ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ 2022 ᠣᠨ ᠤ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/19
    2022 ᠣᠨ ᠤ 11 ᠳ᠋ᠦ᠋ᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠤᠰᠤᠨ ᠤ ᠡᠬᠢ ᠰᠤᠷᠪᠤᠯᠵᠢ ᠶᠢᠨ ᠲᠥᠪ 2022 ᠣᠨ ᠤ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ 2022 ᠣᠨ ᠤ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠤᠰᠤᠨ ᠰᠢᠨᠵᠢᠯᠡᠭᠡᠨ ᠤ ᠵᠠᠬᠢᠷᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠭᠰᠠᠨ ᠪᠥᠭᠡᠳ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠰᠠᠶᠢᠲᠤᠷ ᠬᠢᠬᠦ ᠲᠤᠬᠠᠶ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠠᠵᠢᠯ ᠤᠨ ᠲᠣᠬᠢᠷᠠᠭᠤᠯᠤᠯᠲᠠ ᠬᠢᠪᠠ᠃ ᠪᠥᠬᠦ ᠣᠷᠣᠨ ᠤ ᠤᠰᠤᠨ ᠰᠢᠨᠵᠢᠯᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠠᠬᠢᠴᠠ ᠶᠢᠨ ᠪᠠᠶᠢᠳᠠᠯ ᠢ ᠨᠡᠪᠲᠡᠷᠡᠭᠦᠯᠵᠦ᠂ ᠬᠠᠮᠢᠶ᠎ᠠ ᠪᠥᠬᠦᠶ ᠭᠠᠵᠠᠷ ᠬᠡᠷ ᠵᠢᠴᠢ ᠡᠯ᠎ᠡ ᠤᠰᠤᠨ ᠰᠢᠨᠵᠢᠯᠡᠭᠡᠨ ᠤ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ ᠲᠣᠰ ᠲᠣᠰ ᠤᠨ ᠡᠭᠦᠷᠭᠡᠯᠡᠭᠰᠡᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠲᠥᠪ ᠤᠨ ᠡᠷᠬᠢᠯᠡᠭᠴᠢ ᠸᠠᠩ ᠬᠠᠢ ᠵᠢᠶᠦ᠋ᠨ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠸᠠᠩ ᠬᠠᠶ ᠵᠢᠶᠦ᠋ᠨ ᠠᠴᠠ ᠲᠥᠪ ᠤᠨ ᠡᠯ᠎ᠡ ᠭᠠᠵᠠᠷ ᠬᠡᠷ᠂ ᠡᠯ᠎ᠡ ᠬᠤᠪᠢᠶᠠᠷᠢ ᠲᠥᠪ ᠨᠢ ᠵᠠᠪᠠᠯ ᠡᠨᠡ ᠵᠢᠯ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠬᠢᠨᠠᠮᠠᠭᠠᠶ ᠰᠠᠶᠢᠲᠤᠷ ᠪᠡᠶᠡᠯᠡᠭᠦᠯᠵᠦ᠂ ᠤᠰᠤᠨ ᠰᠢᠨᠵᠢᠯᠡᠭᠡᠨ ᠤ ᠦᠷᠳᠡᠭᠡᠨ ᠤ ᠲᠣᠤᠷ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠤᠰᠤᠨ ᠰᠢᠨᠵᠢᠯᠡᠭᠡᠨ ᠤ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠬᠤ ᠬᠡᠷᠡᠭᠲᠡᠶ ᠭᠡᠵᠡᠶ᠃ ᠨᠢᠭᠡ ᠳᠤ᠂ ᠦᠨᠡᠨᠬᠦ ᠪᠠᠲᠤᠯᠠᠨ ᠪᠣᠳᠠᠲᠠᠢ ᠠᠵᠢᠯᠯᠠᠵᠤ᠂ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠲᠠᠯ᠎ᠠ ᠪᠠᠷ ᠵᠥᠷᠢᠶ᠎ᠡ ᠲᠠᠢ ᠪᠠᠶᠢᠵᠤ᠂ ᠬᠤᠪᠢ ᠲᠠᠬᠢᠨ ᠴᠢᠷᠮᠠᠶᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠵᠡᠯ ᠰᠠᠨᠠᠭ᠎ᠠ ᠲᠠᠨᠢᠯᠲᠠ ᠪᠠᠨ ᠲᠠᠬᠢᠨ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠲᠠᠬᠢᠨ ᠨᠠᠷᠢᠯᠢᠬᠵᠢᠭᠤᠯᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠤᠯᠠᠮ ᠲᠦᠷᠭᠡᠳᠬᠡᠵᠦ᠂ ᠪᠡᠯᠡ ᠮᠥᠩᠭᠦ ᠬᠠᠩᠭᠠᠬᠤ ᠡᠷᠴᠢᠮ ᠢᠶᠠᠨ ᠲᠠᠬᠢᠨ ᠴᠢᠩᠭᠠᠷᠠᠭᠤᠯᠵᠤ᠂ ᠢᠨᠵᠧᠨᠧᠷᠢᠩ ᠤᠨ ᠶᠠᠰᠤ ᠴᠢᠨᠠᠷ ᠢ ᠲᠠᠬᠢᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠵᠦᠶ᠋ᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠦᠨᠡᠨᠬᠦ ᠰᠠᠶᠢᠲᠤᠷ ᠬᠢᠵᠦ᠂ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯ ᠳᠤ ᠢᠳᠡᠪᠬᠢᠲᠡᠶ ᠣᠷᠣᠯᠴᠠᠵᠤ᠂ ᠠᠵᠢᠯ ᠤᠨ ᠪᠠᠶᠢᠷᠢ ᠳᠠᠭᠠᠨ ᠪᠤᠴᠠᠬᠤ ᠡᠯ᠎ᠡ ᠵᠦᠶ᠋ᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠣᠨ ᠤ ᠡᠯ᠎ᠡ ᠵᠦᠶ᠋ᠯ ᠤᠨ ᠭᠤᠤᠯᠳᠠᠯᠭ᠎ᠠ ᠠᠵᠢᠯ ᠢᠶᠠᠨ ᠦᠨᠡᠨᠬᠦ ᠰᠠᠶᠢᠲᠤᠷ ᠪᠡᠶᠡᠯᠡᠭᠦᠯᠬᠦ ᠬᠡᠷᠡᠭᠲᠡᠶ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠪᠠᠲᠤᠯᠠᠵᠤ᠂ ︽ᠰᠤᠷᠲᠠᠯ ᠤᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢᠨ ᠣᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ᠢᠷᠡᠬᠦ ᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠤᠷᠢᠳᠴᠢᠯᠠᠨ ᠲᠥᠯᠥᠪᠵᠢᠭᠦᠯᠵᠦ᠂ ᠵᠢᠯ ᠤᠨ ᠡᠴᠦᠰ ᠠᠴᠠ ᠡᠮᠦᠨᠡᠬᠢ ᠡᠯ᠎ᠡ ᠵᠦᠶ᠋ᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃    ᠸᠠᠩ ᠬᠠᠢ ᠵᠢᠶᠦ᠋ᠨ᠂ ᠤᠰᠤᠨ ᠵᠦᠢ ᠶᠢᠨ ᠰᠢᠰᠲᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ︽ᠥᠩᠭᠡᠪᠴᠢ ᠬᠤᠭᠤᠰᠣᠨ ᠶᠠᠷᠢᠭᠠᠳ ᠰᠠᠭᠤᠪᠠᠯ ᠲᠦᠷᠦ ᠭᠦᠷᠦᠨ ᠮᠥᠬᠦᠵᠦ᠂ ᠦᠨᠡᠨ ᠪᠣᠳᠠᠲᠠᠢ ᠠᠵᠢᠯᠯᠠᠪᠠᠯ ᠤᠯᠤᠰ ᠣᠷᠣᠨ ᠮᠠᠨᠳᠤᠮᠤᠢ︾᠂ ︽ᠨᠢᠭᠡ ᠬᠤᠪᠢ ᠪᠠᠶᠢᠷᠢᠯᠠᠭᠤᠯᠤᠯᠲᠠ ᠳᠤ᠂ ᠶᠢᠰᠦᠨ ᠬᠤᠪᠢ ᠨᠠᠶᠢᠳᠠᠪᠤᠷᠢᠵᠢᠭᠤᠯᠤᠯᠲᠠ ᠳᠤ︾ ᠭᠡᠳᠡᠭ ᠢ ᠪᠠᠲᠤ ᠴᠡᠭᠡᠵᠢᠯᠡᠵᠦ᠂ ︽ᠨᠠᠳᠠ ᠪᠠᠷ ᠬᠢᠯᠭᠡᠬᠦ︾ ᠰᠠᠨᠠᠭᠠᠴᠢᠯᠠᠭ᠎ᠠ ᠦᠭᠡᠢ ᠪᠠᠶᠢᠳᠠᠯ ᠢ ︽ᠪᠢ ᠬᠢᠶ᠎ᠡ︾ ᠭᠡᠬᠦ ᠰᠠᠨᠠᠭᠠᠴᠢᠯᠠᠭᠠᠲᠤ ᠴᠢᠨᠠᠷ ᠤᠨ ᠪᠣᠯᠭᠠᠨ ᠬᠤᠪᠢᠷᠠᠭᠤᠯᠵᠤ᠂ ᠬᠦᠴᠢᠷ ᠶᠠᠪᠤᠳᠠᠯ᠂ ᠪᠠᠭ᠎ᠠ ᠶᠠᠪᠤᠳᠠᠯ᠂ ᠪᠣᠳᠠᠲᠠᠢ ᠶᠠᠪᠤᠳᠠᠯ ᠪᠦᠬᠦᠨ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠠᠢ᠃    ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠣᠭᠳᠠᠯ ᠪᠦᠬᠦᠢ ᠭᠠᠵᠠᠷ ᠲᠠᠰᠤᠭ᠂ ᠡᠯ᠎ᠡ ᠬᠤᠪᠢᠶᠠᠷᠢ ᠲᠥᠪ ᠤᠨ ᠭᠤᠣᠯ ᠬᠠᠷᠢᠭᠤᠴᠠᠯᠭᠠᠲᠠᠳ ᠪᠣᠯᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号