2022 ᠣᠨ ᠤ ᠠᠵᠤ ᠠᠬᠤᠶ ᠶᠢᠨ ᠡᠩᠨᠡᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠮᠡᠳᠡᠭᠦᠯᠬᠦ ᠠᠵᠢᠯᠲᠠᠨ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2022/12/1
    ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2022 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠲᠠᠷᠬᠠᠭᠠᠭᠰᠠᠨ ﹇2022﹈ 63 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2022 ᠣᠨ ᠤ ᠲᠠᠩᠰᠠ ᠡᠪᠬᠡᠮᠡᠯ ᠤᠨ ᠲᠤᠰᠬᠠᠶ ᠮᠡᠷᠭᠡᠵᠢᠯ ᠤᠨ ᠬᠢᠷᠢ ᠬᠡᠮ ᠮᠡᠳᠡᠭᠦᠯᠬᠦ ᠬᠥᠮᠦᠰ ᠲᠤ ᠢᠯᠡ ᠨᠡᠶᠢᠲᠡᠯᠡᠶ᠎ᠡ᠃    ᠨᠢᠭᠡ᠂ ᠠᠵᠢᠯᠲᠠᠳ ᠤᠨ ᠨᠡᠷᠡᠰ    ᠶᠦᠨ ᠤᠦ ᠲᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠃    ᠬᠤᠶᠠᠷ᠂ ᠢᠯᠡ ᠨᠡᠶᠢᠲᠡᠯᠡᠬᠦ ᠴᠠᠭ    2022 ᠣᠨ ᠤ 12 ᠳ᠋ᠤᠭᠠᠷ ᠰᠠᠷ᠎ᠠ ᠶᠢᠨ 6 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 12 ᠤ ᠡᠳᠦᠷ ᠪᠣᠯᠲᠠᠯ᠎ᠠ    ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠠ ᠬᠤᠪᠢ ᠬᠥᠮᠦᠨ ᠠᠶᠢᠯᠴᠢᠯᠠᠬᠤ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠡᠭᠡᠷᠡᠬᠢ ᠢᠯᠡ ᠪᠠᠷ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠤᠨ ᠲᠤᠰᠠᠳᠠ᠂ ᠠᠰᠠᠭᠤᠳᠠᠯ ᠢ ᠲᠤᠰᠬᠠᠬᠤ ᠦᠶ᠎ᠡ ᠳᠡᠭᠡᠨ ᠬᠤᠯᠪᠣᠭᠳᠠᠯ ᠪᠥᠬᠦᠶ ᠰᠦᠪᠡᠭᠴᠢ ᠵᠢᠴᠢ ᠬᠤᠪᠢ ᠶᠢᠨ ᠢᠶᠠᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠶ᠋ᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃    ᠢᠯᠡ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠳ᠋ᠤᠭᠠᠷ ᠠᠯᠪᠠᠨ ᠭᠡᠷ ᠲᠤ ᠲᠣᠬᠢᠷᠠᠭᠤᠯᠪᠠ᠃    ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 13᠄ 30 — 17᠄ 00 ᠴᠠᠭ᠃    ᠬᠦᠯᠢᠶᠡᠨ ᠠᠪᠬᠤ ᠤᠲᠠᠰᠤ᠄ ︵0471︶ 5259607            ᠡᠭᠦᠨ ᠤ ᠲᠤᠯᠠ ᠣᠨᠴᠠᠭᠠᠶᠢᠯᠠᠨ ᠵᠠᠷᠯᠠᠪᠠ         2022 ᠣᠨ ᠤ 12 ᠳ᠋ᠤᠭᠠᠷ ᠰᠠᠷ᠎ᠠ ᠶᠢᠨ 5 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号