ᠣᠶᠢᠷ᠎ᠠ ᠳᠤ᠂ ᠨᠢᠭᠡᠨ ᠦᠨᠳᠦᠰᠦᠨ ᠱᠠᠲᠤᠨ ᠤ ᠤᠰᠤᠨ ᠰᠢᠨᠵᠢᠯᠡᠭᠡᠨ ᠤ ᠬᠥᠮᠦᠰ ᠤᠨ ᠪᠢᠴᠢᠯ ᠺᠢᠨᠣ᠋ ︽ᠰᠠᠬᠢᠨ | ᠪᠠᠷᠠᠯᠠᠯ︾ ᠨᠢ ︽ᠪᠡᠭᠡᠵᠢᠩ ᠤᠨ ᠣᠯᠠᠨ ᠤᠯᠤᠰ ᠤᠨ ᠰᠦᠯᠵᠢᠶᠡᠨ ᠤ ᠺᠢᠨᠣ᠋ ᠶᠢᠨ ᠦᠵᠡᠰᠬᠦᠯᠡᠩ︾ ᠳᠤ | ᠠᠮᠵᠢᠯᠲᠠ ᠲᠠᠢ ᠣᠷᠣᠪᠠ᠃ | | | | | | ︽ᠰᠠᠬᠢᠨ ᠪᠠᠷᠠᠯᠠᠯ︾ ᠳᠤ ᠨᠢᠭᠡᠨ ᠤᠰᠤᠨ ᠤᠰᠤᠨ ᠰᠢᠨᠵᠢᠯᠡᠭᠡᠨ ᠤ ᠦᠷᠳᠡᠭᠡ ᠶᠢᠨ ᠦᠨᠳᠦᠰᠦᠨ ᠱᠠᠲᠤᠨ ᠤ | ᠠᠵᠢᠯᠳᠠᠨ ᠯᠢᠦ ᡁᠢ ᠴᠢᠶᠠᠩ ᠤᠨ ᠵᠢᠯ ᠲᠤᠵᠢ ᠬᠡᠮᠵᠢᠬᠦ ᠦᠷᠳᠡᠭᠡ ᠶᠢ ᠰᠠᠬᠢᠨ ᠰᠠᠭᠤᠵᠤ᠂ ᠬᠡᠷ ᠲᠠᠬᠢ ᠠᠷᠰᠠᠷ | ᠶᠠᠪᠤᠳᠠᠯ ᠪᠦᠷ ᠡᠬᠡᠨᠡᠷ ᠶᠤᠸᠠᠢ ᠶᠤᠸᠠᠢ ᠳᠤ ᠲᠤᠯᠭᠠᠷᠠᠪᠠ᠃ ᠡᠴᠢᠭᠡ ᠨᠢ ᠣᠶᠢᠴᠢᠵᠤ ᠰᠢᠷᠬᠠᠲᠤᠬᠤ᠂ ᠡᠬᠡᠨᠡᠷ ᠨᠢ | ᠬᠥᠩᠭᠡᠵᠢᠬᠦ᠂ ᠬᠡᠦᠬᠡᠳ ᠨᠢ ᠡᠪᠡᠳᠴᠢᠯᠡᠬᠦ ᠳᠤ ᠲᠡᠷᠡ ᠴᠥᠮ ᠨᠢᠭᠡ ᠬᠦᠦ᠂ ᠡᠷ᠎ᠡ ᠨᠥᠬᠦᠷ᠂ ᠡᠴᠢᠭᠡ ᠶᠢᠨ ᠢᠶᠠᠨ | ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠶᠢ ᠭᠦᠢᠴᠡᠳᠬᠡᠵᠦ ᠳᠡᠶᠢᠯᠬᠦ ᠦᠭᠡᠢ ᠶᠤᠮ᠃ ᠡᠷ᠎ᠡ ᠡᠮ᠎ᠡ ᠶᠢᠨ ᠵᠥᠷᠢᠴᠡᠯ | ᠬᠤᠷᠴᠠᠳᠴᠤ᠂ ᠪᠠᠶᠠᠷ ᠬᠥᠷ ᠲᠠᠢ ᠪᠠᠷ ᠴᠡᠷᠢᠭ ᠬᠥᠳᠡᠯᠭᠡᠨ ᠶᠠᠯ᠎ᠠ ᠠᠰᠠᠭᠤᠵᠤ᠂ ᠬᠤᠶᠠᠭᠤᠯᠠ ᠤᠰᠤᠨ ᠰᠢᠨᠵᠢᠯᠡᠭᠡᠨ ᠤ | ᠥᠷᠲᠡᠭᠡᠨ ᠳᠤ ᠶᠡᠭᠡ ᠬᠡᠷᠡᠯᠳᠦᠭᠰᠡᠨ ᠤ ᠳᠠᠷᠠᠭ᠎ᠠ ᠪᠠᠶᠠᠷ ᠦᠭᠡᠢ ᠪᠠᠷ ᠲᠠᠷᠬᠠᠪᠠ᠃ ᠭᠡᠷ ᠲᠡᠭᠡᠨ᠂ ᠨᠠᠰᠤ ᠪᠠᠭ᠎ᠠ | ᠬᠦᠦ ᠨᠢ ᠱᠠᠹᠠ ᠳᠡᠭᠡᠷ᠎ᠡ ᠪᠠᠨ ᠡᠴᠢᠭᠡ ᠶᠢᠨ ᠢᠶᠠᠨ ᠭᠠᠳᠠᠷ ᠬᠦᠷᠮ᠎ᠡ ᠶᠢ ᠬᠤᠴᠢᠵᠤ ᠤᠨᠲᠠᠪᠠ᠂ ᠡᠬᠡᠨᠡᠷ ᠨᠢ | ᠬᠤᠪᠴᠠᠰᠤᠨ ᠤ ᠬᠠᠷᠮᠠᠨ ᠠᠴᠠ ᠭᠠᠷᠴᠤ ᠢᠷᠡᠭᠰᠡᠨ ᠨᠢᠭᠡ ᠬᠤᠪᠢ ᠵᠠᠬᠢᠳᠠᠯ ᠢ ᠰᠠᠨᠠᠭᠠᠨ ᠳᠤ ᠦᠭᠡᠢ ᠪᠠᠷ ᠣᠯᠵᠤ | ᠮᠡᠳᠡᠭᠡᠳ᠂ ᠨᠡᠭᠡᠭᠡᠭᠰᠡᠨ ᠤ ᠲᠠᠷᠠᠭ᠎ᠠ ᠡᠷ᠎ᠡ ᠨᠥᠬᠦᠷ ᠤᠨ ᠢᠶᠠᠨ ᠪᠤᠷᠤᠭᠤ ᠬᠦᠯᠢᠶᠡᠭᠰᠡᠨ ᠵᠠᠬᠢᠳᠠᠯ ᠪᠣᠯᠬᠤ ᠶᠢ ᠣᠯᠵᠤ | ᠮᠡᠳᠡᠪᠡ᠂ ᠵᠠᠬᠢᠳᠠᠯ ᠳᠤ ᠨᠢ ᠭᠡᠷ ᠪᠦᠯᠢ ᠶᠢᠨ ᠢᠶᠠᠨ ᠲᠤᠬᠠᠢ ᠭᠡᠮᠰᠢᠯ ᠪᠠ ᠠᠷᠭ᠎ᠠ ᠮᠤᠬᠤᠷᠳᠠᠯ᠂ ᠵᠢᠴᠢ ᠤᠰᠤᠨ | ᠵᠦᠢ ᠶᠢᠨ ᠠᠵᠢᠯ ᠤᠨ ᠲᠤᠬᠠᠢ ᠪᠠᠷᠢᠮᠲᠠᠯᠠᠯ ᠪᠠ ᠪᠠᠷᠢᠮᠲᠠᠯᠠᠯ ᠢᠶᠠᠷ ᠪᠢᠯᠬᠠᠪᠠ᠃ ᠵᠠᠬᠢᠳᠠᠯ ᠢ ᠤᠩᠰᠢᠭᠰᠠᠨ ᠤ ᠳᠠᠷᠠᠭ᠎ᠠ᠂ | ᠶᠤᠸᠠᠢ ᠶᠤᠸᠠᠢ ᡁᠢ ᠴᠢᠶᠠᠩ ᠢ ᠣᠶᠢᠯᠠᠭᠠᠵᠤ᠂ ᠤᠲᠠᠰᠤ ᠠᠪᠴᠤ ᠵᠥᠷᠢᠴᠡᠯ ᠢ ᠨᠠᠮᠳᠠᠭᠤᠯᠪᠠ᠃ ᠳ᠋ᠢᠶᠠᠩᠬᠤᠸᠠ ᠶᠢᠨ | ᠲᠡᠷᠡ ᠦᠵᠦᠭᠦᠷ᠂ ᠠᠭᠠᠳᠠᠷ ᠪᠣᠷᠣᠭᠠᠨ ᠤ ᠳᠤᠮᠳᠠ᠂ ᡁᠢ ᠴᠢᠶᠠᠩ ᠶᠠᠭᠠᠷᠠᠤ ᠰᠠᠨᠳᠤᠷᠤᠤ ᠤᠷᠤᠰᠬᠠᠯ ᠬᠡᠮᠵᠢᠬᠦ ᠪᠠᠷ | ᠣᠴᠢᠨ᠎ᠠ ᠭᠡᠵᠦ ᠬᠡᠯᠡᠭᠡᠳ ᠤᠲᠠᠰᠤ ᠲᠠᠰᠤᠷᠠᠪᠠ᠃ ᠪᠠᠶᠠᠷ ᠬᠥᠷ ᠲᠠᠢ ᠪᠠᠷ ᠮᠠᠰᠢ ᠲᠦᠷᠭᠡᠨ ᠤᠰᠤᠨ ᠰᠢᠨᠵᠢᠯᠡᠭᠡᠨ ᠤ | ᠥᠷᠲᠡᠭᠡᠨ ᠳᠤ ᠬᠦᠷᠴᠦ᠂ ᠲᠡᠷᠡ ᠡᠷ᠎ᠡ ᠨᠥᠬᠦᠷ ᠲᠠᠢ ᠪᠠᠨ ᠠᠯᠤᠰ ᠠᠴᠠ ᠡᠰᠡᠷᠭᠦᠯᠡᠨ ᠬᠠᠷᠠᠵᠤ ᠪᠠᠢᠭᠰᠠᠨ ᠶᠡᠭᠡ | ᠬᠥᠭᠦᠷᠭᠡ᠂ ᠡᠨᠡ ᠣᠶᠢᠶ᠎ᠠ ᠳᠤ ᠡᠷ᠎ᠡ ᠨᠥᠬᠦᠷ ᠤᠨ ᠪᠠᠷ᠎ᠠ ᠦᠭᠡᠢ ᠪᠣᠯᠵᠠᠢ᠂ ᠪᠠᠶᠠᠷ ᠬᠥᠷ ᠲᠠᠢ ᠪᠠᠷ ᠡᠷ᠎ᠡ ᠨᠥᠬᠦᠷ ᠢᠶᠠᠨ | ᠦᠷᠡᠭᠳᠡᠭᠦᠯᠵᠦ᠂ ᠬᠠᠷᠠᠮᠰᠠᠯ ᠤᠨ ᠨᠢᠯᠪᠤᠰᠤ ᠤᠨᠠᠭᠠᠵᠠᠢ᠃ ᠡᠴᠦᠰ ᠲᠡᠭᠡᠨ ᠠᠶᠤᠵᠤ ᠰᠣᠴᠢᠭᠰᠠᠨ ᠥᠬᠡᠶ᠂ ᡁᠢ | ᠴᠢᠶᠠᠩ ᠠᠮᠤᠷ ᠲᠠᠶᠢᠪᠤᠩ᠂ ᠬᠡᠷᠡᠭ ᠤᠨ ᠳᠠᠷᠠᠭ᠎ᠠ ᠪᠠᠶᠢᠭᠤᠯᠭ᠎ᠠ ᠠᠴᠠ ᠨᠢ ᠲᠡᠭᠦᠨ ᠳᠤ ᠢᠷᠠᠭᠤ ᠠᠯᠳᠠᠷ ᠤᠨ ᠦᠨᠡᠮᠯᠡᠯ | ᠣᠯᠭᠤᠭᠰᠠᠨ᠂ ᠡᠷ᠎ᠡ ᠡᠮ᠎ᠡ ᠬᠤᠶᠠᠷ ᠴᠤ ᠥᠩᠭᠡᠷᠡᠭᠰᠡᠨ ᠤ ᠠᠳᠡᠭᠦᠷᠡᠯ ᠢᠶᠠᠨ ᠲᠠᠶᠢᠯᠤᠭᠰᠠᠨ᠃ | | ︽ᠰᠠᠬᠢᠨ ᠪᠠᠷᠠᠯᠠᠯ︾ ᠨᠢ ᠦᠨᠡᠨ ᠪᠣᠳᠠᠲᠠᠢ ᠤᠰᠤᠨ ᠰᠢᠨᠵᠢᠯᠡᠭᠡᠭᠴᠢ ᠤᠰᠤᠨ ᠰᠢᠨᠵᠢᠯᠡᠭᠡᠨ ᠤ ᠬᠡᠷᠡᠭ | ᠶᠠᠪᠤᠳᠠᠯ ᠢᠶᠠᠷ ᠤᠭ ᠬᠡᠯᠪᠡᠷᠢ ᠪᠣᠯᠭᠠᠨ ᠵᠣᠬᠢᠶᠠᠨ ᠪᠦᠲᠦᠭᠡᠵᠦ᠂ ᠪᠤᠭᠤᠲᠤ ᠬᠤᠳᠠ ᠶᠢᠨ ᠲᠦᠮᠡᠳ ᠪᠠᠷᠠᠭᠤᠨ | ᠬᠤᠰᠢᠭᠤᠨ ᠤ ᠬᠤᠩ ᠱᠠ ᠪᠠ ᠤᠰᠤᠨ ᠰᠢᠨᠵᠢᠯᠡᠭᠡᠨ ᠤ ᠦᠷᠳᠡᠭᠡ᠂ ᠪᠤᠭᠤᠲᠤ ᠶᠢᠨ ᠤᠰᠤᠨ ᠰᠢᠨᠵᠢᠯᠡᠭᠡᠨ | ᠤᠰᠤᠨ ᠤ ᠡᠬᠢ ᠰᠤᠷᠪᠤᠯᠵᠢ ᠶᠢᠨ ᠲᠥᠪ ᠤᠨ ᠤᠯᠠᠨ ᠠᠵᠢᠯᠳᠠᠨ ᠠᠵᠢᠯᠴᠢᠨ ᠢᠶᠠᠷ ᠵᠦᠴᠦᠭᠡ ᠶᠢᠨ ᠨᠠᠶᠢᠷᠠᠭᠤᠯᠤᠭᠴᠢ᠂ | ᠲᠣᠭᠯᠠᠭᠴᠢ ᠪᠠ ᠦᠢᠯᠡᠳᠦᠭᠰᠡᠨ ᠪᠦᠲᠦᠭᠡᠯ ᠤᠨ ᠬᠤᠪᠢ ᠪᠠᠷ ᠰᠡᠭᠦᠳᠡᠷᠯᠡᠪᠡ᠃ ᠺᠢᠨᠣ᠋ ᠨᠢ ᠲᠣᠩᠭᠤᠷᠤᠤ ᠬᠦᠦᠷᠨᠢᠬᠦ | ᠠᠷᠭ᠎ᠠ ᠶᠢ ᠬᠡᠷᠡᠭᠯᠡᠵᠦ᠂ ᠨᠢᠭᠡᠨ ᠤᠰᠤᠨ ᠰᠢᠨᠵᠢᠯᠡᠭᠡᠨ ᠤ ᠦᠨᠳᠦᠰᠦᠨ ᠱᠠᠲᠤᠨ ᠤ ᠠᠵᠢᠯᠳᠠᠨ ᠠᠵᠢᠯᠴᠢᠨ ᠭᠡᠷ | ᠪᠦᠯᠢ ᠪᠠᠨ ᠤᠷᠬᠢᠨ ᠤᠯᠠᠨ ᠤ ᠲᠥᠯᠥᠭᠡ ᠵᠢᠳᠬᠦᠵᠦ᠂ ᠨᠢᠭᠡ ᠭᠠᠵᠠᠷ ᠤᠨ ᠠᠮᠤᠷ ᠠᠮᠤᠭᠤᠯᠠᠩ ᠤᠨ ᠦᠯᠢᠬᠡᠷ ᠢ | ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠠᠮᠠᠭᠠᠯᠠᠵᠤ᠂ ᠣᠬᠤᠷᠬᠠᠨ 10 ᠮᠢᠨᠦ᠋ᠲ ᠲᠤ ᠳᠠᠪᠠᠯᠭᠠᠨ ᠲᠠᠢ᠂ | ᠬᠠᠶᠢᠷ᠎ᠠ ᠰᠡᠳᠬᠢᠯᠭᠡ ᠲᠠᠢ᠂ ᠤᠯᠠᠮᠵᠢᠯᠠᠯ ᠲᠠᠢ᠂ ᠬᠠᠷᠢᠭᠤᠴᠠᠯᠭ᠎ᠠ ᠲᠠᠢ ᠪᠠᠶᠢᠬᠤ ᠶᠢ ᠠᠮᠢᠳᠤᠯᠢᠭ ᠢᠶᠠᠷ ᠢᠯᠡᠷᠡᠭᠦᠯᠪᠡ᠃ | ᠬᠡᠳᠦ᠋ᠢᠪᠡᠷ ᠵᠥᠪᠬᠡᠨ ᠨᠢᠭᠡ ᠠᠵᠢᠯᠲᠠᠨ ᠢᠶᠠᠷ ᠬᠤᠷᠢᠶᠠᠩᠭᠤᠢ ᠳᠦᠷᠢ ᠪᠣᠯᠭᠠᠭᠰᠠᠨ ᠪᠣᠯᠪᠠᠴᠤ᠂ ᠬᠡᠯᠡᠵᠦ | ᠭᠠᠷᠭᠠᠭᠰᠠᠨ ᠨᠢ ᠬᠠᠷᠢᠨ ᠲᠦᠭ ᠲᠦᠮᠡᠨ ᠤᠰᠤᠨ ᠤ ᠰᠣᠶᠣᠯᠲᠠᠨ ᠤ ᠰᠡᠳᠬᠢᠯ ᠤᠨ ᠳᠠᠭᠤᠨ ᠪᠣᠯᠤᠨ᠎ᠠ᠃ | ᠤᠰᠤᠨ ᠰᠢᠨᠵᠢᠯᠡᠭᠡᠨ ᠪᠣᠯ ᠠᠷᠠᠳ ᠣᠯᠠᠨ ᠳᠤ ᠲᠠᠨᠢᠭᠳᠠᠬᠤ ᠥᠬᠡᠶ ᠠᠵᠢᠯ ᠲᠥᠷᠥᠯ᠂ ᠡᠯᠡᠰᠦᠨ ᠴᠥᠯ ᠭᠤᠪᠢ | ᠴᠥᠯ ᠠᠴᠠ ᠴᠠᠰᠤᠲᠤ ᠲᠠᠯ᠎ᠠ ᠬᠦᠷᠲᠡᠯ᠎ᠡ᠂ ᠨᠡᠯᠦᠭᠡᠷ ᠠᠭᠤᠳᠠᠮ ᠲᠠᠯ᠎ᠠ ᠨᠤᠲᠤᠭ ᠠᠴᠠ ᠡᠵᠡᠭᠦᠶ ᠲᠠᠩ ᠳᠣᠪᠣᠷᠬᠠᠭ | ᠬᠦᠷᠲᠡᠯ᠎ᠡ᠂ ᠤᠰᠤᠨ ᠰᠢᠨᠵᠢᠯᠡᠭᠡᠨ ᠤ ᠬᠥᠮᠦᠰ ᠳᠥᠷᠪᠡᠨ ᠤᠯᠠᠷᠢᠯ ᠬᠤᠪᠢᠶᠠᠬᠤ ᠥᠬᠡᠶ᠂ ᠡᠳᠦᠷ ᠰᠥᠨᠢ ᠥᠬᠡᠶ᠂ | ᠬᠠᠬᠢᠷ ᠬᠦᠶ᠋ᠲᠡᠨ ᠠᠴᠠ ᠠᠶᠤᠬᠤ ᠥᠬᠡᠶ᠂ ᠠᠭᠠᠭᠢᠮ᠎ᠠ ᠬᠠᠯᠠᠭᠤᠨ ᠠᠴᠠ ᠠᠶᠤᠬᠤ ᠥᠬᠡᠶ᠂ ᠦᠶᠡᠷ ᠤᠨ ᠤᠰᠤᠨ ᠳᠤ | ᠣᠷᠣᠵᠤ᠂ ᠬᠥᠭᠦᠷᠭᠡ ᠶᠢ ᠰᠠᠬᠢᠨ ᠬᠠᠮᠠᠭᠠᠯᠠᠵᠤ᠂ ᠠᠯᠤᠰ ᠬᠡᠲᠦ ᠶᠢᠨ ᠲᠥᠯᠥᠪ ᠢ ᠵᠢᠷᠤᠭᠯᠠᠵᠤ ᠪᠠᠶᠢᠳᠠᠭ᠃ ᠰᠢᠷᠦᠭᠦᠨ | ᠰᠠᠯᠬᠢ ᠰᠢᠷᠦᠭᠦᠨ ᠪᠣᠷᠣᠭᠠᠨ ᠤ ᠳᠤᠮᠳᠠ᠂ ᠲᠡᠳᠡ ᠦᠳᠲᠡᠷ ᠲᠦᠷᠭᠡᠨ ᠬᠥᠳᠡᠯᠦᠯᠴᠡᠵᠦ᠂ ᠲᠡᠷᠡ ᠳᠠᠷᠤᠢ ᠳᠤᠨᠢ | ᠪᠣᠷᠣᠭᠠᠨ᠂ ᠤᠰᠤᠨ ᠤ ᠪᠠᠶᠢᠳᠠᠯ ᠢ ᠬᠡᠮᠵᠢᠨ ᠮᠡᠳᠡᠭᠦᠯᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠳᠤ ᠴᠠᠭ | ᠲᠤᠬᠠᠢ ᠳᠤᠨᠢ᠂ ᠣᠨᠣᠪᠴᠢᠲᠠᠢ ᠤᠰᠤᠨ ᠰᠢᠨᠵᠢᠯᠡᠭᠡᠨ ᠤ ᠮᠡᠳᠡᠭᠡ ᠵᠠᠩᠭᠢ ᠬᠠᠩᠭᠠᠪᠠ︔ ᠲᠡᠰᠬᠢᠮ᠎ᠡ ᠬᠦᠢᠲᠡᠨ ᠴᠠᠰᠤᠨ | ᠳᠤᠮᠳᠠ᠂ ᠲᠡᠳᠡ ᠬᠠᠬᠢᠷ ᠬᠦᠢᠲᠡᠨ ᠠᠴᠠ ᠠᠶᠤᠬᠤ ᠦᠭᠡᠢ᠂ ᠨᠠᠭᠤᠷ ᠳᠡᠭᠡᠷᠡᠬᠢ ᠭᠤᠤᠯ ᠤᠨ ᠵᠠᠮ ᠤᠨ ᠬᠠᠵᠠᠭᠤ ᠳᠤ | ᠮᠥᠰᠥ ᠶᠢ ᠡᠪᠳᠡᠨ ᠤᠰᠤ ᠴᠤᠭᠯᠠᠭᠤᠯᠵᠤ᠂ ᠤᠰᠤᠨ ᠤ ᠴᠢᠨᠠᠷ ᠢ ᠬᠢᠨᠠᠨ ᠬᠡᠮᠵᠢᠪᠡ︔ ᠬᠠᠯᠠᠭᠤᠨ ᠨᠡᠷᠡᠨ ᠳᠤ᠂ ᠲᠡᠳᠡ | ᠬᠥᠯᠥᠰᠥ ᠠᠰᠬᠠᠷᠠᠭᠤᠯᠤᠨ᠂ ᠭᠠᠵᠠᠷ ᠰᠢᠷᠣᠢ ᠶᠢᠨ ᠭᠠᠩ ᠬᠠᠭᠰᠠᠷᠠᠭᠠᠨ ᠤ ᠪᠠᠶᠢᠳᠠᠯ ᠢ ᠬᠠᠶᠢᠨ ᠪᠠᠶᠢᠴᠠᠭᠠᠵᠤ᠂ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠳᠤ ᠬᠤᠪᠣᠷ ᠨᠠᠨᠳᠢᠨ ᠮᠠᠲ᠋ᠧᠷᠢᠶᠠᠯ ᠬᠠᠩᠭᠠᠪᠠ᠃ | ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ ᠤᠬᠠᠭᠠᠨᠴᠢ᠂ ᠦᠨᠡᠨ ᠢ | ᠪᠠᠷᠢᠮᠲᠠᠯᠠᠬᠤ᠂ ᠰᠢᠨ᠎ᠡ ᠶᠢ ᠡᠭᠦᠳᠬᠦ︾᠂ ᠦᠶ᠎ᠡ ᠶᠢᠨ ᠦᠶ᠎ᠡ ᠳᠤ ᠤᠯᠠᠮᠵᠢᠯᠠᠭᠳᠠᠭᠰᠠᠨ ᠤᠰᠤᠨ ᠠᠰᠢᠭᠯᠠᠯᠲᠠ ᠶᠢᠨ | ᠵᠣᠷᠢᠭ ᠰᠠᠨᠠᠭ᠎ᠠ ᠨᠢ ᠤᠳᠤ ᠶᠢᠨ ᠴᠤᠭ ᠵᠣᠯᠢ ᠪᠠᠳᠠᠷᠠᠩᠭᠤᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠤᠰᠤᠨ | ᠰᠢᠨᠵᠢᠯᠡᠭᠡᠨ ᠤ ᠪᠦᠯᠬᠦᠮ ᠢ ᠴᠣᠭᠴᠠᠯᠠᠭᠰᠠᠨ ᠪᠠᠶᠢᠨ᠎ᠠ᠂ ᠶᠠᠭ ᠡᠶᠢᠮᠦᠷᠬᠦ ᠵᠣᠷᠢᠭ ᠰᠠᠨᠠᠭ᠎ᠠ ᠨᠢ ᠭᠤᠶᠠᠴᠢ ᠦᠭᠡᠢ ᠬᠤᠪᠢ | ᠨᠡᠮᠡᠷᠢ ᠦᠵᠡᠭᠦᠯᠬᠦ᠂ ᠴᠥᠬᠦᠷᠡᠰᠢ ᠦᠭᠡᠢ ᠪᠠᠷᠢᠮᠲᠠᠯᠠᠬᠤ ᠤᠰᠤᠨ ᠰᠢᠨᠵᠢᠯᠡᠭᠡᠨ ᠤ ᠬᠠᠶᠢᠷ᠎ᠠ ᠰᠡᠳᠬᠢᠯᠭᠡ ᠶᠢ | ᠤᠯᠠᠮᠵᠢᠯᠠᠭᠰᠠᠨ ᠪᠠᠶᠢᠨ᠎ᠠ᠃ | | |