ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠦᠷᠢᠮ
ᠨᠡᠶᠢᠲᠡᠯᠡᠭᠰᠡᠨ ᠴᠠᠭ᠄
2021/9/8
     ︵2016 ᠣᠨ ᠤ 5 ᠰᠠᠷ᠎ᠠ ᠶᠢᠨ 17 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 669  ᠳ᠋ᠤᠭᠡᠷ ᠵᠠᠷᠯᠢᠭ ᠢᠶᠠᠷ ᠨᠡᠶᠢᠲᠡᠯᠡᠪᠡ︶          ᠨᠢᠭᠡᠳᠦᠭᠡᠷ ᠪᠦᠯᠦᠭ  ᠶᠡᠷᠦᠩᠬᠡᠢ ᠲᠦᠷᠢᠮ          ᠨᠢᠭᠡᠳᠦᠭᠡᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢ ᠲᠦᠷᠭᠡᠳᠬᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ᠂ ᠲᠠᠷᠢᠶᠠᠨ ᠭᠠᠵᠠᠷ ᠤᠨ ᠤᠰᠤᠯᠠᠯᠲᠠ ᠪᠠ ᠤᠰᠤ ᠵᠠᠯᠠᠬᠤ ᠵᠡᠷᠭᠡ ᠠᠵᠢᠯᠯᠠᠭ᠎ᠠ ᠳᠤ ᠲᠤᠰ ᠳᠦᠷᠢᠮ ᠢ ᠬᠡᠷᠡᠭᠯᠡᠨ᠎ᠡ᠃      ᠲᠤᠰ ᠲᠦᠷᠢᠮ ᠳᠤ ᠬᠡᠯᠡᠵᠦ ᠪᠠᠶᠢᠭ᠎ᠠ ᠲᠠᠷᠢᠶᠠᠯᠠᠩ  ᠤᠨ ᠤᠰᠤᠨ ᠠᠰᠢᠭᠯᠠᠯᠲᠠ ᠭᠡᠳᠡᠭ ᠪᠣᠯ ᠲᠠᠷᠢᠶᠠᠨ ᠭᠠᠵᠠᠷ ᠤᠨ ᠭᠠᠩᠳᠠᠬᠤ᠂ ᠤᠰᠤᠲᠤᠬᠤ᠂ ᠲᠤᠨᠤᠬᠤ ᠪᠠ ᠬᠤᠵᠢᠷᠰᠢᠬᠤ ᠭᠠᠮᠰᠢᠭ ᠢ ᠰᠡᠷᠭᠡᠶᠢᠯᠡᠨ ᠵᠠᠰᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ ᠠᠪᠤᠭᠰᠠᠨ ᠤᠰᠤᠯᠠᠬᠤ᠂ ᠤᠰᠤ ᠵᠠᠯᠠᠬᠤ ᠵᠡᠷᠭᠡ ᠪᠠᠷᠢᠯᠭ᠎ᠠ ᠶᠢᠨ ᠠᠷᠭ᠎ᠠ ᠬᠡᠮᠵᠢᠶ᠎ᠡ ᠪᠣᠯᠤᠨ ᠪᠤᠰᠤᠳ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃      ᠭᠤᠷᠪᠠᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢ ᠬᠥᠭᠵᠢᠭᠦᠯᠬᠦ ᠳᠤ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠤᠰᠤ ᠠᠷᠪᠢᠯᠠᠬᠤ ᠥᠨᠳᠥᠷ ᠪᠦᠲᠦᠮᠵᠢᠲᠡᠶ ᠪᠠᠶᠢᠬᠤ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢ ᠪᠠᠲᠤᠯᠠᠬᠤ ᠬᠡᠷᠡᠭᠲᠡᠶ᠃      ᠳᠥᠷᠪᠡᠳᠦᠭᠡᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠪᠠ ᠬᠢᠨᠠᠯᠲᠠ ᠶᠢᠨ ᠠᠵᠢᠯ ᠢ ᠬᠠᠷᠢᠭᠤᠴᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠤᠯᠪᠤᠭᠳᠠᠯ ᠪᠦᠬᠦᠢ ᠠᠵᠢᠯ ᠢ ᠰᠠᠶᠢᠳᠤᠷ ᠬᠢᠬᠦ ᠬᠡᠷᠡᠭᠲᠡᠢ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠪᠠ ᠬᠢᠨᠠᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠠᠷᠢᠶᠠᠯᠠᠩ ᠤᠨ ᠤᠰᠤᠨ ᠠᠰᠢᠭᠯᠠᠯᠳᠠ ᠶᠢᠨ ᠬᠤᠯᠪᠤᠭᠳᠠᠯ ᠪᠦᠬᠦᠢ ᠠᠵᠢᠯ ᠢ ᠰᠠᠶᠢᠳᠤᠷ ᠬᠢᠬᠦ ᠬᠡᠷᠡᠭᠲᠡᠢ᠃      ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠲᠡᠢ᠃      ᠲᠠᠪᠤᠳᠤᠭᠠᠷ ᠵᠦᠢᠯ  ᠤᠯᠤᠰ ᠠᠴᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶᠠᠯᠠᠯ ᠤᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠪᠠ ᠨᠡᠶᠢᠭᠡᠮ ᠤᠨ ᠪᠤᠰᠤᠳ ᠬᠦᠴᠦᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠪᠠ ᠠᠵᠢᠯᠯᠠᠭᠠᠨ ᠤ ᠬᠠᠮᠠᠭᠠᠯᠠᠯᠲᠠ ᠬᠢᠬᠦ ᠶᠢ ᠵᠣᠷᠢᠭᠵᠢᠭᠤᠯᠤᠨ ᠵᠢᠯᠣᠭᠤᠳᠴᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠵᠤ᠂ ᠤᠰᠤ ᠶᠢ ᠠᠷᠪᠢᠯᠠᠨ ᠬᠡᠷᠡᠭᠯᠡᠵᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠨ᠎ᠠ᠃      ᠤᠯᠤᠰ ᠠᠴᠠ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠪᠡᠯᠠ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃         ᠬᠤᠶᠠᠳᠤᠭᠠᠷ ᠪᠦᠯᠦᠭ   ᠲᠦᠯᠦᠪᠵᠢᠬᠦᠯᠬᠦ          ᠵᠢᠷᠭᠤᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠤᠯᠭᠤᠭᠰᠠᠨ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ ᠢᠯᠡ ᠪᠠᠷ ᠨᠡᠶᠢᠳᠡᠯᠡᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠲᠠᠷᠠᠭ᠎ᠠ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ ᠢᠯᠡ ᠪᠠᠷ ᠨᠡᠶᠢᠳᠡᠯᠡᠨ᠎ᠡ᠃      ᠳᠣᠯᠣᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠬᠥᠷᠥᠰᠥ ᠰᠢᠷᠣᠶ ᠶᠢᠨ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ᠂ ᠤᠰᠤᠯᠠᠯᠲᠠ ᠶᠢᠨ ᠤᠰᠤ ᠵᠠᠯᠠᠬᠤ ᠬᠥᠭᠵᠢᠯᠲᠡ ᠶᠢᠨ ᠬᠡᠷᠡᠭᠴᠡᠭᠡ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠶ᠃      ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠳᠤ ᠬᠥᠭᠵᠢᠯᠲᠡ ᠶᠢᠨ ᠰᠡᠳᠬᠢᠴᠡ᠂ ᠶᠡᠷᠦᠩᠬᠡᠶ ᠡᠭᠦᠷᠭᠡ᠂ ᠣᠷᠣᠨ ᠪᠦᠰᠡ ᠶᠢᠨ ᠪᠠᠶᠢᠷᠢᠰᠢᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ︔ ᠰᠢᠶᠠᠨ ᠤ ᠱᠠᠲᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠳᠤ ᠪᠠᠰᠠ ᠤᠰᠤᠨ ᠤ ᠰᠤᠷᠪᠤᠯᠵᠢ ᠶᠢᠨ ᠪᠠᠲᠤᠯᠠᠭ᠎ᠠ᠂ ᠪᠠᠷᠢᠯᠭ᠎ᠠ ᠶᠢᠨ ᠪᠠᠶᠢᠷᠢᠰᠢᠯ᠂ ᠪᠠᠷᠢᠯᠭ᠎ᠠ ᠶᠢᠨ ᠬᠡᠪᠴᠢᠶ᠎ᠡ᠂ ᠠᠮᠢ ᠠᠬᠤᠶ ᠤᠷᠴᠢᠨ ᠲᠤᠭᠤᠷᠢᠨ ᠤ ᠨᠥᠯᠥᠭᠡᠯᠡᠯ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ᠂ ᠮᠡᠷᠭᠡᠵᠢᠯ ᠤᠨ ᠳᠡᠯᠭᠡᠷᠡᠭᠦᠯᠦᠯᠲᠡ᠂ ᠪᠡᠯᠡ ᠮᠥᠩᠭᠦ ᠴᠤᠭᠯᠠᠭᠤᠯᠬᠤ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃      ᠨᠠᠢᠮᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠪᠣᠯ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠦᠨᠳᠦᠰᠦᠯᠡᠯ ᠪᠣᠯᠤᠨ᠎ᠠ᠃      ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠵᠡᠷᠭᠡ ᠲᠠᠯ᠎ᠠ ᠶᠢᠨ ᠬᠢᠨ  ᠤ ᠰᠠᠨᠠᠯ ᠢ ᠬᠤᠷᠢᠶᠠᠬᠤ ᠬᠡᠷᠡᠭᠲᠡᠢ᠃      ᠶᠢᠰᠦᠳᠦᠭᠡᠷ ᠵᠦᠢᠯ  ᠳᠣᠣᠷ᠎ᠠ ᠱᠠᠲᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠳᠡᠭᠡᠳᠦ ᠱᠠᠲᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ ᠨᠠᠶᠢᠷᠠᠭᠤᠯᠤᠨ ᠵᠣᠬᠢᠶᠠᠬᠤ ᠬᠡᠷᠡᠭᠲᠡᠶ ᠪᠥᠭᠡᠳ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠬᠤ ᠬᠡᠷᠡᠭᠲᠡᠢ᠃      ᠵᠥᠪᠰᠢᠶᠡᠷᠡᠭᠦᠯᠦᠭᠰᠡᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠣᠯ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠨᠳᠦᠰᠦ ᠪᠠᠷᠢᠮᠲᠠ ᠮᠥᠨ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ᠂ ᠤᠤᠯ ᠤᠨ ᠬᠢᠨᠠᠨ ᠵᠥᠪᠰᠢᠶᠡᠷᠡᠭᠦᠯᠬᠦ ᠵᠢᠷᠤᠮ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃      ᠠᠷᠪᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠠᠷᠢᠶᠠᠯᠠᠩ ᠤᠨ ᠤᠰᠤᠨ ᠠᠰᠢᠭᠯᠠᠯᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠬᠦ ᠬᠡᠷᠡᠭᠲᠡᠢ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠬᠦ ᠬᠡᠷᠡᠭᠲᠡᠢ᠃      ᠠᠷᠪᠠᠨ ᠨᠢᠭᠡᠳᠦᠭᠡᠷ ᠵᠤᠶᠢᠯ  ᠭᠠᠵᠠᠷ ᠰᠢᠷᠣᠶ ᠶᠢ ᠡᠮᠬᠢᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠠᠰᠢᠭᠯᠠᠬᠤ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢ ᠲᠠᠷᠢᠶᠠᠯᠠᠩ ᠤᠨ ᠤᠰᠤᠨ ᠠᠰᠢᠭᠯᠠᠯᠲᠠ ᠳᠤ ᠬᠤᠯᠪᠣᠭᠳᠠᠪᠠᠯ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠲᠠᠢ ᠠᠪᠴᠠᠯᠳᠤᠭᠤᠯᠬᠤ ᠬᠡᠷᠡᠭᠲᠡᠶ ᠪᠥᠭᠡᠳ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃        ᠭᠤᠷᠪᠠᠳᠤᠭᠠᠷ ᠪᠦᠯᠦᠭ   ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ          ᠠᠷᠪᠠᠨ ᠬᠤᠶᠠᠳᠤᠭᠠᠷ ᠵᠦᠢᠯ  ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠣᠨ ᠤ ᠬᠡᠷᠡᠭᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠲᠣᠬᠢᠷᠠᠭᠤᠯᠤᠭᠰᠠᠨ ᠲᠠᠷᠢᠶᠠᠯᠠᠩ ᠤᠨ ᠤᠰᠤᠨ ᠠᠰᠢᠭᠯᠠᠯᠲᠠ ᠲᠠᠢ ᠬᠤᠯᠪᠣᠭᠳᠠᠬᠤ ᠡᠯ᠎ᠡ ᠲᠦᠷᠦᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃      ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ  ᠬᠤᠷᠰᠢᠭᠰᠠᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠤᠨ ᠪᠤᠰᠤᠳ ᠬᠦᠴᠦᠨ ᠢ ᠵᠣᠬᠢᠴᠠᠭᠤᠯᠵᠤ ᠪᠠᠶᠢᠭᠠᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠦᠷᠨᠢᠬᠦᠯᠬᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃      ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠷᠢᠮᠵᠢᠶᠠᠵᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠠᠷ ᠲᠣᠭᠲᠠᠭᠠᠭᠰᠠᠨ ᠵᠢᠷᠤᠮ ᠪᠠ ᠡᠷᠬᠡ ᠶᠢᠨ ᠬᠡᠪᠴᠢᠶᠡᠨ ᠲᠤᠲᠤᠷ᠎ᠠ ᠵᠤᠬᠢᠶᠠᠨ ᠪᠠᠶᠢᠭᠤᠯᠵᠤ ᠲᠤᠭᠳᠠᠭᠠᠨ᠎ᠠ᠃      ᠠᠷᠪᠠᠨ ᠳᠥᠷᠪᠡᠳᠦᠭᠡᠷ ᠵᠦᠢᠯ  ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠳᠤ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠤᠨ ᠤᠰᠦᠠ ᠠᠰᠢᠭᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠳᠤᠯᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ᠪᠠᠷᠢᠯᠭ᠎ᠠ ᠶᠢᠨ ᠶᠠᠰᠤ ᠴᠢᠨᠠᠷ ᠤᠨ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠠᠶᠤᠯᠭᠦᠶ ᠶᠢ ᠬᠠᠷᠢᠭᠤᠴᠠᠬᠤ ᠶᠢᠨ ᠬᠠᠮᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠵᠠᠷᠯᠠᠨ ᠨᠡᠶᠢᠲᠡᠯᠡᠬᠦ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠳᠤ ᠬᠢᠨᠠᠯᠳᠠ ᠬᠠᠮᠢᠶᠠᠷᠤᠯᠳᠠ ᠬᠢᠨ᠎ᠡ᠃      ᠠᠷᠪᠠᠨ ᠵᠢᠷᠭᠤᠳᠤᠭᠠᠷ ᠵᠦᠢᠯ  ᠵᠠᠰᠠᠭ ᠤᠨ ᠣᠷᠳᠣᠨ ᠠᠴᠠ ᠪᠡᠯᠠ ᠣᠷᠣᠭᠤᠯᠵᠤ ᠪᠦᠳᠦᠭᠡᠠ ᠪᠠᠶᠢᠭᠤᠯᠤᠭᠰᠠᠨ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠷᠢᠵᠤ ᠳᠠᠭᠤᠰᠬᠠᠭᠰᠠᠨ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠪᠣᠯᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠬᠰᠡᠠ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠲᠥᠯᠥᠭᠡᠯᠡᠭᠴᠢ ᠶᠢ ᠤᠷᠢᠵᠤ ᠤᠷᠤᠯᠴᠠᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠪᠡᠯᠡ ᠣᠷᠣᠭᠤᠯᠤᠭᠴᠢ ᠪᠤᠶᠤ ᠠᠰᠢᠭ ᠬᠦᠷᠲᠡᠭᠴᠢ ᠠᠴᠠ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠶᠢ ᠵᠣᠬᠢᠶᠠᠨ ᠪᠠᠶᠢᠭᠤᠯᠤᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠦᠴᠦᠨ ᠤ ᠬᠠᠮᠲᠤ ᠪᠠᠷ ᠪᠡᠯᠡ ᠣᠷᠣᠭᠤᠯᠤᠭᠰᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠡᠶᠢᠭᠡᠮ ᠤᠨ ᠪᠡᠯᠡ ᠣᠷᠣᠭᠤᠯᠤᠭᠴᠢ ᠪᠤᠶᠤ ᠠᠰᠢᠭ ᠬᠦᠷᠳᠡᠭᠴᠢ ᠬᠠᠮᠲᠤ ᠪᠠᠷ ᠵᠣᠬᠢᠶᠠᠨ ᠪᠠᠶᠢᠭᠤᠯᠵᠤ ᠪᠠᠷᠢᠵᠤ ᠳᠠᠭᠤᠰᠬᠠᠭᠰᠠᠨ ᠪᠠᠷᠢᠯᠭ᠎ᠠ ᠶᠢ ᠰᠢᠯᠭᠠᠨ ᠠᠪᠤᠨ᠎ᠠ᠃      ᠲᠤᠮᠦ ᠳᠤᠮᠳᠠ ᠬᠡᠯᠪᠡᠷᠢ ᠶᠢᠨ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢ ᠤᠰᠦᠠ ᠠᠰᠢᠭᠯᠠᠯᠲᠠ ᠶᠢᠨ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢ ᠰᠢᠯᠭᠠᠨ ᠠᠪᠬᠤ ᠲᠦᠷᠢᠮ ᠶᠣᠰᠣᠭᠠᠷ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠢᠯᠭᠠᠨ ᠠᠪᠬᠤ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃      ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠨ ᠲᠡᠪᠳᠡᠷᠯᠡᠨ ᠲᠠᠩᠰᠠᠯᠠᠵᠤ ᠬᠠᠳᠠᠭᠠᠯᠠᠨ᠎ᠠ᠃      ᠠᠷᠪᠠᠨ ᠳᠣᠯᠣᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠵᠡᠷᠭᠡ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ ᠬᠡᠷᠡᠭᠲᠡᠶ᠃          ᠳᠥᠷᠪᠡᠳᠦᠭᠡᠷ ᠪᠦᠯᠦᠭ  ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ          ᠠᠷᠪᠠᠨ ᠨᠠᠢᠮᠠᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠳᠤ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠠᠵᠢᠯᠯᠠᠭᠠᠨ ᠢ ᠬᠠᠮᠠᠭᠠᠯᠠᠬᠤ ᠭᠤᠣᠯ ᠴᠣᠭᠴᠠ ᠶᠢ ᠲᠣᠭᠲᠠᠭᠠᠨ᠎ᠠ᠄      ︵ᠨᠢᠭᠡ︶ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠦᠳᠦᠭᠡᠨ ᠪᠠᠶᠢᠭᠤᠯᠤᠭᠰᠠᠨ ᠲᠤᠮᠤ ᠳᠤᠮᠳᠠ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠪᠠᠷᠢᠯᠭ᠎ᠠ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠤ ᠲᠣᠭᠲᠠᠭᠠᠭᠰᠠᠨ ᠨᠢᠭᠡᠴᠢ ᠠᠴᠠ ᠠᠵᠢᠯᠯᠠᠭᠠᠨ ᠤ ᠬᠠᠮᠠᠭᠠᠯᠠᠯᠲᠠ ᠶᠢ ᠬᠠᠷᠢᠭᠤᠴᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠦᠴᠦᠨ ᠢ ᠣᠷᠣᠭᠤᠯᠤᠨ ᠠᠪᠴᠢᠷᠠᠵᠤ ᠠᠵᠢᠯᠯᠠᠭᠠᠨ ᠤ ᠬᠠᠮᠠᠭᠠᠯᠠᠯᠲᠠ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ︔      ︵ᠬᠤᠶᠠᠷ︶ ᠵᠠᠰᠠᠭ ᠤᠨ ᠣᠷᠳᠣᠨ ᠠᠴᠠ ᠪᠡᠯᠠ ᠣᠷᠣᠭᠤᠯᠵᠤ ᠪᠦᠳᠦᠭᠡᠠ ᠪᠠᠶᠢᠭᠤᠯᠤᠭᠰᠠᠨ ᠪᠤᠶᠤ ᠡᠳ᠋ ᠤᠨ ᠵᠠᠰᠠᠭ ᠠᠴᠠ ᠨᠥᠬᠦᠪᠥᠷᠢ ᠥᠭᠴᠦ ᠪᠦᠳᠦᠭᠡᠠ ᠪᠠᠶᠢᠭᠤᠯᠤᠭᠰᠠᠨ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢ ᠲᠣᠭᠲᠠᠭᠠᠯ ᠶᠣᠰᠣᠭᠠᠷ ᠠᠰᠢᠭ ᠬᠦᠷᠳᠡᠭᠰᠡᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠬᠰᠡᠠ ᠵᠣᠬᠢᠶᠠᠨ ᠪᠠᠶᠢᠭᠤᠯᠤᠯᠲᠠ᠂  ᠲᠠᠷᠢᠶᠠᠴᠢᠳ ᠵᠡᠷᠭᠡ ᠳᠤ ᠲᠤᠰᠢᠶᠠᠨ ᠥᠭᠴᠦ ᠬᠡᠷᠡᠭᠯᠡᠭᠦᠯᠵᠦ ᠬᠠᠮᠢᠶᠠᠷᠤᠭᠤᠯᠤᠭᠰᠠᠨ ᠪᠠᠶᠢᠪᠠᠯ᠂ ᠠᠰᠢᠭ ᠬᠦᠷᠳᠡᠭᠴᠢ ᠪᠤᠶᠤ ᠲᠡᠭᠦᠨ ᠤ ᠨᠠᠶᠢᠳᠠᠭᠰᠠᠨ ᠨᠢᠭᠡᠴᠢ᠂ ᠬᠤᠪᠢ ᠬᠥᠮᠦᠨ ᠠᠴᠠ ᠠᠵᠢᠯᠯᠠᠭᠠᠨ ᠤ ᠬᠠᠮᠠᠭᠠᠯᠠᠯᠲᠠ ᠶᠢ ᠬᠠᠷᠢᠭᠤᠴᠠᠭᠤᠯᠤᠨ᠎ᠠ︔      ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠡᠯᠠ ᠮᠥᠩᠭᠦ ᠬᠥᠳᠡᠯᠮᠦᠷᠢ ᠶᠢᠨ ᠬᠦᠴᠦ ᠴᠤᠭᠯᠠᠭᠤᠯᠵᠤ ᠪᠦᠳᠦᠭᠡᠠ ᠪᠠᠶᠢᠭᠤᠯᠤᠭᠰᠠᠨ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢ ᠪᠣᠯ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠲᠡᠭᠦᠨ ᠤ ᠨᠠᠶᠢᠳᠠᠭᠰᠠᠨ ᠨᠢᠭᠡᠴᠢ᠂ ᠬᠤᠪᠢ ᠬᠥᠮᠦᠨ ᠠᠴᠠ ᠠᠵᠢᠯᠯᠠᠭᠠᠨ ᠤ ᠬᠠᠮᠠᠭᠠᠯᠠᠯᠳᠠ ᠶᠢ ᠬᠠᠷᠢᠭᠤᠴᠠᠨ᠎ᠠ︔      ︵ᠲᠦᠷᠪᠡ︶ ᠲᠠᠷᠢᠶᠠᠴᠢᠨ ᠪᠤᠶᠤ ᠨᠡᠶᠢᠭᠡᠮ ᠤᠨ ᠪᠤᠰᠤᠳ ᠬᠦᠴᠦᠨ ᠤ ᠪᠡᠯᠠ ᠣᠷᠣᠭᠤᠯᠵᠤ ᠪᠦᠳᠦᠭᠡᠠ ᠪᠠᠶᠢᠭᠤᠯᠤᠭᠰᠠᠨ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢ ᠪᠣᠯ ᠪᠡᠯᠠ ᠣᠷᠣᠭᠤᠯᠤᠭᠴᠢ ᠪᠤᠶᠤ ᠲᠡᠭᠦᠨ ᠤ ᠨᠠᠶᠢᠳᠠᠭᠰᠠᠨ ᠨᠢᠭᠡᠴᠢ᠂ ᠬᠤᠪᠢ ᠬᠥᠮᠦᠨ ᠠᠴᠠ ᠠᠵᠢᠯᠯᠠᠭᠠᠨ ᠤ ᠬᠠᠮᠠᠭᠠᠯᠠᠯᠳᠠ ᠶᠢ ᠬᠠᠷᠢᠭᠤᠴᠠᠨ᠎ᠠ︔      ︵ᠲᠠᠪᠤ︶ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠴᠦᠨ ᠤ ᠬᠠᠮᠲᠤᠪᠠᠷ ᠪᠠᠯᠠ ᠣᠷᠣᠭᠤᠯᠵᠤ ᠪᠥᠲᠥᠭᠡᠨ ᠪᠠᠶᠢᠭᠤᠯᠤᠭᠰᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠳᠤ᠂ ᠪᠠᠯᠠ ᠣᠷᠣᠭᠤᠯᠤᠭᠴᠢ ᠠᠴᠠ ᠪᠣᠯᠵᠣᠨ ᠲᠣᠭᠲᠠᠭᠰᠠᠨ ᠶᠣᠰᠣᠭᠠᠷ ᠠᠵᠢᠯᠯᠠᠭᠠᠨ ᠢ ᠬᠠᠮᠠᠭᠠᠯᠠᠬᠤ ᠭᠤᠤᠯ ᠴᠣᠭᠴᠠ ᠶᠢ ᠲᠣᠭᠲᠠᠭᠠᠨ᠎ᠠ᠃      ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ ᠡᠷᠭᠢᠯᠲᠡ ᠳᠤ ᠣᠷᠣᠭᠤᠯᠬᠤ ᠳᠤ ᠬᠦᠷᠪᠡᠯ᠂ ᠲᠤᠰ ᠭᠠᠵᠠᠷ ᠰᠢᠷᠣᠶ ᠳᠡᠭᠡᠷᠡᠬᠢ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠪᠡᠶᠡᠴᠢ ᠴᠣᠭᠴᠠ ᠶᠢ ᠬᠠᠮᠲᠤ ᠳᠤᠨᠢ ᠲᠣᠳᠣᠷᠬᠠᠶᠢᠯᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ  ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠳᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ  ᠨᠢᠭᠡᠴᠢ ᠶᠢᠨ ᠬᠠᠮᠢᠶᠠᠷᠤᠯᠲᠠ ᠬᠢᠭᠡᠳ ᠠᠰᠢᠭ ᠬᠥᠷᠳᠡᠬᠦ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠵᠡᠷᠭᠡ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃      ᠬᠤᠷᠢᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠤ ᠬᠠᠮᠠᠭᠠᠯᠠᠯᠲᠠ ᠶᠢᠨ ᠵᠠᠷᠤᠳᠠᠯ ᠢ ᠵᠦᠢ ᠵᠣᠬᠢᠰᠲᠠᠶ ᠡᠭᠦᠷᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃      ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠦᠨ ᠨᠢ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠠᠵᠢᠯᠯᠠᠭᠠᠨ ᠢ ᠬᠠᠮᠠᠭᠠᠯᠠᠬᠤ ᠠᠵᠢᠯ ᠤᠨ ᠬᠡᠪ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠶᠢ ᠬᠠᠷᠢᠭᠤᠴᠠᠬᠤ ᠨᠢᠭᠡᠴᠢ ᠪᠣᠯᠤᠨ ᠬᠤᠪᠢ ᠬᠥᠮᠦᠨ ᠠᠵᠢᠯᠯᠠᠭᠠᠨ ᠢ ᠬᠠᠮᠠᠭᠠᠯᠠᠬᠤ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠡᠳᠦᠷ ᠲᠤᠳᠤᠮ  ᠤᠨ ᠲᠣᠭᠤᠷᠢᠨ ᠪᠠᠶᠢᠴᠠᠭᠠᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠲᠣᠬᠢᠷᠠᠭᠤᠯᠤᠨ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠡᠪ   ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃      ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠨᠢ ᠤᠰᠤᠨ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠳᠤ ᠬᠤᠯᠪᠣᠭᠳᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠠᠶᠠᠯᠠᠯ ᠤᠨ ᠵᠠᠮ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠦᠨ ᠨᠢ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠢᠯᠯᠠᠭᠠᠨ ᠢ ᠬᠠᠮᠠᠭᠠᠯᠠᠬᠤ ᠶᠢ ᠬᠠᠷᠢᠭᠤᠴᠠᠵᠤ ᠪᠠᠶᠢᠭ᠎ᠠ ᠨᠢᠭᠡᠴᠢ ᠪᠣᠯᠤᠨ ᠬᠤᠪᠢ ᠬᠥᠮᠦᠨ ᠤ ᠠᠵᠢᠯᠯᠠᠭᠠᠨ ᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠬᠤ ᠬᠡᠷᠡᠭᠲᠡᠶ᠃      ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠵᠡᠷᠭᠡ ᠨᠢ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠡᠪ ᠤᠨ ᠠᠵᠢᠯᠯᠠᠭ᠎ᠠ ᠶᠢ ᠨᠥᠯᠥᠭᠡᠯᠡᠭᠰᠡᠨ ᠪᠠᠶᠢᠳᠠᠯ ᠢ ᠣᠯᠵᠤ ᠮᠡᠳᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠦᠨ ᠳᠤ ᠮᠡᠳᠡᠬᠦᠯᠬᠦ ᠬᠡᠷᠡᠭᠲᠡᠢ᠃ ᠮᠡᠳᠡᠭᠦᠯᠦᠯᠲᠡ ᠶᠢ ᠣᠯᠤᠭᠰᠠᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠦᠨ ᠨᠢ ᠠᠵᠢᠯᠯᠠᠭᠠᠨ ᠢ ᠬᠠᠷᠢᠭᠤᠴᠠᠵᠤ ᠬᠠᠮᠠᠭᠠᠯᠠᠬᠤ ᠨᠢᠭᠡᠴᠢ ᠪᠣᠯᠤᠨ ᠬᠤᠪᠢ ᠬᠥᠮᠦᠨ ᠢ ᠰᠢᠪᠠᠳᠠᠵᠤ ᠪᠠᠶᠢᠭᠠᠳ ᠴᠠᠭ ᠲᠤᠬᠠᠶ ᠳᠤᠨᠢ ᠰᠢᠢᠳᠪᠤᠷᠢᠯᠡᠬᠦ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠳᠤ ᠬᠤᠣᠷ ᠬᠥᠨᠥᠭᠡᠯ ᠤᠴᠠᠷᠠᠭᠤᠯᠬᠤ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ       ᠴᠠᠭᠠᠵᠠᠯᠠᠨ᠎ᠠ᠄      ︵ᠨᠢᠭᠡ︶ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ  ᠰᠢᠬᠠᠨ       ᠡᠵᠡᠯᠡᠬᠦ᠂ ᠡᠪᠳᠡᠨ ᠰᠦᠢᠳᠬᠡᠬᠦ︔      ︵ᠬᠤᠶᠠᠷ︶ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠠᠶᠤᠯᠭᠦᠶ ᠳᠤ ᠬᠤᠣᠷ ᠬᠥᠨᠥᠭᠡᠯ ᠤᠴᠠᠷᠠᠭᠤᠯᠬᠤ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠠᠵᠢᠯᠯᠠᠭ᠎ᠠ︔      ︵ᠭᠤᠷᠪᠠ︶ ᠤᠰᠤ ᠬᠠᠳᠠᠭᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠣᠳᠠᠰ ᠢ ᠣᠪᠣᠭᠠᠯᠠᠨ ᠲᠠᠯᠪᠢᠬᠤ︔      ︵ᠲᠦᠷᠪᠡ︶ ᠤᠰᠤ ᠬᠠᠳᠠᠭᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠠᠷᠢᠯᠭ᠎ᠠ ᠪᠠ ᠪᠠᠷᠢᠯᠭ᠎ᠠ ᠶᠢᠨ ᠵᠦᠢᠯ ᠢ ᠪᠦᠳᠦᠭᠡᠠ ᠪᠠᠶᠢᠭᠤᠯᠬᠤ︔     ︵ᠲᠠᠪᠤ︶ ᠲᠡᠩ ᠬᠠᠰᠢᠯᠭ᠎ᠠ᠂ ᠭᠤᠦ ᠰᠤᠪᠠᠭ ᠲᠤ ᠪᠣᠬᠢᠷ ᠤᠰᠤ ᠭᠠᠳᠠᠭᠰᠢᠯᠠᠭᠤᠯᠬᠤ᠂ ᠬᠤᠭ ᠨᠣᠪᠰᠢ ᠵᠢᠴᠢ ᠪᠤᠰᠤᠳ ᠬᠠᠶᠠᠭᠳᠠᠮᠠᠯ ᠪᠣᠳᠠᠰ ᠴᠢᠳᠬᠤᠬᠤ᠃      ᠬᠤᠷᠢᠨ ᠳᠥᠷᠪᠡᠳᠦᠭᠡᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠦᠨ ᠲᠠᠷᠢᠶᠠᠯᠠᠩ ᠤᠨ ᠤᠰᠤᠯᠠᠯᠲᠠ ᠶᠢᠨ ᠤᠰᠦᠠ ᠰᠤᠷᠪᠤᠯᠵᠢ᠂ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠡᠵᠡᠯᠡᠨ ᠬᠡᠷᠡᠭᠯᠡᠵᠦ ᠪᠣᠯᠬᠤ ᠤᠢᠭᠡᠢ᠃      ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠲᠠᠷᠢᠶᠠᠯᠠᠩ ᠤᠨ ᠤᠰᠤᠯᠠᠯᠲᠠ ᠶᠢᠨ ᠤᠰᠤᠨ ᠰᠤᠷᠪᠤᠯᠵᠢ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠦᠨᠡᠨ ᠬᠦ ᠡᠵᠡᠯᠡᠨ ᠬᠡᠷᠡᠭᠯᠡᠬᠦ ᠴᠢᠬᠤᠯᠠᠲᠠᠶ ᠪᠠᠶᠢᠪᠠᠯ᠂ ᠤᠰᠤ ᠲᠠᠲᠠᠵᠤ ᠬᠡᠷᠡᠭᠯᠡᠬᠦ ᠨᠢᠭᠡᠴᠢ᠂ ᠬᠤᠪᠢ ᠬᠥᠮᠦᠨ ᠪᠤᠶᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠦᠨ ᠲᠠᠢ ᠵᠥᠪᠳᠡᠯᠴᠡᠬᠦ ᠶᠢᠨ ᠬᠠᠮᠲᠤ ᠬᠠᠷᠢᠶᠠᠯᠠᠯ ᠤᠨ ᠡᠷᠬᠡ ᠲᠠᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃     ᠡᠵᠡᠯᠡᠨ ᠬᠡᠷᠡᠭᠯᠡᠭᠴᠢ ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠦᠷ᠎ᠡ ᠠᠰᠢᠭ ᠪᠠ ᠴᠢᠳᠠᠮᠵᠢ ᠲᠠᠢ ᠠᠳᠠᠯᠢᠪᠲᠤᠷ ᠣᠷᠣᠯᠠᠬᠤ ᠪᠠᠷᠢᠯᠭ᠎ᠠ ᠶᠢ ᠪᠦᠳᠦᠭᠡᠨ ᠪᠠᠶᠢᠭᠤᠯᠬᠤ ᠬᠡᠷᠡᠭᠲᠡᠶ︔ ᠪᠦᠳᠦᠭᠡᠨ ᠪᠠᠶᠢᠭᠤᠯᠤᠯᠲᠠ ᠶᠢᠨ ᠣᠷᠣᠯᠠᠬᠤ ᠪᠠᠷᠢᠯᠭ᠎ᠠ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠪᠦᠳᠦᠭᠡᠨ ᠪᠠᠶᠢᠭᠤᠯᠤᠯᠲᠠ ᠶᠢᠨ ᠣᠷᠣᠯᠠᠬᠤ ᠪᠠᠷᠢᠯᠭ᠎ᠠ ᠶᠢᠨ ᠪᠦᠬᠦ ᠪᠡᠯᠡ ᠣᠷᠣᠭᠤᠯᠤᠯᠲᠠ ᠶᠢᠨ ᠲᠤᠭ᠎ᠠ ᠶᠣᠰᠣᠭᠠᠷ ᠡᠵᠡᠯᠡᠨ ᠬᠡᠷᠡᠭᠯᠡᠭᠰᠡᠨ ᠨᠥᠬᠦᠪᠥᠷᠢ ᠰᠦᠢᠳᠬᠡᠯ ᠥᠭᠬᠦ ᠬᠡᠷᠡᠭᠲᠡᠶ︔ ᠠᠵᠢᠯᠯᠠᠭᠠᠨ ᠤ ᠥᠪᠡᠷ ᠤᠨ ᠦᠷᠳᠡᠭ ᠢ ᠨᠡᠮᠡᠭᠳᠡᠭᠦᠯᠬᠦ ᠵᠡᠷᠭᠡ ᠪᠤᠰᠤᠳ ᠬᠤᠬᠢᠷᠠᠯ ᠢ ᠪᠤᠢ ᠪᠣᠯᠭᠠᠭᠰᠠᠨ ᠪᠠᠶᠢᠪᠠᠯ᠂ ᠬᠠᠤᠯᠢ ᠶᠣᠰᠣᠭᠠᠷ ᠨᠥᠬᠦᠪᠥᠷᠢ ᠥᠭᠬᠦ ᠬᠡᠷᠡᠭᠲᠡᠶ᠃ ᠲᠥᠯᠥᠪᠦᠷᠢ ᠥᠭᠬᠦ ᠪᠠᠷᠢᠮᠵᠢᠶ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ᠃      ᠬᠤᠷᠢᠨ ᠲᠠᠪᠤᠳᠤᠭᠠᠷ ᠵᠦᠢᠯ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠨᠢ ᠵᠢᠷᠤᠵᠤ ᠲᠥᠯᠥᠪᠯᠡᠭᠰᠡᠨ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ᠂ ᠤᠰᠤᠯᠠᠯᠲᠠ ᠶᠢᠨ ᠤᠰᠤ ᠵᠠᠯᠠᠬᠤ ᠴᠢᠳᠠᠪᠬᠢ ᠪᠠᠨ ᠦᠨᠳᠦᠰᠦᠨ ᠳᠡᠭᠡᠨ ᠠᠯᠳᠠᠭᠰᠠᠨ ᠪᠤᠶᠤ ᠬᠦᠨᠳᠦ ᠨᠣᠴᠢᠲᠠᠶ ᠡᠪᠳᠡᠭᠳᠡᠭᠰᠡᠨ ᠠᠴᠠ ᠪᠣᠯᠵᠤ ᠦᠷᠭᠦᠯᠵᠢᠯᠡᠨ ᠬᠡᠷᠡᠭᠯᠡᠬᠦ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠪᠠᠷᠢᠯᠭ᠎ᠠ ᠶᠢᠨ ᠥᠮᠴᠢᠯᠡᠯ ᠤᠨ ᠡᠷᠬᠡᠲᠦ ᠬᠥᠮᠦᠨ ᠪᠤᠶᠤ ᠬᠠᠮᠢᠶᠠᠷᠤᠯᠲᠠ ᠶᠢᠨ ᠨᠢᠭᠡᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠰᠢᠢᠳᠪᠦᠷᠢᠯᠡᠵᠦ ᠠᠷᠢᠯᠭᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠢ᠃          ᠲᠠᠪᠤᠳᠤᠭᠠᠷ ᠪᠦᠯᠦᠭ  ᠤᠰᠤᠯᠠᠯᠳᠠ ᠪᠠ ᠤᠰᠤ ᠵᠠᠯᠠᠬᠤ ᠬᠠᠮᠢᠶᠠᠷᠤᠯᠲᠠ          ᠬᠤᠷᠢᠨ ᠵᠢᠷᠭᠤᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠠᠷᠢᠶᠠᠯᠠᠩ ᠤᠨ ᠤᠰᠤᠯᠠᠯᠲᠠ ᠶᠢᠨ ᠤᠰᠤ ᠵᠠᠯᠠᠬᠤ ᠠᠵᠢᠯ ᠳᠤ ᠲᠠᠯᠪᠢᠬᠤ ᠬᠢᠨᠠᠯᠲᠠ ᠪᠠ ᠵᠢᠯᠤᠭᠤᠳᠤᠯᠭ᠎ᠠ ᠪᠠᠨ ᠴᠢᠩᠭᠠᠳᠬᠠᠵᠤ᠂ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃      ᠬᠤᠷᠢᠨ ᠳᠣᠯᠣᠳᠤᠭᠠᠷ ᠵᠦᠢᠯ  ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠣᠭᠲᠠᠭᠠᠨ ᠬᠠᠮᠢᠶᠠᠷᠬᠤ ᠶᠢ ᠤᠶᠠᠯᠳᠤᠭᠤᠯᠬᠤ ᠲᠦᠷᠢᠮ ᠢ ᠬᠡᠷᠡᠭᠵᠢᠭᠦᠯᠦᠨ᠎ᠡ᠃      ᠲᠠᠷᠢᠮᠠᠯ ᠤᠨ ᠤᠰᠤᠯᠠᠯᠲᠠ ᠳᠤ ᠬᠡᠷᠡᠭᠯᠡᠬᠦ ᠤᠰᠤᠨ ᠤ ᠨᠤᠷᠮ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠲᠣᠭᠲᠠᠭᠠᠵᠤ ᠨᠡᠶᠢᠲᠡᠯᠡᠨ᠎ᠡ᠃      ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤᠨ ᠤ ᠦᠨ᠎ᠡ ᠶᠢ ᠵᠦᠢ ᠵᠣᠬᠢᠰᠲᠠᠶ ᠪᠠᠷ ᠲᠣᠭᠲᠠᠭᠠᠵᠤ᠂ ᠲᠥᠯᠥᠪᠦᠷᠢ ᠲᠠᠢ ᠪᠠᠷ ᠬᠡᠷᠡᠭᠯᠡᠭᠦᠯᠵᠦ᠂ ᠬᠡᠮᠵᠢᠶ᠎ᠡ ᠪᠠᠷ ᠰᠦᠢᠳᠬᠡᠯ ᠬᠤᠷᠢᠶᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ  ᠨᠢᠭᠡᠴᠢ ᠨᠦᠭᠦᠳ ᠬᠠᠷᠢᠶᠠᠯᠠᠬᠤ ᠡᠷᠬᠡ ᠲᠠᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠣᠨ ᠤ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢ ᠦᠨᠳᠦᠰᠦᠯᠡᠨ᠂ ᠤᠰᠤᠯᠠᠯᠲᠠ ᠶᠢᠨ ᠣᠷᠣᠨ ᠤ ᠳᠣᠲᠣᠷᠠᠬᠢ ᠤᠰᠤ ᠬᠡᠷᠡᠭᠯᠡᠬᠦ ᠲᠥᠯᠥᠪᠯᠡᠭᠡ ᠪᠣᠯᠤᠨ ᠲᠣᠬᠢᠷᠠᠭᠤᠯᠬᠤ ᠲᠥᠰᠦᠯ ᠲᠣᠭᠲᠠᠭᠠᠵᠤ᠂ ᠤᠰᠤ ᠬᠡᠷᠡᠭᠯᠡᠬᠦ ᠡᠷᠥᠭᠡ ᠯᠦᠭᠡ ᠤᠰᠤ ᠬᠡᠷᠡᠭᠯᠡᠬᠦ ᠵᠥᠪᠯᠡᠯᠴᠡᠭᠡᠷ ᠲᠣᠭᠲᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ  ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤ ᠨᠢ ᠵᠣᠬᠢᠴᠠᠩᠭᠤᠶ ᠤᠰᠤᠨ ᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤᠨ ᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠲᠠᠷᠢᠶᠠᠯᠠᠩ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ  ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠴᠢᠨᠠᠷ ᠤᠨ ᠬᠢᠨᠠᠯᠳᠠ ᠬᠡᠮᠵᠢᠯᠳᠡ ᠶᠢ ᠴᠢᠩᠭᠠᠳᠬᠠᠬᠤ ᠬᠡᠷᠡᠭᠲᠡᠢ᠃      ᠭᠤᠴᠢᠳᠤᠭᠠᠷ ᠵᠦᠢᠯ  ᠤᠯᠤᠰ ᠠᠴᠠ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠤᠰᠤ ᠵᠠᠯᠠᠬᠤ ᠮᠡᠷᠭᠡᠵᠢᠯ ᠪᠠ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠵᠤ᠂ ᠬᠤᠵᠢᠷᠯᠢᠬ ᠭᠠᠵᠠᠷ ᠪᠠ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠠᠬᠢᠭᠤᠯᠤᠨ᠎ᠠ︔ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ᠬᠡᠮᠵᠢᠶ᠎ᠡ ᠶᠢ ᠬᠢᠵᠠᠭᠠᠷᠯᠠᠬᠤ ᠪᠠ ᠵᠦᠢ ᠵᠣᠬᠢᠰᠲᠠᠶ ᠪᠠᠷ ᠠᠰᠢᠭᠯᠠᠵᠤ᠂ ᠪᠤᠷᠳᠤᠭᠤᠷ ᠤᠨ ᠠᠯᠳᠠᠭᠳᠠᠯ ᠢ ᠪᠠᠭᠠᠰᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠬᠤᠷᠢᠭᠯᠠᠨ᠎ᠠ᠃      ᠭᠤᠴᠢᠨ ᠨᠢᠭᠡᠳᠦᠭᠡᠷ ᠵᠦᠢᠯ  ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠠᠷᠢᠶᠠᠯᠠᠩ ᠤᠨ ᠤᠰᠤᠯᠠᠯᠲᠠ ᠶᠢᠨ ᠤᠰᠤ ᠵᠠᠯᠠᠬᠤ ᠲᠤᠷᠰᠢᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠤᠰᠤᠯᠠᠯᠲᠠ ᠶᠢᠨ ᠲᠤᠷᠰᠢᠯᠲᠠ ᠶᠢᠨ ᠦᠷᠳᠡᠭᠡ ᠨᠦᠭᠦᠳ ᠲᠠᠷᠢᠶᠠᠯᠠᠩ ᠤᠨ ᠤᠰᠤᠯᠠᠯᠲᠠ ᠶᠢᠨ ᠤᠰᠤ ᠵᠠᠯᠠᠬᠤ ᠲᠤᠷᠰᠢᠯᠲᠠ ᠶᠢᠨ ᠰᠤᠳᠤᠯᠭᠠᠨ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠵᠤ᠂ ᠤᠰᠤ ᠬᠡᠷᠡᠭᠯᠡᠬᠦ ᠡᠷᠦᠭᠡ ᠶᠢᠨ ᠰᠢᠨᠵᠢᠯᠡᠬᠦ ᠤᠬᠠᠭᠠᠨᠴᠢ ᠪᠠᠷ ᠤᠰᠤᠯᠠᠬᠤ ᠪᠠ ᠤᠰᠤ ᠵᠠᠯᠠᠬᠤ ᠶᠢ ᠵᠢᠯᠣᠭᠤᠳᠬᠤ ᠬᠡᠷᠡᠭᠲᠡᠶ᠃      ᠭᠤᠴᠢᠨ ᠬᠤᠶᠠᠳᠤᠭᠠᠷ ᠵᠦᠢᠯ  ᠤᠯᠤᠰ ᠠᠴᠠ ᠰᠦᠷᠴᠢᠨ ᠤᠰᠤᠯᠠᠬᠤ᠂ ᠪᠢᠴᠢᠯ ᠤᠰᠤᠯᠠᠯᠲᠠ᠂ ᠳᠠᠮᠵᠢᠭᠤᠯᠬᠤ ᠬᠤᠭᠤᠯᠠᠶ ᠪᠠᠷ ᠤᠰᠤ ᠳᠠᠮᠵᠢᠭᠤᠯᠬᠤ ᠤᠰᠤᠯᠠᠯᠲᠠ᠂ ᠤᠰᠤᠨ ᠰᠤᠪᠠᠭ ᠤᠨ ᠨᠡᠪᠴᠢᠬᠦ ᠶᠢ ᠰᠡᠷᠭᠡᠶᠢᠯᠡᠨ ᠤᠰᠤ ᠳᠠᠮᠵᠢᠭᠤᠯᠬᠤ ᠤᠰᠤᠯᠠᠯᠲᠠ ᠵᠡᠷᠭᠡ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠵᠢᠴᠢ ᠲᠡᠷᠢᠭᠦᠨ ᠤ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠮᠡᠷᠭᠡᠰᠢᠯ ᠪᠠ ᠠᠮᠢᠳᠤ ᠪᠣᠳᠠᠰ ᠤᠨ ᠮᠡᠷᠭᠡᠵᠢᠯ ᠵᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠤᠰᠤᠯᠠᠯᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠭᠤᠴᠢᠨ ᠭᠤᠷᠪᠠᠳᠤᠭᠠᠷ ᠵᠦᠢᠯ  ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠤᠨ ᠤᠰᠤ ᠬᠦᠨᠳᠦ ᠨᠣᠴᠢᠲᠠᠶ ᠳᠤᠲᠠᠭᠳᠠᠬᠤ᠂ ᠠᠮᠢ ᠠᠬᠤᠶ ᠣᠷᠴᠢᠨ ᠲᠣᠭᠤᠷᠢᠨ ᠬᠡᠪᠡᠷᠡᠭ ᠭᠠᠵᠠᠷ ᠣᠷᠣᠨ ᠵᠢᠴᠢ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ ᠳᠤ ᠤᠰᠤ ᠠᠷᠪᠢᠯᠠᠬᠤ ᠤᠰᠤᠯᠠᠯᠲᠠ ᠶᠢ ᠡᠩ ᠲᠡᠷᠢᠭᠦᠨ ᠳᠤ ᠬᠥᠭᠵᠢᠭᠦᠯᠬᠦ ᠬᠡᠷᠡᠭᠲᠡᠶ᠃      ᠤᠯᠤᠰ ᠠᠴᠠ ᠠᠵᠤ ᠠᠬᠤᠶᠢᠯᠠᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ ᠵᠡᠷᠭᠡ ᠨᠢᠭᠡᠴᠢ ᠪᠠ ᠬᠤᠪᠢ ᠬᠥᠮᠦᠨ ᠤ ᠪᠡᠯᠡ ᠣᠷᠣᠭᠤᠯᠤᠨ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠵᠤ᠂ ᠡᠳ᠋ ᠤᠨ ᠵᠠᠰᠠᠭ ᠠᠴᠠ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃      ᠭᠤᠴᠢᠨ ᠳᠥᠷᠪᠡᠳᠦᠭᠡᠷ ᠵᠦᠢᠯ  ᠲᠠᠸᠠᠷ ᠤᠨ ᠠᠮᠤ᠂ ᠬᠥᠪᠥᠩ᠂ ᠲᠤᠰᠤ᠂ ᠨᠣᠭᠤᠭ᠎ᠠ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠳᠠᠭᠠᠨ ᠲᠤᠬᠠᠶ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ ᠢ ᠭᠦᠢᠴᠡᠳ ᠪᠣᠳᠣᠯᠬᠢᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠤᠰᠤ ᠶᠡᠭᠡ ᠬᠤᠷᠣᠭᠳᠠᠭᠤᠯᠬᠤ ᠲᠠᠷᠢᠮᠠᠯ ᠢ ᠬᠥᠭᠵᠢᠭᠦᠯᠬᠦ ᠶᠢ ᠬᠢᠵᠠᠭᠠᠷᠯᠠᠨ᠎ᠠ︔ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠲᠠᠷᠢᠶᠠᠯᠠᠩ ᠤᠨ ᠤᠰᠤᠯᠠᠯᠲᠠ   ᠳᠤ ᠭᠠᠵᠠᠷ ᠳᠣᠣᠷᠠᠬᠢ ᠤᠰᠤ ᠶᠢ ᠰᠢᠨ᠎ᠡ ᠪᠠᠷ ᠨᠡᠮᠡᠭᠳᠡᠭᠦᠯᠦᠨ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠃          ᠵᠢᠷᠭᠤᠳᠤᠭᠠᠷ ᠪᠦᠯᠦᠭ  ᠪᠠᠲᠤᠯᠠᠬᠤ ᠪᠠ ᠲᠡᠳᠬᠦᠬᠦ          ᠭᠤᠴᠢᠨ ᠲᠠᠪᠤᠳᠤᠭᠠᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠵᠠᠰᠠᠭ ᠤᠨ ᠣᠷᠳᠣᠨ ᠤ ᠣᠷᠣᠭᠤᠯᠤᠯᠲᠠ ᠪᠠ ᠨᠡᠶᠢᠭᠡᠮ ᠤᠨ ᠬᠦᠴᠦᠨ ᠤ ᠣᠷᠣᠭᠤᠯᠤᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠡᠠ ᠠᠷᠭ᠎ᠠ ᠵᠡᠮ ᠢᠶᠠᠷ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠶᠢ ᠴᠤᠭᠯᠠᠭᠤᠯᠵᠤ᠂ ᠲᠠᠷᠢᠶᠠᠯᠠᠩ ᠤᠨ ᠤᠰᠦᠠ ᠠᠰᠢᠭᠯᠠᠯᠲᠠ ᠶᠢᠨ ᠪᠦᠳᠦᠭᠡᠠ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢ ᠪᠠᠳᠤᠯᠠᠨ᠎ᠠ᠃      ᠭᠤᠴᠢᠨ ᠵᠢᠷᠭᠤᠳᠤᠭᠠᠷ ᠵᠦᠢᠯ  ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠬᠡᠷᠡᠭᠵᠢᠭᠦᠯᠬᠦ ᠲᠥᠯᠥᠪᠯᠡᠭᠡ᠂ ᠪᠦᠲᠦᠭᠡᠨ ᠪᠠᠶᠢᠭᠤᠯᠬᠤ ᠨᠥᠬᠦᠴᠡᠯ᠂ ᠨᠥᠬᠦᠪᠥᠷᠢ ᠥᠭᠬᠦ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠭᠡᠮ ᠤᠨ ᠬᠦᠴᠦᠨ ᠤ ᠲᠠᠷᠢᠶᠠᠯᠠᠩ ᠤᠨ ᠤᠰᠤᠯᠠᠯᠲᠠ ᠶᠢᠨ ᠦᠢᠯᠡᠴᠢᠯᠡᠭᠡ ᠬᠠᠩᠭᠠᠬᠤ᠂ ᠤᠰᠤ ᠬᠠᠩᠭᠠᠬᠤ ᠰᠦᠢᠳᠬᠡᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠲᠡᠮᠵᠢᠵᠤ᠂ ᠲᠡᠳᠡᠨ ᠤ ᠬᠠᠤᠯᠢ ᠶᠣᠰᠣᠨ ᠤ ᠡᠵᠡᠩᠨᠡᠯᠲᠡ ᠶᠢᠨ ᠠᠰᠢᠭ ᠣᠯᠵᠠᠪᠤᠷᠢ ᠶᠢ ᠪᠠᠲᠤᠯᠠᠬᠤ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠨᠡᠶᠢᠭᠡᠮ ᠤᠨ ᠬᠦᠴᠦᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠳᠤ ᠵᠢᠯᠤᠭᠤᠳᠤᠯᠭ᠎ᠠ ᠪᠠ ᠮᠡᠷᠭᠡᠵᠢᠯ ᠤᠨ ᠲᠡᠮᠵᠢᠯᠭᠡ ᠬᠠᠩᠭᠠᠬᠤ ᠬᠡᠷᠡᠭᠲᠡᠢ᠃      ᠭᠤᠴᠢᠨ ᠳᠣᠯᠣᠳᠤᠭᠠᠷ ᠵᠦᠢᠯ  ᠤᠯᠤᠰ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠵᠦᠢᠯᠡᠰ ᠤᠨ ᠣᠨᠴᠠᠯᠢᠭ ᠲᠤ ᠨᠡᠶᠢᠴᠡᠭᠰᠡᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠠᠷᠭ᠎ᠠ ᠮᠠᠶ᠋ᠢᠭ ᠢ ᠭᠠᠷᠭᠠᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃      ᠲᠠᠷᠢᠶᠠᠨ ᠭᠠᠵᠠᠷ ᠤᠨ ᠤᠰᠤᠯᠠᠯᠲᠠ ᠪᠠ ᠤᠰᠤ ᠲᠠᠲᠠᠷᠠᠭᠤᠯᠬᠤ ᠳᠤ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠡ ᠶᠢ ᠬᠡᠷᠡᠭᠵᠢᠭᠦᠯᠦᠨ᠎ᠡ᠃      ᠭᠤᠴᠢᠨ ᠨᠠᠢᠮᠠᠳᠤᠭᠠᠷ ᠵᠦᠢᠯ  ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ       ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠤᠬᠠᠶᠢᠯᠠᠭᠰᠠᠨ ᠠᠵᠢᠯ ᠤᠨ ᠵᠠᠷᠤᠳᠠᠯ ᠢ ᠲᠤᠰ ᠱᠠᠲᠤᠨ ᠤ ᠦᠨᠳᠦᠰᠦᠨ ᠱᠠᠲᠤᠨ   ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠲᠡᠶ᠃      ᠤᠯᠤᠰ ᠠᠴᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠠᠷᠢᠶᠠᠨ ᠭᠠᠵᠠᠷ ᠤᠨ ᠤᠰᠤᠯᠠᠯᠲᠠ ᠪᠠ ᠤᠰᠤ ᠵᠠᠯᠠᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠥᠷᠨᠢᠭᠦᠯᠬᠦ ᠶᠢ ᠲᠡᠮᠵᠢᠨ᠎ᠡ᠃      ᠭᠤᠴᠢ ᠶᠢᠰᠦᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠢᠨ᠎ᠡ ᠮᠡᠷᠭᠡᠵᠢᠯ ᠢ ᠳᠡᠯᠭᠡᠷᠡᠭᠦᠯᠬᠦ ᠭᠠᠷᠴᠠᠭ ᠪᠠ ᠪᠣᠯᠪᠠᠰᠤᠷᠠᠭᠤᠯᠬᠤ ᠲᠥᠯᠥᠪᠯᠡᠭᠡ ᠶᠢ ᠲᠣᠭᠲᠠᠭᠠᠵᠤ᠂ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠠᠵᠢᠯᠲᠠᠨ ᠪᠠ ᠲᠠᠷᠢᠶᠠᠴᠢᠳ ᠲᠤ ᠬᠢᠬᠦ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃      ᠳᠥᠴᠢᠳᠦᠭᠡᠷ ᠵᠦᠢᠯ  ᠲᠠᠷᠢᠶᠠᠯᠠᠩ ᠤᠨ ᠤᠰᠤᠨ ᠠᠰᠢᠭᠯᠠᠯᠲᠠ ᠶᠢᠨ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃          ᠳᠣᠯᠣᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ          ᠳᠥᠴᠢᠨ ᠨᠢᠭᠡᠳᠦᠭᠡᠷ ᠵᠦᠢᠯ  ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠴᠢᠨ ᠬᠤᠶᠠᠳᠤᠭᠠᠷ ᠵᠦᠢᠯ  ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠨᠢᠭᠡᠴᠢ ᠨᠢ ᠲᠣᠭᠲᠠᠭᠠᠯ ᠶᠣᠰᠣᠭᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠲᠤᠬᠢᠷᠠᠭᠤᠯᠤᠯᠳᠠ ᠬᠢᠭᠰᠡᠨ ᠦᠭᠡᠢ᠂ ᠣᠨ ᠤ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠬᠠᠷᠢᠭᠤᠴᠠᠯᠭ᠎ᠠ ᠶᠢᠨ ᠡ᠊ᠨᠳᠡᠯ ᠭᠠᠷᠤᠭᠰᠠᠨ ᠪᠤᠶᠤ ᠪᠤᠰᠤᠳ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠴᠢᠨ ᠭᠤᠷᠪᠠᠳᠤᠭᠠᠷ ᠵᠦᠢᠯ  ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠤᠶᠤ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠤᠤᠯ ᠤᠨ ᠪᠠᠶᠢᠳᠠᠯ ᠢ ᠨᠢ ᠰᠡᠷᠭᠦᠭᠡᠭᠰᠡᠨ ᠤᠢᠭᠡᠢ ᠪᠤᠶᠤ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠤᠢᠭᠡᠢ ᠪᠠᠶᠢᠪᠠᠯ᠂ ᠬᠠᠤᠯᠢ ᠶᠣᠰᠣᠭᠠᠷ ᠠᠯᠪᠡᠳᠡᠠ ᠭᠦᠢᠴᠡᠳᠬᠡᠭᠦᠯᠦᠨ᠎ᠡ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠭᠦᠯᠦᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠤᠰᠤ ᠬᠠᠳᠠᠭᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠣᠳᠠᠰ ᠢ ᠣᠪᠣᠭᠠᠯᠠᠨ ᠲᠠᠯᠪᠢᠬᠤ︔      ︵ᠬᠤᠶᠠᠷ︶ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠤᠰᠤ ᠬᠠᠳᠠᠭᠠᠯᠠᠬᠤ᠂ ᠤᠰᠤ ᠳᠠᠮᠵᠢᠭᠤᠯᠬᠤ᠂ ᠤᠰᠤ ᠵᠠᠯᠠᠬᠤ ᠶᠢ ᠬᠠᠷᠰᠢᠯᠠᠬᠤ ᠪᠠᠷᠢᠯᠭ᠎ᠠ ᠪᠣᠯᠤᠨ ᠪᠠᠷᠢᠯᠭ᠎ᠠ ᠶᠢᠨ ᠵᠦᠢᠯ ᠢ ᠪᠥᠳᠥᠭᠡᠨ ᠪᠠᠶᠢᠭᠤᠯᠬᠤ  ︔      ︵ᠭᠤᠷᠪᠠ︶ ᠲᠠᠷᠢᠶᠠᠯᠠᠩ ᠤᠨ ᠤᠰᠤᠯᠠᠯᠲᠠ ᠶᠢᠨ ᠤᠰᠤᠨ ᠰᠤᠷᠪᠤᠯᠵᠢ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ᠃      ᠳᠥᠴᠢᠨ ᠳᠥᠷᠪᠡᠳᠦᠭᠡᠷ ᠵᠦᠢᠯ  ᠲᠤᠰ ᠲᠥᠷᠢᠮ ᠤᠨ ᠲᠣᠭᠲᠠᠭᠠᠯ ᠠᠴᠠ ᠵᠥᠷᠢᠴᠡᠵᠦ᠂ ᠲᠠᠷᠢᠶᠠᠨ ᠭᠠᠵᠠᠷ  ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢ ᠡᠵᠡᠯᠡᠭᠰᠡᠨ᠂ ᠡᠪᠳᠡᠨ ᠰᠦᠢᠳᠬᠡᠭᠰᠡᠨ ᠵᠢᠴᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠠᠶᠤᠯ ᠥᠭᠡᠢ ᠶᠢ ᠬᠤᠬᠢᠷᠠᠭᠤᠯᠬᠤ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠥᠢᠯᠡ ᠠᠵᠢᠯᠯᠠᠭ᠎ᠠ ᠲᠠᠢ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠲᠣᠭᠲᠠᠭᠠᠯ ᠶᠣᠰᠣᠭᠠᠷ  ᠰᠢᠢᠳᠪᠤᠷᠢᠯᠡᠨ᠎ᠡ᠃      ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠲᠠᠩ ᠬᠠᠰᠢᠯᠭ᠎ᠠ᠂ ᠭᠤᠤ ᠰᠤᠪᠠᠭ ᠲᠤ ᠪᠣᠬᠢᠷ ᠤᠰᠤ ᠭᠠᠳᠠᠭᠰᠢᠯᠠᠭᠤᠯᠤᠭᠰᠠᠨ᠂ ᠬᠤᠭ ᠨᠣᠪᠰᠢ ᠵᠢᠴᠢ ᠪᠤᠰᠤᠳ ᠬᠠᠶᠠᠭᠳᠠᠮᠠᠯ ᠪᠣᠳᠠᠰ ᠢ ᠴᠢᠳᠬᠤᠭᠰᠠᠨ ᠪᠠᠶᠢᠪᠠᠯ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠤᠷᠢᠯᠡᠨ᠎ᠡ᠃          ᠨᠠᠢᠮᠠᠳᠤᠭᠠᠷ ᠪᠦᠯᠦᠭ   ᠲᠠᠭᠠᠯᠳᠤᠭᠤᠯᠤᠯ ᠲᠦᠷᠢᠮ          ᠳᠥᠴᠢᠨ ᠲᠠᠪᠤᠳᠤᠭᠠᠷ ᠵᠤᠶᠢᠯ  ᠲᠣᠰ ᠲᠦᠷᠢᠮ ᠢ 2016 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号