12 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠱᠧᠩ ᠰᠢᠶᠣᠤ ᠶᠧᠦ ᠠᠯᠠᠱᠠ ᠠᠶᠢᠮᠠᠭ ᠤᠨ ᠳᠠᠷᠤᠭ᠎ᠠ ᠯᠢ ᠵᠥᠩ ᠽᠧᠩ ᠨᠠᠷ ᠲᠠᠢ ᠠᠭᠤᠯᠵᠠᠵᠤ᠂ ᠲᠥᠪ | ᠤᠨ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠣᠯᠠᠨᠪᠤᠯᠠᠭ ᠤᠰᠤᠯᠠᠯᠲᠠ ᠶᠢᠨ ᠣᠷᠣᠨ ᠪᠣᠯᠤᠨ ᠮᠠᠨ ᠱᠦᠶ | ᠲᠠᠨ ᠰᠢᠷ᠎ᠠ ᠭᠤᠤᠯ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠰᠠᠭᠤᠳᠠᠯ ᠵᠡᠷᠭᠡ ᠶᠢᠨ | ᠲᠤᠬᠠᠶ ᠶᠠᠷᠢᠯᠴᠠᠨ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠳᠡᠳ᠋ ᠳᠠᠷᠤᠭ᠎ᠠ ᠯᠢ ᠪᠢᠨ᠂ ᠠᠯᠠᠱᠠ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠶᠠᠷᠢᠯᠴᠠᠬᠤ ᠬᠤᠷᠠᠯ ᠳᠤ | ᠣᠷᠣᠯᠴᠠᠪᠠ᠃ | | | | | | ᠱᠧᠩ ᠰᠢᠶᠣᠤ ᠶᠧᠦ ᠠᠴᠠ ᠯᠢ ᠵᠦᠩ ᠽᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ | ᠠᠯᠠᠱᠠ ᠠᠶᠢᠮᠠᠭ ᠤᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ | ᠤ ᠳᠠᠷᠠᠭ᠎ᠠ᠂ ᠪᠣᠳᠠᠲᠠᠢ ᠠᠵᠢᠯ ᠤᠨ ᠰᠠᠨᠠᠯ ᠰᠠᠨᠠᠭᠤᠯᠭ᠎ᠠ ᠳᠤᠷᠠᠳᠴᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠰᠡᠳᠬᠢᠴᠡ ᠪᠠᠨ | ᠢᠳᠡᠪᠬᠢᠲᠡᠢ ᠲᠤᠬᠢᠷᠠᠭᠤᠯᠵᠤ᠂ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ ᠃ ᠤᠰᠤᠨ ᠠᠰᠢᠭᠯᠠᠯᠲᠠ ᠶᠢᠨ ᠲᠢᠩᠬᠢᠮ ᠠᠯᠠᠱᠠ ᠠᠶᠢᠮᠠᠭ ᠲᠤ ᠢᠳᠡᠪᠬᠢᠲᠡᠶ ᠵᠢᠯᠣᠭᠤᠳᠤᠨ | ᠦᠶᠯᠡᠴᠢᠯᠡᠵᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠯᠢ ᠵᠦᠩ ᠽᠧᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠠᠯᠠᠱᠠ | ᠠᠶᠢᠮᠠᠭ ᠤᠨ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠳᠤ ᠲᠠᠯᠠᠷᠬᠠᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠰᠡᠳᠬᠢᠴᠡ | ᠪᠠᠨ ᠦᠨᠡᠨᠬᠦ ᠬᠤᠪᠢᠷᠠᠭᠤᠯᠵᠤ᠂ ᠤᠰᠤᠨ ᠠᠰᠢᠭᠯᠠᠯᠲᠠ ᠶᠢᠨ ᠲᠢᠩᠬᠢᠮ ᠲᠠᠢ ᠬᠤᠯᠪᠣᠭᠳᠠᠯ ᠪᠦᠬᠦᠢ ᠠᠵᠢᠯ ᠢ ᠰᠠᠶᠢᠲᠤᠷ | ᠬᠢᠵᠦ ᠤᠯᠤᠯᠴᠠᠭ᠎ᠠ ᠵᠣᠬᠢᠴᠠᠭᠤᠯᠭ᠎ᠠ ᠬᠢᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠨ᠎ᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠦᠷᠭᠦᠯᠵᠢᠯᠡᠨ ᠬᠠᠯᠠᠮᠵᠢᠯᠠᠯ | ᠦᠵᠡᠭᠦᠯᠬᠦ ᠪᠠ ᠵᠢᠭᠠᠨ ᠵᠢᠯᠣᠭᠤᠳᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ | ᠶᠢᠨ ᠭᠠᠵᠠᠷ᠂ ᠤᠰᠤᠨ ᠤ ᠡᠬᠢ ᠪᠠᠶᠠᠯᠢᠭ ᠤᠨ ᠭᠠᠵᠠᠷ ᠤᠨ ᠬᠠᠷᠢᠭᠤᠴᠠᠯᠭᠠᠲᠠᠨ᠂ ᠠᠯᠠᠱᠠ ᠠᠶᠢᠮᠠᠭ ᠤᠨ ᠵᠠᠬᠢᠷᠭ᠎ᠠ | ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠵᠠᠢ᠃ | |