12 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠰᠤᠨ ᠠᠰᠢᠭᠯᠠᠯᠲᠠ ᠶᠢᠨ ᠲᠢᠩᠬᠢᠮ | ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠵᠣᠣ ᠴᠠᠩ ᠴᠢᠩ | ᠬᠤᠪᠢᠳᠠᠨ ᠬᠠᠮᠢᠶᠠᠷᠴᠤ ᠪᠠᠶᠢᠭ᠎ᠠ ᠭᠠᠵᠠᠷ ᠲᠠᠰᠤᠭ ᠤᠨ ᠪᠥᠬᠦ ᠨᠠᠮ ᠤᠨ ᠭᠡᠰᠢᠭᠦᠨ ᠳᠤ ︽ᠡᠭᠦᠷᠭᠡ ᠬᠠᠷᠢᠭᠤᠴᠠᠯᠭ᠎ᠠ | ᠪᠠᠨ ᠡᠭᠦᠷᠭᠡᠯᠡᠵᠦ ᠣᠭ ᠰᠠᠨᠠᠭ᠎ᠠ ᠪᠠᠨ ᠪᠠᠲᠤ ᠴᠡᠭᠡᠵᠢᠯᠡᠵᠦ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠣᠤᠷ ᠤᠨ ᠠᠵᠢᠯ ᠢ ᠰᠠᠶᠢᠲᠤᠷ ᠬᠢᠬᠦ︾ ᠭᠡᠬᠦ ᠰᠡᠳᠦᠪ ᠢᠶᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠨᠠᠮ ᠤᠨ ᠬᠢᠴᠢᠶᠡᠯ ᠢ | ᠤᠬᠠᠭᠤᠯᠤᠨ ᠲᠠᠶᠢᠯᠪᠤᠷᠢᠯᠠᠭᠰᠠᠨ ᠪᠥᠭᠡᠳ ᠨᠠᠮ ᠤᠨ ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠲᠤᠰᠬᠠᠶ ᠰᠡᠳᠦᠪᠲᠦ ᠰᠤᠳᠤᠯᠭᠠᠨ ᠢ ᠥᠷᠨᠢᠭᠦᠯᠪᠡ᠃ | ᠨᠠᠮ ᠤᠨ ᠬᠢᠴᠢᠶᠡᠯ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠶᠢᠯᠡᠨ | ᠵᠢᠯᠣᠭᠤᠳᠣᠭᠤᠯᠤᠨ᠎ᠠ᠂ ︽ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠤᠷ ᠤᠨ ᠠᠵᠢᠯ ᠢ | ᠰᠠᠶᠢᠲᠤᠷ ᠬᠢᠬᠦ︾ ᠪᠠᠷ ᠭᠤᠤᠯ ᠰᠡᠳᠦᠪ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠵᠢᠴᠢ ᠰᠦᠨ ᠱᠤᠤ ᠴᠧᠩ ᠱᠦᠵᠢ ᠶᠢᠨ ᠤᠰᠤᠨ ᠠᠰᠢᠭᠯᠠᠯᠲᠠ ᠶᠢᠨ | ᠠᠵᠢᠯ ᠳᠤ ᠳᠤᠷᠠᠳᠤᠭᠰᠠᠨ ︽ᠲᠠᠪᠤᠨ ᠱᠠᠭᠠᠷᠳᠠᠯᠭ᠎ᠠ︾ ᠪᠠᠷ ᠤᠳᠤᠷᠢᠳᠤᠮᠵᠢ ᠪᠤᠯᠭᠠᠵᠤ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠣᠤᠷ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ | ᠦᠭᠦᠯᠡᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠤᠷ ᠤᠨ ᠶᠡᠷᠦᠩᠬᠡᠶ ᠰᠡᠳᠬᠢᠴᠡ ᠪᠠ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠳᠤ ᠵᠠᠳᠠᠯᠤᠯᠲᠠ ᠬᠢᠪᠡ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠵᠢᠷᠤᠭ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠤᠷ ᠤᠨ | ᠭᠤᠤᠯᠳᠠᠯᠭ᠎ᠠ ᠲᠠᠢ ᠢᠨᠵᠧᠨᠧᠷᠢᠩ ᠢ ᠲᠥᠷᠥᠯ ᠳᠠᠷᠠᠭᠠᠯᠠᠨ ᠲᠠᠨᠢᠯᠴᠠᠭᠤᠯᠪᠠ᠂ ᠡᠭᠦᠨ ᠤ ᠬᠠᠮᠲᠤ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠣᠤᠷ ᠢ ᠪᠠᠶᠢᠭᠤᠯᠬᠤ ᠠᠯᠬᠤᠴᠠ ᠶᠢ ᠪᠥᠬᠦ ᠲᠠᠯ᠎ᠠ ᠪᠠᠷ ᠲᠦᠷᠭᠡᠳᠭᠡᠵᠦ᠂ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠭᠤᠤᠯ ᠮᠥᠷᠡᠨ | ᠨᠠᠭᠤᠷ ᠴᠥᠭᠦᠷᠥᠮ ᠢ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠳᠤᠷᠠᠳᠴᠠᠢ᠃ | ᠵᠤᠤ ᠴᠠᠩ ᠴᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠠᠶᠢᠯᠤᠮᠵᠢ ᠬᠢᠵᠦ᠂ ᠶᠡᠭᠡ | ᠬᠤᠷᠠᠯ ᠤᠨ ᠭᠤᠣᠯ ᠰᠡᠳᠦᠪ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠠᠷᠪᠠᠨ ᠲᠠᠪᠤᠨ | ᠬᠡᠰᠡᠭ ᠭᠤᠣᠯ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠡ᠃ ᠨᠠᠮ ᠤᠨ ᠭᠡᠰᠢᠭᠦᠨ ᠺᠠᠳ᠋ᠷᠴᠤᠳ ᠢ ᠤᠬᠠᠮᠰᠠᠷ | ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ︽ᠠᠷᠪᠠᠨ ᠳᠥᠷᠪᠡᠳᠦᠭᠡᠷ | ᠲᠠᠪᠤᠨ ᠵᠢᠯ︾ ᠤᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ | ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠰᠤᠨ ᠠᠰᠢᠭᠯᠠᠯᠲᠠ ᠶᠢᠨ ᠠᠵᠢᠯ ᠤᠨ ᠰᠡᠳᠬᠢᠮᠵᠢ ᠶᠢ ᠲᠥᠯᠥᠪᠵᠢᠭᠦᠯᠬᠦ᠂ | ᠬᠦᠴᠢᠷ ᠠᠰᠠᠭᠤᠳᠠᠯ ᠢ ᠰᠢᠶᠳᠪᠦᠷᠢᠯᠡᠬᠦ ᠠᠷᠭ᠎ᠠ ᠬᠡᠮᠵᠢᠶ᠎ᠡ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ | ᠶᠢ ᠠᠬᠢᠭᠤᠯᠬᠤ ᠠᠵᠢᠯ ᠤᠨ ᠪᠣᠳᠠᠲᠠᠶ ᠳᠤᠮᠳᠠ ᠬᠡᠷᠡᠭᠯᠡᠬᠦ ᠬᠡᠷᠡᠭᠲᠡᠶ᠂ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ | ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠮᠠᠨ ᠤ ᠣᠷᠣᠨ ᠤ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ | ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠵᠤᠤ ᠴᠠᠩ ᠴᠢᠩ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠲᠤᠰᠬᠠᠢ ᠰᠡᠳᠦᠪ ᠢᠶᠠᠷ ᠰᠤᠳᠤᠯᠬᠤ ᠳᠠᠭᠠᠨ᠂ ᠪᠢᠳᠠ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠣᠰᠣᠭᠠᠷ ᠳᠣᠣᠷᠠᠬᠢ ᠬᠡᠳᠦᠨ | ᠲᠠᠯ᠎ᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠄ ᠨᠢᠭᠡ ᠳᠤ᠂ ᠨᠠᠮ ᠤᠨ ᠪᠠᠶᠢᠭᠤᠯᠤᠯᠲᠠ ᠶᠢ ᠴᠥᠬᠦᠷᠡᠰᠢ | ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ︔ | ᠬᠤᠶᠠᠷ ᠲᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ︽ᠭᠤᠷᠪᠠᠨ ᠤᠯᠠᠨ᠂ | ᠭᠤᠷᠪᠠᠨ ᠴᠥᠭᠡᠨ᠂ ᠭᠤᠷᠪᠠᠨ ᠤᠳᠠᠭᠠᠨ︾ ᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ︔ ᠭᠤᠷᠪᠠ ᠳᠤ᠂ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠴᠢᠩᠭᠠᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠤᠯᠠᠮ ᠨᠢᠭᠡ ᠠᠯᠬᠤᠮ ᠴᠢᠩᠳᠠᠯᠠᠵᠤ᠂ ︽ᠳᠥᠷᠪᠡᠨ ᠰᠤᠷᠲᠠᠯ︾ | ᠢ ᠡᠷᠡᠰ ᠭᠤᠶᠢᠪᠢᠰᠢ ᠥᠬᠡᠶ ᠪᠠᠷ ᠵᠠᠯᠠᠷᠠᠭᠤᠯᠤᠨ ᠵᠠᠰᠠᠬᠤ ᠬᠡᠷᠡᠭᠲᠡᠶ᠃ | |