︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠳᠥᠷᠪᠡᠳᠦᠭᠡᠷ ᠪᠦᠬᠦᠳᠠ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠨᠡᠩ ᠶᠡᠭᠡ ᠰᠢᠨ᠎ᠡ ᠦᠷ᠎ᠡ ᠪᠦᠲᠦᠮᠵᠢ ᠶᠢ ᠲᠠᠰᠤᠷᠠᠯᠳᠠ ᠦᠭᠡᠢ | ᠤᠯᠬᠤ ᠬᠡᠷᠡᠭᠲᠡᠢ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠴᠠᠭ ᠦᠶ᠎ᠡ ᠶᠢᠨ | ᠤᠰᠤᠨ ᠠᠰᠢᠭᠯᠠᠯᠲᠠ ᠶᠢᠨ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ | ᠡᠵᠡᠮᠳᠡᠵᠦ᠂ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠲᠡᠷᠡ ᠴᠢᠭ ᠢᠶᠠᠷ ᠨᠢ ᠰᠠᠶᠢᠲᠤᠷ | ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ᠃︾ | ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠰᠤᠷᠪᠤᠯᠵᠢᠯᠠᠭᠴᠢ ᠶᠢᠨ ᠲᠤᠰᠬᠠᠶ | ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠶᠠᠷᠢᠪᠠ᠃ | ᠱᠧᠩ ᠰᠢᠶᠤᠤ ᠶᠢᠦ ᠴᠢᠬᠤᠯᠠᠴᠢᠯᠠᠬᠤ ᠳᠤ ᠪᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ ︽ᠲᠠᠪᠤᠨ ᠶᠡᠭᠡ ᠡᠬᠢᠯᠡᠯᠲᠡ︾ ᠶᠢᠨ ᠲᠤᠰᠬᠠᠶ ᠠᠵᠢᠯᠯᠠᠭ᠎ᠠ | ᠶᠢ ᠪᠣᠳᠠᠲᠠᠶ ᠪᠥᠭᠡᠳ ᠨᠠᠷᠢᠯᠢᠭ ᠠᠳᠬᠤᠬᠤ ᠶᠢᠨ ᠬᠠᠮᠲᠤ ︽ᠬᠤᠶᠠᠷ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ | ᠶᠢ ᠪᠣᠳᠠᠲᠠᠶ ᠪᠥᠭᠡᠳ ᠨᠠᠷᠢᠯᠢᠭ ᠬᠢᠵᠦ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠲᠦᠷᠭᠡᠳᠬᠡᠬᠦ︾ | ᠱᠠᠭᠠᠷᠳᠠᠯᠭ᠎ᠠ ᠶᠢ ᠤᠰᠤᠨ ᠠᠰᠢᠭᠯᠠᠯᠲᠠ ᠶᠢᠨ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ | ᠨᠠᠶᠢᠳᠠᠪᠤᠷᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠦᠶ᠎ᠡ ᠳᠤ ᠲᠤᠭ᠎ᠠ ᠶᠢ ᠪᠠᠲᠤᠯᠠᠭᠰᠠᠨ ᠲᠠᠩᠰᠠ | ᠲᠤᠰᠢᠶᠠᠵᠦ ᠰᠢᠯᠭᠠᠯᠲᠠ ᠶᠢᠨ ᠬᠠᠭᠤᠳᠠᠰᠦ ᠶᠢ ᠲᠤᠰᠢᠶᠠᠬᠤ ᠬᠡᠷᠡᠭᠲᠡᠶ᠃ ᠪᠦᠬᠦ ᠣᠷᠣᠨ ᠤ ᠤᠰᠤᠨ ᠠᠰᠢᠭᠯᠠᠯᠲᠠ ᠶᠢᠨ | ᠠᠵᠢᠯ ᠢ ᠰᠠᠶᠢᠲᠤᠷ ᠬᠢᠬᠦ ᠳᠤ ᠳᠤᠤᠷᠠᠬᠢ 5 ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃ | ᠨᠢᠭᠡ ᠳᠤ᠂ ᠪᠠᠶᠢᠷᠢᠯᠠᠭᠤᠯᠤᠯᠲᠠ ᠶᠢ ᠰᠠᠶᠢᠲᠤᠷ ᠬᠢᠨ᠎ᠠ᠃ ᠤᠯᠤᠰ ᠠᠴᠠ ᠪᠥᠬᠦ ᠤᠯᠤᠰ ᠤᠨ ᠤᠰᠤᠨ ᠲᠣᠤᠷ | ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠭᠢᠶᠠᠵᠦ ᠪᠠᠶᠢᠭ᠎ᠠ ᠴᠢᠬᠤᠯᠠ ᠠᠵᠠ ᠲᠣᠬᠢᠶᠠᠯ ᠢ ᠠᠳᠬᠤᠵᠦ᠂ ᠪᠥᠬᠦ | ᠣᠷᠣᠨ ᠤ ᠤᠰᠤᠨ ᠲᠣᠤᠷ ᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠮᠠᠨ ᠤ ᠣᠷᠣᠨ ᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠤᠯᠤᠰ ᠤᠨ ᠤᠰᠤᠨ ᠲᠣᠤᠷ ᠲᠤ ᠪᠥᠬᠦ | ᠲᠠᠯ᠎ᠠ ᠪᠠᠷ ᠵᠠᠯᠭᠠᠨ ᠣᠷᠣᠭᠤᠯᠬᠤ ᠶᠢ ᠠᠬᠢᠭᠤᠯᠬᠤ ᠪᠠ ᠵᠡᠭᠦᠨ ᠬᠤᠶᠢᠲᠤ ᠤᠷᠤᠨ ᠤ ᠤᠰᠤᠨ ᠲᠣᠤᠷ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠬᠢᠴᠠ ᠶᠢᠨ ᠱᠠᠭᠠᠷᠳᠠᠯᠭ᠎ᠠ ᠶᠣᠰᠣᠭᠠᠷ 2023 ᠣᠨ ᠤ ᠰᠡᠭᠦᠯᠴᠢ | ᠪᠠᠷ ᠪᠡᠶᠡᠯᠡᠭᠦᠯᠬᠦ ᠪᠠᠷ ᠴᠢᠷᠮᠠᠶᠢᠨ᠎ᠠ︔ ᠨᠤᠨ ᠮᠥᠷᠡᠨ ᠤ ᠤᠰᠤ ᠶᠢ ᠲᠠᠲᠠᠵᠦ ᠰᠢᠯᠢ ᠶᠢᠨ ᠭᠤᠣᠯ ᠳᠤ ᠨᠡᠮᠡᠷᠢᠯᠡᠬᠦ | ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠦᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠠᠷ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ | ᠡᠬᠢᠯᠡᠭᠦᠯᠬᠦ ᠪᠠᠷ ᠴᠢᠷᠮᠠᠶᠢᠨ᠎ᠠ︔ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ | ᠨᠡᠮᠡᠷᠢᠯᠡᠬᠦ ᠢᠨᠵᠧᠨᠧᠷᠢᠩ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠢᠴᠢ ᠥᠪᠥᠷ ᠮᠣᠩᠭᠤᠯ ᠤᠨ ᠰᠠᠯᠪᠤᠷᠢ ᠱᠤᠭᠤᠮ ᠤᠨ | ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ 2023 ᠣᠨ ᠳᠤ ᠬᠠᠲᠤᠨ ᠭᠤᠣᠯ ᠤᠨ ᠥᠪᠥᠷ ᠮᠣᠩᠭᠤᠯ ᠤᠨ | ᠬᠡᠰᠡᠭ ᠲᠠᠬᠢ ᠳᠠᠯᠠᠩ ᠬᠠᠰᠢᠯᠭ᠎ᠠ ᠶᠢ ᠪᠠᠷᠢᠮᠵᠢᠶ᠎ᠠ ᠳᠤ ᠬᠦᠷᠦᠭᠦᠯᠬᠦ ᠪᠠ ᠵᠠᠰᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠡᠬᠢᠯᠡᠭᠦᠯᠬᠦ ᠪᠠᠷ ᠴᠢᠷᠮᠠᠶᠢᠵᠤ᠂ ᠪᠣᠷᠣᠲᠣᠬᠤᠶ᠂ ᠳ᠋ᠧᠩᠺᠸᠤ ᠶᠢᠨ ᠤᠰᠤ ᠲᠠᠲᠠᠬᠤ | ᠤᠰᠤᠯᠠᠯᠲᠠ ᠶᠢᠨ ᠣᠷᠣᠨ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ | ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠵᠡᠷᠭᠡ ᠶᠢ ᠦᠷᠭᠦᠯᠵᠢᠯᠡᠨ ᠠᠬᠢᠭᠤᠯᠤᠨ᠎ᠠ᠃ | ᠬᠤᠶᠠᠷ ᠲᠤ᠂ ᠡᠬᠢ ᠰᠤᠷᠪᠤᠯᠵᠢ ᠶᠢ ᠰᠠᠶᠢᠲᠤᠷ ᠨᠡᠭᠡᠭᠡᠨ᠎ᠡ᠃ ᠬᠠᠳᠤᠨ ᠭᠤᠣᠯ ᠵᠡᠷᠭᠡ ᠰᠠᠪᠠ ᠭᠠᠵᠠᠷ ᠤᠨ | ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠢᠳᠡᠪᠬᠢᠲᠠᠢ ᠣᠯᠵᠤ᠂ ᠴᠢᠬᠤᠯᠠ ᠶᠡᠭᠡ ᠤᠰᠤ ᠲᠠᠲᠠᠵᠤ ᠤᠰᠤ | ᠲᠣᠬᠢᠷᠠᠭᠤᠯᠬᠤ ᠢᠨᠵᠧᠨᠧᠷᠢᠩ ᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ᠂ ᠦᠶᠡᠷ ᠲᠤᠭᠲᠠᠭᠠᠨ ᠬᠠᠳᠠᠭᠠᠯᠠᠬᠤ | ᠣᠷᠣᠨ ᠤ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠦ᠂ ᠤᠰᠤᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠮᠢ ᠠᠬᠤᠶ ᠶᠢᠨ ᠤᠰᠤᠨ ᠤ ᠭᠦᠢᠴᠡᠳᠬᠡᠬᠦ ᠲᠤᠭ᠎ᠠ ᠶᠢ ᠢᠳᠡᠪᠬᠢᠲᠠᠢ ᠣᠯᠵᠤ᠂ ᠳᠠᠬᠢᠯᠲᠠ | ᠤᠰᠤ ᠶᠢ ᠠᠰᠢᠭᠯᠠᠬᠤ ᠡᠷᠴᠢᠮ ᠢᠶᠠᠨ ᠨᠡᠮᠡᠭᠳᠡᠭᠦᠯᠦᠨ ᠬᠥᠬᠡᠬᠤᠲᠠ᠂ ᠪᠤᠭᠤᠲᠤ ᠬᠤᠲᠠ᠂ ᠣᠷᠳᠣᠰ ᠬᠤᠳᠠ᠂ ᠦᠬᠠᠶ | ᠬᠤᠲᠠ ᠶᠢᠨ ᠳᠠᠬᠢᠯᠲᠠ ᠤᠰᠤᠨ ᠤ ᠠᠰᠢᠭᠯᠠᠮᠵᠢ ᠶᠢ ᠲᠣᠬᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶ | ᠬᠡᠷᠡᠭᠵᠢᠭᠦᠯᠵᠦ᠂ ᠳᠠᠬᠢᠯᠲᠠ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠬᠡᠪ ᠤᠨ ᠪᠤᠰᠤ ᠤᠰᠤᠨ ᠤ ᠡᠬᠢ | ᠪᠠᠶᠠᠯᠢᠭ ᠤᠨ ᠠᠰᠢᠭᠯᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠠ ᠳᠤ᠂ ᠤᠷᠤᠰᠬᠠᠯ ᠢ ᠠᠷᠪᠢᠯᠠᠨ᠎ᠠ᠃ ︽ᠳᠥᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ | ᠬᠡᠷᠡᠭᠵᠢᠭᠦᠯᠵᠦ᠂ ᠵᠠᠷᠢᠮ ᠭᠠᠵᠠᠷ ᠣᠷᠣᠨ ᠳᠤ ᠣᠷᠣᠰᠢᠵᠤ ᠪᠠᠶᠢᠭ᠎ᠠ ᠲᠠᠷᠢᠶᠠᠯᠠᠩ ᠤᠨ ︽ᠶᠡᠭᠡ ᠤᠰᠤ ᠪᠠᠷ | ᠨᠡᠯᠦᠶᠢᠲᠡᠯ᠎ᠡ ᠤᠰᠤᠯᠠᠬᠤ︾᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠵᠡᠷᠭᠡ ᠠᠰᠠᠭᠤᠳᠠᠯ ᠢ ᠱᠠᠯᠠᠪᠳᠠᠨ | ᠰᠤᠳᠤᠯᠵᠦ ᠰᠢᠶᠳᠪᠦᠷᠢᠯᠡᠬᠦ ᠪᠤᠯᠤᠨ᠎ᠠ᠃ ᠣᠷᠣᠨ ᠪᠦᠰᠡ ᠶᠢᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠶᠢ | ᠲᠦᠷᠭᠡᠳᠬᠡᠨ ᠤᠰᠤ ᠲᠠᠲᠠᠬᠤ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠵᠤ᠂ ᠬᠡᠪ ᠤᠨ ᠪᠤᠰᠤ ᠤᠰᠤᠨ | ᠰᠤᠷᠪᠤᠯᠵᠢ ᠶᠢ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ ᠳᠤ ᠣᠷᠣᠭᠤᠯᠤᠨ᠎ᠠ︔ ᠤᠰᠤ ᠠᠷᠪᠢᠯᠠᠬᠤ | ᠢᠨᠵᠧᠨᠧᠷᠢᠩ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠤᠯᠤᠰ ᠤᠨ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠨᠢᠷᠤᠭᠤᠪᠴᠢ ᠢᠨᠵᠧᠨᠧᠷᠢᠩ ᠤᠨ ᠣᠳᠣᠬᠢᠴᠢᠯᠠᠭᠰᠠᠨ ᠥᠭᠡᠷᠡᠴᠢᠯᠡᠯᠲᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ | ᠥᠨᠳᠥᠷ ᠪᠦᠲᠦᠮᠵᠢᠳᠦ ᠤᠰᠤ ᠠᠷᠪᠢᠯᠠᠬᠤ ᠵᠡᠷᠭᠡ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠨᠠᠮᠤᠷ ᠬᠠᠪᠤᠷ ᠤᠨ | ᠤᠰᠤᠯᠠᠯᠲᠠ ᠵᠡᠷᠭᠡ ᠲᠠᠷᠢᠮᠠᠯ ᠤᠨ ᠤᠷᠭᠤᠯᠲᠠ ᠶᠢᠨ ᠪᠤᠰᠤ ᠬᠤᠭᠤᠴᠠᠭᠠᠨ ᠤ ᠬᠡᠷᠡᠭᠯᠡᠬᠦ ᠤᠰᠤ ᠶᠢ ᠪᠠᠭᠠᠰᠬᠠᠨ᠎ᠠ᠃ | ᠡᠭᠦᠨ ᠤ ᠬᠠᠮᠲᠤ᠂ ᠲᠣᠭᠲᠠᠭᠰᠠᠨ ᠨᠣᠷᠮ᠎ᠠ ᠪᠠᠷ ᠬᠡᠷᠡᠭᠵᠢᠭᠦᠯᠬᠦ ᠶᠢ ᠪᠠᠶᠢᠴᠠᠭᠠᠬᠤ ᠪᠠᠨ ᠴᠢᠩᠭᠠᠳᠬᠠᠨ ᠨᠠᠮᠤᠷ ᠬᠠᠪᠤᠷ | ᠤᠨ ᠤᠰᠤᠯᠠᠯᠲᠠ ᠳᠤ ᠬᠡᠷᠡᠭᠯᠡᠬᠦ ᠤᠰᠤ ᠶᠢ ᠵᠦᠢ ᠵᠣᠬᠢᠰᠲᠠᠶ ᠬᠡᠪᠴᠢᠶᠡᠨ ᠳᠣᠲᠣᠷ᠎ᠠ ᠬᠢᠵᠠᠭᠠᠷᠯᠠᠵᠤ᠂ ᠶᠡᠭᠡ ᠤᠰᠤ ᠪᠠᠷ | ᠨᠡᠯᠦᠶᠢᠲᠡᠯ᠎ᠡ ᠤᠰᠤᠯᠠᠵᠤ ᠤᠰᠤ ᠪᠦᠷᠢᠯᠭᠡᠨ ᠰᠦᠢᠳᠬᠡᠬᠦ ᠦᠵᠡᠭᠳᠡᠯ ᠢ ᠡᠷᠡᠰ ᠬᠤᠷᠢᠭᠯᠠᠨ ᠵᠣᠭᠰᠣᠭᠠᠵᠤ᠂ | ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠣᠷᠣᠯᠭ᠎ᠠ ᠵᠠᠷᠤᠯᠭ᠎ᠠ ᠶᠢ ᠲᠤᠰ ᠲᠣᠰ ᠲᠤᠨᠢ ᠪᠠᠶᠢᠯᠭᠠᠬᠤ ᠪᠠ ᠵᠥᠷᠢᠶᠡᠲᠦ ᠲᠤᠭ᠎ᠠ ᠪᠠᠷ ᠨᠥᠬᠦᠪᠥᠷᠢᠯᠡᠬᠦ ᠵᠡᠷᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠨᠢᠭᠡᠴᠢ ᠶᠢᠨ ᠲᠠᠷᠢᠶᠠᠯᠠᠩ ᠤᠨ ᠤᠰᠤ ᠠᠷᠪᠢᠯᠠᠬᠤ ᠠᠵᠢᠯ ᠥᠷᠨᠢᠭᠦᠯᠬᠦ ᠳᠤ ᠳᠠᠷᠤᠭᠠᠰᠤ ᠦᠭᠡᠶ ᠪᠤᠯᠤᠨ᠎ᠠ︔ ᠰᠤᠯᠠ | ᠪᠠᠶᠢᠭ᠎ᠠ ᠤᠰᠤᠨ ᠤ ᠭᠦᠢᠴᠡᠳᠭᠡᠯ ᠲᠤᠭ᠎ᠠ ᠶᠢ ᠠᠮᠢᠳᠤᠯᠢᠭ ᠪᠣᠯᠭᠠᠨ᠎ᠠ᠃ | ᠳᠥᠷᠪᠡ ᠳᠤ᠂ ᠲᠣᠭᠲᠠᠴᠠ ᠶᠢ ᠰᠠᠶᠢᠲᠤᠷ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ | ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠰᠤ ᠬᠡᠷᠡᠭᠯᠡᠬᠦ ᠡᠷᠬᠡ ᠶᠢ ᠠᠷᠠᠯᠵᠢᠶᠠᠯᠠᠬᠤ ᠵᠡᠷᠭᠡ | ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠬᠦ ᠶᠢ ᠰᠦᠪᠡᠭᠴᠢᠯᠡᠵᠦ᠂ ᠤᠰᠤᠨ ᠤ ᠡᠬᠢ ᠪᠠᠶᠠᠯᠢᠭ ᠢ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠭᠡᠳᠡᠷᠭᠦ ᠱᠠᠭᠠᠷᠳᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠵᠤ᠂ | ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠨᠣᠷᠮ᠎ᠠ ᠲᠣᠭᠲᠠᠭᠠᠨ ᠬᠠᠮᠢᠶᠠᠷᠬᠤ ᠶᠢ ᠪᠦᠬᠦ | ᠲᠠᠯ᠎ᠠ ᠪᠠᠷ ᠴᠢᠩᠭᠠᠳᠬᠠᠵᠦ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ | ᠪᠠᠶᠢᠭᠤᠯᠵᠤ ᠢᠵᠢ ᠪᠦᠷᠢᠳᠦᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠥᠨᠳᠥᠷ ᠦᠷ᠎ᠡ ᠪᠦᠲᠦᠮᠵᠢᠲᠦ | ᠤᠰᠤ ᠠᠷᠪᠢᠯᠠᠬᠤ ᠵᠡᠷᠭᠡ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠨ | ᠠᠬᠢᠭᠤᠯᠤᠨ᠎ᠠ︔ ᠣᠷᠣᠨ ᠨᠤᠲᠤᠭ ᠢ ᠱᠠᠭᠠᠷᠳᠠᠵᠦ ᠪᠠᠶᠢᠭᠠᠳ ᠤᠰᠤ ᠠᠷᠪᠢᠯᠠᠬᠤ ᠲᠤᠬᠠᠢ ᠱᠠᠩᠨᠠᠵᠤ ᠨᠦᠬᠦᠪᠦᠷᠢᠯᠡᠬᠦ | ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠤᠨ ᠤᠰᠤ ᠶᠢ ᠠᠷᠪᠢᠲᠠᠢ ᠬᠡᠷᠡᠭᠯᠡᠬᠦ ᠢᠳᠡᠪᠬᠢᠵᠢᠯ ᠢ ᠳᠠᠶᠢᠴᠢᠯᠠᠨ᠎ᠠ︔ | ᠲᠠᠷᠢᠶᠠᠯᠠᠩ ᠤᠨ ᠤᠰᠤᠨ ᠤ ᠦᠨ᠎ᠡ ᠬᠠᠩᠰᠢ ᠪᠦᠷᠢᠯᠳᠦᠬᠦ ᠲᠣᠭᠲᠠᠴᠠ ᠶᠢᠨ ᠲᠤᠬᠠᠢ ᠰᠤᠳᠤᠯᠵᠦ ᠨᠤᠲᠠᠯᠠᠬᠤ ᠶᠢ | ᠲᠦᠷᠭᠡᠳᠬᠡᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠦᠨ᠎ᠡ ᠶᠢ ᠥᠪᠡᠷ ᠤᠨ ᠥᠷᠲᠡᠭ ᠢᠶᠠᠷ ᠨᠢ | ᠪᠣᠳᠠᠲᠠᠶᠢᠵᠢᠭᠤᠯᠤᠨ᠎ᠠ︔ ᠤᠰᠤᠨ ᠤ ᠡᠷᠬᠡ ᠶᠢ ᠰᠢᠯᠵᠢᠭᠦᠯᠦᠨ ᠥᠭᠬᠦ ᠪᠠ ᠠᠷᠠᠯᠵᠢᠶᠠᠯᠠᠬᠤ ᠳᠦᠷᠢᠮ ᠢ | ᠲᠡᠭᠦᠯᠳᠡᠷᠵᠢᠭᠦᠯᠦᠨ᠎ᠡ︔ ︽ᠬᠤᠶᠠᠷ ᠲᠠᠯ᠎ᠠ ᠪᠠᠷ ᠬᠦᠴᠦᠯᠡᠬᠦ︾ ᠶᠢ ᠪᠠᠷᠢᠮᠲᠠᠯᠠᠨ ︽ᠪᠠᠷᠢᠯᠭ᠎ᠠ ᠶᠢ ᠪᠠᠶᠢᠭᠤᠯᠵᠤ | ᠳᠡᠶᠢᠯᠬᠦ᠂ ᠤᠰᠤᠨ ᠤ ᠬᠡᠮᠵᠢᠶ᠎ᠡ ᠶᠢ ᠠᠷᠪᠢᠯᠠᠵᠤ ᠴᠢᠳᠠᠬᠤ᠂ ᠠᠵᠤ ᠠᠬᠤᠶᠢᠯᠠᠯ ᠳᠠᠭᠠᠭᠠᠵᠤ ᠳᠡᠶᠢᠯᠬᠦ︾ ᠵᠠᠷᠴᠢᠮ ᠤᠨ | ᠶᠣᠰᠣᠭᠠᠷ᠂ ᠠᠶᠢᠮᠠᠭ ᠬᠤᠲᠠ ᠶᠢᠨ ᠬᠤᠭᠤᠷᠣᠨᠳᠣᠬᠢ ᠬᠤᠶᠠᠳᠠᠬᠢ ᠬᠤᠭᠤᠴᠠᠭᠠᠨ ᠤ ᠤᠰᠤᠨ ᠤ ᠡᠷᠬᠡ ᠪᠠᠨ | ᠰᠢᠯᠵᠢᠭᠦᠯᠦᠨ ᠥᠭᠬᠦ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢᠨ ᠲᠤᠬᠠᠢ ᠭᠦᠨᠵᠡᠭᠡᠶ ᠰᠤᠳᠤᠯᠤᠨ | ᠲᠣᠭᠲᠠᠭᠠᠨ᠎ᠠ︔ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ | ᠲᠠᠪᠤ ᠳᠤ᠂ ᠵᠤᠭᠤᠰ ᠢᠶᠠᠨ ᠰᠠᠶᠢᠳᠤᠷ ᠬᠠᠮᠢᠶᠠᠷᠤᠨ᠎ᠠ᠃ ᠤᠰᠤᠨ ᠠᠰᠢᠭᠯᠠᠯᠲᠠ ᠶᠢᠨ ᠪᠡᠯᠡ ᠮᠥᠩᠭᠦ ᠶᠢ | ᠬᠤᠪᠢᠶᠠᠷᠢᠯᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠢᠵᠢ | ᠪᠦᠷᠢᠳᠦᠭᠦᠯᠬᠦ ᠪᠡᠯᠡ ᠮᠥᠩᠭᠦ ᠶᠢ ᠪᠠᠭᠠᠰᠬᠠᠬᠤ ᠪᠤᠶᠤ ᠬᠦᠴᠦᠨ ᠦᠭᠡᠶ ᠪᠣᠯᠭᠠᠬᠤ ᠶᠢ ᠰᠦᠪᠡᠭᠴᠢᠯᠡᠬᠦ ᠶᠢᠨ ᠬᠠᠮᠲᠤ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠴᠡᠭᠡᠷᠯᠡᠭᠦᠯᠵᠦ᠂ ᠡᠳ᠋ ᠤᠨ ᠵᠠᠰᠠᠭ ᠤᠨ | ᠰᠠᠬᠢᠯᠭ᠎ᠠ ᠪᠠᠲᠤ ᠶᠢ ᠦᠨᠡᠨ ᠬᠦ ︽ᠥᠨᠳᠥᠷ ᠬᠦᠴᠦᠳᠡᠯᠳᠦ ᠴᠠᠬᠢᠯᠭᠠᠨ ᠤᠳᠠᠰᠦ︾ ᠪᠣᠯᠭᠠᠵᠤ᠂ ᠲᠤᠰᠬᠠᠶ ᠵᠦᠢᠯ ᠤᠨ | ᠪᠡᠯᠡ ᠮᠥᠩᠭᠦ ᠶᠢ ᠰᠢᠬᠠᠨ ᠡᠵᠡᠯᠡᠬᠦ ᠦᠭᠡᠶ᠂ ᠨᠡᠭᠦᠯᠭᠡᠨ ᠬᠡᠷᠡᠭᠯᠡᠬᠦ ᠦᠭᠡᠶ ᠪᠠᠶᠢᠬᠤ ᠶᠢ ᠦᠨᠡᠨ ᠬᠦ ᠪᠠᠲᠤᠯᠠᠵᠤ᠂ | ᠤᠰᠤᠨ ᠠᠰᠢᠭᠯᠠᠯᠲᠠ ᠶᠢᠨ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠬᠤ ᠳᠦᠷᠢᠮ ᠢ ᠭᠤᠣᠯᠳᠠᠯᠭ᠎ᠠ ᠲᠠᠢ | ᠲᠡᠭᠦᠯᠳᠡᠷᠵᠢᠭᠦᠯᠦᠨ᠎ᠡ᠃ ᠲᠥᠪ ᠤᠨ ᠪᠡᠯᠡ ᠤᠷᠤᠭᠤᠯᠬᠤ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠠᠶᠢᠮᠠᠭ | ᠬᠤᠲᠠ ᠬᠢᠭᠡᠳ ᠬᠤᠰᠢᠭᠤ ᠰᠢᠶᠠᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠦᠭᠡᠶᠢᠰᠬᠡᠬᠦ ᠪᠤᠶᠤ ᠪᠠᠭᠠᠰᠬᠠᠨ᠎ᠠ︔ | ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠰᠤᠳᠤᠯᠵᠦ ᠪᠠᠶᠢᠭᠠᠳ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠤᠰᠬᠠᠶ ᠳᠠᠩᠰᠠ ᠶᠢ ᠪᠠᠶᠢᠭᠤᠯᠵᠤ᠂ ᠤᠰᠤᠨ | ᠠᠰᠢᠭᠯᠠᠯᠲᠠ ᠶᠢᠨ ᠪᠡᠯᠡ ᠮᠥᠩᠭᠦ ᠶᠢ ᠲᠤᠰᠬᠠᠶ ᠳᠠᠩᠰᠠ ᠶᠢ ᠬᠠᠮᠢᠶᠠᠷᠴᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ | ᠠᠴᠠ ᠵᠠᠶᠢᠯᠠᠰᠬᠢᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠷᠤᠭᠰᠢᠲᠠᠶ ᠬᠡᠷᠡᠭᠵᠢᠭᠳᠡᠬᠦ ᠶᠢ ᠪᠠᠲᠤᠯᠠᠨ᠎ᠠ᠃ | 2023 ᠣᠨ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠯᠠ ᠮᠥᠩᠭᠦ ᠶᠢ | ᠰᠠᠭᠠᠲᠠᠭᠠᠭᠰᠠᠨ᠂ ᠰᠢᠬᠠᠨ ᠡᠵᠡᠯᠡᠭᠰᠡᠨ ᠪᠠ ᠨᠡᠭᠦᠯᠭᠡᠨ ᠬᠡᠷᠡᠭᠯᠡᠭᠰᠡᠨ ᠠᠶᠢᠮᠠᠭ ᠬᠤᠲᠠ᠂ ᠬᠤᠰᠢᠭᠤ ᠰᠢᠶᠠᠨ ᠳᠤ | ᠤᠰᠤᠨ ᠠᠰᠢᠭᠯᠠᠯᠲᠠ ᠶᠢᠨ ᠪᠠᠯᠠ ᠮᠥᠩᠭᠦ ᠶᠢ ᠬᠠᠷᠭᠤᠭᠤᠯᠤᠨ ᠬᠠᠰᠤᠵᠤ᠂ ᠲᠥᠷᠥᠯ ᠵᠦᠶᠯ ᠤᠨ ᠬᠢᠨᠠᠨ | ᠵᠥᠪᠰᠢᠶᠡᠷᠡᠬᠦ ᠶᠢ ᠬᠢᠵᠠᠭᠠᠷᠯᠠᠨ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠦᠨᠡᠨ ᠬᠦ ︽ᠥᠨᠳᠥᠷ ᠬᠦᠴᠦᠳᠡᠯᠲᠦ | ᠴᠠᠬᠢᠯᠭᠠᠨ ᠤᠲᠠᠰᠤ︾ ᠪᠣᠯᠭᠠᠨ᠎ᠠ︔ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠤᠯᠤᠨ ᠪᠡᠯᠡ | ᠲᠤᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠤᠰᠤᠨ ᠠᠰᠢᠭᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠪᠡᠯᠡ ᠴᠤᠭᠯᠠᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠨ ᠣᠷᠣᠨ ᠨᠤᠲᠤᠭ ᠤᠨ ᠵᠠᠰᠠᠭ | ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠮᠥᠩᠭᠦᠨ ᠭᠦᠢᠯᠭᠡᠭᠡᠨ ᠤ ᠢᠲᠡᠭᠡᠮᠵᠢᠲᠦ | ᠵᠢᠭᠡᠯᠡᠯᠭᠡ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ | ᠬᠡᠷᠡᠭᠯᠡᠭᠦᠷ ᠨᠡᠩ ᠶᠡᠭᠡ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠤᠰᠤᠨ ᠠᠰᠢᠭᠯᠠᠯᠲᠠ ᠶᠢᠨ ᠪᠦᠳᠦᠭᠡᠨ | ᠪᠠᠶᠢᠭᠤᠯᠤᠯᠲᠠ ᠳᠤ ᠨᠡᠶᠢᠭᠡᠮ ᠤᠨ ᠬᠦᠷᠦᠩᠭᠡ ᠣᠷᠣᠯᠴᠠᠬᠤ ᠶᠢ ᠵᠤᠷᠢᠭᠵᠢᠭᠤᠯᠬᠤ ᠪᠠ ᠬᠦᠳᠦᠯᠦᠨ ᠵᠢᠯᠣᠭᠤᠳᠴᠤ᠂ | ᠶᠡᠭᠡ ᠬᠡᠪᠴᠢᠶᠡᠨ ᠤ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ | ᠪᠠᠲᠤᠯᠠᠨ᠎ᠠ᠃ | |