ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠤᠰᠤᠨ ᠵᠦᠢ ᠶᠢᠨ ᠬᠡᠮᠵᠢᠨ ᠮᠡᠳᠡᠭᠦᠯᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/2
  2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ‍ᠤᠨ‌ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠬᠠᠲᠤᠨ ᠭᠤᠤᠯ ᠤᠨ ᠰᠥᠩ ᠬᠠᠯᠢᠶ᠎ᠠ ᠶᠢᠨ ᠪᠠᠶᠢᠳᠠᠯ ᠢ ᠦᠨᠳᠦᠰᠦᠯᠡᠨ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠰᠥᠩ ᠬᠠᠯᠢᠶ᠎ᠠ ᠶᠢ ᠰᠡᠷᠭᠡᠶᠢᠯᠡᠬᠦ ᠤᠰᠤᠨ ᠵᠦᠶ ᠶᠢᠨ ᠬᠡᠮᠵᠢᠨ ᠮᠡᠳᠡᠭᠦᠯᠬᠦ ᠠᠵᠢᠯ ᠤᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠤᠰᠤᠨ ᠰᠢᠨᠵᠢᠯᠡᠭᠡᠨ ᠤ ᠵᠤᠷᠭᠠᠨ ᠤ《 ᠬᠠᠲᠤᠨ ᠭᠤᠤᠯ ᠤᠨ ᠰᠠᠪᠠ ᠭᠠᠵᠠᠷ  ᠤᠨ ᠰᠥᠩ ᠬᠠᠯᠢᠶ᠎ᠠ ᠶᠢ ᠰᠡᠷᠭᠡᠶᠢᠯᠡᠬᠦ ᠤᠰᠤᠨ ᠵᠦᠶ ᠶᠢᠨ ᠬᠡᠮᠵᠢᠨ ᠮᠡᠳᠡᠭᠦᠯᠬᠦ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ 》 ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠳᠣᠬᠠᠨ ᠤ ᠰᠥᠩ ᠬᠠᠯᠢᠶ᠎ᠠ ᠶᠢᠨ ᠪᠠᠶᠢᠳᠠᠯ ᠤᠨ ᠬᠤᠪᠢᠷᠠᠯᠲᠠ ᠶᠢᠨ ᠬᠠᠨᠳᠤᠰᠢ ᠶᠢ ᠵᠠᠳᠠᠯᠤᠨ ᠰᠤᠳᠤᠯᠵᠤ ᠮᠠᠭᠠᠳᠯᠠᠨ᠂ ᠰᠥᠩ ᠬᠠᠯᠢᠶ᠎ᠠ ᠶᠢ ᠰᠡᠷᠭᠡᠶᠢᠯᠡᠬᠦ ᠤᠰᠤᠨ ᠵᠦᠶ ᠶᠢᠨ ᠬᠡᠮᠵᠢᠨ ᠮᠡᠳᠡᠭᠡᠯᠡᠬᠦ ᠠᠵᠢᠯ ᠢ ᠳᠠᠬᠢᠨ ᠲᠣᠬᠢᠷᠠᠭᠤᠯᠵᠤ ᠳᠠᠬᠢᠨ ᠨᠠᠶᠢᠳᠠᠪᠤᠷᠢᠵᠢᠭᠤᠯᠤᠨ᠎ᠠ᠃
W020221202391853875394.jpg
  ᠬᠤᠷᠠᠯ ᠠᠴᠠ᠂ ᠡᠯ᠎ᠡ ᠨᠢᠭᠡᠴᠢ ᠶᠢᠨ ᠬᠢᠨ ᠦᠵᠡᠯ ᠰᠠᠨᠠᠭᠠᠨ ᠤ ᠲᠠᠯ᠎ᠠ ᠪᠠᠷ ᠲᠣᠰ ᠵᠢᠯ ᠤᠨ ᠰᠥᠩ ᠬᠠᠯᠢᠶ᠎ᠠ  ᠶᠢ ᠰᠡᠷᠭᠡᠶᠢᠯᠡᠵᠦ ᠬᠡᠮᠵᠢᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠥᠩ ᠬᠠᠯᠢᠶ᠎ᠠ ᠶᠢ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠤᠰᠤᠨ ᠵᠦᠶ ᠶᠢᠨ ᠬᠡᠮᠵᠢᠨ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠯ᠎ᠡ ᠨᠢᠭᠡᠴᠢ ᠶᠢᠨ ᠬᠢᠨ ᠴᠠᠭ ᠠᠭᠤᠷ᠂ ᠰᠥᠩ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠨᠢᠩ ᠮᠧᠩ ᠤᠰᠤᠨ ᠰᠢᠨᠵᠢᠯᠡᠭᠡᠨ ᠤ ᠲᠣᠪᠴᠢᠶ᠎ᠠ᠂ ᠠᠶᠢᠮᠠᠭ ᠬᠤᠲᠠ ᠬᠤᠰᠢᠭᠤ ᠰᠢᠶᠠᠨ ᠤ ᠤᠰᠤᠨ ᠠᠰᠢᠭᠯᠠᠯᠲᠠ᠂ ᠦᠶᠡᠷ ᠢ ᠰᠡᠷᠭᠡᠶᠢᠯᠡᠬᠦ᠂ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠠᠭᠤᠷ ᠠᠮᠢᠰᠬᠤᠯ ᠬᠠᠬᠢᠷ ᠬᠦᠶᠲᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠬᠤ ᠬᠦᠴᠢᠷᠳᠡᠯ ᠢ ᠴᠢᠷᠮᠠᠶᠢᠨ ᠢᠯᠡᠨ ᠳᠠᠪᠠᠵᠤ᠂ ᠬᠥᠮᠦᠰ ᠢ ᠲᠣᠭᠤᠷᠢᠨ ᠪᠠᠶᠢᠴᠠᠭᠠᠬᠤ ᠪᠠ ᠵᠢᠵᠢᠭᠦᠷᠯᠡᠨ ᠰᠠᠬᠢᠬᠤ ᠠᠵᠢᠯ ᠢ ᠲᠣᠬᠢᠲᠠᠶ ᠲᠣᠬᠢᠷᠠᠭᠤᠯᠵᠤ᠂ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠤᠨ ᠲᠤᠯᠭᠠᠭᠤᠷᠢᠯᠠᠨ ᠪᠠᠲᠤᠯᠠᠬᠤ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ  ᠃  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠤᠨ ᠬᠤᠯᠪᠣᠭᠳᠠᠯ ᠪᠥᠬᠦᠶ ᠭᠠᠵᠠᠷ ᠬᠡᠷ᠂ ᠬᠠᠲᠤᠨ ᠭᠤᠤᠯ ᠳᠠᠭᠠᠤ ᠶᠢᠨ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ ᠵᠢᠴᠢ ᠪᠠᠶᠠᠨᠨᠠᠭᠤᠷ ᠬᠤᠲᠠ ᠶᠢᠨ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠢ ᠬᠠᠶᠢᠨ ᠬᠡᠮᠵᠢᠬᠦ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    (ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠠᠴᠠ ᠡᠬᠡ ᠪᠢᠴᠢᠭ ᠬᠠᠩᠭᠠᠪᠠ ) 
 
ᠢᠷᠡᠯᠲᠡ᠄ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号