11 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠰᠤᠨ ᠠᠰᠢᠭᠯᠠᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ | ᠪᠠ 2023 ᠣᠨ ᠤ ᠲᠥᠷᠥᠯ ᠵᠦᠶᠯ ᠢ ᠲᠥᠰᠦᠪᠯᠡᠬᠦ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ | ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ | ᠲᠤᠬᠢᠷᠠᠭᠤᠯᠤᠯᠲᠠ ᠬᠢᠵᠦ᠂ 2023 ᠣᠨ ᠤ ᠲᠥᠷᠥᠯ ᠵᠦᠶᠯ ᠤᠨ ᠨᠦᠬᠡᠴᠡᠯᠡᠯᠲᠡ ᠪᠠ ᠲᠦᠯᠦᠪᠵᠢᠭᠦᠯᠭᠡ ᠶᠢᠨ | ᠠᠵᠢᠯ ᠢ ᠰᠤᠳᠤᠯᠤᠨ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠧᠤ ᠬᠤᠷᠠᠯ ᠡᠷᠭᠢᠯᠡᠭᠰᠡᠨ ᠪᠥᠭᠡᠳ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ | ᠲᠤᠬᠠᠶ ᠪᠠᠶᠢᠷᠢᠯᠠᠭᠤᠯᠤᠯᠲᠠ ᠬᠢᠪᠠ᠃ ᠬᠤᠷᠠᠯ ᠠᠴᠠ 2022 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠠᠶᠢᠬᠤ ᠶᠢ | ᠳ᠋ᠦᠩᠨᠡᠵᠦ᠂ ᠣᠳᠣᠬᠠᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ | ᠲᠤᠯᠭᠠᠷᠠᠵᠤ ᠪᠠᠶᠢᠭ᠎ᠠ ᠠᠰᠠᠭᠤᠳᠠᠯ ᠢ ᠵᠠᠳᠠᠯᠤᠭᠰᠠᠨ ᠤ ᠬᠠᠮᠲᠤ ᠵᠢᠯ ᠤᠨ ᠡᠴᠦᠰ ᠤᠨ ᠤᠰᠤᠨ ᠠᠰᠢᠭᠯᠠᠯᠲᠠ ᠶᠢᠨ | ᠠᠵᠢᠯ ᠤᠨ ᠡᠭᠦᠷᠭᠡ ᠬᠠᠷᠠᠯᠲᠠ ᠶᠢ ᠳᠤᠷᠠᠳᠤᠨ ᠭᠠᠷᠭᠠᠪᠠ᠃ | | | | | | ᠱᠧᠩ ᠰᠢᠶᠤᠤ ᠶᠧᠤ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠤᠰᠤᠨ ᠠᠰᠢᠭᠯᠠᠯᠲᠠ ᠶᠢᠨ | ᠲᠢᠩᠬᠢᠮ ᠡᠯ᠎ᠡ ᠭᠠᠵᠠᠷ ᠤᠨ ᠬᠢᠨ ᠲᠠᠢ ᠬᠠᠮᠲᠤ ᠪᠠᠷ ᠬᠠᠷᠠᠯᠲᠠᠲᠤ ᠡᠭᠦᠷᠭᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ | ᠶᠢ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠲᠣᠬᠢᠷᠠᠭᠤᠯᠵᠤ ᠵᠥᠪᠳᠡᠯᠴᠡᠬᠦ ᠶᠢ ᠴᠢᠩᠭᠠᠳᠬᠠᠵᠤ᠂ ᠨᠠᠷᠢᠨ ᠳᠠᠩᠰᠠ | ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠵᠦ᠂ | ᠵᠢᠷᠤᠭ ᠡᠯᠭᠦᠨ ᠪᠠᠶᠢᠯᠳᠤᠵᠤ᠂ ᠡᠩ ᠤᠨ ᠵᠣᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ᠂ ᠡᠩ ᠤᠨ ᠵᠣᠷᠰᠢᠯ ᠠᠴᠠ | ᠳᠠᠪᠠᠭᠰᠠᠨ ᠠᠷᠭ᠎ᠠ ᠪᠠᠷᠢᠯ ᠢᠶᠠᠷ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠪᠥᠬᠦ ᠣᠷᠣᠨ ᠤ ᠤᠰᠤᠨ ᠠᠰᠢᠭᠯᠠᠯᠲᠠ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠴᠢᠬᠤᠯᠠ ᠠᠬᠢᠴᠠ ᠲᠠᠢ ᠪᠣᠯᠵᠠᠢ᠃ ᠨᠢᠭᠡ ᠳᠤ᠂ ᠪᠡᠯᠡ ᠣᠷᠣᠭᠤᠯᠤᠯᠲᠠ ᠶᠢᠨ | ᠨᠠᠶᠢᠳᠠᠪᠤᠷᠢᠵᠢᠭᠤᠯᠤᠯᠲᠠ ᠨᠢᠳᠤᠨᠤᠨ ᠤ ᠬᠢ ᠠᠴᠠ ᠶᠡᠬᠡᠪᠡᠷ ᠨᠡᠮᠡᠭᠳᠡᠪᠡ᠃ ᠬᠤᠶᠠᠷ ᠲᠤ᠂ ᠴᠢᠬᠤᠯᠠ ᠶᠡᠭᠡ ᠤᠰᠤᠨ | ᠠᠰᠢᠭᠯᠠᠯᠲᠠ ᠶᠢᠨ ᠵᠦᠢᠯᠡᠰ ᠢ ᠪᠦᠬᠦ ᠲᠠᠯ᠎ᠠ ᠪᠠᠷ ᠠᠵᠢᠯ ᠡᠬᠢᠯᠡᠭᠦᠯᠪᠡ᠃ ᠭᠤᠷᠪᠠ ᠳᠤ᠂ ᠵᠦᠢᠯᠡᠰ ᠢ ᠬᠡᠷᠡᠭᠵᠢᠭᠦᠯᠬᠦ | ᠠᠬᠢᠴᠠ ᠶᠢ ᠪᠦᠬᠦ ᠲᠠᠯ᠎ᠠ ᠪᠠᠷ ᠲᠦᠷᠭᠡᠳᠭᠡᠪᠡ᠃ ᠭᠡᠪᠡᠴᠦ ᠣᠳᠣᠬᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ | ᠤᠯᠠᠨ ᠭᠠᠵᠠᠷ ᠲᠤ ᠳᠡᠯᠭᠡᠷᠡᠬᠦ ᠬᠠᠨᠳᠤᠰᠢ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ | ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠵᠡᠷᠭᠡ ᠪᠠᠷ᠂ | ᠢᠨᠵᠧᠨᠧᠷᠢᠩ ᠤᠨ ᠵᠣᠬᠢᠶᠠᠨ ᠪᠠᠶᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠤᠯᠠᠨ ᠵᠦᠢᠯ ᠤᠨ | ᠠᠷᠭ᠎ᠠ ᠬᠡᠮᠵᠢᠶ᠎ᠡ ᠠᠪᠴᠤ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠦᠬᠦ | ᠬᠦᠴᠦᠨ ᠢᠶᠠᠷ ᠢᠶᠠᠨ ᠢᠨᠵᠧᠨᠧᠷᠢᠩ ᠤᠨ ᠬᠤᠭᠤᠴᠠᠭ᠎ᠠ ᠶᠢ ᠠᠮᠵᠢᠨ ᠠᠬᠢᠴᠠ ᠭᠠᠷᠭᠠᠵᠤ᠂ 90 % ᠤᠨ ᠬᠠᠷᠠᠯᠲᠠ | ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠱᠧᠩ ᠰᠢᠶᠤᠤ ᠶᠧᠤ ᠵᠢᠭᠠᠵᠤ ᠭᠠᠷᠭᠠᠭᠰᠠᠨ ᠨᠢ᠂ ᠨᠥᠭᠡᠴᠡᠯᠡᠬᠦ ᠲᠥᠷᠥᠯ ᠵᠦᠶᠯ ᠢ ᠨᠠᠷᠢᠨ ᠬᠢᠨᠠᠮᠠᠭᠠᠶ | ᠲᠥᠯᠥᠪᠵᠢᠭᠦᠯᠵᠦ᠂ 2023 ᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠰᠠᠭᠤᠷᠢ ᠶᠢ ᠪᠠᠬᠢᠵᠢᠭᠦᠯᠬᠦ | ᠬᠡᠷᠡᠭᠲᠡᠶ᠃ ᠡᠯ᠎ᠡ ᠭᠠᠵᠠᠷ ᠤᠨ ᠬᠢᠨ 2023 ᠣᠨ ᠤ ᠲᠥᠷᠥᠯ ᠵᠦᠶᠯ ᠤᠨ ᠨᠠᠷᠢᠨ ᠲᠠᠩᠰᠠ ᠶᠢ ᠳᠠᠷᠤᠶ ᠲᠦᠷᠭᠡᠨ | ᠳᠤᠷᠠᠳᠴᠤ᠂ 2023 ᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠰᠠᠭᠤᠷᠢ ᠶᠢ ᠪᠠᠬᠢᠵᠢᠭᠦᠯᠦᠨ᠂ | ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠬᠥᠩᠭᠡᠨ ᠠᠯᠭᠤᠷ | ᠪᠠᠴᠢᠮ᠂ ᠭᠤᠤᠯᠳᠠᠯᠭ᠎ᠠ ᠶᠢ ᠳᠣᠪᠣᠶᠢᠯᠭᠠᠬᠤ᠂ ᠤᠷᠢᠳᠴᠢᠯᠠᠨ ᠪᠠᠶᠢᠷᠢᠯᠠᠭᠤᠯᠬᠤ ᠵᠠᠷᠴᠢᠮ ᠶᠣᠰᠣᠭᠠᠷ᠂ ᠡᠮᠦᠨᠡᠬᠢ | ᠬᠤᠭᠤᠴᠠᠭᠠᠨ ᠤ ᠠᠵᠢᠯ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠲᠥᠷᠥᠯ ᠵᠦᠢᠯ ᠤᠨ | ᠬᠥᠮᠥᠷᠭᠡ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠨᠥᠭᠡᠴᠡᠯᠡᠬᠦ ᠲᠣᠭᠲᠠᠴᠠ ᠪᠠ ᠳᠡᠰ ᠳᠠᠷᠠᠭᠠᠯᠠᠯ ᠢ ᠲᠡᠭᠦᠯᠳᠡᠷᠵᠢᠭᠦᠯᠦᠨ᠂ ︽ᠨᠢᠭᠡ ᠪᠦᠯᠦᠭ ᠢ ᠲᠥᠰᠦᠪᠯᠡᠬᠦ᠂ ᠨᠢᠭᠡ | ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠠᠶᠢᠭᠤᠯᠤᠨ ᠪᠦᠲᠦᠭᠡᠬᠦ︾ | ᠲᠥᠷᠥᠯ ᠵᠦᠢᠯ ᠤᠨ ᠨᠥᠭᠡᠴᠡ ᠶᠢᠨ ᠦᠷᠭᠦᠯᠵᠢᠯᠡᠨ ᠦᠷᠭᠦᠯᠵᠢᠯᠡᠬᠦ ᠰᠠᠶᠢᠨ ᠣᠷᠴᠢᠯ ᠤᠨ ᠲᠣᠭᠲᠠᠴᠠ ᠶᠢ ᠬᠦᠴᠦᠯᠡᠨ | ᠪᠣᠶ ᠪᠣᠯᠭᠠᠵᠤ᠂ ᠲᠥᠷᠥᠯ ᠵᠦᠢᠯ ᠤᠨ ᠨᠥᠭᠡᠴᠡᠯᠡᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠳᠤᠨᠢ | ᠳᠡᠭᠡᠭᠰᠢᠯᠡᠭᠦᠯᠬᠦ ᠶᠢ ᠠᠬᠢᠭᠤᠯᠤᠨ᠎ᠠ᠃ | ᠱᠧᠩ ᠰᠢᠶᠤᠤ ᠶᠧᠤ ᠵᠢᠭᠠᠵᠤ ᠭᠠᠷᠭᠠᠭᠰᠠᠨ ᠨᠢ᠂ ᠣᠨ ᠤ ᠠᠵᠢᠯ ᠤᠨ ᠳ᠋ᠦᠩᠨᠡᠯᠲᠡ ᠪᠠᠨ ᠰᠠᠶᠢᠲᠤᠷ ᠬᠢᠵᠦ᠂ | ᠵᠢᠯ ᠤᠨ ᠡᠴᠦᠰ ᠵᠢᠯ ᠤᠨ ᠡᠬᠢᠨ ᠤ ᠭᠤᠣᠯᠳᠠᠯᠭ᠎ᠠ ᠲᠠᠢ ᠠᠵᠢᠯ ᠢ ᠲᠦᠯᠬᠢᠨᠠᠬᠢᠭᠤᠯᠬᠤ ᠬᠡᠷᠡᠭᠲᠡᠢ᠃ ᠨᠢᠭᠡ ᠳᠤ᠂ | ᠡᠯ᠎ᠡ ᠱᠠᠲᠤᠨ ᠤ ᠤᠰᠤᠨ ᠠᠰᠢᠭᠯᠠᠯᠲᠠ ᠶᠢᠨ ᠲᠣᠣᠷ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠰᠠᠶᠢᠲᠤᠷ ᠵᠣᠬᠢᠶᠠᠨ ᠪᠠᠶᠢᠭᠤᠯᠵᠤ᠂ ᠬᠥᠭᠵᠢᠭᠦᠯᠦᠯᠲᠡ ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ᠂ | ᠣᠷᠣᠨ ᠪᠦᠰᠡ ᠶᠢᠨ ᠲᠥᠯᠥᠪᠵᠢᠭᠦᠯᠭᠡ᠂ ᠬᠠᠮᠢᠶ᠎ᠠ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ ᠯᠦᠭᠡ | ᠵᠣᠯᠭᠠᠯᠳᠤᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ᠬᠠᠷᠠᠯᠲᠠ ᠶᠢᠨ ᠭᠦᠢᠴᠡᠳᠭᠡᠯ ᠲᠤᠭ᠎ᠠ ᠶᠢᠨ ᠰᠢᠨᠵᠢᠯᠡᠬᠦ | ᠤᠬᠠᠭᠠᠨᠴᠢ ᠴᠢᠨᠠᠷ᠂ ᠬᠦᠷᠴᠦ ᠪᠤᠯᠠᠬᠤᠶᠢᠴᠠ ᠴᠢᠨᠠᠷ ᠪᠠ ᠡᠭᠦᠷᠭᠡ ᠠᠷᠭ᠎ᠠ ᠬᠡᠮᠵᠢᠶ᠎ᠡ ᠶᠢᠨ ᠬᠡᠷᠡᠭᠵᠢᠭᠦᠯᠭᠡᠲᠦ ᠴᠢᠨᠠᠷ ᠢ | ᠴᠢᠬᠤᠯᠠᠴᠢᠯᠠᠨ᠎ᠠ︔ ᠬᠤᠶᠠᠷ ᠲᠤ᠂ ︽ᠲᠠᠪᠤᠨ ᠶᠡᠭᠡ ᠰᠠᠭᠤᠷᠢ︾ ᠶᠢᠨ ᠬᠤᠯᠪᠣᠭᠳᠠᠯ ᠪᠥᠬᠦᠶ ᠠᠵᠢᠯ ᠢ ᠴᠠᠭ ᠲᠤᠬᠠᠶ | ᠳᠤ ᠨᠢ ᠪᠡᠶᠡᠯᠡᠭᠦᠯᠬᠦ ᠬᠡᠷᠡᠭᠲᠡᠶ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠡᠷᠬᠡᠪᠰᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠥᠬᠦᠴᠡᠯ ᠳᠤᠷᠠᠳᠬᠤ ᠥᠬᠡᠶ᠂ ᠰᠢᠯᠲᠠᠭᠠᠨ ᠡᠷᠢᠬᠦ ᠥᠬᠡᠶ ᠪᠠᠷ | ᠥᠪᠡᠷᠲᠡᠭᠡᠨ ᠵᠠᠰᠠᠬᠤ ᠣᠷᠣᠨ ᠤ ᠰᠢᠶᠳᠪᠦᠷᠢᠯᠡᠬᠦ ᠠᠷᠭ᠎ᠠ ᠶᠢᠨ ᠶᠣᠰᠤᠭᠠᠷ ᠲᠥᠷᠥᠯ ᠬᠤᠪᠢᠶᠠᠨ ᠰᠢᠶᠳᠪᠦᠷᠢᠯᠡᠵᠦ᠂ | ᠴᠠᠭ ᠤᠨ ᠳᠠᠷᠠᠭᠠᠯᠠᠯ ᠤᠨ ᠠᠬᠢᠴᠠ ᠪᠠᠷ ᠴᠡᠭᠴᠡᠯᠡᠨ ᠰᠠᠶᠢᠵᠢᠷᠠᠭᠤᠯᠵᠤ᠂ ᠲᠠᠩᠰᠠ ᠶᠢ ᠬᠠᠷᠭᠤᠭᠤᠯᠵᠤ ᠳ᠋ᠤᠭᠠᠷ ᠢ | ᠬᠠᠰᠤᠬᠤ ᠬᠡᠷᠡᠭᠲᠡᠶ︔ ᠭᠤᠷᠪᠠ ᠳᠤ᠂ ᠬᠠᠲᠤᠨ ᠭᠤᠤᠯ ᠤᠨ ᠦᠶᠡᠷᠯᠡᠬᠦ ᠬᠤᠭᠤᠴᠠᠭᠠᠨ ᠤ ᠰᠥᠩ ᠬᠠᠯᠢᠶ᠎ᠠ ᠶᠢ | ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠤᠯ ᠤᠨ ᠵᠠᠮ᠂ ᠪᠠᠷᠢᠯᠭ᠎ᠠ᠂ ᠲᠠᠩ | ᠭᠠᠵᠠᠷ ᠤᠨᠰᠠᠭᠤᠭᠠᠯᠢ ᠡᠷᠦᠬᠡ ᠵᠡᠷᠭᠡ ᠬᠠᠮᠤᠭ ᠤᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠥᠩ | ᠬᠠᠯᠢᠶ᠎ᠠ ᠶᠢᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠵᠠᠳᠠᠯᠤᠨ ᠵᠢᠱᠢᠵᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ | ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠶᠢ ᠴᠢᠩᠭᠠᠷᠠᠭᠤᠯᠤᠨ᠎ᠠ᠃ ᠳᠥᠷᠪᠡ ᠳᠤ᠂ ᠠᠷᠠᠳ | ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠴᠠᠭ ᠲᠤᠬᠠᠶ ᠳᠤᠨᠢ | ᠢᠯᠭᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠢ ᠴᠠᠭ | ᠲᠤᠬᠠᠶ ᠳᠤᠨᠢ ᠢᠯᠭᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠨᠵᠧᠨᠧᠷᠢᠩ ᠤᠨ ᠵᠣᠭᠤᠰ | ᠢ ᠬᠤᠭᠤᠴᠠᠭ᠎ᠠ ᠶᠣᠰᠣᠭᠠᠷ ᠥᠭᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠢ ᠪᠠᠲᠤᠯᠠᠬᠤ᠂ | ᠠᠵᠢᠯ ᠣᠯᠭᠤᠯᠲᠠ ᠶᠢ ᠨᠡᠮᠡᠭᠳᠡᠭᠦᠯᠬᠦ᠂ ᠠᠵᠤ ᠠᠬᠤᠶ ᠶᠢ ᠲᠣᠭᠲᠠᠪᠤᠷᠢᠵᠢᠭᠤᠯᠬᠤ ᠳᠤ ᠨᠠᠩ ᠶᠡᠭᠡ ᠬᠤᠪᠢ ᠨᠡᠮᠡᠷᠢ | ᠦᠵᠡᠭᠦᠯᠦᠨ᠎ᠡ᠃ ᠲᠠᠪᠤ ᠳᠤ᠂ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠬᠤ | ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ | ᠰᠠᠯᠠᠭ᠎ᠠ ᠮᠥᠴᠢᠷ ᠤᠨ ᠬᠢᠨ ᠵᠠᠪᠠᠯ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ | ᠬᠠᠷᠠᠯᠲᠠ ᠪᠠᠨ ᠪᠠᠲᠤ ᠡᠵᠡᠮᠳᠡᠵᠦ᠂ ᠶᠡᠭᠡ ᠪᠠᠷ ᠠᠵᠢᠯᠯᠠᠨ ᠲᠦᠷᠭᠡᠨ ᠠᠵᠢᠯᠯᠠᠵᠤ᠂ ᠪᠣᠳᠠᠲᠠᠶ ᠦᠷ᠎ᠡ ᠪᠦᠲᠦᠮᠵᠢ | ᠣᠯᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ | ᠰᠠᠶᠢᠲᠤᠷ ᠪᠡᠶᠡᠯᠡᠭᠦᠯᠬᠦ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠤᠰᠤᠨ ᠠᠰᠢᠭᠯᠠᠯᠲᠠ ᠶᠢᠨ | ᠬᠤᠪᠢ ᠨᠡᠮᠡᠷᠢ ᠦᠵᠡᠭᠦᠯᠬᠦ ᠬᠡᠷᠡᠭᠲᠡᠶ᠃ | ᠱᠧᠩ ᠰᠢᠶᠤᠤ ᠶᠧᠤ ᠴᠢᠬᠤᠯᠠᠴᠢᠯᠠᠬᠤ ᠳᠠᠭᠠᠨ᠂ ᠵᠢᠯ ᠤᠨ ᠡᠴᠦᠰ ᠵᠢᠯ ᠤᠨ ᠡᠬᠢᠨ ᠳᠤ ᠴᠠᠭ ᠢᠮᠠᠭᠲᠠ | ᠰᠠᠨᠠᠭ᠎ᠠ ᠠᠮᠤᠷ ᠦᠭᠡᠢ ᠪᠠᠶᠢᠬᠤ ᠪᠠᠶᠢᠳᠠᠯ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ | | ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ | ᠠᠳᠬᠤᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠬᠠᠷᠠᠬᠠᠨ ᠰᠣᠶᠤᠭᠠᠯᠠᠬᠤ ᠠᠴᠠ ᠨᠢ ᠵᠠᠪᠳᠤᠵᠤ | ᠠᠷᠢᠯᠭᠠᠬᠤ ᠪᠠᠷ ᠴᠢᠷᠮᠠᠶᠢᠵᠤ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠣᠨᠴᠠᠯᠢᠭ ᠲᠤ ᠴᠢᠭᠯᠡᠭᠦᠯᠦᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯ ᠪᠠ ᠡᠯ᠎ᠡ ᠲᠦᠷᠦᠯ ᠤᠨ ᠤᠰᠤᠨ ᠠᠰᠢᠭᠯᠠᠯᠲᠠ ᠶᠢᠨ | ᠪᠡᠯᠡᠳᠭᠡᠮᠵᠢ ᠶᠢᠨ ᠰᠢᠷᠦᠭᠦᠨ ᠶᠡᠭᠡ ᠴᠠᠰᠤ ᠣᠷᠣᠬᠤ᠂ ᠬᠦᠯᠳᠡᠬᠦ ᠵᠡᠷᠭᠡ ᠭᠠᠮᠰᠢᠭᠲᠤ ᠴᠠᠭ ᠠᠭᠤᠷ ᠢ ᠤᠷᠢᠳᠴᠢᠯᠠᠨ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ ᠪᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ | ᠲᠣᠭᠲᠠᠭᠠᠨ ᠲᠡᠭᠦᠯᠳᠡᠷᠵᠢᠭᠦᠯᠵᠦ᠂ ᠬᠠᠯᠢᠶ᠎ᠠ ᠦᠶᠡᠷ ᠢ ᠰᠡᠷᠭᠡᠶᠢᠯᠡᠬᠦ᠂ ᠬᠠᠯᠲᠤᠷᠢᠬᠤ ᠶᠢ ᠰᠡᠷᠭᠡᠶᠢᠯᠡᠬᠦ᠂ ᠭᠠᠯ ᠢ | ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠰᠣᠬᠤᠷ ᠪᠠᠯᠠᠶ ᠪᠠᠷ ᠪᠠᠷᠢᠯᠭ᠎ᠠ | ᠶᠢᠨ ᠬᠤᠭᠤᠴᠠᠭ᠎ᠠ ᠶᠢ ᠵᠠᠪᠳᠤᠨ᠂ ᠠᠬᠢᠴᠠ ᠶᠢ ᠲᠦᠷᠭᠡᠳᠭᠡᠭᠰᠡᠨ ᠠᠴᠠ ᠦᠢᠯᠡᠳᠪᠦᠷᠢᠯᠡᠯ ᠤᠨ ᠠᠶᠤᠯᠭᠦᠢ ᠶᠢᠨ ᠠᠳᠡᠯ | ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ᠃ | ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠵᠣᠣ ᠴᠠᠩ | ᠴᠢᠩ᠂ ᠯᠢ ᠪᠢᠨ ᠳᠡᠳ᠋ ᠲᠢᠩᠬᠢᠮ ᠤᠨ ᠳᠠᠷᠤᠭ᠎ᠠ᠂ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠬᠤᠯᠪᠣᠭᠳᠠᠯ ᠪᠥᠬᠦᠶ | ᠭᠠᠵᠠᠷ ᠲᠠᠰᠤᠭ᠂ ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ | ᠵᠢᠴᠢ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ | ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠵᠢᠴᠢ ᠲᠤᠰᠠᠭᠠᠷ ᠲᠥᠯᠥᠪᠯᠡᠭᠡᠲᠦ ᠬᠤᠲᠠ ᠶᠢᠨ ᠤᠰᠤᠨ | ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ | |