2022 ᠣᠨ ᠤ 12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ | ᠰᠢᠯᠭᠠᠯᠲᠠ ᠡᠷᠬᠢᠯᠡᠵᠦ᠂ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶᠠᠨ ᠤ ᠠᠵᠢᠯ ᠦᠶᠯᠡᠰ ᠤᠨ ᠨᠢᠭᠡᠴᠢ ᠶᠢᠨ | ᠰᠢᠨ᠎ᠡ ᠪᠠᠷ ᠲᠤᠰᠢᠶᠠᠯ ᠡᠭᠦᠷᠭᠡᠯᠡᠭᠰᠡᠨ ᠪᠣᠯᠣᠨ ᠠᠵᠢᠯ ᠳᠤ ᠣᠷᠣᠭᠰᠠᠨ ᠰᠢᠨ᠎ᠡ ᠺᠠᠳ᠋ᠷ ᠨᠡᠶᠢᠲᠡ 10 ᠺᠠᠳ᠋ᠷ ᠰᠢᠯᠭᠠᠯᠲᠠ | ᠳᠤ ᠣᠷᠣᠯᠴᠠᠭᠰᠠᠨ ᠪᠥᠭᠡᠳ ᠤᠷᠤᠭᠰᠢᠲᠠᠶ ᠪᠠᠲᠤᠯᠠᠭᠳᠠᠪᠠ᠃ | ᠲᠤᠰᠢᠶᠠᠯ ᠳᠤ ᠲᠣᠮᠢᠯᠠᠬᠤ ᠠᠴᠠ ᠡᠮᠦᠨᠡᠬᠢ ᠺᠠᠳ᠋ᠷ ᠤᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠪᠣᠯ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠺᠠᠳ᠋ᠷ ᠤᠨ ᠬᠠᠤᠯᠢ ᠪᠠᠷ ᠵᠠᠰᠠᠬᠤ ᠬᠡᠪ | ᠪᠣᠯᠪᠠᠰᠤᠷᠠᠯ ᠪᠠ ᠬᠠᠤᠯᠢ ᠪᠠᠷ ᠵᠠᠰᠠᠬᠤ ᠴᠢᠳᠠᠪᠤᠷᠢ ᠬᠥᠮᠦᠨ ᠬᠡᠷᠡᠭᠯᠡᠬᠦ ᠬᠠᠨᠳᠤᠯᠭ᠎ᠠ ᠶᠢ ᠴᠢᠬᠤᠯᠠᠴᠢᠯᠠᠭᠰᠠᠨ ᠴᠢᠬᠤᠯᠠ | ᠠᠷᠭ᠎ᠠ ᠬᠡᠮᠵᠢᠶ᠎ᠡ ᠮᠥᠨ᠃ ᠲᠤᠰᠢᠶᠠᠯ ᠳᠤ ᠲᠣᠮᠢᠯᠠᠬᠤ ᠠᠴᠠ ᠡᠮᠦᠨᠡᠬᠢ ᠺᠠᠳ᠋ᠷ ᠤᠨ ᠬᠠᠤᠯᠢ ᠴᠠᠭᠠᠵᠠ ᠶᠢᠨ ᠮᠡᠳᠡᠯᠭᠡ | ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠨᠢ ᠤᠰᠤᠨ ᠠᠰᠢᠭᠯᠠᠯᠲᠠ ᠶᠢᠨ ᠺᠠᠳ᠋ᠷ ᠤᠨ ᠬᠠᠤᠯᠢ ᠶᠣᠰᠣᠭᠠᠷ ᠤᠰᠤ | ᠵᠠᠰᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ᠂ ᠬᠠᠤᠯᠢ ᠶᠢ ᠰᠤᠷᠴᠤ ᠬᠠᠤᠯᠢ | ᠶᠢ ᠬᠡᠷᠡᠭᠯᠡᠬᠦ ᠤᠬᠠᠮᠰᠠᠷᠲᠤ ᠴᠢᠨᠠᠷ ᠢ ᠨᠢ ᠴᠢᠩᠭᠠᠳᠬᠠᠬᠤ ᠪᠠ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠳᠤ ᠨᠡᠩ ᠢᠳᠡᠪᠬᠢᠲᠡᠢ ᠣᠷᠣᠯᠴᠠᠬᠤ ᠳᠤᠨᠢ ᠠᠰᠢᠭᠲᠠᠶ ᠶᠤᠮ᠃ | | ᠠᠵᠢᠯᠲᠠᠨ ᠤ ᠶᠠᠪᠤᠳᠠᠯ ᠤᠨ ᠭᠠᠵᠠᠷ ᠠᠴᠠ ᠡᠬᠡ ᠪᠢᠴᠢᠭ ᠢ ᠬᠠᠩᠭᠠᠪᠠ | |