12 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠ | ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ | ᠲᠥᠪ ᠤᠨ ᠠᠵᠤ ᠠᠬᠤᠶ ᠶᠢᠨ ᠠᠵᠢᠯ᠂ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ | ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠪᠠ᠃ | | | | | | ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ | ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃ | ᠱᠧᠩ ᠰᠢᠶᠤᠤ ᠶᠢᠦ ᠵᠢᠭᠠᠵᠦ ᠭᠠᠷᠭᠠᠬᠤ ᠳᠤ ᠪᠠᠨ ᠲᠥᠪ ᠤᠨ ᠬᠤᠷᠠᠯ ᠤᠨ ᠵᠣᠷᠢᠭ ᠰᠠᠨᠠᠭ᠎ᠠ ᠨᠢ ᠪᠢᠳᠡᠨ ᠤ | ᠠᠵᠤ ᠠᠬᠤᠢ ᠶᠢᠨ ᠠᠵᠢᠯ ᠪᠣᠯᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠰᠠ | ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠦᠵᠡᠯ | ᠰᠠᠨᠠᠭ᠎ᠠ ᠪᠣᠯᠤᠨ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ | ᠬᠦ ᠨᠢᠭᠡᠳᠬᠡᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠪᠠᠶᠢᠳᠠᠯ ᠪᠣᠯᠤᠨ ︽ᠴᠠᠭ | ᠢᠮᠠᠭᠲᠠ ᠰᠡᠳᠬᠢᠯ ᠠᠮᠤᠷ ᠦᠭᠡᠢ︾ ᠬᠠᠷᠢᠭᠤᠴᠠᠯᠭᠠᠲᠤ ᠤᠬᠠᠮᠰᠠᠷ ᠢᠶᠠᠷ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠪᠥᠬᠦ ᠣᠷᠣᠨ ᠤ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠵᠤ᠂ ᠴᠢᠳᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ ᠪᠠᠶᠢᠳᠠᠯ ᠢ ᠪᠠᠶᠢᠴᠠᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯ ᠤᠨ ᠬᠦᠴᠦᠨ ᠢ | ᠪᠦᠷᠢᠯᠳᠦᠭᠦᠯᠬᠦ ᠬᠡᠷᠡᠭᠲᠡᠶ᠃ | | | | | | ᠱᠧᠩ ᠰᠢᠶᠤᠤ ᠶᠢᠦ ᠵᠢᠭᠠᠵᠦ ᠭᠠᠷᠭᠠᠬᠤ ᠳᠤ ᠪᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤᠰᠤᠨ ᠠᠰᠢᠭᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠢᠯᠠᠩᠭᠤᠶ᠎ᠠ ᠲᠥᠪ ᠤᠨ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠦᠨ ᠮᠠᠨ ᠤ ᠣᠷᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠵᠠ ᠲᠣᠬᠢᠶᠠᠯ ᠬᠠᠩᠭᠠᠪᠠ ᠃ ᠪᠦᠬᠦ ᠣᠷᠣᠨ ᠤ ᠠᠵᠤ ᠠᠬᠤᠢ | ᠶᠢᠨ ᠠᠵᠢᠯ ᠤᠨ ᠬᠤᠷᠠᠯ ᠠᠴᠠ ᠤᠰᠤ ᠨᠢ ᠥᠪᠥᠷ ᠮᠣᠩᠭᠤᠯ ᠤᠨ ᠬᠥᠭᠵᠢᠯᠲᠡ ᠶᠢᠨ ᠦᠬᠦᠵᠤ ᠰᠡᠭᠡᠬᠦ ᠲᠠᠢ | ᠬᠤᠯᠪᠣᠭᠳᠠᠬᠤ ᠪᠠ ᠤᠰᠤᠨ ᠤ ᠠᠰᠠᠭᠤᠳᠠᠯ ᠬᠤᠷᠠᠮᠳᠤᠭᠠᠳ ᠪᠤᠴᠠᠬᠤ ᠳᠤ ᠬᠦᠴᠢᠷ ᠭᠡᠵᠦ ᠵᠢᠭᠠᠵᠦ ᠭᠠᠷᠭᠠᠪᠠ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠳᠲᠡᠷ ᠲᠦᠷᠭᠡᠨ ᠬᠥᠳᠡᠯᠦᠯᠴᠡᠵᠦ᠂ ᠬᠠᠳᠤᠨ ᠭᠤᠣᠯ᠂ | ᠯᠢᠶᠣᠤ ᠾᠧ ᠭᠤᠣᠯ ᠵᠡᠷᠭᠡ ᠴᠢᠬᠤᠯᠠ ᠰᠠᠪᠠ ᠭᠠᠵᠠᠷ ᠤᠨ ᠤᠰᠤᠨ ᠲᠣᠣᠷ ᠤᠨ ᠪᠠᠶᠢᠷᠢᠰᠢᠭᠤᠯᠤᠯᠲᠠ ᠪᠣᠯᠤᠨ ᠨᠤᠨ | ᠮᠥᠷᠡᠨ ᠢ ᠲᠠᠲᠠᠵᠤ ᠰᠢᠯᠢ ᠶᠢᠨ ᠭᠤᠣᠯ ᠳᠤ ᠨᠡᠮᠡᠷᠢᠯᠡᠬᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ | ᠱᠤᠭᠤᠮ ᠵᠡᠷᠭᠡ ᠴᠢᠬᠤᠯᠠ ᠶᠡᠭᠡ ᠢᠨᠵᠧᠨᠧᠷᠢᠩ ᠤᠨ ᠲᠠᠭᠠᠯᠳᠠ ᠪᠠᠶᠢᠷᠢᠰᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠡᠯ᠎ᠡ ᠠᠵᠢᠯ ᠲᠦᠷᠦᠯ ᠡᠯ᠎ᠡ ᠬᠦᠷᠢᠶᠡᠨ ᠤ ᠤᠰᠤ ᠬᠡᠷᠡᠭᠯᠡᠬᠦ ᠬᠡᠷᠡᠭᠴᠡᠭᠡ ᠶᠢ ᠨᠢᠭᠡᠳᠦᠯᠲᠡᠢ | ᠲᠥᠯᠥᠪᠵᠢᠭᠦᠯᠦᠨ ᠪᠣᠳᠣᠯᠬᠢᠯᠠᠵᠤ ᠨᠢᠭᠡ ᠪᠦᠯᠦᠭ ︽ᠲᠠᠲᠠᠬᠤ᠂ ᠲᠤᠬᠢᠷᠠᠭᠤᠯᠬᠤ᠂ ᠬᠠᠳᠠᠭᠠᠯᠠᠬᠤ︾ ᠢᠨᠵᠧᠨᠧᠷᠢᠩ ᠢ | ᠲᠥᠯᠥᠪᠵᠢᠭᠦᠯᠵᠦ᠂ ᠲᠣᠣᠷ ᠬᠤᠯᠪᠣᠬᠤ᠂ ᠲᠣᠣᠷ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠠᠵᠢᠯ ᠢ ᠰᠠᠶᠢᠲᠤᠷ | ᠬᠢᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠰᠤᠨ ᠤ ᠡᠬᠢ ᠪᠠᠶᠠᠯᠢᠭ ᠢ ᠲᠤᠬᠢᠷᠠᠭᠤᠯᠬᠤ᠂ ᠤᠰᠤᠨ | ᠤ ᠠᠮᠢ ᠠᠬᠤᠢ ᠶᠢ ᠬᠠᠮᠠᠭᠠᠯᠠᠬᠤ ᠵᠡᠷᠭᠡ ᠴᠢᠳᠠᠮᠵᠢ ᠶᠢ ᠨᠢᠭᠡ ᠴᠤᠬᠴᠠᠵᠢᠭᠤᠯᠤᠭᠰᠠᠨ ᠶᠡᠷᠦᠩᠬᠡᠶᠢᠯᠡᠭᠰᠡᠨ ᠤᠰᠤᠨ | ᠲᠣᠣᠷ ᠢ ᠲᠦᠷᠭᠡᠨ ᠪᠠᠶᠢᠭᠤᠯᠬᠤ ᠬᠡᠷᠡᠭᠲᠡᠢ᠃ | | | | | | ᠱᠧᠩ ᠰᠢᠶᠤᠤ ᠶᠢᠦ ᠱᠠᠭᠠᠷᠳᠠᠬᠤ ᠳᠤ ᠪᠠᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠵᠢᠷᠭᠤᠭᠠᠨ ᠵᠦᠶᠯ ᠤᠨ ᠭᠤᠤᠯᠳᠠᠯᠭ᠎ᠠ ᠲᠠᠢ ᠡᠭᠦᠷᠭᠡ | ᠶᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ︽ᠦᠬᠦᠵᠦ ᠰᠡᠭᠡᠬᠦ ᠳᠤ ᠬᠤᠯᠪᠣᠭᠳᠠᠬᠤ︾᠂ | ︽ᠬᠠᠳᠠᠭᠠᠯᠠᠮᠵᠢ ᠪᠤᠴᠠᠬᠤᠶᠠ ᠪᠡᠷᠬᠡ︾ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠬᠤᠷᠠᠯ ᠤᠨ ᠬᠠᠮᠵᠢᠯᠴᠠᠭ᠎ᠠ ᠪᠠ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ | ᠬᠤᠷᠠᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ︔ ᠬᠤᠶᠠᠷ ᠲᠤ᠂ | ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤ ᠶᠢ ᠪᠦᠷᠢᠯᠭᠡᠨ ᠰᠦᠢᠳᠬᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠤᠨᠤᠴᠢᠲᠠᠢ ᠠᠷᠭ᠎ᠠ ᠪᠤᠳᠤᠯᠭ᠎ᠠ | ᠬᠡᠷᠡᠭᠵᠢᠭᠦᠯᠵᠦ᠂ ᠤᠰᠤ ᠶᠢ ᠠᠷᠪᠢᠯᠠᠨ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ︽ᠤᠰᠤᠨ | ᠤ ᠬᠡᠮᠵᠢᠶ᠎ᠡ ᠪᠠᠷ ᠬᠢᠬᠦ︾ ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ | ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠢᠶᠠᠷ ᠭᠤᠤᠯᠳᠠᠯᠭ᠎ᠠ ᠪᠣᠯᠭᠠᠵᠤ᠂ ᠭᠤᠤᠯ ᠮᠥᠷᠡᠨ ᠨᠠᠭᠤᠷ | ᠴᠥᠭᠦᠷᠥᠮ ᠢ ᠬᠠᠮᠠᠭᠠᠯᠠᠬᠤ ᠪᠠ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ ᠪᠠᠷ | ᠠᠬᠢᠭᠤᠯᠤᠨ᠎ᠠ︔ ᠳᠥᠷᠪᠡ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠪᠠ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ︽ᠨᠢᠭᠡ ᠬᠤᠲᠠ ᠳᠤ ᠨᠢᠭᠡ ᠠᠷᠭ᠎ᠠ | ᠪᠤᠳᠤᠯᠭ᠎ᠠ︾ ᠭᠦᠶᠴᠡᠳᠬᠡᠯ ᠲᠤᠭ᠎ᠠ ᠶᠢ ᠲᠣᠭᠲᠠᠭᠠᠬᠤ᠂ ᠲᠥᠷᠥᠯ ᠵᠦᠶᠯ ᠢ ᠲᠣᠭᠲᠠᠭᠠᠬᠤ᠂ ᠬᠠᠷᠢᠭᠤᠴᠠᠯᠭ᠎ᠠ ᠶᠢ | ᠲᠣᠭᠲᠠᠭᠠᠬᠤ᠂ ᠡᠬᠡ ᠲᠠᠩᠰᠠ ᠶᠢᠨ ᠬᠡᠯᠪᠡᠷᠢ ᠶᠢᠨ ᠨᠠᠷᠢᠨ ᠲᠠᠩᠰᠠ ᠶᠢ ᠪᠠᠭᠤᠯᠭᠠᠬᠤ ᠬᠡᠯᠪᠡᠷᠢ ᠪᠠᠷ ᠬᠡᠷᠡᠭᠵᠢᠭᠦᠯᠬᠦ | ᠬᠡᠷᠡᠭᠲᠡᠢ᠃ ᠲᠠᠪᠤ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠲᠣᠤᠷ ᠢ ᠪᠠᠶᠢᠭᠤᠯᠬᠤ ᠪᠠ ᠪᠦᠲᠦᠮᠵᠢᠲᠡᠶ ᠪᠠᠯᠠ | ᠣᠷᠣᠭᠤᠯᠤᠯᠲᠠ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠨ ᠠᠬᠢᠭᠤᠯᠵᠤ᠂ ᠡᠷᠲᠡᠬᠡᠨ ᠲᠥᠯᠥᠪᠵᠢᠭᠦᠯᠵᠦ ᠵᠢᠯ ᠤᠨ ᠡᠬᠢᠨ ᠳᠤ ᠠᠬᠢᠭᠤᠯᠵᠤ᠂ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠤᠪᠢᠷᠠᠭᠤᠯᠤᠨ᠎ᠠ︔ ᠵᠢᠷᠭᠤᠭ᠎ᠠ ᠳᠤ᠂ ᠲᠥᠪ | ᠤᠨ ᠶᠠᠳᠠᠭᠤ ᠠᠴᠠ ᠠᠩᠭᠢᠵᠢᠷᠠᠭᠤᠯᠬᠤ ᠶᠢ ᠰᠢᠯᠭᠠᠨ ᠦᠨᠡᠯᠡᠬᠦ ᠪᠠ ᠤᠤᠭᠤᠬᠤ ᠤᠰᠤᠨ ᠤ ᠠᠮᠤᠷ ᠲᠦᠪᠰᠢᠨ ᠤ | ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠤᠯ ᠲᠣᠭᠲᠠᠴᠠ ᠠᠴᠠ ᠭᠠᠷᠳᠠᠵᠤ᠂ ᠮᠠᠯᠵᠢᠬᠤ | ᠲᠠᠷᠢᠶᠠᠯᠠᠬᠤ ᠣᠷᠣᠨ ᠤ ᠬᠥᠮᠦᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ | ᠤᠰᠤ ᠬᠠᠩᠭᠠᠬᠤ ᠬᠤᠶᠠᠷ ᠡᠰᠢᠲᠦ ᠪᠦᠲᠦᠴᠡ ᠬᠢᠭᠡᠳ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠭᠦᠨᠵᠡᠭᠡᠶ ᠰᠤᠳᠤᠯᠤᠨ᠎ᠠ᠃ | ᠲᠢᠩᠬᠢᠮ ᠤᠨ ᠤᠳᠤᠷᠢᠳᠤᠯᠭ᠎ᠠ᠂ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ᠂ ᠭᠠᠵᠠᠷ ᠤᠨ ᠲᠠᠰ ᠤᠨ | ᠺᠠᠳ᠋ᠷ᠂ ᠬᠥᠬᠡᠬᠤᠲᠠ ᠳᠤ ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠶᠢᠨ ᠨᠠᠮ ᠵᠠᠰᠠᠭ ᠤᠨ ᠬᠠᠷᠢᠭᠤᠴᠠᠯᠭᠠᠲᠠᠨ ᠨᠠᠷ | ᠬᠤᠷᠠᠯ ᠳᠤ ᠤᠷᠤᠯᠴᠠᠪᠠ᠃ | | |