ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ ᠪᠥᠬᠦ ᠣᠷᠣᠨ ᠤ ᠤᠰᠤᠨ ᠰᠢᠨᠵᠢᠯᠡᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ
ᠨᠡᠶᠢᠲᠡᠯᠡᠭᠰᠡᠨ ᠴᠠᠭ᠄
2022/10/21
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ ᠪᠥᠬᠦ ᠣᠷᠣᠨ ᠤ ᠤᠰᠤᠨ ᠰᠢᠨᠵᠢᠯᠡᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ — —  ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠬᠠᠯᠠᠭᠤᠨ ᠢᠶᠠᠷ ᠶᠠᠷᠢᠯᠴᠠᠪᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠬᠢᠨᠠᠮᠠᠭᠠᠢ ᠪᠡᠯᠡᠳᠬᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠠᠴᠠ ᠡᠮᠦᠨᠡᠬᠡᠨ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠤᠨ ᠬᠤᠷᠢᠶ᠎ᠠ ᠨᠢ ᠪᠢᠴᠢᠭ ᠮᠠᠲ᠋ᠧᠷᠢᠶᠠᠯ᠂ ᠸᠢᠳᠢᠣ᠋ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠬᠠᠮᠢᠶ᠎ᠠ ᠪᠥᠬᠦᠶ ᠪᠡᠯᠡᠳᠬᠡᠯ ᠠᠵᠢᠯ ᠳᠤ ᠣᠯᠠᠨ ᠤᠳᠠᠭ᠎ᠠ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠥᠭᠡᠳ ᠬᠢᠵᠢᠭ ᠤᠨ ᠪᠠᠶᠢᠳᠠᠯ ᠢ ᠪᠢᠲᠡᠭᠦᠮᠵᠢᠯᠡᠨ ᠡᠵᠡᠮᠳᠡᠵᠦ ᠬᠡᠷ ᠲᠡᠭᠡᠨ ᠠᠵᠢᠯᠯᠠᠵᠤ ᠪᠠᠶᠢᠬᠤ ᠬᠤᠭᠤᠴᠠᠭᠠᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠭᠥᠯᠢᠶᠡᠨ ᠠᠪᠴᠤ ᠰᠣᠨᠣᠰᠤᠨ ᠦᠵᠡᠬᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠰᠤᠳᠤᠯᠤᠨ ᠶᠠᠷᠢᠯᠴᠠᠬᠤ ᠵᠡᠷᠭᠡ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠠᠴᠠ ᠬᠤᠷᠠᠯ ᠤᠨ ᠳᠠᠷᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠶᠢ ᠦᠨᠡᠨᠬᠦ ᠪᠠᠲᠤᠯᠠᠪᠠ᠃  ᠠᠭᠤᠤ ᠶᠡᠭᠡ ᠠᠮᠵᠢᠯᠲᠠ ᠨᠢ ᠬᠦᠴᠦᠨ ᠴᠢᠳᠠᠯ ᠢ ᠨᠢᠭᠲᠠᠷᠠᠭᠤᠯᠵᠤ᠂ ᠠᠭᠤᠤ ᠶᠡᠭᠡ ᠲᠤᠩᠬᠠᠭᠯᠠᠯ ᠨᠢ ᠬᠥᠮᠦᠰ ᠢ ᠵᠣᠷᠢᠭᠵᠢᠭᠤᠯᠤᠨ᠎ᠠ᠃ 10 ᠳ᠋ᠤᠭᠠᠷ ᠰᠠᠷ᠎ᠠ ᠶᠢᠨ 16 ᠤ ᠡᠳᠦᠷ᠂ ᠤᠰᠤᠨ ᠰᠢᠨᠵᠢᠯᠡᠭᠡᠨ ᠤ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠲᠧᠯᠸᠢᠰ᠂ ᠰᠦᠯᠵᠢᠶ᠎ᠡ᠂ ᠭᠠᠷ ᠤᠲᠠᠰᠤ ᠵᠡᠷᠭᠡ ᠣᠯᠠᠨ ᠵᠦᠶ᠋ᠯ ᠤᠨ ᠠᠷᠭ᠎ᠠ ᠵᠠᠮ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠰᠣᠨᠣᠰᠪᠠ᠃ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠬᠢᠭᠰᠡᠨ ᠮᠡᠳᠡᠭᠦᠯᠦᠯᠲᠡ ᠨᠢ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠳᠤ ᠴᠢᠩᠭ᠎ᠠ ᠲᠤᠰᠬᠠᠯ ᠭᠠᠷᠴᠤ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠡᠯ᠎ᠡ ᠭᠠᠵᠠᠷ ᠲᠠᠰᠤᠭ ᠪᠣᠯᠤᠨ ᠡᠯ᠎ᠡ ᠠᠶᠢᠮᠠᠭ ᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠤᠨ ᠠᠵᠢᠯ ᠤᠨ ᠪᠠᠶᠢᠷᠢ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠠᠵᠢᠯ ᠤᠨ ᠰᠢᠨ᠎ᠡ ᠰᠡᠳᠬᠢᠮᠵᠢ ᠪᠠᠨ ᠲᠥᠯᠥᠪᠯᠡᠵᠡᠶ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠄ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠢᠯᠭᠠᠬᠤ᠂ ᠰᠢᠰᠲ᠋ᠧᠮ ᠲᠠᠢ ᠪᠠᠷ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢᠷᠡᠭᠦᠯᠦᠨ ᠲᠤᠭᠤᠰᠢᠯᠠᠭᠤᠯᠤᠨ ᠦᠢᠯᠡᠳᠦᠯᠭᠡᠵᠢᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠶ᠋ᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠢ ᠤᠰᠤᠨ ᠰᠢᠨᠵᠢᠯᠡᠭᠡᠨ ᠤ ᠠᠵᠢᠯ ᠲᠠᠢ ᠤᠶᠠᠯᠳᠤᠭᠤᠯᠵᠤ᠂ ᠤᠰᠤᠨ ᠰᠢᠨᠵᠢᠯᠡᠭᠡᠨ ᠤ ᠥᠷᠲᠡᠭᠡ ᠲᠣᠣᠷ ᠤᠨ ᠪᠠᠶᠢᠷᠢᠯᠠᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠥᠷᠲᠡᠭᠡ ᠶᠢᠨ ᠠᠦ᠋ᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠲᠦᠷᠭᠡᠳᠬᠡᠨ ᠠᠬᠢᠭᠤᠯᠵᠤ᠂ ᠤᠰᠤᠨ ᠰᠢᠨᠵᠢᠯᠡᠭᠡᠨ ᠤ ᠤᠶᠤᠨᠴᠢᠯᠠᠯᠲᠠ᠂ ᠲᠣᠭᠠᠴᠢᠯᠠᠯᠲᠠ᠂ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ᠤᠰᠤᠨ ᠤ ᠴᠢᠨᠠᠷ ᠤᠰᠤᠨ ᠤ ᠠᠮᠢ ᠠᠬᠤᠶ ᠶᠢ ᠬᠢᠨᠠᠨ ᠬᠡᠮᠵᠢᠬᠦ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠴᠢᠩᠭᠠᠳᠬᠠᠵᠤ᠂ ᠤᠰᠤᠨ ᠰᠢᠨᠵᠢᠯᠡᠭᠡᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠭᠦᠨᠵᠡᠭᠡᠶ ᠪᠣᠯᠪᠠᠰᠤᠷᠠᠭᠤᠯᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠳᠤᠲᠠᠭᠤᠳᠠᠯ ᠪᠠᠭᠤᠷᠠᠶ ᠲᠠᠯ᠎ᠠ ᠶᠢ ᠴᠢᠷᠮᠠᠶᠢᠨ ᠨᠥᠬᠦᠪᠦᠷᠢᠯᠡᠵᠦ᠂ ᠤᠰᠤᠨ ᠰᠢᠨᠵᠢᠯᠡᠭᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠤᠨ᠂ ᠨᠡᠩ ᠴᠢᠨᠠᠷ ᠰᠠᠶᠢᠲᠠᠢ ᠤᠰᠤᠨ ᠰᠢᠨᠵᠢᠯᠡᠭᠡᠨ ᠤ ᠦᠢᠯᠡᠴᠢᠯᠡᠭᠡ ᠪᠠᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠪᠠ ᠣᠯᠠᠨ ᠲᠦᠮᠡᠨ ᠤ ᠠᠵᠢᠯ ᠤᠨ ᠭᠠᠵᠠᠷ᠄ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ᠂ ᠨᠠᠮ ᠪᠠ ᠣᠯᠠᠨ ᠲᠦᠮᠡᠨ ᠤ ᠠᠵᠢᠯ ᠤᠨ ᠭᠠᠵᠠᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠡᠨᠬᠦ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠵᠤ᠂ ᠱᠠᠲᠤ ᠱᠠᠲᠤ ᠪᠠᠷ ᠬᠥᠲᠥᠯᠥᠨ ᠳᠠᠭᠠᠭᠤᠯᠵᠤ᠂ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠭᠠᠷᠭᠠᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠳᠤᠮᠳᠠ ᠦᠨᠳᠦᠰᠦᠯᠡᠭᠦᠯᠵᠦ᠂ ᠤᠰᠤᠨ ᠰᠢᠨᠵᠢᠯᠡᠭᠡᠨ ᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠠᠯᠪᠠᠨ ᠬᠡᠷ᠄ ᠤᠰᠤᠨ ᠰᠢᠨᠵᠢᠯᠡᠭᠡᠨ ᠤ ᠹᠷᠣᠨᠲ ᠤᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠭᠠᠵᠠᠷ ᠲᠠᠰᠤᠭ ᠪᠣᠯᠤᠭᠰᠠᠨ ᠤ ᠬᠤᠪᠢ ᠳᠤ᠂ ᠨᠠᠮ ᠤᠨ ᠡᠭᠦᠷ ᠤᠨ ᠨᠠᠮ ᠤᠨ ᠭᠡᠰᠢᠭᠦᠳ ᠢ ᠤᠯᠠᠮ ᠨᠢᠭᠡ ᠠᠯᠬᠤᠮ ᠵᠣᠬᠢᠶᠠᠨ ᠪᠠᠶᠢᠭᠤᠯᠵᠤ ᠣᠭ ᠵᠣᠬᠢᠶᠠᠯ ᠢ ᠨᠠᠷᠢᠨ ᠬᠢᠨᠠᠮᠠᠭᠠᠶ ᠰᠤᠷᠤᠯᠴᠠᠨ ᠣᠭ ᠶᠣᠰᠣ ᠶᠢ ᠨᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ      ᠨᠠᠷᠢᠯᠢᠭᠵᠢᠭᠤᠯᠵᠤ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢ ᠵᠢᠷᠤᠮᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠢᠷᠮᠠᠶᠢᠨ ᠦᠶ᠋ᠯᠡᠳᠦᠯᠭᠡᠵᠢᠭᠦᠯᠬᠦ ᠤᠰᠤᠨ ᠰᠢᠨᠵᠢᠯᠡᠭᠡᠨ ᠤ ᠡᠩᠨᠡᠭᠡ ᠳᠤᠮᠳᠠ᠂ ᠠᠯᠬᠤᠭ᠎ᠠ ᠶᠢ ᠴᠢᠩᠭ᠎ᠠ ᠳᠠᠭᠠᠵᠤ᠂ ᠡᠷᠡᠯᠬᠡᠭᠯᠡᠨ ᠤᠷᠤᠭᠰᠢᠯᠠᠨ᠎ᠠ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠲᠠᠰᠤᠭ᠄ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠠᠴᠠ ᠡᠬᠢᠯᠡᠨ ᠠᠳᠬᠤᠵᠤ᠂ ᠴᠢᠩᠭ᠎ᠠ ᠭᠤᠣᠯ ᠬᠦᠭ ᠠᠶᠠᠰ ᠢ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠦᠨᠡᠨᠬᠦ ᠠᠳᠬᠤᠵᠤ ᠦᠨᠡᠨᠬᠦ ᠬᠠᠮᠢᠶᠠᠷᠴᠤ᠂ ᠪᠠᠶᠢᠩᠭᠤ ᠠᠳᠬᠤᠵᠤ ᠪᠠᠶᠢᠩᠭᠤ ᠬᠠᠮᠢᠶᠠᠷᠤᠨ᠎ᠠ᠃ ᠰᠤᠷᠲᠠᠯ ᠢ ᠴᠢᠩᠭᠠᠳᠬᠠᠨ ᠰᠠᠶᠢᠵᠢᠷᠠᠭᠤᠯᠬᠤ ᠠᠴᠠ ᠡᠬᠢᠯᠡᠨ ᠠᠳᠬᠤᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠪᠡᠨ ᠰᠤᠷᠲᠠᠯ ᠢ ᠵᠠᠯᠠᠷᠠᠭᠤᠯᠬᠤ ᠶᠢ ᠰᠢᠨᠲᠠᠷᠠᠰᠢ ᠦᠭᠡᠢ ᠪᠠᠷᠢᠮᠲᠠᠯᠠᠨ᠂ ᠰᠢᠨ᠎ᠡ ᠰᠤᠷᠲᠠᠯ ᠢ ᠪᠤᠢ ᠪᠣᠯᠭᠠᠵᠤ᠂ ᠺᠠᠳ᠋ᠷ ᠠᠵᠢᠯᠳᠠᠨ ᠠᠵᠢᠯᠴᠢᠨ ᠤ ᠴᠤᠭ ᠰᠦᠯᠳᠡ ᠶᠢ ᠬᠥᠭᠵᠢᠭᠡᠨ᠎ᠡ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠠᠴᠠ ᠡᠬᠢᠯᠡᠨ ᠠᠳᠬᠤᠵᠤ᠂ ᠵᠣᠷᠢᠭᠲᠠᠶ ᠪᠠᠷ ᠲᠡᠮᠡᠴᠡᠵᠦ᠂ ᠴᠢᠳᠠᠮᠠᠭᠠᠶ ᠪᠠᠷ      ᠲᠡᠮᠡᠴᠡᠵᠦ᠂ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ ᠤᠷᠤᠭᠰᠢᠯᠠᠵᠤ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠠᠵᠢᠯᠲᠠᠨ ᠤ ᠶᠠᠪᠤᠳᠠᠯ ᠤᠨ ᠭᠠᠵᠠᠷ᠄ ᠨᠠᠮ ᠤᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠰᠢᠨᠵᠢᠯᠡᠭᠡᠨ ᠤ ᠺᠠᠳ᠋ᠷ ᠠᠵᠢᠯᠲᠠᠨ ᠢ ᠲᠠᠰᠤᠷᠠᠯᠲᠠ ᠥᠬᠡᠶ ᠬᠥᠮᠦᠵᠢᠭᠦᠯᠦᠨ ᠵᠢᠯᠣᠭᠤᠳᠴᠤ ︽ᠬᠤᠶᠠᠷ ᠢ ᠲᠣᠭᠲᠠᠭᠠᠬᠤ︾ ᠶᠢᠨ ᠰᠢᠶ᠋ᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠮᠠᠨ ᠤ ᠣᠷᠣᠨ ᠤ ᠤᠰᠤᠨ ᠰᠢᠨᠵᠢᠯᠡᠭᠡᠨ ᠤ ᠣᠳᠣᠬᠢᠴᠢᠯᠠᠭᠰᠠᠨ ᠺᠠᠳ᠋ᠷ ᠴᠢᠳᠠᠪᠤᠷᠢᠲᠠᠨ ᠤ ᠡᠩᠨᠡᠭᠡ ᠶᠢ ᠴᠢᠩᠭᠠᠳᠬᠠᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠡᠳ᠋ ᠤᠨ ᠶᠠᠪᠤᠳᠠᠯ ᠤᠨ ᠭᠠᠵᠠᠷ᠄ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠴᠠᠭ ᠦᠶ᠎ᠡ ᠶᠢᠨ ᠠᠯᠬᠤᠭ᠎ᠠ ᠶᠢ ᠨᠠᠩ ᠴᠢᠩᠭ᠎ᠠ ᠳᠠᠭᠠᠵᠤ᠂ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠰᠢᠨᠵᠢᠯᠡᠭᠡᠨ ᠤ ᠦᠶ᠋ᠯᠡᠰ ᠤᠨ ᠬᠥᠭᠵᠢᠯᠲᠡ ᠳᠤ ᠰᠠᠶᠢᠨ ᠵᠥᠪᠯᠡᠭᠴᠢ ᠪᠠ ᠲᠤᠰᠠᠯᠠᠭᠴᠢ ᠪᠣᠯᠬᠤ ᠬᠡᠷᠡᠭᠲᠡᠶ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠶᠡᠷᠦᠩᠬᠡᠢ ᠢᠨᠵᠧᠨᠧᠷ ᠤᠨ ᠠᠯᠪᠠᠨ ᠭᠡᠷ᠄ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠡᠷᠬᠡᠪᠰᠢ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠶᠢ ᠦᠢᠯᠡᠳᠦᠯᠭᠡᠵᠢᠭᠦᠯᠵᠦ᠂ ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠠᠵᠢᠯᠯᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ ᠶᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤᠨ ᠤ ᠡᠬᠢ ᠰᠤᠷᠪᠤᠯᠵᠢ ᠶᠢᠨ ᠦᠷᠭᠦᠯᠵᠢᠯᠡᠬᠦ ᠠᠰᠢᠭᠯᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠭᠠᠵᠠᠷ᠄ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠤᠭ ᠵᠣᠬᠢᠶᠠᠯ ᠢ ᠨᠠᠷᠢᠨ ᠬᠢᠨᠠᠮᠠᠭᠠᠢ᠂ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠤᠭ ᠶᠣᠰᠣ ᠶᠢ ᠨᠡᠪᠲᠡᠷᠬᠡᠢ ᠣᠶᠢᠯᠠᠭᠠᠬᠤ ᠳᠡᠭᠡᠷ᠎ᠡ ᠬᠦᠴᠦ ᠣᠷᠣᠭᠤᠯᠵᠤ᠂ ᠭᠤᠣᠯ ᠠᠭᠤᠯᠭ᠎ᠠ ᠪᠣᠯᠤᠨ ᠵᠣᠷᠢᠭ ᠰᠠᠨᠠᠭ᠎ᠠ ᠭᠤᠣᠯ ᠵᠣᠷᠢᠯᠲᠠ ᠶᠢ ᠨᠠᠷᠢᠨ ᠣᠶᠢᠯᠠᠭᠠᠵᠤ᠂ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠰᠠᠭᠤᠷᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠥᠷᠲᠡᠭᠡᠨ ᠲᠣᠣᠷ ᠤᠨ ᠬᠢᠨᠠᠨ ᠬᠡᠮᠵᠢᠬᠦ ᠭᠠᠵᠠᠷ᠄ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠪᠠᠶᠢᠵᠤ᠂ ᠠᠷᠠᠳ ᠲᠦᠮᠡᠨ ᠤ ᠲᠥᠯᠥᠭᠡ ᠠᠮᠠᠯᠳᠠᠬᠤ ᠶᠢ ᠪᠡᠶᠡᠯᠡᠭᠦᠯᠵᠦ᠂ ᠨᠠᠮ ᠢᠶᠠᠨ ᠳᠠᠭᠠᠬᠤ ᠲᠠᠩᠭᠠᠷᠢᠭ ᠢ ᠦᠶ᠋ᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠵᠦ᠂ ᠴᠢᠳᠠᠮᠠᠭᠠᠶ ᠪᠠᠷ ᠠᠵᠢᠯᠯᠠᠨ ᠠᠮᠵᠢᠯᠲᠠ ᠪᠦᠲᠦᠮᠵᠢ ᠭᠠᠷᠭᠠᠵᠤ᠂ ᠦᠶ᠋ᠯᠡᠳᠦᠯᠭᠡ ᠶᠢᠨ ᠳᠤᠮᠳᠠ ᠥᠪᠡᠷ ᠢ ᠪᠠᠨ ᠳᠡᠭᠡᠭᠰᠢᠯᠡᠭᠦᠯᠵᠦ᠂ ᠲᠡᠮᠡᠴᠡᠯ ᠤᠨ ᠳᠤᠮᠳᠠ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠰᠤᠨ ᠰᠢᠨᠵᠢᠯᠡᠭᠡᠨ ᠤ ᠬᠢᠨ ᠤ ᠡᠭᠦᠷᠭᠡ ᠬᠠᠷᠢᠭᠤᠴᠠᠯᠭ᠎ᠠ ᠶᠢ ᠦᠶ᠋ᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠤᠰᠤᠨ ᠰᠢᠨᠵᠢᠯᠡᠭᠡᠨ ᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠰᠤᠨ ᠤ ᠴᠢᠨᠠᠷ ᠤᠰᠤᠨ ᠤ ᠠᠮᠢ ᠠᠬᠤᠢ ᠶᠢ ᠬᠢᠨᠠᠨ ᠬᠡᠮᠵᠢᠬᠦ ᠭᠠᠵᠠᠷ᠄ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠮᠠᠨ ᠤ ᠣᠷᠣᠨ ᠤ ᠭᠤᠤᠯ ᠪᠣᠯᠬᠤ ᠭᠤᠤᠯ ᠮᠥᠷᠡᠨ ᠨᠠᠭᠤᠷ ᠴᠥᠭᠦᠷᠥᠮ ᠤᠨ ᠭᠠᠵᠠᠷ ᠤᠨ ᠭᠠᠳᠠᠷᠭᠤ ᠶᠢᠨ ᠤᠰᠤ᠂ ᠭᠠᠵᠠᠷ ᠳᠣᠤᠷᠠᠬᠢ ᠤᠰᠤᠨ ᠤ ᠡᠬᠢ ᠰᠤᠷᠪᠤᠯᠵᠢ ᠶᠢᠨ ᠶᠠᠰᠤ ᠴᠢᠨᠠᠷ ᠤᠨ ᠪᠠᠶᠢᠳᠠᠯ ᠢ ᠦᠨᠡᠨᠬᠦ ᠡᠵᠡᠮᠰᠢᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠨ ᠬᠠᠮᠢᠶᠠᠷᠤᠯᠲᠠ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ ᠵᠡᠷᠭᠡ ᠠᠵᠢᠯ ᠳᠤ ᠦᠶ᠋ᠯᠡᠴᠢᠯᠡᠭᠡᠨ ᠤ ᠲᠤᠯᠭᠠᠭᠤᠷᠢᠯᠠᠯ ᠢ ᠰᠠᠶᠢᠲᠤᠷ ᠬᠢᠨ᠎ᠠ᠃  ᠤᠰᠤᠨ ᠰᠢᠨᠵᠢᠯᠡᠭᠡᠨ ᠤ ᠤᠰᠤᠨ ᠤ ᠡᠬᠢ ᠰᠤᠷᠪᠤᠯᠵᠢ ᠶᠢᠨ ᠲᠥᠪ ᠤᠨ ᠤᠰᠤᠨ ᠤ ᠪᠠᠢᠳᠠᠯ ᠤᠨ ᠭᠠᠵᠠᠷ᠄ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠵᠠᠯᠠᠭᠤᠴᠤᠳ ᠤᠨ ᠬᠦᠴᠦᠨ ᠴᠢᠳᠠᠯ ᠢ ᠪᠠᠳᠠᠷᠠᠭᠤᠯᠤᠨ᠎ᠠ᠃ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ︽ᠨᠢᠳᠦ ᠴᠢᠬᠢ︾ ᠪᠠ ︽ᠬᠤᠰᠢᠭᠤᠴᠢ ᠴᠡᠷᠢᠭ︾ ᠪᠣᠯᠤᠭᠰᠠᠨ ᠤ ᠬᠤᠪᠢ ᠳᠤ᠂ ᠤᠰᠤᠨ ᠰᠢᠨᠵᠢᠯᠡᠭᠡᠨ ᠤ ᠮᠡᠳᠡᠭᠡ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠲᠥᠰᠦᠪ ᠢ ᠪᠡᠶᠡᠯᠡᠭᠦᠯᠬᠦ ᠶᠢᠨ ᠲᠥᠯᠥᠭᠡ᠂ ᠲᠦᠭ ᠲᠦᠮᠡᠨ ᠠᠶᠢᠯ ᠡᠷᠦᠬᠡ ᠶᠢ ᠰᠠᠬᠢᠨ ᠬᠠᠮᠠᠭᠠᠯᠠᠵᠤ᠂ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠨ᠎ᠠ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠮᠡᠷᠭᠡᠵᠢᠯ ᠤᠨ ᠭᠠᠵᠠᠷ᠄ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠨᠢ ᠴᠦ ᠪᠠᠶᠢᠭᠠᠯᠢ ᠶᠢᠨ ᠲᠠᠯ᠎ᠠ ᠠᠴᠠ ᠠᠵᠢᠯ ᠤᠨ ᠰᠢᠨ᠎ᠡ ᠰᠢᠪᠲᠤᠯᠤᠯᠲᠠ ᠶᠢᠨ ᠴᠡᠭ ᠢ ᠡᠷᠢᠵᠦ᠂ ᠭᠠᠵᠠᠷ ᠣᠷᠣᠨ ᠤ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠰᠡᠳᠬᠢᠬᠦᠶ ᠶᠢᠨ ᠵᠠᠭᠪᠤᠷ ᠢᠶᠠᠷ ᠤᠰᠤ ᠲᠠᠲᠠᠬᠤ ᠠᠵᠢᠯ ᠤᠨ ᠰᠢᠨ᠎ᠡ ᠬᠥᠭᠵᠢᠯᠲᠡ ᠶᠢᠨ ᠰᠡᠳᠬᠢᠮᠵᠢ ᠶᠢ ᠰᠡᠳᠬᠢᠨ ᠲᠥᠯᠥᠪᠯᠡᠬᠦ ᠬᠡᠷᠡᠭᠲᠡᠶ᠃ ᠪᠥᠬᠦ ᠭᠠᠵᠠᠷ ᠤᠨ ᠺᠠᠳ᠋ᠷ ᠠᠵᠢᠯᠲᠠᠨ ᠠᠵᠢᠯᠴᠢᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠮᠡᠷᠭᠡᠵᠢᠯ ᠤᠨ ᠦᠶ᠋ᠯᠡᠴᠢᠯᠡᠭᠡᠨ ᠤ ᠠᠵᠢᠯ ᠤᠨ ᠲᠤᠯᠭᠠᠭᠤᠷᠢᠯᠠᠬᠤ ᠴᠢᠳᠠᠪᠤᠷᠢ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠰᠤ ᠲᠣᠬᠢᠷᠠᠭᠤᠯᠬᠤ ᠠᠵᠢᠯ ᠢ ᠲᠡᠭᠦᠯᠳᠡᠷᠵᠢᠭᠦᠯᠦᠨ᠂ ᠤᠰᠤᠨ ᠠᠰᠢᠭᠯᠠᠯᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠨ᠎ᠡ ᠱᠠᠲᠤ ᠦᠶ᠎ᠡ ᠶᠢᠨ ᠣᠰᠣᠨ ᠰᠢᠨᠵᠢᠯᠡᠭᠡᠨ ᠤ ᠦᠢᠯᠡᠰ᠂ ᠤᠰᠤ ᠲᠣᠬᠢᠷᠠᠭᠤᠯᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠪᠠ ᠣᠶᠤᠨ ᠤᠬᠠᠭᠠᠨ ᠢᠶᠠᠨ ᠡᠷᠭᠦᠨ᠎ᠡ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠰᠤᠨ ᠤ ᠡᠬᠢ ᠰᠤᠷᠪᠤᠯᠵᠢ ᠶᠢᠨ ᠦᠨᠡᠯᠡᠯᠲᠡ ᠶᠢᠨ ᠭᠠᠵᠠᠷ᠄ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠲᠤᠭᠤᠯᠤᠨ ᠡᠷᠡᠮᠡᠬᠡᠶᠢᠯᠡᠨ ᠤᠷᠤᠭᠰᠢᠯᠠᠵᠤ᠂ ᠤᠰᠤᠨ ᠤ ᠡᠬᠢ ᠰᠤᠷᠪᠤᠯᠵᠢ ᠶᠢ ᠵᠠᠳᠠᠯᠤᠨ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ᠄ ᠪᠢᠳᠡ ᠠᠷᠠᠳ ᠲᠦᠮᠡᠨ ᠢᠶᠠᠷ ᠭᠤᠤᠯ ᠪᠣᠯᠭᠠᠵᠤ᠂ ᠦᠶ᠋ᠯᠡᠴᠢᠯᠡᠭᠡ ᠬᠠᠮᠢᠶᠠᠷᠤᠯᠲᠠ ᠶᠢ ᠴᠢᠬᠤᠯᠠᠴᠢᠯᠠᠨ᠂ ᠰᠢᠨ᠎ᠡ ᠴᠠᠭ ᠦᠶ᠎ᠡ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠮᠡᠳᠡᠭᠡ ᠵᠠᠩᠭᠢᠵᠢᠯᠲᠠ ᠣᠨᠣᠴᠠᠲᠠᠶ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠢᠯ ᠤᠨ ᠴᠢᠭᠯᠡᠯ ᠢ ᠣᠨᠣᠪᠴᠢᠲᠠᠶ ᠡᠷᠢᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠨᠢᠭᠲᠠ ᠠᠩᠬᠠᠷᠴᠤ᠂ ᠣᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠡᠷᠡᠮᠡᠯᠵᠡᠯ︾ ᠳᠤ ᠬᠦᠴᠦᠯᠡᠵᠦ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷᠴᠤᠳ ᠤᠨ ᠦᠶ᠋ᠯᠡᠴᠢᠯᠡᠭᠡᠨ ᠤ ᠴᠢᠳᠠᠮᠵᠢ ᠪᠣᠯᠤᠨ ᠤᠷᠮᠠᠰᠢᠭᠤᠯᠤᠨ ᠬᠠᠯᠠᠮᠵᠢᠯᠠᠬᠤ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠨ᠎ᠠ᠃  ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠪᠥᠬᠦ ᠺᠠᠳ᠋ᠷ ᠠᠵᠢᠯᠲᠠᠨ ᠠᠵᠢᠯᠴᠢᠨ ᠨᠠᠮ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠪᠠᠷ ᠤᠰᠤᠨ ᠰᠢᠨᠵᠢᠯᠡᠭᠡᠨ ᠤ ᠬᠢᠨᠠᠨ ᠬᠡᠮᠵᠢᠬᠦ ᠰᠢᠰᠲ᠋ᠧᠮ ᠤᠨ ᠠᠦ᠋ᠲ᠋ᠣᠴᠢᠯᠠᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠯᠬᠤᠴᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ᠰᠢᠨ᠎ᠡ ᠠᠶᠠᠨ ᠵᠠᠮ ᠳᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ᠣᠷᠣᠨ ᠤ ᠲᠥᠪ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠨᠡᠩ ᠰᠠᠶᠢᠨ ᠦᠢᠯᠡᠴᠢᠯᠡᠭᠡ ᠬᠠᠩᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠨᠡᠩ ᠪᠦᠬᠦ ᠲᠠᠯ᠎ᠠ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠳᠦᠭᠡᠨ ᠪᠠᠶᠢᠭᠤᠯᠬᠤ ᠳᠤ ᠤᠰᠤᠨ ᠰᠢᠨᠵᠢᠯᠡᠭᠡᠨ ᠤ ᠨᠡᠩ ᠶᠡᠭᠡ ᠬᠤᠪᠢ ᠨᠡᠮᠡᠷᠢ ᠶᠢ ᠦᠵᠡᠭᠦᠯᠦᠨ᠎ᠡ᠃  ᠪᠤᠭᠤᠲᠤ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠰᠡᠳᠬᠢᠯᠭᠡ ᠶᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠳᠣᠬᠢ ᠪᠠᠶᠢᠳᠠᠯ ᠳᠤ ᠰᠠᠭᠤᠷᠢᠯᠠᠨ᠂ ᠠᠯᠤᠰ ᠭᠡᠳᠦ ᠶᠢ ᠪᠣᠳᠣᠯᠬᠢᠯᠠᠵᠤ᠂ ᠰᠢᠨ᠎ᠡ ᠱᠠᠲᠤᠨ ᠳᠠᠬᠢ ᠤᠰᠤᠨ ᠰᠢᠨᠵᠢᠯᠡᠭᠡᠨ ᠤ ᠬᠥᠭᠵᠢᠯᠲᠡ ᠶᠢᠨ ᠪᠠᠶᠢᠳᠠᠯ ᠡᠭᠦᠷᠭᠡ ᠶᠢ ᠭᠦᠢᠴᠡᠳ ᠲᠣᠳᠣᠷᠬᠠᠢ ᠲᠠᠨᠢᠵᠤ᠂ ᠡᠩᠨᠡᠭᠡ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠦᠨ᠂ ᠡᠷᠴᠢ ᠵᠣᠷᠢᠭ ᠢᠶᠠᠨ ᠬᠥᠪᠴᠢᠯᠡᠵᠦ᠂ ᠵᠡᠮ ᠨᠡᠭᠡᠭᠡᠨ ᠰᠢᠨ᠎ᠡ ᠶᠢ ᠡᠭᠦᠳᠴᠦ᠂ ᠤᠰᠤᠨ ᠰᠢᠨᠵᠢᠯᠡᠭᠡᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠦᠢᠯᠡᠴᠢᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠰᠢᠨᠵᠢᠯᠡᠭᠡᠨ ᠤ ︽ᠬᠤᠰᠢᠭᠤᠴᠢ ᠴᠡᠷᠢᠭ︾ ᠪᠠ ︽ᠨᠢᠳᠦ ᠴᠢᠬᠢ︾ ᠶᠢᠨ ᠦᠶ᠋ᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ᠂ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠤ ᠠᠮᠢ ᠠᠬᠤᠶ ᠶᠢᠨ ᠬᠢᠨᠠᠨ ᠬᠡᠮᠵᠢᠯᠲᠡ᠂ ᠤᠰᠤᠨ ᠭᠠᠮᠰᠢᠭ ᠢ ᠰᠡᠷᠭᠡᠶᠢᠯᠡᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠳᠤ ᠬᠦᠴᠦᠲᠡᠶ ᠪᠠᠲᠤᠯᠠᠭ᠎ᠠ ᠬᠠᠩᠭᠠᠨ᠎ᠠ᠃  ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠤᠰᠤᠨ ᠰᠢᠨᠵᠢᠯᠡᠭᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠰᠤᠨ ᠰᠢᠨᠵᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢᠯᠠᠨ᠂ ᠬᠠᠷᠠᠯᠲᠠ ᠠᠷᠭ᠎ᠠ ᠬᠡᠮᠵᠢᠶ᠎ᠡ ᠲᠣᠭᠲᠠᠭᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠂ ︽ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ︾ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠡᠶᠡᠯᠡᠭᠦᠯᠬᠦ ᠳᠤ ᠤᠰᠤᠨ ᠰᠢᠨᠵᠢᠯᠡᠭᠡᠨ ᠤ ᠬᠦᠴᠦᠨ ᠴᠢᠳᠠᠯ ᠢᠶᠠᠨ ᠡᠷᠭᠦᠨ᠎ᠡ᠃  ᠬᠢᠩᠭᠠᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠤᠰᠤᠨ ᠰᠢᠨᠵᠢᠯᠡᠭᠡᠨ ᠤ ᠬᠢᠨᠠᠨ ᠬᠡᠮᠵᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠤᠰᠤᠨ ᠰᠢᠨᠵᠢᠯᠡᠭᠡᠨ ᠤ ᠣᠳᠣᠬᠢᠴᠢᠯᠠᠭᠰᠠᠨ ᠬᠢᠨᠠᠨ ᠬᠡᠮᠵᠢᠬᠦ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠵᠢᠴᠢ ᠤᠰᠤᠨ ᠤ ᠠᠮᠢ ᠠᠬᠤᠢ ᠶᠢᠨ ᠬᠠᠮᠠᠭᠠᠯᠠᠯᠲᠠ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃  ᠲᠦᠩᠯᠢᠶᠣᠤ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠠᠭᠤᠷᠢ ᠪᠠᠨ ᠪᠠᠲᠤᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠤᠷᠲᠠᠯ ᠢᠶᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠩᠯᠢᠶᠣᠤ ᠶᠢᠨ ᠤᠰᠤᠨ ᠰᠢᠨᠵᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠤᠰᠤᠨ ᠰᠢᠨᠵᠢᠯᠡᠭᠡᠨ ᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃  ᠤᠯᠠᠭᠠᠨᠬᠠᠳᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠪᠢᠳᠡ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠣᠭᠠᠴᠢᠯᠠᠭᠰᠠᠨ ᠤᠰᠤᠨ ᠰᠢᠨᠵᠢᠯᠡᠭᠡᠨ ᠢ ᠤᠯᠠᠮ ᠨᠢᠭᠡ ᠠᠯᠬᠤᠮ ᠲᠦᠷᠭᠡᠳᠬᠡᠨ ᠪᠠᠶᠢᠭᠤᠯᠵᠤ᠂ ᠤᠰᠤᠨ ᠤ ᠡᠬᠢ ᠰᠤᠷᠪᠤᠯᠵᠢ ᠶᠢ ᠨᠢᠭᠡᠳᠦᠯᠲᠡᠶ ᠲᠥᠯᠥᠪᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠨᠠᠮ ᠤᠨ ᠵᠢᠯᠤᠭᠤᠳᠤᠯᠭ᠎ᠠ ᠶᠢ ᠳᠠᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃  ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠰᠤᠷᠪᠤᠯᠵᠢ ᠶᠢᠨ ᠬᠤᠪᠢᠶᠠᠷᠢ ᠲᠥᠪ᠄ ᠤᠰᠤᠨ ᠰᠢᠨᠵᠢᠯᠡᠭᠡᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠤᠰᠤᠨ ᠰᠢᠨᠵᠢᠯᠡᠭᠡᠨ ᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠢᠵᠤ᠂ ᠰᠤᠷᠤᠯᠴᠠᠬᠤ ᠬᠢᠬᠦ ᠶᠢ ᠤᠶᠠᠯᠳᠤᠭᠤᠯᠬᠤ ᠳᠤᠮᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠭᠦᠨᠵᠡᠭᠡᠶ ᠣᠢᠯᠠᠭᠠᠵᠤ᠂ ᠪᠦᠬᠦ ᠬᠦᠴᠦ ᠪᠠᠷ ᠢᠶᠠᠨ ᠴᠢᠷᠮᠠᠢᠨ᠂ ᠡᠷᠴᠢ ᠵᠣᠷᠢᠭ ᠢᠶᠠᠨ ᠬᠥᠪᠴᠢᠯᠡᠨ᠂ ᠵᠣᠷᠢᠭ ᠢᠶᠠᠨ ᠨᠡᠮᠡᠭᠳᠡᠭᠦᠯᠵᠦ᠂ ᠰᠥᠰᠥ ᠵᠣᠷᠢᠭ᠂ ᠢᠳᠡ ᠬᠦᠴᠦ᠂ ᠰᠢᠨ᠎ᠡ ᠴᠠᠭ ᠦᠶ᠎ᠡ ᠶᠢᠨ ᠤᠰᠤᠨ ᠰᠢᠨᠵᠢᠯᠡᠭᠡᠨ ᠤ ᠬᠢᠨ ᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ︽ᠳᠥᠷᠪᠡᠨ ᠪᠡᠯᠡᠳᠬᠡᠯ︾ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠶᠢᠨ ᠰᠦᠪᠡᠭᠴᠢᠯᠡᠨ ᠰᠢᠨ᠎ᠡ ᠶᠢ ᠡᠭᠦᠳᠴᠦ᠂ ᠦᠷᠭᠦᠯᠵᠢᠯᠡᠨ ᠪᠣᠭᠤᠮᠲᠠ ᠰᠢᠪᠲᠤᠯᠵᠤ᠂ ᠰᠢᠯᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠤᠨ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ ᠤᠰᠤᠨ ᠰᠢᠨᠵᠢᠯᠡᠭᠡᠨ ᠤ ᠲᠣᠭᠠᠴᠢᠯᠠᠯᠲᠠ᠂ ᠣᠶᠤᠨᠴᠢᠯᠠᠯᠲᠠ᠂ ᠣᠳᠣᠬᠢᠴᠢᠯᠠᠯᠲᠠ ᠳᠤ ᠬᠦᠴᠦᠨ ᠴᠢᠳᠠᠯ ᠢᠶᠠᠨ ᠡᠷᠭᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃  ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠣᠶᠤᠨᠴᠢ ᠤᠰᠤᠨ ᠰᠢᠨᠵᠢᠯᠡᠭᠡᠨ ᠤ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠳᠤ ᠬᠦᠴᠦ ᠲᠠᠯᠪᠢᠵᠤ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠡᠷᠭᠡ ᠲᠠᠯ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠨᠡᠶᠢᠭᠡᠮ ᠤᠨ ᠣᠯᠠᠨ ᠨᠡᠶᠢᠲᠡ ᠶᠢᠨ ᠦᠶ᠋ᠯᠡᠴᠢᠯᠡᠭᠡ ᠳᠠᠬᠢ ᠤᠰᠤᠨ ᠰᠢᠨᠵᠢᠯᠡᠭᠡᠨ ᠤ ᠠᠵᠢᠯ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠳᠠᠬᠢᠨᠲᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠠᠬᠢᠨᠲᠠ ᠰᠢᠨ᠎ᠡ ᠳᠡᠭᠲᠡᠷ ᠲᠤ ᠭᠠᠷᠴᠤ᠂ ᠳᠠᠬᠢᠨᠲᠠ ᠰᠢᠨ᠎ᠡ ᠠᠮᠵᠢᠯᠲᠠ ᠪᠦᠲᠦᠮᠵᠢ ᠤᠯᠬᠤ ᠳᠤ ᠬᠦᠴᠦᠨ ᠨᠡᠮᠡᠷᠢᠯᠡᠨ᠎ᠡ᠃  ᠤᠷᠳᠤᠰ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ︽ᠭᠤᠷᠪᠠᠨ ᠡᠷᠬᠡᠪᠰᠢ︾ ᠶᠢ ᠪᠠᠷᠢᠮᠲᠠᠯᠠᠵᠤ᠂ ᠤᠰᠤᠨ ᠰᠢᠨᠵᠢᠯᠡᠭᠡᠨ ᠤ ᠦᠢᠯᠡᠰ ᠤᠨ ︽ᠨᠢᠳᠦ ᠴᠢᠬᠢ ᠬᠤᠰᠢᠭᠤᠴᠢ ᠴᠡᠷᠢᠭ︾ ᠤᠨ ᠡᠭᠦᠷᠭᠡ ᠬᠠᠷᠢᠭᠤᠴᠠᠯᠭ᠎ᠠ ᠶᠢ ᠪᠠᠲᠤ ᠰᠠᠬᠢᠵᠤ᠂ ᠠᠵᠢᠯ ᠬᠢᠵᠦ ᠦᠢᠯᠡᠰ ᠪᠤᠰᠬᠠᠬᠤ ᠡᠷᠴᠢ ᠵᠣᠷᠢᠭ ᠢᠶᠠᠨ ᠪᠠᠲᠤᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠴᠣ ᠰᠢᠨ᠎ᠡ ᠵᠢᠷᠤᠭ ᠲᠥᠯᠥᠪᠯᠡᠭᠡ ᠶᠢᠨ ᠲᠣᠭᠤᠷᠢᠨ ᠳᠤ ᠬᠦᠰᠡᠯᠡᠩ ᠢᠲᠡᠭᠡᠯ ᠪᠢᠰᠢᠷᠡᠯ ᠢᠶᠠᠨ ᠡᠬᠡ ᠤᠯᠤᠰ ᠤᠨ ᠭᠤᠣᠯ ᠮᠥᠷᠡᠨ ᠨᠠᠭᠤᠷ ᠴᠥᠭᠦᠷᠥᠮ ᠳᠤ ᠪᠢᠴᠢᠭᠯᠡᠵᠦ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠵᠤ᠂ ᠤᠰᠤᠨ ᠰᠢᠨᠵᠢᠯᠡᠭᠡᠨ ᠤ ᠬᠢᠨ ᠤ ᠬᠦᠴᠦᠨ ᠢ ᠨᠢᠭᠲᠠᠷᠠᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠤᠭ᠎ᠠ ᠶᠡᠭᠡ ᠬᠦᠴᠦᠨ ᠨᠡᠮᠡᠷᠢᠯᠡᠨ᠎ᠡ᠃  ᠠᠯᠠᠱᠠ ᠦᠬᠠᠶ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠄ ᠰᠣᠷᠣᠭᠰᠠᠨ ᠢᠶᠠᠨ ᠬᠡᠷᠡᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠰᠤᠨ ᠰᠢᠨᠵᠢᠯᠡᠭᠡᠨ ᠤ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠤᠰᠤᠨ ᠰᠢᠨᠵᠢᠯᠡᠭᠡᠨ ᠤ ︽ᠬᠤᠰᠢᠭᠤᠴᠢ ᠴᠡᠷᠢᠭ︾ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠤᠰᠤᠨ ᠰᠢᠨᠵᠢᠯᠡᠭᠡᠨ ᠤ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠡᠯ᠎ᠡ ᠡᠭᠦᠷᠭᠡ ᠪᠠᠨ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号