ᠬᠢᠵᠢᠭ ᠲᠠᠢ ᠲᠡᠮᠡᠴᠡᠭᠰᠡᠨ ᠪᠣᠳᠠᠲᠤ ᠲᠡᠮᠳᠡᠭᠯᠡᠯ — ᠬᠠᠮᠤᠭ ᠤᠨ ᠭᠤᠶᠤ ᠰᠠᠶᠢᠨ ᠲᠤᠷᠠᠴᠤᠳ ᠡᠮᠦᠨ᠎ᠡ ᠹᠷᠣᠨᠲ ᠢ ᠪᠠᠲᠤ ᠰᠠᠬᠢᠵᠤ ᠡᠭᠦᠷᠭᠡᠯᠡᠯ ᠢᠶᠠᠨ ᠢᠯᠡᠷᠡᠭᠦᠯᠪᠡ
ᠨᠡᠶᠢᠲᠡᠯᠡᠭᠰᠡᠨ ᠴᠠᠭ᠄
2022/11/29
  ᠬᠢᠵᠢᠭ ᠤᠨ ᠪᠠᠶᠢᠳᠠᠯ ᠪᠣᠯ ᠲᠠᠶᠢᠨ ᠤ ᠪᠠᠶᠢᠳᠠᠯ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠬᠤᠲᠣᠩ ᠠᠷᠠᠳ ᠤᠨ ᠲᠣᠭᠤᠷᠢᠭ ᠤᠨ ᠢ ᠾᠧ ᠰᠢᠶᠠᠩ ᠨᠡᠶᠢᠭᠡᠮ ᠲᠣᠭᠤᠷᠢᠭ ᠲᠤ ᠡᠶᠢᠮᠦ ᠨᠢᠭᠡᠨ ᠤᠰᠤᠨ ᠠᠰᠢᠭᠯᠠᠯᠲᠠ ᠶᠢᠨ ᠰᠠᠶᠢᠨ ᠳᠤᠷᠠᠴᠤᠳ ᠪᠤᠢ᠂ ᠲᠡᠷᠡ ᠨᠡᠶᠢᠭᠡᠮ ᠲᠣᠭᠤᠷᠢᠭ ᠤᠨ ᠡᠮᠦᠨ᠎ᠡ ᠹᠷᠣᠨᠲ ᠲᠤ ᠠᠵᠢᠯᠯᠠᠵᠤ᠂ ᠵᠡᠭᠡᠯᠢ ᠭᠤᠳᠤᠮᠵᠢ ᠶᠢᠨ ᠬᠤᠭᠤᠷᠣᠨᠳᠣ ᠰᠦᠯᠵᠢᠯᠳᠦᠵᠦ᠂ ᠨᠡᠶᠢᠭᠡᠮ ᠲᠣᠭᠤᠷᠢᠭ ᠤᠨ ᠤᠯᠠᠨ ᠲᠦᠮᠡᠨ ᠲᠠᠢ ᠤᠢᠢᠷ᠎ᠡ  ᠳᠤ ᠣᠶᠢᠷᠠᠳᠴᠤ᠂ ᠨᠠᠮ ᠤᠨ ᠬᠠᠶᠢᠷ᠎ᠠ ᠬᠠᠯᠠᠮᠵᠢ ᠶᠢ ᠠᠷᠠᠳ ᠲᠦᠮᠡᠨ ᠲᠠᠢ ᠬᠠᠮᠤᠭ ᠠᠴᠠ ᠨᠢᠭᠲᠠ ᠬᠤᠯᠪᠣᠭᠰᠠᠨ ᠪᠠᠶᠢᠨ᠎ᠠ  ᠃ ᠡᠶᠢᠮᠦ ᠨᠢᠭᠡᠨ ᠤᠰᠤᠨ ᠠᠰᠢᠭᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠠᠶᠢᠳᠠᠭ᠂ ᠲᠡᠷᠡ ᠡᠳᠦᠷ ᠰᠥᠨᠢ ᠭᠡᠵᠦ ᠢᠯᠭᠠᠯ ᠥᠬᠡᠶ᠂ ᠠᠮᠠᠪᠴᠢ ᠪᠣᠯ ᠬᠠᠮᠤᠭ ᠤᠨ ᠰᠠᠶᠢᠨ ᠬᠠᠮᠠᠭᠠᠯᠠᠯᠲᠠ ᠮᠥᠨ᠂ ᠨᠢᠭᠡ ᠠᠶᠠᠭ᠎ᠠ ᠳᠡᠪᠲᠦᠭᠡᠭᠰᠡᠨ ᠭᠤᠯᠢᠷ ᠪᠣᠯ ᠬᠠᠮᠤᠭ ᠤᠨ ᠰᠠᠶᠢᠨ ᠴᠠᠭ ᠨᠡᠮᠡᠵᠦ ᠠᠵᠢᠯᠯᠠᠬᠤ ᠬᠤᠭᠤᠯᠠ ᠮᠥᠨ  ᠃ ᠲᠡᠷᠡ ᠰᠠᠭᠤᠭᠠᠯᠢ ᠠᠷᠠᠳ ᠤᠨ ᠲᠣᠭᠤᠷᠢᠭ ᠤᠨ ᠬᠥᠮᠦᠰ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠬᠢᠨᠠᠨ ᠬᠠᠷᠭᠤᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠢ ᠬᠦᠯᠢᠴᠡᠩᠭᠦᠢ ᠪᠠᠷ ᠢᠳᠬᠠᠨ ᠬᠤᠷᠢᠭᠯᠠᠵᠤ᠂ ᠣᠷᠣᠵᠤ ᠭᠠᠷᠬᠤ ᠬᠥᠮᠦᠰ ᠤᠨ ᠪᠡᠶ᠎ᠡ ᠶᠢᠨ ᠬᠠᠯᠠᠭᠤᠨ ᠢ ᠨᠠᠷᠢᠨ ᠨᠢᠮᠪᠠᠢ ᠰᠢᠯᠭᠠᠨ ᠪᠠᠶᠢᠴᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠪᠦᠰᠡ ᠶᠢ ᠠᠷᠢᠭᠤᠳᠬᠠᠨ ᠠᠷᠢᠭᠤᠳᠬᠠᠬᠤ ᠠᠵᠢᠯ ᠢ ᠢᠳᠡᠪᠬᠢᠲᠡᠢ ᠥᠷᠨᠢᠭᠦᠯᠪᠡ᠃ ᠲᠡᠷᠡ ᠬᠠᠷᠠᠮᠰᠠᠯ ᠦᠭᠡᠢ᠂ ᠰᠢᠷᠭᠠᠭᠤ ᠬᠠᠲᠠᠭᠤᠵᠢᠯᠲᠠᠢ᠂ ᠬᠠᠮᠤᠭ ᠤᠨ ᠰᠠᠶᠢᠨ ᠲᠤᠷᠠᠴᠤᠳ ᠤᠨ ᠲᠦᠷᠢ ᠲᠥᠷᠬᠦ ᠶᠢ ᠲᠠᠶᠢᠯᠪᠤᠷᠢᠯᠠᠪᠠ ︕
宣传-11-29-.jpg
  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠭᠡᠰᠢᠭᠦᠨ ᠺᠠᠳ᠋ᠷ ᠷᠧᠨ ᠶᠠ ᠳ᠋ᠦᠩ ᠨᠥᠬᠦᠷ 10 ᠰᠠᠷ᠎ᠠ ᠶᠢᠨ ᠡᠬᠢᠨ ᠠᠴᠠ ᠨᠠᠭᠠᠰᠢ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠢ ᠪᠠᠲᠤ ᠰᠠᠬᠢᠭᠰᠠᠭᠠᠷ ᠢᠷᠡᠪᠡ  ᠃ ᠬᠢᠵᠢᠭ ᠤᠨ ᠪᠠᠶᠢᠳᠠᠯ ᠤᠨ ᠡᠮᠦᠨ᠎ᠡ᠂ ᠲᠡᠷᠡ ᠬᠠᠷᠢᠭᠤᠴᠠᠯᠭ᠎ᠠ ᠪᠠᠨ ᠰᠣᠩᠭᠤᠵᠤ᠂ ᠤᠬᠠᠮᠰᠠᠷ ᠠᠴᠠ ᠪᠠᠨ ᠢ ᠾᠧ ᠭᠤᠳᠤᠮᠵᠢ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠪᠡ  ᠃ ᠰᠠᠶᠢᠨ ᠳᠤᠷ᠎ᠠ ᠶᠢᠨ ᠠᠵᠢᠯ ᠤᠨ ᠳᠤᠮᠳᠠ ᠲᠡᠷᠡ ᠡᠮᠦᠨ᠎ᠡ ᠨᠢ ᠭᠠᠪᠰᠢᠭᠠᠶᠢᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠠᠵᠢᠯ ᠢ ᠲᠤᠰᠠᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠣᠯᠠᠨ ᠲᠦᠮᠡᠨ ᠤ ᠮᠡᠳᠡᠭᠡ ᠵᠠᠩᠭᠢ ᠶᠢ ᠣᠷᠣᠭᠤᠯᠬᠤ ᠠᠵᠢᠯ ᠢ ᠬᠠᠮᠵᠢᠨ ᠥᠷᠨᠢᠭᠦᠯᠪᠡ  ᠃
宣传-11-29-2.jpg
  ᠣᠯᠠᠨ ᠲᠦᠮᠡᠨ ᠳᠤ ᠲᠥᠬᠦᠮ ᠦᠵᠡᠭᠦᠯᠵᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠰᠠᠶᠢᠲᠤᠷ ᠬᠢᠬᠦ  ᠶᠢᠨ ᠲᠥᠯᠥᠭᠡ᠂ ᠲᠡᠷᠡ ᠬᠡᠷ ᠬᠤᠲᠠᠯᠠᠭᠠᠷ ᠢᠶᠠᠨ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠨ ᠥᠨᠳᠥᠷ ᠡᠷᠴᠢᠮ ᠢᠶᠠᠷ ᠵᠠᠯᠭᠠᠯᠳᠤᠪᠠ ᠃ ᠲᠡᠷᠡ ᠦᠶᠯᠡᠴᠢᠯᠡᠭᠡᠨ ᠤ ᠲᠣᠭᠤᠷᠢᠭ ᠤᠨ ᠠᠰᠠᠷ ᠲᠠᠭᠲᠤ ᠪᠣᠯᠭᠠᠨ ᠢ ᠰᠠᠶᠢᠨ ᠮᠡᠳᠡᠨ᠎ᠡ᠂ ᠠᠯᠢ ᠨᠢᠭᠡ ᠨᠢᠭᠡᠴᠢ ᠳᠤ ᠨᠢ ᠬᠡᠷ ᠲᠤᠨᠢ ᠬᠦᠷᠴᠦ ᠦᠶᠯᠡᠴᠢᠯᠡᠬᠦ ᠴᠢᠬᠤᠯᠠᠲᠠᠶ ᠬᠥᠭᠰᠢᠨ ᠪᠠᠭᠤᠷᠠᠶ ᠡᠪᠡᠳᠴᠢᠲᠡᠨ ᠵᠡᠮᠳᠡᠭ ᠪᠣᠯᠤᠭᠰᠠᠨ ᠪᠣᠶ ᠳᠡᠭᠡᠷ᠎ᠡ ᠤᠳᠠᠭᠠᠨ ᠤ ᠵᠢᠯ ᠤᠨ ᠡᠬᠢᠨ ᠤ ᠬᠢᠵᠢᠭ ᠤᠨ ᠪᠠᠶᠢᠳᠠᠯ ᠠᠴᠠ ᠪᠣᠯᠵᠣ ᠲᠡᠷᠡ ᠮᠥᠨ ᠢᠩᠭᠢᠵᠦ ᠢᠷᠡᠭᠰᠡᠨ ᠶᠤᠮ  ᠃ ᠲᠡᠷᠡ ᠬᠦᠴᠢᠷᠳᠡᠯᠲᠡᠶ ᠰᠠᠭᠤᠭᠠᠯᠢ ᠠᠷᠠᠳ ᠢ ᠬᠠᠪᠰᠤᠷᠤᠨ ᠡᠳ᠋ ᠪᠣᠳᠠᠰ ᠬᠤᠳᠠᠯᠳᠤᠨ ᠠᠪᠴᠤ᠂ ᠰᠠᠭᠤᠭᠠᠯᠢ ᠠᠷᠠᠳ ᠢ ᠬᠠᠪᠰᠤᠷᠤᠨ ᠡᠳ᠋ ᠪᠣᠳᠠᠰ ᠢ ᠨᠢ ᠬᠡᠷ ᠲᠤᠨᠢ ᠬᠦᠷᠭᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠡᠭᠡᠷ᠎ᠡ ᠬᠡᠳᠦᠨ ᠴᠠᠭ ᠵᠢᠵᠢᠭᠦᠷᠯᠡᠨ ᠰᠠᠬᠢᠵᠤ᠂ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠰᠠᠭᠤᠭᠠᠯᠢ ᠠᠷᠠᠳ ᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠵᠤ᠂ ᠬᠠᠬᠢᠷ ᠬᠦᠶᠲᠡᠨ ᠠᠭᠤᠷ ᠠᠮᠢᠰᠬᠤᠯ ᠳᠤ ᠲᠡᠷᠡ《 ᠬᠦᠶᠲᠡᠨ 》ᠭᠡᠵᠦ ᠨᠢᠭᠡ ᠴᠦ ᠬᠡᠯᠡᠭᠰᠡᠨ ᠥᠬᠡᠶ  ᠃  ᠬᠢᠵᠢᠭ ᠤᠨ ᠪᠠᠶᠢᠳᠠᠯ ᠳᠠᠬᠢᠨ ᠡᠭᠦᠰᠴᠦ᠂ ᠪᠠᠶᠢᠳᠠᠯ ᠨᠡᠩ ᠬᠡᠴᠡᠭᠦᠦ ᠪᠣᠯᠪᠠ᠂ ᠡᠨᠡ ᠬᠦ ᠣᠨᠴᠠᠭᠠᠢ ᠴᠠᠭ ᠦᠶ᠎ᠡ  ᠳᠤ᠂ ᠬᠢᠵᠢᠭ ᠲᠠᠢ ᠲᠡᠮᠡᠴᠡᠬᠦ ᠪᠦᠬᠦ ᠠᠵᠢᠯᠲᠠᠳ ᠴᠥᠮ ᠦᠭᠡ ᠳᠠᠭᠤᠨ ᠦᠭᠡᠢ ᠪᠠᠷ ᠦᠷᠡᠭᠳᠡᠯ ᠭᠠᠷᠭᠠᠵᠤ ᠪᠠᠶᠢᠨ᠎ᠠ᠃ ᠷᠧᠨ ᠶᠠ ᠳ᠋ᠦᠩ ᠨᠥᠬᠦᠷ ᠪᠣᠯ ᠶᠠᠭ ᠡᠨᠡᠬᠦ ᠮᠢᠩᠭᠠᠨ ᠲᠦᠮᠡᠨ ᠰᠠᠶᠢᠨ ᠲᠤᠷᠠᠴᠤᠳ ᠤᠨ ᠳᠣᠲᠣᠷᠠᠬᠢ ᠨᠢᠭᠡ ᠭᠡᠰᠢᠭᠦᠨ ᠮᠥᠨ᠂ ᠪᠢᠳᠡ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ《 ᠬᠠᠮᠤᠭ ᠤᠨ ᠭᠤᠶᠣ ᠰᠥᠷᠦᠭᠴᠢ 》ᠨᠢᠭᠡᠪᠦᠷᠢ ᠳᠤ ᠬᠦᠨᠳᠦᠳᠬᠡᠯ ᠳᠡᠪᠰᠢᠭᠦᠯᠦᠶ᠎ᠡ᠃ ᠲᠡᠳᠡᠨ ᠤ ᠡᠳᠡᠭᠡᠷ ᠬᠠᠷᠠᠮ ᠦᠭᠡᠢ ᠵᠣᠷᠢᠭᠤᠯᠤᠭᠰᠠᠨ 《 ᠪᠠᠶᠢᠯᠳᠤᠭᠴᠢ 》 ᠶᠢ ᠢᠲᠡᠭᠡᠵᠦ ᠪᠠᠶᠢᠨ᠎ᠠ᠂ ᠪᠢᠳᠡ ᠯᠠᠪᠲᠠᠶ ᠡᠨᠡ ᠤᠳᠠᠭᠠᠨ ᠤ ᠤᠲᠤᠭ᠎ᠠ ᠦᠭᠡᠢ ᠲᠡᠶᠢᠠ ᠤ ᠲᠠᠯᠠᠪᠤᠷ ᠲᠤ ᠶᠡᠭᠡ ᠢᠯᠠᠯᠲᠠ ᠣᠯᠵᠤ᠂ ᠪᠢᠳᠡ ᠲᠡᠳᠡᠨ ᠤ ᠲᠥᠯᠥᠭᠡ ᠬᠠᠰᠬᠢᠷᠤᠶ᠎ᠠ︕ ᠬᠥᠬᠡᠬᠤᠲᠠ ᠴᠢᠷᠮᠠᠢ ︕ 
 
ᠢᠷᠡᠯᠲᠡ᠄ ᠲᠦᠩ ᠳ᠋ᠤᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号