ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ
ᠨᠡᠶᠢᠲᠡᠯᠡᠭᠰᠡᠨ ᠴᠠᠭ᠄
2021/9/8
     ︵1988 ᠣᠨ ᠤ 6 ᠰᠠᠷ᠎ᠠ ᠶᠢᠨ 10 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 3 ᠳ᠋ᠤᠭᠠᠷ ᠵᠠᠷᠯᠢᠭ ᠢᠶᠠᠷ ᠨᠡᠶᠢᠲᠡᠯᠡᠪᠡ᠃ 2011 ᠣᠨ ᠤ 1 ᠰᠠᠷ᠎ᠠ ᠶᠢᠨ 8 ᠤ ᠡᠳᠦᠷ ᠤᠨ《 ᠬᠡᠰᠡᠭ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢ ᠬᠦᠴᠦᠨ ᠦᠭᠡᠢ ᠪᠤᠯᠭᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ》 ᠢ ᠦᠨᠳᠦᠰᠦᠯᠡᠨ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠪᠠ᠃ 2017 ᠣᠨ ᠤ 3 ᠰᠠᠷ᠎ᠠ ᠶᠢᠨ 1 ᠤ ᠡᠳᠦᠷ ᠤᠨ《 ᠬᠡᠰᠡᠭ ᠵᠠᠰᠠᠭ ᠵᠠᠬᠢᠷᠭᠠᠨ  ᠤ ᠬᠠᠤᠯᠢ ᠲᠤᠭᠳᠠᠭᠠᠯ ᠢ ᠬᠦᠴᠦᠨ ᠦᠭᠡᠢ ᠪᠤᠯᠭᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠶᠢᠨ ᠶᠠᠪᠤᠳᠠᠯ  ᠤᠨ ᠬᠤᠷᠢᠶᠠᠨ ᠤ ᠲᠤᠭᠳᠠᠭᠠᠯ》 ᠢ ᠦᠨᠳᠦᠰᠦᠯᠡᠨ ᠬᠤᠶᠠᠳᠤᠭᠠᠷ ᠤᠳᠠᠭ᠎ᠠ ᠵᠠᠰᠠᠪᠤᠷᠢ ᠤᠷᠤᠭᠤᠯᠪᠠ᠃ 2017 ᠣᠨ ᠤ 10 ᠰᠠᠷ᠎ᠠ ᠶᠢᠨ 7 ᠤ ᠡᠳᠦᠷ ᠤᠨ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠭᠤᠷᠪᠠᠳᠤᠭᠠᠷ ᠤᠳᠠᠭ᠎ᠠ ᠵᠠᠰᠠᠪᠤᠷᠢ  ᠤᠷᠤᠭᠤᠯᠪᠠ᠃ 2018 ᠣᠨ ᠤ 3 ᠰᠠᠷ᠎ᠠ ᠶᠢᠨ 19 ᠤ ᠡᠳᠦᠷ ᠤᠨ《 ᠬᠡᠰᠡᠭ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢ ᠬᠦᠴᠦᠨ ᠦᠭᠡᠢ ᠪᠤᠯᠭᠠᠬᠤ ᠪᠠ ᠵᠠᠰᠠᠪᠤᠷᠢ ᠤᠷᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ》 ᠢ ᠦᠨᠳᠦᠰᠦᠯᠡᠨ ᠲᠦᠷᠪᠡᠳᠦᠭᠡᠷ ᠤᠳᠠᠭ᠎ᠠ ᠵᠠᠰᠠᠪᠤᠷᠢ ᠤᠷᠤᠭᠤᠯᠪᠠ︶          ᠨᠢᠭᠡᠳᠦᠭᠡᠷ ᠪᠦᠯᠦᠭ  ᠶᠡᠷᠦᠩᠬᠡᠢ ᠲᠦᠷᠢᠮ          ᠨᠢᠭᠡᠳᠦᠭᠡᠷ ᠵᠦᠢᠯ  ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠵᠤ᠂ ᠭᠤᠣᠯ ᠮᠥᠷᠡᠨ ᠨᠠᠭᠤᠷ ᠴᠦᠬᠦᠷᠦᠮ ᠤᠨ ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢ ᠦᠨᠳᠦᠰᠦᠯᠡᠨ ᠲᠤᠰ ᠲᠦᠷᠢᠮ ᠢ ᠲᠣᠭᠲᠠᠭᠠᠪᠠ᠃      ᠬᠤᠶᠠᠳᠤᠭᠠᠷ ᠵᠦᠢᠯ  ᠲᠤᠰ ᠲᠦᠷᠢᠮ ᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠲᠠᠬᠢ ᠭᠤᠣᠯ ᠤᠨ ᠵᠠᠮ ︵ᠨᠠᠭᠤᠷ᠂ ᠵᠤᠬᠢᠶᠠᠮᠠᠯ ᠤᠰᠤᠨ ᠵᠠᠮ᠂ ᠦᠶᠡᠷ ᠶᠠᠪᠤᠭᠤᠯᠬᠤ ᠣᠷᠣᠨ᠂ ᠦᠶᠡᠷ ᠲᠤᠭᠳᠠᠭᠠᠨ ᠬᠤᠷᠠᠭᠤᠯᠬᠤ ᠣᠷᠣᠨ᠂ ᠦᠶᠡᠷ ᠢ ᠲᠣᠭᠲᠠᠭᠠᠬᠤ ᠣᠷᠣᠨ ᠪᠠᠭᠲᠠᠨ᠎ᠠ︶ ᠳᠤ ᠲᠤᠬᠢᠷᠠᠭᠤᠯᠤᠨ ᠬᠡᠷᠡᠭᠯᠡᠨ᠎ᠡ᠃      ᠭᠤᠣᠯ ᠤᠨ ᠵᠠᠮ ᠤᠨ ᠳᠣᠲᠣᠷᠠᠬᠢ ᠤᠰᠤᠨ ᠠᠶᠠᠯᠠᠯ ᠤᠨ ᠵᠠᠮ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠠᠶᠠᠯᠠᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠢ ᠬᠠᠮᠳᠤ ᠳᠤ ᠨᠢ ᠲᠤᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ  ᠭᠤᠣᠯ ᠮᠥᠷᠡᠨ ᠨᠠᠭᠤᠷ ᠴᠦᠬᠦᠷᠦᠮ ᠤᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ ᠳᠤ ᠪᠦᠬᠦ ᠲᠠᠯ᠎ᠠ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠶᠡᠷᠦᠩᠬᠡᠶᠢᠯᠡᠨ ᠠᠰᠢᠭᠯᠠᠵᠤ᠂ ᠦᠷ᠎ᠡ ᠠᠰᠢᠭ ᠢ ᠡᠷᠬᠢᠮᠯᠡᠨ᠂ ᠦᠶᠡᠷ ᠢ ᠰᠡᠷᠭᠡᠶᠢᠯᠡᠬᠦ ᠶᠡᠷᠦᠩᠬᠡᠶ ᠲᠤᠬᠢᠷᠠᠭᠤᠯᠤᠯᠳᠡ ᠶᠢ ᠲᠠᠭᠠᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃      ᠳᠥᠷᠪᠡᠳᠦᠭᠡᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠪᠦᠬᠦ ᠤᠯᠤᠰ ᠤᠨ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠪᠤᠯᠤᠨ᠎ᠠ᠃      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭᠠᠨ ᠤ ᠣᠷᠣᠨ ᠤ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠪᠣᠯᠤᠨ᠎ᠠ᠃      ᠲᠠᠪᠤᠳᠤᠭᠠᠷ ᠵᠦᠢᠯ  ᠤᠯᠤᠰ ᠠᠴᠠ ᠭᠤᠣᠯ ᠤᠨ ᠵᠡᠮ ᠳᠤ ᠤᠰᠦᠠ ᠤ ᠰᠢᠰᠲ᠋ᠧᠮ ᠢᠶᠠᠷ  ᠨᠢᠭᠡᠳᠦᠯᠳᠡᠢ ᠬᠠᠮᠢᠶᠠᠷᠬᠤ ᠪᠠ ᠱᠡᠳᠦ ᠬᠤᠪᠢᠶᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠦᠨ᠎ᠡ᠃      ᠬᠦᠬᠡᠮᠦ᠋ᠷᠡᠨ᠂ ᠬᠠᠲᠤᠨ ᠭᠤᠣᠯ᠂ ᠬᠤᠸᠠᠶᠢᠾᠧ ᠭᠤᠣᠯ᠂ ᠬᠠᠶᠢᠾᠧ ᠭᠤᠣᠯ᠂ ᠵᠦᠵᠢᠶᠠᠩ ᠮᠥᠷᠡᠨ᠂ ᠰᠤᠩᠭᠠᠷᠢ ᠮᠥᠷᠡᠨ᠂ ᠯᠢᠶᠣᠤᠾᠧ ᠭᠤᠣᠯ ᠵᠡᠷᠭᠡ ᠶᠡᠭᠡ ᠭᠤᠣᠯ ᠮᠥᠷᠡᠨ ᠤ ᠭᠤᠣᠯ ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠴᠢᠬᠤᠯᠠ ᠭᠤᠣᠯ ᠤᠨ ᠬᠡᠰᠡᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠭᠤᠷᠣᠨᠳᠣᠬᠢ ᠬᠢᠯᠢ ᠶᠢᠨ ᠵᠠᠭᠠᠭ ᠤᠨ ᠭᠤᠣᠯ ᠤᠨ ᠵᠠᠮ ᠵᠢᠴᠢ ᠤᠯᠤᠰ ᠤᠨ ᠬᠢᠯᠢ ᠶᠢᠨ ᠵᠠᠭᠠᠭ ᠤᠨ ᠭᠤᠣᠯ ᠤᠨ ᠵᠠᠮ ᠢ ᠤᠯᠤᠰ ᠠᠴᠠ ᠡᠷᠬᠡ ᠣᠯᠭᠤᠭᠰᠠᠨ ᠭᠤᠣᠯ ᠮᠥᠷᠡᠨ ᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶᠠᠷᠤᠨ᠎ᠠ᠂ ᠡᠰᠡᠬᠦᠯ᠎ᠡ ᠳᠡᠭᠡᠷ᠎ᠡ ᠳᠤᠷᠠᠳᠤᠭᠰᠠᠨ ᠭᠤᠣᠯ ᠮᠥᠷᠡᠨ ᠤ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠭᠤᠣᠯ ᠤᠨ ᠵᠠᠮ ᠢ  ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠰᠠᠪᠠ ᠭᠠᠵᠠᠷ ᠤᠨ ᠨᠢᠭᠡᠳᠦᠯᠲᠡᠶ ᠲᠥᠯᠥᠪᠵᠢᠭᠦᠯᠭᠡ ᠶᠢ ᠦᠨᠳᠦᠰᠦᠯᠡᠨ ᠬᠠᠮᠢᠶᠠᠷᠤᠨ᠎ᠠ᠃ ᠪᠤᠰᠤᠳ ᠭᠤᠣᠯ ᠤᠨ ᠵᠡᠮ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠬᠤᠲᠠ᠂ ᠰᠢᠶᠠᠨ ᠤ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠬᠠᠮᠢᠶᠠᠷᠤᠨ᠎ᠠ᠃      ᠵᠢᠷᠭᠤᠳᠤᠭᠠᠷ ᠵᠦᠢᠯ  ᠭᠤᠣᠯ ᠤᠨ ᠵᠡᠮ ᠢ ᠵᠡᠷᠭᠡ ᠳᠡᠰ ᠬᠤᠪᠢᠶᠠᠨ᠎ᠠ᠃ ᠭᠤᠣᠯ ᠤᠨ ᠵᠡᠮ ᠤᠨ ᠵᠡᠷᠭᠡ ᠳᠡᠰ ᠤᠨ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠦᠠ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃      ᠳᠣᠯᠣᠳᠤᠭᠠᠷ ᠵᠦᠢᠯ  ᠭᠤᠣᠯ ᠤᠨ ᠵᠠᠮ ᠤᠨ ᠦᠶᠡᠷ ᠢ ᠰᠡᠷᠭᠡᠶᠢᠯᠡᠬᠦ ᠪᠠ ᠰᠠᠭᠠᠳ ᠢ ᠠᠷᠢᠯᠭᠠᠬᠤ ᠠᠵᠢᠯ ᠨᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠥᠷᠢᠮ  ᠢ ᠬᠡᠷᠡᠭᠵᠢᠭᠦᠯᠦᠨ᠎ᠡ᠃      ᠨᠠᠢᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠵᠢᠴᠢ ᠭᠤᠣᠯ ᠤᠨ ᠵᠠᠮ ᠢ ᠬᠢᠨᠠᠨ ᠬᠠᠮᠢᠶᠠᠷᠬᠤ ᠠᠵᠢᠯᠳᠠᠨ ᠡᠷᠬᠡᠪᠰᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠭᠤᠣᠯ ᠤᠨ ᠵᠠᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠬᠠᠩᠭᠠᠬᠤ ᠲᠥᠯᠥᠪᠯᠡᠭᠡ ᠪᠠ ᠦᠶᠡᠷ ᠢ ᠰᠡᠷᠭᠡᠶᠢᠯᠡᠬᠦ ᠲᠤᠬᠢᠷᠠᠭᠤᠯᠭ᠎ᠠ ᠶᠢᠨ ᠵᠠᠷᠯᠢᠭ ᠢ ᠬᠡᠷᠡᠭᠵᠢᠭᠦᠯᠵᠦ᠂ ᠤᠰᠤᠨ ᠤ ᠪᠠᠷᠢᠯᠭ᠎ᠠ ᠪᠠ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃      ᠶᠢᠰᠦᠳᠦᠭᠡᠷ ᠵᠦᠢᠯ  ᠠᠯᠢᠪᠠ ᠨᠢᠭᠡᠴᠢ ᠪᠠ ᠬᠤᠪᠢ ᠬᠥᠮᠦᠨ ᠴᠥᠮ ᠭᠤᠣᠯ ᠤᠨ ᠵᠠᠮ ᠬᠠᠰᠢᠯᠭ᠎ᠠ ᠳᠠᠯᠠᠩ ᠤᠨ ᠠᠮᠤᠷ ᠲᠦᠪᠰᠢᠨ ᠢ ᠬᠠᠮᠠᠭᠠᠯᠠᠬᠤ ᠪᠠ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠳᠤ ᠣᠷᠣᠯᠴᠠᠬᠤ ᠡᠭᠦᠷᠭᠡ ᠲᠠᠢ᠃          ᠬᠤᠶᠠᠳᠤᠭᠠᠷ ᠪᠦᠯᠦᠭ  ᠭᠤᠣᠯ ᠤᠨ ᠵᠡᠮ ᠢ ᠵᠠᠰᠠᠬᠤ ᠪᠠ ᠪᠦᠳᠦᠭᠡᠠ ᠪᠠᠶᠢᠭᠤᠯᠬᠤ          ᠠᠷᠪᠠᠳᠤᠭᠠᠷ ᠵᠦᠢᠯ  ᠭᠤᠣᠯ ᠤᠨ ᠵᠠᠮ ᠢ ᠵᠠᠰᠠᠬᠤ ᠪᠠ ᠪᠦᠳᠦᠭᠡᠨ ᠪᠠᠶᠢᠭᠤᠯᠬᠤ ᠳᠠᠭᠠᠨ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ ᠳᠠᠭᠠᠵᠤ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ᠂ ᠠᠶᠠᠯᠠᠯ ᠨᠡᠪᠲᠡᠷᠡᠬᠦ ᠪᠠᠷᠢᠮᠵᠢᠶ᠎ᠠ ᠪᠣᠯᠤᠨ ᠪᠤᠰᠤᠳ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠵᠦ᠂ ᠬᠠᠰᠢᠯᠭ᠎ᠠ ᠳᠠᠯᠠᠩ ᠤᠨ ᠠᠮᠤᠷ ᠲᠦᠪᠰᠢᠨ ᠢ ᠬᠠᠮᠠᠭᠠᠯᠠᠵᠤ᠂ ᠭᠤᠣᠯ ᠤᠨ ᠤᠷᠤᠰᠬᠠᠯ ᠤᠨ ᠲᠣᠭᠲᠠᠭᠤᠨ ᠪᠠᠶᠢᠬᠤ ᠪᠠ ᠦᠶᠡᠷ ᠵᠠᠯᠠᠬᠤ᠂ ᠤᠰᠤᠨ ᠵᠠᠮ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ  ᠤᠰᠤᠨ ᠠᠰᠢᠭᠯᠠᠯᠲᠠ ᠶᠢ ᠨᠡᠭᠡᠭᠡᠨ ᠠᠰᠢᠭᠯᠠᠬᠤ᠂ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ᠂ ᠭᠤᠣᠯ ᠤᠨ ᠵᠠᠮ ᠢ ᠵᠠᠰᠠᠬᠤ ᠡᠯ᠎ᠡ ᠲᠦᠷᠦᠯ ᠤᠨ ᠪᠠᠷᠢᠯᠭ᠎ᠠ ᠪᠠ ᠭᠤᠣᠯ ᠰᠤᠨᠳᠠᠯᠠᠬᠤ᠂ ᠭᠤᠣᠯ ᠭᠠᠲᠤᠯᠬᠤ᠂ ᠭᠤᠣᠯ ᠳᠠᠭᠠᠭᠰᠠᠨ ᠬᠥᠭᠦᠷᠭᠡ᠂ ᠭᠠᠷᠠᠮ᠂ ᠵᠠᠮ᠂ ᠣᠯᠣᠮ᠂ ᠬᠤᠭᠤᠯᠠᠶ᠂ ᠤᠳᠠᠰᠤ ᠲᠠᠲᠠᠯᠭ᠎ᠠ ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ ᠪᠠᠶᠢᠭᠤᠯᠬᠤ ᠳᠤ ᠪᠦᠳᠦᠭᠡᠨ ᠪᠠᠶᠢᠭᠤᠯᠬᠤ ᠨᠢᠭᠡᠴᠢ ᠨᠢ ᠡᠷᠬᠡᠪᠰᠢ ᠭᠤᠣᠯ ᠤᠨ ᠵᠠᠮ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠰᠦᠯ ᠢᠶᠠᠨ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤᠢᠭᠡᠢ ᠪᠠᠶᠢᠪᠠᠯ᠂ ᠪᠦᠳᠦᠭᠡᠠ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ ᠪᠣᠯᠬᠤ ᠤᠢᠭᠡᠢ᠃      ᠪᠦᠳᠦᠭᠡᠠ ᠪᠠᠶᠢᠭᠤᠯᠤᠯᠲᠠ ᠶᠢᠨ ᠵᠦᠢᠯᠡᠰ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠪᠦᠳᠦᠭᠡᠠ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠠᠵᠢᠯ ᠤᠨ ᠲᠤᠬᠢᠷᠡᠭᠤᠯᠦᠯᠳᠠ ᠪᠠᠨ ᠭᠤᠣᠯ ᠤᠨ ᠵᠡᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠳᠡᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ  ᠬᠦᠬᠦᠷᠭᠡ᠂ ᠭᠠᠷᠠᠮ ᠪᠠ ᠪᠤᠰᠤᠳ ᠲᠥᠬᠦᠭᠡᠷᠦᠮᠵᠢ ᠶᠢ ᠪᠠᠶᠢᠭᠤᠯᠬᠤ ᠳᠤ ᠡᠷᠬᠡᠪᠰᠢ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠳᠤ ᠲᠣᠭᠲᠠᠭᠠᠭᠰᠠᠨ ᠭᠤᠣᠯ ᠤᠨ ᠥᠷᠭᠡᠨ ᠤ ᠬᠡᠮᠵᠢᠶ᠎ᠡ ᠪᠠᠷ ᠬᠢᠬᠦ ᠬᠡᠷᠡᠭᠲᠡᠢ᠂ ᠦᠶᠡᠷ ᠵᠠᠯᠠᠬᠤ ᠵᠠᠮ ᠢ ᠪᠠᠭᠠᠰᠬᠠᠵᠤ ᠪᠣᠯᠬᠤ ᠦᠭᠡᠢ᠃      ᠬᠥᠭᠦᠷᠭᠡ ᠪᠠ ᠬᠥᠭᠦᠷᠭᠡ ᠶᠢᠨ ᠨᠢᠷᠤᠭᠤ ᠶᠢᠨ ᠢᠷᠣᠭᠠᠷ ᠢ ᠡᠷᠬᠡᠪᠰᠢ ᠵᠢᠷᠤᠵᠤ ᠲᠥᠯᠥᠪᠯᠡᠭᠰᠡᠨ ᠦᠶᠡᠷ ᠤᠨ ᠤᠰᠤᠨ ᠤ ᠲᠦᠪᠰᠢᠨ ᠠᠴᠠ ᠥᠨᠳᠥᠷ ᠪᠠᠶᠢᠯᠭᠠᠬᠤ ᠬᠡᠷᠡᠭᠲᠡᠶ ᠪᠥᠭᠡᠳ ᠦᠶᠡᠷ ᠢ ᠰᠡᠷᠭᠡᠶᠢᠯᠡᠬᠦ ᠪᠠ ᠤᠰᠤᠨ ᠵᠠᠮ ᠤᠨ ᠲᠡᠭᠡᠭᠡᠪᠦᠷᠢ ᠶᠢᠨ ᠱᠠᠭᠠᠷᠳᠠᠯᠭ᠎ᠠ ᠶᠣᠰᠣᠭᠠᠷ ᠵᠣᠬᠢᠬᠤ ᠬᠡᠮᠵᠢᠶᠡᠨ ᠤ ᠭᠡᠳᠤ ᠥᠨᠳᠥᠷ ᠪᠠᠶᠢᠯᠭᠠᠬᠤ ᠬᠡᠷᠡᠭᠲᠡᠶ᠃ ᠵᠢᠷᠤᠵᠤ ᠲᠥᠯᠥᠪᠯᠡᠭᠰᠡᠨ ᠦᠶᠡᠷ ᠤᠨ ᠤᠰᠤᠨ ᠲᠦᠪᠰᠢᠨ ᠢ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠦᠨᠳᠦᠰᠦᠯᠡᠨ ᠲᠣᠭᠲᠠᠭᠠᠨ᠎ᠠ᠃      ᠭᠤᠣᠯ ᠤᠨ ᠵᠠᠮ ᠢ ᠰᠤᠨᠳᠠᠯᠠᠭᠰᠠᠨ ᠳᠠᠮᠵᠢᠭᠤᠯᠬᠤ ᠬᠤᠭᠤᠯᠠᠶ᠂ ᠱᠤᠭᠤᠮ ᠤᠨ ᠠᠭᠠᠷ ᠤᠨ ᠴᠡᠪᠡᠷ ᠬᠥᠨᠳᠡᠶ ᠶᠢᠨ ᠥᠨᠳᠥᠷ ᠤᠨ ᠬᠡᠮᠵᠢᠶ᠎ᠡ ᠨᠢ ᠡᠷᠬᠡᠪᠰᠢ ᠦᠶᠡᠷ ᠢ ᠰᠡᠷᠭᠡᠶᠢᠯᠡᠬᠦ ᠪᠠ ᠤᠰᠤᠨ ᠵᠠᠮ ᠤᠨ ᠲᠡᠭᠡᠭᠡᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠰᠤᠨ ᠠᠶᠠᠯᠠᠯ ᠤᠨ ᠵᠠᠮ ᠢ ᠴᠡᠭᠴᠡᠯᠡᠨ ᠵᠠᠰᠠᠬᠤ ᠳᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ ᠪᠥᠭᠡᠳ ᠬᠤᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠶᠢᠨ ᠲᠤᠬᠠᠢ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠰᠠᠨᠠᠯ ᠢ ᠤᠷᠢᠳᠠᠪᠠᠷ ᠬᠤᠷᠢᠶᠠᠬᠤ ᠬᠡᠷᠡᠭᠲᠡᠢ᠃      ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠭᠤᠣᠯ ᠤᠨ ᠵᠠᠮ ᠢ ᠵᠠᠰᠠᠬᠤ ᠳᠠᠭᠠᠨ ᠤᠰᠤᠨ ᠠᠶᠠᠯᠠᠯ ᠤᠨ ᠵᠠᠮ ᠳᠤ ᠬᠤᠯᠪᠣᠭᠳᠠᠭᠰᠠᠨ ᠪᠠᠶᠢᠪᠠᠯ᠂ ᠤᠰᠤᠨ ᠵᠠᠮ ᠤᠨ ᠲᠡᠭᠡᠭᠡᠪᠦᠷᠢ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠶᠢᠨ ᠲᠤᠬᠠᠢ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠰᠠᠨᠠᠯ ᠢ ᠤᠷᠢᠳᠠᠪᠠᠷ ᠬᠤᠷᠢᠶᠠᠬᠤ ᠬᠡᠷᠡᠭᠲᠡᠢ᠃      ᠤᠯᠤᠰ ᠠᠴᠠ ᠬᠤᠯᠤᠰᠤ ᠮᠣᠳᠣ ᠤᠷᠤᠰᠬᠠᠨ ᠲᠡᠭᠡᠭᠡᠪᠦᠷᠢᠯᠡᠵᠦ ᠪᠣᠯᠤᠨ᠎ᠠ ᠭᠡᠵᠦ ᠲᠣᠭᠲᠠᠭᠠᠭᠰᠠᠨ ᠭᠤᠣᠯ ᠮᠥᠷᠡᠨ ᠪᠠ ᠵᠢᠭᠠᠰᠤᠨ ᠠᠵᠤ ᠠᠬᠤᠶ ᠶᠢᠨ ᠴᠢᠬᠤᠯᠠ ᠤᠰᠦᠠ ᠣᠷᠣᠨ ᠳᠤ ᠭᠤᠣᠯ ᠤᠨ ᠵᠡᠮ᠂ ᠤᠰᠦᠠ ᠵᠡᠮ ᠢ ᠵᠠᠰᠠᠬᠤ ᠳᠤ ᠪᠦᠳᠦᠭᠡᠠ ᠪᠠᠶᠢᠭᠤᠯᠬᠤ ᠨᠢᠭᠡᠴᠢ ᠨᠢ ᠬᠤᠯᠤᠰᠤ ᠮᠣᠳᠣᠨ ᠤ ᠤᠰᠦᠠ ᠲᠡᠭᠡᠭᠡᠪᠦᠷᠢ ᠪᠠ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠪᠥᠭᠡᠳ ᠬᠤᠯᠪᠣᠭᠳᠠᠯ ᠪᠦᠬᠦᠢ ᠵᠢᠷᠤᠭ ᠲᠥᠯᠥᠪᠯᠡᠭᠡ ᠪᠠ ᠲᠥᠯᠥᠪᠯᠡᠭᠡ ᠶᠢ ᠤᠷᠢᠳᠠᠪᠠᠷ ᠠᠳᠠᠯᠢ ᠱᠠᠲᠤᠨ ᠤ ᠤᠢ ᠰᠢᠭᠤᠶ᠂ ᠵᠢᠭᠠᠰᠤᠨ ᠠᠵᠤ ᠠᠬᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠵᠦ ᠰᠠᠨᠠᠯ ᠬᠤᠷᠢᠶᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠬᠠᠰᠢᠯᠭ᠎ᠠ ᠲᠡᠯᠡᠩ ᠳᠡᠭᠡᠷ᠎ᠡ ᠨᠢᠭᠡᠨᠲᠡ ᠪᠠᠶᠢᠭᠤᠯᠤᠭᠰᠠᠨ ᠭᠤᠯᠳᠤᠩ       ᠬᠠᠭᠠᠯᠲᠠ᠂ ᠬᠥᠭᠡᠷᠭᠡ ᠶᠢᠨ ᠤᠢᠷᠳᠡᠭᠡ ᠪᠠ ᠪᠤᠯᠠᠵᠤ ᠲᠠᠯᠪᠢᠭᠰᠠᠨ ᠬᠠᠰᠢᠯᠭ᠎ᠠ ᠨᠡᠪᠲᠡᠯᠬᠦ ᠬᠤᠭᠤᠯᠠᠶ᠂ ᠳᠡᠭᠡᠰᠦ ᠤᠲᠠᠰᠤ ᠵᠡᠷᠭᠡ ᠪᠠᠷᠢᠯᠭ᠎ᠠ ᠵᠢᠴᠢ ᠲᠥᠬᠦᠭᠡᠷᠦᠮᠵᠢ ᠶᠢ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ᠂ ᠪᠠᠷᠢᠯᠭ᠎ᠠ ᠶᠢᠨ ᠠᠶᠤᠯᠭᠦᠶ ᠶᠢᠨ ᠱᠠᠭᠠᠷᠳᠠᠯᠭ᠎ᠠ ᠳᠤ ᠨᠡᠶᠢᠴᠡᠬᠦ ᠤᠢᠭᠡᠢ ᠶᠢ ᠨᠢ ᠬᠤᠭᠤᠴᠠᠭ᠎ᠠ ᠲᠣᠭᠲᠠᠭᠠᠨ ᠥᠭᠡᠷᠡᠴᠢᠯᠡᠨ ᠪᠠᠶᠢᠭᠤᠯᠬᠤ ᠬᠡᠷᠡᠭᠲᠡᠶ᠃      ᠬᠠᠰᠢᠯᠭ᠎ᠠ ᠳᠠᠯᠠᠩ ᠳᠡᠭᠡᠷ᠎ᠡ ᠡᠮᠦᠨᠡᠬᠢ ᠪᠠᠳᠠᠭ ᠲᠤ ᠵᠢᠭᠠᠭᠰᠠᠨ ᠪᠠᠷᠢᠯᠭ᠎ᠠ ᠵᠢᠴᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠳᠠᠭᠠᠨ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠠᠶᠤᠯᠭᠦᠶ ᠶᠢᠨ ᠬᠠᠮᠢᠶᠠᠷᠤᠯᠲᠠ ᠶᠢ ᠲᠡᠭᠠᠬᠤ ᠬᠡᠷᠡᠭᠲᠡᠶ᠃       ᠠᠷᠪᠠᠨ ᠲᠠᠪᠤᠳᠤᠭᠠᠷ ᠵᠦᠢᠯ  ᠬᠠᠰᠢᠯᠭ᠎ᠠ ᠶᠢᠨ ᠤᠷᠦᠢ ᠪᠤᠶᠤ ᠲᠡᠪᠰᠢ ᠶᠢ ᠠᠰᠢᠭᠯᠠᠨ ᠵᠠᠰᠠᠮᠠᠯ ᠵᠡᠮ ᠢ ᠬᠠᠪᠰᠤᠷᠭᠠᠨ ᠬᠡᠷᠡᠭᠯᠡᠬᠦ ᠦᠨᠡᠨ ᠬᠦ ᠴᠢᠬᠤᠯᠠ ᠲᠠᠢ ᠪᠣᠯ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃ ᠲᠡᠯᠡᠩ ᠤᠨ ᠪᠡᠶ᠎ᠡ ᠪᠠ ᠲᠡᠯᠡᠩ ᠤᠨ ᠤᠷᠦᠢ ᠳᠡᠭᠡᠷᠡᠬᠢ ᠵᠠᠰᠠᠮᠠᠯ ᠵᠡᠮ ᠢ ᠬᠠᠮᠢᠶᠠᠷᠬᠤ ᠪᠠ ᠬᠠᠮᠠᠭᠠᠯᠠᠬᠤ ᠠᠷᠭ᠎ᠠ ᠶᠢ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠵᠡᠮ ᠬᠠᠷᠢᠯᠴᠠᠭᠠᠨ ᠤ ᠰᠠᠯᠠᠭ᠎ᠠ ᠮᠥᠴᠢᠷ ᠲᠠᠢ ᠵᠥᠪᠳᠡᠯᠴᠡᠵᠦ ᠲᠣᠭᠲᠠᠭᠠᠨ᠎ᠠ᠃      ᠠᠷᠪᠠᠨ ᠵᠢᠷᠭᠤᠳᠤᠭᠠᠷ ᠵᠦᠢᠯ  ᠬᠤᠳᠠ ᠪᠠᠯᠭᠠᠰᠤᠨ ᠤ ᠪᠦᠳᠦᠭᠡᠠ ᠪᠠᠶᠢᠭᠤᠯᠤᠯᠲᠠ ᠪᠠ ᠬᠥᠭᠵᠢᠯᠲᠡ ᠳᠤ ᠭᠤᠣᠯ ᠤᠨ ᠵᠡᠮ ᠤᠨ ᠲᠡᠩ ᠭᠠᠵᠠᠷ ᠢ ᠡᠵᠡᠯᠡᠨ ᠬᠡᠷᠡᠭᠯᠡᠵᠦ ᠪᠣᠯᠬᠤ ᠤᠢᠭᠡᠢ᠃ ᠬᠤᠳᠠ ᠪᠠᠯᠭᠠᠰᠤᠨ ᠤ ᠲᠥᠯᠥᠪᠵᠢᠭᠦᠯᠭᠡ ᠶᠢᠨ ᠭᠤᠣᠯ ᠳᠠᠭᠠᠤ ᠶᠢᠨ ᠵᠠᠭᠠᠭ ᠢ ᠭᠤᠣᠯ ᠮᠥᠷᠡᠨ ᠤ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠬᠤᠳᠠ ᠪᠠᠯᠭᠠᠰᠤᠨ ᠤ ᠲᠥᠯᠥᠪᠵᠢᠭᠦᠯᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ ᠭᠤᠣᠯ ᠳᠠᠭᠠᠤ ᠶᠢᠨ ᠬᠤᠲᠠ ᠪᠠᠯᠭᠠᠰᠤ ᠨᠢ ᠬᠤᠲᠠ ᠪᠠᠯᠭᠠᠰᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠢᠨᠠᠨ ᠪᠠᠶᠢᠴᠠᠭᠠᠬᠤ ᠳᠠᠭᠠᠨ ᠤᠷᠢᠳ ᠢᠶᠠᠷ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠭᠤᠣᠯ ᠤᠨ ᠵᠠᠮ ᠤᠨ ᠡᠷᠭᠢ ᠶᠢᠨ ᠱᠤᠭᠤᠮ ᠢ ᠠᠰᠢᠭᠯᠠᠬᠤ ᠪᠠ ᠪᠦᠳᠦᠭᠡᠨ ᠪᠠᠶᠢᠭᠤᠯᠬᠤ ᠳᠠᠭᠠᠨ ᠭᠤᠣᠯ ᠤᠨ ᠵᠠᠮ ᠢ ᠴᠡᠭᠴᠡᠯᠡᠨ ᠵᠠᠰᠠᠬᠤ ᠲᠥᠯᠥᠪᠵᠢᠭᠦᠯᠭᠡ ᠪᠠ ᠤᠰᠤᠨ ᠠᠶᠠᠯᠠᠯ ᠤᠨ ᠵᠠᠮ ᠢ ᠴᠡᠭᠴᠡᠯᠡᠨ ᠵᠠᠰᠠᠬᠤ ᠲᠥᠯᠥᠪᠵᠢᠭᠦᠯᠭᠡ ᠶᠢ ᠲᠠᠭᠠᠬᠤ ᠬᠡᠷᠡᠭᠲᠡᠢ᠃ ᠲᠥᠯᠥᠪᠯᠡᠭᠡᠨ ᠤ ᠰᠠᠯᠠᠭ᠎ᠠ ᠮᠥᠴᠢᠷ ᠭᠤᠣᠯ ᠤᠨ ᠵᠠᠮ ᠤᠨ ᠡᠷᠭᠢ ᠶᠢᠨ ᠱᠤᠭᠤᠮ ᠢ ᠠᠰᠢᠭᠯᠠᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠡᠭᠡᠨ ᠤᠷᠢᠳ ᠢᠶᠠᠷ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠬᠡᠷᠡᠭᠲᠡᠶ᠃      ᠭᠤᠣᠯ ᠤᠨ ᠵᠡᠮ ᠤᠨ ᠡᠷᠭᠢ ᠶᠢᠨ ᠱᠤᠭᠤᠮ ᠤᠨ ᠵᠠᠭᠠᠭ ᠢ ᠭᠤᠣᠯ ᠤᠨ ᠵᠡᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠵᠡᠮ ᠬᠠᠷᠢᠯᠴᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ ᠵᠠᠭᠠᠭᠯᠠᠨ ᠲᠤᠭᠳᠠᠭᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠭᠤᠣᠯ ᠤᠨ ᠵᠠᠮ ᠤᠨ ᠰᠢᠪᠠᠷ ᠱᠠᠯᠪᠠᠭ ᠢ ᠠᠷᠢᠯᠭᠠᠬᠤ ᠪᠠ ᠬᠠᠰᠢᠯᠭ᠎ᠠ ᠳᠠᠯᠠᠩ ᠢ ᠪᠠᠬᠢᠯᠡᠵᠦ ᠰᠢᠷᠣᠶ ᠠᠪᠬᠤ ᠵᠢᠴᠢ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢᠨ ᠶᠣᠰᠣᠭᠠᠷ ᠭᠤᠣᠯ ᠤᠨ ᠵᠠᠮ ᠢ ᠴᠡᠭᠴᠡᠯᠡᠨ ᠵᠠᠰᠠᠬᠤ ᠳᠤ ᠡᠵᠡᠯᠡᠨ ᠬᠡᠷᠡᠭᠯᠡᠬᠦ ᠴᠢᠬᠤᠯᠠᠲᠠᠶ ᠭᠠᠵᠠᠷ ᠰᠢᠷᠣᠶ ᠶᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠣᠬᠢᠷᠠᠭᠤᠯᠤᠨ ᠰᠢᠢᠳᠪᠤᠷᠢᠯᠡᠨ᠎ᠡ᠃      ᠴᠥᠭᠦᠷᠥᠮ ᠪᠠᠶᠢᠭᠤᠯᠬᠤ᠂ ᠭᠤᠣᠯ ᠤᠨ ᠵᠡᠮ ᠢ ᠵᠠᠰᠠᠬᠤ ᠠᠴᠠ ᠪᠤᠯᠵᠦ ᠨᠡᠮᠡᠵᠦ ᠣᠷᠣᠭᠤᠯᠤᠭᠰᠠᠨ ᠠᠰᠢᠭᠯᠠᠵᠤ ᠪᠣᠯᠬᠤ ᠭᠠᠵᠠᠷ ᠰᠢᠷᠣᠶ ᠨᠢ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠨᠡᠭᠦᠳᠡᠯᠴᠢᠨ ᠠᠷᠠᠳ ᠢ ᠲᠥᠪᠬᠢᠨᠡᠭᠦᠯᠬᠦ ᠪᠠ ᠭᠤᠣᠯ ᠤᠨ ᠵᠡᠮ ᠢ ᠵᠠᠰᠠᠬᠤ ᠪᠠᠷᠢᠯᠭ᠎ᠠ ᠳᠤ ᠬᠡᠷᠡᠭᠯᠡᠵᠦ ᠪᠣᠯᠤᠨ᠎ᠠ᠃      ᠠᠷᠪᠠ ᠶᠢᠰᠦᠳᠦᠭᠡᠷ ᠵᠦᠢᠯ  ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠢ ᠭᠤᠣᠯ ᠤᠨ ᠵᠠᠮ ᠢᠶᠠᠷ ᠵᠠᠭᠠᠭ ᠪᠣᠯᠭᠠᠭᠰᠠᠨ ᠪᠠᠶᠢᠪᠠᠯ᠂ ᠭᠤᠣᠯ ᠤᠨ ᠵᠠᠮ ᠤᠨ ᠬᠤᠶᠠᠷ ᠡᠷᠭᠢ ᠶᠢᠨ ᠭᠠᠳᠠᠷ ᠲᠠᠯ᠎ᠠ ᠶᠢᠨ ᠲᠤᠰ ᠪᠦᠷᠢ 10 ᠺᠢᠯᠣᠮᠧᠲᠷ ᠤᠨ ᠳᠣᠲᠣᠷ᠎ᠠ᠂ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠭᠤᠣᠯ ᠤᠨ ᠵᠠᠮ ᠳᠤ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠬᠡᠯᠡᠯᠴᠡᠭᠡᠷ ᠲᠣᠭᠲᠠᠭᠰᠠᠨ ᠦᠭᠡᠢ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠭᠠᠭᠴᠠ ᠲᠠᠯ᠎ᠠ ᠠᠴᠠ ᠤᠰᠤ ᠵᠠᠯᠠᠬᠤ᠂ ᠤᠰᠤ ᠬᠤᠷᠢᠭᠯᠠᠬᠤ᠂ ᠤᠰᠤ ᠲᠠᠲᠠᠬᠤ᠂ ᠤᠰᠤ ᠬᠠᠳᠠᠭᠠᠯᠠᠬᠤ ᠪᠠᠷᠢᠯᠭ᠎ᠠ ᠵᠢᠴᠢ ᠭᠤᠣᠯ ᠤᠨ ᠵᠠᠮ ᠢ ᠵᠠᠰᠠᠬᠤ ᠪᠠᠷᠢᠯᠭ᠎ᠠ ᠪᠠᠶᠢᠭᠤᠯᠬᠤ ᠶᠢ ᠴᠠᠭᠠᠵᠠᠯᠠᠨ᠎ᠠ᠃          ᠭᠤᠷᠪᠠᠳᠤᠭᠠᠷ ᠪᠦᠯᠦᠭ  ᠭᠤᠣᠯ ᠤᠨ ᠵᠡᠮ ᠢ ᠬᠠᠮᠠᠭᠠᠯᠠᠬᠤ          ᠬᠤᠷᠢᠳᠤᠭᠠᠷ ᠵᠦᠢᠯ  ᠬᠠᠰᠢᠯᠭ᠎ᠠ ᠲᠡᠯᠡᠩ ᠲᠠᠢ ᠭᠤᠣᠯ ᠤᠨ ᠵᠡᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠬᠤᠶᠠᠷ ᠡᠷᠭᠢ ᠶᠢᠨ ᠬᠠᠰᠢᠯᠭ᠎ᠠ ᠲᠡᠯᠡᠩ ᠤᠨ ᠬᠤᠭᠤᠷᠣᠨᠳᠣᠬᠢ ᠤᠰᠦᠠ ᠣᠷᠣᠨ᠂ ᠡᠯᠡᠰᠦᠨ ᠬᠤᠶᠢᠭ᠂ ᠲᠡᠩ ᠭᠠᠵᠠᠷ ︵ᠲᠠᠷᠢᠶᠠᠨ ᠭᠠᠵᠠᠷ ᠪᠠᠭᠲᠠᠨ᠎ᠠ︶᠂ ᠦᠶᠡᠷ ᠵᠠᠯᠠᠬᠤ ᠣᠷᠣᠨ᠂ ᠬᠤᠶᠠᠷ ᠡᠷᠭᠢ ᠶᠢᠨ ᠬᠠᠰᠢᠯᠭ᠎ᠠ ᠲᠡᠯᠡᠩ ᠵᠢᠴᠢ ᠲᠡᠯᠡᠩ ᠬᠠᠮᠠᠭᠠᠯᠠᠬᠤ ᠭᠠᠵᠠᠷ ᠪᠣᠯᠤᠨ᠎ᠠ᠃      ᠬᠠᠰᠢᠯᠭ᠎ᠠ ᠲᠡᠯᠡᠩ ᠤᠢᠭᠡᠢ ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠲᠡᠦᠬᠡᠨ ᠳᠡᠭᠡᠷᠡᠬᠢ ᠬᠠᠮᠤᠭ ᠤᠨ ᠥᠨᠳᠥᠷ ᠦᠶᠡᠷ ᠤᠨ ᠲᠦᠪᠰᠢᠨ ᠪᠤᠶᠤ ᠵᠢᠷᠤᠵᠤ ᠲᠥᠯᠥᠪᠯᠡᠭᠰᠡᠨ ᠦᠶᠡᠷ ᠤᠨ ᠲᠦᠪᠰᠢᠨ ᠢ ᠦᠨᠳᠦᠰᠦᠯᠡᠵᠦ ᠲᠣᠭᠲᠠᠭᠠᠨ᠎ᠠ᠃      ᠭᠤᠣᠯ ᠤᠨ ᠵᠡᠮ ᠤᠨ ᠪᠣᠳᠠᠲᠠᠶ ᠬᠠᠮᠢᠶᠠᠷᠬᠤ ᠬᠡᠪᠴᠢᠶ᠎ᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠵᠠᠭᠠᠭᠯᠠᠨ ᠲᠣᠭᠲᠠᠭᠠᠨ᠎ᠠ᠃      ᠬᠤᠷᠢᠨ ᠨᠢᠭᠡᠳᠦᠭᠡᠷ ᠵᠦᠢᠯ  ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠤᠰᠤᠨ ᠣᠷᠣᠨ ᠪᠠ ᠭᠠᠵᠠᠷ ᠰᠢᠷᠣᠢ ᠶᠢᠨ ᠠᠰᠢᠭᠯᠠᠯᠲᠠ ᠨᠢ ᠭᠤᠣᠯ ᠮᠥᠷᠡᠨ ᠤ ᠦᠶᠡᠷ ᠵᠠᠯᠠᠬᠤ᠂ ᠤᠰᠤ ᠳᠠᠮᠵᠢᠭᠤᠯᠬᠤ ᠪᠠ ᠤᠰᠤᠨ ᠵᠠᠮ ᠤᠨ ᠲᠡᠭᠡᠭᠡᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ ᠲᠡᠩ ᠭᠠᠵᠠᠷ ᠢ ᠠᠰᠢᠭᠯᠠᠬᠤ ᠳᠤ ᠭᠤᠣᠯ ᠤᠨ ᠵᠡᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠭᠠᠵᠠᠷ ᠰᠢᠷᠣᠶ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠯᠥᠪᠵᠢᠭᠦᠯᠭᠡ ᠲᠣᠭᠲᠠᠭᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠡᠷᠠᠭ᠎ᠠ ᠬᠡᠷᠡᠭᠵᠢᠭᠦᠯᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ  ᠬᠠᠰᠢᠯᠭ᠎ᠠ ᠲᠡᠯᠡᠩ᠂ ᠡᠷᠭᠢ ᠶᠢᠨ ᠬᠠᠮᠠᠭᠠᠯᠠᠯᠲᠠ᠂ ᠬᠠᠭᠠᠯᠳᠠ ᠬᠠᠰᠢᠯᠭ᠎ᠠ ᠵᠡᠷᠭᠡ ᠤᠰᠦᠠ ᠤ ᠪᠠᠷᠢᠯᠭ᠎ᠠ ᠶᠢᠨ ᠪᠠᠷᠢᠯᠭ᠎ᠠ ᠪᠠ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠦᠠ ᠵᠦᠢ ᠶᠢᠨ ᠬᠢᠨᠠᠨ ᠬᠡᠮᠵᠢᠬᠦ ᠲᠥᠬᠦᠭᠡᠷᠦᠮᠵᠢ᠂ ᠭᠤᠣᠯ ᠤᠨ ᠡᠷᠭᠢ ᠶᠢᠨ ᠭᠠᠵᠠᠷ ᠰᠢᠨᠵᠢᠯᠡᠭᠡᠨ ᠤ ᠬᠢᠨᠠᠨ ᠬᠡᠮᠵᠢᠬᠦ ᠲᠥᠬᠦᠭᠡᠷᠦᠮᠵᠢ ᠵᠢᠴᠢ ᠮᠡᠳᠡᠭᠡ ᠬᠤᠯᠪᠣᠭᠠᠨ ᠤ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠡᠪᠳᠡᠨ ᠰᠦᠢᠳᠬᠡᠬᠦ ᠶᠢ ᠴᠠᠭᠠᠵᠠᠯᠠᠨ᠎ᠠ᠃      ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠬᠤᠭᠤᠴᠠᠭᠠᠨ ᠳᠤ ᠬᠤᠯᠪᠣᠭᠳᠠᠯ ᠦᠭᠡᠢ ᠬᠥᠮᠦᠨ ᠪᠠ ᠲᠡᠷᠭᠡ ᠬᠥᠰᠬᠡ ᠶᠢ ᠬᠠᠰᠢᠯᠭ᠎ᠠ ᠳᠡᠭᠡᠷ᠎ᠡ ᠭᠠᠷᠭᠠᠵᠤ ᠪᠣᠯᠬᠤ ᠦᠭᠡᠢ᠃      ᠴᠠᠰᠤ ᠪᠣᠷᠣᠭᠠᠨ ᠵᠡᠷᠭᠡ ᠠᠴᠠ ᠪᠤᠯᠵᠤ ᠬᠠᠰᠢᠯᠭ᠎ᠠ ᠶᠢᠨ ᠤᠷᠤᠢ ᠨᠢ ᠰᠢᠪᠠᠷ ᠱᠠᠯᠴᠢᠭ ᠲᠠᠢ ᠪᠣᠯᠤᠭᠰᠠᠨ ᠬᠤᠭᠤᠴᠠᠭᠠᠨ ᠳᠤ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠂ ᠭᠡᠪᠡᠴᠦ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠲᠡᠷᠭᠡ ᠬᠥᠰᠬᠡ ᠡᠭᠦᠨ ᠳᠤ ᠪᠠᠭᠲᠠᠬᠤ ᠦᠭᠡᠢ᠃      ᠬᠤᠷᠢᠨ ᠭᠤᠷᠪᠠᠳᠤᠭᠠᠷ ᠵᠦᠢᠯ  ᠬᠠᠮᠢᠶᠠᠷᠤᠯᠲᠠ ᠶᠢᠨ ᠪᠤᠰᠤ ᠬᠥᠮᠦᠨ ᠤ ᠭᠤᠣᠯ ᠤᠨ ᠵᠠᠮ ᠳᠡᠭᠡᠷᠡᠬᠢ ᠭᠤᠯᠳᠤᠩ ᠬᠠᠭᠠᠯᠲᠠ ᠶᠢ ᠬᠡᠷᠡᠭᠯᠡᠬᠦ ᠶᠢ ᠴᠠᠭᠠᠵᠠᠯᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠭᠤᠣᠯ ᠤᠨ ᠵᠠᠮ ᠤᠨ ᠬᠠᠮᠢᠶᠠᠷᠤᠯᠲᠠ ᠶᠢᠨ ᠨᠢᠭᠡᠴᠢ ᠶᠢᠨ ᠬᠡᠪ ᠤᠨ ᠠᠵᠢᠯ ᠢ ᠬᠠᠷᠰᠢᠯᠠᠬᠤ ᠶᠢ ᠴᠠᠭᠠᠵᠠᠯᠠᠨ᠎ᠠ᠃      ᠬᠤᠷᠢᠨ ᠳᠥᠷᠪᠡᠳᠦᠭᠡᠷ ᠵᠦᠢᠯ  ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ  ᠬᠠᠭᠠᠯᠳᠠ ᠬᠠᠰᠢᠯᠭ᠎ᠠ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠠᠭᠠᠵᠠᠯᠠᠨ᠎ᠠ︔ ᠥᠨᠳᠥᠷ ᠡᠰᠢᠲᠦ ᠲᠠᠷᠢᠮᠠᠯ᠂ ᠬᠤᠯᠤᠰᠤ᠂ ᠴᠠᠭᠠᠨ ᠪᠤᠷᠭᠠᠰᠤ᠂ ᠲᠦᠯᠡᠭᠡ ᠡᠪᠡᠰᠦ ᠪᠠ ᠮᠣᠳᠣ ︵ ᠬᠠᠭᠠᠯᠳᠠ ᠬᠠᠰᠢᠯᠭ᠎ᠠ ᠶᠢᠨ ᠤᠢ ᠡᠭᠦᠨ ᠳᠤ ᠪᠠᠭᠲᠠᠬᠤ ᠦᠭᠡᠢ︶ ᠶᠢ ᠲᠠᠷᠢᠬᠤ ᠶᠢ ᠴᠠᠭᠠᠵᠠᠯᠠᠨ᠎ᠠ︔ ᠭᠤᠣᠯ ᠬᠠᠰᠢᠵᠤ ᠵᠢᠭᠠᠰᠤ ᠠᠩᠨᠠᠬᠤ ᠪᠠᠭᠠᠵᠢ ᠬᠡᠷᠡᠭᠰᠡᠯ ᠢ ᠪᠠᠶᠢᠷᠢᠯᠠᠭᠤᠯᠬᠤ ᠶᠢ ᠴᠠᠭᠠᠵᠠᠯᠠᠨ᠎ᠠ︔ ᠬᠦᠳᠡᠷ ᠤᠨ ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ ᠦᠨᠡᠰᠦ᠂ ᠰᠢᠪᠠᠷ ᠰᠢᠷᠣᠶ᠂ ᠬᠤᠭ ᠨᠣᠪᠰᠢ ᠵᠡᠷᠭᠡ ᠶᠢ ᠬᠠᠶᠠᠬᠤ ᠶᠢ ᠴᠠᠭᠠᠵᠠᠯᠠᠨ᠎ᠠ᠃      ᠬᠠᠰᠢᠯᠭ᠎ᠠ ᠳᠠᠯᠠᠩ ᠪᠠ ᠬᠠᠰᠢᠯᠭ᠎ᠠ ᠬᠠᠮᠠᠭᠠᠯᠠᠬᠤ ᠭᠠᠵᠠᠷ ᠲᠤ ᠭᠡᠷ ᠪᠠᠷᠢᠬᠤ᠂ ᠮᠠᠯ ᠬᠠᠷᠢᠭᠤᠯᠬᠤ᠂ ᠰᠤᠪᠠᠭ ᠮᠠᠯᠲᠠᠬᠤ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠡᠳ᠋ ᠮᠠᠲ᠋ᠧᠷᠢᠶᠠᠯ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠳᠠᠯᠳᠠ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ᠃      ᠬᠤᠷᠢᠨ ᠲᠠᠪᠤᠳᠤᠭᠠᠷ ᠵᠦᠢᠯ  ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠬᠦ ᠳᠤ ᠡᠷᠬᠡᠪᠰᠢ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ︔ ᠪᠤᠰᠤᠳ ᠰᠠᠯᠠᠭ᠎ᠠ ᠮᠥᠴᠢᠷ ᠲᠤ ᠬᠤᠯᠪᠣᠭᠳᠠᠪᠠᠯ᠂ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠥᠪᠰᠢᠶᠡᠷᠡᠨ᠎ᠡ᠄      ︵ᠨᠢᠭᠡ︶ ᠡᠯᠡᠰᠦ ᠮᠠᠯᠲᠠᠬᠤ᠂ ᠰᠢᠷᠣᠶ ᠠᠪᠬᠤ᠂ ᠠᠯᠲᠠ ᠮᠠᠯᠲᠠᠬᠤ᠂ ᠬᠠᠶᠢᠷ ᠴᠢᠯᠠᠭᠤ ᠪᠤᠶᠤ ᠯᠠᠭ ᠰᠢᠪᠠᠷ ᠢ ᠬᠠᠶᠠᠬᠤ︔      ︵ᠬᠤᠶᠠᠷ︶ ᠳᠡᠯᠪᠡᠴᠢᠬᠦ᠂ ᠥᠷᠥᠮᠳᠡᠨ ᠬᠠᠶᠢᠬᠤ᠂ ᠵᠢᠭᠠᠰᠤᠨ ᠴᠥᠭᠦᠷᠥᠮ ᠮᠠᠯᠲᠠᠬᠤ︔     ︵ᠭᠤᠷᠪᠠ︶ ᠭᠤᠣᠯ ᠤᠨ ᠵᠡᠮ ᠤᠨ ᠲᠡᠩ ᠭᠠᠵᠠᠷ ᠲᠤ ᠡᠳ᠋ ᠮᠠᠲ᠋ᠧᠷᠢᠶᠠᠯ ᠬᠠᠳᠠᠭᠠᠯᠠᠬᠤ᠂ ᠦᠢᠯᠡᠳᠪᠦᠷᠢ ᠶᠢᠨ ᠭᠡᠷ ᠪᠠᠶᠢᠰᠢᠩ ᠪᠠᠷᠢᠬᠤ ᠪᠤᠶᠤ ᠪᠤᠰᠤᠳ ᠪᠠᠷᠢᠯᠭ᠎ᠠ ᠶᠢᠨ ᠲᠥᠬᠦᠭᠡᠷᠦᠮᠵᠢ ᠪᠠᠷᠢᠬᠤ︔     ︵ᠲᠦᠷᠪᠡ︶ ᠭᠤᠣᠯ ᠤᠨ ᠵᠡᠮ ᠲᠡᠩ ᠭᠠᠵᠠᠷ ᠲᠤ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠬᠠᠭᠤᠴᠢ ᠰᠤᠳᠤᠯᠤᠯ ᠤᠨ ᠨᠡᠭᠡᠭᠡᠨ ᠮᠠᠯᠳᠠᠯᠳᠠ ᠬᠢᠬᠦ᠃      ᠬᠤᠷᠢᠨ ᠵᠢᠷᠭᠤᠳᠤᠭᠠᠷ ᠵᠦᠢᠯ  ᠲᠡᠯᠡᠩ ᠬᠠᠰᠢᠯᠭ᠎ᠠ ᠶᠢᠨ ᠴᠢᠬᠤᠯᠠ ᠬᠡᠮᠵᠢᠶ᠎ᠡ᠂ ᠲᠡᠯᠡᠩ ᠤᠨ ᠰᠠᠭᠤᠷᠢ ᠶᠢᠨ ᠰᠢᠷᠣᠶ ᠶᠢᠨ ᠨᠥᠬᠦᠴᠡᠯ ᠵᠡᠷᠭᠡ ᠶᠢ ᠦᠨᠳᠦᠰᠦᠯᠡᠵᠦ᠂ ᠭᠤᠣᠯ ᠤᠨ ᠵᠡᠮ ᠢ  ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ᠂ ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶᠡᠨ ᠤ ᠵᠠᠯᠭᠠᠯᠳᠤᠭᠰᠠᠨ ᠭᠠᠵᠠᠷ ᠣᠷᠣᠨ ᠳᠤ ᠲᠡᠯᠡᠩ ᠬᠠᠰᠢᠯᠭ᠎ᠠ  ᠶᠢᠨ ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ ᠪᠣᠯᠤᠨ᠎ᠠ᠃ ᠬᠠᠰᠢᠯᠭ᠎ᠠ ᠲᠡᠯᠡᠩ ᠤᠨ ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠬᠠᠰᠢᠯᠭ᠎ᠠ ᠲᠡᠯᠡᠩ ᠤᠨ ᠠᠶᠤᠯᠭᠦᠶ ᠶᠢ ᠬᠤᠬᠢᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ᠬᠤᠷᠢᠨ ᠳᠣᠯᠣᠳᠤᠭᠠᠷ ᠵᠦᠢᠯ  ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠬᠤ ᠶᠢ ᠴᠠᠭᠠᠵᠠᠯᠠᠨ᠎ᠠ᠃ ᠨᠢᠭᠡᠨᠲᠡ ᠬᠦᠷᠢᠶᠡᠯᠡᠨ ᠬᠠᠭᠠᠯᠪᠤᠷᠢᠯᠠᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠪᠠᠷ ᠵᠠᠰᠠᠵᠤ᠂ ᠠᠯᠬᠤᠮ ᠠᠯᠬᠤᠮ ᠢᠶᠠᠷ ᠲᠠᠷᠢᠶᠠᠨ ᠭᠠᠵᠠᠷ ᠢ ᠪᠤᠴᠠᠭᠠᠨ ᠨᠠᠭᠤᠷ ᠲᠠᠩᠭᠢᠰ ᠢ ᠰᠡᠷᠭᠦᠭᠡᠬᠦ ᠬᠡᠷᠡᠭᠲᠡᠶ᠃ ᠨᠠᠭᠤᠷ ᠴᠦᠬᠦᠷᠦᠮ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠡᠷᠬᠡᠪᠰᠢ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃      ᠭᠤᠣᠯ ᠮᠥᠷᠡᠨ ᠢ ᠬᠦᠷᠢᠶᠡᠯᠡᠨ ᠬᠠᠭᠠᠯᠪᠤᠷᠢᠯᠠᠬᠤ ᠶᠢ ᠴᠠᠭᠠᠵᠠᠯᠠᠨ᠎ᠠ᠂ ᠦᠨᠡᠨ ᠬᠦ ᠬᠦᠷᠢᠶᠡᠯᠡᠨ ᠬᠠᠭᠠᠯᠪᠤᠷᠢᠯᠠᠬᠤ ᠴᠢᠬᠤᠯᠠ ᠲᠠᠢ ᠪᠣᠯ ᠡᠷᠬᠡᠪᠰᠢ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠶᠢᠨ ᠬᠠᠮᠲᠤ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠭᠤᠣᠯ ᠤᠨ ᠵᠠᠮ ᠤᠨ ᠲᠠᠩ ᠭᠠᠵᠠᠷ᠂ ᠬᠠᠰᠢᠯᠭ᠎ᠠ ᠳᠠᠯᠠᠩ ᠪᠠ ᠭᠤᠣᠯ ᠤᠨ ᠡᠷᠭᠢ ᠶᠢᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠪᠠ ᠭᠤᠣᠯ ᠤᠨ ᠵᠠᠮ ᠳᠤ ᠱᠠᠯᠪᠠᠭ ᠬᠤᠷᠠᠬᠤ ᠶᠢ ᠰᠡᠷᠭᠡᠶᠢᠯᠡᠨ ᠬᠤᠷᠢᠭᠯᠠᠨ᠎ᠠ᠃      ᠬᠤᠷᠢ ᠶᠢᠰᠦᠳᠦᠭᠡᠷ ᠵᠦᠢᠯ  ᠭᠤᠣᠯ ᠮᠥᠷᠡᠨ ᠤ ᠬᠠᠭᠤᠴᠢᠨ ᠵᠡᠮ᠂ ᠬᠠᠭᠤᠴᠢᠨ ᠲᠡᠯᠡᠩ᠂ ᠤᠤᠯ ᠤᠨ ᠪᠠᠷᠢᠯᠭ᠎ᠠ ᠶᠢᠨ ᠲᠥᠬᠦᠭᠡᠷᠦᠮᠵᠢ ᠵᠡᠷᠭᠡ ᠶᠢ ᠳᠤᠷ᠎ᠠ ᠪᠠᠷ ᠢᠶᠠᠨ ᠪᠥᠭᠯᠡᠵᠦ᠂ ᠡᠵᠡᠯᠡᠨ ᠬᠡᠷᠡᠭᠯᠡᠬᠦ ᠪᠤᠶᠤ ᠨᠤᠷᠠᠭᠠᠵᠤ ᠪᠣᠯᠬᠤ ᠤᠢᠭᠡᠢ᠃      ᠭᠤᠴᠢᠳᠤᠭᠠᠷ ᠵᠦᠢᠯ  ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠭᠤᠣᠯ ᠤᠨ ᠵᠡᠮ ᠤᠨ ᠬᠠᠮᠢᠶᠠᠷᠤᠯᠲᠠ ᠶᠢᠨ ᠨᠢᠭᠡᠴᠢ ᠠᠴᠠ ᠵᠣᠬᠢᠶᠠᠨ ᠪᠠᠶᠢᠭᠤᠯᠵᠤ ᠪᠠᠶᠢᠭᠠᠳ ᠲᠡᠷᠢᠵᠦ ᠬᠠᠮᠢᠶᠠᠷᠤᠨ᠎ᠠ᠂ ᠪᠤᠰᠤᠳ ᠶᠠᠮᠠᠷᠪᠠ ᠨᠢᠭᠡᠴᠢ ᠪᠠ ᠬᠤᠪᠢ ᠬᠥᠮᠦᠨ ᠡᠵᠡᠯᠡᠨ ᠠᠪᠬᠤ᠂ ᠣᠭᠲᠣᠯᠬᠤ ᠪᠤᠶᠤ ᠡᠪᠳᠡᠵᠦ ᠪᠣᠯᠬᠤ ᠤᠢᠭᠡᠢ᠃      ᠭᠤᠣᠯ ᠤᠨ ᠵᠡᠮ ᠤᠨ ᠬᠠᠮᠢᠶᠠᠷᠤᠯᠲᠠ ᠶᠢᠨ ᠨᠢᠭᠡᠴᠢ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠠᠷᠠᠴᠢᠯᠠᠨ ᠪᠤᠶᠢᠵᠢᠭᠤᠯᠬᠤ ᠪᠠ ᠰᠢᠨᠡᠳᠬᠡᠬᠦ ᠴᠢᠨᠠᠷ ᠲᠠᠢ ᠪᠠᠷ ᠣᠭᠲᠣᠯᠬᠤ ᠵᠢᠴᠢ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠶᠢᠨ ᠲᠦᠯᠦᠭᠡ ᠮᠣᠳᠣ ᠤᠭᠳᠤᠯᠤᠭᠰᠠᠨ ᠪᠠᠶᠢᠪᠠᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠢ ᠮᠣᠳᠣ ᠪᠤᠶᠢᠵᠢᠭᠤᠯᠬᠤ ᠰᠠᠭᠤᠷᠢ ᠮᠥᠩᠭᠦ ᠲᠤᠰᠢᠶᠠᠬᠤ ᠤᠢᠭᠡᠢ᠃      ᠭᠤᠴᠢᠨ ᠨᠢᠭᠡᠳᠦᠭᠡᠷ ᠵᠦᠢᠯ  ᠲᠡᠯᠡᠩ ᠡᠷᠭᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠠᠶᠠᠯᠠᠯ ᠤᠨ ᠬᠤᠷᠳᠤᠴᠠ ᠶᠢ ᠬᠢᠵᠠᠭᠠᠷᠯᠠᠬᠤ ᠴᠢᠬᠤᠯᠠᠲᠠᠢ ᠭᠤᠣᠯ ᠤᠨ ᠬᠡᠰᠡᠭ ᠲᠤ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠨᠢ ᠵᠡᠮ ᠬᠠᠷᠢᠯᠴᠠᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠠᠶᠠᠯᠠᠯ ᠤᠨ ᠬᠤᠷᠳᠤᠴᠠ ᠶᠢ ᠬᠢᠵᠠᠭᠠᠷᠯᠠᠬᠤ ᠲᠡᠮᠳᠡᠭ ᠲᠠᠯᠪᠢᠬᠤ ᠬᠡᠷᠡᠭᠲᠡᠢ᠂ ᠨᠡᠪᠲᠡᠷᠡᠬᠦ ᠣᠩᠭᠤᠴᠠ ᠰᠠᠯ ᠨᠢ ᠬᠤᠷᠳᠤᠴᠠ ᠠᠴᠠ ᠬᠡᠲᠦᠷᠡᠭᠦᠯᠦᠨ ᠶᠠᠪᠤᠵᠤ ᠪᠣᠯᠬᠤ ᠤᠢᠭᠡᠢ᠃      ᠦᠶᠡᠷᠯᠡᠬᠦ ᠬᠤᠭᠤᠴᠠᠭᠠᠨ ᠳᠤ ᠣᠩᠭᠤᠴᠠ ᠰᠠᠯ ᠶᠠᠪᠤᠬᠤ ᠪᠠ ᠵᠣᠭᠰᠣᠬᠤ ᠳᠤ ᠡᠷᠬᠡᠪᠰᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ  ᠡᠭᠤᠯᠠᠷᠬᠠᠭ ᠣᠷᠣᠨ ᠤ ᠭᠤᠣᠯ ᠤᠨ ᠵᠠᠮ ᠳᠤ ᠠᠭᠤᠯᠠ ᠶᠡᠭᠦᠷᠡᠬᠦ᠂ ᠡᠷᠭᠢ ᠨᠤᠷᠠᠬᠤ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠲᠤ ᠳᠠᠭᠠᠷᠢᠭᠳᠠᠭᠰᠠᠨ ᠭᠤᠣᠯ ᠤᠨ ᠬᠡᠰᠡᠭ ᠪᠠᠶᠢᠪᠠᠯ᠂ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠨᠢ ᠭᠠᠵᠠᠷ ᠰᠢᠨᠵᠢᠯᠡᠭᠡ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠡᠮᠵᠢᠬᠦ ᠠᠵᠢᠯ ᠢᠶᠠᠨ ᠴᠢᠩᠭᠠᠳᠬᠠᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠭᠤᠣᠯ ᠤᠨ ᠬᠡᠰᠡᠭ ᠲᠤ ᠠᠭᠤᠯᠠ ᠶᠢ ᠨᠡᠭᠡᠭᠡᠵᠦ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠠᠳᠠᠷ ᠬᠠᠭᠠᠯᠪᠤᠷᠢᠯᠠᠬᠤ ᠵᠡᠷᠭᠡ ᠠᠭᠤᠯᠠ ᠶᠢᠨ ᠲᠣᠭᠲᠠᠭᠤᠨ ᠪᠠᠶᠢᠳᠠᠯ ᠢ ᠰᠦᠷᠳᠡᠭᠦᠯᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃      ᠭᠤᠴᠢᠨ ᠭᠤᠷᠪᠠᠳᠤᠭᠠᠷ ᠵᠦᠢᠯ  ᠭᠤᠣᠯ ᠤᠨ ᠵᠠᠮ ᠳᠤ ᠬᠤᠯᠤᠰᠤ ᠮᠣᠳᠣ ᠤᠷᠤᠰᠬᠠᠨ  ᠲᠡᠭᠡᠭᠡᠪᠦᠷᠢᠯᠡᠬᠦ ᠳᠠᠭᠠᠨ ᠦᠶᠡᠷ ᠵᠠᠯᠠᠬᠤ᠂ ᠤᠰᠤᠨ ᠵᠠᠮ ᠤᠨ ᠲᠡᠭᠡᠭᠡᠪᠦᠷᠢ ᠪᠠ ᠤᠰᠤᠨ ᠤ ᠪᠠᠷᠢᠯᠭ᠎ᠠ ᠶᠢᠨ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ ᠪᠥᠭᠡᠳ ᠲᠤᠬᠠᠢ ᠶᠢᠨ ᠭᠠᠵᠠᠷ ᠤᠨ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠳᠠᠭᠠᠬᠤ ᠬᠡᠷᠡᠭᠲᠡᠢ᠃      ᠦᠶᠡᠷᠯᠡᠬᠦ ᠬᠤᠭᠤᠴᠠᠭᠠᠨ ᠳᠤ ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠭᠤᠣᠯ ᠤᠨ ᠵᠡᠮ ᠳᠡᠭᠡᠷᠡᠬᠢ ᠬᠤᠯᠤᠰᠤ ᠮᠣᠳᠣ ᠪᠣᠯᠤᠨ ᠪᠤᠰᠤᠳ ᠬᠥᠪᠦᠮᠡᠯ ᠪᠣᠳᠠᠰ ᠢ ᠪᠠᠴᠢᠮ  ᠰᠢᠢᠳᠪᠤᠷᠢᠯᠡᠬᠦ ᠡᠷᠬᠡ ᠲᠠᠢ᠃      ᠭᠤᠴᠢᠨ ᠳᠥᠷᠪᠡᠳᠦᠭᠡᠷ ᠵᠦᠢᠯ  ᠭᠤᠣᠯ ᠤᠨ ᠵᠠᠮ᠂ ᠨᠠᠭᠤᠷ ᠴᠦᠬᠦᠷᠦᠮ ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠭᠠᠷᠭᠠᠬᠤ ᠪᠠ ᠥᠷᠭᠡᠳᠬᠡᠬᠦ ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠲᠤ ᠮᠡᠳᠡᠭᠦᠯᠬᠦ ᠠᠴᠠ ᠪᠠᠨ ᠡᠮᠦᠨ᠎ᠡ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠵᠥᠪᠰᠢᠶᠡᠷᠡᠯ ᠢ ᠤᠯᠬᠤ ᠬᠡᠷᠡᠭᠲᠡᠢ᠃      ᠭᠤᠴᠢᠨ ᠲᠠᠪᠤᠳᠤᠭᠠᠷ ᠵᠦᠢᠯ  ᠭᠤᠣᠯ ᠤᠨ ᠵᠡᠮ ᠤᠨ ᠬᠠᠮᠢᠶᠠᠷᠤᠯᠲᠠ ᠶᠢᠨ ᠬᠡᠪᠴᠢᠶᠡᠨ ᠳᠤ ᠤᠰᠦᠠ ᠴᠣᠭᠴᠠ ᠶᠢ ᠪᠣᠬᠢᠷᠲᠤᠭᠤᠯᠤᠭᠰᠠᠨ ᠪᠣᠳᠠᠰ ᠢ ᠣᠪᠣᠭᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ᠃ ᠲᠤᠰᠦᠠ ᠤ ᠵᠦᠢᠯ ᠪᠤᠶᠤ ᠬᠤᠣᠷᠲᠠᠢ ᠪᠣᠬᠢᠷᠲᠤᠭᠤᠯᠬᠤ ᠪᠣᠳᠠᠰ ᠢ ᠰᠠᠪᠠᠯᠠᠵᠤ ᠬᠠᠳᠠᠭᠠᠯᠠᠵᠤ ᠥᠩᠭᠡᠷᠡᠭᠰᠡᠨ ᠲᠡᠷᠭᠡ ᠬᠥᠰᠬᠡ᠂ ᠰᠡᠪᠡ ᠬᠡᠷᠡᠭᠰᠡᠯ ᠢ ᠭᠤᠣᠯ ᠤᠨ ᠵᠡᠮ ᠳᠤ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃      ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠨᠤᠭᠤᠳ ᠭᠤᠣᠯ ᠤᠨ ᠵᠠᠮ ᠤᠨ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠣᠷᠴᠢᠨ ᠲᠤᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠬᠤ ᠬᠡᠷᠡᠭᠲᠡᠶ᠃              ᠳᠥᠷᠪᠡᠳᠦᠭᠡᠷ ᠪᠦᠯᠦᠭ  ᠭᠤᠣᠯ ᠤᠨ ᠵᠡᠮ ᠤᠨ ᠰᠠᠭᠠᠳ ᠲᠣᠳᠬᠠᠷ ᠢ ᠠᠷᠢᠯᠭᠠᠬᠤ          ᠭᠤᠴᠢᠨ ᠵᠢᠷᠭᠤᠳᠤᠭᠠᠷ ᠵᠦᠢᠯ  ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠤᠰᠤ ᠶᠢ ᠬᠤᠷᠢᠭᠯᠠᠬᠤ ᠰᠠᠭᠠᠳ ᠪᠣᠳᠠᠰ ᠢ ︽ᠬᠡᠨ ᠰᠠᠭᠠᠳ ᠲᠠᠯᠪᠢᠭᠰᠠᠨ ᠪᠣᠯ ᠲᠡᠷᠡ ᠠᠷᠢᠯᠭᠠᠬᠤ︾ ᠵᠠᠷᠴᠢᠮ ᠶᠣᠰᠣᠭᠠᠷ᠂ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠬᠠᠷᠰᠢ ᠰᠠᠭᠠᠳ ᠢ ᠠᠷᠢᠯᠭᠠᠬᠤ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠳᠤᠷᠠᠳᠴᠤ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠰᠠᠭᠠᠳ ᠲᠠᠯᠪᠢᠭᠰᠠᠨ ᠬᠥᠮᠦᠨ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠤ ᠳᠣᠲᠣᠷ᠎ᠠ ᠠᠷᠢᠯᠭᠠᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠠᠷᠢᠯᠭᠠᠭᠰᠠᠨ ᠦᠭᠡᠢ ᠪᠠᠶᠢᠪᠠᠯ᠂ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠵᠤ ᠪᠠᠶᠢᠭᠠᠳ ᠠᠯᠪᠠᠳᠠᠯᠭ᠎ᠠ ᠪᠠᠷ ᠠᠷᠢᠯᠭᠠᠬᠤ ᠶᠢᠨ ᠬᠠᠮᠲᠤ ᠬᠠᠷᠰᠢ ᠰᠠᠭᠠᠳ ᠢ ᠠᠷᠢᠯᠭᠠᠭᠰᠠᠨ ᠪᠦᠬᠦ ᠵᠠᠷᠤᠳᠠᠯ ᠢ ᠬᠠᠷᠰᠢ ᠰᠠᠭᠠᠳ ᠲᠠᠯᠪᠢᠭᠰᠠᠨ ᠬᠥᠮᠦᠨ ᠢᠶᠠᠷ ᠡᠭᠦᠷᠭᠡᠯᠡᠭᠦᠯᠦᠨ᠎ᠡ᠃      ᠭᠤᠴᠢᠨ ᠳᠣᠯᠣᠳᠤᠭᠠᠷ ᠵᠦᠢᠯ   ᠤᠰᠤᠨ ᠤ ᠲᠦᠭᠵᠢᠷᠡᠯ ᠪᠠ ᠬᠠᠷᠰᠢᠯᠠᠯ ᠪᠠᠷ ᠬᠦᠨᠳᠦ ᠨᠣᠴᠢᠲᠠᠢ ᠪᠠᠶᠢᠳᠠᠭ ᠬᠥᠭᠦᠷᠭᠡ᠂ ᠵᠠᠯᠠᠬᠤ ᠵᠠᠮ᠂ ᠭᠠᠷᠠᠮ ᠪᠣᠯᠤᠨ ᠭᠤᠣᠯ ᠠᠯᠤᠰᠯᠠᠭᠰᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ ᠶᠢ ᠪᠣᠯ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠦᠨᠳᠦᠰᠦᠯᠡᠨ᠂ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠰᠠᠨᠠᠯ ᠳᠤᠷᠠᠳᠬᠤ ᠶᠢᠨ ᠬᠠᠮᠲᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠤᠤᠯ ᠤᠨ ᠪᠦᠳᠦᠭᠡᠨ ᠪᠠᠶᠢᠭᠤᠯᠤᠭᠰᠠᠨ ᠨᠢᠭᠡᠴᠢ ᠶᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠤ ᠳᠣᠲᠣᠷ᠎ᠠ ᠥᠭᠡᠷᠡᠴᠢᠯᠡᠨ ᠪᠠᠶᠢᠭᠤᠯᠬᠤ ᠪᠤᠶᠤ ᠨᠤᠷᠠᠭᠠᠯᠭᠠᠨ᠎ᠠ᠃ ᠦᠶᠡᠷ ᠤᠨ ᠬᠤᠭᠤᠴᠠᠭᠠᠨ ᠳᠤ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠨᠥᠯᠥᠭᠡᠯᠡᠬᠦ ᠳᠤ ᠬᠦᠷᠪᠡᠯ᠂ ᠡᠷᠬᠡᠪᠰᠢ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠰᠢᠢᠳᠪᠤᠷᠢᠯᠡᠬᠦ ᠲᠣᠭᠲᠠᠭᠠᠯ ᠢ ᠲᠠᠭᠠᠬᠤ ᠬᠡᠷᠡᠭᠲᠡᠶ᠃          ᠲᠠᠪᠤᠳᠤᠭᠠᠷ ᠪᠦᠯᠦᠭ  ᠵᠠᠷᠤᠳᠠᠯ          ᠭᠤᠴᠢᠨ ᠨᠠᠢᠮᠠᠳᠤᠭᠠᠷ ᠵᠦᠢᠯ  ᠭᠤᠣᠯ ᠮᠥᠷᠡᠨ ᠤ ᠬᠠᠰᠢᠯᠭ᠎ᠠ ᠲᠡᠯᠡᠩ ᠤᠨ ᠦᠶᠡᠷ ᠢ ᠰᠡᠷᠭᠡᠶᠢᠯᠡᠬᠦ ᠤᠨ ᠤ ᠰᠡᠯᠪᠢᠨ ᠵᠠᠰᠠᠬᠤ ᠵᠠᠷᠤᠳᠠᠯ ᠢ ᠱᠡᠳᠦ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠲᠤᠰ ᠲᠤᠰ ᠡᠭᠦᠷᠭᠡᠯᠡᠵᠦ᠂ ᠲᠥᠪ ᠤᠨ ᠪᠠ ᠣᠷᠣᠨ ᠨᠤᠲᠤᠭ ᠤᠨ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃      ᠭᠤᠴᠢ ᠶᠢᠰᠦᠳᠦᠭᠡᠷ ᠵᠦᠢᠯ  ᠠᠰᠢᠭ ᠬᠦᠷᠳᠡᠬᠦ ᠬᠡᠪᠴᠢᠶ᠎ᠡ ᠨᠢ ᠲᠣᠳᠣᠷᠬᠠᠶ ᠪᠠᠶᠢᠭ᠎ᠠ ᠬᠠᠰᠢᠯᠭ᠎ᠠ ᠲᠡᠯᠡᠩ᠂ ᠡᠷᠭᠢ ᠶᠢᠨ ᠬᠠᠮᠠᠭᠠᠯᠠᠯᠲᠠ᠂ ᠤᠰᠦᠠ ᠬᠠᠭᠠᠯᠲᠠ᠂ ᠬᠠᠰᠢᠯᠭ᠎ᠠ᠂ ᠲᠡᠯᠡᠩ ᠴᠥᠭᠦᠷᠥᠮ ᠪᠠ ᠦᠶᠡᠷ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠠᠴᠠ ᠭᠤᠣᠯ ᠤᠨ ᠵᠡᠮ ᠢ  ᠭᠤᠤᠯᠯᠠᠨ ᠬᠠᠮᠢᠶᠠᠷᠬᠤ ᠪᠠᠶᠢᠭᠤᠯᠭ᠎ᠠ ᠨᠢ ᠠᠰᠢᠭ ᠬᠦᠷᠳᠡᠬᠦ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠵᠡᠷᠭᠡ ᠨᠢᠭᠡᠴᠢ ᠪᠠ ᠲᠠᠷᠢᠶᠠᠴᠢᠨ ᠡᠷᠦᠭᠡ ᠠᠴᠠ ᠭᠤᠣᠯ ᠤᠨ ᠵᠡᠮ ᠤᠨ ᠪᠠᠷᠢᠯᠭ᠎ᠠ ᠶᠢ ᠵᠠᠰᠠᠵᠤ ᠪᠠᠶᠢᠭᠤᠯᠬᠤ ᠪᠠ ᠬᠠᠮᠠᠭᠠᠯᠠᠵᠤ ᠬᠠᠮᠢᠶᠠᠷᠬᠤ ᠰᠦᠢᠳᠭᠡᠯ ᠬᠤᠷᠢᠶᠠᠵᠤ ᠪᠣᠯᠤᠨ᠎ᠠ᠂ ᠲᠡᠭᠦᠨ ᠤ ᠪᠠᠷᠢᠮᠵᠢᠶ᠎ᠠ ᠶᠢ ᠪᠠᠷᠢᠯᠭ᠎ᠠ ᠶᠢ ᠵᠠᠰᠠᠵᠤ ᠪᠠᠶᠢᠭᠤᠯᠬᠤ ᠪᠠ ᠬᠠᠮᠠᠭᠠᠯᠠᠵᠤ ᠬᠠᠮᠢᠶᠠᠷᠬᠤ  ᠰᠦᠢᠳᠭᠡᠯ ᠢ ᠦᠨᠳᠦᠰᠦᠯᠡᠵᠦ ᠲᠣᠭᠲᠠᠭᠠᠬᠤ ᠬᠡᠷᠡᠭᠲᠡᠶ᠃ ᠰᠦᠢᠳᠭᠡᠯ ᠬᠤᠷᠢᠶᠠᠬᠤ ᠪᠤᠳᠠᠳᠠᠢ ᠪᠠᠷᠢᠮᠵᠢᠶ᠎ᠠ ᠪᠤᠯᠤᠨ ᠬᠤᠷᠢᠶᠠᠬᠤ ᠠᠷᠭ᠎ᠠ  ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ  ᠠᠴᠠ ᠲᠤᠭᠳᠠᠭᠠᠨ᠎ᠠ᠃      ᠳᠥᠴᠢᠳᠦᠭᠡᠷ ᠵᠦᠢᠯ  ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠡᠯᠡᠰᠦ ᠮᠠᠯᠲᠠᠬᠤ᠂ ᠰᠢᠷᠣᠢ ᠠᠪᠬᠤ᠂ ᠠᠯᠲᠠ ᠮᠠᠯᠲᠠᠬᠤ ᠳᠤ ᠡᠷᠬᠡᠪᠰᠢ ᠵᠥᠪᠰᠢᠶᠡᠷᠡᠭᠦᠯᠦᠭᠰᠡᠨ ᠬᠡᠪᠴᠢᠶ᠎ᠡ ᠪᠠ ᠠᠵᠢᠯᠯᠠᠬᠤ ᠠᠷᠭ᠎ᠠ ᠮᠠᠶ᠋ᠢᠭ ᠢᠶᠠᠷ ᠬᠢᠬᠦ ᠬᠡᠷᠡᠭᠲᠡᠢ ᠪᠥᠭᠡᠳ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠬᠠᠮᠢᠶᠠᠷᠤᠯᠲᠠ ᠶᠢᠨ ᠰᠦᠢᠳᠬᠡᠯ ᠲᠤᠰᠢᠶᠠᠬᠤ ᠬᠡᠷᠡᠭᠲᠡᠢ᠃ ᠰᠦᠢᠳᠬᠡᠯ ᠬᠤᠷᠢᠶᠠᠬᠤ ᠪᠠᠷᠢᠮᠵᠢᠶ᠎ᠠ ᠪᠠ ᠬᠤᠷᠢᠶᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃      ᠳᠥᠴᠢᠨ ᠨᠢᠭᠡᠳᠦᠭᠡᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠬᠠᠰᠢᠯᠭ᠎ᠠ ᠲᠡᠯᠡᠩ᠂ ᠡᠷᠭᠢ ᠬᠠᠮᠠᠭᠠᠯᠠᠬᠤ ᠪᠠ ᠪᠤᠰᠤᠳ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠡᠪᠳᠡᠨ ᠰᠦᠢᠳᠬᠡᠭᠰᠡᠨ ᠪᠤᠶᠤ ᠭᠤᠣᠯ ᠤᠨ ᠵᠡᠮ ᠳᠤ ᠱᠠᠯᠪᠠᠭ ᠬᠤᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ ᠬᠥᠮᠦᠨ ᠬᠠᠷᠢᠭᠤᠴᠠᠵᠤ ᠪᠠᠶᠢᠭᠠᠳ ᠰᠡᠯᠪᠢᠨ ᠵᠠᠰᠠᠬᠤ᠂ ᠬᠤᠷᠠᠭᠰᠠᠨ ᠱᠠᠯᠪᠠᠭ ᠢ ᠴᠡᠪᠡᠷᠯᠡᠬᠦ ᠪᠤᠶᠤ ᠰᠡᠯᠪᠢᠨ ᠵᠠᠰᠠᠬᠤ ᠰᠦᠢᠳᠭᠡᠯ ᠢ       ᠡᠭᠦᠷᠭᠡᠯᠡᠨ᠎ᠡ᠃      ᠳᠥᠴᠢᠨ ᠬᠤᠶᠠᠳᠤᠭᠠᠷ ᠵᠦᠢᠯ  ᠭᠤᠣᠯ ᠤᠨ ᠵᠡᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠬᠤᠷᠢᠶᠠᠭᠰᠠᠨ ᠡᠯ᠎ᠡ ᠵᠦᠢᠯ ᠤᠨ ᠰᠦᠢᠳᠭᠡᠯ ᠢ ᠭᠤᠣᠯ ᠤᠨ ᠵᠡᠮ ᠤᠨ ᠲᠡᠯᠡᠩ ᠬᠠᠰᠢᠯᠭ᠎ᠠ ᠶᠢᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ᠂ ᠬᠠᠮᠢᠶᠠᠷᠤᠯᠲᠠ᠂ ᠰᠡᠯᠪᠢᠨ ᠵᠠᠰᠠᠯᠲᠠ ᠪᠠ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠳᠤ ᠬᠡᠷᠡᠭᠯᠡᠨ᠎ᠡ᠃ ᠦᠯᠡᠳᠡᠪᠦᠷᠢ ᠪᠡᠯᠡ ᠮᠥᠩᠭᠦ ᠶᠢ ᠵᠢᠯ ᠳᠠᠷᠠᠭᠠᠯᠠᠨ ᠳ᠋ᠦᠩᠨᠡᠨ ᠰᠢᠯᠵᠢᠭᠦᠯᠵᠦ ᠬᠡᠷᠡᠭᠯᠡᠵᠦ ᠪᠣᠯᠤᠨ᠎ᠠ᠂ ᠶᠠᠮᠠᠷᠪᠠ ᠰᠠᠯᠠᠭ᠎ᠠ ᠮᠥᠴᠢᠷ ᠭᠡᠳ ᠲᠠᠰᠤᠯᠤᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃      ᠳᠥᠴᠢᠨ ᠭᠤᠷᠪᠠᠳᠤᠭᠠᠷ ᠵᠦᠢᠯ  ᠭᠤᠣᠯ ᠤᠨ ᠵᠡᠮ ᠤᠨ ᠬᠤᠶᠠᠷ ᠬᠥᠪᠡᠭᠡᠨ ᠤ ᠬᠤᠲᠠ ᠪᠠᠯᠭᠠᠰᠤ ᠪᠠ ᠬᠥᠳᠡᠭᠡ ᠲᠣᠰᠬᠤᠨ ᠳᠤ᠂ ᠲᠤᠬᠠᠢ ᠶᠢᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠦᠶᠡᠷᠯᠡᠬᠦ ᠬᠤᠭᠤᠴᠠᠭᠠᠨ ᠳᠤ ᠲᠡᠯᠡᠩ  ᠬᠠᠰᠢᠯᠭ᠎ᠠ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠨᠢᠭᠡᠴᠢ ᠪᠠ ᠬᠤᠪᠢ ᠬᠥᠮᠦᠨ ᠢ ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠠᠵᠢᠯ ᠳᠤ ᠣᠷᠣᠭᠤᠯᠵᠤ᠂ ᠭᠤᠣᠯ ᠤᠨ ᠵᠡᠮ ᠤᠨ ᠲᠡᠯᠡᠩ ᠬᠠᠰᠢᠯᠭ᠎ᠠ ᠶᠢᠨ ᠪᠠᠷᠢᠯᠭ᠎ᠠ ᠶᠢ ᠰᠡᠯᠪᠢᠨ ᠵᠠᠰᠠᠬᠤ ᠪᠠ ᠪᠠᠬᠢᠵᠢᠭᠦᠯᠵᠦ ᠪᠣᠯᠤᠨ᠎ᠠ᠃          ᠵᠢᠷᠭᠤᠳᠤᠭᠠᠷ ᠪᠦᠯᠦᠭ  ᠲᠣᠷᠭᠠᠬᠤ ᠳᠦᠷᠢᠮ          ᠳᠥᠴᠢᠨ ᠳᠥᠷᠪᠡᠳᠦᠭᠡᠷ ᠵᠦᠢᠯ  ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠤᠭᠤᠯᠵᠤ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ ᠠᠴᠠ ᠭᠠᠳᠠᠨ᠎ᠠ᠂ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠬᠠᠤᠯᠢ ᠪᠤᠰᠤ ᠣᠯᠵᠠ ᠠᠰᠢᠭ ᠢ ᠨᠢ ᠬᠤᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠨᠢ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠬᠠᠶᠠᠭᠰᠠᠨ᠂ ᠣᠪᠣᠭᠠᠯᠠᠭᠰᠠᠨ︔ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠪᠤᠶᠤ ᠥᠨᠳᠥᠷ ᠡᠰᠢᠲᠦ ᠤᠷᠭᠤᠮᠠᠯ ᠲᠠᠷᠢᠭᠰᠠᠨ︔ ᠬᠠᠰᠢᠯᠭ᠎ᠠ ᠲᠡᠯᠡᠩ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠡᠮ ᠪᠠᠶᠢᠭᠤᠯᠤᠭᠰᠠᠨ︔      ︵ᠬᠤᠶᠠᠷ︶ ᠬᠠᠰᠢᠯᠭ᠎ᠠ ᠲᠡᠯᠡᠩ᠂ ᠬᠠᠰᠢᠯᠭ᠎ᠠ ᠬᠠᠮᠠᠭᠠᠯᠠᠬᠤ ᠭᠠᠵᠠᠷ ᠲᠤ ᠭᠡᠷ ᠪᠠᠷᠢᠬᠤ᠂ ᠮᠡᠯ ᠬᠠᠷᠢᠭᠤᠯᠬᠤ᠂ ᠰᠤᠪᠠᠭ ᠨᠡᠭᠡᠭᠡᠬᠦ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠡᠳ᠋ ᠮᠠᠲ᠋ᠧᠷᠢᠶᠠᠯ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠬᠢᠬᠦ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠦᠭᠰᠡᠨ︔      ︵ᠭᠤᠷᠪᠠ︶ ᠵᠥᠪᠰᠢᠶᠡᠷᠡᠭᠦᠯᠦᠭᠰᠡᠨ ᠤᠢᠭᠡᠢ ᠪᠤᠶᠤ ᠤᠯᠤᠰ ᠠᠴᠠ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠷᠢᠮᠵᠢᠶ᠎ᠠ᠂ ᠪᠠᠷᠢᠯᠭ᠎ᠠ ᠶᠢᠨ ᠠᠶᠤᠯᠭᠦᠶ ᠶᠢᠨ ᠪᠠᠷᠢᠮᠵᠢᠶ᠎ᠠ ᠶᠢ ᠵᠢᠷᠤᠮᠯᠠᠬᠤ ᠤᠢᠭᠡᠢ ᠪᠠᠷ ᠭᠤᠣᠯ ᠤᠨ ᠵᠡᠮ ᠢ ᠵᠠᠰᠠᠭᠰᠠᠨ ᠪᠤᠶᠤ ᠤᠰᠦᠠ ᠤ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ ᠪᠠᠶᠢᠭᠤᠯᠤᠭᠰᠠᠨ︔      ︵ᠲᠦᠷᠪᠡ︶ ᠵᠥᠪᠰᠢᠶᠡᠷᠡᠭᠦᠯᠦᠭᠰᠡᠨ ᠦᠭᠡᠢ ᠪᠤᠶᠤ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠲᠣᠭᠲᠠᠭᠠᠯ ᠶᠣᠰᠣᠭᠠᠷ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠤ ᠳᠣᠲᠣᠷ᠎ᠠ ᠡᠯᠡᠰᠦ ᠮᠠᠯᠲᠠᠭᠰᠠᠨ᠂ ᠰᠢᠷᠣᠢ ᠠᠪᠤᠭᠰᠠᠨ᠂ ᠠᠯᠲᠠ ᠲᠤᠩᠭᠠᠭᠰᠠᠨ᠂ ᠬᠠᠶᠢᠷ ᠴᠢᠯᠠᠭᠤ ᠪᠤᠶᠤ ᠯᠠᠭ ᠰᠢᠪᠠᠷ ᠢ ᠬᠠᠶᠠᠭᠰᠠᠨ᠂ ᠳᠡᠯᠪᠡᠴᠢᠭᠰᠡᠨ᠂ ᠥᠷᠥᠮᠳᠡᠵᠦ ᠬᠠᠶᠢᠭᠰᠠᠨ᠂  ᠵᠢᠭᠠᠰᠤᠨ ᠴᠥᠭᠦᠷᠥᠮ ᠮᠠᠯᠲᠠᠵᠤ ᠪᠠᠶᠢᠭᠤᠯᠤᠭᠰᠠᠨ︔      ︵ᠲᠠᠪᠤ︶ ᠵᠥᠪᠰᠢᠶᠡᠷᠡᠭᠦᠯᠦᠭᠰᠡᠨ ᠦᠭᠡᠢ ᠪᠠᠷ ᠭᠤᠣᠯ ᠤᠨ ᠵᠠᠮ ᠤᠨ ᠲᠠᠩ ᠭᠠᠵᠠᠷ ᠲᠤ  ᠡᠳ᠋ ᠮᠠᠲ᠋ᠧᠷᠢᠶᠠᠯ ᠢ ᠬᠠᠳᠠᠭᠠᠯᠠᠭᠰᠠᠨ᠂ ᠦᠢᠯᠡᠳᠪᠦᠷᠢ ᠶᠢᠨ ᠭᠡᠷ ᠪᠠᠶᠢᠰᠢᠩ ᠪᠤᠶᠤ ᠪᠤᠰᠤᠳ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠤᠭᠰᠠᠨ᠂ ᠵᠢᠴᠢ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠭᠰᠠᠨ ᠪᠤᠶᠤ ᠬᠠᠭᠤᠴᠢ ᠰᠤᠳᠤᠯᠤᠯ ᠤᠨ ᠨᠡᠭᠡᠭᠡᠨ ᠮᠠᠯᠲᠠᠯᠲᠠ ᠬᠢᠭᠰᠡᠨ︔     ︵ᠵᠢᠷᠭᠤᠭ᠎ᠠ︶ ᠲᠤᠰ ᠲᠦᠷᠢᠮ ᠤᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠨᠠᠭᠤᠷ ᠴᠦᠬᠦᠷᠦᠮ᠂ ᠭᠤᠣᠯ ᠮᠥᠷᠡᠨ ᠢ ᠬᠦᠷᠢᠶᠡᠯᠡᠨ ᠬᠠᠭᠠᠯᠪᠤᠷᠢᠯᠠᠭᠰᠠᠨ︔      ︵ᠲᠤᠯᠤᠭ᠎ᠠ︶ ᠲᠡᠯᠡᠩ ᠬᠠᠮᠠᠭᠠᠯᠠᠬᠤ ᠡᠷᠭᠢ ᠬᠠᠮᠠᠭᠠᠯᠠᠬᠤ ᠤᠢ ᠮᠣᠳᠣ ᠶᠢ ᠳᠤᠷ᠎ᠠ ᠪᠠᠷ ᠢᠶᠠᠨ       ᠣᠭᠲᠣᠯᠤᠭᠰᠠᠨ︔      ︵ᠨᠠᠢᠮᠠ︶ ᠦᠶᠡᠷᠯᠡᠬᠦ ᠬᠤᠭᠤᠴᠠᠭᠠᠨ ᠳᠤ ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠲᠣᠭᠲᠠᠭᠠᠯ ᠪᠤᠶᠤ ᠵᠠᠷᠯᠢᠭ ᠢ ᠵᠥᠷᠢᠴᠡᠭᠰᠡᠨ᠃      ᠳᠥᠴᠢᠨ ᠲᠠᠪᠤᠳᠤᠭᠠᠷ ᠵᠦᠢᠯ  ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠤᠭᠤᠯᠵᠤ᠂ ᠬᠤᠬᠢᠷᠠᠯ ᠢ ᠲᠦᠯᠦᠭᠦᠯᠵᠦ᠂ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠬᠤ ᠠᠴᠠ ᠭᠠᠳᠠᠨ᠎ᠠ᠂ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠬᠦ ᠶᠣᠰᠣᠲᠠᠶ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠬᠠᠰᠢᠯᠭ᠎ᠠ᠂ ᠡᠷᠭᠢ ᠶᠢᠨ ᠬᠠᠮᠠᠭᠠᠯᠠᠯᠲᠠ᠂ ᠬᠠᠭᠠᠯᠳᠠ ᠬᠠᠰᠢᠯᠭ᠎ᠠ᠂ ᠤᠰᠤᠨ ᠠᠰᠢᠭᠯᠠᠯᠲᠠ ᠶᠢᠨ ᠪᠠᠷᠢᠯᠭ᠎ᠠ ᠶᠢ ᠡᠪᠳᠡᠨ ᠰᠦᠢᠳᠬᠡᠵᠦ᠂ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠤᠨ ᠵᠦᠢ ᠶᠢᠨ ᠬᠢᠨᠠᠨ ᠬᠡᠮᠵᠢᠯᠲᠡ ᠶᠢᠨ ᠲᠥᠬᠦᠭᠡᠷᠦᠮᠵᠢ᠂ ᠭᠤᠣᠯ ᠤᠨ ᠡᠷᠭᠢ ᠶᠢᠨ ᠭᠠᠵᠠᠷ ᠰᠢᠨᠵᠢᠯᠡᠭᠡᠨ ᠤ ᠬᠢᠨᠠᠨ ᠬᠡᠮᠵᠢᠯᠲᠡ ᠶᠢᠨ ᠲᠥᠬᠦᠭᠡᠷᠦᠮᠵᠢ ᠵᠢᠴᠢ ᠮᠡᠳᠡᠭᠡ ᠬᠤᠯᠪᠣᠭᠠᠨ ᠤ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠡᠪᠳᠡᠨ ᠰᠦᠢᠳᠬᠡᠬᠦ︔      ︵ᠬᠤᠶᠠᠷ︶ ᠬᠠᠰᠢᠯᠭ᠎ᠠ ᠲᠡᠯᠡᠩ ᠤᠨ ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠳᠤ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠬᠠᠰᠢᠯᠭ᠎ᠠ ᠲᠡᠯᠡᠩ ᠤᠨ ᠠᠶᠤᠯᠭᠦᠶ ᠶᠢ ᠬᠤᠬᠢᠷᠠᠭᠤᠯᠬᠤ ᠠᠵᠢᠯᠯᠠᠭ᠎ᠠ ᠬᠢᠭᠰᠡᠨ︔      ︵ᠭᠤᠷᠪᠠ︶ ᠬᠠᠮᠢᠶᠠᠷᠤᠯᠲᠠ ᠶᠢᠨ ᠪᠤᠰᠤ ᠬᠥᠮᠦᠨ ᠭᠤᠣᠯ ᠤᠨ ᠵᠠᠮ ᠳᠡᠭᠡᠷᠡᠬᠢ ᠭᠤᠯᠳᠤᠩ  ᠬᠠᠭᠠᠯᠲᠠ ᠶᠢ ᠬᠡᠷᠡᠭᠯᠡᠭᠰᠡᠨ ᠪᠤᠶᠤ ᠭᠤᠣᠯ ᠤᠨ ᠵᠠᠮ ᠤᠨ ᠬᠠᠮᠢᠶᠠᠷᠤᠯᠲᠠ ᠶᠢᠨ ᠨᠢᠭᠡᠴᠢ ᠶᠢᠨ ᠬᠡᠪ ᠤᠨ ᠠᠵᠢᠯ ᠢ ᠬᠠᠷᠰᠢᠯᠠᠭᠰᠠᠨ᠃      ᠳᠥᠴᠢᠨ ᠵᠢᠷᠭᠤᠳᠤᠭᠠᠷ ᠵᠦᠢᠯ  ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠰᠢᠢᠳᠭᠡᠯ ᠤᠨ ᠲᠣᠭᠲᠠᠭᠠᠯ ᠢ ᠬᠦᠯᠢᠶᠡᠬᠦ ᠦᠭᠡᠶ ᠪᠣᠯ ᠰᠢᠢᠳᠭᠡᠯ ᠤᠨ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠰᠢᠢᠳᠭᠡᠯ ᠤᠨ ᠲᠣᠭᠲᠠᠭᠠᠯ ᠭᠠᠷᠭᠠᠭᠰᠠᠨ ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠪᠠᠶᠢᠭᠤᠯᠭ᠎ᠠ ᠳᠤ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠳᠠᠬᠢᠨ ᠵᠥᠪᠯᠡᠭᠰᠡᠨ ᠲᠣᠭᠲᠠᠭᠠᠯ ᠢ ᠬᠦᠯᠢᠶᠡᠬᠦ ᠦᠭᠡᠶ ᠪᠣᠯ ᠳᠠᠬᠢᠨ ᠵᠥᠪᠯᠡᠭᠰᠡᠨ ᠲᠣᠭᠲᠠᠭᠠᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃ ᠲᠤᠬᠠᠶ ᠶᠢᠨ ᠬᠥᠮᠦᠨ ᠨᠢ ᠰᠢᠢᠳᠭᠡᠬᠦ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠡᠭᠠᠯᠳᠦᠵᠦ ᠴᠤ ᠪᠣᠯᠤᠨ᠎ᠠ᠃ ᠲᠤᠬᠠᠶ ᠶᠢᠨ ᠬᠥᠮᠦᠨ ᠨᠢ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠤᠢᠭᠡᠢ ᠪᠤᠶᠤ ᠠᠷᠠᠳ ᠤᠨ ᠰᠢᠭᠦᠬᠦ ᠬᠤᠷᠢᠶᠠᠨ ᠳᠤ ᠵᠡᠭᠠᠯᠳᠦᠬᠰᠡᠠ ᠤᠢᠭᠡᠢ ᠪᠥᠭᠡᠳ ᠰᠢᠢᠳᠭᠡᠬᠦ ᠲᠣᠭᠲᠠᠭᠠᠯ ᠢ ᠭᠦᠢᠴᠡᠳᠬᠡᠬᠦ ᠤᠢᠭᠡᠢ ᠪᠠᠶᠢᠪᠠᠯ᠂ ᠰᠢᠢᠳᠭᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ ᠭᠠᠷᠭᠠᠵᠤ ᠠᠯᠪᠡᠳᠡᠠ ᠭᠦᠢᠴᠡᠳᠬᠡᠭᠦᠯᠦᠨ᠎ᠡ᠃ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠢ ᠵᠥᠪᠰᠢᠶᠡᠷᠡᠬᠦ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠲᠣᠭᠲᠠᠭᠠᠯ ᠶᠣᠰᠣᠭᠠᠷ  ᠰᠢᠢᠳᠪᠤᠷᠢᠯᠡᠨ᠎ᠡ᠃      ᠳᠥᠴᠢᠨ ᠳᠣᠯᠣᠳᠤᠭᠠᠷ ᠵᠦᠢᠯ  ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠤᠯᠤᠰ ᠣᠷᠣᠨ᠂ ᠬᠠᠮᠲᠤ ᠨᠡᠶᠢᠳᠡ᠂ ᠬᠤᠪᠢ ᠬᠥᠮᠦᠨ ᠳᠤ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠯ ᠠᠮᠰᠠᠭᠰᠠᠨ ᠲᠠᠯ᠎ᠠ ᠨᠢ ᠰᠢᠶᠠᠨ ᠤ ᠱᠠᠲᠤᠨ ᠠᠴᠠ ᠳᠡᠭᠡᠭᠰᠢᠬᠢ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠰᠢᠢᠳᠪᠤᠷᠢᠯᠡᠬᠦᠯᠬᠦ ᠪᠠᠷ ᠭᠤᠶᠤᠴᠢᠯᠠᠵᠤ ᠪᠣᠯᠤᠨ᠎ᠠ᠃ ᠬᠤᠬᠢᠷᠠᠯ ᠠᠮᠰᠠᠭᠰᠠᠨ ᠲᠠᠯ᠎ᠠ ᠨᠢ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠡᠭᠠᠯᠳᠦᠵᠦ ᠴᠤ ᠪᠣᠯᠤᠨ᠎ᠠ᠃      ᠲᠤᠬᠠᠶ ᠶᠢᠨ ᠬᠥᠮᠦᠨ ᠨᠢ ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ  ᠰᠢᠢᠳᠪᠤᠷᠢᠯᠡᠭᠰᠡᠨ ᠲᠣᠭᠲᠠᠭᠠᠯ ᠢ ᠵᠥᠪᠰᠢᠶᠡᠷᠡᠬᠦ ᠦᠭᠡᠢ ᠪᠠᠶᠢᠪᠠᠯ᠂ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃      ᠳᠥᠴᠢᠨ ᠨᠠᠢᠮᠠᠳᠤᠭᠠᠷ ᠵᠦᠢᠯ  ᠭᠤᠣᠯ ᠤᠨ ᠵᠠᠮ ᠢ ᠭᠤᠤᠯᠯᠠᠨ ᠬᠠᠮᠢᠶᠠᠷᠬᠤ ᠪᠠᠶᠢᠭᠤᠯᠭ᠎ᠠ ᠶᠢᠨ ᠠᠵᠢᠯᠳᠠᠨ ᠵᠢᠴᠢ ᠭᠤᠣᠯ ᠤᠨ ᠵᠠᠮ ᠢ ᠬᠢᠨᠠᠨ ᠬᠠᠮᠢᠶᠠᠷᠬᠤ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠤᠯᠡᠠ ᠨᠡᠶᠢᠲᠡ ᠶᠢᠨ ᠡᠳ᠋ ᠬᠦᠷᠦᠩᠭᠡ᠂ ᠤᠯᠤᠰ ᠣᠷᠣᠨ ᠪᠠ ᠠᠷᠠᠳ ᠲᠦᠮᠡᠨ ᠤ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠳᠣᠯᠣᠳᠤᠭᠠᠷ ᠪᠦᠯᠦᠭ  ᠲᠠᠭᠠᠯᠳᠤᠭᠤᠯᠤᠯ ᠲᠦᠷᠢᠮ          ᠳᠥᠴᠢ ᠶᠢᠰᠦᠳᠦᠭᠡᠷ ᠵᠦᠢᠯ  ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠲᠦᠷᠢᠮ ᠤᠨ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠬᠦ ᠠᠷᠭ᠎ᠠ ᠲᠣᠭᠲᠠᠭᠠᠵᠤ ᠪᠣᠯᠤᠨ᠎ᠠ᠃      ᠲᠠᠪᠢᠳᠤᠭᠠᠷ ᠵᠦᠢᠯ  ᠲᠤᠰ ᠳᠦᠷᠢᠮ ᠢ ᠳᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃      ᠲᠠᠪᠢᠨ ᠨᠢᠭᠡᠳᠦᠭᠡᠷ ᠵᠦᠢᠯ  ᠲᠤᠰ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号