ᠠᠷᠠᠳ ᠤᠨ ᠡᠳᠦᠷ ᠤᠨ ᠰᠣᠨᠢᠨ᠄ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠤᠰᠤ ᠭᠥᠷᠳᠡᠬᠦ ᠣᠷᠣᠨ ᠤ ᠭᠠᠵᠠᠷ ᠳᠣᠤᠷᠠᠬᠢ ᠤᠰᠤᠨ ᠤ ᠲᠦᠪᠰᠢᠨ ᠳᠡᠭᠡᠭᠰᠢᠯᠡᠪᠡ
ᠨᠡᠶᠢᠲᠡᠯᠡᠭᠰᠡᠨ ᠴᠠᠭ᠄
2022/2/14
     ︽ᠠᠷᠠᠳ ᠤᠨ ᠡᠳᠦᠷ ᠤᠨ ᠰᠣᠨᠢᠨ︾ ︵2022 ᠣᠨ ᠤ 02 ᠰᠠᠷ᠎ᠠ ᠶᠢᠨ 09 ᠤ ᠡᠳᠦᠷ   02 ᠳ᠋ᠤᠭᠠᠷ  ᠬᠡᠪᠯᠡᠯ︶      ᠲᠣᠰ ᠰᠣᠨᠢᠨ ᠤ ᠰᠣᠨᠢᠨ  ᠪᠡᠭᠡᠵᠢᠩ ᠤᠨ 2 ᠰᠠᠷ᠎ᠠ ᠶᠢᠨ 8 ᠤ ᠡᠳᠦᠷ ᠤᠨ ᠮᠡᠳᠡᠭᠡ ︵ᠸᠠᠩ ᠬᠤᠤ᠂ ᠰᠢᠤᠢ ᠠᠨ ᠴᠢᠶᠠᠩ︶ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠠᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠠᠮᠤᠭ ᠤᠨ ᠰᠢᠨ᠎ᠡ ᠦᠨᠡᠯᠡᠨ ᠵᠢᠱᠢᠭᠰᠡᠨ ᠦᠷ᠎ᠡ ᠳ᠋ᠦᠩ ᠠᠴᠠ ᠦᠵᠡᠪᠡᠯ᠄ ᠢᠨᠵᠧᠨᠧᠷᠢᠩ ᠤᠨ ᠤᠰᠤ ᠨᠡᠪᠲᠡᠷᠡᠭᠰᠡᠨ ᠠᠴᠠ 2020 ᠣᠨ ᠤ ᠡᠴᠦᠰ ᠪᠣᠯᠲᠠᠯ᠎ᠠ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠤᠰᠤ ᠲᠠᠲᠠᠬᠤ ᠣᠷᠣᠨ ᠤ ᠬᠤᠲᠠ ᠲᠣᠭᠤᠷᠢᠭ ᠤᠨ ᠭᠠᠵᠠᠷ ᠳᠣᠤᠷᠠᠬᠢ ᠤᠰᠤ ᠶᠢ ᠳᠠᠷᠤᠵᠤ ᠲᠠᠲᠠᠭᠰᠠᠨ ᠬᠡᠮᠵᠢᠶ᠎ᠡ 30 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠠᠪᠠᠵᠤ᠂ ᠬᠥᠳᠡᠭᠡ ᠲᠣᠰᠬᠤᠨ ᠤ ᠭᠠᠵᠠᠷ ᠳᠣᠤᠷᠠᠬᠢ ᠤᠰᠤ ᠶᠢ ᠳᠠᠷᠤᠵᠤ ᠲᠠᠲᠠᠭᠰᠠᠨ ᠬᠡᠮᠵᠢᠶ᠎ᠡ ᠴᠦ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃      ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠤᠰᠤ ᠬᠦᠯᠢᠶᠡᠬᠦ ᠣᠷᠣᠨ ᠨᠢ ᠬᠠᠶᠢᠾᠤ ᠭᠤᠣᠯ ᠤᠨ ᠰᠠᠪᠠ ᠭᠠᠵᠠᠷ᠂ ᠬᠤᠸᠠᠶᠢᠾᠧ ᠭᠤᠣᠯ ᠤᠨ ᠰᠠᠪᠠ ᠭᠠᠵᠠᠷ ᠪᠠ ᠬᠠᠲᠤᠨ ᠭᠤᠣᠯ ᠤᠨ ᠰᠠᠪᠠ ᠭᠠᠵᠠᠷ ᠤᠨ ᠳᠣᠲᠣᠷᠠᠬᠢ ᠪᠡᠭᠡᠵᠢᠩ᠂ ᠲᠢᠶᠠᠨᠵᠢᠨ᠂  ᠾᠧᠪᠧᠢ᠂ ᠵᠢᠶᠠᠩᠰᠦ᠂ ᠱᠠᠨᠳᠦ᠋ᠩ᠂ ᠾᠧᠨᠠᠨ ᠵᠡᠷᠭᠡ 6 ᠮᠤᠵᠢ ᠬᠤᠲᠠ  ᠶᠢ ᠬᠠᠮᠤᠷᠴᠤ᠂ ᠣᠷᠣᠨ ᠪᠦᠰᠡ ᠶᠢᠨ ᠲᠠᠯᠠᠪᠠᠶ ᠨᠢ 23 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ 2018 ᠣᠨ  ᠠᠴᠠ 2020 ᠣᠨ ᠪᠣᠯᠲᠠᠯ᠎ᠠ᠂ 6 ᠮᠤᠵᠢ ᠬᠤᠲᠠ ᠶᠢᠨ ᠤᠰᠤ ᠭᠥᠷᠳᠡᠬᠦ ᠣᠷᠣᠨ ᠤ ᠭᠦᠶᠦᠭᠡᠨ ᠳᠠᠪᠬᠤᠷᠭ᠎ᠠ ᠶᠢᠨ ᠭᠠᠵᠠᠷ ᠳᠣᠤᠷᠠᠬᠢ ᠤᠰᠤᠨ ᠤ ᠲᠦᠪᠰᠢᠨ ᠢ ᠦᠨᠳᠦᠰᠦᠨ ᠳᠡᠭᠡᠨ ᠲᠣᠭᠲᠠᠪᠤᠷᠢᠲᠠᠶ ᠪᠠᠶᠢᠯᠭᠠᠨ᠎ᠠ᠃ 2020 ᠣᠨ ᠪᠣᠯᠬᠤ ᠳᠤ ᠲᠢᠶᠠᠨᠵᠢᠨ᠂ ᠾᠧᠪᠧᠢ ᠂ ᠱᠠᠨᠳᠦ᠋ᠩ᠂ ᠾᠧᠨᠠᠨ ᠤ ᠤᠰᠤ ᠭᠥᠷᠳᠡᠬᠦ ᠣᠷᠣᠨ ᠤ ᠭᠦᠨ ᠳᠠᠪᠬᠤᠷᠭ᠎ᠠ ᠶᠢᠨ ᠭᠠᠵᠠᠷ ᠳᠣᠤᠷᠠᠬᠢ ᠤᠰᠤᠨ ᠤ ᠲᠦᠪᠰᠢᠨ ᠳᠤᠮᠳᠠᠴᠢ ᠪᠠᠷ 1.94 ᠮᠧᠲᠷ ᠳᠡᠭᠡᠭᠰᠢᠯᠡᠨ᠎ᠡ᠃      6 ᠮᠤᠵᠢ ᠬᠤᠳᠠ ᠶᠢᠨ ᠤᠰᠤ ᠬᠦᠷᠳᠡᠬᠦ ᠣᠷᠣᠨ ᠨᠢ ᠬᠡᠲᠦᠷᠡᠲᠡᠯ᠎ᠡ ᠮᠠᠯᠲᠠᠭᠰᠠᠨ ᠣᠷᠣᠨ ᠤ ᠬᠤᠳᠠ ᠪᠠᠯᠭᠠᠰᠤᠨ ᠤ ᠥᠪᠡᠷ ᠢᠶᠠᠨ ᠪᠡᠯᠡᠳᠬᠡᠭᠰᠡᠨ ᠬᠤᠳᠳᠤᠭ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠤ ᠬᠤᠳᠳᠤᠭ ᠢ ᠬᠠᠭᠠᠵᠤ ᠵᠣᠭᠰᠣᠭᠠᠬᠤ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠲᠣᠭᠤᠷᠢᠭ ᠤᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠣᠲᠣᠷᠠᠬᠢ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠬᠤᠳᠳᠤᠭ ᠢ ᠪᠢᠲᠡᠭᠦᠮᠵᠢᠯᠡᠵᠦ ᠪᠥᠭᠯᠡᠨ᠎ᠡ᠃ 2020 ᠣᠨ ᠤ ᠰᠡᠭᠦᠯᠴᠢ ᠪᠣᠯᠲᠠᠯ᠎ᠠ᠂ ᠤᠰᠤ  ᠬᠦᠷᠲᠡᠭᠰᠡᠨ ᠣᠷᠣᠨ ᠳᠤ ᠨᠡᠶᠢᠢᠳᠡ 71724 ᠬᠤᠳᠳᠤᠭ ᠢ ᠬᠠᠭᠠᠵᠤ ᠵᠣᠭᠰᠣᠭᠠᠪᠠ᠃ 2018 ᠣᠨ  ᠠᠴᠠ ᠨᠠᠰᠢ ᠂ ᠠᠮᠢ ᠠᠬᠤᠶ ᠪᠠᠷ ᠤᠰᠤ ᠨᠥᠬᠦᠪᠥᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠡᠮᠵᠢᠨ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠤᠰᠤ ᠭᠥᠷᠳᠡᠬᠦ ᠣᠷᠣᠨ ᠤ ᠤᠰᠤ ᠨᠥᠬᠦᠪᠥᠷᠢᠯᠡᠬᠦ ᠭᠤᠤᠯ ᠮᠥᠷᠡᠨ ᠨᠠᠭᠤᠷ ᠳᠠᠭᠠᠤ  ᠤᠰᠤᠨ ᠤ ᠣᠷᠳᠣ ᠪᠠ ᠤᠰᠤᠨ ᠤ ᠭᠠᠳᠠᠷᠭᠤ ᠶᠢᠨ ᠲᠠᠯᠠᠪᠠᠶ ᠲᠠᠢ ᠪᠠᠶᠢᠵᠤ᠂ ᠤᠰᠤ ᠨᠥᠬᠦᠪᠥᠷᠢᠯᠡᠬᠦ ᠠᠴᠠ ᠡᠮᠦᠨᠡᠬᠢ ᠠᠴᠠ ᠲᠣᠰ ᠲᠣᠰ 967 ᠺᠢᠯᠣᠮᠧᠲᠷ ᠪᠠ 348 ᠲᠡᠭᠰᠢ ᠳᠥᠷᠪᠡᠯᠵᠢᠨ ᠺᠢᠯᠣᠮᠧᠲᠷ ᠨᠡᠮᠡᠭᠳᠡᠵᠦ᠂ ᠤᠰᠤ ᠨᠥᠬᠦᠪᠥᠷᠢᠯᠡᠬᠦ ᠭᠤᠤᠯ ᠤᠨ ᠵᠠᠮ ᠤᠨ ᠡᠷᠬᠢᠨ ᠲᠣᠭᠤᠷᠢᠨ ᠤ 10 ᠺᠢᠯᠣᠮᠧᠲᠷ ᠤᠨ ᠬᠡᠪᠴᠢᠶᠡᠨ ᠳᠠᠬᠢ ᠭᠦᠶᠦᠭᠡᠨ ᠳᠠᠪᠬᠤᠷᠭ᠎ᠠ ᠶᠢᠨ ᠭᠠᠵᠠᠷ ᠳᠣᠤᠷᠠᠬᠢ ᠤᠰᠤᠨ ᠤ ᠲᠦᠪᠰᠢᠨ ᠠᠳᠠᠯᠢ ᠬᠤᠭᠤᠴᠠᠭᠠᠨ ᠤ ᠬᠢ ᠠᠴᠠ 0.42 ᠮᠧᠲᠷ ᠳᠡᠭᠡᠭᠰᠢᠯᠡᠵᠦ᠂ ᠭᠠᠵᠠᠷ ᠳᠣᠤᠷᠠᠬᠢ ᠤᠰᠤᠨ ᠤ ᠬᠠᠳᠠᠭᠠᠯᠠᠭᠳᠠᠴᠠ ᠶᠢ ᠪᠦᠲᠦᠮᠵᠢᠲᠡᠶ ᠨᠥᠬᠦᠪᠥᠷᠢᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ  ᠣᠷᠴᠢᠨ ᠲᠣᠭᠤᠷᠢᠨ ᠤ ᠰᠡᠷᠭᠦᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号