ᠬᠤᠲᠠ ᠶᠢᠨ ᠤᠰᠤ ᠬᠠᠩᠭᠠᠬᠤ ᠲᠦᠷᠢᠮ
ᠨᠡᠶᠢᠲᠡᠯᠡᠭᠰᠡᠨ ᠴᠠᠭ᠄
2021/9/9
     ︵1994 ᠣᠨ ᠤ 7 ᠰᠠᠷ᠎ᠠ ᠶᠢᠨ 19 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 158 ᠳ᠋ᠤᠭᠠᠷ ᠵᠠᠷᠯᠢᠭ ᠢᠶᠠᠷ ᠨᠡᠶᠢᠲᠡᠯᠡᠪᠡ᠃ 2018 ᠣᠨ ᠤ 3 ᠰᠠᠷ᠎ᠠ  ᠶᠢᠨ 19 ᠤ ᠡᠳᠦᠷ ᠤᠨ ︽ᠵᠠᠰᠠᠭ ᠵᠠᠬᠢᠷᠭᠠᠨ ᠤ ᠬᠡᠰᠡᠭ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠲᠡᠭᠦᠨ ᠢ ᠬᠦᠴᠦᠨ ᠦᠭᠡᠢ ᠪᠣᠯᠭᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠤᠷᠤᠭᠤᠯᠪᠠ︶          ᠨᠢᠭᠡᠳᠦᠭᠡᠷ ᠪᠦᠯᠦᠭ   ᠶᠡᠷᠦᠩᠬᠡᠢ ᠲᠦᠷᠢᠮ          ᠨᠢᠭᠡᠳᠦᠭᠡᠷ ᠵᠦᠢᠯ  ᠬᠤᠳᠠ ᠶᠢᠨ ᠤᠰᠤ ᠬᠠᠩᠭᠠᠬᠤ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠤᠰᠤ ᠬᠠᠩᠭᠠᠬᠤ ᠦᠢᠯᠡᠰ ᠢ ᠬᠥᠭᠵᠢᠭᠦᠯᠵᠦ᠂ ᠬᠤᠳᠠ ᠶᠢᠨ ᠠᠮᠢᠳᠤᠷᠠᠯ᠂ ᠦᠢᠯᠡᠳᠪᠦᠷᠢᠯᠡᠯ ᠳᠤ ᠬᠡᠷᠡᠭᠯᠡᠬᠦ ᠤᠰᠤ ᠪᠠ ᠪᠤᠰᠤᠳ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠤᠰᠤ ᠶᠢ ᠪᠠᠲᠤᠯᠠᠬᠤ ᠶᠢᠨ ᠲᠥᠯᠥᠭᠡ ᠲᠤᠰ ᠲᠦᠷᠢᠮ ᠢ ᠲᠣᠭᠲᠠᠭᠠᠪᠠ᠃      ᠬᠤᠶᠠᠳᠤᠭᠠᠷ ᠵᠦᠢᠯ  ᠲᠤᠰ ᠲᠥᠷᠢᠮ ᠳᠤ ᠬᠡᠯᠡᠵᠦ ᠪᠠᠶᠢᠭ᠎ᠠ ᠬᠤᠳᠠ ᠶᠢᠨ ᠤᠰᠤ ᠬᠠᠩᠭᠠᠬᠤ ᠭᠡᠳᠡᠭ ᠨᠢ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠪᠠ ᠥᠪᠡᠷ ᠲᠡᠭᠡᠨ ᠪᠠᠶᠢᠭᠤᠯᠤᠭᠰᠠᠨ ᠪᠡᠯᠡᠳᠬᠡᠮᠵᠢ ᠪᠠᠷ ᠤᠰᠤ ᠬᠠᠩᠭᠠᠬᠤ ᠶᠢ  ᠵᠢᠭᠠᠵᠤ ᠪᠤᠢ᠃      ᠲᠣᠰ ᠲᠦᠷᠢᠮ ᠳᠤ ᠬᠡᠯᠡᠵᠦ ᠪᠠᠶᠢᠭ᠎ᠠ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠭᠡᠳᠡᠭ ᠨᠢ ᠬᠤᠲᠠ ᠶᠢᠨ ᠲᠦᠭᠡᠭᠡᠯ ᠤᠰᠤᠨ ᠤ ᠤᠰᠤ ᠬᠠᠩᠭᠠᠬᠤ ᠠᠵᠤ ᠠᠬᠤᠶᠢᠯᠠᠯ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠵᠢᠴᠢ ᠲᠡᠭᠦᠨ ᠤ ᠳᠠᠭᠠᠯᠲᠠ ᠪᠡᠯᠡᠳᠬᠡᠮᠵᠢ ᠪᠠᠷ ᠢᠶᠠᠨ ᠨᠢᠭᠡᠴᠢ ᠪᠠ ᠰᠠᠭᠤᠭᠠᠯᠢ ᠠᠷᠠᠳ ᠤᠨ ᠠᠮᠢᠳᠤᠷᠠᠯ᠂ ᠦᠢᠯᠡᠳᠪᠤᠷᠢᠯᠡᠯ ᠪᠠ ᠪᠤᠰᠤᠳ ᠡᠯ᠎ᠡ  ᠵᠤᠶᠢᠯ ᠤᠨ ᠪᠥᠲᠥᠭᠡᠨ ᠪᠠᠶᠢᠭᠤᠯᠤᠯᠲᠠ ᠳᠤ ᠤᠰᠤ ᠬᠠᠩᠭᠠᠬᠤ ᠶᠢ       ᠵᠢᠭᠠᠵᠤ ᠪᠣᠶ᠃      ᠲᠣᠰ ᠲᠦᠷᠢᠮ ᠳᠤ ᠬᠡᠯᠡᠵᠦ ᠪᠠᠶᠢᠭ᠎ᠠ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢ ᠪᠠᠷ ᠤᠰᠤ ᠬᠠᠩᠭᠠᠬᠤ ᠭᠡᠳᠡᠭ ᠨᠢ ᠬᠤᠲᠠ ᠶᠢᠨ ᠤᠰᠤ ᠬᠡᠷᠡᠭᠯᠡᠬᠦ ᠨᠢᠭᠡᠴᠢ ᠨᠢ ᠥᠪᠡᠷ ᠢᠶᠠᠨ ᠪᠠᠶᠢᠭᠤᠯᠤᠭᠰᠠᠨ ᠤᠰᠤ ᠬᠠᠩᠭᠠᠬᠤ ᠬᠤᠭᠤᠯᠠᠶ ᠵᠢᠴᠢ ᠳᠠᠭᠠᠯᠲᠠ ᠪᠡᠯᠡᠳᠬᠡᠮᠵᠢ ᠪᠠᠷ ᠢᠶᠠᠨ ᠭᠤᠤᠯᠳᠠᠭᠤ ᠲᠣᠰ ᠨᠢᠭᠡᠴᠢ ᠶᠢᠨ ᠢᠶᠠᠨ ᠠᠮᠢᠳᠤᠷᠠᠯ᠂ ᠦᠢᠯᠡᠳᠪᠤᠷᠢᠯᠡᠯ ᠪᠠ ᠪᠤᠰᠤᠳ ᠡᠯ᠎ᠡ ᠵᠤᠶᠢᠯ ᠤᠨ ᠪᠥᠲᠥᠭᠡᠨ ᠪᠠᠶᠢᠭᠤᠯᠤᠯᠲᠠ ᠳᠤ ᠤᠰᠤ ᠬᠠᠩᠭᠠᠬᠤ ᠶᠢ ᠵᠢᠭᠠᠵᠤ ᠪᠣᠶ᠃      ᠭᠤᠷᠪᠠᠳᠤᠭᠠᠷ ᠵᠦᠢᠯ  ᠬᠤᠳᠠ ᠶᠢᠨ ᠤᠰᠤ ᠬᠠᠩᠭᠠᠬᠤ ᠠᠵᠢᠯ ᠢ ᠬᠢᠬᠦ ᠪᠠ ᠬᠤᠳᠠ ᠶᠢᠨ ᠤᠰᠤ ᠬᠠᠩᠭᠠᠬᠤ ᠠᠵᠢᠯ ᠢ ᠬᠡᠷᠡᠭᠯᠡᠬᠦ ᠳᠤ ᠡᠷᠬᠡᠪᠰᠢ ᠲᠤᠰ ᠲᠦᠷᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ  ᠬᠤᠳᠠ ᠶᠢᠨ ᠤᠰᠤ ᠬᠠᠩᠭᠠᠬᠤ ᠠᠵᠢᠯ ᠳᠤ ᠤᠰᠤᠨ ᠤ ᠰᠤᠷᠪᠤᠯᠵᠢ ᠶᠢ ᠨᠡᠭᠡᠭᠡᠨ ᠠᠰᠢᠭᠯᠠᠬᠤ ᠪᠠ ᠤᠰᠤ ᠶᠢ ᠲᠥᠯᠥᠪᠯᠡᠭᠡ ᠲᠠᠢ ᠪᠠᠷ ᠬᠡᠷᠡᠭᠯᠡᠬᠦ᠂ ᠤᠰᠤ ᠶᠢ ᠠᠷᠪᠢᠯᠠᠵᠤ ᠬᠡᠷᠡᠭᠯᠡᠬᠦ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠦᠨ᠎ᠡ᠃      ᠲᠠᠪᠤᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠳᠠ ᠶᠢᠨ ᠤᠰᠤ ᠬᠠᠩᠭᠠᠬᠤ ᠦᠢᠯᠡᠰ ᠢ ᠬᠥᠭᠵᠢᠭᠦᠯᠬᠦ ᠶᠠᠪᠤᠳᠠᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠳᠤ ᠤᠷᠤᠭᠤᠯᠬᠤ ᠬᠡᠷᠡᠭᠲᠡᠢ᠃      ᠵᠢᠷᠭᠤᠳᠤᠭᠠᠷ ᠵᠦᠢᠯ  ᠤᠯᠤᠰ ᠠᠴᠠ ᠬᠤᠳᠠ ᠶᠢᠨ ᠤᠰᠤ ᠬᠠᠩᠭᠠᠬᠤ ᠦᠢᠯᠡᠰ ᠤᠨ ᠬᠥᠭᠵᠢᠯᠲᠡ ᠳᠤ ᠠᠰᠢᠭᠲᠠᠶ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠤᠳᠠ ᠶᠢᠨ ᠤᠰᠤ ᠬᠠᠩᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠬᠢᠬᠦ ᠶᠢ ᠵᠣᠷᠢᠭᠵᠢᠭᠤᠯᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ᠂ ᠬᠤᠳᠠ ᠶᠢᠨ ᠤᠰᠤ ᠬᠠᠩᠭᠠᠬᠤ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠳᠣᠯᠣᠳᠤᠭᠠᠷ ᠵᠦᠢᠯ  ᠲᠥᠷᠥ ᠶᠢᠨ ᠶᠠᠪᠤᠳᠠᠯ ᠤᠨ ᠬᠤᠷᠢᠶᠠᠨ ᠤ ᠬᠤᠲᠠ ᠶᠢᠨ ᠪᠦᠲᠦᠭᠡᠨ ᠪᠠᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠤᠲᠠ ᠶᠢᠨ ᠤᠰᠤ ᠬᠠᠯᠭᠠᠬᠤ ᠠᠵᠢᠯ ᠢ ᠭᠤᠤᠯᠯᠠᠨ ᠬᠠᠮᠢᠶᠠᠷᠤᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠳᠠ ᠶᠢᠨ ᠤᠰᠤ ᠬᠠᠩᠭᠠᠬᠤ ᠠᠵᠢᠯ ᠢ ᠭᠤᠤᠯᠯᠠᠨ ᠬᠠᠮᠢᠶᠠᠷᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠲᠠ ᠶᠢᠨ ᠤᠰᠤ ᠬᠠᠩᠭᠠᠬᠤ ᠠᠵᠢᠯ ᠢ ᠭᠤᠤᠯᠯᠠᠨ ᠬᠠᠮᠢᠶᠠᠷᠤᠨ᠎ᠠ᠃      ᠨᠠᠢᠮᠠᠳᠤᠭᠠᠷ ᠵᠦᠢᠯ  ᠬᠤᠳᠠ ᠶᠢᠨ ᠤᠰᠤ ᠬᠠᠩᠭᠠᠬᠤ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠱᠠᠩᠨᠠᠨ ᠬᠥᠬᠢᠭᠦᠯᠦᠨ᠎ᠡ᠃          ᠬᠤᠶᠠᠳᠤᠭᠠᠷ ᠪᠦᠯᠦᠭ  ᠬᠤᠳᠠ ᠶᠢᠨ ᠬᠠᠩᠭᠠᠬᠤ ᠤᠰᠤᠨ ᠤ ᠰᠤᠷᠪᠤᠯᠵᠢ          ᠶᠢᠰᠦᠳᠦᠭᠡᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠤᠳᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠶᠢ ᠵᠣᠬᠢᠶᠠᠨ ᠪᠠᠶᠢᠭᠤᠯᠵᠤ ᠬᠤᠳᠠ ᠶᠢᠨ ᠬᠠᠩᠭᠠᠬᠤ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠬᠠᠮᠲᠤ ᠪᠠᠷ ᠨᠠᠶᠢᠷᠠᠭᠤᠯᠤᠨ ᠵᠣᠬᠢᠶᠠᠵᠤ᠂ ᠬᠤᠳᠠ ᠶᠢᠨ ᠤᠰᠤ ᠬᠠᠩᠭᠠᠬᠤ ᠬᠥᠭᠵᠢᠯᠲᠡ ᠶᠢᠨ ᠲᠥᠯᠥᠪᠵᠢᠭᠦᠯᠭᠡ ᠶᠢᠨ ᠪᠦᠷᠢᠯᠳᠦᠬᠦᠨ ᠬᠡᠰᠡᠭ ᠪᠣᠯᠭᠠᠵᠤ᠂ ᠬᠤᠳᠠ ᠶᠢᠨ ᠶᠡᠷᠦᠩᠬᠡᠶ ᠲᠦᠯᠦᠪᠵᠢᠬᠦᠯᠭᠡ ᠳᠤ ᠤᠷᠤᠭᠤᠯᠤᠨ᠎ᠠ᠃      ᠠᠷᠪᠠᠳᠤᠭᠠᠷ ᠵᠦᠢᠯ  ᠬᠤᠳᠠ ᠶᠢᠨ ᠬᠠᠩᠭᠠᠬᠤ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠬᠤᠳᠠ ᠶᠢᠨ ᠬᠥᠭᠵᠢᠯᠲᠡ ᠶᠢᠨ ᠬᠡᠷᠡᠭᠴᠡᠭᠡ ᠠᠴᠠ ᠡᠭᠦᠰᠬᠦ ᠶᠢᠨ ᠬᠠᠮᠲᠤ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠪᠠ ᠤᠰᠤᠨ ᠤ ᠤᠷᠳᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠯᠡᠭᠡ ᠲᠠᠢ ᠵᠣᠬᠢᠴᠠᠭᠤᠯᠬᠤ ᠬᠡᠷᠡᠭᠲᠡᠶ᠃     ᠠᠷᠪᠠᠨ ᠨᠢᠭᠡᠳᠦᠭᠡᠷ ᠵᠦᠢᠯ  ᠬᠤᠳᠠ ᠶᠢᠨ ᠬᠠᠩᠭᠠᠬᠤ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠲᠤᠬᠠᠶ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠨ᠂ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠶᠢ ᠠᠰᠢᠭᠯᠠᠬᠤ ᠪᠠᠷ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ᠃     ᠠᠷᠪᠠᠨ ᠬᠤᠶᠠᠳᠤᠭᠠᠷ ᠵᠦᠢᠯ  ᠬᠤᠳᠠ ᠶᠢᠨ ᠬᠠᠩᠭᠠᠬᠤ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠬᠤᠳᠠ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠡᠩ ᠲᠡᠷᠢᠭᠦᠨ ᠳᠤ ᠪᠠᠲᠤᠯᠠᠵᠤ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠪᠠ ᠪᠤᠰᠤᠳ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ ᠬᠡᠷᠡᠭᠲᠡᠶ᠃     ᠠᠷᠪᠠᠨ ᠭᠤᠷᠪᠠᠳᠤᠭᠠᠷ ᠵᠦᠢᠯ  ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠢ ᠬᠠᠮᠠᠭᠠᠯᠠᠬᠤ ᠰᠠᠯᠠᠭ᠎ᠠ ᠮᠥᠴᠢᠷ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠲᠠᠢ ᠬᠠᠮᠲᠤᠷᠠᠵᠤ ᠪᠠᠶᠢᠭᠠᠳ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠠᠮᠲᠤ ᠪᠠᠷ ᠵᠠᠭᠠᠭᠯᠠᠨ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠮᠤᠵᠢ᠂ ᠬᠤᠲᠠ᠂ ᠰᠢᠶᠠᠨ ᠠᠯᠤᠰᠯᠠᠭᠰᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠳᠤ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠪᠠᠷ ᠵᠥᠪᠳᠡᠯᠴᠡᠨ ᠲᠣᠭᠲᠠᠭᠠᠬᠤ ᠶᠢᠨ ᠬᠠᠮᠲᠤ ᠲᠡᠭᠦᠨ ᠤ ᠬᠠᠮᠲᠤ ᠶᠢᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠬᠡᠷᠡᠭᠲᠡᠶ᠃     ᠠᠷᠪᠠᠨ ᠳᠥᠷᠪᠡᠳᠦᠭᠡᠷ ᠵᠦᠢᠯ  ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠤᠰᠤᠨ ᠤ ᠴᠢᠨᠠᠷ ᠢ ᠪᠣᠬᠢᠷᠲᠤᠭᠤᠯᠬᠤ ᠠᠯᠢᠪᠠ ᠠᠵᠢᠯᠯᠠᠭ᠎ᠠ ᠶᠢ ᠴᠠᠭᠠᠵᠠᠯᠠᠨ᠎ᠠ᠃          ᠭᠤᠷᠪᠠᠳᠤᠭᠠᠷ ᠪᠦᠯᠦᠭ  ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ          ᠠᠷᠪᠠᠨ ᠲᠠᠪᠤᠳᠤᠭᠠᠷ ᠵᠦᠢᠯ  ᠬᠤᠲᠠ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠤᠲᠠ ᠶᠢᠨ ᠤᠰᠤ ᠬᠠᠩᠭᠠᠬᠤ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠣᠰᠣᠭᠠᠷ ᠬᠢᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠭ ᠲᠥᠯᠥᠪᠯᠡᠭᠡ ᠬᠢᠬᠦ ᠂ ᠪᠠᠷᠢᠯᠭ᠎ᠠ ᠪᠠᠷᠢᠬᠤ ᠳᠠᠭᠠᠨ ᠵᠣᠬᠢᠴᠠᠩᠭᠤᠶ ᠬᠢᠷᠢ ᠬᠡᠮ ᠤᠨ ᠦᠨᠡᠮᠯᠡᠯ ᠲᠠᠢ ᠵᠢᠷᠤᠭ ᠲᠥᠯᠥᠪᠯᠡᠭᠡ ᠬᠢᠬᠦ᠂ ᠪᠠᠷᠢᠯᠭ᠎ᠠ ᠪᠠᠷᠢᠬᠤ ᠨᠢᠭᠡᠴᠢ ᠳᠤ ᠨᠠᠶᠢᠳᠠᠵᠤ ᠡᠭᠦᠷᠭᠡᠯᠡᠭᠦᠯᠬᠦ ᠶᠢᠨ ᠬᠠᠮᠲᠤ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠵᠢᠷᠤᠮᠯᠠᠬᠤ ᠬᠡᠷᠡᠭᠲᠡᠶ᠃ ᠦᠨᠡᠮᠯᠡᠯ ᠦᠭᠡᠢ ᠪᠠᠷ ᠪᠤᠶᠤ ᠬᠢᠷᠢ ᠬᠡᠮ ᠤᠨ ᠦᠨᠡᠮᠯᠡᠯ ᠳᠤ ᠲᠣᠭᠲᠠᠭᠠᠭᠰᠠᠨ ᠡᠵᠡᠩᠨᠡᠯᠲᠡ ᠶᠢᠨ ᠬᠡᠪᠴᠢᠶᠡᠨ ᠠᠴᠠ ᠳᠠᠪᠠᠵᠤ ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠭ ᠲᠥᠯᠥᠪᠯᠡᠭᠡ ᠬᠢᠬᠦ᠂ ᠪᠠᠷᠢᠯᠭ᠎ᠠ ᠪᠠᠷᠢᠬᠤ ᠡᠭᠦᠷᠭᠡ ᠶᠢ ᠡᠭᠦᠷᠭᠡᠯᠡᠬᠦ ᠶᠢ ᠴᠠᠭᠠᠵᠠᠯᠠᠨ᠎ᠠ᠃      ᠠᠷᠪᠠᠨ ᠳᠣᠯᠣᠳᠤᠭᠠᠷ ᠵᠦᠢᠯ  ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠠᠵᠢᠯ ᠳᠠᠭᠤᠰᠤᠭᠰᠠᠨ ᠤ ᠲᠠᠷᠠᠭ᠎ᠠ᠂ ᠤᠯᠤᠰ ᠤᠨ ᠲᠣᠭᠲᠠᠭᠠᠯ ᠶᠣᠰᠣᠭᠠᠷ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ︔ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ ᠪᠠᠶᠢᠪᠠᠯ ᠠᠰᠢᠭᠯᠠᠯᠲᠠ ᠳᠤ ᠣᠷᠣᠭᠤᠯᠵᠤ ᠪᠣᠯᠬᠤ ᠤᠢᠭᠡᠢ᠃      ᠠᠷᠪᠠᠨ ᠨᠠᠢᠮᠠᠳᠤᠭᠠᠷ ᠵᠦᠢᠯ  ᠬᠤᠳᠠ ᠶᠢᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠵᠦᠢᠯᠡᠰ ᠲᠤ ᠬᠡᠷᠡᠭᠯᠡᠬᠦ ᠤᠰᠤ ᠶᠢ ᠨᠡᠮᠡᠭᠳᠡᠭᠦᠯᠬᠦ ᠴᠢᠬᠤᠯᠠᠲᠠᠢ ᠪᠠᠶᠢᠪᠠᠯ᠂ ᠢᠨᠵᠧᠨᠧᠷᠢᠩ ᠤᠨ ᠵᠦᠢᠯᠡᠰ ᠤᠨ ᠶᠡᠷᠦᠩᠬᠡᠢ ᠲᠦᠢᠮᠣ ᠲᠥᠰᠦᠪ ᠲᠤ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠠᠭᠲᠠᠭᠠᠬᠤ ᠬᠡᠷᠡᠭᠲᠡᠢ︔ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠡᠮᠵᠢᠶ᠎ᠡ ᠶᠢ ᠨᠡᠮᠡᠭᠳᠡᠭᠦᠯᠬᠦ ᠴᠢᠬᠤᠯᠠᠲᠠᠶ ᠪᠠᠶᠢᠪᠠᠯ᠂ ᠲᠡᠭᠦᠨ ᠤ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠥᠭᠴᠦ᠂ ᠲᠡᠳᠡᠨ ᠢᠶᠠᠷ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ ᠵᠣᠬᠢᠶᠠᠨ ᠪᠠᠶᠢᠭᠤᠯᠬᠤ ᠬᠡᠷᠡᠭᠲᠡᠶ᠃        ᠳᠥᠷᠪᠡᠳᠦᠭᠡᠷ ᠪᠦᠯᠦᠭ   ᠬᠤᠳᠠ ᠶᠢᠨ ᠤᠰᠤ ᠬᠠᠩᠭᠠᠬᠤ ᠡᠵᠡᠩᠨᠡᠯᠲᠡ          ᠠᠷᠪᠠ ᠶᠢᠰᠦᠳᠦᠭᠡᠷ ᠵᠦᠢᠯ  ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠷ ᠢᠶᠠᠨ ᠪᠠᠶᠢᠭᠤᠯᠤᠭᠰᠠᠨ ᠲᠥᠬᠦᠭᠡᠷᠦᠮᠵᠢ ᠪᠠᠷ ᠢᠶᠠᠨ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠤᠳ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠪᠠᠷ ᠪᠦᠷᠢᠳᠬᠡᠭᠦᠯᠵᠦ ᠳᠠᠩᠰᠠᠯᠠᠭᠤᠯᠤᠭᠰᠠᠨ ᠤ ᠲᠠᠷᠠᠭ᠎ᠠ ᠰᠠᠶ᠋ᠢ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠤᠨ᠎ᠠ᠃      ᠬᠤᠷᠢᠳᠤᠭᠠᠷ ᠵᠦᠢᠯ  ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠰᠦᠪᠡᠨ ᠪᠠᠶᠢᠭᠤᠯᠤᠭᠰᠠᠨ ᠲᠥᠬᠦᠭᠡᠷᠦᠮᠵᠢ ᠪᠠᠷ ᠢᠶᠠᠨ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠤᠳ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠶᠢᠨ ᠬᠠᠩᠭᠠᠬᠤ ᠤᠰᠤᠨ ᠤ ᠴᠢᠨᠠᠷ ᠢ ᠤᠯᠤᠰ ᠠᠴᠠ ᠲᠣᠭᠲᠠᠭᠠᠭᠰᠠᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ  ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠷ ᠢᠶᠠᠨ ᠲᠥᠬᠦᠭᠡᠷᠦᠮᠵᠢ ᠪᠠᠶᠢᠭᠤᠯᠵᠤ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠤᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠭᠤᠯᠠᠶ ᠶᠢᠨ ᠲᠣᠣᠷ ᠤᠨ ᠳᠠᠷᠤᠯᠲᠠ ᠶᠢ ᠬᠡᠮᠵᠢᠬᠦ ᠴᠡᠭ ᠭᠠᠷᠭᠠᠵᠤ᠂ ᠤᠰᠤᠨ ᠳᠠᠷᠤᠯᠲᠠ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠤᠰᠤ ᠬᠠᠩᠭᠠᠬᠤ ᠬᠤᠭᠤᠯᠠᠶ ᠶᠢᠨ ᠲᠣᠣᠷ ᠤᠨ ᠳᠠᠷᠤᠯᠲᠠ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠳᠡᠭᠡᠷ᠎ᠡ ᠰᠢᠭᠤᠳ ᠬᠥᠭᠡᠷᠭᠡ ᠤᠭᠰᠠᠷᠠᠵᠤ ᠤᠰᠤ ᠲᠠᠲᠠᠬᠤ ᠶᠢ ᠴᠠᠭᠠᠵᠠᠯᠠᠨ᠎ᠠ᠃      ᠬᠤᠷᠢᠨ ᠬᠤᠶᠠᠳᠤᠭᠠᠷ ᠵᠦᠢᠯ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠷ ᠢᠶᠠᠨ ᠪᠠᠶᠢᠭᠤᠯᠤᠭᠰᠠᠨ ᠲᠥᠬᠦᠭᠡᠷᠦᠮᠵᠢ ᠪᠠᠷ ᠢᠶᠠᠨ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠤᠳ ᠳᠠᠰᠤᠷᠠᠯᠳᠠ ᠦᠭᠡᠢ ᠤᠰᠤ ᠬᠠᠩᠭᠠᠬᠤ ᠶᠢ ᠪᠠᠲᠤᠯᠠᠬᠤ ᠬᠡᠷᠡᠭᠲᠡᠶ᠃  ᠪᠠᠷᠢᠯᠭ᠎ᠠ ᠶᠢᠨ ᠠᠵᠢᠯ ᠬᠢᠬᠦ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠰᠢᠯᠲᠠᠭᠠᠨ ᠠᠴᠠ ᠪᠣᠯᠵᠣ ᠤᠰᠤ ᠬᠠᠩᠭᠠᠬᠤ ᠶᠢ ᠦᠨᠡᠬᠡᠷ ᠵᠣᠭᠰᠣᠭᠠᠬᠤ ᠴᠢᠬᠤᠯᠠᠲᠠᠶ ᠪᠠᠶᠢᠪᠠᠯ᠂ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ 24 ᠴᠠᠭ ᠤᠨ ᠡᠮᠦᠨ᠎ᠡ ᠤᠰᠤ ᠬᠡᠷᠡᠭᠯᠡᠬᠦ ᠨᠢᠭᠡᠴᠢ ᠪᠠ ᠬᠤᠪᠢ ᠬᠥᠮᠦᠨ ᠳᠤ ᠮᠡᠳᠡᠭᠳᠡᠬᠦ ᠬᠡᠷᠡᠭᠲᠡᠶ︔ ᠭᠠᠮᠰᠢᠭ ᠪᠤᠶᠤ ᠪᠠᠴᠢᠮ ᠬᠡᠷᠡᠭ ᠭᠠᠷᠤᠭᠰᠠᠨ ᠠᠴᠠ ᠪᠤᠯᠵᠤ ᠤᠷᠢᠳᠴᠢᠯᠠᠨ ᠮᠡᠳᠡᠭᠳᠡᠵᠦ ᠳᠡᠶᠢᠯᠬᠦ ᠦᠭᠡᠢ ᠪᠠᠶᠢᠪᠠᠯ᠂ ᠵᠠᠪᠳᠤᠨ ᠵᠠᠰᠠᠬᠤ ᠶᠢᠨ ᠬᠠᠮᠲᠤ ᠤᠰᠤ ᠬᠡᠷᠡᠭᠯᠡᠬᠦ ᠨᠢᠭᠡᠴᠢ ᠪᠠ ᠬᠤᠪᠢ ᠬᠥᠮᠦᠨ ᠳᠤ ᠮᠡᠳᠡᠭᠳᠡᠵᠦ᠂ ᠬᠡᠪ ᠤᠨ ᠤᠰᠤᠨ ᠤ ᠬᠠᠩᠭᠠᠯᠭ᠎ᠠ ᠶᠢ ᠠᠯᠢ ᠲᠦᠷᠭᠡᠨ ᠢᠶᠠᠷ ᠰᠡᠷᠭᠦᠭᠡᠬᠦ ᠶᠢᠨ ᠬᠠᠮᠲᠤ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠬᠤᠷᠢᠨ ᠭᠤᠷᠪᠠᠳᠤᠭᠠᠷ ᠵᠦᠢᠯ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠷ ᠢᠶᠠᠨ ᠪᠠᠶᠢᠭᠤᠯᠤᠭᠰᠠᠨ ᠲᠥᠬᠦᠭᠡᠷᠦᠮᠵᠢ ᠪᠠᠷ ᠢᠶᠠᠨ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠤᠳ ᠠᠵᠢᠯᠳᠠᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠲᠦᠷᠢᠮ ᠢ ᠬᠡᠷᠡᠭᠵᠢᠭᠦᠯᠬᠦ ᠬᠡᠷᠡᠭᠲᠡᠶ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠳᠠ ᠶᠢᠨ ᠪᠦᠳᠦᠭᠡᠠ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯᠳᠡᠠ ᠢ ᠬᠠᠮᠢᠶᠠᠷᠬᠤ ᠰᠠᠯᠠᠭ᠎ᠠ ᠮᠦᠴᠢᠷ ᠵᠡᠷᠭᠡ ᠲᠠᠢ ᠬᠠᠮᠳᠤᠷᠠᠨ ᠲᠤᠭᠳᠠᠭᠠᠨ᠎ᠠ᠃      ᠬᠤᠷᠢᠨ ᠳᠥᠷᠪᠡᠳᠦᠭᠡᠷ ᠵᠦᠢᠯ  ᠤᠰᠤ ᠬᠡᠷᠡᠭᠯᠡᠬᠦ ᠨᠢᠭᠡᠴᠢ ᠪᠣᠯᠤᠨ ᠬᠤᠪᠢ ᠬᠥᠮᠦᠨ ᠲᠣᠭᠲᠠᠭᠠᠭᠰᠠᠨ ᠬᠡᠮᠵᠢᠯᠲᠡ ᠶᠢᠨ ᠪᠠᠷᠢᠮᠵᠢᠶ᠎ᠠ ᠪᠣᠯᠤᠨ ᠤᠰᠤᠨ ᠤ ᠦᠨ᠎ᠡ ᠶᠢᠨ ᠪᠠᠷᠢᠮᠵᠢᠶ᠎ᠠ ᠶᠣᠰᠣᠭᠠᠷ ᠤᠰᠤᠨ ᠤ ᠰᠦᠢᠳᠬᠡᠯ ᠢ ᠴᠠᠭ ᠲᠤᠬᠠᠶ ᠳᠤᠨᠢ ᠲᠤᠰᠢᠶᠠᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ ᠬᠤᠳᠠ ᠶᠢᠨ ᠤᠯᠠᠨ ᠨᠡᠶᠢᠲᠡ ᠶᠢᠨ ᠬᠠᠩᠭᠠᠬᠤ ᠤᠰᠤ ᠶᠢ ᠬᠤᠯᠠᠭᠠᠶᠢᠯᠠᠨ ᠬᠡᠷᠡᠭᠯᠡᠬᠦ ᠪᠤᠶᠤ ᠰᠢᠯᠵᠢᠭᠦᠯᠦᠨ ᠬᠠᠩᠭᠠᠬᠤ ᠶᠢ ᠴᠠᠭᠠᠵᠠᠯᠠᠨ᠎ᠠ᠃      ᠬᠤᠷᠢᠨ ᠵᠢᠷᠭᠤᠳᠤᠭᠠᠷ ᠵᠦᠢᠯ ᠬᠤᠳᠠ ᠶᠢᠨ ᠬᠠᠩᠭᠠᠬᠤ ᠤᠰᠤᠨ ᠤ ᠦᠨ᠎ᠡ ᠶᠢ ᠠᠮᠢᠳᠤᠷᠠᠯ ᠳᠤ ᠬᠡᠷᠡᠭᠯᠡᠬᠦ ᠤᠰᠤᠨ ᠤ ᠪᠡᠯᠡ ᠪᠠᠨ ᠪᠠᠲᠤᠯᠠᠵᠤ ᠥᠴᠦᠬᠡᠨ ᠠᠰᠢᠭ ᠤᠯᠬᠤ᠂ ᠦᠢᠯᠡᠳᠪᠦᠷᠢᠯᠡᠯ ᠪᠠ ᠡᠵᠡᠩᠨᠡᠯᠲᠡ ᠳᠤ ᠬᠡᠷᠡᠭᠯᠡᠬᠦ ᠤᠰᠤᠨ ᠤ ᠦᠨ᠎ᠡ ᠶᠢ ᠵᠦᠢ ᠵᠣᠬᠢᠰᠲᠠᠶ ᠪᠠᠷ ᠪᠤᠳᠤᠬᠤ ᠵᠠᠷᠴᠢᠮ ᠶᠣᠰᠣᠭᠠᠷ ᠲᠣᠭᠲᠠᠭᠠᠬᠤ ᠬᠡᠷᠡᠭᠲᠡᠶ᠃      ᠬᠤᠳᠠ ᠶᠢᠨ ᠬᠠᠩᠭᠠᠬᠤ ᠤᠰᠤᠨ ᠤ ᠦᠨ᠎ᠡ ᠶᠢ ᠲᠣᠭᠲᠠᠭᠠᠬᠤ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃          ᠲᠠᠪᠤᠳᠤᠭᠠᠷ ᠪᠦᠯᠦᠭ  ᠬᠤᠳᠠ ᠶᠢᠨ ᠤᠰᠤ ᠬᠠᠩᠭᠠᠬᠤ ᠲᠥᠬᠦᠭᠡᠷᠦᠮᠵᠢ ᠶᠢ ᠬᠠᠮᠠᠭᠠᠯᠠᠬᠤ          ᠬᠤᠷᠢᠨ ᠳᠣᠯᠣᠳᠤᠭᠠᠷ ᠵᠦᠢᠯ  ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠣᠯᠤᠨ ᠥᠪᠡᠷ  ᠤᠨ ᠪᠡᠯᠡᠳᠬᠡᠮᠵᠢ ᠪᠠᠷ ᠤᠰᠤ ᠬᠠᠩᠭᠠᠬᠤ ᠠᠵᠤ ᠠᠬᠤᠶᠢᠯᠠᠯ ᠨᠢ ᠬᠠᠮᠢᠶᠠᠷᠴᠤ ᠪᠠᠶᠢᠭ᠎ᠠ ᠬᠤᠳᠠ ᠶᠢᠨ ᠤᠰᠤ ᠬᠠᠩᠭᠠᠬᠤ ᠲᠤᠰᠬᠠᠶ ᠤᠰᠤᠨ ᠴᠥᠭᠦᠷᠥᠮ᠂ ᠤᠰᠤ ᠲᠠᠲᠠᠬᠤ ᠰᠤᠪᠠᠭ᠂ ᠤᠰᠤ ᠲᠠᠲᠠᠬᠤ ᠠᠮᠠᠰᠠᠷ᠂ ᠬᠥᠭᠡᠷᠭᠡ ᠶᠢᠨ ᠦᠷᠳᠡᠭᠡ᠂ ᠬᠤᠳᠳᠤᠭ ᠤᠨ ᠪᠥᠭᠡᠮᠨᠡᠷᠡᠯ᠂ ᠤᠰᠤ ᠳᠠᠮᠵᠢᠭᠤᠯᠬᠤ ︵ᠲᠣᠬᠢᠷᠠᠭᠤᠯᠬᠤ︶ ᠬᠤᠭᠤᠯᠠᠶ ᠶᠢᠨ ᠲᠣᠣᠷ᠂ ᠡᠷᠦᠬᠡ ᠲᠤ ᠣᠷᠣᠭᠤᠯᠬᠤ ᠶᠡᠷᠦᠩᠬᠡᠶ ᠤᠰᠤᠨ ᠤ ᠬᠡᠮᠵᠢᠭᠦᠷ᠂ ᠴᠡᠪᠡᠷ ︵ᠲᠣᠬᠢᠷᠠᠭᠤᠯᠬᠤ︶ ᠤᠰᠤᠨ ᠦᠢᠯᠡᠳᠪᠦᠷᠢ᠂ ᠤᠯᠠᠨ ᠨᠡᠶᠢᠳᠡ   ᠶᠢᠨ ᠤᠰᠤᠨ ᠤ ᠦᠷᠳᠡᠭᠡ ᠵᠡᠷᠭᠡ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠡᠯᠪᠢᠨ ᠵᠠᠰᠠᠵᠤ᠂ ᠠᠶᠤᠯ ᠦᠭᠡᠢ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠤᠰᠤ ᠬᠡᠷᠡᠭᠯᠡᠬᠦ ᠨᠢᠭᠡᠴᠢ ᠶᠢᠨ ᠥᠪᠡᠷᠲᠡᠭᠡᠨ ᠪᠠᠶᠢᠭᠤᠯᠤᠭᠰᠠᠨ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠲᠠᠢ ᠬᠤᠯᠪᠣᠭᠰᠠᠨ ᠭᠡᠷ ᠤᠨ ᠭᠠᠳᠠᠨᠠᠬᠢ ᠬᠤᠭᠤᠯᠠᠶ ᠵᠢᠴᠢ ᠲᠡᠭᠦᠨ ᠤ ᠲᠠᠭᠠᠯᠳᠠ ᠲᠥᠬᠦᠭᠡᠷᠦᠮᠵᠢ ᠶᠢ ᠡᠷᠬᠡᠪᠰᠢ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠢᠶᠠᠷ ᠰᠢᠯᠭᠠᠨ ᠠᠪᠤᠭᠤᠯᠵᠤ ᠬᠢᠷᠢ ᠲᠡᠩᠴᠡᠭᠦᠯᠬᠦ ᠶᠢᠨ ᠬᠠᠮᠲᠤ ᠲᠡᠭᠦᠨ ᠳᠤ ᠲᠤᠰᠢᠶᠠᠵᠤ ᠨᠢᠭᠡᠳᠦᠯᠲᠡᠶ ᠬᠠᠮᠢᠶᠠᠷᠤᠭᠤᠯᠤᠭᠰᠠᠨ ᠤ ᠲᠠᠷᠠᠭ᠎ᠠ ᠰᠠᠶ᠋ᠢ ᠬᠡᠷᠡᠭᠯᠡᠵᠦ ᠪᠣᠯᠤᠨ᠎ᠠ᠃      ᠬᠤᠷᠢ ᠶᠢᠰᠦᠳᠦᠭᠡᠷ ᠵᠦᠢᠯ  ᠲᠣᠭᠲᠠᠭᠠᠭᠰᠠᠨ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠵᠢᠴᠢ ᠲᠡᠭᠦᠨ ᠤ ᠲᠠᠭᠠᠯᠳᠠ ᠲᠥᠬᠦᠭᠡᠷᠦᠮᠵᠢ ᠶᠢᠨ ᠭᠠᠵᠠᠷ ᠳᠡᠭᠡᠷᠡᠬᠢ ᠪᠠ ᠭᠠᠵᠠᠷ ᠳᠣᠣᠷᠠᠬᠢ ᠠᠶᠤᠯᠭᠦᠶ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠨᠦᠭᠡ ᠮᠠᠯᠲᠠᠵᠤ ᠰᠢᠷᠣᠶ ᠠᠪᠬᠤ ᠪᠤᠶᠤ ᠪᠠᠷᠢᠯᠭ᠎ᠠ᠂ ᠢᠨᠵᠧᠨᠧᠷᠢᠩ ᠤᠨ ᠵᠦᠢᠯ ᠪᠠᠶᠢᠭᠤᠯᠬᠤ ᠵᠡᠷᠭᠡ ᠤᠰᠤ ᠬᠠᠩᠭᠠᠬᠤ ᠲᠥᠬᠦᠭᠡᠷᠦᠮᠵᠢ ᠶᠢᠨ ᠠᠶᠤᠯᠭᠦᠶ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠴᠠᠭᠠᠵᠠᠯᠠᠨ᠎ᠠ᠃      ᠭᠤᠴᠢᠳᠤᠭᠠᠷ ᠵᠦᠢᠯ  ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠠᠴᠠ ᠪᠤᠯᠵᠤ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠲᠣᠨᠣᠭᠯᠠᠬᠤ᠂ ᠵᠠᠳᠠᠯᠵᠤ ᠬᠠᠶᠠᠬᠤ ᠪᠤᠶᠤ ᠨᠡᠭᠦᠯᠭᠡᠨ ᠰᠢᠯᠵᠢᠭᠦᠯᠬᠦ ᠴᠢᠬᠤᠯᠠᠲᠠᠶ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠴᠠᠩᠭᠤᠶ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      ᠭᠤᠴᠢᠨ ᠨᠢᠭᠡᠳᠦᠭᠡᠷ ᠵᠦᠢᠯ  ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠲᠥᠬᠦᠭᠡᠷᠦᠮᠵᠢ ᠳᠤ ᠬᠤᠯᠪᠣᠭᠳᠠᠬᠤ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠡᠬᠢᠯᠡᠬᠦ ᠠᠴᠠ ᠡᠮᠦᠨ᠎ᠡ᠂ ᠪᠦᠳᠦᠭᠡᠨ ᠪᠠᠶᠢᠭᠤᠯᠬᠤ ᠨᠢᠭᠡᠴᠢ ᠪᠤᠶᠤ ᠪᠠᠷᠢᠯᠭ᠎ᠠ ᠪᠠᠷᠢᠬᠤ ᠨᠢᠭᠡᠴᠢ ᠨᠢ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠠᠴᠠ ᠭᠠᠵᠠᠷ ᠳᠣᠣᠷᠠᠬᠢ ᠤᠰᠤ ᠬᠠᠩᠭᠠᠬᠤ ᠬᠤᠭᠤᠯᠠᠶ ᠶᠢᠨ ᠲᠣᠣᠷ ᠤᠨ ᠪᠠᠶᠢᠳᠠᠯ ᠢ ᠪᠠᠶᠢᠴᠠᠭᠠᠨ ᠲᠣᠳᠣᠷᠬᠠᠶᠢᠯᠠᠬᠤ ᠬᠡᠷᠡᠭᠲᠡᠶ᠃ ᠪᠠᠷᠢᠯᠭ᠎ᠠ ᠪᠠᠷᠢᠬᠤ ᠳᠠᠭᠠᠨ ᠬᠤᠳᠠ ᠶᠢᠨ ᠤᠯᠡᠠ ᠨᠡᠶᠢᠲᠡ ᠶᠢᠨ ᠤᠰᠤ ᠬᠠᠩᠭᠠᠬᠤ ᠲᠥᠬᠦᠭᠡᠷᠦᠮᠵᠢ ᠶᠢᠨ ᠠᠶᠤᠯᠭᠦᠶ ᠪᠠᠶᠢᠬᠤ ᠶᠢ ᠨᠥᠯᠥᠭᠡᠯᠡᠬᠦ ᠳᠤ ᠬᠦᠷᠪᠡᠯ᠂ ᠪᠦᠳᠦᠭᠡᠠ ᠪᠠᠶᠢᠭᠤᠯᠬᠤ ᠨᠢᠭᠡᠴᠢ ᠪᠤᠶᠤ ᠪᠠᠷᠢᠯᠭ᠎ᠠ ᠪᠠᠷᠢᠬᠤ ᠨᠢᠭᠡᠴᠢ ᠨᠢ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠯᠤᠭ᠎ᠠ ᠵᠣᠬᠢᠴᠠᠩᠭᠤᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠥᠪᠳᠡᠯᠴᠡᠨ ᠲᠣᠭᠲᠠᠭᠠᠵᠤ᠂ ᠪᠠᠷᠢᠯᠭ᠎ᠠ ᠪᠠᠷᠢᠬᠤ ᠨᠢᠭᠡᠴᠢ ᠠᠴᠠ ᠬᠠᠷᠢᠭᠤᠴᠠᠨ ᠬᠡᠷᠡᠭᠵᠢᠭᠦᠯᠬᠦ ᠬᠡᠷᠡᠭᠲᠡᠶ᠃      ᠭᠤᠴᠢᠨ ᠬᠤᠶᠠᠳᠤᠭᠠᠷ ᠵᠦᠢᠯ  ᠦᠪᠡᠷᠲᠡᠭᠡᠨ ᠪᠠᠶᠢᠭᠤᠯᠤᠭᠰᠠᠨ ᠪᠡᠯᠡᠳᠬᠡᠮᠵᠢ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠰᠢᠰᠲ᠋ᠧᠮ ᠢ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠰᠢᠰᠲ᠋ᠧᠮ ᠲᠠᠢ ᠳᠤᠷ᠎ᠠ ᠪᠠᠷ ᠢᠶᠠᠨ ᠬᠤᠯᠪᠣᠬᠤ ᠶᠢ ᠴᠠᠭᠠᠵᠠᠯᠠᠨ᠎ᠠ︔ ᠣᠨᠴᠠᠭᠠᠶ ᠪᠠᠶᠢᠳᠠᠯ ᠠᠴᠠ ᠪᠤᠯᠵᠤ ᠦᠨᠡᠬᠡᠷ ᠵᠠᠯᠭᠠᠬᠤ ᠴᠢᠬᠤᠯᠠᠲᠠᠶ ᠪᠠᠶᠢᠪᠠᠯ᠂ ᠡᠷᠬᠡᠪᠰᠢ ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠢᠶᠠᠷ ᠵᠥᠪᠰᠢᠶᠡᠷᠡᠭᠦᠯᠬᠦ ᠬᠡᠷᠡᠭᠲᠡᠶ ᠪᠥᠭᠡᠳ ᠳᠠᠮᠵᠢᠭᠤᠯᠬᠤ ᠬᠤᠭᠤᠯᠠᠶ ᠶᠢᠨ ᠵᠠᠯᠭᠠᠯᠲᠠ ᠶᠢᠨ ᠭᠠᠵᠠᠷ ᠲᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ᠬᠤᠣᠷ ᠬᠥᠨᠥᠭᠡᠯ ᠲᠠᠢ ᠪᠣᠳᠠᠰ ᠡᠭᠦᠰᠭᠡᠬᠦ ᠪᠤᠶᠤ ᠬᠡᠷᠡᠭᠯᠡᠬᠦ ᠶᠢ ᠴᠠᠭᠠᠵᠠᠯᠠᠭᠰᠠᠨ ᠨᠢᠭᠡᠴᠢ ᠨᠦᠭᠦᠳ ᠦᠢᠯᠡᠳᠪᠦᠷᠢᠯᠡᠯ ᠳᠤ ᠬᠡᠷᠡᠭᠯᠡᠬᠦ ᠤᠰᠤᠨ ᠬᠤᠭᠤᠯᠠᠶ ᠶᠢᠨ ᠲᠣᠣᠷ ᠤᠨ ᠰᠢᠰᠲ᠋ᠧᠮ ᠢᠶᠠᠨ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠰᠢᠰᠲ᠋ᠧᠮ ᠲᠠᠢ ᠰᠢᠭᠤᠳ ᠬᠤᠯᠪᠣᠨ᠎ᠠ᠃          ᠵᠢᠷᠭᠤᠳᠤᠭᠠᠷ ᠪᠦᠯᠦᠭ   ᠲᠣᠷᠭᠠᠬᠤ ᠳᠦᠷᠢᠮ          ᠭᠤᠴᠢᠨ ᠭᠤᠷᠪᠠᠳᠤᠭᠠᠷ ᠵᠦᠢᠯ  ᠬᠤᠳᠠ ᠶᠢᠨ ᠲᠦᠭᠡᠭᠡᠯ ᠤᠰᠤ ᠬᠠᠩᠭᠠᠬᠤ ᠠᠵᠤ ᠠᠬᠤᠶᠢᠯᠠᠯ ᠪᠤᠶᠤ ᠥᠪᠡᠷ ᠢᠶᠠᠨ ᠲᠥᠬᠦᠭᠡᠷᠦᠮᠵᠢ ᠪᠠᠶᠢᠭᠤᠯᠵᠤ ᠭᠠᠳᠠᠭᠰᠢ ᠤᠰᠤ ᠬᠠᠩᠭᠠᠬᠤ ᠠᠵᠤ ᠠᠬᠤᠶᠢᠯᠠᠯ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ ᠪᠣᠯᠤᠨ᠎ᠠ︔ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠭᠡᠯ ᠥᠭᠴᠦ ᠪᠣᠯᠤᠨ᠎ᠠ᠄      ︵ᠨᠢᠭᠡ︶ ᠬᠠᠩᠭᠠᠬᠤ ᠤᠰᠤᠨ ᠤ ᠴᠢᠨᠠᠷ᠂ ᠤᠰᠤᠨ ᠤ ᠳᠠᠷᠤᠯᠲᠠ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠦᠯᠦ ᠨᠡᠶᠢᠴᠡᠭᠰᠡᠨ︔      ︵ᠬᠤᠶᠠᠷ︶ ᠤᠰᠤ ᠬᠠᠩᠭᠠᠬᠤ ᠶᠢ ᠳᠤᠷ᠎ᠠ ᠪᠠᠷ ᠢᠶᠠᠨ ᠵᠣᠭᠰᠣᠭᠠᠭᠰᠠᠨ ᠪᠤᠶᠤ ᠤᠰᠤ ᠵᠣᠭᠰᠣᠭᠠᠬᠤ ᠶᠢ ᠮᠡᠳᠡᠭᠳᠡᠬᠦ ᠡᠭᠦᠷᠭᠡ ᠪᠠᠨ ᠦᠯᠦ ᠭᠦᠢᠴᠡᠳᠬᠡᠭᠰᠡᠨ︔      ︵ᠭᠤᠷᠪᠠ︶ ᠲᠣᠭᠲᠠᠭᠠᠯ ᠶᠣᠰᠣᠭᠠᠷ ᠤᠰᠤ ᠬᠠᠩᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠭᠰᠠᠨ ᠦᠭᠡᠢ ᠪᠤᠶᠤ ᠤᠰᠤ ᠬᠠᠩᠭᠠᠬᠤ ᠲᠥᠬᠦᠭᠡᠷᠦᠮᠵᠢ ᠳᠤ ᠰᠠᠭᠠᠳ ᠭᠠᠷᠤᠭᠰᠠᠨ ᠤ ᠲᠠᠷᠠᠭ᠎ᠠ ᠴᠠᠭ ᠲᠤᠬᠠᠶ ᠳᠤᠨᠢ ᠵᠠᠪᠳᠤᠨ ᠵᠠᠰᠠᠭᠰᠠᠨ ᠦᠭᠡᠢ᠃      ᠭᠤᠴᠢᠨ ᠳᠥᠷᠪᠡᠳᠦᠭᠡᠷ ᠵᠦᠢᠯ  ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠭᠡᠯ ᠥᠭᠴᠦ ᠪᠣᠯᠤᠨ᠎ᠠ᠄      ︵ᠨᠢᠭᠡ︶ ᠦᠨᠡᠮᠯᠡᠯ ᠦᠭᠡᠢ ᠪᠠᠷ ᠪᠤᠶᠤ ᠬᠢᠷᠢ ᠭᠡᠮ ᠤᠨ ᠦᠨᠡᠮᠯᠡᠯ ᠳᠤ ᠲᠣᠭᠲᠠᠭᠠᠭᠰᠠᠨ ᠡᠵᠡᠩᠨᠡᠯᠲᠡ ᠶᠢᠨ ᠬᠡᠪᠴᠢᠶᠡᠨ ᠠᠴᠠ ᠳᠠᠪᠠᠵᠤ ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠭ ᠲᠥᠯᠥᠪᠯᠡᠭᠡ ᠬᠢᠭᠰᠡᠨ ᠪᠤᠶᠤ ᠢᠨᠵᠧᠨᠧᠷᠢᠩ ᠤᠨ ᠠᠵᠢᠯ ᠢ ᠬᠢᠭᠰᠡᠨ︔      ︵ᠬᠤᠶᠠᠷ︶ ᠤᠯᠤᠰ ᠠᠴᠠ ᠲᠣᠭᠲᠠᠭᠠᠭᠰᠠᠨ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠶᠣᠰᠣᠭᠠᠷ ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠭ ᠲᠥᠯᠥᠪᠯᠡᠭᠡ ᠬᠢᠭᠰᠡᠨ ᠦᠭᠡᠢ ᠪᠤᠶᠤ ᠢᠨᠵᠧᠨᠧᠷᠢᠩ ᠤᠨ ᠠᠵᠢᠯ ᠢ ᠬᠢᠭᠰᠡᠨ ᠦᠭᠡᠢ︔     ︵ᠭᠤᠷᠪᠠ︶ ᠬᠤᠳᠠ ᠶᠢᠨ ᠤᠰᠤ ᠬᠠᠩᠭᠠᠬᠤ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠯᠡᠭᠡ ᠠᠴᠠ ᠵᠥᠷᠢᠴᠡᠨ ᠬᠤᠳᠠ ᠶᠢᠨ ᠤᠰᠤ ᠬᠠᠩᠭᠠᠬᠤ ᠪᠠᠷᠢᠯᠭ᠎ᠠ ᠶᠢ ᠪᠠᠶᠢᠭᠤᠯᠤᠭᠰᠠᠨ᠃      ᠭᠤᠴᠢᠨ ᠲᠠᠪᠤᠳᠤᠭᠠᠷ ᠵᠦᠢᠯ  ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠨᠢᠭᠡᠴᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠵᠣᠭᠤᠰ ᠢᠶᠠᠷ ᠲᠣᠷᠭᠠᠵᠤ ᠪᠣᠯᠤᠨ᠎ᠠ᠄      ︵ᠨᠢᠭᠡ︶ ᠤᠰᠤᠨ ᠤ ᠰᠦᠢᠳᠬᠡᠯ ᠢ ᠲᠣᠭᠲᠠᠭᠠᠯ ᠶᠣᠰᠣᠭᠠᠷ ᠦᠯᠦ ᠲᠤᠰᠢᠶᠠᠭᠰᠠᠨ︔      ︵ᠬᠤᠶᠠᠷ︶ ᠬᠤᠳᠠ ᠶᠢᠨ ᠤᠯᠡᠠ ᠨᠡᠶᠢᠲᠡ ᠶᠢᠨ ᠬᠠᠩᠭᠠᠬᠤ ᠤᠰᠦᠠ ᠤ ᠬᠠᠩᠭᠠᠯᠭ᠎ᠠ ᠶᠢ ᠬᠤᠯᠠᠭᠠᠶᠢᠯᠠᠨ ᠬᠡᠷᠡᠭᠯᠡᠭᠰᠡᠨ ᠪᠤᠶᠤ ᠰᠢᠯᠵᠢᠭᠦᠯᠦᠨ ᠬᠠᠩᠭᠠᠭᠰᠠᠨ︔      ︵ᠭᠤᠷᠪᠠ︶ ᠲᠣᠭᠲᠠᠭᠠᠭᠰᠠᠨ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠵᠢᠴᠢ ᠲᠡᠭᠦᠨ ᠤ ᠲᠠᠭᠠᠯᠳᠠ ᠲᠥᠬᠦᠭᠡᠷᠦᠮᠵᠢ ᠶᠢᠨ ᠠᠶᠤᠯᠭᠦᠶ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠤᠰᠤ ᠬᠠᠩᠭᠠᠬᠤ ᠲᠥᠬᠦᠭᠡᠷᠦᠮᠵᠢ ᠶᠢᠨ ᠠᠶᠤᠯᠭᠦᠶ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠭᠰᠡᠨ︔      ︵ᠲᠥᠷᠪᠡ︶ ᠥᠪᠡᠷ ᠲᠡᠭᠡᠨ ᠪᠠᠶᠢᠭᠤᠯᠤᠭᠰᠠᠨ ᠪᠡᠯᠡᠳᠬᠡᠮᠵᠢ ᠶᠢᠨ ᠤᠰᠤ ᠬᠠᠩᠭᠠᠬᠤ ᠬᠤᠭᠤᠯᠠᠶ ᠶᠢᠨ ᠲᠣᠣᠷ  ᠤᠨ ᠰᠢᠰᠲ᠋ᠧᠮ ᠢ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠰᠢᠰᠲ᠋ᠧᠮ ᠯᠤᠭ᠎ᠠ ᠳᠤᠷ᠎ᠠ ᠪᠠᠷ ᠢᠶᠠᠨ ᠵᠠᠯᠭᠠᠭᠰᠠᠨ︔      ︵ᠲᠠᠪᠤ︶  ᠬᠤᠤᠷ ᠬᠥᠨᠥᠭᠡᠯ ᠲᠠᠢ ᠪᠣᠳᠠᠰ ᠡᠭᠦᠰᠭᠡᠬᠦ ᠪᠤᠶᠤ ᠬᠡᠷᠡᠭᠯᠡᠬᠦ ᠨᠢᠭᠡᠴᠢ ᠠᠴᠠ ᠲᠡᠭᠦᠨ ᠤ ᠦᠢᠯᠡᠳᠪᠦᠷᠢᠯᠡᠯ ᠳᠤ ᠬᠡᠷᠡᠭᠯᠡᠬᠦ ᠤᠰᠤᠨ ᠬᠤᠭᠤᠯᠠᠶ ᠶᠢᠨ ᠲᠣᠣᠷ ᠤᠨ ᠰᠢᠰᠲ᠋ᠧᠮ ᠢ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠰᠢᠰᠲ᠋ᠧᠮ ᠲᠠᠢ ᠰᠢᠭᠤᠳ ᠵᠠᠯᠭᠠᠭᠰᠠᠨ︔      ︵ᠵᠢᠷᠭᠤᠭ᠎ᠠ︶ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠳᠡᠭᠡᠷ᠎ᠡ ᠰᠢᠭᠤᠳ ᠬᠥᠭᠡᠷᠭᠡ ᠤᠭᠰᠠᠷᠠᠵᠤ ᠤᠰᠤ ᠲᠠᠲᠠᠭᠰᠠᠨ︔      ︵ᠲᠤᠯᠤᠭ᠎ᠠ︶ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠵᠤ᠂ ᠥᠭᠡᠷᠡᠴᠢᠯᠡᠨ ᠲᠣᠨᠣᠭᠯᠠᠭᠰᠠᠨ ᠪᠤᠶᠤ ᠨᠡᠭᠦᠯᠭᠡᠭᠰᠡᠨ᠃      ᠡᠮᠦᠨᠡᠬᠢ ᠪᠠᠳᠠᠭ ᠤᠨ ︵ᠨᠢᠭᠡ︶  ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ᠂ ︵ᠲᠦᠷᠪᠡ︶ ᠳ᠋ᠤᠭᠡᠷ ᠵᠤᠷᠪᠤᠰ᠂ ︵ᠲᠠᠪᠤ︶ ᠳ᠋ᠤᠭᠠᠷ ᠵᠤᠷᠪᠤᠰ᠂ ︵ᠵᠢᠷᠭᠤᠭ᠎ᠠ︶ ᠳ᠋ᠤᠭᠠᠷ ᠵᠤᠷᠪᠤᠰ᠂ ︵ᠲᠤᠯᠤᠭ᠎ᠠ︶ ᠳ᠋ᠤᠭᠠᠷ ᠵᠤᠷᠪᠤᠰ ᠲᠤ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠵᠦ᠂ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠰᠡᠨ ᠤ ᠲᠠᠷᠠᠭ᠎ᠠ ᠪᠠᠰᠠ ᠵᠣᠬᠢᠬᠤ ᠬᠤᠭᠤᠴᠠᠭᠠᠨ ᠤ ᠳᠣᠲᠣᠷ᠎ᠠ ᠤᠰᠤ ᠬᠠᠩᠭᠠᠬᠤ ᠶᠢ ᠨᠢ ᠵᠣᠭᠰᠣᠭᠠᠵᠤ ᠪᠣᠯᠤᠨ᠎ᠠ᠃      ᠭᠤᠴᠢᠨ ᠵᠢᠷᠭᠤᠳᠤᠭᠠᠷ ᠵᠦᠢᠯ  ᠪᠦ᠋ᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠨᠢ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠲᠥᠬᠦᠭᠡᠷᠦᠮᠵᠢ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠤᠳᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠨᠢ ᠵᠣᠭᠰᠣᠭᠠᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ ᠲᠠᠯ᠎ᠠ ᠨᠢ ᠬᠠᠤᠯᠢ ᠶᠣᠰᠣᠭᠠᠷ ᠬᠤᠬᠢᠷᠠᠯ ᠢ ᠲᠦᠯᠦᠨ᠎ᠡ︔ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠭᠡᠯ ᠥᠭᠴᠦ ᠪᠣᠯᠤᠨ᠎ᠠ᠃      ᠭᠤᠴᠢᠨ ᠳᠣᠯᠣᠳᠤᠭᠠᠷ ᠵᠦᠢᠯ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ  ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠳᠣᠯᠣᠳᠤᠭᠠᠷ ᠪᠦᠯᠦᠭ   ᠲᠠᠭᠠᠯᠳᠤᠭᠤᠯᠤᠯ ᠲᠦᠷᠢᠮ          ᠭᠤᠴᠢᠨ ᠨᠠᠢᠮᠠᠳᠤᠭᠠᠷ ᠵᠦᠢᠯ  ᠲᠤᠰ ᠲᠦᠷᠢᠮ ᠤᠨ ᠭᠤᠴᠢᠨ ᠭᠤᠷᠪᠠᠳᠤᠭᠠᠷ ᠵᠦᠢᠯ᠂ ᠭᠤᠴᠢᠨ ᠳᠥᠷᠪᠡᠳᠦᠭᠡᠷ ᠵᠦᠢᠯ᠂ ᠭᠤᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠵᠣᠭᠤᠰ ᠢᠶᠠᠷ ᠲᠣᠷᠭᠠᠬᠤ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃      ᠭᠤᠴᠢ ᠶᠢᠰᠦᠳᠦᠭᠡᠷ ᠵᠦᠢᠯ  ᠲᠤᠰ ᠳᠦᠷᠢᠮ ᠢ 1994 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号