11 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ | ᠢ ᠱᠦᠶ ᠶᠤᠸᠠᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠤᠰᠤᠨ | ᠠᠰᠢᠭᠯᠠᠯᠲᠠ ᠶᠢᠨ ᠰᠠᠶᠢᠨ ᠳᠤᠷᠠᠴᠤᠳ ᠢ ᠪᠣᠯᠭᠤᠭᠠᠨ ᠲᠣᠬᠤᠨᠢᠭᠤᠯᠪᠠ᠃ | | | | ᠱᠧᠩ ᠰᠢᠶᠤᠤ ᠶᠢᠦ ᠡᠮᠦᠨ᠎ᠡ ᠹᠷᠣᠨᠲ ᠤᠨ ᠠᠵᠢᠯᠲᠠᠳ ᠤᠨ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ | ᠬᠢᠵᠢᠭ ᠤᠨ ᠥᠭᠡᠳᠡ ᠠᠴᠠ ᠤᠷᠤᠭᠰᠢᠯᠠᠵᠤ᠂ ᠡᠮᠦᠨ᠎ᠡ ᠹᠷᠣᠨᠲ ᠢ ᠪᠠᠲᠤ ᠰᠠᠬᠢᠵᠤ᠂ ᠳᠤᠷᠠᠲᠠᠶ᠎ᠠ ᠬᠤᠪᠢ ᠨᠡᠮᠡᠷᠢ | ᠦᠵᠡᠭᠦᠯᠬᠦ ᠵᠣᠷᠢᠭ ᠰᠠᠨᠠᠭ᠎ᠠ ᠶᠢ ᠭᠦᠶᠴᠡᠳ ᠨᠤᠲᠠᠯᠠᠵᠤ᠂ ᠲᠡᠳᠡᠨ ᠢ ᠳᠣᠲᠣᠨᠣ ᠪᠠᠷ ᠲᠣᠬᠤᠨᠢᠭᠤᠯᠵᠤ ᠂ ᠣᠯᠠᠨ ᠳᠤ | ᠠᠮᠢᠳᠤᠷᠠᠯ ᠤᠨ ᠡᠳ᠋ ᠪᠣᠳᠠᠰ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠬᠦᠷᠭᠡᠪᠡ᠃ | | | | ᠵᠢᠵᠢᠭᠦᠷᠯᠡᠨ ᠰᠠᠬᠢᠬᠤ ᠬᠠᠷᠠᠭᠤᠯ ᠳᠤ᠂ ᠱᠧᠩ ᠰᠢᠶᠤᠤ ᠶᠧᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠳᠠᠯ ᠪᠠ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠨ ᠣᠶᠢᠯᠠᠭᠠᠵᠤ᠂ ᠪᠡᠶ᠎ᠡ | ᠮᠠᠬᠠᠪᠤᠳ ᠢᠶᠠᠨ ᠠᠩᠬᠠᠷᠴᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ ᠭᠡᠵᠦ ᠣᠯᠠᠨ ᠳᠤ | ᠵᠠᠬᠢᠭᠰᠠᠨ ᠪᠠᠶᠢᠨ᠎ᠠ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠰᠠᠶᠢᠨ ᠳᠤᠷᠠᠴᠦᠳ ᠤᠨ ᠬᠤᠰᠢᠭᠤᠴᠢ | ᠵᠢᠱᠢᠶᠡᠴᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠤ ᠵᠣᠷᠢᠭᠵᠢᠭᠤᠯᠵᠤ ᠂ | ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ | ᠨᠡᠶᠢᠭᠡᠮ ᠲᠣᠭᠤᠷᠢᠭ ᠤᠨ ᠲᠣᠬᠢᠷᠠᠭᠤᠯᠤᠭᠰᠠᠨ ᠲᠣᠬᠢᠷᠠᠭᠤᠯᠤᠯᠲᠠ ᠶᠢ ᠳᠠᠭᠠᠵᠤ᠂ ᠰᠠᠭᠤᠭᠠᠯᠢ ᠠᠷᠠᠳ ᠤᠨ ᠲᠣᠭᠤᠷᠢᠭ | ᠤᠨ ᠬᠦᠷᠢᠶ᠎ᠡ᠂ ᠸᠢᠴᠠᠲ ᠤᠨ ᠴᠤᠭᠯᠠᠷᠠᠯ᠂ ᠭᠤᠤᠯᠳᠠᠯᠭ᠎ᠠ ᠲᠠᠢ ᠲᠠᠯᠠᠪᠤᠷ ᠲᠤ ᠣᠷᠣᠬᠤ ᠶᠢ ᠡᠷᠡᠰ ᠪᠡᠶᠡᠯᠡᠭᠦᠯᠵᠦ᠂ | ᠶᠠᠮᠠᠷ ᠠᠰᠠᠭᠤᠳᠠᠯ ᠢ ᠢᠯᠡᠷᠡᠭᠦᠯᠦᠭᠰᠡᠨ᠂ ᠶᠠᠮᠠᠷ ᠠᠰᠠᠭᠤᠳᠠᠯ ᠢ ᠰᠢᠶᠳᠪᠦᠷᠢᠯᠡᠭᠰᠡᠨ ᠢ ᠨᠠᠷᠢᠨ ᠬᠢᠨᠠᠮᠠᠭᠠᠶ ᠰᠠᠶᠢᠲᠤᠷ | ᠬᠠᠷᠢᠭᠤᠯᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠰᠠᠶᠢᠲᠤᠷ | ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠡᠪ ᠤᠨ ᠠᠮᠢᠳᠤᠷᠠᠯ ᠤᠨ ᠡᠮᠬᠢ ᠳᠢᠭᠯᠢᠮ ᠢ ᠡᠷᠲᠡᠬᠡᠨ ᠰᠡᠷᠭᠦᠭᠡᠬᠦ | ᠳᠤ ᠬᠦᠴᠦᠨ ᠨᠡᠮᠡᠷᠢᠯᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠡᠴᠦᠰ ᠤᠨ ᠢᠯᠠᠯᠲᠠ ᠶᠢ ᠲᠡᠮᠡᠴᠡᠨ ᠤᠯᠬᠤ ᠳᠤ | ᠪᠠᠶᠢᠪᠠᠰᠤ ᠵᠣᠬᠢᠬᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠶ ᠭᠡᠵᠦ ᠵᠣᠷᠢᠭᠵᠢᠭᠤᠯᠪᠠ᠃ | ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠲᠣᠬᠤᠨᠢᠭᠤᠯᠬᠤ | ᠳᠤ ᠤᠷᠤᠯᠴᠠᠪᠠ᠃ | |