11 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ | ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ( ᠥᠷᠭᠡᠳᠬᠡᠭᠰᠡᠨ ) | ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠰᠬᠠᠶ ᠰᠡᠳᠦᠪ ᠢᠶᠠᠷ ᠰᠤᠷᠤᠯᠴᠠᠨ ᠰᠤᠳᠤᠯᠵᠤ᠂ ᠭᠤᠤᠯ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ | ᠹᠠᠨ ᠵᠥᠩ ᠴᠧᠩ ᠠᠵᠢᠯᠯᠠᠬᠤ ᠲᠣᠭᠤᠷᠢᠭ ᠤᠨ ᠬᠤᠷᠠᠯ ᠤᠨ ᠬᠡᠷ ᠲᠤ ᠲᠤᠬᠠᠶ ᠶᠢᠨ ᠲᠠᠯᠠᠪᠠᠶ ᠳᠤ ᠬᠤᠷᠠᠯ | ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠂ ᠭᠤᠤᠯ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠠᠮ ᠤᠨ ᠡᠭᠦᠷ ᠤᠨ ᠱᠦᠵᠢ᠂ ᠤᠰᠤᠨ ᠠᠰᠢᠭᠯᠠᠯᠲᠠ ᠤᠰᠤᠨ | ᠴᠠᠬᠢᠯᠭᠠᠨ ᠢ ᠬᠠᠶᠢᠨ ᠬᠡᠮᠵᠢᠵᠦ ᠵᠢᠷᠤᠵᠤ ᠲᠥᠯᠥᠪᠯᠡᠬᠦ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ᠂ ᠡᠯ᠎ᠡ ᠨᠠᠮ ᠤᠨ ᠡᠭᠦᠷ ᠤᠨ ᠱᠦᠵᠢ ᠠᠯᠪᠠᠯᠠᠬᠤ | ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠶ ᠳᠤ ᠪᠤᠶᠤ ᠰᠦᠯᠵᠢᠶᠡᠨ ᠳᠡᠭᠡᠷᠡᠬᠢ ᠸᠢᠳᠢᠣ᠋ ᠬᠤᠷᠠᠯ ᠤᠨ ᠬᠡᠯᠪᠡᠷᠢ | ᠪᠠᠷ ᠬᠤᠷᠠᠯ ᠳᠤ ᠣᠷᠣᠯᠴᠠᠪᠠ᠃ ᠭᠤᠣᠯ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠠᠯᠪᠠᠨ | ᠭᠡᠷ ᠵᠡᠷᠭᠡ 8 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠠᠷᠢᠭᠤᠴᠠᠯᠭᠠᠲᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠱᠧᠩ ᠰᠢᠶᠣᠣ ᠶᠸᠤ | ᠲᠢᠩᠬᠢᠮ ᠤᠨ ᠳᠠᠷᠤᠭ᠎ᠠ ᠶᠢᠨ ᠭᠤᠣᠯ ᠺᠠᠳ᠋ᠷ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠲᠠᠢ ᠤᠶᠠᠯᠳᠤᠭᠤᠯᠤᠨ | ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ | | | | | | ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠦᠨᠵᠡᠭᠡᠶ ᠣᠶᠢᠯᠠᠭᠠᠵᠤ᠂ ᠲᠡᠭᠦᠨ ᠤ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠠᠵᠢᠯ ᠤᠨ ᠳᠤᠮᠳᠠ ᠪᠠᠨ ᠠᠮᠢ ᠠᠬᠤᠶ ᠶᠢ ᠤᠷᠢᠳ | ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢ ᠪᠠᠷ ᠭᠤᠤᠯ | ᠪᠣᠯᠭᠠᠬᠤ ᠴᠢᠭᠯᠡᠯᠲᠡ ᠶᠢ ᠤᠬᠠᠮᠰᠠᠷ ᠠᠴᠠ ᠪᠠᠨ ᠪᠠᠷᠢᠮᠲᠠᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠢ | ᠬᠠᠮᠠᠭᠠᠯᠠᠬᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠰᠡᠷᠭᠦᠭᠡᠬᠦ᠂ ᠬᠥᠷᠥᠰᠥ ᠰᠢᠷᠣᠢ ᠶᠢ | ᠬᠠᠮᠠᠭᠠᠯᠠᠵᠤ ᠵᠠᠰᠠᠬᠤ ᠵᠡᠷᠭᠡ ᠠᠵᠢᠯ ᠤᠨ ᠳᠤᠮᠳᠠ᠂ ᠡᠳᠡᠭᠡᠷ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | | | | | | ᠬᠤᠷᠠᠯ ᠠᠴᠠ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂《 ᠠᠷᠪᠠᠨ ᠵᠢᠷᠭᠤᠭᠠᠨ | ᠥᠰᠥᠭ 》 ᠤᠨ ᠤᠰᠤ ᠵᠠᠰᠠᠬᠤ ᠰᠡᠳᠬᠢᠮᠵᠢ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠥᠷ ᠮᠣᠩᠭᠤᠯ ᠤᠨ ᠣᠷᠣᠨ ᠤ ᠪᠠᠶᠢᠳᠠᠯ ᠤᠰᠤᠨ ᠤ ᠪᠠᠶᠢᠳᠠᠯ ᠳᠤ ᠰᠠᠭᠤᠷᠢᠯᠠᠨ᠂ ᠲᠥᠯᠥᠪᠵᠢᠭᠦᠯᠭᠡ ᠪᠠᠨ | ᠰᠠᠶᠢᠲᠤᠷ ᠬᠢᠵᠦ᠂ ᠲᠥᠷᠥᠯ ᠵᠦᠶᠯ ᠢ ᠰᠠᠶᠢᠲᠤᠷ ᠪᠣᠳᠣᠯᠬᠢᠯᠠᠬᠤ᠂ ᠲᠤᠯᠭᠠᠭᠤᠷᠢᠯᠠᠯ ᠢᠶᠠᠨ ᠰᠠᠶᠢᠲᠤᠷ ᠬᠢᠵᠦ᠂ ᠤᠰᠤᠨ | ᠤ ᠠᠮᠤᠷ ᠲᠦᠪᠰᠢᠨ ᠤ ᠪᠠᠲᠤᠯᠠᠭ᠎ᠠ ᠳᠤ ᠬᠦᠴᠦᠲᠡᠶ ᠳᠡᠮᠵᠢᠯᠭᠡ ᠬᠠᠩᠭᠠᠬᠤ ᠬᠡᠷᠡᠭᠲᠡᠶ ᠭᠡᠵᠤ ᠱᠠᠭᠠᠷᠳᠠᠵᠠᠢ ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠰᠤᠷᠤᠯᠴᠠᠵᠤ᠂ ᠠᠭᠤᠯᠤᠭᠳᠠᠬᠤᠨ ᠢ | ᠭᠦᠨᠵᠡᠭᠡᠢ ᠤᠢᠢᠯᠠᠭᠠᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ | ᠤ ᠮᠥᠨ ᠴᠢᠨᠠᠷ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠲᠡᠭᠦᠨ ᠤ ᠳᠣᠲᠣᠷᠠᠬᠢ | ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠬᠡᠷᠡᠭᠯᠡᠬᠦ ᠬᠡᠷᠡᠭᠲᠡᠢ᠃ ᠬᠦᠴᠦᠨ ᠢᠶᠠᠨ ᠨᠢᠭᠲᠠᠷᠠᠭᠤᠯᠵᠤ᠂ ᠣᠶᠢᠷ᠎ᠠ | ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠠᠵᠢᠯ ᠤᠨ ᠬᠤᠭᠤᠴᠠᠭ᠎ᠠ ᠶᠢ ᠱᠠᠯᠠᠪᠳᠠᠨ | ᠲᠣᠩᠭᠤᠷᠤᠤ ᠵᠢᠭᠰᠠᠭᠠᠵᠤ᠂ ᠨᠡᠪᠲᠡᠷᠡᠯᠴᠡᠬᠦ᠂ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃《ᠰᠠᠪᠠ ᠭᠠᠵᠠᠷ | ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ 》᠂《 ᠪᠦᠬᠦ ᠣᠷᠣᠨ ᠤ ᠲᠠᠷᠢᠶᠠᠨ ᠭᠠᠵᠠᠷ | ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ 》ᠵᠡᠷᠭᠡ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠡᠭᠦᠷᠭᠡ ᠳᠤᠮᠳᠠ᠂《ᠾᠸᠢ ᠱᠠᠨ ᠬᠠᠪᠴᠢᠯ ᠤᠨ ᠵᠠᠭᠪᠤᠷ 》 ᠢᠶᠠᠷ ᠲᠤᠯᠢ ᠪᠣᠯᠭᠠᠵᠤ᠂ | ᠰᠢᠯᠢᠳᠡᠭ ᠬᠦᠴᠦᠨ ᠢ ᠲᠥᠪᠯᠡᠷᠡᠭᠦᠯᠦᠨ᠂ ᠴᠢᠨᠠᠷ ᠰᠠᠶᠢᠲᠠᠢ ᠮᠡᠷᠭᠡᠵᠢᠯ ᠤᠨ ᠦᠷ᠎ᠡ ᠪᠦᠲᠦᠭᠡᠯ ᠭᠠᠷᠭᠠᠵᠤ᠂ ᠦᠨᠡᠨ | ᠪᠣᠳᠠᠲᠠᠢ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠭᠵᠢᠯᠲᠡ ᠶᠢᠨ | ᠲᠥᠪ ᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ | |