ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ | ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ | ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠲᠠᠢ ᠪᠠᠷ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠠᠴᠠ ︽ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠪᠥᠬᠦ | ᠲᠠᠯ᠎ᠠ ᠪᠠᠷ ᠠᠬᠢᠭᠤᠯᠬᠤ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠰᠠᠨᠠᠯ︾ ᠳᠤ᠂ ᠪᠥᠬᠦ ᠨᠡᠶᠢᠭᠡᠮ ᠢᠶᠠᠷ ᠢᠶᠠᠨ ︽ᠤᠰᠤᠨ ᠤ ᠬᠡᠮᠵᠢᠶ᠎ᠡ ᠪᠠᠷ ᠬᠡᠷᠡᠭᠯᠡᠬᠦ︾ | ᠬᠥᠭᠵᠢᠯᠲᠡ ᠶᠢᠨ ᠤᠨᠤᠯ ᠢ ᠪᠠᠲᠤ ᠪᠠᠬᠢ ᠪᠣᠶ ᠪᠣᠯᠭᠠᠵᠤ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠶᠡᠷᠦᠩᠬᠡᠶ ᠬᠡᠮᠵᠢᠶ᠎ᠡ ᠶᠢ ᠡᠵᠡᠮᠳᠡᠬᠦ᠂ ᠬᠡᠷᠡᠭᠴᠡᠭᠡ ᠶᠢ ᠬᠠᠮᠢᠶᠠᠷᠬᠤ᠂ | ᠨᠣᠷᠮ᠎ᠠ ᠲᠣᠭᠲᠠᠭᠠᠨ ᠬᠠᠮᠢᠶᠠᠷᠬᠤ᠂ ᠱᠠᠲᠤᠯᠢᠭ ᠪᠠᠷ ᠤᠰᠤᠨ ᠤ ᠦᠨ᠎ᠡ ᠬᠠᠩᠰᠢ ︵ᠠᠬᠢᠭᠤᠯᠤᠨ ᠪᠤᠳᠤᠬᠤ︶᠂ | ᠤᠰᠤᠨ ᠤ ᠦᠨ᠎ᠡ ᠬᠠᠩᠰᠢ ᠶᠢ ᠪᠦᠲᠦᠮᠵᠢᠲᠡᠶ ᠬᠡᠮᠵᠢᠬᠦ ︵ᠬᠢᠨᠠᠨ ᠰᠢᠨᠵᠢᠬᠦ︶᠂ ᠡᠮᠬᠢ ᠵᠢᠷᠤᠮ ᠲᠠᠢ ᠵᠠᠰᠠᠬᠤ︾ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠠᠳᠬᠤᠵᠤ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠶ ᠰᠠᠶᠢᠲᠤᠷ | ᠬᠠᠮᠢᠶᠠᠷᠴᠤ᠂ ᠤᠰᠤᠨ ᠤ ᠡᠬᠢ ᠪᠠᠶᠠᠯᠢᠭ ᠢ ᠨᠠᠷᠢᠨ ᠨᠢᠭᠲᠠ ᠪᠤᠳᠤᠵᠤ ᠰᠠᠶᠢᠲᠤᠷ ᠬᠡᠷᠡᠭᠯᠡᠨ᠂ ᠤᠰᠤᠨ ᠤ ᠡᠬᠢ | ᠪᠠᠶᠠᠯᠢᠭ ᠢ ᠠᠷᠪᠢᠲᠠᠶ ᠡᠷᠴᠢᠮᠵᠢᠭᠦᠯᠦᠨ ᠠᠰᠢᠭᠯᠠᠬᠤ ᠠᠵᠤ ᠦᠶ᠋ᠯᠡᠰ ᠤᠨ ᠪᠦᠲᠦᠴᠡ᠂ ᠦᠶ᠋ᠯᠡᠳᠪᠦᠷᠢᠯᠡᠯ ᠤᠨ ᠠᠷᠭ᠎ᠠ | ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ᠂ ᠣᠷᠣᠨ ᠵᠠᠶ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ | ᠡᠷᠴᠢᠮᠵᠢᠭᠦᠯᠦᠨ ᠤᠰᠤ ᠬᠡᠷᠡᠭᠯᠡᠬᠦ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠶ ᠬᠥᠭᠵᠢᠯᠲᠡ ᠶᠢᠨ ᠣᠷᠣᠨ ᠵᠠᠶ | ᠪᠠ ᠬᠢᠷᠢ ᠲᠦᠪᠰᠢᠨ ᠢ ᠥᠷᠭᠡᠳᠬᠡᠨ ᠳᠡᠭᠡᠭᠰᠢᠯᠡᠭᠦᠯᠦᠨ᠎ᠡ᠃᠃ | ︽ᠬᠡᠷᠡᠭᠵᠢᠭᠦᠯᠬᠦ ᠰᠠᠨᠠᠯ︾ ᠳᠤ᠂ 103 ᠬᠤᠰᠢᠭᠤ ᠰᠢᠶᠠᠨ ᠲᠣᠭᠤᠷᠢᠭ ᠢᠶᠠᠷ ᠬᠡᠷᠡᠭᠵᠢᠭᠦᠯᠬᠦ ᠨᠢᠭᠡᠴᠢ ᠪᠣᠯᠭᠠᠵᠤ᠂ | ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠭᠦᠶ᠋ᠴᠡᠳᠬᠡᠯ ᠲᠤᠭ᠎ᠠ ᠶᠢ ᠬᠤᠲᠠ ᠪᠠᠯᠭᠠᠰᠤᠨ ᠤ ᠤᠰᠤ ᠬᠠᠩᠭᠠᠬᠤ᠂ ᠠᠮᠢ ᠠᠬᠤᠶ ᠶᠢᠨ ᠬᠡᠷᠡᠭᠴᠡᠭᠡ | ᠱᠠᠭᠠᠷᠳᠠᠯᠭ᠎ᠠ᠂ ᠠᠵᠤ ᠦᠶ᠋ᠯᠡᠳᠪᠦᠷᠢ ᠶᠢᠨ ᠤᠰᠤ ᠬᠡᠷᠡᠭᠯᠡᠬᠦ᠂ ᠲᠠᠷᠢᠶᠠᠯᠠᠩ ᠤᠨ ᠤᠰᠤ ᠬᠡᠷᠡᠭᠯᠡᠬᠦ ᠬᠦᠷᠲᠡᠯ᠎ᠡ ᠵᠦᠶ | ᠵᠣᠬᠢᠰᠲᠠᠶ ᠵᠠᠳᠠᠯᠬᠤ ᠶᠢᠨ ᠬᠠᠮᠲᠤ ᠬᠦᠷᠢᠶᠡᠯᠡᠩ ᠲᠣᠭᠤᠷᠢᠭ᠂ ᠭᠠᠴᠠᠭ᠎ᠠ ᠲᠣᠰᠬᠤᠨ ᠪᠤᠶᠤ ᠤᠰᠤ ᠲᠠᠲᠠᠵᠤ ᠬᠡᠷᠡᠭᠯᠡᠬᠦ | ᠡᠷᠦᠬᠡ ᠵᠡᠷᠭᠡ ᠶᠢᠨ ᠤᠰᠤ ᠬᠡᠷᠡᠭᠯᠡᠬᠦ ᠦᠨᠳᠦᠰᠦᠨ ᠨᠢᠭᠡᠴᠢ ᠳᠤ ᠬᠦᠷᠲᠡᠯ᠎ᠡ ᠨᠠᠷᠢᠯᠢᠬᠵᠢᠭᠤᠯᠤᠨ | ᠨᠠᠶᠢᠳᠠᠪᠤᠷᠢᠵᠢᠭᠤᠯᠤᠨ᠎ᠠ᠃ ᠭᠠᠵᠠᠷ ᠳᠣᠤᠷᠠᠬᠢ ᠤᠰᠤᠨ ᠤ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠶ᠋ᠴᠡᠳᠬᠡᠯ | ᠲᠤᠭ᠎ᠠ ᠶᠢ ᠬᠤᠰᠢᠭᠤ ᠰᠢᠶᠠᠨ ︵ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠤᠰᠤ ᠭᠠᠵᠠᠷ | ᠰᠢᠨᠵᠢᠯᠡᠭᠡᠨ ᠤ ᠨᠢᠭᠡᠴᠡ ᠶᠢᠨ 371 ᠬᠠᠮᠢᠶᠠᠷᠤᠯᠲᠠ ᠶᠢᠨ ᠨᠢᠭᠡᠴᠢ ᠳᠤ ᠨᠠᠷᠢᠯᠢᠭᠵᠢᠭᠤᠯᠤᠨ ᠬᠤᠪᠢᠶᠠᠷᠢᠯᠠᠪᠠ᠃ | ᠲᠡᠷᠡᠴᠢᠯᠡᠨ ᠬᠡᠮᠵᠢᠯᠲᠡ ᠪᠠᠷ ᠬᠢᠨᠠᠨ ᠬᠡᠮᠵᠢᠬᠦ ᠶᠢᠨ ᠰᠠᠭᠤᠷᠢ ᠶᠢᠨ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ | ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠡᠯ᠎ᠡ ᠠᠵᠢᠯ ᠲᠥᠷᠥᠯ ᠡᠯ᠎ᠡ ᠭᠤᠭᠴᠤᠭ᠎ᠠ ᠶᠢᠨ ᠤᠰᠤ ᠲᠠᠲᠠᠵᠤ ᠬᠡᠷᠡᠭᠯᠡᠵᠦ | ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠶ ᠳᠤᠨᠢ ᠡᠵᠡᠮᠰᠢᠵᠦ᠂ ᠬᠡᠪᠰᠢᠭᠰᠡᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ ᠪᠠᠷ | ᠴᠢᠩᠳᠠᠯᠠᠨ᠎ᠠ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ | ᠳᠠᠮᠵᠢᠭᠤᠯᠤᠨ᠂ 2025 ᠣᠨ ᠪᠣᠯᠬᠤ ᠳᠤ᠂ ᠪᠥᠬᠦ ᠣᠷᠣᠨ ᠤ ᠤᠰᠤ ᠲᠠᠲᠠᠬᠤ ᠶᠡᠷᠦᠩᠬᠡᠶ ᠬᠡᠮᠵᠢᠶ᠎ᠡ ᠶᠢ 196 . 3 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠤᠨ ᠳᠣᠲᠣᠷ᠎ᠠ ᠬᠢᠵᠠᠭᠠᠷᠯᠠᠵᠤ᠂ ᠪᠥᠬᠦ ᠣᠷᠣᠨ ᠤ ᠲᠦᠮᠡᠨ | ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12 % ᠠᠴᠠ ᠳᠡᠭᠡᠭᠰᠢ | ᠪᠠᠭᠤᠷᠠᠭᠤᠯᠵᠤ᠂ ᠪᠥᠬᠦ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ | ᠢᠯᠡᠳᠬᠡᠮᠵᠢ ᠶᠢ 0 . 58 ᠪᠣᠯᠲᠠᠯ᠎ᠠ ᠳᠡᠭᠡᠭᠰᠢᠯᠡᠭᠦᠯᠦᠨ᠎ᠡ᠃ | |