ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ
ᠨᠡᠶᠢᠲᠡᠯᠡᠭᠰᠡᠨ ᠴᠠᠭ᠄
2022/1/11
     ︽ ᠠᠷᠠᠳ ᠤᠨ ᠡᠳᠦᠷ ᠤᠨ ᠰᠣᠨᠢᠨ︾ ︵2022 ᠤᠨ 01 ᠰᠠᠷ᠎ᠠ ᠶᠢᠨ 11 ᠤ ᠡᠳᠦᠷ   10 ᠳ᠋ᠤᠭᠠᠷ ᠬᠡᠪᠯᠡᠯ︶      ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠦᠢᠫᠢᠩ ᠬᠤᠲᠠ ᠶᠢᠨ ᠳ᠋ᠠ ᠲᠧᠩ ᠰᠢᠶᠠ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠬᠠᠰᠢᠯᠭ᠎ᠠ ᠶᠢᠨ ᠤᠷᠤᠢ ᠶᠢᠨ ᠬᠡᠰᠡᠭ ᠢ ᠪᠠᠬᠢᠯᠡᠵᠦ ᠪᠤᠢ᠃      ᠲᠣᠰ ᠰᠣᠨᠢᠨ ᠤ ᠰᠤᠷᠪᠤᠯᠵᠢᠯᠠᠭᠴᠢ ᠵᠠᠩ ᠡᠦ ᠵᠢᠶᠦ᠋ᠨ ᠰᠡᠭᠦᠳᠡᠷᠯᠡᠪᠡ      ᠶᠠᠭ ᠪᠠᠶᠢᠭᠤᠯᠵᠤ ᠪᠠᠶᠢᠭ᠎ᠠ ᠪᠠᠷᠠᠭᠤᠨ ᠡᠷᠭᠢ ᠶᠢᠨ ᠪᠠᠷᠢᠯᠭ᠎ᠠ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠃      ᠸᠠᠩ ᠸᠧᠶ ᠰᠡᠭᠦᠳᠡᠷᠯᠡᠪᠡ      ᠠᠵᠢᠯᠴᠢᠳ ᠶᠠᠭ ᠭᠢᠰᠬᠢᠭᠦᠷ  ᠪᠠᠶᠢᠭᠤᠯᠵᠤ ᠪᠠᠢᠨ᠎ᠠ᠃      ᠲᠣᠰ ᠰᠣᠨᠢᠨ ᠤ ᠰᠤᠷᠪᠤᠯᠵᠢᠯᠠᠭᠴᠢ ᠵᠠᠩ ᠡᠦ ᠵᠢᠶᠦ᠋ᠨ ᠰᠡᠭᠦᠳᠡᠷᠯᠡᠪᠡ      ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠨᠠᠨ ᠮᠥ ᠵᠢᠶᠠᠩ ᠮᠥᠷᠡᠨ ᠤ ᠳᠡᠳ᠋ ᠬᠠᠰᠢᠯᠭ᠎ᠠ ᠨᠢ ᠠᠮᠢ ᠠᠬᠤᠶ ᠶᠢᠨ ᠵᠢᠭᠠᠰᠤ ᠥᠩᠭᠡᠷᠡᠬᠦ ᠵᠠᠮ ᠢ ᠳᠠᠭᠤᠷᠢᠶᠠᠨ᠂ ᠰᠠᠪᠠ ᠭᠠᠵᠠᠷ ᠤᠨ ᠳᠣᠲᠣᠷᠠᠬᠢ ᠵᠢᠭᠠᠰᠤᠨ ᠤ ᠲᠥᠷᠥᠯ ᠤᠨ ᠬᠡᠪ ᠤᠨ ᠨᠡᠭᠦᠳᠡᠯ ᠪᠠ ᠦᠷᠡᠵᠢᠯᠲᠡ ᠶᠢ ᠪᠠᠲᠤᠯᠠᠭᠰᠠᠨ ᠪᠠᠶᠢᠨ᠎ᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠼᠤᠤ ᠢ ᠮᠢᠩ ᠰᠡᠭᠦᠳᠡᠷᠯᠡᠪᠡ      ᠠᠵᠢᠯᠴᠢᠳ  ᠬᠢᠰᠬᠢᠭᠦᠷ ᠳᠡᠭᠡᠷ᠎ᠡ ᠠᠵᠢᠯᠯᠠᠵᠤ ᠪᠠᠢᠨ᠎ᠠ᠃      ᠸᠠᠩ ᠰᠢᠨ ᠱᠢ ᠰᠡᠭᠦᠳᠡᠷᠯᠡᠪᠡ      ᠠᠵᠢᠯᠴᠢᠳ ᠬᠥᠭᠦᠷᠭᠡᠨ ᠮᠠᠰᠢᠨ ᠳᠡᠭᠡᠷ᠎ᠡ ᠠᠵᠢᠯᠯᠠᠵᠤ ᠪᠠᠢᠨ᠎ᠠ᠃      ᠸᠠᠩ ᠸᠧᠶ ᠰᠡᠭᠦᠳᠡᠷᠯᠡᠪᠡ      ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠬᠦᠢᠰᠦ ᠨᠢ ᠤᠯᠤᠰ ᠤᠨ 172 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠢᠭᠡ ᠪᠣᠯᠤᠭᠰᠠᠨ ᠤ ᠬᠤᠪᠢ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠡᠵᠡᠮᠳᠡᠯ ᠤᠨ ᠴᠢᠨᠠᠷᠲᠠᠶ ᠢᠨᠵᠧᠨᠧᠷᠢᠩ ᠪᠣᠯᠤᠨ᠎ᠠ᠂ ︽ᠣᠣᠮᠧᠨ᠂ ᠵᠦᠬᠠᠶ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ ᠲᠤᠰᠬᠠᠶ ᠲᠥᠯᠥᠪᠵᠢᠭᠦᠯᠭᠡ︾ ᠶᠢᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠭᠤᠣᠯᠯᠠᠭᠴᠢ ᠢᠨᠵᠧᠨᠧᠷᠢᠩ ᠪᠣᠯᠤᠨ᠎ᠠ᠃      ᠳ᠋ᠠ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠨᠵᠧᠨᠧᠷᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠦᠢᠫᠢᠩ ᠬᠤᠲᠠ ᠶᠢᠨ ᠬᠢᠵᠠᠭᠠᠷ ᠲᠠᠬᠢ ᠰᠢᠵᠢᠶᠠᠩ ᠮᠥᠷᠡᠨ ᠤ ᠤᠰᠤᠨ ᠰᠢᠰᠲ᠋ᠧᠮ ᠤᠨ ᠴᠢᠶᠠᠨᠵᠢᠶᠠᠩ ᠭᠤᠣᠯ ᠤᠨ ᠬᠡᠰᠡᠭ ᠲᠤ ᠪᠠᠶᠢᠷᠢᠯᠠᠵᠤ᠂ ᠢᠨᠵᠧᠨᠧᠷᠢᠩ ᠨᠢ ᠦᠶᠡᠷ ᠢ ᠰᠡᠷᠭᠡᠶᠢᠯᠡᠬᠦ᠂ ᠤᠰᠤᠨ ᠵᠠᠮ ᠤᠨ ᠲᠡᠭᠡᠭᠡᠪᠦᠷᠢ᠂ ᠴᠠᠬᠢᠯᠭᠠᠨ ᠭᠠᠷᠭᠠᠬᠤ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ᠂ ᠤᠰᠤᠯᠠᠬᠤ ᠵᠡᠷᠭᠡ ᠴᠢᠬᠤᠯᠠ ᠡᠭᠦᠷᠭᠡ ᠶᠢ ᠡᠭᠦᠷᠭᠡᠯᠡᠵᠦ᠂ 2023 ᠣᠨ ᠤ ᠰᠡᠭᠦᠯᠴᠢ ᠪᠠᠷ ᠪᠠᠷᠢᠵᠤ ᠳᠠᠭᠤᠰᠬᠠᠬᠤ ᠪᠠᠷ ᠲᠥᠯᠥᠪᠯᠡᠵᠦ ᠪᠤᠢ᠃ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠰᠠᠪᠠ ᠭᠠᠵᠠᠷ ᠤᠨ ᠤᠰᠤᠨ ᠴᠥᠭᠦᠷᠥᠮ ᠤᠨ ᠪᠥᠭᠡᠮᠨᠡᠷᠡᠯ ᠢ ᠬᠠᠮᠲᠤᠷᠠᠨ ᠲᠣᠬᠢᠷᠠᠭᠤᠯᠬᠤ ᠪᠠᠷ ᠳᠡᠮᠵᠢᠨ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠣᠩᠭᠤᠴᠠᠨ ᠤ ᠬᠠᠭᠠᠴᠠ ᠶᠢᠨ ᠠᠶᠠᠯᠠᠯ ᠨᠡᠪᠲᠡᠷᠡᠬᠦ ᠬᠡᠪᠴᠢᠶ᠎ᠡ ᠶᠢ ᠥᠷᠭᠡᠳᠬᠡᠵᠦ᠂ ᠵᠢᠯ ᠳᠤ 5189 ᠲᠦᠮᠡᠨ ᠲᠣᠨ ᠪᠠᠷᠠᠭ᠎ᠠ ᠲᠡᠭᠡᠭᠡᠪᠦᠷᠢᠯᠡᠨ᠎ᠡ︔ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 60.55 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠠᠷᠢᠮᠵᠢᠶᠠᠲᠤ ᠨᠡᠭᠦᠷᠡᠰᠦ ᠶᠢ 200 ᠲᠦᠮᠡᠨ ᠲᠣᠨ ᠠᠷᠪᠢᠯᠠᠭᠰᠠᠨ ᠲᠠᠢ ᠲᠡᠩᠴᠡᠨ᠎ᠡ︔ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ 7000 ᠲᠦᠮᠡᠨ ᠬᠥᠮᠦᠨ ᠤ ᠤᠰᠤ ᠬᠠᠩᠭᠠᠬᠤ ᠠᠮᠤᠷ ᠲᠦᠪᠰᠢᠨ ᠢ ᠪᠠᠲᠤᠯᠠᠨ᠎ᠠ᠃ ᠢᠨᠵᠧᠨᠧᠷᠢᠩ ᠨᠢ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠤᠰᠤᠨ ᠤ ᠠᠮᠤᠷ ᠲᠦᠪᠰᠢᠨ ᠪᠣᠯᠤᠨ ᠣᠷᠣᠨ ᠪᠦᠰᠡ ᠶᠢᠨ ᠴᠠᠬᠢᠯᠭᠠᠨ ᠬᠦᠴᠦᠨ ᠤ ᠠᠮᠤᠷ ᠲᠦᠪᠰᠢᠨ ᠤ ᠴᠢᠬᠤᠯᠠ ᠪᠠᠲᠤᠯᠠᠭ᠎ᠠ ᠪᠤᠯᠵᠤ᠂ ᠣᠷᠣᠨ ᠨᠤᠲᠤᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠰᠠᠪᠠ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃      ᠣᠳᠣᠬᠠᠨ ᠳᠤ᠂ ᠵᠡᠭᠦᠨ ᠡᠷᠭᠢ ᠶᠢᠨ ᠢᠨᠵᠧᠨᠧᠷᠢᠩ ᠨᠢᠭᠡᠨᠲᠡ ᠶᠡᠷᠦᠩᠬᠡᠶᠢᠯᠡᠭᠰᠡᠨ ᠦᠷ᠎ᠡ ᠠᠰᠢᠭ ᠢᠶᠠᠨ ᠪᠥᠬᠦ ᠲᠠᠯ᠎ᠠ ᠪᠠᠷ ᠪᠠᠳᠠᠷᠠᠭᠤᠯᠵᠤ᠂ ᠪᠠᠷᠠᠭᠤᠨ ᠡᠷᠭᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠠᠭ ᠲᠦᠷᠭᠡᠨ ᠢᠶᠠᠷ ᠠᠭᠢᠵᠤ ᠪᠠᠶᠢᠨ᠎ᠠ᠃ ᠡᠪᠦᠯ ᠤᠨ ᠡᠳᠦᠷ ᠤᠨ ᠳᠤᠯᠠᠭᠠᠨ ᠨᠡᠷᠡᠨ ᠤ ᠳᠣᠣᠷ᠎ᠠ᠂ ᠠᠵᠢᠯᠴᠢᠳ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠠᠵᠢᠯ ᠢᠶᠠᠨ ᠱᠠᠯᠠᠪᠳᠠᠨ ᠬᠢᠵᠦ᠂ ᠰᠤᠪᠤᠷᠭᠠᠨ ᠳᠡᠭᠦᠵᠢᠩ ᠰᠡᠬᠦ᠋ᠢᠨ ᠰᠦᠨᠳᠡᠷᠯᠡᠵᠦ᠂ ᠮᠠᠰᠢᠨ ᠲᠡᠷᠭᠡ ᠰᠦᠯᠵᠢᠯᠳᠦᠵᠦ᠂ ᠬᠦᠷ ᠬᠥᠭᠵᠢᠶᠡᠨ ᠲᠠᠢ ᠬᠥᠳᠡᠯᠮᠦᠷᠢ ᠶᠢᠨ ᠵᠢᠷᠤᠭ ᠢ ᠪᠦᠷᠢᠯᠳᠦᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号