ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠤᠰᠤᠨ ᠤ ᠡᠬᠢ ᠪᠠᠶᠠᠯᠢᠭ ᠤᠨ ᠬᠠᠮᠤᠭ ᠤᠨ ᠶᠡᠭᠡ ᠬᠠᠲᠠᠭᠤ ᠬᠢᠵᠠᠭᠠᠷᠯᠠᠯ ᠢ ᠴᠢᠩᠭᠠᠳᠬᠠᠵᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/11/22
  ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠪᠥᠬᠦ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ︽ᠤᠰᠤᠨ ᠤ ᠡᠬᠢ ᠪᠠᠶᠠᠯᠢᠭ ᠤᠨ ᠬᠠᠮᠤᠭ ᠤᠨ ᠶᠡᠭᠡ ᠬᠠᠲᠠᠭᠤ ᠬᠢᠵᠠᠭᠠᠷᠯᠠᠯ ᠢ ᠴᠢᠩᠭᠠᠷᠠᠭᠤᠯᠵᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃  ︽ᠬᠡᠷᠡᠭᠵᠢᠭᠦᠯᠬᠦ ᠰᠠᠨᠠᠯ︾᠎ ᠳᠤ ᠪᠦᠬᠦ ᠨᠡᠶᠢᠭᠡᠮ ᠢᠶᠠᠷ ᠢᠶᠠᠨ ︽ᠤᠰᠤ ᠠᠷᠪᠢᠯᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠬᠡᠷᠡᠭᠴᠡᠭᠡ ᠶᠢ ᠬᠠᠮᠢᠶᠠᠷᠤᠨ ᠡᠵᠡᠮᠳᠡᠬᠦ᠂ ᠨᠣᠷᠮ᠎ᠠ ᠲᠣᠭᠲᠠᠭᠠᠨ ᠬᠠᠮᠢᠶᠠᠷᠬᠤ᠂ ᠱᠠᠲᠤᠯᠢᠭ ︵ᠠᠬᠢᠭᠤᠯᠤᠨ ᠪᠤᠳᠤᠬᠤ︶ ᠤᠰᠤᠨ ᠤ ᠦᠨ᠎ᠡ᠂ ᠪᠦᠲᠦᠮᠵᠢᠲᠡᠶ ᠬᠡᠮᠵᠢᠬᠦ ︵ᠬᠢᠨᠠᠨ ᠬᠡᠮᠵᠢᠬᠦ︶᠂ ᠡᠮᠬᠢ ᠵᠢᠷᠤᠮ ᠲᠠᠢ ᠵᠠᠰᠠᠬᠤ︾ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠠᠳᠬᠤᠵᠤ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ     ᠮᠠᠶ᠋ᠢᠭ᠂ ᠣᠷᠣᠨ ᠵᠠᠢ ᠶᠢᠨ ᠪᠠᠶᠢᠷᠢᠰᠢᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠤᠰᠤ ᠶᠢ ᠡᠷᠴᠢᠮᠵᠢᠭᠦᠯᠦᠨ ᠠᠷᠪᠢᠯᠠᠵᠤ ᠬᠡᠷᠡᠭᠯᠡᠬᠦ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠪᠠ ᠬᠢᠷᠢ ᠲᠦᠪᠰᠢᠨ ᠢ ᠥᠷᠭᠡᠳᠬᠡᠨ ᠳᠡᠭᠡᠭᠰᠢᠯᠡᠭᠦᠯᠦᠨ᠎ᠡ ᠭᠡᠵᠠᠢ᠃  ︽ᠬᠡᠷᠡᠭᠵᠢᠭᠦᠯᠬᠦ ᠰᠠᠨᠠᠯ︾᠎ ᠳᠤ᠂ 103 ᠬᠤᠰᠢᠭᠤ ᠰᠢᠶᠠᠨ ᠲᠣᠭᠤᠷᠢᠭ ᠢᠶᠠᠷ ᠬᠡᠷᠡᠭᠵᠢᠭᠦᠯᠬᠦ ᠨᠢᠭᠡᠴᠡ ᠪᠣᠯᠭᠠᠵᠤ᠂ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ ᠬᠤᠲᠠ ᠪᠠᠯᠭᠠᠰᠤ ᠶᠢᠨ ᠤᠰᠤ ᠬᠠᠩᠭᠠᠬᠤ᠂ ᠠᠮᠢ ᠠᠬᠤᠢ ᠶᠢᠨ ᠤᠰᠤ ᠬᠡᠷᠡᠭᠰᠡᠬᠦ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ᠂ ᠲᠠᠷᠢᠶᠠᠯᠠᠩ ᠤᠨ ᠤᠰᠤ ᠬᠡᠷᠡᠭᠯᠡᠬᠦ ᠬᠦᠷᠲᠡᠯ᠎ᠡ ᠵᠦᠢ ᠵᠣᠬᠢᠰᠲᠠᠢ ᠵᠠᠳᠠᠯᠬᠤ ᠶᠢᠨ ᠬᠠᠮᠲᠤ ᠬᠦᠷᠢᠶᠡᠯᠡᠩ ᠲᠣᠭᠤᠷᠢᠭ᠂ ᠭᠠᠴᠠᠭ᠎ᠠ ᠲᠣᠰᠬᠤᠨ ᠪᠤᠶᠤ ᠤᠰᠤ ᠬᠡᠷᠡᠭᠯᠡᠬᠦ ᠡᠷᠦᠬᠡ ᠵᠡᠷᠭᠡ ᠤᠰᠤ ᠬᠡᠷᠡᠭᠯᠡᠬᠦ ᠦᠨᠳᠦᠰᠦᠨ ᠨᠢᠭᠡᠴᠡ ᠳᠤ ᠬᠦᠷᠲᠡᠯ᠎ᠡ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠭᠠᠵᠠᠷ ᠳᠣᠣᠷᠠᠬᠢ ᠤᠰᠤᠨ ᠤ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠬᠤᠰᠢᠭᠤ ᠰᠢᠶᠠᠨ             ︵ᠲᠣᠭᠤᠷᠢᠭ︶᠎ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠤᠰᠤᠨ ᠤ ᠭᠠᠵᠠᠷ ᠰᠢᠨᠵᠢᠯᠡᠭᠡᠨ ᠤ ᠨᠢᠭᠡᠴᠡ ᠶᠢᠨ 371 ᠬᠠᠮᠢᠶᠠᠷᠤᠯᠲᠠ ᠶᠢᠨ ᠨᠢᠭᠡᠴᠡ ᠳᠤ ᠨᠠᠷᠢᠯᠢᠭᠵᠢᠭᠤᠯᠤᠨ ᠵᠠᠳᠠᠯᠠᠬᠤ ᠶᠢᠨ ᠬᠠᠮᠲᠤ ᠬᠡᠮᠵᠢᠯᠲᠡ ᠶᠢᠨ ᠬᠢᠨᠠᠨ ᠬᠡᠮᠵᠢᠯᠲᠡ ᠶᠢᠨ ᠰᠠᠭᠤᠷᠢᠯᠠᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠠᠵᠢᠯ ᠲᠥᠷᠥᠯ ᠡᠯ᠎ᠡ ᠭᠤᠭᠴᠣᠭᠠᠨ ᠤ ᠤᠰᠤ ᠬᠡᠷᠡᠭᠯᠡᠬᠦ ᠪᠠᠶᠢᠳᠠᠯ ᠢ ᠪᠥᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠢ ᠳᠤᠨᠢ ᠡᠵᠡᠮᠰᠢᠵᠦ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠳᠡᠮᠵᠢᠨ᠂ 2025 ᠣᠨ ᠪᠣᠯᠬᠤ ᠳᠤ᠂ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠪᠥᠬᠦ ᠣᠷᠣᠨ ᠤ ᠲᠦᠮᠡᠨ ᠲᠥᠭᠦᠷᠢᠭ ᠤᠨ GDP᠎ ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12 %᠎ ᠠᠴᠠ ᠳᠡᠭᠡᠭᠰᠢ ᠪᠠᠭᠤᠷᠠᠭᠤᠯᠵᠤ᠂ ᠪᠥᠬᠦ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠶᠢ 0.58 ᠪᠣᠯᠲᠠᠯ᠎ᠠ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号