ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠰᠤᠨ ᠰᠢᠨᠵᠢᠯᠡᠭᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/15
  10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠠᠴᠠ ᠲᠧᠩ ᠰᠢᠶᠦ᠋ᠨ ᠬᠤᠷᠠᠯ ᠤᠨ ᠬᠡᠯᠪᠡᠷᠢ ᠪᠠᠷ ᠤᠰᠤᠨ ᠰᠢᠨᠵᠢᠯᠡᠭᠡᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠦ᠂ ᠪᠥᠬᠦ ᠣᠷᠣᠨ ᠤ ᠤᠰᠤᠨ ᠰᠢᠨᠵᠢᠯᠡᠭᠡᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠ ᠳᠥᠷᠪᠡᠳᠦᠭᠡᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠨᠠᠮ ᠤᠨ ᠲᠥᠪ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠡᠷᠬᠢᠯᠡᠪᠡ᠃  ᠬᠤᠷᠠᠯ ᠠᠴᠠ᠂ ᠪᠥᠬᠦ ᠣᠷᠣᠨ ᠤ ᠤᠰᠤᠨ ᠰᠢᠨᠵᠢᠯᠡᠭᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠬᠠᠷᠢᠴᠠᠩᠭᠤᠶ ᠪᠠᠷ ᠬᠤᠴᠣᠷᠤᠩᠭᠤᠢ ᠪᠠᠢᠵᠦ᠂ ᠤᠰᠤᠨ ᠠᠰᠢᠭᠯᠠᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠪᠠᠰᠠ ᠨᠡᠯᠢᠶᠡᠳ ᠶᠡᠭᠡ ᠵᠥᠷᠢᠶ᠎ᠡ ᠲᠠᠢ᠃ ᠪᠦᠬᠦ ᠣᠷᠣᠨ ᠤ ᠤᠰᠤᠨ ᠰᠢᠨᠵᠢᠯᠡᠭᠡᠨ ᠰᠢᠰᠲ᠋ᠧᠮ ᠤᠨ ᠬᠢᠨ ᠤᠯᠤᠰ ᠲᠥᠷᠥ ᠶᠢ ᠡᠷᠬᠢᠮᠯᠡᠬᠦ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭ ᠪᠠᠴᠢᠮ᠂ ᠡᠭᠦᠷᠭᠡ ᠬᠦᠨᠳᠦ ᠪᠠᠶᠢᠭ᠎ᠠ ᠪᠣᠳᠠᠲᠠᠶ ᠬᠦᠴᠢᠷᠳᠡᠯ ᠢ ᠴᠢᠷᠮᠠᠶᠢᠨ ᠢᠯᠠᠨ ᠳᠠᠪᠠᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠪᠠᠷᠢᠯ ᠢ ᠠᠪᠴᠤ ᠪᠠᠶᠢᠭᠠᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠪᠡᠯᠡ ᠮᠥᠩᠭᠦ ᠥᠭᠬᠦ ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃  ᠬᠤᠷᠠᠯ ᠠᠴᠠ᠂ ᠪᠥᠬᠦ ᠣᠷᠣᠨ ᠤ ᠤᠰᠤᠨ ᠰᠢᠨᠵᠢᠯᠡᠭᠡᠨ ᠰᠢᠰᠲ᠋ᠧᠮ ᠤᠨ ᠬᠢᠨ ᠣᠳᠣᠬᠠᠨ ᠤ ᠬᠡᠳᠦᠨ ᠵᠦᠶ᠋ᠯ ᠤᠨ ᠭᠤᠤᠯᠳᠠᠯᠭ᠎ᠠ ᠲᠠᠢ ᠠᠵᠢᠯ ᠢ ᠪᠠᠲᠤᠲᠠᠶ ᠰᠠᠶᠢᠲᠤᠷ ᠠᠳᠬᠤᠬᠤ ᠬᠡᠷᠡᠭᠲᠡᠶ᠂ ᠨᠢᠭᠡ ᠳᠤ᠂ ᠬᠠᠷᠢᠶ᠎ᠠ ᠭᠠᠵᠠᠷ ᠤᠨ ᠢᠶᠠᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ︔ ᠬᠤᠶᠠᠷ ᠲᠤ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠵᠦ ᠳᠥᠷᠪᠡᠳᠦᠭᠡᠷ ᠤᠯᠠᠷᠢᠯ ᠤᠨ ᠡᠭᠦᠷᠭᠡ ᠪᠠᠨ ᠵᠦᠢ ᠵᠣᠬᠢᠰᠲᠠᠶ ᠲᠣᠬᠢᠷᠠᠭᠤᠯᠵᠤ᠂ ᠢᠷᠡᠬᠦ ᠵᠢᠯ ᠤᠨ ᠠᠵᠢᠯ ᠢᠶᠠᠨ ᠤᠷᠢᠳᠴᠢᠯᠠᠨ ᠰᠠᠶᠢᠲᠤᠷ ᠲᠥᠯᠥᠪᠯᠡᠬᠦ ᠬᠡᠷᠡᠭᠲᠡᠶ︔ ᠭᠤᠷᠪᠠ ᠳᠤ᠂ ᠰᠢᠨ᠎ᠡ ᠪᠠᠶᠢᠭᠤᠯᠤᠮᠵᠢ ᠶᠢᠨ ᠣᠷᠣᠨ ᠲᠤᠭ᠎ᠠ ᠪᠠ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ ᠲᠣᠭᠤᠷᠢᠨ ᠳᠤ᠂ ᠡᠯ᠎ᠡ ᠲᠥᠷᠥᠯ ᠤᠨ ᠲᠦᠷᠢᠮ ᠲᠣᠭᠲᠠᠭᠠᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠬᠡᠷᠡᠭᠲᠡᠶ︔ ᠲᠦᠷᠪᠡ ᠳᠤ᠂ ᠭᠡᠷ ᠲᠡᠭᠡᠨ ᠰᠠᠭᠤᠵᠤ ᠠᠵᠢᠯᠯᠠᠵᠤ ᠪᠠᠶᠢᠭᠰᠠᠨ ᠬᠤᠭᠤᠴᠠᠭᠠᠨ ᠳᠠᠬᠢ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠳ ᠤᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠲᠡᠢ︔ ᠲᠠᠪᠤ ᠳᠤ᠂ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠵᠤ᠂ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ︔ ᠵᠢᠷᠭᠤᠭ᠎ᠠ ᠳᠤ᠂ ᠲᠠᠪᠤᠨ ᠶᠡᠭᠡ ᠡᠬᠢᠯᠡᠯᠲᠡ ᠶᠢᠨ ᠠᠵᠢᠯᠯᠠᠭ᠎ᠠ ᠶᠢ ᠢᠳᠡᠪᠬᠢᠲᠡᠶ ᠬᠠᠮᠵᠢᠯᠴᠠᠨ ᠥᠷᠨᠢᠭᠦᠯᠵᠦ᠂ ᠲᠣᠭᠲᠠᠮᠠᠯ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ︔ ᠲᠤᠯᠤᠭ᠎ᠠ ᠳᠤ᠂ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠳᠤᠷᠢᠳᠬᠤ ᠪᠠᠭ ᠤᠨ ᠭᠡᠰᠢᠭᠦᠨ᠂ ᠪᠠᠶᠢᠭᠤᠯᠭ᠎ᠠ ᠶᠢᠨ ᠡᠯ᠎ᠡ ᠲᠠᠰᠤᠭ ᠪᠣᠯᠤᠨ ᠡᠯ᠎ᠡ ᠬᠤᠪᠢᠶᠠᠷᠢ ᠲᠥᠪ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号