ᠰᠡᠳᠬᠢᠯ ᠨᠢᠭᠡᠳᠦᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ  —ᠥᠪᠥᠷ ᠮᠣᠩᠭᠤᠯ ‍ᠤᠨ‌ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠰᠠᠶᠢᠨ ᠳᠤᠷᠠᠴᠤᠳ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠲᠠᠢ ᠲᠡᠮᠡᠴᠡᠬᠦ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡ᠊
ᠨᠡᠶᠢᠲᠡᠯᠡᠭᠰᠡᠨ ᠴᠠᠭ᠄
2022/12/1
宣传12-1.jpg
  ᠬᠥᠬᠡ ᠨᠥᠮᠥᠷᠭᠡ᠂ ᠤᠯᠠᠭᠠᠨ ᠬᠠᠨᠴᠤᠶ ᠶᠢᠨ ᠲᠡᠮᠳᠡᠭ᠂ ᠴᠠᠭᠠᠨ ᠴᠠᠮᠴᠠ᠂ ᠬᠥᠯ ᠤᠨ ᠳᠤᠭᠲᠤᠢ᠂ ᠨᠢᠭᠤᠷ ᠤᠨ ᠬᠠᠯᠬᠠᠪᠴᠢ᠂ ᠬᠠᠮᠠᠭᠠᠯᠠᠯᠲᠠ ᠶᠢᠨ ᠬᠤᠪᠴᠠᠰᠤ᠃
宣传12-1-1.jpg
  ᠪᠥᠭᠡᠮ ᠬᠦᠴᠢᠯ ᠠᠪᠬᠤ᠂ ᠡᠳ᠋ ᠪᠣᠳᠠᠰ ᠨᠡᠭᠦᠯᠭᠡᠬᠦ᠂ ᠠᠷᠢᠭᠤᠳᠬᠠᠬᠤ᠂ ᠲᠠᠶᠢᠯᠪᠤᠷᠢᠯᠠᠬᠤ᠂ ᠨᠠᠷᠢᠨ ᠳᠠᠩᠰᠠᠯᠠᠬᠤ᠂ ᠴᠢᠩᠭ᠎ᠠ ᠲᠣᠭᠤᠷᠢᠨ ᠪᠠᠶᠢᠴᠠᠭᠠᠬᠤ᠃
宣传12-1-2.jpg
  ᠯᠠᠪᠯᠠᠨ ᠠᠰᠠᠭᠤᠬᠤ᠂ ᠦᠷᠭᠦᠯᠵᠢ ᠬᠠᠯᠠᠮᠵᠢᠯᠠᠬᠤ᠂ ᠬᠦᠴᠢᠷ ᠠᠰᠠᠭᠤᠳᠠᠯ ᠢ ᠰᠢᠶᠳᠪᠦᠷᠢᠯᠡᠬᠦ᠂ ᠡᠭᠦᠳᠡ ᠲᠣᠭᠰᠢᠬᠤ᠂ ᠰᠠᠭᠤᠭᠠᠯᠢ ᠠᠷᠠᠳ ᠤᠨ ᠲᠣᠭᠤᠷᠢᠭ᠂ ᠨᠡᠶᠢᠭᠡᠮ ᠲᠣᠭᠤᠷᠢᠭ ᠲᠤ ᠭᠦᠨᠵᠡᠭᠡᠶᠢᠷᠡᠬᠦ᠃
宣传12-1-3.jpg
  ᠤᠰᠤᠨ ᠵᠦᠶ ᠶᠢᠨ ᠹᠷᠣᠨᠲ ᠤᠨ ᠥᠷᠭᠡᠨ ᠣᠯᠠᠨ ᠨᠠᠮ ᠤᠨ ᠭᠡᠰᠢᠭᠦᠨ ᠪᠣᠯᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠳᠠᠲᠤ ᠠᠵᠢᠯᠯᠠᠭ᠎ᠠ ᠪᠠᠷ ᠢᠶᠠᠨ《 ᠪᠢ ᠬᠢᠵᠢᠭ ᠲᠠᠢ ᠲᠡᠮᠡᠴᠡᠬᠦ ᠳᠤ ᠬᠤᠪᠢ ᠨᠡᠮᠡᠷᠢ ᠦᠵᠡᠭᠦᠯᠦᠨ᠎ᠡ 》ᠭᠡᠬᠦ ᠤᠷᠢᠶᠠᠯᠠᠭ᠎ᠠ ᠶᠢ ᠨᠠᠶᠢᠳᠠᠪᠤᠷᠢᠵᠢᠭᠤᠯᠵᠤ᠂ ᠤᠰᠤᠨ ᠵᠦᠶ ᠶᠢᠨ ᠬᠥᠮᠦᠰ ᠤᠨ ᠬᠢᠵᠢᠭ ᠲᠠᠢ ᠲᠡᠮᠡᠴᠡᠬᠦ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠪᠡ᠃
宣传12-1-4.jpg
   ᠬᠥᠬᠡᠬᠤᠲᠠ ᠶᠢᠨ ᠲᠣᠰ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠤᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢ ᠡᠷᠬᠢᠮᠯᠡᠬᠦ ᠦᠨᠳᠤᠷᠴᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠢ ᠦᠵᠡᠬᠦ ᠪᠠ ᠲᠠᠨᠢᠵᠤ᠂ ᠨᠠᠮ ᠤᠨ ᠪᠠᠶᠢᠭᠤᠯᠤᠯᠲᠠ  ᠶᠢᠨ ᠬᠥᠲᠥᠯᠥᠨ ᠳᠠᠭᠠᠭᠤᠯᠬᠤ ᠦᠶᠯᠡᠳᠦᠯ ᠢ ᠲᠠᠰᠤᠷᠠᠯᠲᠠ ᠥᠬᠡᠶ ᠴᠢᠩᠭᠠᠳᠬᠠᠵᠤ᠂ ᠪᠠᠶᠢᠪᠠᠰᠤ ᠵᠣᠬᠢᠬᠤ ᠨᠡᠶᠢᠭᠡᠮ  ᠤᠨ ᠬᠠᠷᠢᠭᠤᠴᠠᠯᠭ᠎ᠠ ᠶᠢ ᠢᠳᠡᠪᠬᠢᠲᠡᠶ ᠡᠭᠦᠷᠭᠡᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠤᠷᠢᠶᠠᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠨ ᠲᠤᠷᠠᠴᠤᠳ ᠪᠣᠯᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠭᠰᠡᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠰᠤᠨ ᠰᠢᠨᠵᠢᠯᠡᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ  ᠃
宣传12-1-5.jpg
    9 ᠰᠠᠷ᠎ᠠ ᠶᠢᠨ 30 ᠤ ᠡᠳᠦᠷ᠂ ᠭᠤᠣᠯ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠪᠣᠯᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 《 ᠬᠤᠣᠰ ᠨᠡᠷ᠎ᠡ ᠮᠡᠳᠡᠭᠦᠯᠬᠦ 》 ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠴᠠᠭ ᠲᠤᠬᠠᠢ ᠳᠤᠨᠢ ᠣᠷᠣᠨ ᠰᠠᠭᠤᠴᠠ ᠶᠢᠨ ᠲᠣᠭᠤᠷᠢᠭ ᠪᠣᠯᠤᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠠᠢ ᠵᠣᠯᠭᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠬᠤ ᠶᠢ ᠰᠠᠨᠠᠭᠠᠴᠢᠯᠠᠪᠠ  ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠲᠦᠷᠦᠭᠦᠯᠡᠨ ᠬᠤᠰᠢᠭᠤᠴᠢ ᠪᠣᠯᠵᠣ᠂ ᠥᠯᠢᠭᠡᠷ ᠳᠠᠭᠤᠷᠢᠶᠠᠯ ᠪᠣᠯᠵᠣ᠂ ᠰᠠᠨᠠᠭᠠᠴᠢᠯᠠᠭ᠎ᠠ ᠠᠴᠠ ᠪᠠᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠶᠯᠡᠴᠢᠯᠡᠭᠡ ᠥᠷᠨᠢᠭᠦᠯᠵᠦ᠂ ᠥᠴᠦᠬᠡᠨ ᠬᠦᠴᠦᠨ ᠢᠶᠠᠷ ᠨᠡᠶᠢᠭᠡᠮ ᠲᠣᠭᠤᠷᠢᠭ ᠢ ᠬᠠᠪᠰᠤᠷᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠤᠷᠢᠶᠠᠯᠠᠪᠠ  ᠃
宣传12-1-6.jpg
    ᠨᠠᠮ ᠤᠨ ᠭᠡᠰᠢᠭᠦᠨ ᠺᠠᠳ᠋ᠷ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠵᠤ᠂ ᠵᠠᠷᠢᠮ ᠨᠥᠬᠦᠳ ᠨᠡᠩ ᠴᠤ ᠲᠥᠪ ᠤᠨ 《 ᠬᠤᠣᠰ ᠨᠡᠷ᠎ᠡ ᠮᠡᠳᠡᠭᠦᠯᠬᠦ 》 ᠮᠡᠳᠡᠭᠳᠡᠯ ᠤᠨ ᠡᠮᠦᠨ᠎ᠡ ᠰᠠᠶᠢᠨ ᠳᠤᠷ᠎ᠠ ᠶᠢᠨ ᠦᠢᠯᠡᠴᠢᠯᠡᠭᠡ ᠬᠢᠭᠰᠡᠨ ᠪᠠᠶᠢᠨ᠎ᠠ  ᠃ ᠵᠢᠱᠢᠶᠡᠯᠡᠪᠡᠯ ᠵᠠᠩ ᡁᠢ ᠮᠢᠩ᠂ ᠰᠢᠤᠢ ᠴᠢᠶᠠᠩ᠂ ᠵᠦ ᠬᠤᠤ ᠰᠢᠤᠢ᠂ ᠯᠢᠦ ᠴᠦᠨ ᠹᠧᠩ᠂ ᠭᠤᠤ ᠢ ᠳ᠋ᠡ᠂ ᠶᠠᠩ ᠯᠢᠨ ᠵᠡᠷᠭᠡ ᠨᠠᠮ ᠤᠨ ᠭᠡᠰᠢᠭᠦᠨ ᠲᠡᠷᠡ ᠳᠠᠷᠤᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠳᠤ ᠣᠷᠣᠯᠴᠠᠵᠤ᠂ ᠬᠦᠴᠢᠷ ᠠᠴᠠ ᠠᠶᠤᠬᠤ ᠦᠭᠡᠢ᠂ ᠬᠦᠴᠢᠷ ᠠᠴᠠ ᠠᠶᠤᠬᠤ ᠦᠭᠡᠢ᠂ ᠪᠤᠵᠠᠷ ᠠᠴᠠ ᠠᠶᠤᠬᠤ ᠦᠭᠡᠢ᠂ ᠬᠠᠮᠢᠭ᠎ᠠ ᠬᠡᠷᠡᠭᠴᠡᠭᠡ ᠲᠠᠢ ᠪᠣᠯ ᠲᠡᠷᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠦᠷᠢᠳᠬᠡᠭᠦᠯᠬᠦ ᠳᠡᠭᠡᠨ ᠨᠠᠷᠢᠨ ᠬᠢᠨᠠᠮᠠᠭᠠᠢ ᠬᠠᠷᠭᠤᠭᠤᠯᠵᠤ᠂ ᠠᠷᠢᠭᠤᠳᠬᠠᠬᠤ ᠳᠠᠭᠠᠨ ᠨᠠᠷᠢᠨ ᠨᠢᠮᠪᠠᠢ ᠰᠦᠷᠴᠢᠵᠦ᠂ ᠬᠦᠳᠦᠯᠥᠨ ᠳᠠᠭᠠᠭᠤᠯᠬᠤ  ᠳᠠᠭᠠᠨ ᠬᠦᠯᠢᠴᠡᠩᠭᠦᠢ ᠨᠢᠮᠪᠠᠢ ᠪᠠᠶᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠪᠡ  ᠃ ᠢ ᠱᠦᠶ ᠶᠤᠸᠠᠨ ᠴᠡᠴᠡᠷᠯᠢᠭ ᠪᠣᠯ ᠤᠰᠤᠨ ᠰᠢᠨᠵᠢᠯᠡᠭᠡᠨ ᠤ ᠠᠵᠢᠯᠲᠠᠨ ᠬᠠᠷᠢᠴᠠᠩᠭᠤᠶ ᠪᠠᠷ ᠲᠥᠪᠯᠡᠷᠡᠭᠰᠡᠨ ᠰᠠᠭᠤᠭᠠᠯᠢ ᠲᠣᠭᠤᠷᠢᠭ ᠪᠣᠯᠤᠨ᠎ᠠ᠂ ᠨᠠᠮ ᠤᠨ ᠭᠡᠰᠢᠭᠦᠨ ᠵᠠᠩ ᠱᠢ ᠵᠢᠶᠠᠩ᠂ ᠯᠢᠦ ᠬᠤᠤ ᠷᠠᠨ᠂ ᠸᠠᠩ ᠬᠠᠶ ᠵᠢᠶᠦ᠋ᠨ᠂ ᠯᠢᠶᠠᠩ ᠶᠦᠩ ᠯᠢ᠂ ᠸᠠᠩ ᠵᠢᠶᠠᠩ ᠲᠤᠤ᠂ ᠬᠤᠸᠠᠩ ᠴᠢᠶᠣᠤ ᠰᠢᠶᠠ ᠵᠡᠷᠭᠡ ᠨᠥᠬᠦᠳ ᠪᠣᠯᠤᠨ ᠨᠠᠮ ᠤᠨ ᠭᠡᠰᠢᠭᠦᠨ ᠪᠤᠰᠤ ᠺᠠᠳ᠋ᠷ ᠯᠢ ᠵᠢᠶᠧ ᠨᠥᠬᠦᠷ ᠰᠠᠶᠢᠨ ᠳᠤᠷ᠎ᠠ ᠶᠢᠨ ᠦᠶᠯᠡᠴᠢᠯᠡᠭᠡ ᠳᠤ ᠢᠳᠡᠪᠬᠢᠲᠡᠶ ᠨᠡᠷ᠎ᠡ ᠮᠡᠳᠡᠭᠦᠯᠦᠭᠰᠡᠨ ᠪᠥᠭᠡᠳ ᠬᠠᠷᠠᠭᠤᠯ ᠤᠨ ᠵᠢᠵᠢᠭᠦᠷᠯᠡᠬᠦ ᠡᠩᠨᠡᠭᠡ ᠶᠢ      ᠪᠠᠶᠢᠭᠤᠯᠵᠤ᠂ ᠰᠠᠭᠤᠭᠠᠯᠢ ᠲᠣᠭᠤᠷᠢᠭ ᠤᠨ ᠵᠢᠵᠢᠭᠦᠷᠯᠡᠬᠦ ᠠᠵᠢᠯ ᠢ ᠪᠠᠷᠤᠭ ᠪᠦᠬᠦᠨ ᠢ ᠡᠭᠦᠷᠭᠡᠯᠡᠵᠦ᠂ ᠤᠳᠤᠷᠢᠳᠬᠤ ᠺᠠᠳ᠋ᠷ ᠲᠦᠷᠦᠭᠦᠯᠡᠨ ᠡᠩ ᠤᠨ ᠨᠠᠮ ᠤᠨ ᠭᠡᠰᠢᠭᠦᠨ ᠳᠠᠭᠠᠬᠤ ᠰᠢᠯᠢᠳᠡᠭ ᠵᠠᠩ ᠴᠢᠨᠠᠷ ᠢ ᠢᠯᠡᠷᠡᠭᠦᠯᠪᠡ  ᠃ ᠪᠤᠰᠤᠳ ᠨᠠᠮ ᠤᠨ ᠭᠡᠰᠢᠭᠦᠨ ᠴᠦ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠨᠡᠷ᠎ᠡ ᠮᠡᠳᠡᠭᠦᠯᠵᠦ᠂ ᠬᠡᠰᠡᠭ ᠤᠯᠠᠨ ᠲᠦᠮᠡᠨ ᠴᠦ ᠨᠠᠮ ᠤᠨ ᠭᠡᠰᠢᠭᠦᠨ ᠤ ᠠᠯᠬᠤᠭ᠎ᠠ ᠶᠢ ᠲᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠭᠡᠷ ᠲᠡᠭᠡᠨ ᠣᠷᠣᠯᠴᠠᠭᠰᠠᠨ ᠦᠭᠡᠢ ᠵᠠᠷᠢᠮ ᠨᠥᠬᠦᠳ ᠴᠦ ᠪᠢᠲᠡᠭᠦᠮᠵᠢᠯᠡᠨ ᠡᠵᠡᠮᠳᠡᠬᠦ ᠶᠢ ᠲᠠᠶᠢᠯᠤᠭᠰᠠᠨ ᠤ ᠳᠠᠷᠠᠭ᠎ᠠ ᠴᠠᠭ ᠢᠮᠠᠭᠲᠠ ᠠᠵᠢᠯ ᠤᠨ ᠪᠠᠶᠢᠷᠢ ᠳᠤ ᠭᠠᠷᠴᠤ ᠰᠠᠶᠢᠨ ᠳᠤᠷ᠎ᠠ ᠶᠢᠨ ᠦᠢᠯᠡᠴᠢᠯᠡᠭᠡ ᠬᠢᠵᠦ ᠪᠣᠯᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ  ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠤᠰᠤᠨ ᠵᠦᠢ ᠶᠢᠨ ᠰᠢᠰᠲ᠋ᠧᠮ ᠪᠦᠯᠬᠦᠮᠳᠡᠨ ᠨᠢᠭᠡᠳᠦᠭᠰᠡᠨ᠂ ᠬᠠᠮᠲᠤ ᠪᠠᠷ ᠬᠠᠮᠠᠭᠠᠯᠠᠭᠰᠠᠨ ᠬᠢᠵᠢᠭ ᠲᠠᠢ ᠲᠡᠮᠡᠴᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ  ᠃ ᠣᠲᠣ ᠪᠣᠯᠲᠠᠯ᠎ᠠ᠂ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠲᠥᠪ  ᠲᠤ ᠬᠠᠷᠢᠶᠠᠯᠠᠭᠳᠠᠬᠤ ᠨᠠᠮ ᠤᠨ ᠭᠡᠰᠢᠭᠦᠨ 63 ᠬᠥᠮᠦᠨ᠂ ᠣᠯᠠᠨ ᠲᠦᠮᠡᠨ 16 ᠬᠥᠮᠦᠨ ᠪᠠᠶᠢᠵᠤ᠂ 65 ᠰᠠᠭᠤᠭᠠᠯᠢ ᠲᠣᠭᠤᠷᠢᠭ ᠲᠤ ᠰᠠᠶᠢᠨ ᠳᠤᠷ᠎ᠠ ᠶᠢᠨ ᠦᠶᠯᠡᠴᠢᠯᠡᠭᠡ ᠳᠤ ᠣᠷᠣᠯᠴᠠᠵᠤ᠂ ᠪᠠᠷᠤᠭ 1 ᠲᠦᠮᠡᠨ ᠴᠠᠭ ᠰᠠᠶᠢᠨ ᠳᠤᠷ᠎ᠠ ᠶᠢᠨ ᠦᠶᠯᠡᠴᠢᠯᠡᠭᠡ ᠳᠤ ᠦᠶᠯᠡᠴᠢᠯᠡᠬᠦ ᠪᠣᠯᠤᠨ᠎ᠠ  ᠃
宣传12-1-7.jpg
宣传12-1-8.jpg
宣传12-1-9.jpg
宣传12-1-10.jpg
    ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠪᠠᠰᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠪᠠᠷ ᠲᠠᠯᠠᠪᠤᠷ ᠬᠠᠩᠭᠠᠵᠤ᠂ ᠪᠣᠭᠤᠮᠲᠠ ᠭᠠᠷᠭᠠᠵᠤ᠂ ᠡᠳ᠋ ᠪᠣᠳᠠᠰ ᠬᠠᠨᠳᠢᠪᠯᠠᠨ ᠲᠣᠬᠤᠨᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠬᠡᠬᠤᠲᠠ  ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠶᠢ ᠳᠡᠮᠵᠢᠪᠡ᠃ ᠰᠠᠶᠢᠨ ᠳᠤᠷ᠎ᠠ ᠶᠢᠨ ᠠᠵᠢᠯᠯᠠᠭᠴᠢᠳ ᠲᠤ ᠨᠡᠩ ᠣᠨᠣᠴᠠᠲᠠᠢ ᠪᠠᠷ ᠬᠠᠪᠰᠤᠷᠤᠯᠭ᠎ᠠ ᠬᠠᠩᠭᠠᠬᠤ ᠶᠢᠨ ᠲᠥᠯᠥᠭᠡ᠂ ᠰᠠᠶᠢᠨ ᠳᠤᠷ᠎ᠠ ᠶᠢᠨ ᠠᠵᠢᠯᠯᠠᠭᠴᠢ ᠨᠢᠭᠡᠪᠦᠷᠢ ᠶᠢᠨ ᠬᠡᠷᠡᠭᠰᠡᠬᠦ ᠡᠳ᠋ ᠪᠣᠳᠠᠰ ᠢ ᠬᠤᠷᠢᠶᠠᠭᠰᠠᠨ ᠰᠠᠭᠤᠷᠢᠨ ᠳᠡᠭᠡᠷ᠎ᠡ᠂ ᠬᠥᠪᠥᠩ ᠤᠨ ᠳ᠋ᠠᠴᠠᠩ᠂ ᠬᠠᠮᠠᠭᠠᠯᠠᠯᠲᠠ ᠶᠢᠨ ᠬᠤᠪᠴᠠᠰᠤ᠂ ᠠᠮᠠᠪᠴᠢ᠂ ᠪᠠᠭ᠂ ᠪᠡᠭᠡᠯᠡᠢ᠂ ᠰᠫᠢᠷᠲ ᠵᠡᠷᠭᠡ ᠶᠢ ᠬᠤᠳᠠᠯᠳᠤᠨ ᠠᠪᠴᠤ ᠰᠠᠶᠢᠨ ᠳᠤᠷ᠎ᠠ ᠶᠢᠨ ᠠᠵᠢᠯᠯᠠᠭᠴᠢ ᠶᠢᠨ ᠭᠠᠷ ᠲᠤ ᠬᠦᠷᠭᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ᠂ ᠪᠦ᠋ᠦ ᠯᠢᠶᠠᠨ ᠨᠡᠶᠢᠭᠡᠮ ᠲᠣᠭᠤᠷᠢᠭ ᠤᠨ 2 ᠳᠠᠭᠠᠭᠠᠴᠢᠯᠠᠨ ᠬᠤᠯᠪᠣᠭᠠᠯᠠᠬᠤ ᠠᠰᠠᠷ ᠤᠨ 8 ᠶᠠᠳᠠᠭᠤ ᠬᠦᠴᠢᠷᠳᠡᠯᠲᠡᠢ ᠡᠷᠦᠬᠡ ᠳᠤ 《 ᠬᠠᠯᠠᠭᠤᠨ ᠦᠩᠬᠦᠯᠴᠡᠭ 》 ᠪᠣᠯᠤᠨ ᠭᠤᠯᠢᠷ ᠲᠤᠰᠤ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠪᠡ︔ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷᠴᠤᠳ ᠨᠡᠶᠢᠭᠡᠮ ᠲᠣᠭᠤᠷᠢᠭ ᠲᠤ ᠨᠠᠩ ᠰᠠᠶᠢᠨ ᠠᠵᠢᠯᠯᠠᠬᠤ ᠶᠢᠨ ᠲᠥᠯᠥᠭᠡ᠂ ᠲᠥᠪ ᠠᠴᠠ ᠲᠡᠳᠡᠨ ᠳᠤ ᠬᠥᠪᠥᠩ ᠪᠡᠭᠡᠯᠡᠶ᠂ ᠵᠤᠵᠠᠭᠠᠨ ᠱᠠᠬᠠᠶ ᠶᠢᠨ ᠤᠯᠠᠪᠴᠢ᠂ ᠳᠤᠯᠠᠭᠠᠨ ᠡᠷᠳᠡᠨᠢ ᠶᠢᠨ ᠨᠠᠭᠠᠯᠲᠠ᠂ ᠳᠤᠯᠠᠭᠠᠨ ᠤᠰᠤᠨ ᠤ ᠳᠡᠪᠦᠷ᠎ᠡ ᠵᠡᠷᠭᠡ ᠵᠢᠵᠢᠭᠦᠷᠯᠡᠨ ᠬᠠᠯᠠᠭᠤᠯᠬᠤ ᠡᠳ᠋ ᠪᠣᠳᠠᠰ᠂ ᠰᠫᠢᠷᠲ᠂ ᠠᠮᠠᠪᠴᠢ᠂ ᠠᠷᠢᠭᠤᠳᠬᠠᠬᠤ ᠰᠢᠩᠭᠡᠨ᠂ ᠪᠡᠭᠡᠯᠡᠶ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ᠂ ᠵᠢᠮᠢᠰ ᠪᠣᠯᠤᠨ ᠲᠥᠬᠦᠮ ᠮᠢᠨᠲᠤᠤᠷ᠂ ᠷᠠᠰᠢᠶᠠᠨ ᠤᠰᠤ ᠵᠡᠷᠭᠡ ᠢᠳᠡᠭᠡᠨ ᠢ ᠬᠦᠷᠭᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷᠴᠤᠳ᠄ 《ᠦᠨᠡᠨ ᠪᠡᠶ᠎ᠡ ᠳᠤᠯᠠᠭᠠᠴᠠᠭᠤᠯᠬᠤ ᠮᠥᠷᠲᠡᠭᠡᠨ ᠰᠡᠳᠬᠢᠯ       ᠳᠤᠯᠠᠭᠠᠴᠠᠭᠤᠯᠤᠨ᠎ᠠ︕》᠃ ᠰᠢᠨ᠎ᠡ ᠪᠠᠷ ᠪᠠᠶᠢᠭᠤᠯᠤᠭᠰᠠᠨ ᠵᠡᠭᠦᠨ ᠵᠡᠭᠡᠯᠢ ᠨᠡᠶᠢᠭᠡᠮ ᠲᠣᠭᠤᠷᠢᠭ ᠤᠨ ᠮᠠᠰᠢ ᠤᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠳᠠᠨ ᠰᠠᠭᠤᠬᠤ ᠭᠠᠵᠠᠷ ᠦᠭᠡᠢ ᠪᠠᠶᠢᠬᠤ ᠶᠢ ᠮᠡᠳᠡᠭᠰᠡᠨ ᠤ ᠳᠠᠷᠠᠭ᠎ᠠ᠂ ᠲᠥᠪ ᠠᠴᠠ ᠲᠡᠷᠡ ᠳᠠᠷᠤᠢ ᠳᠤᠨᠢ ᠠᠯᠪᠠᠨ ᠠᠰᠠᠷ ᠤᠨ ᠬᠤᠶᠢᠲᠤ ᠲᠠᠯ᠎ᠠ ᠶᠢᠨ ᠵᠡᠭᠡᠯᠢ ᠳᠠᠭᠠᠤ ᠬᠥᠳᠡᠯᠭᠡᠭᠡᠨ ᠤ ᠲᠠᠰᠤᠭ ᠲᠤ ᠣᠷᠣᠨ ᠰᠠᠭᠤᠴᠠ ᠬᠠᠩᠭᠠᠵᠤ᠂ ᠲᠡᠳᠡᠨ ᠤ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠥᠭᠪᠡ᠃ ᠰᠠᠭᠤᠭᠠᠯᠢ ᠠᠷᠠᠳ ᠤᠨ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯᠳᠠᠨ ᠡᠳ᠋ ᠪᠣᠳᠠᠰ ᠳᠤᠲᠠᠭᠳᠠᠵᠤ ᠪᠠᠶᠢᠬᠤ ᠶᠢ ᠮᠡᠳᠡᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠲᠣᠭᠤᠷᠢᠭ ᠲᠤ ᠰᠠᠭᠤᠵᠤ ᠪᠠᠶᠢᠭ᠎ᠠ ᠵᠠᠷᠢᠮ ᠨᠠᠮ ᠤᠨ ᠭᠡᠰᠢᠭᠦᠨ ᠰᠠᠭᠤᠭ᠎ᠠ ᠭᠠᠵᠠᠷ ᠤᠨ ᠢᠶᠠᠨ ᠰᠡᠷᠭᠡᠶᠢᠯᠡᠨ ᠡᠵᠡᠮᠳᠡᠬᠦ ᠠᠵᠢᠯᠳᠠᠨ ᠳᠤ ᠳᠡᠪᠦᠷ᠎ᠡ᠂ ᠬᠠᠮᠠᠭᠠᠯᠠᠯᠲᠠ ᠶᠢᠨ ᠬᠤᠪᠴᠠᠰᠤ᠂ ᠰᠫᠢᠷᠲ᠂ ᠠᠮᠠᠪᠴᠢ᠂ ᠪᠡᠭᠡᠯᠡᠢ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠵᠢᠴᠢ ᠵᠢᠮᠢᠰ᠂ ᠪᠠᠩᠰᠢ ᠵᠡᠷᠭᠡ ᠶᠢ ᠬᠦᠷᠭᠡᠪᠡ᠃ ᠲᠥᠪ ᠤᠨ ᠠᠯᠪᠠᠨ ᠠᠰᠠᠷ ᠤᠨ ᠳᠣᠲᠣᠷᠠᠬᠢ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠢᠵᠢᠭᠦᠷᠯᠡᠭᠴᠢ ᠶᠢᠨ ᠬᠡᠪ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠲᠥᠪ ᠠᠴᠠ ᠲᠡᠳᠡᠨ ᠳᠤ ᠠᠮᠠᠪᠴᠢ᠂ ᠪᠡᠭᠡᠯᠡᠶ᠂ ᠰᠫᠢᠷᠲ ᠵᠡᠷᠭᠡ ᠬᠠᠮᠠᠭᠠᠯᠠᠯᠲᠠ ᠶᠢᠨ ᠡᠳ᠋ ᠪᠣᠳᠠᠰ ᠪᠠ ᠪᠤᠳᠠᠭ᠎ᠠ ᠭᠤᠯᠢᠷ ᠲᠣᠰᠣ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠴᠤ ᠥᠭᠭᠦᠭᠰᠡᠨ ᠪᠥᠭᠡᠳ ᠲᠡᠳᠡᠨ ᠢ ᠴᠢᠩᠭ᠎ᠠ ᠲᠣᠭᠤᠷᠢᠨ ᠪᠠᠶᠢᠴᠠᠭᠠᠵᠤ᠂ ᠨᠠᠷᠢᠨ ᠰᠡᠷᠭᠡᠶᠢᠯᠡᠨ ᠡᠵᠡᠮᠳᠡᠬᠦ ᠬᠡᠷᠡᠭᠲᠡᠶ ᠭᠡᠵᠦ ᠱᠠᠭᠠᠷᠳᠠᠪᠠ᠃ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭᠠᠬᠢ ᠪᠢᠲᠡᠭᠦᠮᠵᠢᠲᠦ ᠴᠠᠭᠠᠷᠢᠭ ᠤᠨ ᠬᠠᠮᠢᠶᠠᠷᠤᠯᠲᠠ  ᠶᠢ ᠰᠠᠶᠢᠲᠤᠷ ᠬᠢᠬᠦ ᠶᠢᠨ ᠲᠥᠯᠥᠭᠡ᠂ ᠲᠥᠪ ᠠᠴᠠ ᠠᠵᠢᠯ ᠳᠤ ᠭᠠᠷᠤᠭᠰᠠᠨ ᠠᠵᠢᠯᠲᠠᠳ ᠲᠤ ᠣᠷᠣ᠂ ᠬᠥᠨᠵᠢᠯᠡ ᠳᠡᠪᠢᠰᠬᠡᠷ᠂ ᠣᠷᠣ ᠶᠢᠨ ᠪᠦᠲᠡᠭᠡᠯᠭᠡ ᠬᠥᠨᠵᠢᠯᠡ ᠶᠢᠨ ᠪᠦᠷᠬᠦᠭᠦᠯ᠂ ᠬᠤᠭᠤᠯᠠᠨ ᠤ ᠬᠠᠶᠢᠷᠴᠠᠭ ᠵᠡᠷᠭᠡ ᠶᠢ ᠲᠣᠬᠢᠷᠠᠭᠤᠯᠵᠤ ᠥᠭᠭᠦᠭᠰᠡᠨ ᠪᠥᠭᠡᠳ ᠬᠢᠵᠢᠭ ᠢ ᠰᠡᠷᠭᠡᠶᠢᠯᠡᠬᠦ ᠡᠳ᠋ ᠪᠣᠳᠠᠰ ᠢ ᠭᠦᠶᠴᠡᠳ ᠪᠡᠯᠡᠳᠬᠡᠵᠦ᠂ ᠠᠵᠢᠯᠲᠠᠳ  ᠤᠨ ᠰᠡᠳᠬᠢᠯ ᠠᠮᠤᠷ ᠠᠵᠢᠯᠯᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ  ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠳᠤ᠂ ᠲᠥᠪ ᠠᠴᠠ ᠣᠳᠣᠬᠠᠨ ᠳᠤ ᠨᠡᠶᠢᠳᠡ 2.3 ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠣᠷᠣᠭᠤᠯᠵᠠᠢ  ᠃
宣传12-1-11.jpg
    ᠠᠳᠠᠯᠢ ᠪᠤᠰᠤ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠨᠠᠮ ᠤᠨ ᠭᠡᠰᠢᠭᠦᠨ ᠪᠦᠬᠦᠨ ᠴᠥᠮ ᠪᠠᠭ᠎ᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ ᠪᠣᠯᠬᠤ ᠦᠭᠡᠢ᠃ ᠭᠡᠪᠡᠴᠦ ᠰᠠᠭᠤᠭᠠᠯᠢ ᠠᠷᠠᠳ ᠤᠨ ᠲᠣᠭᠤᠷᠢᠭ ᠲᠤ ᠬᠡᠷᠡᠭᠴᠡᠭᠡ ᠲᠠᠢ ᠯᠡ ᠶᠤᠮ ᠪᠣᠯ᠂ ᠨᠠᠮ ᠤᠨ ᠭᠡᠰᠢᠭᠦᠨ ᠴᠦ ᠲᠡᠷᠡ᠂ ᠣᠯᠠᠨ ᠲᠦᠮᠡᠨ ᠴᠦ ᠲᠡᠷᠡ᠂ ᠤᠰᠤᠨ ᠰᠢᠨᠵᠢᠯᠡᠭᠡᠨ ᠤ ᠰᠠᠶᠢᠨ ᠳᠤᠷᠠᠴᠤᠳ ᠴᠥᠮ ᠡᠳᠦᠷ ᠰᠥᠨᠢ ᠢᠯᠭᠠᠯ ᠥᠬᠡᠶ᠂ ᠰᠠᠯᠬᠢ ᠪᠣᠷᠣᠭᠠᠨ ᠠᠴᠠ ᠠᠶᠤᠬᠤ ᠥᠬᠡᠶ᠂ ᠬᠠᠬᠢᠷ ᠬᠦᠶᠲᠡᠨ ᠠᠴᠠ ᠠᠶᠤᠬᠤ ᠥᠬᠡᠶ ᠪᠠᠶᠢᠵᠤ᠂ ᠯᠠᠪᠳᠠᠭᠤᠨ ᠪᠠᠲᠤᠲᠠᠶ ᠠᠵᠢᠯᠯᠠᠬᠤ ᠣᠪᠣᠷ ᠰᠤᠷᠲᠠᠯ᠂ ᠨᠠᠷᠢᠨ ᠬᠢᠨᠠᠮᠠᠭᠠᠶ ᠬᠠᠷᠢᠭᠤᠴᠠᠬᠤ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠵᠤ᠂ ᠤᠰᠤᠨ ᠰᠢᠨᠵᠢᠯᠡᠭᠡᠨ ᠤ ᠬᠥᠮᠦᠰ ᠤᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠡᠭᠦᠷᠭᠡᠯᠡᠵᠦ ᠴᠢᠳᠠᠨ᠎ᠠ  ᠃ 
 
ᠢᠷᠡᠯᠲᠡ᠄ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号