ᠰᠥᠨᠢᠳ ᠪᠠᠷᠠᠭᠤᠨ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ | ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ ᠲᠤ ᠪᠠᠶᠢᠷᠢᠯᠠᠵᠤ᠂ ᠬᠠᠷᠢᠶᠠᠲᠦ ᠤᠷᠤᠨ ᠳᠤ ᠨᠡᠶᠢᠲᠡ 4 ᠰᠤᠮᠤ᠂ | 3 ᠪᠠᠯᠭᠠᠰᠤ ᠪᠠᠶᠢᠵᠦ᠂ ᠪᠠᠶᠢᠩᠭᠤ ᠰᠠᠭᠤᠭ᠎ᠠ ᠬᠥᠮᠦᠨ ᠠᠮᠠ ᠨᠢ 62402 ᠪᠤᠢ᠃ ᠲᠣᠰ ᠭᠠᠵᠠᠷ ᠣᠷᠣᠨ ᠤ | ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 200 ᠮᠢᠯᠢᠮᠧᠳ᠋ᠷ ᠬᠥᠷᠬᠦ ᠥᠬᠡᠶ ᠪᠠᠶᠢᠵᠦ᠂ ᠦᠶ᠋ᠯᠡᠳᠪᠦᠷᠢᠯᠡᠯ | ᠠᠮᠢᠳᠤᠷᠠᠯ ᠳᠤ ᠬᠡᠷᠡᠭᠯᠡᠬᠦ ᠤᠰᠤ ᠨᠢ ᠴᠦᠮ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠳᠤ ᠲᠦᠰᠢᠭᠯᠡᠵᠦ᠂ | ᠭᠠᠵᠠᠷ ᠳᠣᠤᠷᠠᠬᠢ ᠤᠰᠤᠨ ᠤ ᠶᠡᠷᠦᠩᠬᠡᠶ ᠬᠡᠮᠵᠢᠶ᠎ᠡ ᠨᠢ 8218 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ | ᠨᠡᠭᠡᠭᠡᠨ ᠮᠠᠯᠲᠠᠵᠤ ᠪᠣᠯᠬᠤ ᠬᠡᠮᠵᠢᠶ᠎ᠡ ᠨᠢ ᠵᠥᠪᠬᠡᠨ 3711 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ | ᠬᠥᠮᠦᠨ ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠠᠰᠢᠭᠯᠠᠵᠤ ᠪᠣᠯᠬᠤ ᠬᠡᠮᠵᠢᠶ᠎ᠡ ᠨᠢ ᠵᠥᠪᠬᠡᠨ 600 ᠪᠣᠰᠤᠭ᠎ᠠ | ᠳᠥᠷᠪᠡᠯᠵᠢᠨ ᠮᠧᠳ᠋ᠷ ᠪᠠᠶᠢᠵᠤ᠂ ᠤᠰᠤᠨ ᠤ ᠡᠬᠢ ᠪᠠᠶᠠᠯᠢᠭ ᠲᠦᠢᠯ ᠤᠨ ᠳᠤᠲᠠᠮᠠᠭ ᠭᠠᠵᠠᠷ ᠣᠷᠣᠨ ᠳᠤ | ᠬᠠᠷᠢᠶᠠᠯᠠᠭᠳᠠᠵᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠲᠠᠢ ᠲᠣᠬᠢᠷᠠᠭᠤᠯᠬᠤ ᠪᠠ | ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠠᠬᠢᠭᠤᠯᠬᠤ ᠶᠢᠨ ᠲᠦᠯᠦᠭᠡ᠂ ᠣᠶᠢᠷ᠎ᠠ ᠶᠢᠨ ᠵᠢᠯ ᠠᠴᠠ ᠨᠠᠭᠠᠰᠢ᠂ | ᠰᠥᠨᠢᠳ ᠪᠠᠷᠠᠭᠤᠨ ᠬᠤᠰᠢᠭᠤ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ | ᠪᠠᠬᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠤᠰᠤ ᠠᠷᠪᠢᠯᠠᠬᠤ᠂ ᠥᠨᠳᠥᠷ ᠪᠦᠲᠦᠮᠵᠢᠲᠡᠶ ᠪᠠᠷ ᠤᠰᠤ ᠬᠡᠷᠡᠭᠯᠡᠬᠦ | ᠠᠷᠭ᠎ᠠ ᠶᠢ ᠭᠦᠨᠵᠡᠭᠡᠶ ᠬᠠᠶᠢᠨ ᠰᠦᠪᠡᠭᠴᠢᠯᠡᠵᠦ᠂ ᠪᠥᠬᠦ ᠴᠠᠷᠠᠭᠠᠨ ᠤ ᠤᠰᠤ ᠠᠷᠪᠢᠯᠠᠬᠤ ᠤᠬᠠᠮᠰᠠᠷ ᠢᠶᠠᠨ | ᠦᠷᠭᠦᠯᠵᠢᠯᠡᠨ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠵᠣᠬᠢᠬᠤ ᠦᠷ᠎ᠡ | ᠪᠦᠲᠦᠮᠵᠢ ᠤᠯᠪᠠ᠃ 2021 ᠣᠨ ᠳᠤ᠂ ᠪᠥᠬᠦ ᠬᠤᠰᠢᠭᠤᠨ ᠤ ᠤᠰᠤ ᠲᠠᠲᠠᠬᠤ ᠶᠡᠷᠦᠩᠬᠡᠶ ᠬᠡᠮᠵᠢᠶ᠎ᠡ ᠨᠢ 2437 | ᠲᠦᠮᠡᠨ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ᠂ ᠬᠢᠵᠠᠭᠠᠷᠯᠠᠬᠤ ᠭᠦᠶ᠋ᠴᠡᠳᠬᠡᠯ ᠲᠤᠭ᠎ᠠ ᠶᠢᠨ ᠬᠡᠪᠴᠢᠶᠡᠨ | ᠳᠣᠲᠣᠷ᠎ᠠ᠂ ᠲᠦᠮᠡᠨ ᠲᠥᠭᠦᠷᠢᠭ ᠤᠨ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ | ᠬᠡᠮᠵᠢᠶ᠎ᠡ ᠨᠢ 28.18 ᠪᠣᠰᠤᠭ᠎ᠠ ᠳᠥᠷᠪᠡᠯᠵᠢᠨ ᠮᠧᠳ᠋ᠷ / ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.7 % ᠪᠠᠷ ᠪᠠᠭᠤᠷᠠᠪᠠ︔ ᠲᠦᠮᠡᠨ ᠲᠥᠭᠦᠷᠢᠭ ᠤᠨ GDP ᠶᠢᠨ ᠬᠡᠷᠡᠭᠯᠡᠬᠦ | ᠤᠰᠤᠨ ᠤ ᠬᠡᠮᠵᠢᠶ᠎ᠡ ᠨᠢ 61.12 ᠪᠣᠰᠤᠭ᠎ᠠ ᠳᠥᠷᠪᠡᠯᠵᠢᠨ ᠮᠧᠳ᠋ᠷ / ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.3 % ᠪᠠᠷ ᠪᠠᠭᠤᠷᠠᠪᠠ᠃ 2021 ᠣᠨ ᠤ ᠰᠡᠭᠦᠯᠴᠢ ᠪᠠᠷ ᠥᠪᠡᠷᠲᠡᠭᠡᠨ ᠵᠠᠰᠠᠬᠤ | ᠣᠷᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠦᠯᠬᠦ ᠰᠢᠯᠭᠠᠨ ᠬᠤᠷᠢᠶᠠᠬᠤ ᠶᠢ ᠤᠷᠤᠭᠰᠢᠲᠠᠢ ᠦᠩᠭᠡᠷᠡᠭᠦᠯᠦᠨ᠎ᠡ᠃ | ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠠᠷᠠᠳ ᠢᠶᠠᠷ ᠢᠶᠠᠨ | ᠣᠷᠣᠯᠴᠠᠬᠤ ᠶᠢ ᠰᠠᠨᠠᠭᠠᠴᠢᠯᠠᠨ᠎ᠠ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠮᠵᠢ ᠶᠢ ᠢᠳᠡᠪᠬᠢᠲᠡᠶ ᠦᠶ᠋ᠯᠡᠳᠦᠯᠭᠡᠵᠢᠭᠦᠯᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ | ᠳᠡᠯᠭᠡᠭᠦᠷ ᠢᠶᠠᠷ ᠲᠣᠬᠢᠷᠠᠭᠤᠯᠬᠤ᠂ ᠨᠡᠶᠢᠭᠡᠮ ᠢᠶᠠᠷ ᠢᠶᠠᠨ ᠬᠠᠮᠵᠢᠯᠴᠠᠭᠰᠠᠨ ᠤᠰᠤ ᠠᠷᠪᠢᠯᠠᠬᠤ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠯᠳᠦᠭᠦᠯᠦᠨ᠎ᠡ᠃ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠤᠷᠤᠭᠤᠯᠵᠦ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠵᠠᠷ | ᠳᠣᠣᠷᠠᠬᠢ ᠤᠰᠤ ᠶᠢ ᠬᠠᠮᠢᠶᠠᠷᠤᠨ ᠡᠵᠡᠮᠳᠡᠬᠦ ᠳᠦᠷᠪᠡᠨ ᠨᠢᠭᠡᠴᠡ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠡᠵᠡᠮᠳᠡᠨ᠂ ᠡᠵᠡᠮᠳᠡᠬᠦ ᠬᠠᠷᠠᠯᠲᠠ ᠶᠢᠨ ᠶᠣᠰᠣᠭᠠᠷ ᠡᠯ᠎ᠡ ᠰᠤᠮᠤ ᠪᠠᠯᠭᠠᠰᠤᠨ ᠳᠤ ᠨᠠᠷᠢᠯᠢᠬᠵᠢᠭᠤᠯᠤᠨ ᠵᠠᠳᠠᠯᠵᠤ᠂ 7 | ᠰᠤᠮᠤ ᠪᠠᠯᠭᠠᠰᠤ ᠶᠢᠨ ᠭᠠᠵᠠᠷ ᠳᠣᠣᠷᠠᠬᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠡᠭᠡᠳᠦ ᠬᠢᠵᠠᠭᠠᠷ ᠢ | ᠲᠣᠳᠣᠷᠬᠠᠶᠢᠯᠠᠨ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠵᠤ᠂ ᠤᠰᠤᠨ ᠤ ᠡᠬᠢ ᠪᠠᠶᠠᠯᠢᠭ ᠤᠨ | ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠎ᠠ᠃ ᠣᠷᠣᠢ ᠶᠢᠨ ᠳᠠᠪᠬᠤᠷᠭ᠎ᠠ ᠶᠢᠨ ᠵᠢᠷᠤᠭ ᠲᠦᠯᠦᠪᠯᠡᠭᠡ ᠶᠢ | ᠴᠢᠩᠭᠠᠳᠬᠠᠵᠤ᠂ ᠬᠤᠪᠢᠳᠠᠨ ᠬᠠᠮᠢᠶᠠᠷᠴᠤ ᠪᠦᠬᠦᠢ ᠬᠤᠰᠢᠭᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠤᠯᠭᠠᠵᠤ᠂ | 14 ᠰᠠᠯᠠᠭ᠎ᠠ ᠮᠥᠴᠢᠷ ᠣᠷᠣᠯᠴᠠᠭᠰᠠᠨ ᠪᠦᠬᠦ ᠬᠤᠰᠢᠭᠤᠨ ᠤ ᠤᠰᠤ ᠠᠷᠪᠢᠯᠠᠬᠤ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ︽ᠰᠥᠨᠢᠳ ᠪᠠᠷᠠᠭᠤᠨ ᠬᠤᠰᠢᠭᠤᠨ ᠤ ᠬᠤᠰᠢᠭᠤ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ | ᠲᠣᠭᠲᠠᠭᠠᠨ ᠨᠡᠶᠢᠲᠡᠯᠡᠵᠦ᠂ ᠠᠵᠢᠯ ᠤᠨ ᠬᠠᠷᠠᠯᠲᠠ᠂ ᠬᠡᠷᠡᠭᠵᠢᠭᠦᠯᠬᠦ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠡᠯ᠎ᠡ | ᠠᠵᠢᠯ ᠲᠥᠷᠥᠯ ᠤᠨ ᠤᠰᠤ ᠠᠷᠪᠢᠯᠠᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠤᠰᠤ ᠠᠷᠪᠢᠯᠠᠬᠤ | ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠦᠨ᠂ ᠠᠷᠠᠳ ᠢᠷᠭᠡᠳ ᠤᠨ ᠤᠰᠤ ᠠᠷᠪᠢᠯᠠᠬᠤ᠂ ᠤᠰᠤ ᠬᠠᠶᠢᠷᠠᠯᠠᠬᠤ᠂ | ᠤᠰᠤ ᠬᠠᠮᠠᠭᠠᠯᠠᠬᠤ ᠦᠵᠡᠯ ᠤᠬᠠᠮᠰᠠᠷ ᠢ ᠬᠥᠮᠦᠵᠢᠭᠦᠯᠵᠦ᠂ ᠵᠢᠯ ᠪᠦᠷᠢ ︽ᠳᠡᠯᠡᠬᠡᠶ ᠶᠢᠨ ᠤᠰᠤᠨ ᠤ ᠡᠳᠦᠷ︾᠂ ︽ | ᠳᠤᠮᠳᠠᠳᠤ ᠤᠯᠤᠰ ᠤᠨ ᠤᠰᠤᠨ ᠤ ᠭᠠᠷᠠᠭ︾ ᠢᠶᠠᠷ ᠲᠣᠬᠢᠶᠠᠯ ᠪᠣᠯᠭᠠᠨ᠂ ︽ᠤᠰᠤ ᠠᠷᠪᠢᠯᠠᠬᠤ ᠶᠢ ᠰᠤᠷᠭᠠᠭᠤᠯᠢ ᠶᠢᠨ | ᠲᠣᠭᠤᠷᠢᠭ ᠲᠤ ᠣᠷᠣᠭᠤᠯᠬᠤ︾᠂ ︽ᠳᠤᠮᠳᠠᠳᠤ ᠪᠠᠭ᠎ᠠ ᠰᠤᠷᠭᠠᠭᠤᠯᠢ ᠶᠢᠨ ᠤᠰᠤ ᠠᠷᠪᠢᠯᠠᠬᠤ ᠡᠯᠴᠢᠨ︾ ᠵᠡᠷᠭᠡ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠤᠨ ᠤᠰᠤ ᠠᠷᠪᠢᠯᠠᠬᠤ ᠦᠵᠡᠯ | ᠤᠬᠠᠮᠰᠠᠷ ᠢ ᠨᠡᠮᠡᠭᠳᠡᠭᠦᠯᠬᠦ ᠬᠡᠷᠡᠭᠲᠡᠶ᠃ | ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠪᠠᠷᠢᠮᠲᠠᠯᠠᠵᠤ᠂ ᠪᠣᠬᠢᠷᠲᠤᠯ ᠥᠬᠡᠶ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠭᠤᠷᠪᠠᠨ ᠲᠡᠰ ᠤᠨ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠢ ᠪᠠᠶᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢ ᠪᠠᠶᠢᠭᠤᠯᠬᠤ᠂ ᠱᠠᠲᠤᠯᠢᠭ | ᠬᠡᠯᠪᠡᠷᠢ ᠶᠢᠨ ᠤᠰᠤᠨ ᠤ ᠦᠨ᠎ᠡ ᠶᠢ ᠶᠡᠭᠡ ᠪᠠᠷ ᠬᠡᠷᠡᠭᠵᠢᠭᠦᠯᠬᠦ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ | ᠨᠡᠭᠡᠭᠡᠨ ᠠᠰᠢᠭᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ | ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠣᠯᠠᠨ ᠨᠡᠶᠢᠲᠡ ᠶᠢᠨ ᠪᠠᠶᠢᠭᠤᠯᠤᠮᠵᠢ᠂ ᠰᠠᠭᠤᠭᠠᠯᠢ ᠠᠷᠠᠳ ᠤᠨ | ᠲᠣᠭᠤᠷᠢᠭ ᠵᠡᠷᠭᠡ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠵᠤ᠂ ᠤᠰᠤ ᠠᠷᠪᠢᠯᠠᠬᠤ ᠬᠡᠪ ᠳᠠᠭᠤᠷᠢᠶᠠᠯ ᠤᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ | ᠦᠶ᠋ᠯᠡᠳᠦᠯ ᠢ ᠪᠠᠳᠠᠷᠠᠭᠤᠯᠤᠨ᠎ᠠ᠃ ᠪᠦᠬᠦ ᠬᠤᠰᠢᠭᠤᠨ ᠳᠤ ᠨᠡᠶᠢᠲᠡ 88 ᠤᠰᠤ ᠠᠷᠪᠢᠯᠠᠬᠤ ᠬᠡᠯᠪᠡᠷᠢ ᠶᠢᠨ ᠨᠢᠭᠡᠴᠡ᠂ | 4 ᠤᠰᠤ ᠠᠷᠪᠢᠯᠠᠬᠤ ᠬᠡᠯᠪᠡᠷᠢ ᠶᠢᠨ ᠰᠠᠭᠤᠭᠠᠯᠢ ᠲᠣᠭᠤᠷᠢᠭ᠂ 2 ᠤᠰᠤ ᠬᠡᠷᠡᠭᠯᠡᠬᠦ ᠭᠤᠣᠯᠳᠠᠯᠭ᠎ᠠ ᠲᠠᠢ ᠠᠵᠤ | ᠠᠬᠤᠶᠢᠯᠠᠯ ᠢ ᠪᠠᠶᠢᠭᠤᠯᠵᠤ᠂ ᠡᠭᠦᠨ ᠳᠤ 1 ᠨᠢ ᠬᠤᠰᠢᠭᠤᠨ ᠤ ᠲᠡᠰ ᠤᠨ ︽ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ︾ ᠤᠨ ᠴᠣᠯᠠ ᠶᠢ ᠬᠦᠷᠲᠡᠪᠡ᠃ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠬᠤ᠂ ᠤᠰᠤ ᠠᠷᠪᠢᠯᠠᠬᠤ ᠶᠢ ᠦᠨᠡᠯᠡᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠡᠷᠴᠢᠮ ᠶᠢ | ᠴᠢᠩᠭᠠᠷᠠᠭᠤᠯᠵᠤ᠂ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠤᠰᠤ ᠲᠠᠲᠠᠬᠤ | ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠣᠳᠠᠲᠠᠶ ᠤᠰᠤ ᠲᠠᠲᠠᠬᠤ ᠬᠡᠮᠵᠢᠶ᠎ᠡ ᠨᠢ ᠤᠰᠤ ᠲᠠᠲᠠᠬᠤ ᠵᠥᠪᠰᠢᠶᠡᠷᠡᠯ ᠤᠨ | ᠬᠡᠮᠵᠢᠶ᠎ᠡ ᠠᠴᠠ ᠬᠡᠲᠦᠷᠡᠭᠰᠡᠨ ᠪᠠᠶᠢᠳᠠᠯ ᠭᠠᠷᠤᠭᠰᠠᠨ ᠦᠭᠡᠶ᠃ ᠲᠥᠯᠥᠪᠯᠡᠭᠡ ᠲᠠᠢ ᠪᠠᠷ ᠤᠰᠤ ᠬᠡᠷᠡᠭᠯᠡᠬᠦ | ᠬᠠᠮᠢᠶᠠᠷᠤᠯᠲᠠ ᠶᠢ ᠴᠢᠩᠳᠠᠯᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠨᠠᠶᠢᠳᠠᠪᠤᠷᠢᠵᠢᠭᠤᠯᠤᠨ᠂ | ᠭᠠᠵᠠᠷ ᠳᠣᠣᠷᠠᠬᠢ ᠤᠰᠤ ᠶᠢ ᠵᠦᠢ ᠵᠣᠬᠢᠰᠲᠠᠶ ᠨᠡᠭᠡᠭᠡᠨ ᠠᠰᠢᠭᠯᠠᠵᠤ᠂ ᠭᠤᠣᠯᠳᠠᠯᠭ᠎ᠠ ᠲᠠᠢ ᠤᠰᠤ ᠬᠡᠷᠡᠭᠯᠡᠬᠦ | ᠡᠷᠦᠬᠡ ᠶᠢᠨ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠠᠪᠤᠳᠠᠯ ᠳᠤ ᠲᠠᠯᠪᠢᠬᠤ ᠬᠢᠨᠠᠯᠲᠠ ᠬᠠᠮᠢᠶᠠᠷᠤᠯᠲᠠ ᠶᠢ | ᠨᠡᠮᠡᠭᠳᠡᠭᠦᠯᠦᠨ᠂ ᠨᠠᠮ ᠵᠠᠰᠠᠭ ᠤᠨ ᠪᠠᠶᠢᠭᠤᠯᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ | ᠪᠠᠭᠤᠳᠠᠯ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠶᠢᠨ ᠣᠳᠣ ᠶᠢᠨ ᠪᠠᠶᠢᠭ᠎ᠠ ᠪᠡᠯᠡᠳᠬᠡᠮᠵᠢ ᠲᠥᠬᠦᠭᠡᠷᠦᠮᠵᠢ ᠳᠤ | ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ | ᠱᠠᠲᠤᠯᠢᠭ ᠦᠨ᠎ᠡ ᠬᠠᠩᠰᠢ ᠶᠢ ᠨᠠᠶᠢᠳᠠᠪᠤᠷᠢᠵᠢᠭᠤᠯᠵᠤ᠂ ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ᠠᠴᠠ | ᠬᠡᠲᠦᠷᠡᠭᠰᠡᠨ ᠪᠠᠶᠢᠪᠠᠯ ᠠᠬᠢᠭᠤᠯᠤᠨ ᠪᠤᠳᠤᠵᠤ ᠦᠨ᠎ᠡ ᠨᠡᠮᠡᠬᠦ ᠶᠢ ᠬᠡᠷᠡᠭᠵᠢᠭᠦᠯᠦᠨ᠎ᠡ᠃ ᠳᠤᠰᠤᠯᠭᠠᠨ ᠤᠰᠤᠯᠠᠬᠤ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠪᠥᠬᠦ | ᠬᠤᠰᠢᠭᠤᠨ ᠤ ᠲᠠᠷᠢᠶᠠᠯᠠᠩ ᠤᠨ ᠤᠰᠤᠯᠠᠯᠲᠠ ᠶᠢᠨ ᠵᠢᠯ ᠤᠨ ᠤᠰᠤ ᠬᠡᠷᠡᠭᠯᠡᠬᠦ ᠬᠡᠮᠵᠢᠶ᠎ᠡ 1278 ᠲᠦᠮᠡᠨ ᠪᠣᠰᠤᠭ᠎ᠠ | ᠳᠥᠷᠪᠡᠯᠵᠢᠨ ᠮᠧᠳ᠋ᠷ ᠪᠠᠶᠢᠭᠰᠠᠨ ᠠᠴᠠ 1089 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠣᠯᠭᠠᠨ ᠪᠠᠭᠠᠰᠪᠠ᠃ | ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ ᠶᠢ ᠢᠮᠠᠭᠲᠠ 6 ᠲᠦᠮᠡᠨ ᠮᠦ ᠶᠢᠨ ᠬᠡᠪᠴᠢᠶᠡᠨ ᠳᠤ ᠪᠠᠶᠢᠯᠭᠠᠪᠠ᠃ | ᠡᠭᠦᠨ ᠤ ᠵᠡᠷᠭᠡ ᠪᠠᠷ᠂ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ | ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠭᠰᠡᠨ ᠨᠣᠷᠮ᠎ᠠ ᠶᠢ 98 % ᠳᠤ ᠬᠦᠷᠦᠭᠦᠯᠦᠨ᠎ᠡ᠃ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠦᠶ᠋ᠯᠡᠳᠪᠦᠷᠢ ᠶᠢᠨ ᠤᠰᠤ | ᠠᠷᠪᠢᠯᠠᠬᠤ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠴᠢᠩᠭᠠᠳᠬᠠᠵᠤ᠂ ᠠᠵᠤ | ᠦᠢᠯᠡᠳᠪᠦᠷᠢ ᠶᠢᠨ ᠬᠡᠷᠡᠭᠯᠡᠬᠦ ᠤᠰᠤ ᠶᠢ ᠡᠷᠭᠢᠯᠳᠦᠭᠦᠯᠦᠨ ᠠᠰᠢᠭᠯᠠᠬᠤ ᠶᠢ ᠶᠡᠬᠡᠪᠡᠷ ᠲᠦᠯᠬᠢᠨ ᠠᠬᠢᠭᠤᠯᠵᠤ᠂ | ᠲᠥᠯᠥᠪᠯᠡᠭᠡ ᠠᠴᠠ ᠳᠠᠪᠠᠭᠤᠯᠤᠨ ᠲᠤᠭᠲᠠᠭᠰᠠᠨ ᠨᠤᠷᠮ᠎ᠠ ᠠᠴᠠ ᠳᠠᠪᠠᠭᠤᠯᠤᠨ ᠠᠬᠢᠭᠤᠯᠤᠨ ᠪᠣᠳᠣᠵᠤ ᠦᠨ᠎ᠡ | ᠦᠰᠭᠡᠵᠦ ᠭᠠᠶᠢᠯᠢ ᠬᠤᠷᠢᠶᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠡᠪ ᠤᠨ ᠪᠤᠰᠤ ᠤᠰᠤᠨ ᠤ ᠡᠬᠢ | ᠰᠤᠷᠪᠤᠯᠵᠢ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠤᠬᠢᠷᠠᠭᠤᠯᠤᠯᠲᠠ ᠳᠤ ᠣᠷᠣᠭᠤᠯᠵᠤ᠂ ᠠᠵᠤ | ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠵᠡᠷᠭᠡ ᠳᠤ ᠬᠡᠪ ᠤᠨ ᠪᠤᠰᠤ | ᠤᠰᠤᠨ ᠰᠤᠷᠪᠤᠯᠵᠢ ᠶᠢ ᠤᠷᠢᠳᠠᠪᠠᠷ ᠲᠣᠬᠢᠷᠠᠭᠤᠯᠬᠤ ᠶᠢᠨ ᠬᠠᠮᠲᠤ᠂ ᠬᠡᠪ ᠤᠨ ᠪᠤᠰᠤ ᠤᠰᠤᠨ ᠠᠰᠢᠭᠯᠠᠯᠲᠠ ᠶᠢ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠤᠨ ᠰᠢᠯᠭᠠᠨ ᠬᠢᠨᠠᠬᠤ ᠳᠤ ᠤᠷᠤᠭᠤᠯᠵᠦ᠂ ᠰᠢᠯᠭᠠᠨ | ᠬᠢᠨᠠᠵᠤ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠰᠥᠨᠢᠳ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠵᠢᠷᠦᠬᠡ ᠠᠵᠤ ᠦᠶ᠋ᠯᠡᠳᠪᠦᠷᠢ ᠶᠢᠨ ᠲᠣᠭᠤᠷᠢᠭ ᠤᠨ ᠤᠰᠤ ᠳᠠᠮᠵᠢᠭᠤᠯᠬᠤ ︵ᠳᠤᠮᠳᠠ ᠤᠰᠤ ᠲᠠᠲᠠᠬᠤ︶ | ᠢᠨᠵᠧᠨᠧᠷᠢᠩ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠠᠵᠤ ᠦᠶ᠋ᠯᠡᠳᠪᠦᠷᠢ ᠶᠢᠨ ᠬᠡᠷᠡᠭᠯᠡᠬᠦ ᠤᠰᠤ ᠶᠢ ᠪᠦᠬᠦᠨ ᠢ | ᠳᠤᠮᠳᠠ ᠤᠰᠤ ᠪᠣᠯᠭᠠᠨ ᠬᠤᠪᠢᠷᠠᠭᠤᠯᠵᠤ᠂ ᠵᠢᠯ ᠪᠦᠷᠢ ᠭᠠᠵᠠᠷ ᠳᠣᠣᠷᠠᠬᠢ ᠤᠰᠤ ᠶᠢ 100 ᠲᠦᠮᠡᠨ ᠪᠣᠰᠤᠭ᠎ᠠ | ᠳᠥᠷᠪᠡᠯᠵᠢᠨ ᠮᠧᠳ᠋ᠷ ᠠᠷᠪᠢᠯᠠᠵᠤ᠂ ᠠᠵᠤ ᠦᠶ᠋ᠯᠡᠳᠪᠦᠷᠢ ᠳᠤ ᠬᠡᠷᠡᠭᠯᠡᠬᠦ ᠤᠰᠤ ᠶᠢ ᠵᠢᠯ ᠳᠠᠷᠠᠭᠠᠯᠠᠨ ᠪᠠᠭᠠᠰᠬᠠᠵᠤ᠂ | ᠳᠤᠮᠳᠠᠬᠢ ᠤᠰᠤᠨ ᠠᠰᠢᠭᠯᠠᠯᠲᠠ ᠳᠤ ᠬᠡᠷᠡᠭᠯᠡᠬᠦ ᠬᠡᠮᠵᠢᠶ᠎ᠡ ᠶᠢ ᠵᠢᠯ ᠳᠠᠷᠠᠭᠠᠯᠠᠨ ᠨᠡᠮᠡᠭᠳᠡᠭᠦᠯᠬᠦ ᠶᠢ ᠪᠡᠶᠡᠯᠡᠭᠦᠯᠪᠡ᠃ | ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠢ ᠥᠭᠡᠷᠡᠴᠢᠯᠡᠬᠦ ᠪᠠ ᠪᠠᠶᠢᠴᠠᠭᠠᠵᠤ ᠰᠡᠯᠪᠢᠨ ᠵᠠᠰᠠᠬᠤ ᠶᠢ | ᠪᠥᠬᠦ ᠲᠠᠯ᠎ᠠ ᠪᠠᠷ ᠠᠬᠢᠭᠤᠯᠵᠤ᠂ ᠤᠰᠤ ᠬᠡᠷᠡᠭᠯᠡᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠤᠲᠠ | ᠪᠠᠯᠭᠠᠰᠤ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠤᠷ ᠤᠨ ᠬᠠᠮᠤᠷᠬᠤ ᠬᠡᠪᠴᠢᠶ᠎ᠡ ᠠᠴᠠ ᠭᠠᠳᠠᠨᠠᠬᠢ ᠠᠵᠤ | ᠦᠶ᠋ᠯᠡᠳᠪᠦᠷᠢ ᠶᠢᠨ ᠠᠵᠤ ᠠᠬᠤᠶᠢᠯᠠᠯ ᠪᠦᠬᠦᠨ ᠳᠤ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠵᠤ᠂ ᠬᠡᠮᠵᠢᠯᠲᠡ ᠶᠢᠨ | ᠨᠣᠷᠮ᠎ᠠ ᠶᠢ 100% ᠳᠤ ᠬᠦᠷᠭᠡᠨ᠎ᠡ᠃ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠨᠢᠭᠡ ᠪᠠᠶᠢᠭᠤᠯᠵᠤ᠂ | ᠡᠳᠦᠷ ᠤᠨ ᠰᠢᠶ᠋ᠳᠪᠦᠷᠢᠯᠡᠬᠦ ᠴᠢᠳᠠᠪᠤᠷᠢ ᠨᠢ 1 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠦ᠂ ᠪᠣᠬᠢᠷ ᠤᠰᠤ ᠶᠢ | ᠰᠢᠶ᠋ᠳᠪᠦᠷᠢᠯᠡᠭᠰᠡᠨ ᠤ ᠳᠠᠷᠠᠭ᠎ᠠ ᠨᠣᠭᠤᠭᠠᠷᠠᠭᠤᠯᠤᠯᠲᠠ ᠪᠠ ᠦᠵᠡᠮᠵᠢ ᠶᠢᠨ ᠨᠠᠭᠤᠷ ᠲᠤ ᠤᠰᠤ ᠬᠠᠳᠠᠭᠠᠯᠠᠬᠤ ᠳᠤ | ᠬᠡᠷᠡᠭᠯᠡᠵᠦ᠂ ᠳᠤᠮᠳᠠᠬᠢ ᠤᠰᠤ ᠶᠢ ᠠᠰᠢᠭᠯᠠᠬᠤ ᠨᠣᠷᠮ᠎ᠠ ᠨᠢ 100 % ᠳᠤ ᠬᠦᠷᠴᠡᠶ᠃ | ᠲᠠᠷᠠᠭᠠᠴᠢ ᠶᠢᠨ ᠠᠯᠬᠤᠮ ᠳᠤ᠂ ᠪᠢᠳᠡ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠶ ᠦᠶ᠋ᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ | ᠦᠶ᠋ᠯᠡᠴᠢᠯᠡᠬᠦ ᠪᠠ ᠪᠠᠲᠤᠯᠠᠵᠤ᠂ ᠰᠥᠨᠢᠳ ᠪᠠᠷᠠᠭᠤᠨ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠡᠭᠦᠳᠦᠨ᠎ᠡ᠃ | | |