ᠦᠪᠤᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠦ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/29
  ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ 10 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ ᠹᠠᠨ ᠵᠥᠩ ᠴᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠦᠪ ᠤᠨ ᠤᠳᠤᠷᠢᠳᠬᠤ ᠪᠠᠭ ᠤᠨ ᠭᠡᠰᠢᠭᠦᠳ ᠂ ᠡᠯ᠎ᠡ ᠰᠠᠯᠠᠭ᠎ᠠ ᠮᠥᠴᠢᠷ ᠤᠨ ᠳᠡᠳ᠋ ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠺᠠᠳ᠋ᠷᠴᠤᠳ ᠨᠢᠭᠤᠷᠳᠠᠨ ᠬᠤᠷᠠᠯᠳᠤᠬᠤ ᠬᠤᠷᠠᠯ ᠳᠤ ᠣᠷᠣᠯᠴᠠᠪᠠ᠃  ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠮᠠᠨ ᠤ ᠨᠠᠮ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠦ ᠰᠢᠨ᠎ᠡ ᠴᠠᠭ ᠦᠶ᠎ᠡ ᠰᠢᠨ᠎ᠡ ᠠᠶᠠᠨ ᠳᠤ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠮᠥᠨ᠃ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠷᠴᠢ ᠵᠣᠷᠢᠭ ᠢᠶᠠᠨ ᠬᠥᠪᠴᠢᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠮᠡᠷᠭᠡᠵᠢᠯ ᠤᠨ ᠲᠤᠯᠭᠠᠭᠤᠷᠢᠯᠠᠯ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠲᠤᠰᠬᠠᠢ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠶᠠᠪᠤᠳᠠᠯ ᠬᠢᠵᠦ ᠦᠢᠯᠡᠰ ᠪᠤᠰᠬᠠᠵᠤ᠂ ᠪᠦᠯᠬᠦᠮᠳᠡᠨ ᠬᠠᠮᠵᠢᠯᠴᠠᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠪᠦᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃  ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠨᠢᠭᠡ ᠳᠤ᠂ ᠡᠯ᠎ᠡ ᠰᠠᠯᠠᠭ᠎ᠠ ᠮᠥᠴᠢᠷ ᠤᠨ ᠠᠵᠢᠯ ᠢ ᠨᠠᠷᠢᠨ ᠬᠢᠨᠠᠮᠠᠭᠠᠢ ᠰᠦᠪᠡᠭᠴᠢᠯᠡᠬᠦ ᠪᠠ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠰᠠᠭᠤᠷᠢᠯᠠᠨ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠭᠡᠷᠡᠯ ᠭᠢᠯᠪᠠᠭ᠎ᠠ ᠨᠡᠮᠡᠷᠢᠯᠡᠬᠦ ᠪᠠᠷ ᠪᠠᠷᠠᠬᠤ ᠦᠭᠡᠢ ᠪᠦᠬᠦ ᠣᠷᠣᠨ ᠤ ᠤᠰᠤᠨ ᠠᠰᠢᠭᠯᠠᠯᠲᠠ ᠶᠢᠨ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ ᠲᠦᠪ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠬᠠᠳᠡᠭᠠᠰᠤᠨ ᠵᠤᠷᠢᠭ ᠰᠬᠠᠭ᠎ᠠ᠂ ᠰᠢᠷᠭᠠᠭᠤ ᠵᠤᠷᠢᠭ ᠰᠬᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠢᠯᠵᠢᠷᠠᠬᠤ ᠠᠴᠠ ᠵᠢᠷᠦᠬᠡᠰᠢᠶᠡᠵᠦ ᠢᠯᠵᠢᠷᠠᠬᠤ ᠦᠭᠡᠢ᠂ ᠢᠯᠵᠢᠷᠠᠬᠤ ᠶᠢ ᠪᠠᠶᠢᠬᠤ ᠶᠢ ᠪᠤᠳᠤᠬᠤ ᠦᠭᠡᠢ ᠪᠠᠶᠢᠬᠤ ᠶᠢ ᠴᠤᠭᠴᠠᠵᠢᠭᠤᠯᠤᠨ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠶᠢ ᠡᠭᠦᠷᠢᠳᠡ ᠴᠢᠨᠠᠷ ᠬᠤᠪᠢᠷᠠᠬᠤ ᠦᠭᠡᠢ ᠦᠩᠭᠡ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠥᠪᠥᠷ ᠮᠣᠩᠭᠤᠯ ᠤᠨ ᠳᠦᠷᠢ ᠲᠥᠷᠬᠦ ᠶᠢ ᠪᠣᠶ ᠪᠣᠯᠭᠠᠬᠤ︾ ᠲᠤᠬᠠᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠦ᠂ ᠬᠠᠮᠤᠭ ᠤᠨ ᠴᠢᠬᠤᠯᠠ ᠳᠦᠷᠢ ᠲᠥᠷᠬᠦ ᠶᠢ ᠳᠣᠪᠤᠶᠢᠯᠭᠠᠬᠤ ᠪᠣᠯ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠠᠪᠤᠳᠠᠯ ᠮᠦᠨ᠂ ︽ᠠᠵᠢᠯ ᠶᠠᠪᠤᠳᠠᠯ ᠬᠢᠵᠦ ᠠᠵᠢᠯ ᠶᠠᠪᠤᠳᠠᠯ ᠡᠭᠦᠷᠭᠡᠯᠡᠬᠦ ᠪᠣᠯ ᠺᠠᠳ᠋ᠷ ᠤᠨ ᠡᠭᠦᠷᠭᠡ ᠬᠠᠷᠢᠭᠤᠴᠠᠯᠭ᠎ᠠ ᠮᠥᠨ ᠪᠥᠭᠡᠳ ᠦᠨ᠎ᠡ ᠦᠷᠳᠡᠭ ᠮᠥᠨ︾ ᠵᠣᠷᠢᠭᠲᠠᠶ ᠪᠠᠷ ᠠᠵᠢᠯᠯᠠᠬᠤ ᠪᠣᠯ ᠨᠢᠭᠡ  ᠵᠦᠢᠯ ᠤᠨ ᠬᠠᠷᠢᠭᠤᠴᠠᠯᠭ᠎ᠠ ᠮᠦ᠋ᠨ᠂ ᠵᠣᠷᠢᠭᠲᠠᠶ ᠪᠠᠷ ᠠᠵᠢᠯᠯᠠᠬᠤ ᠪᠣᠯ ᠨᠢᠭᠡ  ᠵᠦᠢᠯ ᠤᠨ ᠬᠠᠶᠢᠷ᠎ᠠ ᠰᠡᠳᠬᠢᠯᠭᠡ ᠮᠦᠨ᠂ ᠪᠣᠳᠠᠲᠠᠶ ᠠᠵᠢᠯᠯᠠᠬᠤ ᠪᠣᠯ ᠨᠢᠭᠡ ᠵᠦᠶᠯ ᠤᠨ ᠴᠢᠳᠠᠪᠤᠷᠢ ᠮᠥᠨ ᠭᠡᠳᠡᠭ ᠢ ᠲᠣᠳᠣᠷᠬᠠᠶᠢᠯᠠᠵᠤ᠂ ᠬᠠᠮᠤᠭ ᠤᠨ ᠴᠢᠬᠤᠯᠠ ᠳᠦᠷᠢ ᠲᠥᠷᠬᠦ ᠪᠣᠯ ︽ᠪᠠᠷᠢᠨ ᠭᠦᠶᠴᠡᠳᠬᠡᠬᠦ︾᠂ ︽ᠥᠨᠥᠳᠦᠷ ᠬᠡᠳᠦᠶ ᠣᠷᠣᠶ ᠪᠠᠶᠢᠭᠰᠠᠨ ᠴᠤ ᠡᠷᠲᠡ᠂ ᠮᠠᠷᠭᠠᠰᠢ ᠬᠡᠳᠦᠶ ᠡᠷᠲᠡ  ᠪᠠᠶᠢᠭᠰᠠᠨ ᠴᠤ ᠣᠷᠣᠶ︾ ᠭᠡᠳᠡᠭ ᠢ ᠴᠢᠬᠤᠯᠠᠴᠢᠯᠠᠵᠤ᠂ ᠲᠥᠪ ᠤᠨ ᠡᠯ᠎ᠡ  ᠵᠦᠢᠯ ᠤᠨ ᠠᠵᠢᠯ ᠤᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯ ᠬᠢᠵᠦ  ᠦᠢᠯᠡᠰ ᠴᠣᠭᠴᠠᠯᠠᠬᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠠᠪᠤᠳᠠᠯ ᠮᠥᠨ ᠭᠡᠳᠡᠭ ᠢ ᠲᠣᠳᠣᠷᠬᠠᠶᠢᠯᠠᠪᠠ ᠭᠡᠵᠦ ᠴᠢᠬᠤᠯᠠᠴᠢᠯᠠᠵᠠᠢ᠃  ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠣᠶᠤᠨ ᠲᠠᠷᠢᠬᠢᠨ ᠳᠠᠭᠠᠨ ᠬᠠᠳᠠᠩᠰᠢᠭᠤᠯᠵᠤ ᠰᠡᠳᠬᠢᠯ ᠳᠡᠭᠡᠨ ᠬᠠᠳᠠᠩᠰᠢᠭᠤᠯᠤᠨ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠪᠣᠳᠠᠲᠠᠢ ᠬᠢᠵᠦ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠲᠦᠪ ᠤᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠦ ᠤᠬᠠᠭᠤᠯᠵᠤ ᠲᠤᠭᠤᠰᠢᠯᠠᠭᠤᠯᠵᠦ᠂ ᠤᠳᠤᠷᠢᠳᠬᠤ ᠺᠠᠳ᠋ᠷ ᠪᠡᠶ᠎ᠠ ᠪᠠᠷ ᠢᠶᠠᠨ ᠬᠢᠬᠦ ᠰᠠᠶᠢᠨ ᠤᠬᠠᠭᠤᠯᠤᠭᠴᠢ ᠪᠤᠯᠵᠤ᠂ ᠲᠦᠷᠦᠭᠦᠯᠡᠨ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠬᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠬᠠᠭᠤᠯᠤᠨ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠲᠠᠢ ᠬᠠᠷᠢᠴᠠᠭᠤᠯᠤᠨ ᠬᠦᠴᠦᠲᠡᠢ ᠠᠵᠢᠯ ᠤᠨ ᠠᠷᠭ᠎ᠠ ᠬᠡᠮᠵᠢ᠊ ᠡᠶ᠎ᠡ ᠠᠪᠴᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号