  ᠨᠠᠭᠤᠷ ᠢ ᠬᠦᠷᠢᠶᠡᠯᠡᠨ ᠭᠠᠵᠠᠷ ᠭᠠᠷᠭᠠᠬᠤ ᠶᠢ ᠴᠠᠭᠠᠵᠠᠯᠠᠨ᠎ᠠ᠃ ᠨᠢᠭᠡᠨᠲᠡ ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠪᠠᠷ ᠵᠠᠰᠠᠵᠤ᠂ ᠲᠥᠯᠥᠪᠯᠡᠭᠡ ᠲᠠᠢ ᠪᠠᠷ ᠭᠠᠵᠠᠷ ᠰᠢᠷᠤᠢ ᠶᠢ ᠪᠤᠴᠠᠭᠠᠵᠤ ᠨᠠᠭᠤᠷ ᠢ ᠰᠡᠷᠭᠦᠭᠡᠬᠦ ᠬᠡᠷᠡᠭᠲᠡᠶ᠃      ᠭᠤᠣᠯ ᠤᠨ ᠵᠡᠮ ᠢ ᠬᠦᠷᠢᠶᠡᠯᠡᠨ ᠬᠠᠭᠠᠯᠪᠤᠷᠢᠯᠠᠬᠤ ᠶᠢ ᠴᠠᠭᠠᠵᠠᠯᠠᠨ᠎ᠠ᠃ ᠦᠨᠡᠨ ᠬᠦ ᠬᠦᠷᠢᠶᠡᠯᠡᠨ ᠬᠠᠭᠠᠯᠪᠤᠷᠢᠯᠠᠬᠤ ᠴᠢᠬᠤᠯᠠᠲᠠᠶ ᠪᠠᠶᠢᠪᠠᠯ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠦᠶᠡᠷ ᠢ ᠵᠠᠯᠠᠬᠤ᠂ ᠤᠰᠤ ᠳᠠᠮᠵᠢᠭᠤᠯᠬᠤ ᠶᠢ ᠬᠠᠷᠰᠢᠯᠠᠬᠤ ᠦᠭᠡᠢ ᠭᠡᠵᠦ ᠨᠤᠲᠠᠯᠠᠭᠤᠯᠤᠭᠰᠠᠨ ᠤ ᠳᠠᠷᠠᠭ᠎ᠠ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ  ᠦᠶᠡᠷ ᠵᠠᠯᠠᠬᠤ ᠭᠤᠣᠯ ᠤᠨ ᠵᠠᠮ ᠳᠤ ᠰᠠᠭᠤᠵᠤ ᠪᠠᠶᠢᠭ᠎ᠠ ᠰᠠᠭᠤᠭᠠᠯᠢ ᠠᠷᠠᠳ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ ᠭᠠᠳᠠᠭᠰᠢ ᠨᠡᠭᠦᠯᠭᠡᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ  ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠭᠤᠣᠯ ᠤᠨ ᠵᠡᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠵᠤ ᠲᠡᠷᠢᠵᠦ ᠬᠠᠮᠢᠶᠠᠷᠤᠨ᠎ᠠ᠃ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠳᠤᠷ᠎ᠠ ᠪᠠᠷ ᠢᠶᠠᠨ ᠣᠭᠲᠣᠯᠵᠤ ᠪᠣᠯᠬᠤ ᠤᠢᠭᠡᠢ᠃ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠣᠭᠲᠣᠯᠬᠤ ᠳᠤ ᠬᠦᠷᠪᠡᠯ᠂ ᠣᠭᠲᠣᠯᠬᠤ ᠶᠢ ᠵᠥᠪᠰᠢᠶᠡᠷᠡᠬᠦ ᠭᠠᠷ ᠭᠦᠢᠴᠡᠳᠬᠡᠯ ᠢ ᠬᠠᠤᠯᠢ ᠶᠣᠰᠣᠭᠠᠷ ᠬᠦᠢᠴᠡᠳᠭᠡᠬᠦ ᠬᠡᠷᠡᠭᠲᠡᠶ ᠪᠥᠭᠡᠳ ᠰᠢᠨᠡᠳᠬᠡᠨ ᠨᠥᠬᠦᠵᠦ ᠲᠡᠷᠢᠬᠤ ᠲᠣᠭᠲᠠᠭᠰᠠᠨ ᠡᠭᠦᠷᠭᠡ ᠶᠢ ᠪᠡᠶᠡᠯᠡᠭᠦᠯᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠤᠰᠤᠨ ᠤ ᠲᠦᠭᠵᠢᠷᠡᠯ ᠪᠠ ᠬᠠᠷᠰᠢᠯᠠᠯ ᠪᠠᠷ ᠬᠦᠨᠳᠦ ᠨᠣᠴᠢᠲᠠᠢ ᠪᠠᠶᠢᠳᠠᠭ ᠬᠥᠭᠦᠷᠭᠡ᠂ ᠵᠠᠯᠠᠬᠤ ᠵᠠᠮ᠂ ᠭᠠᠷᠠᠮ ᠪᠣᠯᠤᠨ ᠭᠤᠣᠯ ᠠᠯᠤᠰᠯᠠᠭᠰᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ ᠶᠢ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠢᠨ ᠶᠣᠰᠣᠭᠠᠷ ᠪᠦᠳᠦᠭᠡᠨ ᠪᠠᠶᠢᠭᠤᠯᠬᠤ ᠨᠢᠭᠡᠴᠢ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠥᠭᠡᠷᠡᠴᠢᠯᠡᠨ ᠪᠠᠶᠢᠭᠤᠯᠬᠤ ᠪᠤᠶᠤ ᠨᠤᠷᠠᠭᠠᠯᠭᠠᠵᠤ ᠪᠣᠯᠤᠨ᠎ᠠ᠃      ᠬᠤᠷᠢᠨ ᠳᠣᠯᠣᠳᠤᠭᠠᠷ ᠵᠦᠢᠯ  ᠭᠤᠣᠯ ᠠᠯᠤᠰᠯᠠᠭᠰᠠᠨ᠂ ᠭᠤᠣᠯ ᠭᠠᠲᠤᠯᠤᠭᠰᠠᠨ᠂ ᠳᠠᠯᠠᠩ ᠭᠠᠲᠤᠯᠤᠭᠰᠠᠨ᠂ ᠭᠤᠣᠯ ᠳᠠᠭᠠᠭᠰᠠᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠢ᠂ ᠤᠳᠠᠰᠤ ᠲᠠᠲᠠᠯᠭ᠎ᠠ᠂ ᠤᠰᠤ ᠲᠠᠲᠠᠬᠤ᠂ ᠤᠰᠤ ᠵᠠᠯᠠᠬᠤ ᠵᠡᠷᠭᠡ ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ ᠳᠠᠭᠠᠨ ᠦᠶᠡᠷ ᠢ ᠰᠡᠷᠭᠡᠶᠢᠯᠡᠬᠦ ᠪᠠᠷᠢᠮᠵᠢᠶ᠎ᠠ᠂ ᠡᠷᠭᠢ ᠶᠢᠨ ᠱᠤᠭᠤᠮ ᠤᠨ ᠲᠥᠯᠥᠪᠵᠢᠭᠦᠯᠭᠡ᠂ ᠤᠰᠤᠨ ᠵᠠᠮ ᠤᠨ ᠲᠡᠭᠡᠭᠡᠪᠦᠷᠢ ᠶᠢᠨ ᠱᠠᠭᠠᠷᠳᠠᠯᠭ᠎ᠠ ᠪᠠ ᠪᠤᠰᠤᠳ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠂ ᠳᠠᠯᠠᠩ ᠬᠠᠰᠢᠯᠭ᠎ᠠ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠵᠦ᠂ ᠦᠶᠡᠷ ᠤᠨ ᠰᠠᠭᠠᠳ ᠦᠭᠡᠢ ᠨᠡᠪᠲᠡᠷᠡᠬᠦ ᠶᠢ ᠬᠠᠷᠰᠢᠯᠠᠵᠤ ᠪᠣᠯᠬᠤ ᠦᠭᠡᠢ︔ ᠲᠡᠭᠦᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠰᠦᠯ ᠢ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠮᠦᠨ᠎ᠡ ᠳᠤᠷᠠᠳᠤᠭᠰᠠᠨ ᠦᠶᠡᠷ ᠢ ᠰᠡᠷᠭᠡᠶᠢᠯᠡᠬᠦ ᠱᠠᠭᠠᠷᠳᠠᠯᠭ᠎ᠠ ᠶᠢ ᠦᠨᠳᠦᠰᠦᠯᠡᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠡᠬᠢᠯᠡᠭᠦᠯᠵᠦ ᠪᠦᠳᠦᠭᠡᠨ ᠪᠠᠶᠢᠭᠤᠯᠵᠤ ᠪᠣᠯᠬᠤ ᠦᠭᠡᠢ᠃      ᠡᠮᠦᠨᠡᠬᠢ ᠪᠠᠳᠠᠭ ᠲᠤ ᠳᠤᠷᠠᠳᠤᠭᠰᠠᠨ ᠪᠠᠷᠢᠯᠭ᠎ᠠ ᠶᠢᠨ ᠲᠥᠬᠦᠭᠡᠷᠦᠮᠵᠢ ᠨᠢ ᠭᠤᠣᠯ ᠤᠨ ᠵᠡᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠠᠵᠠᠷ ᠰᠢᠷᠣᠶ ᠶᠢ ᠡᠵᠡᠯᠡᠨ ᠬᠡᠷᠡᠭᠯᠡᠬᠦ᠂ ᠭᠤᠣᠯ ᠤᠨ ᠵᠡᠮ᠂ ᠨᠠᠭᠤᠷ ᠴᠦᠬᠦᠷᠦᠮ ᠤᠨ ᠣᠷᠣᠨ ᠵᠠᠶ ᠶᠢ ᠳᠠᠪᠠᠭ᠋ᠤ ᠪᠤᠶᠤ ᠭᠤᠣᠯ ᠤᠨ ᠭᠤᠯᠳᠤᠷᠢᠯ ᠢᠶᠠᠷ ᠥᠩᠭᠡᠷᠡᠬᠦ ᠴᠢᠬᠤᠯᠠᠲᠠᠶ ᠪᠠᠶᠢᠪᠠᠯ᠂ ᠪᠦᠳᠦᠭᠡᠠ ᠪᠠᠶᠢᠭᠤᠯᠬᠤ ᠨᠢᠭᠡᠴᠢ ᠨᠢ ᠬᠤᠯᠪᠣᠭᠳᠠᠯ ᠪᠦᠬᠦᠢ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠲᠤᠰ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠶᠢᠨ ᠣᠷᠣᠨ ᠪᠠᠶᠢᠷᠢ ᠪᠠ ᠵᠠᠭᠠᠭ ᠬᠢᠵᠠᠭᠠᠷ ᠢ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠠᠵᠢᠯ ᠡᠬᠢᠯᠡᠭᠦᠯᠬᠦ ᠭᠠᠷ ᠭᠦᠢᠴᠡᠳᠬᠡᠯ ᠢ ᠬᠠᠤᠯᠢ ᠶᠣᠰᠣᠭᠠᠷ ᠬᠢᠵᠦ ᠪᠣᠯᠤᠨ᠎ᠠ︔ ᠪᠠᠷᠢᠯᠭ᠎ᠠ ᠶᠢᠨ ᠠᠵᠢᠯ ᠢ ᠲᠣᠬᠢᠷᠠᠭᠤᠯᠬᠤ ᠳᠠᠭᠠᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠪᠠᠶᠢᠴᠠᠭᠠᠵᠤ ᠵᠥᠪᠰᠢᠶᠡᠷᠡᠭᠰᠡᠨ ᠣᠷᠣᠨ ᠪᠠᠶᠢᠷᠢ ᠪᠠ ᠵᠠᠭᠠᠭ ᠬᠢᠵᠠᠭᠠᠷ ᠶᠣᠰᠣᠭᠠᠷ ᠬᠢᠬᠦ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠲᠤᠰ ᠬᠠᠤᠯᠢ ᠶᠢᠨ ᠲᠣᠭᠲᠠᠭᠠᠯ ᠶᠣᠰᠣᠭᠠᠷ ᠪᠦᠳᠦᠭᠡᠨ ᠪᠠᠶᠢᠭᠤᠯᠤᠭᠰᠠᠨ ᠪᠠᠷᠢᠯᠭ᠎ᠠ ᠶᠢᠨ ᠲᠥᠬᠦᠭᠡᠷᠦᠮᠵᠢ ᠶᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠶᠣᠰᠣᠭᠠᠷ ᠪᠠᠶᠢᠴᠠᠭᠠᠬᠤ ᠡᠷᠬᠡ ᠲᠠᠢ︔ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠴᠠᠭᠠᠬᠤ ᠦᠶ᠎ᠡ ᠳᠤ ᠪᠠᠶᠢᠴᠠᠭᠠᠭᠳᠠᠭᠴᠢ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠃      ᠡᠮᠦᠨᠡᠬᠢ ᠪᠠᠳᠠᠭ ᠲᠤ ᠲᠣᠭᠲᠠᠭᠠᠭᠰᠠᠨ ᠪᠠᠷᠢᠯᠭ᠎ᠠ ᠶᠢᠨ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠳᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠣᠷᠣᠯᠴᠠᠭᠰᠠᠨ ᠪᠠᠶᠢᠬᠤ ᠬᠡᠷᠡᠭᠲᠡᠶ᠃          ᠳᠥᠷᠪᠡᠳᠦᠭᠡᠷ ᠪᠦᠯᠦᠭ ᠦᠶᠡᠷ ᠢ ᠰᠡᠷᠭᠡᠶᠢᠯᠡᠬᠦ ᠣᠷᠣᠨ ᠪᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ          ᠬᠤᠷᠢ ᠶᠢᠰᠦᠳᠦᠭᠡᠷ ᠵᠦᠢᠯ ᠦᠶᠡᠷ ᠢ ᠰᠡᠷᠭᠡᠶᠢᠯᠡᠬᠦ ᠣᠷᠣᠨ ᠭᠡᠳᠡᠭ ᠪᠣᠯ ᠦᠶᠡᠷ ᠤᠨ ᠤᠰᠤ ᠦᠶᠡᠷᠯᠡᠭᠡᠳ ᠤᠰᠤᠨ ᠳᠤ ᠠᠪᠲᠠᠵᠤ ᠮᠡᠳᠡᠬᠦ ᠭᠠᠵᠠᠷ ᠣᠷᠣᠨ ᠢ ᠵᠢᠭᠠᠵᠤ ᠪᠠᠶᠢᠨ᠎ᠠ᠂ ᠲᠡᠭᠦᠨ ᠢ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠭᠡᠵᠦ ᠬᠤᠪᠢᠶᠠᠨ᠎ᠠ᠃      ᠦᠶᠡᠷᠯᠡᠭᠰᠡᠨ ᠣᠷᠣᠨ ᠭᠡᠳᠡᠭ ᠨᠢ ᠪᠠᠷᠢᠯᠭ᠎ᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠤᠢᠭᠡᠢ ᠦᠶᠡᠷ ᠤᠨ ᠤᠰᠤ ᠦᠶᠡᠷᠯᠡᠭᠰᠡᠨ ᠭᠠᠵᠠᠷ ᠣᠷᠣᠨ ᠢ ᠵᠢᠭᠠᠵᠤ ᠪᠠᠶᠢᠨ᠎ᠠ᠃      ᠦᠶᠡᠷ ᠢ ᠲᠣᠭᠲᠠᠭᠠᠨ ᠬᠤᠷᠠᠭᠤᠯᠬᠤ ᠣᠷᠣᠨ ᠭᠡᠳᠡᠭ ᠨᠢ ᠦᠶᠡᠷ ᠢ ᠰᠠᠯᠭᠠᠬᠤ ᠠᠮᠠᠰᠠᠷ ᠢ ᠪᠠᠭᠲᠠᠭᠠᠭᠰᠠᠨ ᠭᠤᠣᠯ ᠤᠨ ᠲᠡᠯᠡᠩ ᠤᠨ ᠠᠷᠤ ᠲᠠᠯ᠎ᠠ ᠶᠢᠨ ᠤᠰᠦᠠ ᠤ ᠭᠠᠳᠠᠷᠭᠤ ᠠᠴᠠ ᠭᠠᠳᠠᠨ᠎ᠠ ᠦᠶᠡᠷ ᠤᠨ ᠤᠰᠤ ᠶᠢ ᠲᠦᠷ ᠴᠠᠭ ᠬᠠᠳᠠᠭᠠᠯᠠᠬᠤ ᠨᠠᠮ ᠳᠣᠣᠷ᠎ᠠ ᠭᠠᠵᠠᠷ ᠣᠷᠣᠨ ᠵᠢᠴᠢ ᠨᠠᠭᠤᠷ ᠴᠥᠭᠦᠷᠥᠮ ᠵᠡᠷᠭᠡ ᠶᠢ ᠵᠢᠭᠠᠵᠤ ᠪᠠᠶᠢᠨ᠎ᠠ᠃      ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠭᠡᠳᠡᠭ ᠨᠢ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢᠨ ᠳᠣᠲᠣᠷ᠎ᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠳᠤ ᠬᠠᠮᠠᠭᠠᠯᠠᠭᠳᠠᠵᠤ ᠪᠠᠶᠢᠭ᠎ᠠ ᠭᠠᠵᠠᠷ ᠣᠷᠣᠨ ᠢ ᠵᠢᠭᠠᠵᠤ ᠪᠠᠶᠢᠨ᠎ᠠ᠃      ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠪᠠ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠶᠢ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠤᠶᠤ ᠦᠶᠡᠷ ᠢ ᠰᠡᠷᠭᠡᠶᠢᠯᠡᠬᠦ ᠲᠥᠰᠦᠯ ᠳᠤ ᠵᠠᠭᠠᠭᠯᠠᠨ ᠲᠣᠭᠲᠠᠭᠠᠬᠤ ᠪᠥᠭᠡᠳ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ ᠵᠠᠷᠯᠠᠨ ᠨᠡᠶᠢᠲᠡᠯᠡᠨ᠎ᠡ᠃      ᠭᠤᠴᠢᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠶᠣᠰᠣᠭᠠᠷ ᠦᠶᠡᠷ ᠢ ᠰᠡᠷᠭᠡᠶᠢᠯᠡᠬᠦ ᠣᠷᠣᠨ ᠤ ᠳᠣᠲᠣᠷᠠᠬᠢ ᠭᠠᠵᠠᠷ ᠰᠢᠷᠣᠢ ᠶᠢᠨ ᠠᠰᠢᠭᠯᠠᠯᠲᠠ ᠳᠤ ᠣᠷᠣᠨ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ  ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠶᠡᠷ ᠢ ᠰᠡᠷᠭᠡᠶᠢᠯᠡᠬᠦ ᠣᠷᠣᠨ ᠤ ᠠᠮᠤᠷ ᠲᠦᠪᠰᠢᠨ ᠤ ᠪᠦᠳᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠬᠦ ᠣᠷᠣᠨ ᠤ ᠳᠣᠲᠣᠷᠠᠬᠢ ᠨᠢᠭᠡᠴᠢ ᠪᠠ ᠰᠠᠭᠤᠭᠠᠯᠢ ᠠᠷᠠᠳ ᠲᠤ ᠦᠶᠡᠷ ᠢ ᠰᠡᠷᠭᠡᠶᠢᠯᠡᠬᠦ ᠬᠥᠮᠦᠵᠢᠯ ᠬᠢᠵᠦ᠂ ᠦᠶᠡᠷ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠤᠰᠤᠨ ᠤ ᠠᠶᠤᠯ ᠤᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ︔ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠪᠠ ᠦᠶᠡᠷ ᠢ ᠰᠡᠷᠭᠡᠶᠢᠯᠡᠬᠦ ᠲᠥᠰᠦᠯ ᠤᠨ ᠶᠣᠰᠣᠭᠠᠷ ᠦᠶᠡᠷ ᠢ ᠰᠡᠷᠭᠡᠶᠢᠯᠡᠬᠦ ᠰᠢᠰᠲ᠋ᠧᠮ ᠪᠠ ᠤᠰᠤᠨ ᠵᠦᠢ᠂ ᠴᠠᠭ ᠠᠭᠤᠷ᠂ ᠮᠡᠳᠡᠭᠡ ᠬᠤᠯᠪᠣᠭ᠎ᠠ᠂ ᠤᠷᠢᠳᠴᠢᠯᠠᠨ ᠰᠡᠷᠡᠮᠵᠢᠯᠡᠭᠦᠯᠬᠦ ᠵᠢᠴᠢ ᠦᠶᠡᠷ ᠤᠰᠤᠲᠤᠯ ᠤᠨ ᠭᠠᠮᠰᠢᠭ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠦᠶᠡᠷ ᠢ ᠰᠡᠷᠭᠡᠶᠢᠯᠡᠬᠦ ᠣᠷᠣᠨ   ᠤ ᠳᠣᠲᠣᠷᠠᠬᠢ ᠨᠢᠭᠡᠴᠢ ᠪᠣᠯᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠬᠦ ᠠᠵᠢᠯ ᠳᠤ ᠢᠳᠡᠪᠬᠢᠲᠡᠶ ᠣᠷᠣᠯᠴᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ   ᠳᠤ ᠨᠢ ᠲᠣᠬᠢᠷᠠᠭᠤᠯᠤᠨ ᠦᠶᠡᠷ ᠢ ᠰᠡᠷᠭᠡᠶᠢᠯᠡᠬᠦ ᠦᠶᠡᠷ ᠠᠴᠠ ᠵᠠᠶᠢᠯᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ  ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠠᠶᠤᠯᠭᠦᠶ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠥᠮᠦᠨ ᠠᠮᠠ ᠶᠢᠨ ᠥᠰᠥᠯᠲᠡ ᠶᠢ ᠬᠢᠵᠠᠭᠠᠷᠯᠠᠵᠤ᠂ ᠦᠷᠭᠦᠯᠵᠢ ᠬᠡᠷᠡᠭᠯᠡᠳᠡᠭ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠰᠠᠭᠤᠵᠤ ᠪᠠᠶᠢᠭ᠎ᠠ ᠰᠠᠭᠤᠭᠠᠯᠢ ᠠᠷᠠᠳ ᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ ᠭᠠᠳᠠᠭᠰᠢ ᠨᠡᠭᠦᠯᠭᠡᠬᠦ ᠶᠢᠨ ᠬᠠᠮᠲᠤ ᠴᠢᠬᠤᠯᠠ ᠪᠦᠬᠦᠢ ᠠᠶᠤᠯᠭᠦᠶ ᠶᠢᠨ ᠬᠠᠮᠠᠭᠠᠯᠠᠯᠲᠠ ᠶᠢᠨ ᠪᠤᠰᠤᠳ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃      ᠦᠶᠡᠷ ᠢ ᠲᠣᠭᠲᠠᠭᠠᠨ ᠬᠤᠷᠠᠭᠤᠯᠬᠤ ᠣᠷᠣᠨ ᠠᠴᠠ ᠪᠤᠯᠵᠦ ᠰᠢᠭᠤᠳ ᠠᠰᠢᠭ ᠬᠦᠷᠳᠡᠬᠦ ᠭᠠᠵᠠᠷ ᠣᠷᠣᠨ ᠪᠠ ᠨᠢᠭᠡᠴᠢ ᠨᠦᠭᠦᠳ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠤᠯᠤᠰ ᠠᠴᠠ ᠲᠣᠭᠲᠠᠭᠠᠭᠰᠠᠨ ᠨᠥᠬᠦᠪᠥᠷᠢ ᠥᠭᠬᠦ᠂ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠬᠦ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠲᠡᠳᠬᠦᠨ ᠳᠡᠮᠵᠢᠬᠦ ᠪᠠ ᠨᠥᠬᠦᠪᠥᠷᠢ ᠥᠭᠬᠦ᠂ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠬᠡᠷᠡᠭᠲᠡᠶ᠃      ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠠᠶᠤᠯᠭᠦᠶ ᠶᠢᠨ ᠪᠦᠳᠦᠭᠡᠠ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠵᠢᠴᠢ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠲᠡᠳᠬᠦᠨ ᠳᠡᠮᠵᠢᠬᠦ ᠪᠠ ᠨᠥᠬᠦᠪᠥᠷᠢ ᠥᠭᠬᠦ᠂ ᠠᠪᠤᠷᠠᠨ ᠲᠤᠰᠠᠯᠠᠬᠤ ᠠᠷᠭ᠎ᠠ ᠶᠢ ᠲᠣᠭᠲᠠᠭᠠᠵᠤ ᠪᠣᠯᠤᠨ᠎ᠠ᠃      ᠭᠤᠴᠢᠨ ᠭᠤᠷᠪᠠᠳᠤᠭᠠᠷ ᠵᠦᠢᠯ  ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠦᠶᠡᠷ ᠢ ᠰᠡᠷᠭᠡᠶᠢᠯᠡᠬᠦ ᠪᠤᠰᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠪᠦᠳᠦᠭᠡᠨ ᠪᠠᠶᠢᠭᠤᠯᠬᠤ ᠳᠤ᠂ ᠦᠶᠡᠷ ᠤᠨ ᠤᠰᠤᠨ ᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠦᠵᠡᠭᠦᠯᠵᠦ ᠮᠡᠳᠡᠬᠦ ᠨᠥᠯᠥᠭᠡ ᠪᠠ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠦᠶᠡᠷ ᠢ ᠰᠡᠷᠭᠡᠶᠢᠯᠡᠬᠦ ᠳᠤ ᠦᠵᠡᠭᠦᠯᠵᠦ ᠮᠡᠳᠡᠬᠦ ᠨᠥᠯᠥᠭᠡ ᠳᠤ ᠦᠨᠡᠯᠡᠯᠲᠡ ᠬᠢᠵᠦ᠂ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠦᠶᠡᠷ ᠤᠨ ᠨᠥᠯᠥᠭᠡ ᠶᠢᠨ ᠲᠤᠬᠠᠶ ᠦᠨᠡᠯᠡᠯᠲᠡ ᠶᠢᠨ ᠮᠡᠳᠡᠭᠦᠯᠦᠯᠲᠡ ᠶᠢ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ ᠪᠣᠯᠬᠤ ᠦᠭᠡᠢ᠃      ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠪᠠᠶᠢᠭᠤᠯᠤᠭᠰᠠᠨ ᠴᠢᠯᠠᠭᠤᠨ ᠲᠤᠰᠤᠨ ᠤ ᠠᠭᠤᠷᠬᠠᠶ᠂ ᠲᠡᠮᠦᠷ ᠵᠠᠮ᠂ ᠵᠠᠰᠠᠮᠠᠯ ᠵᠠᠮ᠂ ᠠᠭᠤᠷᠬᠠᠶ᠂ ᠴᠠᠬᠢᠯᠭᠠᠨ ᠤ ᠦᠢᠯᠡᠳᠪᠦᠷᠢ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ ᠪᠠ ᠳᠠᠮᠵᠢᠭᠤᠯᠬᠤ ᠬᠤᠭᠤᠯᠠᠶ ᠶᠢᠨ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠳᠤ ᠪᠦᠳᠦᠭᠡᠨ ᠪᠠᠶᠢᠭᠤᠯᠬᠤ ᠨᠢᠭᠡᠴᠢ ᠶᠢᠨ ᠥᠪᠡᠰᠦᠪᠡᠨ ᠲᠣᠬᠢᠷᠠᠭᠤᠯᠤᠭᠰᠠᠨ ᠦᠶᠡᠷ ᠢ ᠰᠡᠷᠭᠡᠶᠢᠯᠡᠵᠦ ᠦᠶᠡᠷ ᠠᠴᠠ ᠵᠠᠶᠢᠯᠠᠬᠤ ᠲᠥᠰᠦᠯ ᠢ ᠪᠠᠭᠲᠠᠭᠠᠭᠰᠠᠨ ᠪᠠᠶᠢᠬᠤ ᠬᠡᠷᠡᠭᠲᠡᠶ᠃ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠬᠤ ᠪᠤᠶᠤ ᠬᠡᠷᠡᠭᠯᠡᠬᠦ ᠦᠶ᠎ᠡ ᠳᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠨᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠠᠪᠤᠭᠤᠯᠬᠤ ᠬᠡᠷᠡᠭᠲᠡᠢ᠃      ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠭᠡᠷ ᠪᠠᠶᠢᠰᠢᠩ ᠪᠠᠷᠢᠬᠤ ᠳᠤ ᠲᠡᠭᠰᠢ ᠤᠷᠤᠢ ᠲᠠᠢ ᠪᠦᠲᠦᠴᠡ ᠶᠢ ᠬᠡᠷᠡᠭᠯᠡᠬᠦ ᠬᠡᠷᠡᠭᠲᠡᠶ᠃       ᠭᠤᠴᠢᠨ ᠳᠥᠷᠪᠡᠳᠦᠭᠡᠷ ᠵᠦᠢᠯ  ᠲᠤᠮᠤ ᠳᠤᠮᠳᠠ ᠬᠤᠳᠠ᠂ ᠴᠢᠬᠤᠯᠠ ᠲᠡᠮᠦᠷ ᠵᠠᠮ᠂ ᠵᠠᠰᠠᠮᠠᠯ ᠵᠠᠮ ᠤᠨ ᠭᠤᠣᠯ ᠱᠤᠭᠤᠮ᠂ ᠲᠤᠮᠤ ᠬᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠢ ᠦᠶᠡᠷ ᠢ ᠰᠡᠷᠭᠡᠶᠢᠯᠡᠬᠦ ᠭᠤᠣᠯᠳᠠᠯᠭ᠎ᠠ ᠪᠣᠯᠭᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃      ᠦᠶᠡᠷ ᠤᠨ ᠰᠦᠷᠳᠡᠭᠦᠯᠦᠯ ᠳᠤ ᠤᠴᠠᠷᠠᠭᠰᠠᠨ ᠬᠤᠳᠠ᠂ ᠠᠵᠤ ᠠᠬᠤᠶ ᠶᠢᠨ ᠨᠡᠭᠡᠭᠡᠨ ᠬᠥᠭᠵᠢᠭᠦᠯᠬᠦ ᠣᠷᠣᠨ᠂ ᠦᠢᠯᠡᠳᠪᠦᠷᠢ ᠠᠭᠤᠷᠬᠠᠶ ᠶᠢᠨ ᠣᠷᠣᠨ ᠪᠣᠯᠤᠨ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠵᠡᠷᠭᠡ ᠶᠢ ᠭᠤᠣᠯᠳᠠᠯᠭ᠎ᠠ ᠲᠠᠢ ᠪᠠᠷ ᠬᠠᠮᠠᠭᠠᠯᠠᠵᠤ᠂ ᠦᠶᠡᠷ ᠢ ᠰᠡᠷᠭᠡᠶᠢᠯᠡᠬᠦ ᠴᠢᠬᠤᠯᠠ ᠪᠦᠬᠦᠢ ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ ᠬᠡᠷᠡᠭᠲᠡᠶ᠃      ᠬᠤᠳᠠ ᠶᠢᠨ ᠪᠦᠳᠦᠭᠡᠨ ᠪᠠᠶᠢᠭᠤᠯᠤᠯᠲᠠ ᠳᠤ ᠤᠤᠯ ᠤᠨ ᠪᠠᠶᠢᠭᠰᠠᠨ ᠭᠤᠣᠯ ᠤᠨ ᠵᠠᠮ ᠤᠨ ᠭᠤᠤ ᠰᠤᠪᠠᠭ᠂ ᠤᠰᠤ ᠬᠠᠳᠠᠭᠠᠯᠠᠬᠤ ᠨᠠᠭᠤᠷ ᠴᠥᠭᠦᠷᠥᠮ ᠬᠤᠲᠣᠭᠤᠷ ᠭᠠᠵᠠᠷ ᠢ ᠳᠤᠷ᠎ᠠ ᠪᠠᠷ ᠢᠶᠠᠨ ᠪᠥᠭᠯᠡᠬᠦ ᠪᠠ ᠤᠤᠯ ᠤᠨ ᠪᠠᠶᠢᠭᠰᠠᠨ ᠦᠶᠡᠷ ᠢ ᠰᠡᠷᠭᠡᠶᠢᠯᠡᠬᠦ ᠬᠠᠰᠢᠯᠭ᠎ᠠ ᠳᠠᠯᠠᠩ ᠢ ᠤᠰᠠᠳᠬᠠᠵᠤ ᠪᠣᠯᠬᠤ ᠦᠭᠡᠢ᠃ ᠦᠨᠡᠨ ᠬᠦ ᠪᠥᠭᠯᠡᠬᠦ ᠪᠤᠶᠤ ᠬᠦᠴᠦᠨ ᠤᠢᠭᠡᠢ ᠪᠣᠯᠭᠠᠬᠤ ᠴᠢᠬᠤᠯᠠ ᠲᠠᠢ ᠪᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃      ᠭᠤᠴᠢᠨ ᠲᠠᠪᠤᠳᠤᠭᠠᠷ ᠵᠦᠢᠯ  ᠦᠶᠡᠷ ᠢ ᠰᠡᠷᠭᠡᠶᠢᠯᠡᠬᠦ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠪᠠᠷᠢᠯᠭ᠎ᠠ ᠶᠢᠨ ᠲᠥᠬᠦᠭᠡᠷᠦᠮᠵᠢ ᠶᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠶᠢᠨ ᠶᠣᠰᠣᠭᠠᠷ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠠᠴᠠ ᠡᠮᠦᠨ᠎ᠡ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠲᠣᠭᠲᠠᠭᠠᠯ ᠶᠣᠰᠣᠭᠠᠷ ᠬᠠᠮᠢᠶᠠᠷᠬᠤ ᠪᠠ ᠬᠠᠮᠠᠭᠠᠯᠠᠬᠤ ᠬᠡᠪᠴᠢᠶ᠎ᠡ ᠶᠢ ᠵᠠᠭᠠᠭᠯᠠᠨ ᠲᠣᠭᠲᠠᠭᠠᠬᠤ ᠬᠡᠷᠡᠭᠲᠡᠢ᠃      ᠬᠠᠮᠲᠤ ᠶᠢᠨ ᠥᠮᠴᠢᠯᠡᠯ ᠳᠤ ᠬᠠᠷᠢᠶᠠᠯᠠᠭᠳᠠᠬᠤ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠬᠤ ᠬᠡᠷᠡᠭᠲᠡᠢ᠃      ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ᠭᠤᠴᠢᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠴᠥᠭᠦᠷᠥᠮ ᠤᠨ ᠬᠠᠰᠢᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠢᠨᠠᠵᠤ ᠬᠠᠮᠢᠶᠠᠷᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃ ᠵᠢᠷᠤᠵᠤ ᠲᠥᠯᠥᠪᠯᠡᠭᠰᠡᠨ ᠦᠶᠡᠷ ᠤᠨ ᠤᠰᠤᠨ ᠤ ᠪᠠᠷᠢᠮᠵᠢᠶ᠎ᠠ᠂ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢᠨ ᠱᠠᠭᠠᠷᠳᠠᠯᠭ᠎ᠠ ᠳᠤ ᠬᠦᠷᠦᠭᠰᠡᠨ ᠦᠭᠡᠢ ᠪᠤᠶᠤ ᠶᠠᠰᠤ ᠴᠢᠨᠠᠷ ᠤᠨ ᠲᠠᠯ᠎ᠠ ᠪᠠᠷ ᠬᠦᠨᠳᠦ ᠨᠣᠴᠢᠲᠠᠶ ᠭᠡᠮ ᠰᠣᠭᠤᠭ ᠲᠠᠢ ᠠᠶᠤᠯᠲᠠᠶ ᠬᠠᠰᠢᠯᠭ᠎ᠠ ᠳᠤ ᠬᠠᠰᠢᠯᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠠᠶᠤᠯ ᠢ ᠠᠷᠢᠯᠭᠠᠨ ᠪᠠᠬᠢᠯᠡᠬᠦ ᠠᠷᠭ᠎ᠠ ᠬᠡᠮᠵᠢᠶ᠎ᠡ ᠠᠪᠴᠤ᠂ ᠬᠤᠭᠤᠴᠠᠭ᠎ᠠ ᠲᠣᠭᠲᠠᠭᠠᠨ ᠠᠶᠤᠯ ᠢ ᠠᠷᠢᠯᠭᠠᠬᠤ ᠪᠤᠶᠤ ᠲᠠᠬᠢᠨ ᠪᠠᠶᠢᠭᠤᠯᠬᠤ ᠬᠡᠷᠡᠭᠲᠡᠶ᠂ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠠᠴᠠ ᠬᠡᠷᠡᠭᠰᠡᠬᠦ ᠪᠡᠯᠡ ᠮᠥᠩᠭᠦ ᠶᠢ ᠤᠷᠢᠳᠠᠪᠠᠷ ᠲᠣᠬᠢᠷᠠᠭᠤᠯᠬᠤ ᠬᠡᠷᠡᠭᠲᠡᠶ᠃ ᠬᠠᠰᠢᠯᠭ᠎ᠠ ᠨᠤᠷᠠᠵᠤ ᠮᠡᠳᠡᠬᠦ ᠤᠰᠤᠨ ᠴᠥᠭᠦᠷᠥᠮ ᠳᠤ ᠪᠣᠯ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠠ ᠰᠠᠭᠤᠭᠠᠯᠢ ᠠᠷᠠᠳ ᠢ ᠲᠦᠷ ᠵᠠᠶᠢᠯᠠᠭᠤᠯᠬᠤ ᠲᠥᠰᠦᠯ ᠢ ᠤᠷᠢᠳᠠᠪᠠᠷ ᠲᠣᠭᠲᠠᠭᠠᠬᠤ ᠬᠡᠷᠡᠭᠲᠡᠶ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠦᠯᠡᠳᠡᠭᠳᠡᠯ ᠠᠭᠤᠷᠬᠠᠢ ᠶᠢᠨ ᠬᠠᠰᠢᠯᠭ᠎ᠠ ᠳᠤ ᠲᠠᠯᠪᠢᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠦᠶᠡᠷ ᠤᠨ ᠤᠰᠤᠨ ᠠᠴᠠ ᠪᠤᠯᠵᠤ ᠬᠠᠰᠢᠯᠭ᠎ᠠ ᠨᠤᠷᠠᠬᠤ ᠠᠴᠠ ᠵᠠᠶᠢᠯᠠᠰᠬᠢᠬᠦ ᠬᠡᠷᠡᠭᠲᠡᠶ᠃      ᠭᠤᠴᠢᠨ ᠳᠣᠯᠣᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠤᠰᠤᠨ ᠴᠥᠭᠦᠷᠥᠮ ᠤᠨ ᠶᠡᠭᠡ ᠬᠠᠰᠢᠯᠭ᠎ᠠ᠂ ᠳᠠᠯᠠᠩ ᠬᠠᠰᠢᠯᠭ᠎ᠠ᠂ ᠤᠰᠤᠨ ᠬᠠᠭᠠᠯᠲᠠ᠂ ᠡᠷᠭᠢ ᠶᠢᠨ ᠬᠠᠮᠠᠭᠠᠯᠠᠯᠲᠠ᠂ ᠤᠰᠤ ᠲᠠᠲᠠᠬᠤ ᠦᠷᠳᠡᠭᠡ᠂ ᠤᠰᠤ ᠵᠠᠯᠠᠬᠤ ᠰᠤᠪᠠᠭ ᠤᠨ ᠰᠢᠰᠲ᠋ᠧᠮ ᠵᠡᠷᠭᠡ ᠦᠶᠡᠷ ᠢ ᠰᠡᠷᠭᠡᠶᠢᠯᠡᠬᠦ ᠪᠠᠷᠢᠯᠭ᠎ᠠ ᠪᠠ ᠤᠰᠤᠨ ᠵᠦᠢ᠂ ᠮᠡᠳᠡᠭᠡ ᠬᠤᠯᠪᠣᠭᠠᠨ ᠤ ᠲᠥᠬᠦᠭᠡᠷᠦᠮᠵᠢ ᠵᠢᠴᠢ ᠦᠶᠡᠷ ᠢ ᠰᠡᠷᠭᠡᠶᠢᠯᠡᠬᠦ ᠪᠡᠯᠡᠳᠬᠡᠯ ᠪᠠᠭᠠᠵᠢ ᠬᠡᠷᠡᠭᠰᠡᠯ᠂ ᠪᠣᠳᠠᠰ ᠤᠨ ᠮᠠᠲ᠋ᠧᠷᠢᠶᠠᠯ ᠵᠡᠷᠭᠡ ᠶᠢ ᠡᠪᠳᠡᠵᠦ᠂ ᠡᠵᠡᠯᠡᠵᠦ᠂ ᠡᠪᠳᠡᠵᠦ ᠰᠦᠢᠳᠬᠡᠵᠦ ᠪᠣᠯᠬᠤ ᠦᠭᠡᠢ᠃            ᠲᠠᠪᠤᠳᠤᠭᠠᠷ ᠪᠦᠯᠦᠭ  ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ          ᠭᠤᠴᠢᠨ ᠨᠠᠢᠮᠠᠳᠤᠭᠠᠷ ᠵᠦᠢᠯ  ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠨᠢᠭᠡᠳᠦᠯᠲᠡᠢ ᠵᠢᠯᠣᠭᠤᠳᠴᠤ᠂ ᠱᠠᠳᠤ ᠬᠤᠪᠢᠶᠠᠨ ᠰᠠᠯᠠᠭ᠎ᠠ ᠮᠥᠴᠢᠷ ᠬᠤᠪᠢᠶᠠᠨ ᠬᠠᠷᠢᠭᠤᠴᠠᠨ᠎ᠠ᠃      ᠭᠤᠴᠢ ᠶᠢᠰᠦᠳᠦᠭᠡᠷ ᠵᠦᠢᠯ   ᠲᠦᠷᠦ ᠶᠢᠨ ᠶᠠᠪᠤᠳᠠᠯ ᠤᠨ ᠬᠤᠷᠢᠶ᠎ᠠ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠪᠦᠬᠦ ᠤᠯᠤᠰ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠶᠢ ᠬᠠᠷᠢᠭᠤᠴᠠᠭᠤᠯᠤᠨ᠎ᠠ᠂ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠤᠨ᠎ᠠ᠃      ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠳᠤ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠲᠤᠰ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠡᠷᠭᠡ ᠪᠠᠷ ᠪᠦᠷᠢᠯᠳᠦᠭᠰᠡᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠵᠤ᠂ ᠬᠠᠮᠢᠶᠠᠷᠴᠤ ᠪᠠᠶᠢᠭ᠎ᠠ ᠬᠡᠪᠴᠢᠶᠡᠨ ᠤ ᠪᠠᠨ ᠳᠣᠲᠣᠷᠠᠬᠢ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠵᠢᠯᠣᠭᠤᠳᠴᠤ ᠪᠣᠯᠤᠨ᠎ᠠ᠂ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠶᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠶᠢᠷᠢᠯᠠᠭᠤᠯᠤᠨ᠎ᠠ᠃      ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠭᠦᠷᠭᠡ ᠲᠠᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠤᠬᠠᠶ ᠶᠢᠨ ᠭᠠᠵᠠᠷ ᠲᠤ ᠰᠠᠭᠤᠭ᠎ᠠ ᠴᠡᠷᠢᠭ ᠠᠩᠭᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠷᠢᠭᠤᠴᠠᠯᠭᠠᠲᠠᠨ ᠵᠡᠷᠭᠡ ᠪᠠᠷ ᠪᠦᠷᠢᠯᠳᠦᠭᠰᠡᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠳᠡᠭᠡᠳᠦ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠪᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠰ ᠭᠠᠵᠠᠷ ᠣᠷᠣᠨ ᠤ ᠪᠠᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠵᠢᠯᠣᠭᠤᠳᠤᠨ᠎ᠠ᠂ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠶᠢ ᠠᠳᠠᠯᠢ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠤᠨ᠎ᠠ︔ ᠴᠢᠬᠤᠯᠠᠲᠠᠶ ᠦᠶ᠎ᠡ ᠳᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠣᠭᠲᠠᠭᠠᠯᠭᠠᠭᠠᠳ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠳᠠ ᠶᠢᠨ ᠲᠣᠭᠤᠷᠢᠭ ᠤᠨ ᠬᠡᠷᠡᠭ ᠡᠷᠬᠢᠯᠡᠬᠦ ᠪᠠᠶᠢᠭᠤᠯᠤᠮᠵᠢ ᠭᠠᠷᠭᠠᠵᠤ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠤᠳᠤᠷᠢᠳᠤᠯᠭ᠎ᠠ ᠶᠢᠨ ᠳᠣᠣᠷ᠎ᠠ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠳᠦᠷ ᠲᠤᠳᠤᠮ ᠤᠨ ᠠᠵᠢᠯ ᠢ ᠬᠠᠷᠢᠭᠤᠴᠠᠭᠤᠯᠵᠤ ᠴᠤ ᠪᠣᠯᠤᠨ᠎ᠠ᠃      ᠳᠥᠴᠢᠳᠦᠭᠡᠷ ᠵᠦᠢᠯ  ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠭᠦᠷᠭᠡ ᠲᠠᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠰᠠᠪᠠ ᠭᠠᠵᠠᠷ ᠤᠨ ᠶᠡᠷᠦᠩᠬᠡᠢ       ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠣᠳᠠᠲᠤ ᠪᠠᠶᠢᠳᠠᠯ ᠪᠣᠯᠤᠨ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠦᠨᠳᠦᠰᠦᠯᠡᠨ᠂ ᠦᠶᠡᠷ ᠢ ᠰᠡᠷᠭᠡᠶᠢᠯᠡᠬᠦ ᠲᠥᠰᠦᠯ ︵ᠣᠨᠴᠠ ᠶᠡᠭᠡ ᠦᠶᠡᠷ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠠᠭᠲᠠᠨ᠎ᠠ︶ ᠢ ᠲᠣᠭᠲᠠᠭᠠᠨ᠎ᠠ᠃      ᠬᠥᠬᠡᠮᠥ᠋ᠷᠡᠨ᠂ ᠬᠠᠳᠤᠨ ᠭᠤᠣᠯ᠂ ᠬᠤᠸᠠᠢ ᠾᠧ ᠭᠤᠣᠯ᠂ ᠬᠠᠶ ᠾᠧ ᠭᠤᠣᠯ ᠤᠨ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ ᠢ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠨ᠎ᠡ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠪᠤᠰᠤᠳ ᠭᠤᠣᠯ ᠮᠥᠷᠡᠨ ᠤ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ ᠢ ᠬᠤᠯᠪᠣᠭᠳᠠᠯ ᠪᠦᠬᠦᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠬᠡᠷᠡᠭᠵᠢᠭᠦᠯᠬᠦ ᠬᠡᠷᠡᠭᠲᠡᠶ᠃      ᠡᠯ᠎ᠡ ᠱᠠᠲᠤᠨ ᠤ ᠦᠶᠡᠷ ᠤᠨ ᠰᠡᠷᠭᠡᠶᠢᠯᠡᠯᠲᠡ ᠶᠢᠨ ᠵᠢᠯᠣᠭᠤᠳᠬᠤ ᠪᠠᠶᠢᠭᠤᠯᠤᠮᠵᠢ ᠪᠣᠯᠤᠨ ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠬᠦ ᠡᠭᠦᠷᠭᠡ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠡᠷᠬᠡᠪᠰᠢ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ ᠢ ᠦᠨᠳᠦᠰᠦᠯᠡᠨ ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃      ᠳᠥᠴᠢᠨ ᠨᠢᠭᠡᠳᠦᠭᠡᠷ ᠵᠦᠢᠯ  ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠲᠤᠬᠠᠢ ᠶᠢᠨ ᠭᠠᠵᠠᠷ ᠤᠨ ᠦᠶᠡᠷ ᠤᠨ ᠵᠢᠮ᠎ᠡ ᠶᠣᠰᠣ ᠶᠢ ᠦᠨᠳᠦᠰᠦᠯᠡᠨ᠂ ᠦᠶᠡᠷᠯᠡᠬᠦ ᠬᠤᠭᠤᠴᠠᠭᠠᠨ ᠤ ᠡᠬᠢᠯᠡᠵᠦ ᠳᠠᠭᠤᠰᠬᠤ ᠡᠳᠦᠷ ᠬᠤᠭᠤᠴᠠᠭ᠎ᠠ ᠶᠢ ᠲᠣᠭᠲᠠᠭᠠᠨ᠎ᠠ᠃      ᠭᠤᠣᠯ ᠮᠥᠷᠡᠨ᠂ ᠨᠠᠭᠤᠷ ᠴᠦᠬᠦᠷᠦᠮ ᠤᠨ ᠤᠰᠤᠨ ᠤ ᠪᠠᠶᠢᠳᠠᠯ ᠨᠢ ᠪᠠᠲᠤᠯᠠᠬᠤ ᠤᠰᠤᠨ ᠲᠦᠪᠰᠢᠨ ᠪᠤᠶᠤ ᠠᠶᠤᠯ ᠦᠭᠡᠢ ᠤᠷᠤᠰᠬᠠᠯ ᠤᠨ ᠬᠡᠮᠵᠢᠶ᠎ᠡ ᠳᠤ ᠣᠶᠢᠷᠠᠲᠤᠭᠰᠠᠨ᠂ ᠴᠥᠭᠦᠷᠥᠮ ᠤᠨ ᠤᠰᠤᠨ ᠲᠦᠪᠰᠢᠨ ᠨᠢ ᠵᠢᠷᠤᠵᠤ ᠲᠥᠯᠥᠪᠯᠡᠭᠰᠡᠨ ᠦᠶᠡᠷ ᠤᠨ ᠤᠰᠤᠨ ᠲᠦᠪᠰᠢᠨ ᠳᠤ ᠣᠶᠢᠷᠠᠲᠤᠭᠰᠠᠨ᠂ ᠡᠰᠡᠬᠦᠯ᠎ᠡ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠳᠤ ᠬᠦᠨᠳᠦ ᠶᠡᠭᠡ ᠲᠦᠭᠰᠢᠭᠦᠷᠢᠲᠦ ᠪᠠᠶᠢᠳᠠᠯ ᠭᠠᠷᠤᠭᠰᠠᠨ ᠦᠶ᠎ᠡ ᠳᠤ᠂ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠦᠶᠡᠷ ᠢ ᠰᠡᠷᠭᠡᠶᠢᠯᠡᠬᠦ ᠪᠠᠴᠢᠮ ᠬᠤᠭᠤᠴᠠᠭᠠᠨ ᠳᠤ ᠤᠷᠤᠭᠰᠠᠨ ᠢ ᠨᠡᠶᠢᠲᠡᠯᠡᠵᠦ ᠪᠣᠯᠤᠨ᠎ᠠ᠃      ᠳᠥᠴᠢᠨ ᠬᠤᠶᠠᠳᠤᠭᠠᠷ ᠵᠦᠢᠯ  ᠭᠤᠣᠯ ᠤᠨ ᠵᠠᠮ᠂ ᠨᠠᠭᠤᠷ ᠴᠦᠬᠦᠷᠦᠮ ᠤᠨ ᠬᠡᠪᠴᠢᠶᠡᠨ ᠳᠠᠬᠢ ᠦᠶᠡᠷ ᠵᠠᠯᠠᠬᠤ ᠶᠢ ᠬᠠᠷᠰᠢᠯᠠᠬᠤ ᠰᠠᠭᠠᠳ ᠪᠣᠳᠠᠰ ᠢ ᠬᠡᠨ ᠲᠤᠬᠢᠷᠠᠭᠤᠯᠠᠭᠰᠠᠨ ᠪᠣᠯ ᠲᠡᠷᠡ ᠠᠷᠢᠯᠭᠠᠬᠤ ᠵᠠᠷᠴᠢᠮ ᠶᠣᠰᠣᠭᠠᠷ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠠᠷᠢᠯᠭᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠠᠷᠢᠯᠭᠠᠭᠰᠠᠨ ᠦᠭᠡᠢ ᠪᠠᠶᠢᠪᠠᠯ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠵᠣᠬᠢᠶᠠᠨ ᠪᠠᠶᠢᠭᠤᠯᠵᠤ ᠪᠠᠶᠢᠭᠠᠳ ᠠᠯᠪᠠᠳᠠᠯᠭ᠎ᠠ ᠪᠠᠷ ᠴᠡᠪᠡᠷᠯᠡᠨ ᠠᠷᠢᠯᠭᠠᠵᠤ᠂ ᠬᠡᠷᠡᠭᠰᠡᠬᠦ ᠵᠠᠷᠤᠳᠠᠯ ᠢ ᠰᠠᠭᠠᠳ ᠲᠤᠬᠢᠷᠠᠭᠤᠯᠤᠭᠰᠠᠨ ᠬᠥᠮᠦᠨ ᠡᠭᠦᠷᠭᠡᠯᠡᠨ᠎ᠡ᠃      ᠦᠶᠡᠷ ᠢ ᠰᠡᠷᠭᠡᠶᠢᠯᠡᠬᠦ ᠪᠠᠴᠢᠮ ᠬᠤᠭᠤᠴᠠᠭᠠᠨ ᠳᠤ᠂ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠪᠤᠶᠤ ᠲᠡᠭᠦᠨ ᠤ ᠡᠷᠬᠡ ᠣᠯᠭᠤᠭᠰᠠᠨ ᠰᠠᠪᠠ ᠭᠠᠵᠠᠷ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢ ᠤᠰᠤᠨ ᠤ ᠲᠦᠭᠵᠢᠷᠡᠯ ᠪᠠ ᠬᠠᠷᠰᠢᠯᠠᠯ ᠪᠠᠷ ᠬᠦᠨᠳᠦ ᠨᠣᠴᠢᠲᠠᠢ ᠪᠠᠶᠢᠭ᠎ᠠ ᠬᠥᠭᠦᠷᠭᠡ᠂ ᠵᠠᠯᠠᠬᠤ ᠵᠠᠮ᠂ ᠭᠠᠷᠠᠮ ᠪᠣᠯᠤᠨ ᠭᠤᠣᠯ ᠠᠯᠤᠰᠯᠠᠭᠰᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ ᠶᠢ ᠪᠠᠴᠢᠮ ᠰᠢᠢᠳᠪᠦᠷᠢᠯᠡᠬᠦ ᠡᠷᠬᠡ ᠲᠠᠢ᠃      ᠳᠥᠴᠢᠨ ᠭᠤᠷᠪᠠᠳᠤᠭᠠᠷ ᠵᠦᠢᠯ  ᠦᠶᠡᠷᠯᠡᠬᠦ ᠬᠤᠭᠤᠴᠠᠭᠠᠨ ᠳᠤ ᠴᠠᠭ ᠠᠭᠤᠷ᠂ ᠤᠰᠤᠨ ᠵᠦᠢ᠂ ᠳᠠᠯᠠᠢ ᠲᠠᠩᠭᠢᠰ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠴᠠᠭ ᠠᠭᠤᠷ᠂ ᠤᠰᠤᠨ ᠵᠦᠢ ᠵᠡᠷᠭᠡ ᠶᠢᠨ ᠲᠤᠬᠠᠢ ᠶᠢᠨ ᠴᠠᠭ ᠤᠨ ᠮᠡᠳᠡᠭᠡ ᠵᠠᠩᠭᠢ ᠪᠠ ᠰᠠᠯᠬᠢ ᠰᠢᠭᠤᠷᠭᠠᠨ ᠤ ᠲᠦᠯᠬᠢᠭᠡᠨ ᠤ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ︔ ᠴᠠᠬᠢᠯᠭᠠᠨ ᠬᠤᠯᠪᠣᠭᠠᠨ ᠤ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠮᠡᠳᠡᠭᠡ ᠬᠤᠯᠪᠣᠭᠠᠨ ᠤ ᠦᠢᠯᠡᠴᠢᠯᠡᠭᠡ ᠶᠢ ᠡᠩ ᠲᠡᠷᠢᠭᠦᠨ ᠳᠤ ᠬᠠᠩᠭᠠᠬᠤ ᠬᠡᠷᠡᠭᠲᠡᠶ︔ ᠲᠡᠭᠡᠭᠡᠪᠦᠷᠢ᠂ ᠴᠠᠬᠢᠯᠭᠠᠨ ᠬᠦᠴᠦ᠂ ᠡᠳ᠋ ᠪᠣᠳᠠᠰ ᠮᠠᠲ᠋ᠧᠷᠢᠶᠠᠯ ᠤᠨ ᠬᠠᠩᠭᠠᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠩ ᠲᠡᠷᠢᠭᠦᠨ ᠳᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠦᠢᠯᠡᠴᠢᠯᠡᠬᠦ ᠬᠡᠷᠡᠭᠲᠡᠢ᠃      ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠪᠠ ᠡᠷᠦᠭᠡ ᠶᠢᠨ ᠴᠡᠷᠢᠭ ᠤᠯᠤᠰ ᠠᠴᠠ ᠳᠠᠭᠠᠭᠠᠯᠭᠠᠭᠰᠠᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠃      ᠳᠥᠴᠢᠨ ᠳᠥᠷᠪᠡᠳᠦᠭᠡᠷ ᠵᠦᠢᠯ  ᠦᠶᠡᠷᠯᠡᠬᠦ ᠬᠤᠭᠤᠴᠠᠭᠠᠨ ᠳᠤ ᠤᠰᠤᠨ ᠴᠥᠭᠦᠷᠥᠮ᠂ ᠬᠠᠰᠢᠯᠭ᠎ᠠ ᠪᠠ ᠪᠤᠰᠤᠳ ᠤᠰᠤᠨ ᠤ ᠪᠠᠷᠢᠯᠭ᠎ᠠ ᠶᠢᠨ ᠲᠥᠬᠦᠭᠡᠷᠦᠮᠵᠢ ᠶᠢ ᠬᠡᠷᠡᠭᠯᠡᠬᠦ ᠳᠡᠭᠡᠨ ᠡᠷᠬᠡᠪᠰᠢ ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠲᠤᠬᠢᠷᠠᠭᠤᠯᠤᠯᠲᠠ ᠵᠢᠯᠤᠭᠤᠳᠤᠯᠭ᠎ᠠ ᠪᠠ ᠬᠢᠨᠠᠯᠲᠠ ᠶᠢ ᠲᠠᠭᠠᠬᠤ ᠬᠡᠷᠡᠭᠲᠡᠢ᠃     ᠦᠶᠡᠷᠯᠡᠬᠦ ᠬᠤᠭᠤᠴᠠᠭᠠᠨ ᠳᠤ ᠤᠰᠤᠨ ᠴᠥᠭᠦᠷᠥᠮ ᠨᠢ ᠦᠶᠡᠷᠯᠡᠬᠦ ᠬᠤᠭᠤᠴᠠᠭᠠᠨ ᠤ ᠬᠢᠵᠠᠭᠠᠷᠯᠠᠭᠰᠠᠨ ᠤᠰᠤᠨ ᠲᠦᠪᠰᠢᠨ ᠠᠴᠠ ᠳᠡᠭᠡᠭᠰᠢ ᠳᠤᠷ᠎ᠠ ᠪᠠᠷ ᠢᠶᠠᠨ ᠤᠰᠤ ᠬᠠᠳᠠᠭᠠᠯᠠᠵᠤ ᠪᠣᠯᠬᠤ ᠦᠭᠡᠢ᠂ ᠦᠶᠡᠷᠯᠡᠬᠦ ᠬᠤᠭᠤᠴᠠᠭᠠᠨ ᠤ ᠬᠢᠵᠠᠭᠠᠷᠯᠠᠭᠰᠠᠨ ᠤᠰᠤᠨ ᠲᠦᠪᠰᠢᠨ ᠠᠴᠠ ᠳᠡᠭᠡᠭᠰᠢᠬᠢ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠬᠡᠷᠡᠭᠯᠡᠬᠦ ᠳᠡᠭᠡᠨ ᠡᠷᠬᠡᠪᠰᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠲᠣᠬᠢᠷᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠬᠤ ᠶᠢ ᠳᠠᠭᠠᠬᠤ ᠬᠡᠷᠡᠭᠲᠡᠶ᠃      ᠬᠠᠯᠢᠶ᠎ᠠ ᠦᠶᠡᠷ ᠤᠨ ᠬᠤᠭᠤᠴᠠᠭᠠᠨ ᠳᠤ᠂ ᠬᠠᠯᠢᠶ᠎ᠠ ᠦᠶᠡᠷ ᠢ ᠰᠡᠷᠭᠡᠶᠢᠯᠡᠬᠦ ᠡᠭᠦᠷᠭᠡ ᠲᠠᠢ ᠭᠤᠣᠯ ᠮᠥᠷᠡᠨ ᠤ ᠳᠡᠭᠡᠳᠦ ᠤᠷᠤᠰᠬᠠᠯ ᠤᠨ ᠤᠰᠤᠨ ᠴᠥᠭᠦᠷᠥᠮ ᠤᠨ ᠳᠣᠷᠣᠭᠰᠢ ᠤᠷᠤᠰᠬᠤ ᠤᠰᠤᠨ ᠤ ᠬᠡᠮᠵᠢᠶ᠎ᠡ ᠶᠢ ᠡᠷᠬᠡᠪᠰᠢ ᠬᠤᠯᠪᠣᠭᠳᠠᠯ ᠪᠦᠬᠦᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠵᠥᠪᠰᠢᠶᠡᠷᠡᠯ ᠢ ᠤᠯᠬᠤ ᠶᠢᠨ ᠬᠠᠮᠲᠤ ᠲᠡᠳᠡᠨ ᠤ ᠬᠢᠨᠠᠯᠲᠠ ᠶᠢ ᠬᠦᠯᠢᠶᠡᠬᠦ ᠬᠡᠷᠡᠭᠲᠡᠶ᠃      ᠳᠥᠴᠢᠨ ᠲᠠᠪᠤᠳᠤᠭᠠᠷ ᠵᠦᠢᠯ  ᠦᠶᠡᠷ ᠢ ᠪᠠᠴᠢᠮ ᠰᠡᠷᠭᠡᠶᠢᠯᠡᠬᠦ ᠬᠤᠭᠤᠴᠠᠭᠠᠨ ᠳᠤ᠂ ᠦᠶᠡᠷ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠬᠡᠷᠡᠭᠴᠡᠭᠡ ᠶᠢ ᠦᠨᠳᠦᠰᠦᠯᠡᠨ᠂ ᠬᠠᠷᠢᠶᠠᠯᠠᠯ ᠤᠨ ᠢᠶᠠᠨ ᠬᠡᠪᠴᠢᠶᠡᠨ ᠳᠣᠲᠣᠷ᠎ᠠ ᠡᠳ᠋ ᠪᠣᠳᠠᠰ᠂ ᠲᠤᠨᠤᠭ ᠲᠥᠬᠦᠭᠡᠷᠦᠮᠵᠢ᠂ ᠵᠠᠮ ᠲᠡᠭᠡᠭᠡᠪᠦᠷᠢ ᠶᠢᠨ ᠪᠠᠭᠠᠵᠢ ᠪᠠ ᠬᠥᠮᠦᠨ ᠤ ᠬᠦᠴᠦᠨ ᠢ ᠰᠢᠯᠵᠢᠭᠦᠯᠦᠨ ᠬᠡᠷᠡᠭᠯᠡᠵᠦ᠂ ᠰᠢᠷᠣᠢ ᠠᠪᠴᠤ ᠭᠠᠵᠠᠷ ᠡᠵᠡᠯᠡᠬᠦ᠂ ᠤᠢ ᠮᠣᠳᠣ ᠶᠢ ᠣᠭᠲᠣᠯᠬᠤ᠂ ᠤᠰᠤ ᠶᠢ ᠬᠠᠷᠰᠢᠯᠠᠬᠤ ᠰᠠᠭᠠᠳ ᠪᠣᠳᠠᠰ ᠢ ᠠᠷᠢᠯᠭᠠᠬᠤ ᠪᠠ ᠪᠤᠰᠤᠳ ᠴᠢᠬᠤᠯᠠ ᠪᠦᠬᠦᠢ ᠪᠠᠴᠢᠮ ᠠᠷᠭ᠎ᠠ ᠬᠡᠮᠵᠢᠶ᠎ᠡ ᠠᠪᠬᠤ ᠶᠢ ᠲᠣᠭᠲᠠᠭᠠᠬᠤ ᠡᠷᠬᠡ ᠲᠠᠢ︔ ᠴᠢᠬᠤᠯᠠᠲᠠᠶ ᠦᠶ᠎ᠡ ᠳᠤ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠠᠭᠤᠷᠠᠶ ᠭᠠᠵᠠᠷ ᠪᠠ ᠤᠰᠤᠨ ᠭᠠᠳᠠᠷᠭᠤ ᠶᠢᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠯᠵᠢᠭᠦᠯᠦᠨ ᠬᠡᠷᠡᠭᠯᠡᠭᠰᠡᠨ ᠡᠳ᠋ ᠪᠣᠳᠠᠰ᠂ ᠲᠤᠨᠤᠭ ᠲᠥᠬᠦᠭᠡᠷᠦᠮᠵᠢ᠂ ᠵᠠᠮ ᠲᠡᠭᠡᠭᠡᠪᠦᠷᠢ ᠶᠢᠨ ᠪᠠᠭᠠᠵᠢ ᠵᠡᠷᠭᠡ ᠶᠢ ᠦᠶᠡᠷᠯᠡᠬᠦ ᠬᠤᠭᠤᠴᠠᠭ᠎ᠠ ᠳᠠᠭᠤᠰᠤᠭᠰᠠᠨ ᠤ ᠲᠠᠷᠠᠭ᠎ᠠ ᠴᠠᠭ ᠲᠤᠬᠠᠶ ᠳᠤᠨᠢ ᠪᠤᠴᠠᠭᠠᠵᠤ ᠥᠭᠬᠦ ᠬᠡᠷᠡᠭᠲᠡᠶ︔ ᠡᠪᠳᠡᠵᠦ ᠰᠦᠢᠳᠬᠡᠭᠰᠡᠨ ᠪᠤᠶᠤ ᠪᠤᠴᠠᠭᠠᠵᠤ ᠥᠭᠬᠦ ᠶᠢᠨ ᠠᠷᠭ᠎ᠠ ᠤᠢᠭᠡᠢ ᠪᠣᠯᠭᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠰᠲᠠᠶ ᠲᠥᠯᠥᠪᠦᠷᠢ ᠥᠭᠬᠦ ᠪᠤᠶᠤ ᠪᠤᠰᠤᠳ ᠠᠷᠭ᠎ᠠ ᠪᠠᠷ ᠰᠢᠢᠳᠪᠤᠷᠢᠯᠡᠨ᠎ᠡ᠃ ᠰᠢᠷᠣᠶ ᠠᠪᠴᠤ ᠭᠠᠵᠠᠷ ᠡᠵᠡᠯᠡᠭᠰᠡᠨ᠂ ᠤᠢ ᠮᠣᠳᠣ ᠶᠢ ᠣᠭᠲᠣᠯᠤᠭᠰᠠᠨ ᠪᠠᠶᠢᠪᠠᠯ᠂ ᠦᠶᠡᠷᠯᠡᠬᠦ ᠬᠤᠭᠤᠴᠠᠭ᠎ᠠ ᠳᠠᠭᠤᠰᠤᠭᠰᠠᠨ ᠤ ᠲᠠᠷᠠᠭ᠎ᠠ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠠᠷ ᠭᠦᠢᠴᠡᠳᠬᠡᠯ ᠢ ᠨᠥᠬᠦᠵᠦ ᠬᠢᠬᠦ ᠬᠡᠷᠡᠭᠲᠡᠶ︔ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠰᠢᠷᠣᠶ ᠠᠪᠤᠭᠰᠠᠨ ᠤ ᠳᠠᠷᠠᠭᠠᠬᠢ ᠭᠠᠵᠠᠷ ᠰᠢᠷᠣᠶ ᠶᠢ ᠲᠡᠬᠢᠠ ᠬᠠᠭᠠᠯᠪᠤᠷᠢᠯᠠᠬᠤ ᠠᠵᠢᠯ ᠢ ᠵᠣᠬᠢᠶᠠᠨ ᠪᠠᠶᠢᠭᠤᠯᠵᠤ᠂ ᠣᠭᠲᠣᠯᠤᠭᠰᠠᠨ ᠤᠢ ᠮᠣᠳᠣ ᠶᠢ ᠨᠥᠬᠦᠵᠦ ᠲᠡᠷᠢᠬᠤ ᠠᠵᠢᠯ ᠢ ᠵᠣᠬᠢᠶᠠᠨ ᠪᠠᠶᠢᠭᠤᠯᠤᠨ᠎ᠠ᠃      ᠳᠥᠴᠢᠨ ᠵᠢᠷᠭᠤᠳᠤᠭᠠᠷ ᠵᠦᠢᠯ  ᠭᠤᠣᠯ ᠮᠥᠷᠡᠨ᠂ ᠨᠠᠭᠤᠷ ᠴᠦᠬᠦᠷᠦᠮ ᠤᠨ ᠤᠰᠤᠨ ᠲᠦᠪᠰᠢᠨ ᠪᠤᠶᠤ ᠤᠷᠤᠰᠬᠠᠯ ᠤᠨ ᠬᠡᠮᠵᠢᠶ᠎ᠡ ᠨᠢ ᠤᠯᠤᠰ ᠠᠴᠠ ᠲᠣᠭᠲᠠᠭᠠᠭᠰᠠᠨ ᠦᠶᠡᠷ ᠢ ᠰᠠᠯᠭᠠᠬᠤ ᠪᠠᠷᠢᠮᠵᠢᠶ᠎ᠠ ᠳᠤ ᠬᠦᠷᠴᠦ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠵᠦ ᠬᠡᠷᠡᠭᠯᠡᠬᠦ ᠴᠢᠬᠤᠯᠠᠲᠠᠶ ᠦᠶ᠎ᠡ ᠳᠤ᠂ ᠲᠦᠷᠦ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠨᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠶᠡᠷ ᠢ ᠰᠡᠷᠭᠡᠶᠢᠯᠡᠬᠦ ᠲᠥᠰᠦᠯ ᠳᠤ ᠲᠣᠭᠲᠠᠭᠠᠭᠰᠠᠨ ᠡᠬᠢᠯᠡᠵᠦ ᠬᠡᠷᠡᠭᠯᠡᠬᠦ ᠨᠥᠬᠦᠴᠡᠯ ᠪᠠ ᠵᠥᠪᠰᠢᠶᠡᠷᠡᠬᠦ ᠵᠢᠷᠤᠮ ᠤᠨ ᠶᠣᠰᠣᠭᠠᠷ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠵᠦ ᠬᠡᠷᠡᠭᠯᠡᠬᠦ ᠪᠠᠷ ᠲᠣᠭᠲᠠᠭᠠᠨ᠎ᠠ᠃ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠬᠠᠤᠯᠢ ᠶᠣᠰᠣᠭᠠᠷ ᠡᠬᠢᠯᠡᠵᠦ  ᠬᠡᠷᠡᠭᠯᠡᠬᠦ ᠳᠤ ᠶᠠᠮᠠᠷᠪᠠ ᠨᠢᠭᠡᠴᠢ ᠪᠠ ᠬᠤᠪᠢ ᠬᠥᠮᠦᠨ ᠬᠤᠷᠢᠭᠯᠠᠨ ᠤᠳᠠᠭᠠᠰᠢᠷᠠᠭᠤᠯᠵᠤ ᠪᠣᠯᠬᠤ ᠦᠭᠡᠢ︔ ᠬᠤᠷᠢᠭᠯᠠᠬᠤ᠂ ᠤᠳᠠᠭᠠᠰᠢᠷᠠᠭᠤᠯᠬᠤ ᠶᠠᠪᠤᠳᠠᠯ ᠲᠣᠬᠢᠶᠠᠯᠳᠤᠪᠠᠯ᠂ ᠬᠤᠯᠪᠣᠭᠳᠠᠯ ᠪᠦᠬᠦᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠠᠯᠪᠠᠳᠠᠯᠭ᠎ᠠ ᠪᠠᠷ ᠬᠡᠷᠡᠭᠵᠢᠭᠦᠯᠦᠨ᠎ᠡ᠃      ᠳᠥᠴᠢᠨ ᠳᠣᠯᠣᠳᠤᠭᠠᠷ ᠵᠦᠢᠯ  ᠦᠶᠡᠷ ᠤᠰᠤᠲᠤᠯ ᠤᠨ ᠭᠠᠮᠰᠢᠭ ᠭᠠᠷᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠠᠳ ᠭᠠᠮᠰᠢᠭᠳᠠᠭᠰᠠᠨ ᠣᠷᠣᠨ ᠤ ᠠᠮᠢᠳᠤᠷᠠᠯ ᠤᠨ ᠬᠠᠩᠭᠠᠯᠭ᠎ᠠ᠂ ᠡᠷᠡᠭᠦᠯ ᠢ ᠬᠠᠮᠠᠭᠠᠯᠠᠬᠤ ᠬᠢᠵᠢᠭ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠠᠩᠭᠠᠯᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠰᠤᠷᠭᠠᠭᠤᠯᠢ ᠶᠢᠨ ᠬᠢᠴᠢᠶᠡᠯ ᠢ ᠰᠡᠷᠭᠦᠭᠡᠬᠦ᠂ ᠦᠢᠯᠡᠳᠪᠦᠷᠢᠯᠡᠯ ᠢ ᠰᠡᠷᠭᠦᠭᠡᠬᠦ ᠪᠠ ᠭᠡᠷ ᠣᠷᠣᠨ ᠢᠶᠠᠨ ᠲᠠᠬᠢᠨ ᠪᠠᠶᠢᠭᠤᠯᠬᠤ ᠵᠡᠷᠭᠡ ᠭᠠᠮᠰᠢᠭ ᠠᠴᠠ ᠠᠪᠤᠷᠠᠬᠤ ᠠᠵᠢᠯ ᠵᠢᠴᠢ ᠬᠠᠮᠢᠶᠠᠷᠴᠤ ᠪᠠᠶᠢᠭ᠎ᠠ ᠭᠠᠵᠠᠷ ᠣᠷᠣᠨ ᠤ ᠪᠠᠨ ᠤᠰᠤᠨ ᠳᠤ ᠡᠪᠳᠡᠭᠳᠡᠭᠰᠡᠨ ᠡᠯ᠎ᠡ ᠵᠦᠢᠯ ᠤᠨ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠰᠤᠨ ᠳᠤ ᠰᠦᠢᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠡᠩ ᠲᠡᠷᠢᠭᠦᠨ ᠳᠤ ᠣᠷᠣᠭᠤᠯᠬᠤ ᠬᠡᠷᠡᠭᠲᠡᠢ᠃      ᠦᠶᠡᠷ ᠤᠨ ᠤᠰᠤᠨ ᠤ ᠳᠠᠭᠠᠳᠬᠠᠯ ᠥᠷᠨᠢᠭᠦᠯᠬᠦ ᠶᠢ ᠤᠯᠤᠰ ᠠᠴᠠ ᠵᠣᠷᠢᠭᠵᠢᠭᠤᠯᠤᠨ ᠲᠡᠮᠵᠢᠨ᠎ᠡ᠃              ᠵᠢᠷᠭᠤᠳᠤᠭᠠᠷ ᠪᠦᠯᠦᠭ  ᠪᠠᠲᠤᠯᠠᠭ᠎ᠠ ᠶᠢᠨ ᠠᠷᠭ᠎ᠠ ᠬᠡᠮᠵᠢᠶ᠎ᠡ          ᠳᠥᠴᠢᠨ ᠨᠠᠢᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠤ ᠪᠠᠶᠢᠭᠠᠳ ᠦᠶᠡᠷ ᠢ ᠰᠡᠷᠭᠡᠶᠢᠯᠡᠬᠦ ᠣᠷᠣᠭᠤᠯᠤᠯᠲᠠ ᠶᠢᠨ ᠶᠡᠷᠦᠩᠬᠡᠢ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃      ᠳᠥᠴᠢ ᠶᠢᠰᠦᠳᠦᠭᠡᠷ ᠵᠦᠢᠯ  ᠭᠤᠣᠯ ᠮᠥᠷᠡᠨ᠂ ᠨᠠᠭᠤᠷ ᠴᠦᠬᠦᠷᠦᠮ ᠢ ᠵᠠᠰᠠᠬᠤ ᠪᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠦᠳᠦᠭᠡᠨ ᠪᠠᠶᠢᠭᠤᠯᠬᠤ ᠪᠠ ᠬᠠᠮᠠᠭᠠᠯᠠᠬᠤ ᠳᠤ ᠬᠡᠷᠡᠭᠰᠡᠬᠦ ᠪᠡᠯᠡ ᠣᠷᠣᠭᠤᠯᠤᠯᠲᠠ ᠶᠢ ᠠᠵᠢᠯ ᠶᠠᠪᠤᠳᠠᠯ ᠤᠨ ᠡᠷᠬᠡ ᠪᠠ ᠡᠳ᠋ ᠤᠨ ᠵᠠᠰᠠᠭ ᠤᠨ ᠡᠷᠬᠡ ᠶᠢ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ ᠱᠠᠳᠤ ᠬᠤᠪᠢᠶᠠᠨ ᠬᠠᠷᠢᠭᠤᠴᠠᠵᠤ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠬᠤᠳᠠ ᠶᠢᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠬᠠᠮᠠᠭᠠᠯᠠᠯᠲᠠ ᠳᠤ ᠬᠡᠷᠡᠭᠰᠡᠬᠦ ᠪᠡᠯᠡ ᠣᠷᠣᠭᠤᠯᠤᠯᠲᠠ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ       ᠡᠭᠦᠷᠭᠡᠯᠡᠨ᠎ᠡ᠃      ᠦᠶᠡᠷ ᠤᠨ ᠰᠦᠷᠳᠡᠭᠦᠯᠦᠯ ᠳᠤ ᠤᠴᠠᠷᠠᠭᠰᠠᠨ ᠭᠠᠵᠠᠷ ᠣᠷᠣᠨ ᠤ ᠴᠢᠯᠠᠭᠤᠨ ᠲᠤᠰᠦᠠ ᠤ ᠠᠭᠤᠷᠬᠠᠶ᠂ ᠳᠠᠮᠵᠢᠭᠤᠯᠬᠤ ᠬᠤᠭᠤᠯᠠᠶ᠂ ᠲᠡᠮᠦᠷ ᠵᠡᠮ᠂ ᠵᠠᠰᠠᠮᠠᠯ ᠵᠡᠮ᠂ ᠠᠭᠤᠷᠬᠠᠶ᠂ ᠴᠠᠬᠢᠯᠭᠠᠨ ᠬᠦᠴᠦ᠂ ᠴᠠᠬᠢᠯᠭᠠᠨ ᠬᠤᠯᠪᠣᠭ᠎ᠠ ᠵᠡᠷᠭᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠨᠦᠭᠦᠳ ᠥᠪᠡᠰᠦᠪᠡᠨ ᠪᠡᠯᠠ ᠮᠥᠩᠭᠦ ᠴᠤᠭᠯᠠᠭᠤᠯᠵᠤ᠂ ᠦᠶᠡᠷ ᠢ ᠰᠡᠷᠭᠡᠶᠢᠯᠡᠵᠦ ᠥᠪᠡᠷ ᠢ ᠪᠠᠨ ᠬᠠᠮᠠᠭᠠᠯᠠᠬᠤ ᠴᠢᠬᠤᠯᠠ ᠪᠦᠬᠦᠢ ᠪᠠᠷᠢᠯᠭ᠎ᠠ ᠶᠢ ᠪᠠᠶᠢᠭᠤᠯᠬᠤ ᠬᠡᠷᠡᠭᠲᠡᠶ᠃      ᠲᠠᠪᠢᠳᠤᠭᠠᠷ ᠵᠦᠢᠯ  ᠲᠦᠪ ᠤᠨ ᠡᠳ᠋ ᠤᠨ ᠵᠠᠰᠠᠭ ᠠᠴᠠ ᠪᠡᠯᠡ ᠮᠥᠩᠭᠦ ᠲᠣᠬᠢᠷᠠᠭᠤᠯᠵᠤ᠂ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠬᠠᠰᠢᠯᠭ᠎ᠠ ᠳᠠᠯᠠᠩ ᠣᠨᠴᠠ ᠶᠡᠭᠡ ᠦᠶᠡᠷ ᠤᠰᠤᠲᠤᠯ ᠤᠨ ᠭᠠᠮᠰᠢᠭ ᠲᠤ ᠤᠴᠠᠷᠠᠬᠤ ᠦᠶ᠎ᠡ ᠶᠢᠨ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠪᠠ ᠤᠰᠤᠨ ᠳᠤ ᠰᠦᠢᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠵᠠᠰᠠᠨ ᠰᠡᠷᠭᠦᠭᠡᠬᠦ ᠳᠤ ᠬᠡᠷᠡᠭᠯᠡᠬᠦ ᠬᠡᠷᠡᠭᠲᠡᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠪᠡᠯᠡ ᠮᠥᠩᠭᠦ ᠲᠣᠬᠢᠷᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠣᠨᠴᠠ ᠶᠡᠭᠡ ᠦᠶᠡᠷ ᠤᠰᠤᠲᠤᠯ ᠤᠨ ᠭᠠᠮᠰᠢᠭ ᠲᠤ ᠤᠴᠠᠷᠠᠭᠰᠠᠨ ᠭᠠᠵᠠᠷ ᠣᠷᠣᠨ ᠤ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠪᠠ ᠤᠰᠤᠨ ᠳᠤ ᠰᠦᠢᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠵᠠᠰᠠᠨ ᠰᠡᠷᠭᠦᠭᠡᠬᠦ ᠳᠤ ᠬᠡᠷᠡᠭᠯᠡᠬᠦ ᠬᠡᠷᠡᠭᠲᠡᠢ᠃      ᠲᠠᠪᠢᠨ ᠨᠢᠭᠡᠳᠦᠭᠡᠷ ᠵᠦᠢᠯ  ᠤᠯᠤᠰ ᠠᠴᠠ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠠᠶᠢᠭᠤᠯᠵᠤ᠂ ᠦᠶᠡᠷ ᠢ ᠰᠡᠷᠭᠡᠶᠢᠯᠡᠬᠦ ᠪᠠᠷᠢᠯᠭ᠎ᠠ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠳᠤ ᠬᠡᠷᠡᠭᠯᠡᠨ᠎ᠡ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃      ᠦᠶᠡᠷ ᠤᠨ ᠰᠦᠷᠳᠡᠭᠦᠯᠦᠯ ᠳᠤ ᠤᠴᠠᠷᠠᠭᠰᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠭᠤᠣᠯ ᠤᠨ ᠵᠠᠮ ᠤᠨ ᠪᠠᠷᠢᠯᠭ᠎ᠠ ᠶᠢ ᠪᠠᠶᠢᠭᠤᠯᠵᠤ ᠰᠡᠯᠪᠢᠨ ᠵᠠᠰᠠᠬᠤ ᠬᠠᠮᠢᠶᠠᠷᠤᠯᠲᠠ ᠶᠢᠨ ᠵᠠᠷᠤᠳᠠᠯ ᠲᠠᠲᠠᠪᠤᠷᠢᠯᠠᠬᠤ ᠪᠠᠷ ᠲᠣᠭᠲᠠᠭᠠᠵᠤ ᠪᠣᠯᠤᠨ᠎ᠠ᠃      ᠲᠠᠪᠢᠨ ᠬᠤᠶᠠᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠦᠶᠡᠷ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠪᠠ ᠡᠳ᠋ ᠪᠣᠳᠠᠰ ᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠦᠭᠡᠢ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠪᠠᠶᠢᠭᠤᠯᠭ᠎ᠠ ᠨᠤᠭᠤᠳ ᠦᠶᠡᠷ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃          ᠳᠣᠯᠣᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ          ᠲᠠᠪᠢᠨ ᠭᠤᠷᠪᠠᠳᠤᠭᠠᠷ ᠵᠦᠢᠯ  ᠲᠤᠰ ᠬᠠᠤᠯᠢ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠳᠡᠭᠡᠷ᠎ᠡ ᠭᠠᠷ ᠤᠨ ᠦᠰᠦᠭ ᠵᠢᠷᠤᠭᠤᠯᠤᠭᠰᠠᠨ ᠦᠭᠡᠢ ᠪᠠᠷ ᠳᠤᠷ᠎ᠠ ᠪᠠᠷ ᠢᠶᠠᠨ ᠭᠤᠣᠯ ᠮᠥᠷᠡᠨ᠂ ᠨᠠᠭᠤᠷ ᠴᠦᠬᠦᠷᠦᠮ ᠳᠡᠭᠡᠷ᠎ᠡ ᠦᠶᠡᠷ ᠢ ᠰᠡᠷᠭᠡᠶᠢᠯᠡᠬᠦ ᠪᠠᠷᠢᠯᠭ᠎ᠠ ᠪᠠ ᠪᠤᠰᠤᠳ ᠤᠰᠤᠨ ᠤ ᠪᠠᠷᠢᠯᠭ᠎ᠠ᠂ ᠤᠰᠤᠨ ᠴᠠᠬᠢᠯᠭᠠᠨ ᠦᠷᠳᠡᠭᠡ ᠪᠠᠶᠢᠭᠤᠯᠤᠭᠰᠠᠨ ᠪᠠᠶᠢᠪᠠᠯ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠤᠨ ᠭᠠᠷ ᠭᠦᠢᠴᠡᠳᠬᠡᠯ ᠢ ᠨᠥᠬᠦᠪᠥᠷᠢᠯᠡᠨ ᠬᠢᠯᠭᠡᠨ᠎ᠡ︔ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠤᠨ ᠱᠠᠭᠠᠷᠳᠠᠯᠭ᠎ᠠ ᠶᠢ ᠵᠥᠷᠢᠴᠡᠵᠦ᠂ ᠦᠶᠡᠷ ᠢ ᠰᠡᠷᠭᠡᠶᠢᠯᠡᠬᠦ ᠶᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠤᠨ ᠱᠠᠭᠠᠷᠳᠠᠯᠭ᠎ᠠ ᠶᠢ ᠵᠥᠷᠢᠴᠡᠵᠦ᠂ ᠦᠶᠡᠷ ᠢ ᠰᠡᠷᠭᠡᠶᠢᠯᠡᠬᠦ ᠶᠢ ᠨᠥᠯᠥᠭᠡᠯᠡᠭᠰᠡᠨ ᠪᠣᠯᠪᠠᠴᠤ ᠪᠠᠰᠠ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ ᠪᠣᠯᠬᠤ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠲᠠᠪᠢᠨ ᠳᠥᠷᠪᠡᠳᠦᠭᠡᠷ ᠵᠦᠢᠯ  ᠲᠤᠰ ᠬᠠᠤᠯᠢ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠲᠥᠯᠥᠪᠵᠢᠭᠦᠯᠭᠡ ᠶᠢᠨ ᠵᠠᠰᠠᠵᠤ ᠵᠠᠯᠠᠬᠤ ᠱᠤᠭᠤᠮ ᠶᠣᠰᠣᠭᠠᠷ ᠭᠤᠣᠯ ᠤᠨ ᠵᠠᠮ ᠢ ᠵᠠᠰᠠᠭᠰᠠᠨ ᠦᠭᠡᠢ ᠪᠠ ᠭᠤᠣᠯ ᠤᠨ ᠤᠷᠤᠰᠬᠠᠯ ᠤᠨ ᠴᠢᠭᠯᠡᠯ ᠢ ᠡᠵᠡᠮᠳᠡᠨ ᠵᠢᠯᠣᠭᠤᠳᠬᠤ᠂ ᠳᠠᠯᠠᠩ ᠡᠷᠭᠢ ᠶᠢ ᠬᠠᠮᠠᠭᠠᠯᠠᠬᠤ ᠵᠡᠷᠭᠡ ᠪᠠᠷᠢᠯᠭ᠎ᠠ ᠶᠢ ᠪᠠᠶᠢᠭᠤᠯᠤᠭᠰᠠᠨ ᠦᠭᠡᠢ ᠠᠴᠠ ᠪᠤᠯᠵᠤ᠂ ᠦᠶᠡᠷ ᠢ ᠰᠡᠷᠭᠡᠶᠢᠯᠡᠬᠦ ᠶᠢ ᠨᠥᠯᠥᠭᠡᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠤᠤᠯ ᠤᠨ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠠᠪᠤᠷᠠᠬᠤ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠲᠠᠪᠢᠨ ᠲᠠᠪᠤᠳᠤᠭᠠᠷ ᠵᠦᠢᠯ  ᠲᠤᠰ ᠬᠠᠤᠯᠢ ᠶᠢᠨ ᠬᠤᠷᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠠᠷᠰᠢ ᠰᠠᠭᠠᠳ ᠢ ᠠᠷᠢᠯᠭᠠᠭᠤᠯᠬᠤ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠄      ︵ᠨᠢᠭᠡ︶ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠪᠠᠶᠢᠭᠤᠯᠤᠭᠰᠠᠨ︔      ︵ᠬᠤᠶᠠᠷ︶ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠭ       ᠨᠣᠪᠰᠢ᠂ ᠰᠢᠭᠠᠷᠤ ᠰᠢᠷᠤᠢ ᠬᠠᠶᠠᠵᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠ ᠭᠤᠣᠯ ᠤᠨ ᠵᠠᠮ ᠢᠶᠠᠷ ᠦᠶᠡᠷ ᠵᠠᠯᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠭᠰᠡᠨ︔      ︵ᠭᠤᠷᠪᠠ︶ ᠦᠶᠡᠷ ᠵᠠᠯᠠᠬᠤ ᠭᠤᠣᠯ ᠤᠨ ᠵᠠᠮ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠪᠠ ᠥᠨᠳᠥᠷ ᠡᠰᠢᠲᠦ ᠲᠠᠷᠢᠮᠠᠯ ᠲᠠᠷᠢᠭᠰᠠᠨ᠃      ᠲᠡᠪᠢᠠ ᠵᠢᠷᠭᠤᠳᠤᠭᠠᠷ ᠵᠦᠢᠯ  ᠲᠤᠰ ᠬᠠᠤᠯᠢ ᠶᠢᠨ ᠠᠷᠪᠠᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ᠂ ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠲᠡᠯᠡᠢ ᠶᠢ ᠬᠦᠷᠢᠶᠡᠯᠡᠨ ᠲᠠᠷᠢᠶᠠᠨ ᠭᠠᠵᠠᠷ ᠭᠠᠷᠭᠠᠭᠰᠠᠨ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠭᠰᠠᠨ᠂ ᠭᠤᠣᠯ ᠤᠨ ᠵᠡᠮ ᠢ ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠤᠤᠯ ᠤᠨ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠤᠤᠯ ᠤᠨ ᠪᠠᠶᠢᠳᠠᠯ ᠢ ᠨᠢ ᠰᠡᠷᠭᠦᠭᠡᠬᠦ ᠦᠭᠡᠢ ᠮᠥᠷᠲᠡᠭᠡᠨ ᠪᠠᠰᠠ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠲᠡᠭᠦᠨ ᠢ ᠣᠷᠣᠯᠠᠨ ᠤᠭ ᠤᠨ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠨ᠎ᠠ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃      ᠲᠠᠪᠢᠨ ᠳᠣᠯᠣᠳᠤᠭᠠᠷ ᠵᠦᠢᠯ  ᠲᠤᠰ ᠬᠠᠤᠯᠢ ᠶᠢᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠰᠦᠯ ᠢᠶᠠᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠤᠶᠤ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠪᠠᠶᠢᠴᠠᠭᠠᠵᠤ ᠵᠥᠪᠰᠢᠶᠡᠷᠡᠭᠰᠡᠨ ᠣᠷᠣᠨ ᠪᠠᠶᠢᠷᠢ᠂ ᠵᠠᠭᠠᠭ ᠬᠢᠵᠠᠭᠠᠷ ᠶᠣᠰᠣᠭᠠᠷ ᠭᠤᠣᠯ ᠤᠨ ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠢᠨᠠᠨ ᠪᠠᠶᠢᠴᠠᠭᠠᠵᠤ ᠵᠥᠪᠰᠢᠶᠡᠷᠡᠬᠦ ᠪᠤᠶᠤ ᠬᠢᠨᠠᠨ ᠪᠠᠶᠢᠴᠠᠭᠠᠵᠤ ᠵᠥᠪᠰᠢᠶᠡᠷᠡᠬᠦ ᠭᠠᠷ ᠭᠦᠢᠴᠡᠳᠬᠡᠯ ᠢ ᠨᠥᠬᠦᠪᠥᠷᠢᠯᠡᠨ ᠬᠢᠯᠭᠡᠨ᠎ᠡ︔ ᠪᠠᠷᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠠ ᠪᠠᠶᠢᠭᠤᠯᠤᠯᠲᠠ ᠨᠢ ᠦᠶᠡᠷ ᠢ ᠰᠡᠷᠭᠡᠶᠢᠯᠡᠬᠦ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ᠂ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠤᠢᠭᠡᠢ ᠪᠠᠶᠢᠪᠠᠯ᠂ ᠠᠯᠪᠠᠳᠠᠯᠭ᠎ᠠ ᠪᠠᠷ ᠨᠤᠷᠠᠭᠠᠯᠭᠠᠨ᠎ᠠ᠂ ᠬᠡᠷᠡᠭᠰᠡᠬᠦ ᠵᠠᠷᠤᠳᠠᠯ ᠢ ᠪᠦᠳᠦᠭᠡᠠ ᠪᠠᠶᠢᠭᠤᠯᠬᠤ ᠨᠢᠭᠡᠴᠢ ᠡᠭᠦᠷᠭᠡᠯᠡᠨ᠎ᠡ︔ ᠦᠶᠡᠷ ᠵᠠᠯᠠᠬᠤ ᠶᠢ ᠨᠥᠯᠥᠭᠡᠯᠡᠬᠦ ᠪᠣᠯᠪᠠᠴᠤ ᠪᠠᠰᠠ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ ᠪᠣᠯᠬᠤ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠲᠠᠪᠢᠨ ᠨᠠᠢᠮᠠᠳᠤᠭᠠᠷ ᠵᠦᠢᠯ  ᠲᠤᠰ ᠬᠠᠤᠯᠢ ᠶᠢᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠵᠦ᠂ ᠦᠶᠡᠷᠯᠡᠭᠰᠡᠨ ᠣᠷᠣᠨ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠦᠶᠡᠷ ᠢ ᠰᠡᠷᠭᠡᠶᠢᠯᠡᠬᠦ ᠪᠤᠰᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠪᠠᠶᠢᠭᠤᠯᠬᠤ ᠳᠠᠭᠠᠨ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠠᠵᠢᠯ ᠡᠬᠢᠯᠡᠭᠦᠯᠵᠦ ᠪᠦᠳᠦᠭᠡᠨ ᠪᠠᠶᠢᠭᠤᠯᠤᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ  ᠰᠢᠢᠳᠭᠡᠨ᠎ᠡ᠃      ᠲᠤᠰ ᠬᠠᠤᠯᠢ ᠶᠢᠨ ᠭᠤᠴᠢᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ       ᠵᠥᠷᠢᠴᠡᠵᠦ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠰᠢᠯᠭᠠᠨ ᠠᠪᠤᠭᠤᠯᠤᠭᠰᠠᠨ ᠦᠭᠡᠢ᠂ ᠤᠳᠠᠯ ᠦᠭᠡᠢ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠠᠰᠢᠭᠯᠠᠯᠲᠠ ᠳᠤ ᠣᠷᠣᠭᠤᠯᠤᠭᠰᠠᠨ ᠪᠤᠶᠤ ᠬᠡᠷᠡᠭᠯᠡᠭᠰᠡᠨ ᠪᠠᠶᠢᠪᠠᠯ᠂ ᠦᠢᠯᠡᠳᠪᠦᠷᠢᠯᠡᠬᠦ ᠪᠤᠶᠤ ᠬᠡᠷᠡᠭᠯᠡᠬᠦ ᠶᠢ ᠨᠢ ᠵᠠᠷᠯᠢᠭᠳᠠᠨ ᠵᠣᠭᠰᠣᠭᠠᠵᠤ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠬᠤᠭᠤᠴᠠᠭ᠎ᠠ ᠲᠣᠭᠲᠠᠭᠠᠨ ᠰᠢᠯᠭᠠᠨ ᠠᠪᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃      ᠲᠡᠪᠢ ᠶᠢᠰᠦᠳᠦᠭᠡᠷ ᠵᠦᠢᠯ  ᠲᠤᠰ ᠬᠠᠤᠯᠢ ᠶᠢᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠬᠤᠳᠠ ᠶᠢᠨ ᠪᠦᠳᠦᠭᠡᠠ ᠪᠠᠶᠢᠭᠤᠯᠤᠯᠲᠠ ᠠᠴᠠ ᠪᠤᠯᠵᠦ ᠤᠤᠯ ᠤᠨ ᠪᠠᠶᠢᠭᠰᠠᠨ ᠭᠤᠣᠯ ᠤᠨ ᠵᠡᠮ ᠰᠤᠪᠠᠭ᠂ ᠤᠰᠤ ᠬᠠᠳᠠᠭᠠᠯᠠᠬᠤ ᠨᠠᠭᠤᠷ ᠴᠥᠭᠦᠷᠥᠮ ᠬᠤᠲᠣᠭᠤᠷ ᠭᠠᠵᠠᠷ ᠢ ᠳᠤᠷ᠎ᠠ ᠪᠠᠷ ᠢᠶᠠᠨ ᠪᠥᠭᠯᠡᠭᠰᠡᠨ ᠪᠠ ᠤᠤᠯ ᠤᠨ ᠪᠠᠶᠢᠭᠰᠠᠨ ᠦᠶᠡᠷ ᠢ ᠰᠡᠷᠭᠡᠶᠢᠯᠡᠬᠦ ᠬᠠᠰᠢᠯᠭ᠎ᠠ ᠲᠡᠯᠡᠩ ᠢ ᠤᠰᠠᠳᠬᠠᠭᠰᠠᠨ ᠪᠠᠶᠢᠪᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ ᠬᠡᠷᠡᠭᠲᠡᠶ᠃      ᠵᠢᠷᠠᠳᠤᠭᠠᠷ ᠵᠦᠢᠯ  ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠠᠰᠢᠯᠭ᠎ᠠ ᠲᠡᠯᠡᠩ᠂ ᠤᠰᠦᠠ ᠬᠠᠭᠠᠯᠲᠠ᠂ ᠡᠷᠭᠢ ᠶᠢᠨ ᠬᠠᠮᠠᠭᠠᠯᠠᠯᠲᠠ᠂ ᠤᠰᠤ ᠲᠠᠲᠠᠬᠤ ᠤᠢᠷᠳᠡᠭᠡ᠂ ᠤᠰᠤ ᠵᠠᠯᠠᠬᠤ ᠰᠤᠪᠠᠭ ᠤᠨ ᠰᠢᠰᠲ᠋ᠧᠮ ᠵᠡᠷᠭᠡ ᠦᠶᠡᠷ ᠢ ᠰᠡᠷᠭᠡᠶᠢᠯᠡᠬᠦ ᠪᠠᠷᠢᠯᠭ᠎ᠠ ᠪᠣᠯᠤᠨ ᠤᠰᠦᠠ ᠵᠦᠢ᠂ ᠮᠡᠳᠡᠭᠡ ᠬᠤᠯᠪᠣᠭᠠᠨ ᠤ ᠲᠥᠬᠦᠭᠡᠷᠦᠮᠵᠢ ᠵᠢᠴᠢ ᠦᠶᠡᠷ ᠢ ᠰᠡᠷᠭᠡᠶᠢᠯᠡᠬᠦ ᠪᠡᠯᠡᠳᠬᠡᠯ ᠪᠠᠭᠠᠵᠢ ᠬᠡᠷᠡᠭᠰᠡᠯ᠂ ᠡᠳ᠋ ᠮᠠᠲ᠋ᠧᠷᠢᠶᠠᠯ ᠢ ᠡᠪᠳᠡᠭᠰᠡᠨ᠂ ᠡᠵᠡᠯᠡᠭᠰᠡᠨ᠂ ᠰᠦᠢᠳᠬᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠡᠪᠳᠡᠵᠦ ᠰᠦᠢᠳᠬᠡᠭᠰᠡᠨ ᠪᠠᠶᠢᠪᠠᠯ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠬᠦ ᠬᠡᠷᠡᠭᠲᠡᠶ ᠪᠠᠶᠢᠪᠠᠯ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢᠨ ᠲᠣᠭᠲᠠᠭᠠᠯ ᠶᠣᠰᠣᠭᠠᠷ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠠᠨ ᠨᠢᠭᠡᠳᠦᠭᠡᠷ ᠵᠦᠢᠯ  ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠳᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠵᠤ᠂ ᠰᠦᠷᠳᠡᠭᠦᠯᠦᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯᠪᠠᠴᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠬᠦ ᠬᠡᠷᠡᠭᠲᠡᠶ ᠪᠠᠶᠢᠪᠠᠯ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢᠨ ᠲᠣᠭᠲᠠᠭᠠᠯ ᠶᠣᠰᠣᠭᠠᠷ ᠰᠢᠢᠳᠭᠡᠨ᠎ᠡ᠃      ᠵᠢᠷᠠᠨ ᠬᠤᠶᠠᠳᠤᠭᠠᠷ ᠵᠦᠢᠯ  ᠦᠶᠡᠷ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠪᠠ ᠡᠳ᠋ ᠪᠣᠳᠠᠰ ᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃      ᠵᠢᠷᠠᠨ ᠭᠤᠷᠪᠠᠳᠤᠭᠠᠷ ᠵᠦᠢᠯ  ᠲᠤᠰ ᠬᠠᠤᠯᠢ ᠶᠢᠨ ᠲᠠᠪᠢ ᠶᠢᠰᠦᠳᠦᠭᠡᠷ ᠵᠦᠢᠯ ᠤᠨ ᠲᠣᠭᠲᠠᠭᠠᠯ ᠢ ᠭᠠᠷᠭᠠᠪᠠᠯ᠂ ᠲᠤᠰ ᠪᠦᠯᠦᠭ ᠲᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠪᠠ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠂ ᠡᠰᠡᠬᠦᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠨ᠎ᠠ᠃ ᠭᠡᠪᠡᠴᠦ ᠲᠤᠰ ᠬᠠᠤᠯᠢ ᠶᠢᠨ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠢ ᠲᠣᠭᠲᠠᠭᠠᠬᠤ ᠪᠠᠶᠢᠭᠤᠯᠭ᠎ᠠ ᠨᠢ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃      ᠵᠢᠷᠠᠨ ᠳᠥᠷᠪᠡᠳᠦᠭᠡᠷ ᠵᠦᠢᠯ  ᠲᠦᠷᠦ ᠶᠢᠨ ᠠᠵᠢᠯᠳᠠᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠵᠦ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠣᠯ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠄      ︵ᠨᠢᠭᠡ︶ ᠲᠤᠰ ᠬᠠᠤᠯᠢ ᠶᠢᠨ ᠠᠷᠪᠠᠨ ᠳᠣᠯᠣᠳᠤᠭᠠᠷ ᠵᠦᠢᠯ᠂ ᠠᠷᠪᠠ ᠶᠢᠰᠦᠳᠦᠭᠡᠷ ᠵᠦᠢᠯ᠂ ᠬᠤᠷᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ᠂ ᠬᠤᠷᠢᠨ ᠬᠤᠶᠠᠳᠤᠭᠠᠷ ᠵᠦᠢᠯ ᠤᠨ ᠭᠤᠷᠪᠠᠳᠤᠭᠠᠷ ᠪᠠᠳᠠᠭ᠂ ᠬᠤᠷᠢᠨ ᠳᠣᠯᠣᠳᠤᠭᠠᠷ ᠵᠦᠢᠯ ᠪᠤᠶᠤ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠦᠶᠡᠷ ᠢ ᠰᠡᠷᠭᠡᠶᠢᠯᠡᠬᠦ ᠶᠢ ᠬᠦᠨᠳᠦ ᠨᠣᠴᠢᠲᠠᠢ ᠨᠥᠯᠥᠭᠡᠯᠡᠭᠰᠡᠨ︔      ︵ᠬᠤᠶᠠᠷ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠡᠳ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ︔      ︵ᠭᠤᠷᠪᠠ︶ ᠦᠶᠡᠷ ᠢ ᠰᠡᠷᠭᠡᠶᠢᠯᠡᠨ ᠬᠤᠷᠢᠭᠯᠠᠬᠤ ᠲᠥᠰᠦᠯ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠵᠠᠷᠯᠢᠭ ᠪᠤᠶᠤ ᠦᠶᠡᠷ ᠢ ᠲᠣᠭᠲᠠᠭᠠᠨ ᠬᠤᠷᠠᠭᠤᠯᠬᠤ ᠲᠥᠰᠦᠯ᠂ ᠠᠷᠭ᠎ᠠ ᠬᠡᠮᠵᠢᠶ᠎ᠡ᠂ ᠦᠶᠡᠷ ᠤᠨ ᠬᠤᠭᠤᠴᠠᠭᠠᠨ ᠤ ᠲᠣᠬᠢᠷᠠᠭᠤᠯᠤᠨ ᠬᠡᠷᠡᠭᠯᠡᠬᠦ ᠲᠥᠯᠥᠪᠯᠡᠭᠡ ᠵᠡᠷᠭᠡ ᠦᠶᠡᠷ ᠢ ᠰᠡᠷᠭᠡᠶᠢᠯᠡᠨ ᠲᠣᠬᠢᠷᠠᠭᠤᠯᠬᠤ ᠲᠥᠰᠦᠯ ᠢ ᠬᠡᠷᠡᠭᠵᠢᠭᠦᠯᠬᠦ ᠶᠢ ᠲᠡᠪᠴᠢᠭᠰᠡᠨ︔      ︵ᠲᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠪᠤᠶᠤ ᠪᠤᠰᠤᠳ ᠨᠢᠭᠡᠴᠢ ᠶᠢᠨ ᠦᠶᠡᠷ ᠤᠨ ᠭᠠᠮᠰᠢᠭ ᠤᠨ ᠬᠤᠬᠢᠷᠠᠯ ᠢ ᠪᠤᠢ ᠪᠣᠯᠭᠠᠭᠰᠠᠨ ᠪᠤᠶᠤ ᠬᠦᠨᠳᠦᠷᠡᠭᠦᠯᠦᠭᠰᠡᠨ᠃          ᠨᠠᠢᠮᠠᠳᠤᠭᠠᠷ ᠪᠦᠯᠦᠭ   ᠲᠠᠭᠠᠯᠳᠤᠭᠤᠯᠤᠯ ᠲᠦᠷᠢᠮ          ᠵᠢᠷᠠᠨ ᠲᠠᠪᠤᠳᠤᠭᠠᠷ ᠵᠦᠢᠯ  ᠲᠤᠰ ᠬᠠᠤᠯᠢ ᠶᠢ 1998 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号