ᠤᠰᠤᠨ ᠠᠰᠢᠭᠯᠠᠯᠲᠠ ᠶᠢᠨ ᠲᠢᠩᠬᠢᠮ ᠤᠨ《ᠬᠤᠶᠠᠷ ᠰᠢᠯᠢᠳᠡᠭ》ᠲᠤᠰᠬᠠᠶ ᠠᠵᠢᠯᠯᠠᠭ᠎ᠠ ᠱᠠᠲᠤ ᠦᠶ᠎ᠡ  ᠶᠢᠨ ᠴᠢᠨᠠᠷᠲᠠᠶ ᠦᠷ᠎ᠡ ᠪᠦᠲᠦᠭᠡᠯ ᠤᠯᠪᠠ
ᠨᠡᠶᠢᠲᠡᠯᠡᠭᠰᠡᠨ ᠴᠠᠭ᠄
2022/12/19
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ      ᠶᠣᠰᠣᠭᠠᠷ᠂ ᠤᠰᠤᠨ ᠠᠰᠢᠭᠯᠠᠯᠲᠠ ᠶᠢᠨ ᠲᠢᠩᠬᠢᠮ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ︾ ᠤᠨ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠤᠨ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠠᠨ ᠤ ᠲᠢᠩᠬᠢᠮ ᠤᠨ ᠡᠷᠬᠡ ᠶᠢᠨ ᠲᠤᠬᠠᠢ ᠵᠦᠢᠯ ᠢ ᠵᠦᠶ᠋ᠯ ᠳᠠᠷᠠᠭᠠᠯᠠᠨ ᠡᠮᠬᠢᠯᠡᠨ ᠳᠢᠭᠯᠡᠵᠦ᠂ ︽ᠡᠷᠬᠡ ᠶᠢ ᠳᠣᠷᠣᠭᠰᠢ ᠪᠠᠭᠤᠯᠭᠠᠬᠤ᠂ ᠦᠶ᠋ᠯᠡᠴᠢᠯᠡᠭᠡ ᠶᠢ ᠰᠢᠯᠢᠳᠡᠭᠵᠢᠭᠦᠯᠬᠦ᠂ ᠲᠠᠰ ᠳᠠᠷᠠᠭᠠᠯᠠᠯ ᠢ ᠳᠥᠭᠦᠮᠴᠢᠯᠡᠬᠦ᠂ ᠴᠠᠭ ᠤᠨ ᠬᠢᠵᠠᠭᠠᠷ ᠢ ᠪᠣᠭᠤᠨᠢᠰᠬᠠᠬᠤ︾ ᠵᠡᠷᠭᠡ 4 ᠲᠠᠯ᠎ᠠ ᠶᠢᠨ ᠲᠣᠭᠤᠷᠢᠨ ᠳᠤ ᠡᠮᠬᠢ ᠵᠢᠷᠤᠮ ᠲᠠᠢ ᠥᠷᠨᠢᠭᠦᠯᠵᠦ᠂ ᠡᠯ᠎ᠡ ᠵᠦᠶ᠋ᠯ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠵᠡᠷᠭᠡ ᠪᠠᠷ ᠳᠠᠮᠵᠢᠨ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠤᠨ᠎ᠠ᠃  ᠡᠭᠦᠷᠭᠡ ᠴᠢᠳᠠᠪᠤᠷᠢ ᠶᠢ ᠰᠢᠯᠢᠳᠡᠭᠵᠢᠭᠦᠯᠬᠦ ᠲᠠᠯ᠎ᠠ ᠪᠠᠷ᠂ ︽ᠴᠢᠯᠥᠭᠡᠲᠡᠶ ᠲᠠᠯᠪᠢᠵᠤ ᠪᠣᠯᠬᠤ ᠶᠢ ᠨᠢ ᠴᠢᠯᠥᠭᠡᠲᠡᠶ ᠲᠠᠯᠪᠢᠬᠤ︾ ᠵᠠᠷᠴᠢᠮ ᠢ ᠪᠠᠷᠢᠮᠲᠠᠯᠠᠨ᠂ ᠰᠢᠭᠤᠳ ᠳᠣᠷᠣᠭᠰᠢ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠳᠠᠨᠠᠬᠢ ᠵᠦᠢᠯᠡᠰ ᠢ ᠦᠷᠭᠦᠯᠵᠢᠯᠡᠨ ᠳᠣᠷᠣᠭᠰᠢ ᠲᠤᠭᠤᠰᠢᠯᠠᠭᠤᠯᠬᠤ ᠶᠢ ᠠᠬᠢᠭᠤᠯᠵᠤ᠂ ︽ᠦᠶ᠋ᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ︾ ᠵᠡᠷᠭᠡ 17 ᠵᠦᠶ᠋ᠯᠡᠰ ᠢ ᠰᠢᠯᠢᠳᠡᠭᠵᠢᠭᠦᠯᠦᠨ᠂ ᠡᠭᠦᠨ ᠳᠤ 7 ᠵᠦᠶ᠋ᠯ ᠢ ᠰᠢᠭᠤᠳ ᠳᠣᠷᠣᠭᠰᠢ ᠪᠠᠭᠤᠯᠭᠠᠬᠤ ᠪᠠᠷ ᠲᠥᠯᠥᠪᠯᠡᠵᠦ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠠᠶᠢᠮᠠᠭ ᠬᠤᠲᠠ᠂ ᠬᠤᠰᠢᠭᠤ ᠰᠢᠶᠠᠨ ᠤ 10 ᠵᠦᠶ᠋ᠯ ᠳᠤ ᠰᠢᠯᠵᠢᠭᠦᠯᠦᠨ᠎ᠡ᠃ ︵ᠰᠢᠭᠤᠳ ᠳᠣᠷᠣᠭᠰᠢ ᠪᠠᠭᠤᠯᠭᠠᠬᠤ ᠵᠦᠶ᠋ᠯᠡᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠳᠣᠲᠣᠭᠠᠳᠤ ᠶᠢᠨ ᠬᠡᠷᠡᠭ ᠤᠴᠢᠷ ᠤᠨ ᠲᠠᠯ᠎ᠠ ᠪᠠᠷ᠂ ᠤᠰᠤᠨ ᠠᠰᠢᠭᠯᠠᠯᠲᠠ ᠶᠢᠨ ᠲᠢᠩᠬᠢᠮ ᠤᠨ ᠭᠤᠷᠪᠠ ᠶᠢ ᠲᠣᠭᠲᠠᠭᠠᠬᠤ︾ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ︽ᠲᠥᠪ ᠤᠨ ᠪᠠᠯᠠ ᠮᠥᠩᠭᠦ ᠠᠴᠠ ᠳᠣᠷᠣᠭᠰᠢ ᠰᠢᠯᠵᠢᠭᠦᠯᠦᠨ ᠥᠭᠬᠦ ᠪᠠᠯᠠ ᠮᠥᠩᠭᠦ ᠶᠢ ᠪᠠᠭᠤᠯᠭᠠᠬᠤ︾ ᠵᠡᠷᠭᠡ 2 ᠵᠦᠶ᠋ᠯ ᠤᠨ ᠳᠣᠲᠣᠭᠠᠳᠤ ᠶᠢᠨ ᠬᠡᠷᠡᠭ ᠶᠠᠪᠤᠳᠠᠯ ᠢ ᠡᠮᠬᠢᠯᠡᠨ ᠭᠠᠷᠭᠠᠵᠤ᠂ ᠲᠡᠷᠢᠭᠦᠨ ᠤ ᠮᠤᠵᠢ ᠬᠤᠲᠠ ᠶᠢᠨ ᠠᠷᠭ᠎ᠠ ᠬᠢᠳᠡᠯ ᠲᠠᠢ ᠬᠠᠷᠢᠴᠠᠭᠤᠯᠬᠤ ᠪᠠᠷ ᠳᠠᠮᠵᠢᠨ᠂ ᠡᠳ᠋ ᠤᠨ ᠵᠠᠰᠠᠭ ᠤᠨ      ᠲᠢᠩᠬᠢᠮ᠂ ᠠᠶᠢᠮᠠᠭ ᠬᠤᠲᠠ ᠲᠠᠢ ᠢᠳᠡᠪᠬᠢᠲᠡᠶ ᠨᠡᠪᠲᠡᠷᠡᠯᠴᠡᠵᠦ᠂ ᠳᠣᠷᠣᠭᠰᠢ ᠪᠠᠭᠤᠯᠭᠠᠬᠤ ᠴᠠᠭ ᠤᠨ ᠬᠢᠵᠠᠭᠠᠷ ᠢ 1030 ᠠᠵᠢᠯᠯᠠᠬᠤ ᠡᠳᠦᠷ ᠠᠴᠠ 5 - 20 ᠠᠵᠢᠯᠯᠠᠬᠤ ᠡᠳᠦᠷ ᠪᠣᠯᠲᠠᠯ᠎ᠠ ᠪᠠᠭᠠᠰᠬᠠᠵᠤ᠂ ᠬᠠᠮᠤᠭ ᠤᠨ ᠥᠨᠳᠥᠷ ᠬᠠᠰᠤᠬᠤ ᠬᠠᠷᠢᠴᠠᠯ ᠢ 50 % ᠳᠤ ᠬᠦᠷᠭᠡᠪᠡ᠃  ᠦᠶ᠋ᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ︽ᠬᠠᠰᠤᠵᠤ ᠳᠡᠶᠢᠯᠬᠦ ᠶᠢ ᠨᠢ ᠪᠦᠬᠦᠨ ᠢ ᠬᠠᠰᠤᠬᠤ︾ ᠵᠠᠷᠴᠢᠮ ᠢ ᠪᠠᠷᠢᠮᠲᠠᠯᠠᠵᠤ᠂ ︽ᠤᠯᠤᠰ ᠤᠨ ᠦᠨᠳᠦᠰᠦᠨ ᠤᠰᠤᠨ ᠰᠢᠨᠵᠢᠯᠡᠭᠡᠨ ᠤ ᠥᠷᠲᠡᠭᠡ ᠶᠢ ᠪᠠᠶᠢᠭᠤᠯᠬᠤ ᠪᠠ ᠲᠣᠬᠢᠷᠠᠭᠤᠯᠤᠯᠲᠠ ᠬᠢᠵᠦ ᠬᠢᠨᠠᠨ ᠵᠥᠪᠰᠢᠶᠡᠷᠡᠬᠦ︾ ᠵᠡᠷᠭᠡ 27 ᠵᠦᠶ᠋ᠯᠡᠰ ᠢ ᠳᠠᠬᠢᠨ ᠴᠣᠮᠬᠠᠳᠬᠠᠪᠠ᠃ ᠮᠠᠲ᠋ᠧᠷᠢᠶᠠᠯ ᠢ ᠬᠠᠰᠤᠬᠤ ᠲᠠᠯ᠎ᠠ ᠪᠠᠷ᠂ ᠮᠡᠳᠡᠭᠳᠡᠬᠦ ᠠᠮᠠᠯᠠᠯᠲᠠ ᠶᠢᠨ ᠲᠦᠷᠢᠮ᠂ ᠳᠤᠲᠠᠭᠳᠠᠯ ᠢ ᠠᠭᠤᠴᠢᠯᠠᠨ ᠭᠥᠯᠢᠶᠡᠨ ᠠᠪᠴᠤ ᠰᠢᠶ᠋ᠳᠪᠦᠷᠢᠯᠡᠬᠦ᠂ ᠦᠨᠡᠮᠯᠡᠯ ᠪᠠ ᠭᠡᠷᠡᠴᠢ ᠶᠢ ᠬᠤᠯᠪᠣᠭᠳᠠᠭᠤᠯᠬᠤ᠂ ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠵᠡᠷᠭᠡ ᠠᠷᠭ᠎ᠠ ᠮᠠᠶ᠋ᠢᠭ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ 13 ᠬᠤᠪᠢ ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠪᠠ᠃ ᠭᠤᠭᠴᠤᠭ᠎ᠠ ᠶᠢ ᠪᠠᠭᠠᠰᠬᠠᠬᠤ ᠲᠠᠯ᠎ᠠ ᠪᠠᠷ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠭᠤᠭᠴᠤᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ 3 ᠴᠣᠮᠬᠠᠳᠬᠠᠪᠠ᠃ ᠴᠠᠭ ᠤᠨ ᠬᠢᠵᠠᠭᠠᠷ ᠢ ᠬᠠᠰᠤᠬᠤ ᠲᠠᠯ᠎ᠠ ᠪᠠᠷ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 5 - 45 ᠠᠵᠢᠯᠯᠠᠬᠤ ᠡᠳᠦᠷ ᠪᠠᠶᠢᠭᠰᠠᠨ ᠠᠴᠠ 1 - 15 ᠠᠵᠢᠯᠯᠠᠬᠤ ᠡᠳᠦᠷ ᠪᠣᠯᠲᠠᠯ᠎ᠠ      ᠪᠣᠭᠤᠨᠢᠰᠬᠠᠵᠤ᠂ ᠨᠡᠶᠢᠲᠡ 90 ᠠᠵᠢᠯᠯᠠᠬᠤ ᠡᠳᠦᠷ᠂ 160 ᠡᠳᠦᠷ ᠪᠣᠭᠤᠨᠢᠰᠬᠠᠬᠤ ᠶᠢᠨ ᠬᠠᠮᠲᠤ 6 ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠵᠢᠴᠢ ᠮᠡᠳᠡᠭᠦᠯᠦᠯᠲᠡ ᠳᠤ ᠵᠠᠰᠠᠪᠤᠷᠢ ᠣᠷᠣᠭᠤᠯᠬᠤ ᠴᠠᠭ ᠤᠨ ᠬᠢᠵᠠᠭᠠᠷ ᠢ 30 ᠠᠵᠢᠯᠯᠠᠬᠤ ᠡᠳᠦᠷ ᠪᠣᠯᠭᠠᠨ ᠲᠣᠳᠣᠷᠬᠠᠶᠢᠯᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号