2022 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠪᠣᠯᠪᠠᠰᠤᠷᠠᠭᠤᠯᠤᠯ ᠤᠨ ᠠᠩᠭᠢ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/12/22
  ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠥᠬᠡᠬᠤᠲᠠ ᠳᠤ 2022 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠠᠵᠢᠯ ᠤᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃ ᠣᠳᠣᠬᠠᠨ ᠤ ᠬᠢᠵᠢᠭ ᠤᠨ ᠪᠠᠶᠢᠳᠠᠯ ᠢ ᠦᠨᠳᠦᠰᠦᠯᠡᠨ᠂  ᠪᠣᠯᠪᠠᠰᠤᠷᠠᠭᠤᠯᠤᠯ ᠢ ᠲᠤᠬᠠᠶ ᠶᠢᠨ ᠲᠠᠯᠠᠪᠠᠶ ᠳᠤ ᠬᠢᠴᠢᠶᠡᠯᠯᠡᠬᠦ ᠵᠢᠴᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ  ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ 
举办.jpg
  ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ  ᠤᠨ ᠬᠠᠷᠢᠭᠤᠴᠠᠯᠭᠠᠲᠠᠨ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠡᠯ᠎ᠡ ᠭᠠᠵᠠᠷ ᠤᠨ ᠬᠢᠨ ᠨᠢᠭᠡ ᠳᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠯᠲᠠ ᠲᠠᠯᠪᠢᠬᠤ ᠰᠢᠰᠲ᠋ᠧᠮ ᠢ ᠲᠦᠷᠭᠡᠬᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠬᠢᠭᠡᠳ ᠪᠤᠳᠠᠳᠠᠢ ᠶᠠᠰᠤ ᠴᠢᠨᠠᠷ ᠲᠤ ᠬᠢᠨᠠᠯᠲᠠ ᠲᠠᠯᠪᠢᠬᠤ ᠪᠣᠳᠠᠲᠠᠶ ᠠᠵᠢᠯ ᠤᠨ ᠬᠠᠷᠢᠴᠠᠭ᠎ᠠ ᠶᠢ ᠰᠢᠯᠤᠭᠤᠳᠬᠠᠬᠤ ᠬᠡᠷᠡᠭᠲᠡᠶ ︔ ᠬᠤᠶᠠᠷ ᠲᠤ᠂ ᠤᠯᠠᠨ ᠠᠷᠭ᠎ᠠ ᠶᠢ ᠵᠡᠷᠭᠡ ᠪᠠᠷ ᠬᠡᠷᠡᠭᠯᠡᠵᠦ᠂ ᠬᠢᠨᠠᠯᠲᠠ ᠲᠠᠯᠪᠢᠬᠤ ᠡᠩᠨᠡᠭᠡ ᠶᠢ ᠪᠠᠲᠤᠯᠠᠬᠤ ᠬᠡᠷᠡᠭᠲᠡᠢ ︔ ᠭᠤᠷᠪᠠ ᠳᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠵᠠᠷᠤᠳᠠᠯ ᠢ ᠢᠳᠡᠪᠬᠢᠲᠡᠶ ᠨᠠᠶᠢᠳᠠᠪᠤᠷᠢᠵᠢᠭᠤᠯᠬᠤ ᠬᠡᠷᠡᠭᠲᠡᠶ ︔ ᠳᠥᠷᠪᠡ ᠳᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠰᠠᠶᠢᠵᠢᠷᠠᠭᠤᠯᠤᠨ ᠰᠢᠨ᠎ᠡ ᠶᠢ ᠡᠭᠦᠳᠬᠦ ᠬᠡᠷᠡᠭᠲᠡᠶ ︔ ᠲᠠᠪᠤ ᠳᠤ᠂ ᠥᠪᠡᠷ ᠤᠨ ᠴᠢᠳᠠᠪᠤᠷᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃  ᠯᠢᠶᠣᠤᠨᠢᠩ ᠮᠤᠵᠢ ᠶᠢᠨ ᠤᠰᠤᠨ ᠠᠰᠢᠭᠯᠠᠯᠲᠠ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ ᠲᠥᠪ ᠤᠨ ᠳᠡᠭᠡᠳᠦ ᠵᠡᠷᠭᠡ ᠶᠢᠨ ᠢᠨᠵᠧᠨᠧᠷ ᠹᠧᠩ ᠭᠦᠸᠧ ᠵᠢᠶᠦ᠋ᠨ᠂ ᠱᠧᠨᠶᠠᠩ ᠤᠨ ᠰᠢᠩ ᠢᠤᠢ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠢᠨᠵᠧᠨᠧᠷ ᠶᠠᠩ ᠳ᠋ᠦᠩ ᠫᠧᠩ ᠢ ᠪᠤᠯᠪᠠᠰᠤᠷᠠᠭᠤᠯᠤᠯ ᠳᠤ ᠤᠷᠢᠵᠤ ᠬᠢᠴᠢᠶᠡᠯ ᠤᠷᠤᠭᠤᠯᠪᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠬᠢᠭᠡᠳ  ᠠᠶᠤᠯᠭᠦᠢ ᠳᠤ ᠬᠢᠨᠠᠯᠲᠠ ᠲᠠᠯᠪᠢᠬᠤ ᠠᠵᠢᠯ ᠤᠨ ᠭᠤᠤᠯᠳᠠᠯᠭ᠎ᠠ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠭᠤᠤᠯᠳᠠᠯᠭ᠎ᠠ  ᠶᠢᠨ ᠲᠤᠬᠠᠶ ᠲᠣᠰ ᠲᠣᠰ᠂ ᠲᠡᠷᠡᠴᠢᠯᠡᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯ ᠤᠨ ᠪᠣᠳᠠᠲᠤ ᠪᠠᠶᠢᠳᠠᠯ  ᠲᠠᠢ ᠤᠶᠠᠯᠳᠤᠭᠤᠯᠤᠨ ᠪᠥᠬᠦ ᠲᠠᠯ᠎ᠠ ᠪᠠᠷ ᠲᠠᠶᠢᠯᠪᠤᠷᠢᠯᠠᠪᠠ᠃
举办2.jpg
  ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ ᠪᠦᠭᠡᠳ ᠪᠤᠳᠠᠳᠦ ᠬᠡᠷᠡᠭᠴᠡᠭᠡ  ᠲᠠᠢ᠂ ᠲᠤᠰᠬᠠᠶ ᠮᠡᠷᠭᠡᠵᠢᠯ ᠤᠨ ᠵᠢᠯᠣᠭᠤᠳᠬᠤ ᠴᠢᠨᠠᠷ ᠢᠶᠠᠷ ᠴᠢᠩᠭ᠎ᠠ ᠪᠠᠶᠢᠵᠤ᠂ ᠵᠢᠱᠢᠭᠰᠡᠨ ᠬᠠᠷᠠᠯᠲᠠ ᠳᠠᠭᠠᠨ ᠬᠦᠷᠴᠦ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠡᠯ᠎ᠡ ᠱᠠᠲᠤᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯᠲᠠᠳ ᠲᠤ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢᠨ ᠴᠢᠬᠤᠯᠠ ᠴᠢᠨᠠᠷ ᠢ ᠨᠠᠩ ᠭᠦᠨᠵᠡᠭᠡᠶ ᠲᠠᠨᠢᠭᠤᠯᠵᠤ᠂ ᠮᠠᠨ ᠤ ᠣᠷᠣᠨ ᠤ ᠤᠰᠤᠨ ᠠᠰᠢᠭᠯᠠᠯᠲᠠ  ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠳᠤ ᠢᠳᠡᠪᠬᠢᠲᠡᠶ ᠦᠶᠯᠡᠳᠦᠯ ᠦᠵᠡᠭᠦᠯᠪᠡ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯᠭᠦᠢ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠵᠢᠴᠢ ᠪᠤᠰᠤᠳ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠨᠢᠭᠡᠴᠡ ᠶᠢᠨ 300 ᠰᠢᠬᠠᠮ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃   ︵ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠦᠶᠯᠡᠴᠢᠯᠡᠭᠡᠨ ᠤ ᠲᠥᠪ ᠡᠬᠡ ᠪᠢᠴᠢᠭ ᠬᠠᠩᠭᠠᠪᠠ︶      
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号