ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠲᠦᠮᠡᠨ ᠤ ᠵᠤᠷᠢᠭ ᠨᠢᠭᠡᠳᠪᠡᠯ ᠬᠠᠲᠠᠭᠤ ᠭᠡᠷᠡᠮ ᠪᠤᠯᠤᠨ᠎ᠠ --- ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠳᠠᠲᠤ ᠲᠡᠮᠲᠡᠭᠯᠡᠯ
ᠨᠡᠶᠢᠲᠡᠯᠡᠭᠰᠡᠨ ᠴᠠᠭ᠄
2022/10/27
  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠨᠠᠮ ᠤᠨ  ᠬᠣᠷᠢᠶ᠎ᠠ ᠰᠠᠭᠤᠭᠠᠯᠢ ᠠᠷᠠᠳ ᠤᠨ ᠲᠣᠭᠤᠷᠢᠭ ᠤᠨ ︽ᠬᠤᠣᠰ ᠨᠡᠷ᠎ᠡ ᠮᠡᠳᠡᠭᠦᠯᠬᠦ︾ ᠠᠵᠢᠯᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠠᠭᠤᠭᠠᠯᠢ ᠠᠷᠠᠳ ᠤᠨ ᠲᠣᠭᠤᠷᠢᠭ ᠢ ᠳᠠᠭᠠᠭᠠᠴᠢᠯᠠᠨ ᠬᠠᠷᠢᠯᠴᠠᠵᠤ᠂ ᠠᠵᠢᠯ ᠤᠨ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠪᠥᠬᠦ ᠬᠦᠷᠢᠶᠡᠯᠡᠩ ᠤᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠴᠠᠭ ᠲᠤᠬᠠᠶ ᠳᠤᠨᠢ ᠳᠠᠶᠢᠴᠢᠯᠠᠨ ᠰᠠᠭᠤᠭ᠎ᠠ ᠭᠠᠵᠠᠷ ᠤᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠭᠦᠯᠦᠨ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠵᠠᠢ᠃  ᠲᠣᠰ ᠤᠳᠠᠭᠠᠨ ᠤ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠤᠷᠢᠳ ᠬᠤᠵᠢᠳ 6 ᠤᠳᠠᠭ᠎ᠠ ᠵᠥᠩ ᠱᠠᠨ ᠰᠠᠭᠤᠭᠠᠯᠢ ᠠᠷᠠᠳ ᠤᠨ ᠲᠣᠭᠤᠷᠢᠭ ᠲᠠᠢ ᠳᠠᠭᠠᠭᠠᠴᠢᠯᠠᠨ ᠬᠠᠷᠢᠯᠴᠠᠵᠤ᠂ ᠪᠠᠶᠢᠭᠤᠯᠭ᠎ᠠ ᠨᠢᠭᠡᠴᠢ ᠶᠢᠨ ᠰᠠᠭᠤᠭ᠎ᠠ ᠪᠸᠢ ᠶᠤᠸᠠᠨ ᠰᠠᠭᠤᠭᠠᠯᠢ ᠠᠷᠠᠳ ᠤᠨ ᠲᠣᠭᠤᠷᠢᠭ ᠲᠠᠢ ᠵᠣᠯᠭᠠᠭᠤᠯᠵᠤ᠂ ᠬᠡᠷᠡᠭᠴᠡᠭᠡ ᠪᠠᠨ ᠦᠨᠳᠦᠰᠦᠯᠡᠨ ᠰᠠᠭᠤᠭᠠᠯᠢ ᠠᠷᠠᠳ ᠤᠨ ᠲᠣᠭᠤᠷᠢᠭ ᠵᠢᠴᠢ ᠤᠰᠤᠨ ᠠᠰᠢᠭᠯᠠᠯᠲᠠ ᠶᠢᠨ ᠰᠢᠰᠲ᠋ᠧᠮ ᠤᠨ ᠵᠢᠵᠢᠭᠦᠷᠯᠡᠨ ᠰᠠᠬᠢᠵᠦ ᠪᠠᠶᠢᠭ᠎ᠠ ᠺᠠᠳ᠋ᠷ ᠲᠤ ᠨᠡᠶᠢᠲᠡ 1.4 ᠲᠦᠮᠡᠨ ᠲᠥᠭᠦᠷᠢᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠪᠠᠴᠢᠮ ᠪᠠᠶᠢᠳᠠᠯ ᠢ ᠠᠷᠭᠠᠴᠠᠬᠤ ᠠᠮᠢᠳᠤᠷᠠᠯ ᠤᠨ ᠡᠳ᠋ ᠪᠣᠳᠠᠰ ᠬᠠᠨᠳᠢᠪᠯᠠᠪᠠ᠃ ᠡᠭᠦᠨ ᠤ ᠬᠠᠮᠲᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠦᠷᠦᠭᠦᠯᠡᠨ ᠬᠤᠰᠢᠭᠤᠴᠢ ᠪᠤᠯᠠᠬᠤ ᠦᠯᠢᠭᠡᠷ ᠳᠠᠭᠤᠷᠢᠶᠠᠯ ᠪᠣᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ︽ᠬᠢᠵᠢᠭ︾ ᠲᠠᠢ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃  ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ᠃ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠵᠠᠩ ᠸᠧᠶ ᠤᠳᠤᠷᠢᠳᠬᠤ ᠪᠠᠭ ᠤᠨ ᠭᠡᠰᠢᠭᠦᠳ ᠢᠶᠠᠨ ᠳᠠᠭᠠᠭᠤᠯᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠵᠢᠴᠢ ᠳᠠᠭᠠᠭᠠᠴᠢᠯᠠᠨ ᠬᠠᠷᠢᠯᠴᠠᠬᠤ ᠰᠠᠭᠤᠭᠠᠯᠢ ᠠᠷᠠᠳ ᠤᠨ ᠲᠣᠭᠤᠷᠢᠭ᠂ ᠨᠢᠭᠡᠴᠢ ᠶᠢᠨ ᠰᠠᠭᠤᠭ᠎ᠠ ᠭᠠᠵᠠᠷ ᠤᠨ ᠰᠠᠭᠤᠭᠠᠯᠢ ᠠᠷᠠᠳ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠰᠠᠭᠤᠭ᠎ᠠ ᠭᠠᠵᠠᠷ ᠤᠨ ᠰᠠᠭᠤᠭᠠᠯᠢ ᠠᠷᠠᠳ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠦᠨ ᠣᠷᠣᠯᠴᠠᠵᠤ᠂ ᠡᠮᠦᠨ᠎ᠡ ᠹᠷᠣᠨᠲ ᠲᠤ ᠬᠦᠷᠴᠤ᠂ ᠰᠠᠭᠤᠭᠠᠯᠢ ᠠᠷᠠᠳ ᠤᠨ ᠲᠣᠭᠤᠷᠢᠭ ᠢ ᠬᠠᠮᠵᠢᠨ ᠪᠣᠭᠤᠮᠲᠠ ᠶᠢᠨ ᠠᠮᠠᠰᠠᠷ ᠤᠨ ᠵᠢᠵᠢᠭᠦᠷᠯᠡᠨ ᠰᠠᠬᠢᠬᠤ᠂ ᠣᠷᠴᠢᠨ ᠲᠣᠭᠤᠷᠢᠨ ᠢ ᠠᠷᠢᠭᠤᠳᠬᠠᠬᠤ᠂ ᠠᠮᠤᠷ ᠢ ᠬᠠᠮᠠᠭᠠᠯᠠᠬᠤ ᠲᠣᠭᠤᠷᠢᠨ ᠴᠠᠭᠳᠠᠬᠤ᠂ ᠲᠤᠷᠰᠢᠯᠲᠠ ᠶᠢᠨ ᠡᠮ ᠤᠨ ᠬᠠᠶᠢᠷᠴᠠᠭ ᠲᠠᠷᠬᠠᠭᠠᠬᠤ ᠵᠡᠷᠭᠡ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ︽ᠡᠭᠦᠳᠡ ᠰᠠᠬᠢᠭᠴᠢ︾ ᠪᠣᠯᠵᠣ᠂ ᠡᠪ ᠬᠠᠮᠲᠤ ᠨᠠᠮ ᠤᠨ ᠭᠡᠰᠢᠭᠦᠨ ᠪᠣᠯᠤᠨ ᠤᠳᠤᠷᠢᠳᠬᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠥᠯᠢᠭᠡᠷ ᠳᠠᠭᠤᠷᠢᠶᠠᠯ ᠤᠨ ᠦᠶᠯᠡᠳᠦᠯ ᠢ ᠪᠠᠳᠠᠷᠠᠭᠤᠯᠪᠠ᠃  ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠰᠠᠭᠤᠭ᠎ᠠ ᠭᠠᠵᠠᠷ ᠤᠨ ᠴᠢᠩ ᠱᠠᠨ ᠱᠦᠶ ᠯᠢᠶᠠᠨ ᠰᠠᠭᠤᠭᠠᠯᠢ ᠠᠷᠠᠳ ᠤᠨ ᠲᠣᠭᠤᠷᠢᠭ ᠪᠣᠯ ᠠᠶᠤᠯ ᠲᠦᠭᠰᠢᠭᠦᠷᠢ ᠶᠡᠬᠡᠲᠡᠶ ᠪᠢᠲᠡᠭᠦᠮᠵᠢᠯᠡᠨ ᠡᠵᠡᠮᠳᠡᠬᠦ ᠰᠠᠭᠤᠭᠠᠯᠢ ᠠᠷᠠᠳ ᠤᠨ ᠲᠣᠭᠤᠷᠢᠭ ᠪᠣᠯᠤᠨ᠎ᠠ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ 3 ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠠᠵᠢᠯᠲᠠᠨ ᠠᠵᠢᠯᠴᠢᠨ ᠲᠡᠷᠡ ᠳᠠᠷᠤᠶ ᠳᠤᠨᠢ ᠰᠠᠭᠤᠭᠠᠯᠢ ᠠᠷᠠᠳ ᠤᠨ ᠲᠣᠭᠤᠷᠢᠭ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠡᠷᠭᠦᠳᠡᠯ ᠭᠠᠷᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ︽ᠳ᠋ᠠ ᠪᠠᠢ︾ ᠪᠣᠯᠪᠠ᠃ ᠴᠧᠨ ᠭᠠᠩ ᠪᠣᠯ 60 ᠰᠢᠬᠠᠮ ᠨᠠᠰᠤᠲᠠᠢ ᠠᠵᠢᠯ ᠠᠴᠠ ᠪᠠᠨ ᠠᠮᠠᠷᠠᠬᠤ ᠪᠠᠷ ᠪᠠᠶᠢᠭ᠎ᠠ ᠠᠬᠠᠮᠠᠳ ᠨᠠᠮ ᠤᠨ ᠭᠡᠰᠢᠭᠦᠨ ᠮᠥᠨ᠂ ᠯᠢ ᠨᠢᠩ ᠪᠣᠯ ᠬᠦᠷᠢᠶᠡᠯᠡᠩ ᠤᠨ ᠪᠠᠭ ᠤᠨ ᠭᠡᠰᠢᠭᠦᠨ ᠮᠥᠨ᠂ ᠱᠠᠩ ᠬᠠᠢ ᠪᠢᠨ ᠪᠣᠯ ᠠᠬᠠᠮᠠᠳ ᠠᠵᠢᠯᠲᠠᠨ ᠮᠥᠨ᠂ ᠬᠡᠳᠦᠶᠢᠪᠡᠷ ᠪᠦᠷ 50 ᠭᠠᠷᠤᠢ ᠨᠠᠰᠤᠲᠠᠢ ᠠᠬᠠᠮᠠᠳ ᠨᠥᠬᠦᠳ ᠪᠣᠯᠪᠠᠴᠤ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ᠂ ᠲᠡᠳᠡ ᠶᠠᠭ ᠵᠠᠯᠠᠭᠤ ᠬᠥᠮᠦᠨ ᠰᠢᠭ ᠵᠣᠷᠢᠭᠲᠠᠢ ᠲᠡᠮᠡᠴᠡᠵᠦ ᠵᠣᠷᠢᠭᠲᠠᠢ ᠲᠠᠭᠠᠷᠢᠵᠤ᠂ ᠡᠳᠦᠷ ᠪᠦᠷᠢ ︽ᠪᠦᠬᠦ ᠴᠡᠷᠢᠭ ᠤᠨ ᠵᠡᠪᠰᠡᠭᠲᠦ ᠬᠦᠴᠦᠨ︾ ᠢᠶᠠᠷ ᠲᠠᠰᠤᠷᠠᠯᠲᠠ ᠦᠭᠡᠢ ᠴᠢᠩᠭ᠎ᠠ ᠵᠢᠵᠢᠭᠦᠷᠯᠡᠨ ᠰᠠᠬᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠪᠠᠷ ᠴᠠᠭ ᠲᠣᠭᠲᠠᠭᠠᠨ ᠲᠣᠭᠤᠷᠢᠨ ᠪᠠᠶᠢᠴᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠳᠣᠲᠣᠨ᠎ᠠ ᠭᠠᠳᠠᠨᠠᠬᠢ ᠠᠷᠢᠭᠤᠳᠬᠠᠯ ᠢ ᠰᠠᠶᠢᠲᠤᠷ ᠬᠢᠵᠦ᠂ ᠲᠤᠬᠢᠷᠠᠭᠤᠯᠤᠨ ᠬᠦᠷᠭᠡᠬᠦ ᠲᠡᠷᠭᠡ ᠶᠢ ᠳᠠᠩᠰᠠᠯᠠᠨ ᠬᠠᠮᠢᠶᠠᠷᠬᠤ᠂ ᠡᠳ᠋ ᠪᠣᠳᠠᠰ ᠢ ᠳᠠᠮᠵᠢᠭᠤᠯᠤᠨ ᠵᠥᠭᠡᠭᠡᠪᠦᠷᠢᠯᠡᠬᠦ ᠵᠡᠷᠭᠡ ᠠᠵᠢᠯ ᠢ ᠪᠡᠶᠡᠯᠡᠭᠦᠯᠪᠡ᠃ ᠬᠠᠮᠠᠭᠠᠯᠠᠯᠲᠠ ᠶᠢᠨ ᠬᠤᠪᠴᠠᠰᠤ ᠶᠢ ᠠᠷᠪᠢᠯᠠᠬᠤ ᠶᠢᠨ ᠲᠥᠯᠥᠭᠡ᠂ ᠲᠡᠳᠡ ᠠᠵᠢᠯ ᠤᠨ ᠪᠠᠶᠢᠷᠢᠨ ᠳᠠᠭᠠᠨ ᠤᠰᠤ ᠤᠤᠭᠤᠬᠤ ᠦᠭᠡᠢ᠂ ᠵᠣᠷᠯᠣᠩ ᠳᠤ ᠣᠷᠣᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠪᠡ᠃  ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ ᠤ ᠵᠤᠷᠢᠭ ᠨᠢᠭᠡᠳᠪᠡᠯ ᠬᠠᠲᠠᠭᠤ ᠭᠡᠷᠡᠮ ᠪᠤᠯᠤᠨ᠎ᠠ᠃ ᠬᠦᠷᠢᠶᠡᠯᠡᠩ ᠤᠨ ᠵᠠᠯᠠᠭᠤ ᠨᠠᠮ ᠤᠨ ᠭᠡᠰᠢᠭᠦᠨ ᠺᠠᠳ᠋ᠷ ᠮᠠ ᠰᠢᠨ᠂ ᠪᠠᠲᠤ ᠴᠥᠮ ᠠᠶᠤᠯ ᠲᠦᠭᠰᠢᠭᠦᠷᠢ ᠶᠡᠬᠡᠲᠡᠶ ᠰᠠᠭᠤᠭᠠᠯᠢ ᠠᠷᠠᠳ ᠤᠨ ᠲᠣᠭᠤᠷᠢᠭ ᠲᠤ ᠰᠠᠭᠤᠵᠤ᠂ ᠲᠠᠳᠠ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠵᠦ ᠰᠠᠭᠤᠭᠠᠯᠢ ᠠᠷᠠᠳ ᠤᠨ ᠲᠣᠭᠤᠷᠢᠭ ᠤᠨ ᠡᠳ᠋ ᠪᠣᠳᠠᠰ ᠤᠨ ᠪᠠᠲᠤᠯᠠᠭᠴᠢ ᠶᠢᠨ ᠬᠦᠨᠳᠦ ᠠᠵᠢᠯ ᠪᠠ ᠶᠠᠳᠠᠷᠠᠭ᠎ᠠ ᠲᠠᠢ ᠠᠵᠢᠯ ᠢ ᠬᠠᠷᠢᠭᠤᠴᠠᠵᠤ᠂ ᠡᠳ᠋ ᠪᠣᠳᠠᠰ ᠢ ᠤᠰᠠᠳᠬᠠᠵᠤ᠂ ᠤᠷᠪᠠᠯᠵᠢ ᠶᠢᠨ ᠬᠠᠶᠢᠷᠴᠠᠭ ᠢ ᠲᠠᠷᠬᠠᠭᠠᠵᠤ᠂ ᠠᠮᠢᠳᠤᠷᠠᠯ ᠤᠨ ᠡᠳ᠋ ᠪᠣᠳᠠᠰ ᠢ ᠲᠡᠭᠡᠭᠡᠪᠦᠷᠢᠯᠡᠨ ᠬᠦᠷᠭᠡᠬᠦ ᠵᠡᠷᠭᠡ ᠠᠵᠢᠯ ᠢ ᠬᠠᠮᠵᠢᠨ ᠥᠷᠨᠢᠭᠦᠯᠪᠡ᠃ ᠵᠤᠪᠠᠭᠤᠷᠢ ᠵᠦᠳᠡᠬᠦᠷᠢ ᠶᠢ ᠬᠦᠯᠢᠴᠡᠨ ᠳᠡᠰᠪᠤᠷᠢᠯᠡᠬᠦ᠂ ᠶᠠᠳᠠᠷᠠᠵᠤ ᠵᠦᠳᠡᠷᠡᠬᠦ ᠠᠴᠠ ᠬᠠᠯᠠᠰᠢᠷᠠᠬᠤ ᠦᠭᠡᠢ᠂ ᠵᠠᠯᠠᠭᠤ ᠨᠠᠰᠤ ᠪᠠᠨ ᠦᠯᠦ ᠬᠥᠰᠡᠷᠳᠡᠭᠦᠯᠵᠦ᠂ ︽ᠤᠷᠢ ᠵᠠᠯᠠᠭᠤ ᠨᠠᠰᠤᠨ ᠳᠠᠭᠠᠨ ᠪᠢ ᠪᠠᠶᠢᠵᠤ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠬᠠᠷᠢᠭᠤᠴᠠᠯᠭ᠎ᠠ ᠪᠠᠨ ᠡᠭᠦᠷᠭᠡᠯᠡᠬᠦ ᠪᠠᠷ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃  ᠠᠶᠤᠯ ᠲᠦᠭᠰᠢᠭᠦᠷᠢ ᠪᠠᠭᠠᠲᠠᠶ ᠰᠠᠭᠤᠭᠠᠯᠢ ᠠᠷᠠᠳ ᠤᠨ ᠲᠣᠭᠤᠷᠢᠭ ᠲᠤ ᠰᠠᠭᠤᠵᠤ ᠪᠠᠶᠢᠭ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠥᠪᠡᠷ ᠤᠨ ᠥᠴᠦᠬᠡᠨ ᠬᠦᠴᠦᠨ ᠢᠶᠠᠨ ᠰᠢᠪᠬᠠᠨ ᠨᠡᠶᠢᠭᠡᠮ ᠲᠣᠭᠤᠷᠢᠭ ᠤᠨ ᠠᠵᠢᠯᠲᠠᠨ᠂ ᠠᠵᠢᠯ ᠠᠬᠤᠶ ᠶᠢᠨ ᠠᠵᠢᠯᠴᠢᠨ ᠳᠤ ᠢᠳᠡᠭᠡᠨ ᠬᠦᠷᠭᠡᠵᠦ᠂ ᠪᠠᠴᠢᠮ ᠬᠡᠷᠡᠭᠴᠡᠭᠡ ᠲᠠᠢ ᠰᠠᠭᠤᠭᠠᠯᠢ ᠠᠷᠠᠳ ᠲᠤ ᠴᠢᠬᠤᠯᠠ ᠪᠥᠬᠦᠶ ᠠᠮᠢᠳᠤᠷᠠᠯ ᠤᠨ ᠬᠠᠪᠰᠤᠷᠤᠯᠭ᠎ᠠ ᠬᠠᠩᠭᠠᠵᠤ᠂ ᠲᠡᠳᠡᠨ ᠢ ᠬᠠᠪᠰᠤᠷᠤᠨ ᠡᠪ ᠬᠠᠮᠲᠤ ᠨᠠᠮ ᠤᠨ ᠭᠡᠰᠢᠭᠦᠨ ᠤ ᠢᠲᠡᠭᠡᠯ ᠵᠣᠷᠢᠭ ᠪᠠ ᠣᠭ ᠰᠠᠨᠠᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠬᠡᠷ ᠣᠷᠣᠨ ᠢᠶᠠᠨ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠲᠠᠢ ᠨᠢᠭᠲᠠ ᠬᠤᠯᠪᠤᠪᠠ᠃  ᠶᠠᠭ ᠡᠳᠡᠭᠡᠷ ᠰᠠᠶᠢᠨ ᠳᠤᠷᠠᠴᠤᠳ ᠤᠳᠠᠭ᠎ᠠ ᠳᠠᠷᠠᠭᠠᠯᠠᠨ ᠪᠠᠲᠤ ᠰᠠᠬᠢᠵᠤ ᠪᠠᠶᠢᠭᠰᠠᠨ ᠪᠠᠷ᠎ᠠ ᠨᠢ ᠠᠷᠪᠠᠨ ᠰᠠᠷ᠎ᠠ ᠶᠢᠨ ᠬᠠᠮᠤᠭ ᠤᠨ ᠬᠠᠯᠠᠭᠤᠨ ᠳᠤᠯᠠᠭᠠᠨ ᠵᠢᠷᠤᠭ ᠳᠦᠷᠰᠦ ᠪᠣᠯᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠬᠠᠯᠬᠠᠪᠴᠢ ᠶᠢ ᠴᠣᠭᠴᠠᠯᠠᠪᠠ᠃  ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢ ᠪᠠᠲᠤ ᠰᠠᠬᠢᠭᠰᠠᠨ ᠰᠠᠶᠢᠨ ᠳᠤᠷ᠎ᠠ ᠶᠢᠨ ᠠᠵᠢᠯᠯᠠᠭᠴᠢ ᠨᠢᠭᠡᠪᠦᠷᠢ ᠳᠤ ᠬᠦᠨᠳᠦᠳᠬᠡᠯ ᠤᠨ ᠰᠡᠳᠬᠢᠯᠭᠡ  ᠪᠠᠨ ᠢᠯᠡᠳᠬᠡᠶ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号