ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠨᠥᠬᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2022/12/2
   11 ᠰᠠᠷ᠎ᠠ ᠶᠢᠨ 29 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠶ ᠵᠢᠶᠦ᠋ᠨ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠳᠤ ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠪᠠᠶᠢᠳᠠᠯ ᠤᠨ ᠮᠡᠳᠡᠭᠦᠯᠦᠯᠲᠡ ᠬᠢᠪᠠ  ᠃
1.jpg
   ᠸᠠᠩ ᠬᠠᠢ ᠵᠢᠶᠦ᠋ᠨ《 ᠦᠵᠡᠯ ᠰᠠᠨᠠᠭ᠎ᠠ ᠪᠠᠨ ᠨᠢᠭᠡᠳᠬᠡᠵᠦ ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠤᠰᠤᠨ ᠵᠦᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ 》ᠭᠡᠬᠦ ᠰᠡᠳᠦᠪ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠲᠦᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠡᠢ᠃ ᠤᠨᠤᠯ ᠤᠨ ᠲᠠᠯ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠣᠯᠤᠨ ᠪᠠᠶᠠᠯᠢᠭ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠭᠰᠡᠨ ᠪᠥᠭᠡᠳ ᠪᠠᠰᠠ ᠣᠳᠣᠬᠠᠨ ᠤ ᠤᠰᠤᠨ ᠵᠦᠢ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠳᠤ ᠪᠤᠰᠤᠳᠴᠢ ᠵᠠᠳᠠᠯᠤᠯᠲᠠ ᠬᠢᠭᠰᠡᠨ ᠪᠥᠭᠡᠳ ᠤᠰᠤᠨ ᠵᠦᠢ ᠶᠢᠨ ᠰᠢᠰᠲᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠵᠦᠢ ᠶᠢᠨ ᠴᠢᠨᠠᠷ ᠰᠠᠶᠢᠲᠠᠢ ᠬᠥᠭᠵᠢᠯᠲᠡ  ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃
2.jpg
     ᠸᠠᠩ ᠬᠠᠢ ᠵᠢᠶᠦ᠋ᠨ ᠴᠢᠬᠤᠯᠠᠴᠢᠯᠠᠭᠰᠠᠨ ᠨᠢ ᠂ ᠪᠦᠬᠦ ᠣᠷᠣᠨ ᠤ ᠤᠰᠤᠨ ᠵᠦᠢ ᠶᠢᠨ ᠰᠢᠰᠲᠧᠮ ᠤᠨ ᠬᠢᠨ ᠨᠠᠮ  ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠯᠭ᠎ᠠ ᠰᠤᠳᠤᠯᠭᠠᠨ ᠢᠶᠠᠨ ᠴᠢᠩᠭᠠᠳᠬᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠰᠤᠨ ᠵᠦᠢ ᠶᠢᠨ ᠰᠢᠰᠲᠧᠮ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ  ᠃ ᠤᠰᠤᠨ ᠵᠦᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠪᠣᠯᠤᠨ ᠰᠢᠨ᠎ᠡ ᠬᠥᠭᠵᠢᠯᠲᠡ ᠶᠢᠨ ᠱᠠᠲᠤ ᠦᠶ᠎ᠡ  ᠳᠠᠬᠢ ᠤᠰᠤᠨ ᠵᠦᠶ ᠶᠢᠨ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠤᠰᠤᠨ ᠵᠦᠶ ᠶᠢᠨ ᠠᠵᠢᠯ ᠤᠨ ᠭᠤᠤᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠤᠰᠤᠨ ᠵᠦᠶ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠶ  ᠃ ᠤᠰᠤᠨ ᠰᠢᠨᠵᠢᠯᠡᠭᠡᠨ ᠤ ᠥᠷᠲᠡᠭᠡᠨ ᠤ ᠲᠣᠣᠷ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠰᠤᠨ ᠰᠢᠨᠵᠢᠯᠡᠭᠡᠨ ᠤ ᠬᠡᠮᠵᠢᠯᠲᠡ ᠶᠢᠨ ᠥᠷᠲᠡᠭᠡ ᠶᠢᠨ ᠠᠦ᠋ᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠲᠦᠷᠭᠡᠳᠬᠡᠨ ᠠᠬᠢᠭᠤᠯᠵᠤ᠂ ᠤᠰᠤᠨ ᠰᠣᠶᠣᠯ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠬᠡᠷᠡᠭᠲᠡᠶ  ᠃ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠤᠰᠤᠨ ᠰᠢᠨᠵᠢᠯᠡᠭᠡᠨ ᠤ ᠬᠡᠮᠵᠢᠨ ᠮᠡᠳᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠂ ᠤᠰᠤᠨ ᠤ ᠴᠢᠨᠠᠷ ᠤᠰᠤᠨ ᠤ ᠠᠮᠢ ᠠᠬᠤᠶ ᠶᠢ ᠬᠢᠨᠠᠨ ᠬᠡᠮᠵᠢᠬᠦ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠴᠢᠩᠭᠠᠳᠬᠠᠬᠤ ᠬᠡᠷᠡᠭᠲᠡᠶ ᠂ ᠤᠰᠤᠨ ᠰᠢᠨᠵᠢᠯᠡᠭᠡᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠭᠦᠨᠵᠡᠭᠡᠶ ᠪᠣᠯᠪᠠᠰᠤᠷᠠᠭᠤᠯᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠂ ᠪᠦᠬᠦ ᠲᠠᠯ᠎ᠠ ᠶᠢ ᠬᠠᠮᠤᠷᠤᠭᠰᠠᠨ 《 ᠠᠭᠠᠷ ᠰᠠᠨᠰᠠᠷ ᠭᠠᠵᠠᠷ 》 ᠢ ᠨᠢᠭᠡ ᠴᠤᠭᠴᠠᠵᠢᠭᠤᠯᠤᠭᠰᠠᠨ ᠤᠰᠤᠨ ᠵᠦᠢ ᠶᠢᠨ ᠬᠢᠨᠠᠨ ᠬᠡᠮᠵᠢᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ ᠂ ᠤᠰᠤᠨ ᠵᠦᠢ ᠶᠢᠨ ᠪᠦᠬᠦ ᠡᠯᠧᠮᠧᠨ᠋ᠲ ᠢ ᠦᠨᠳᠦᠰᠦᠨ ᠳᠡᠭᠡᠨ ᠪᠡᠶᠡᠯᠡᠭᠦᠯᠦᠨ᠎ᠡ ᠂ ᠪᠦᠬᠦ ᠵᠠᠶᠢᠲᠤ ᠠᠦ᠋ᠲ᠋ᠣ᠋ ᠬᠢᠨᠠᠨ ᠬᠡᠮᠵᠢᠯᠲᠡ ᠂ ᠤᠰᠤᠨ ᠵᠦᠢ ᠶᠢᠨ ᠳ᠋ᠠᠶᠢᠲ᠋ᠠ ᠰᠢᠢᠳᠪᠦᠷᠢᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠵᠠᠳᠠᠯᠤᠨ ᠦᠨᠡᠯᠡᠬᠦ ᠪᠦᠬᠦ ᠶᠠᠪᠤᠴᠠ ᠶᠢᠨ ᠠᠦ᠋ᠲ᠋ᠣᠴᠢᠯᠠᠯᠲᠠ ᠪᠠ ᠤᠶᠤᠨᠴᠢᠯᠠᠯᠲᠠ᠂  ᠰᠢᠯᠢᠳᠡᠭ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ ᠂ ᠲᠣᠭᠲᠠᠭᠤᠨ ᠥᠨᠳᠥᠷ ᠪᠦᠲᠦᠮᠵᠢᠲᠡᠶ ᠦᠷᠭᠦᠯᠵᠢᠯᠡᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠂ ᠤᠰᠤᠨ ᠵᠦᠶ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ  ᠃    ᠬᠤᠷᠠᠯ ᠨᠢ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ 》 ᠬᠡᠯᠪᠡᠷᠢ ᠪᠠᠷ ᠬᠤᠷᠠᠯᠳᠤᠵᠤ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ  ᠲᠤ ᠭᠤᠤᠯ ᠬᠤᠷᠠᠯ ᠤᠨ ᠲᠠᠯᠠᠪᠠᠶ ᠭᠠᠷᠭᠠᠵᠤ᠂ ᠡᠯ᠎ᠡ ᠠᠶᠢᠮᠠᠭ ᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠬᠤᠪᠢᠶᠠᠷᠢ ᠬᠤᠷᠠᠯ  ᠤᠨ ᠲᠠᠯᠠᠪᠠᠶ ᠭᠠᠷᠭᠠᠵᠤ᠂ ᠬᠡᠷ ᠲᠡᠭᠡᠨ ᠰᠠᠭᠤᠵᠤ ᠪᠠᠶᠢᠭ᠎ᠠ ᠠᠯᠪᠠᠨ ᠠᠵᠢᠯᠲᠠᠳ ᠲᠧᠩ ᠰᠢᠶᠦ᠋ᠨ ᠬᠤᠷᠠᠯ ᠤᠨ APP  ᠪᠠᠷ ᠳᠡᠮᠵᠢᠨ ᠬᠤᠷᠠᠯ ᠳᠤ ᠣᠷᠣᠯᠴᠠᠵᠤ᠂ ᠬᠤᠷᠠᠯ ᠳᠤ ᠨᠡᠶᠢᠲᠡ 200 ᠭᠠᠷᠤᠶ ᠬᠥᠮᠦᠨ ᠣᠷᠣᠯᠴᠠᠵᠠᠶ  ᠃     ( ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠤᠨ ᠲᠥᠪ ᠠᠴᠠ ᠡᠬᠡ ᠪᠢᠴᠢᠭ ᠬᠠᠩᠭᠠᠪᠠ )  ᠃ 
 
ᠢᠷᠡᠯᠲᠡ᠄ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号