ᠬᠢᠵᠢᠭ ᠤᠨ ᠪᠠᠶᠢᠳᠠᠯ ᠢ ᠳᠠᠭᠠᠭᠠᠴᠢᠯᠠᠨ ᠬᠤᠯᠪᠣᠬᠤ ᠱᠤᠭᠤᠮ —— ᠤᠢᠢᠷ᠎ᠠ ᠶᠢᠨ ᠬᠤᠭᠤᠴᠠᠭᠠᠨ ᠳᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/30
  11 ᠰᠠᠷ᠎ᠠ ᠶᠢᠨ 29 ᠤ ᠡᠳᠦᠷ᠂ ᠣᠷᠣᠨ ᠤ ᠲᠥᠪ  ᠠᠴᠠ ᠡᠪᠦᠯ ᠤᠷᠤᠭᠰᠠᠨ ᠤ ᠳᠠᠷᠠᠭᠠᠬᠢ ᠠᠩᠬᠠᠳᠤᠭᠠᠷ ᠤᠳᠠᠭᠠᠨ ᠤ ᠬᠦᠶᠲᠡᠨ ᠤᠷᠤᠰᠬᠠᠯ ᠤᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠳᠤᠤᠭᠠᠷᠴᠤ᠂ ᠲᠤᠬᠠᠶ ᠶᠢᠨ ᠡᠳᠦᠷ ᠤᠨ ᠠᠭᠠᠷ ᠤᠨ ᠳᠤᠯᠠᠭᠠᠨ ᠲᠡᠭ ᠠᠴᠠ ᠳᠣᠷᠣᠭᠰᠢ 20 ᠭᠷᠠᠳᠦ᠋ᠰ ᠣᠷᠴᠢᠮ ᠪᠣᠯᠵᠣ ᠲᠦᠷᠭᠡᠨ ᠪᠠᠭᠤᠷᠠᠪᠠ᠃ ᠤᠰᠤᠨ ᠲᠤᠰᠤᠯ ᠮᠥᠰᠥᠲᠦᠭᠰᠡᠨ ᠬᠦᠢᠳᠡᠨ ᠰᠠᠯᠬᠢᠨ ᠳᠤ᠂ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠤᠨ 6 ᠺᠠᠳ᠋ᠷ ᠦᠨᠳᠦᠰᠦᠨ ᠱᠠᠲᠤᠨ ᠳᠤ ᠭᠦᠨᠵᠡᠭᠡᠶᠢᠷᠡᠨ ᠡᠮᠦᠨ᠎ᠡ ᠹᠷᠣᠨᠲ ᠢ ᠪᠠᠲᠤ ᠰᠠᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ《 ᠰᠠᠭᠤᠭᠠᠯᠢ ᠠᠷᠠᠳ ᠤᠨ ᠲᠣᠭᠤᠷᠢᠭ ᠤᠨ ᠬᠦᠷᠢᠶᠡᠨ  ᠳᠤ ᠣᠷᠣᠬᠤ᠂ ᠸᠢᠴᠠᠲ ᠤᠨ ᠰᠦᠷᠦᠭ ᠲᠤ ᠣᠷᠣᠬᠤ᠂ ᠭᠤᠣᠯᠳᠠᠯᠭ᠎ᠠ ᠲᠠᠢ ᠲᠠᠯᠠᠪᠤᠷ ᠲᠤ ᠣᠷᠣᠬᠤ᠂ ᠶᠠᠮᠠᠷ ᠠᠰᠠᠭᠤᠳᠠᠯ ᠢ ᠢᠯᠡᠷᠡᠭᠦᠯᠵᠦ᠂ ᠶᠠᠮᠠᠷ ᠠᠰᠠᠭᠤᠳᠠᠯ ᠢ ᠰᠢᠢᠳᠪᠦᠷᠢᠯᠡᠭᠰᠡᠨ ᠢ ᠨᠠᠷᠢᠨ ᠬᠢᠨᠠᠮᠠᠭᠠᠢ            ᠬᠠᠷᠢᠭᠤᠯᠬᠤ 》ᠶᠡᠷᠦᠩᠬᠡᠢ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠪᠠ ᠃ ᠬᠥᠭᠵᠢᠭᠦᠯᠦᠯᠲᠡ ᠶᠢᠨ ᠲᠥᠪ ᠤᠨ ᠨᠠᠮ ᠤᠨ ᠭᠡᠰᠢᠭᠦᠨ ᠰᠠᠶᠢᠨ ᠳᠤᠷᠠᠴᠤᠳ《 ᠬᠤᠤᠰ ᠨᠡᠷ᠎ᠡ ᠮᠡᠳᠡᠭᠦᠯᠬᠦ 》  ᠪᠠᠷ ᠠᠴᠢᠶᠠᠯᠠᠪᠤᠷᠢ ᠪᠣᠯᠭᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠰᠠᠭᠤᠭᠠᠯᠢ ᠠᠷᠠᠳ ᠤᠨ ᠪᠠᠲᠤᠯᠠᠭ᠎ᠠ ᠶᠢᠨ ᠡᠳ᠋ ᠪᠣᠳᠠᠰ ᠬᠦᠷᠭᠡᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠶᠯᠡᠳᠦᠯᠭᠡᠵᠢᠭᠦᠯᠪᠡ᠃
宣传-11-30.jpg
  ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠢᠨ ᠢᠮᠠᠭᠲᠠ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠡᠶᠢᠭᠡᠮ ᠲᠣᠭᠤᠷᠢᠭ ᠤᠨ ᠺᠠᠳ᠋ᠷ ᠪᠣᠯᠤᠨ ᠰᠠᠶᠢᠨ ᠲᠤᠷᠠᠴᠤᠤᠯ ᠢ ᠳᠤᠷᠠᠰᠤᠨ ᠰᠠᠨᠠᠭᠠᠯᠵᠠᠵᠤ᠂ ᠳᠤᠯᠠᠭᠠᠯᠠᠬᠤ ᠬᠥᠪᠥᠩ ᠥᠮᠥᠳᠥ᠂ ᠬᠥᠪᠥᠩ ᠬᠤᠪᠴᠠᠰᠤ᠂ ᠬᠠᠮᠠᠭᠠᠯᠠᠯᠲᠠ ᠶᠢᠨ ᠬᠤᠪᠴᠠᠰᠤ᠂ ᠠᠮᠠᠪᠴᠢ ᠪᠣᠯᠤᠨ ᠰᠫᠢᠷᠲ ᠵᠡᠷᠭᠡ ᠡᠳ᠋ ᠪᠣᠳᠠᠰ ᠢ ᠪᠠᠴᠢᠮ ᠬᠤᠳᠠᠯᠳᠤᠨ ᠠᠪᠴᠤ᠂ ᠵᠦᠩᠱᠠᠨ ᠨᠡᠶᠢᠭᠡᠮ ᠲᠣᠭᠤᠷᠢᠭ᠂ ᠤᠰᠤᠨ ᠠᠰᠢᠭᠯᠠᠯᠲᠠ ᠶᠢᠨ ᠬᠤᠶᠢᠲᠤ ᠲᠣᠭᠤᠷᠢᠭ᠂ ᠤᠰᠤᠨ ᠠᠰᠢᠭᠯᠠᠯᠲᠠ ᠶᠢᠨ ᠡᠮᠦᠨ᠎ᠡ ᠲᠣᠭᠤᠷᠢᠭ᠂ ᠤᠯᠠᠭᠠᠨᠴᠠᠪ  ᠤᠨ ᠵᠡᠭᠦᠨ ᠵᠡᠭᠡᠯᠢ ᠶᠢᠨ ᠤᠰᠤᠨ ᠤ ᠬᠦᠷᠢᠶᠡᠯᠡᠩ ᠲᠣᠭᠤᠷᠢᠭ᠂ ᠲᠦᠷᠪᠡᠨ ᠮᠢᠩᠭᠠᠨ ᠮᠧᠲᠷ ᠤᠨ ᠰᠠᠭᠤᠭᠠᠯᠢ ᠠᠷᠠᠳ  ᠤᠨ ᠲᠣᠭᠤᠷᠢᠭ᠂ ᠶᠠ ᠴᠧᠨ ᠦᠵᠡᠮᠵᠢ ᠶᠢᠨ ᠬᠦᠷᠢᠶᠡᠯᠡᠩ ᠵᠡᠷᠭᠡ ᠵᠢᠵᠢᠭᠦᠷᠯᠡᠨ ᠰᠠᠬᠢᠬᠤ ᠴᠡᠭ ᠲᠤ ᠬᠦᠷᠭᠡᠪᠡ᠃ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ ᠹᠠᠨ ᠵᠥᠩ ᠴᠧᠩ ᠨᠥᠬᠦᠷ᠂ ᠬᠥᠭᠵᠢᠭᠦᠯᠦᠯᠲᠡ ᠲᠥᠯᠥᠪᠯᠡᠭᠡᠨ ᠤ ᠬᠡᠯᠲᠡᠰ ᠤᠨ ᠳᠠᠷᠤᠭ᠎ᠠ ᠬᠠᠨ ᠳ᠋ᠧ ᠹᠧᠩ ᠨᠥᠬᠦᠷ᠂ ᠠᠯᠪᠠᠨ ᠬᠡᠷ ᠤᠨ ᠳᠡᠳ᠋ ᠡᠷᠬᠢᠯᠡᠭᠴᠢ ᠵᠧᠦ ᠭᠠᠩ ᠨᠥᠬᠦᠷ ᠤᠷᠢᠳ ᠬᠤᠵᠢᠳ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃   ᠹᠠᠨ ᠵᠥᠩ ᠴᠧᠩ ᠨᠥᠬᠦᠷ ᠲᠡᠳᠡᠨ ᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠢ ᠠᠮᠠᠷᠠᠬᠤ ᠠᠵᠢᠯ ᠢᠶᠠᠨ ᠵᠣᠬᠢᠰᠲᠠᠶ ᠲᠣᠬᠢᠷᠠᠭᠤᠯᠬᠤ ᠶᠢ ᠠᠩᠬᠠᠷᠴᠤ᠂ ᠥᠪᠡᠷ ᠢ ᠪᠠᠨ ᠬᠠᠮᠠᠭᠠᠯᠠᠬᠤ ᠪᠠ ᠬᠦᠶᠲᠡᠨ ᠢ ᠰᠡᠷᠭᠡᠶᠢᠯᠡᠵᠦ ᠳᠤᠯᠠᠭᠠᠯᠠᠬᠤ ᠶᠢ ᠰᠠᠶᠢᠲᠤᠷ ᠬᠢᠵᠦ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠰᠠᠶᠢᠨ ᠰᠠᠶᠢᠬᠠᠨ ᠪᠠᠶᠢᠳᠠᠯ ᠢᠶᠠᠷ ᠳᠠᠭᠠᠭᠠᠴᠢᠯᠠᠨ ᠬᠤᠯᠪᠣᠭᠠᠯᠠᠬᠤ ᠠᠵᠢᠯ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠳᠤ ᠣᠷᠣᠯᠴᠠᠵᠤ᠂ ᠬᠥᠬᠡᠬᠤᠲᠠ ᠶᠢ ᠬᠠᠮᠠᠭᠠᠯᠠᠬᠤ ᠳᠠᠶᠢᠯᠠᠯᠳᠤᠭᠠᠨ ᠳᠤ ᠬᠦᠴᠦᠨ ᠴᠢᠳᠠᠯ ᠢᠶᠠᠨ ᠡᠷᠭᠦᠵᠦ᠂ ᠡᠷᠲᠡᠬᠡᠨ ᠢᠯᠠᠯᠲᠠ ᠲᠠᠢ ᠪᠠᠷ ᠪᠤᠴᠠᠵᠤ ᠢᠷᠡᠬᠦ ᠬᠡᠷᠡᠭᠲᠡᠶ ᠭᠡᠵᠦ ᠵᠠᠬᠢᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号