ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2022/10/25
  10 ᠳ᠋ᠤᠭᠠᠷ ᠰᠠᠷ᠎ᠠ ᠶᠢᠨ 24 ᠤ ᠦᠳᠡ ᠶᠢᠨ ᠬᠤᠶᠢᠨ᠎ᠠ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠬᠤᠷᠢᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠪᠠ᠃ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠬᠤᠷᠠᠯ ᠢ ᠡᠷᠬᠢᠯᠡᠵᠦ᠂ ᠲᠥᠪ ᠤᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃  ᠬᠤᠷᠠᠯ ᠳᠡᠭᠡᠷ᠎ᠡ᠂ ᠲᠥᠪ ᠤᠨ ᠨᠠᠮ ᠤᠨ ᠬᠤᠷᠢᠶᠠᠨ ᠤ ᠭᠡᠰᠢᠭᠦᠨ ᠪᠣᠯᠤᠨ ᠨᠠᠮ ᠤᠯᠠᠨ ᠲᠦᠮᠡᠨ ᠤ ᠠᠵᠢᠯ ᠤᠨ ᠭᠠᠵᠠᠷ᠂ ᠤᠰᠤᠨ ᠤ ᠴᠢᠨᠠᠷ ᠤᠰᠤᠨ ᠤ ᠠᠮᠢ ᠠᠬᠤᠢ ᠶᠢ ᠬᠢᠨᠠᠨ ᠬᠡᠮᠵᠢᠬᠦ ᠭᠠᠵᠠᠷ ᠪᠣᠯᠤᠨ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠬᠠᠷᠢᠭᠤᠴᠠᠯᠭᠠᠲᠠᠨ᠂ ᠭᠤᠣᠯ ᠰᠡᠳᠦᠪ ᠤᠨ ᠲᠣᠭᠤᠷᠢᠨ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ      ᠲᠠᠯᠪᠢᠵᠤ᠂ ᠰᠤᠷᠤᠯᠴᠠᠬᠰᠠᠨ ᠲᠦᠷᠦᠭᠳᠡᠯ ᠢᠶᠠᠨ ᠰᠣᠯᠢᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠰᠡᠳᠬᠢᠴᠡ ᠪᠠᠨ ᠠᠭᠤᠵᠢᠷᠠᠲᠠᠯ᠎ᠠ ᠶᠠᠷᠢᠯᠴᠠᠵᠤ᠂ ᠪᠤᠰᠤᠳ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠪᠢᠴᠢᠭ ᠤᠨ ᠰᠣᠯᠢᠯᠴᠠᠭᠠᠨ ᠤ ᠮᠠᠲ᠋ᠧᠷᠢᠶᠠᠯ ᠢᠶᠠᠨ ᠳᠡᠪᠰᠢᠭᠦᠯᠪᠡ᠃  ᠬᠤᠷᠠᠯ ᠠᠴᠠ ᠵᠢᠭᠠᠨ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠤᠰᠤᠨ ᠰᠢᠨᠵᠢᠯᠡᠭᠡᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠦᠨᠵᠡᠭᠡᠢ ᠰᠤᠷᠤᠯᠴᠠᠨ ᠡᠵᠡᠮᠰᠢᠵᠦ᠂ ᠣᠨᠣᠪᠴᠢᠲᠠᠢ ᠤᠢᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠰᠤᠷᠤᠯᠴᠠᠵᠤ ᠰᠤᠳᠤᠯᠤᠨ ᠶᠠᠷᠢᠯᠴᠠᠬᠤ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠨᠤᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠲᠥᠰᠦᠯ ᠢ ᠬᠢᠨᠠᠮᠠᠭᠠᠢ ᠲᠣᠭᠲᠠᠭᠠᠨ᠂ ᠰᠤᠷᠤᠯᠴᠠᠯᠭ᠎ᠠ ᠶᠢᠨ ᠠᠭᠤᠯᠭ᠎ᠠ ᠶᠢ ᠨᠠᠷᠢᠨ ᠨᠢᠮᠪᠠᠢ ᠲᠤᠬᠢᠷᠠᠭᠤᠯᠵᠤ᠂ ᠬᠠᠮᠲᠤ ᠪᠠᠷ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠨᠠᠮ ᠤᠨ ᠬᠢᠴᠢᠶᠡᠯ ᠣᠷᠣᠬᠤ᠂ ᠥᠷᠯᠥᠭᠡ ᠶᠢᠨ ᠤᠩᠰᠢᠯᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠡᠵᠡᠮᠰᠢᠭᠦᠯᠵᠦ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠨᠡᠶᠢᠯᠡᠭᠦᠯᠦᠨ ᠰᠢᠩᠭᠡᠭᠡᠵᠦ ᠨᠡᠪᠳᠡᠷᠡᠳᠡᠯ᠎ᠡ ᠣᠶᠢᠯᠠᠭᠠᠬᠤ ᠶᠢ ᠦᠨᠡᠨᠬᠦ ᠪᠠᠲᠤᠯᠠᠨ᠎ᠠ︔ ᠤᠬᠠᠭᠤᠯᠵᠤ ᠬᠥᠲᠥᠯᠥᠨ ᠵᠢᠯᠣᠭᠤᠳᠬᠤ ᠶᠢ ᠬᠦᠴᠦᠯᠡᠨ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠬᠠᠭᠤᠯᠬᠤ ᠰᠠᠮᠪᠠᠷ᠎ᠠ᠂ ᠡᠯᠧᠺᠳ᠋ᠷᠣᠨ ᠳᠡᠯᠭᠡᠴᠡ᠂ ᠰᠢᠨ᠎ᠡ ᠵᠠᠭᠤᠴᠢᠯᠠᠭᠤᠷ ᠵᠡᠷᠭᠡ ᠡᠯ᠎ᠡ ᠲᠦᠷᠦᠯ ᠤᠨ ᠤᠬᠠᠭᠤᠯᠬᠤ ᠠᠴᠢᠶᠠᠯᠠᠭᠴᠢ ᠶᠢ ᠭᠦᠢᠴᠡᠳ ᠠᠰᠢᠭᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠭᠤᠳ ᠪᠥᠭᠡᠳ ᠳᠦᠷᠰᠦᠯᠢᠭ ᠢᠶᠠᠷ ᠤᠬᠠᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠭᠤᠷ ᠠᠮᠢᠰᠬᠤᠯ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ︔ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠠᠵᠢᠯ ᠤᠨ ᠣᠨᠣᠯᠵᠢᠬᠤᠨ᠂ ᠠᠵᠢᠯ ᠤᠨ ᠠᠷᠭ᠎ᠠ ᠮᠠᠶ᠋ᠢᠭ ᠪᠠ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠤᠰᠤᠨ ᠰᠢᠨᠵᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨᠬᠦ ᠬᠤᠪᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠰᠤᠨ ᠰᠢᠨᠵᠢᠯᠡᠭᠡᠨ ᠤ ᠰᠢᠰᠲ᠋ᠧᠮ ᠳᠤ ᠪᠣᠳᠠᠲᠠᠢ ᠨᠠᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号