ᠤᠷᠠᠳ ᠤᠨ ᠳᠤᠮᠳᠠᠳᠤ ᠬᠤᠰᠢᠭᠤ ᠤᠰᠤᠨ ᠤ ᠪᠠᠶᠢᠳᠠᠯ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠪᠤᠳᠤᠯᠬᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠲᠦᠯᠦᠪᠯᠡᠨ ᠠᠷᠭ᠎ᠠ ᠰᠦᠪᠡᠭᠴᠢᠯᠡᠵᠦ᠂ | ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ ᠤᠰᠤ ᠬᠠᠩᠭᠠᠬᠤ ᠦᠶᠯᠡᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ | 2022 ᠣᠨ ᠳᠤ᠂ ᠤᠷᠠᠳ ᠤᠨ ᠳᠤᠮᠳᠠᠳᠤ ᠬᠤᠰᠢᠭᠤ ᠳ᠋ᠧ ᠯᠢᠩ ᠱᠠᠨ ᠪᠠᠯᠭᠠᠰᠤᠨ ᠤ ᠳ᠋ᠠ ᠱᠧᠩ | ᠲᠣᠰᠬᠤᠨ ᠤ ᠠᠷᠠᠳ ᠤᠨ ᠵᠥᠪᠯᠡᠯ ᠤᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 365. | 34 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ 34.9 ᠺᠢᠯᠤᠮᠲ᠋ᠧᠷ ᠤᠨ ᠤᠰᠤ ᠳᠠᠮᠵᠢᠭᠤᠯᠬᠤ ᠬᠤᠭᠤᠯᠠᠢ ᠶᠢ | ᠳᠡᠪᠢᠰᠴᠦ᠂ 5 ᠬᠡᠢ ᠭᠠᠳᠠᠭᠰᠢᠯᠠᠭᠤᠯᠬᠤ ᠬᠤᠳᠳᠤᠭ ᠂ 20 ᠨᠡᠭᠡᠯᠡᠬᠡᠶ ᠶᠢᠨ ᠬᠤᠳᠳᠤᠭ ᠢ ᠰᠢᠨ᠎ᠡ ᠪᠠᠷ ᠪᠠᠶᠢᠭᠤᠯᠪᠠ᠃ | | | | | | | ᠲᠣᠰ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠨᠢ ᠤᠷᠠᠳ ᠤᠨ ᠳᠤᠮᠳᠠᠳᠤ ᠬᠤᠰᠢᠭᠤᠨ ᠤ ᠳ᠋ᠧ ᠯᠢᠩ | ᠱᠠᠨ ᠪᠠᠯᠭᠠᠰᠤᠨ ᠤ ᠳ᠋ᠠ ᠱᠧᠩ ᠲᠣᠰᠬᠤᠨ ᠤ ᠠᠷᠠᠳ ᠤᠨ ᠵᠦᠪᠯᠡᠯ ᠤᠨ ᠪᠠᠶᠢᠭ᠎ᠠ ᠭᠠᠵᠠᠷ ᠤᠨ 521 ᠡᠷᠦᠬᠡ᠂ | 2136 ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠠᠶᠢᠵᠢᠷᠠᠭᠤᠯᠵᠤ᠂ ᠬᠤᠭᠤᠯᠠᠶ | ᠶᠢᠨ ᠲᠣᠤᠷ ᠨᠢ ᠬᠠᠭᠤᠴᠢᠷᠠᠭᠰᠠᠨ᠂ ᠡᠪᠳᠡᠷᠡᠵᠦ ᠰᠦᠶᠳᠦᠭᠰᠡᠨ ᠨᠢ ᠬᠦᠨᠳᠦ ᠨᠣᠴᠢᠲᠠᠶ ᠤᠰᠤᠨ ᠤ ᠬᠠᠩᠭᠠᠯᠭ᠎ᠠ ᠶᠢᠨ | ᠪᠠᠶᠢᠳᠠᠯ ᠢ ᠲᠤᠶᠢᠯᠪᠤᠷᠢᠲᠠᠶ ᠰᠢᠶᠳᠪᠦᠷᠢᠯᠡᠵᠦ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠤᠤᠭᠤᠬᠤ | ᠤᠰᠤᠨ ᠤ ᠠᠮᠤᠷ ᠲᠦᠪᠰᠢᠨ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | | | | | | ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤ ᠨᠠᠮ ᠤᠨ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠵᠤ᠂ ᠠᠮᠤᠷ ᠲᠦᠪᠰᠢᠨ ᠢᠶᠠᠷ ᠤᠰᠤ ᠬᠡᠷᠡᠭᠯᠡᠬᠦ᠂ | ᠤᠰᠤ ᠶᠢ ᠠᠷᠪᠢᠯᠠᠨ ᠬᠡᠷᠡᠭᠯᠡᠬᠦ ᠪᠠ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ | ᠬᠥᠳᠡᠭᠡ ᠲᠣᠰᠬᠤᠨ ᠤ ᠤᠰᠤ ᠬᠠᠩᠭᠠᠬᠤ ᠶᠠᠰᠤ ᠴᠢᠨᠠᠷ ᠪᠠ ᠦᠶᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠰᠠᠶᠢᠨ | ᠦᠶᠯᠡᠴᠢᠯᠡᠨ᠎ᠡ᠃ | | |