ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ᠄ ᠳᠤᠮᠳᠠᠳᠤ ᠤᠯᠤᠰ ᠤᠨ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠯᠠ ᠣᠷᠣᠭᠤᠯᠤᠯᠲᠠ ᠶᠢᠨ ᠬᠡᠪᠴᠢᠶ᠎ᠡ ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠶ
ᠨᠡᠶᠢᠲᠡᠯᠡᠭᠰᠡᠨ ᠴᠠᠭ᠄
2022/2/14
     ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠬᠤᠤ᠂ ᠯᠢ ᠰᠢᠶᠤᠤ ᠴᠢᠩ  ︽ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ︾ ︵2022 ᠣᠨ ᠤ 02 ᠰᠠᠷ᠎ᠠ ᠶᠢᠨ 11 ᠤ ᠡᠳᠦᠷ ᠤᠨ 01 ᠳ᠋ᠦᠭᠡᠷ ᠨᠢᠭᠤᠷ︶      ᠳᠠᠪᠠᠭᠠᠨ ᠤ ᠡᠮᠦᠨ᠎ᠡ ᠬᠠᠪᠤᠷ ᠡᠷᠲᠡ ᠢᠷᠡᠯ᠎ᠡ᠃ ᠤᠯᠤᠰ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ  –  – ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠤᠰᠤᠨ ᠤ ᠡᠬᠢ ᠪᠠᠶᠠᠯᠢᠭ  ᠢ ᠲᠣᠬᠢᠷᠠᠭᠤᠯᠬᠤ ᠪᠠᠷᠢᠯᠭ᠎ᠠ  ᠶᠢᠨ ᠠᠵᠢᠯ ᠤᠨ ᠲᠤᠬᠠᠶ  ᠶᠢᠨ ᠭᠠᠵᠠᠷ ᠲᠤ ᠤᠯᠤᠰ ᠲᠠᠭᠠᠨ ᠦᠢᠯᠡᠳᠪᠦᠷᠢᠯᠡᠭᠰᠡᠨ ᠬᠡᠳᠦᠨ ᠠᠷᠪᠠᠨ ᠲᠣᠮᠣ ᠬᠡᠯᠪᠡᠷᠢ  ᠶᠢᠨ ᠴᠣᠬᠴᠠᠯᠠᠬᠤ ᠨᠦᠬᠡᠯᠡᠭᠦᠷ ᠢ  ᠶᠠᠭ ᠰᠠᠶᠢᠬᠠᠨ ᠬᠤᠷᠳᠤᠨ ᠮᠠᠯᠲᠠᠵᠤ ᠪᠠᠶᠢᠨ᠎ᠠ᠃ ︽ᠣᠳᠣᠬᠠᠨ ᠳᠤ ᠮᠠᠨ ᠤ ᠢᠨᠵᠧᠨᠧᠷᠢᠩ ᠬᠠᠭᠠᠰ   ᠨᠢ ᠳᠠᠭᠤᠰᠴᠤ᠂ 10 ᠭᠠᠷᠤᠶ ᠬᠡᠰᠡᠭ ᠤᠰᠤ ᠳᠠᠮᠵᠢᠭᠤᠯᠬᠤ ᠨᠦᠬᠡᠨ ᠵᠠᠮ  ᠢ ᠨᠡᠪᠲᠡᠷᠡᠭᠦᠯᠦᠭᠡᠳ᠂ 2023 ᠣᠨ ᠤ ᠡᠴᠦᠰ ᠲᠤ ᠤᠷᠢᠳᠴᠢᠯᠠᠨ ᠤᠰᠤ ᠨᠡᠪᠲᠡᠷᠡᠭᠦᠯᠬᠦ ᠪᠠᠷ ᠴᠢᠷᠮᠠᠶᠢᠵᠤ ᠪᠠᠶᠢᠨ᠎ᠠ︾ ᠭᠡᠵᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠳ᠋ᠦ᠋ ᠼᠠᠨ ᠶᠠᠩ  ᠲᠠᠨᠢᠯᠴᠠᠭᠤᠯᠪᠠ᠂ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ 353.99 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠤᠰᠤ ᠬᠠᠩᠭᠠᠬᠤ ᠬᠡᠮᠵᠢᠶ᠎ᠡ ᠶᠢ 17.08 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢᠶᠠᠷ ᠲᠥᠯᠥᠪᠯᠡᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠦᠲᠦᠮᠵᠢᠲᠡᠶ ︽ ᠤᠮᠳᠠᠭᠠᠰᠠᠯ ᠢ ᠲᠠᠶᠢᠯᠬᠤ︾  ᠪᠣᠯᠣᠨ᠎ᠠ‌‍ᠭᠡᠵᠡᠶ᠃      ᠲᠣᠮᠣ ᠲᠣᠮᠣ ᠶᠡᠭᠡ ᠬᠠᠰᠢᠯᠭ᠎ᠠ ᠨᠤᠭᠤᠳ ᠭᠤᠣᠯ ᠮᠥᠷᠡᠨ ᠢ ᠬᠥᠨᠳᠡᠯᠢᠰᠴᠦ᠂ ᠵᠤᠷᠪᠤᠰ ᠵᠤᠷᠪᠤᠰ  ᠳᠠᠮᠵᠢᠭᠤᠯᠬᠤ ᠬᠤᠭᠤᠯᠠᠶ ᠨᠤᠭᠤᠳ ᠠᠭᠤᠯᠠ ᠳᠠᠪᠠᠭ᠎ᠠ ᠶᠢ ᠳᠠᠪᠠᠵᠤ᠂ ᠤᠰᠤᠨ ᠴᠥᠭᠦᠷᠥᠮ ᠤᠳ ᠠᠭᠤᠯᠠ ᠤᠰᠤ ᠶᠢ ᠬᠦᠷᠢᠶᠡᠯᠡᠵᠦ ᠪᠠᠶᠢᠨ᠎ᠠ ᠁  ᠨᠢᠭᠡ  ᠪᠦᠯᠦᠭ ᠰᠠᠭᠤᠷᠢ  ᠶᠢᠨ ᠴᠢᠨᠠᠷᠲᠠᠶ᠂ ᠵᠠᠩᠭᠢᠯᠠᠭ᠎ᠠ ᠶᠢᠨ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ  ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠰᠦᠨᠳᠡᠷᠯᠡᠨ ᠪᠣᠰᠴᠤ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠪᠠ᠃ ᠤᠰᠤᠨ ᠠᠰᠢᠭᠯᠠᠯᠲᠠ ᠶᠢᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠲᠣ ᠪᠣᠯᠲᠠᠯ᠎ᠠ ᠂ 2014 ᠣᠨ ᠠᠴᠠ ᠡᠬᠢᠯᠡᠨ ᠬᠡᠷᠡᠭᠵᠢᠭᠦᠯᠦᠭᠰᠡᠨ 172 ᠵᠦᠶᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ  ᠢ ᠨᠡᠶᠢᠲᠡ 149 ᠵᠦᠶᠯ ᠢ ᠨᠢ ᠡᠬᠢᠯᠡᠭᠦᠯᠵᠦ᠂ 49 ᠵᠦᠶᠯ ᠢ ᠨᠢ  ᠳᠠᠭᠤᠰᠬᠠᠵᠤ᠂ 19 ᠵᠦᠶᠯ ᠢ  ᠨᠢ  ᠪᠠᠷᠢᠯᠭ᠎ᠠ ᠳᠠᠭᠤᠰᠬᠠᠵᠤ ᠰᠢᠯᠭᠠᠨ ᠠᠪᠤᠭᠰᠠᠨ ᠪᠠᠶᠢᠨ᠎ᠠ᠃ ᠡᠭᠦᠨ ᠤ ᠬᠠᠮᠲᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ 2020 ᠣᠨ ᠵᠢᠴᠢ ᠲᠠᠷᠠᠭᠠᠴᠢ ᠶᠢᠨ 150 ᠵᠦᠶᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠤ ᠲᠦᠷᠭᠡᠳᠬᠡᠨ ᠬᠡᠷᠡᠭᠵᠢᠭᠦᠯᠵᠦ᠂ 67 ᠵᠦᠶᠯ ᠤᠨ ᠲᠥᠷᠥᠯ ᠵᠦᠶᠯ ᠪᠠᠶᠢᠭᠤᠯᠬᠤ ᠶᠢ ᠨᠢᠭᠡᠨᠲᠡ ᠴᠤᠬᠤᠯᠠᠪᠤᠷᠢᠯᠠᠨ ᠬᠠᠷᠢᠭᠤᠯᠵᠤ᠂ 62 ᠵᠦᠶᠯ ᠤᠨ ᠲᠥᠷᠥᠯ ᠵᠦᠶᠯ ᠢ ᠠᠵᠢᠯ ᠡᠬᠢᠯᠡᠭᠦᠯᠪᠡ᠃ ᠣᠳᠣᠬᠠᠨ ᠪᠣᠯᠲᠠᠯ᠎ᠠ᠂ ᠮᠠᠨ ᠤ ᠤᠯᠤᠰ ᠤᠨ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃      ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠤᠯᠤᠰ ᠳᠡᠯᠡᠬᠡᠶ ᠳᠡᠭᠡᠷᠡᠬᠢ  ᠬᠡᠮᠵᠢᠶ᠎ᠡ ᠪᠠᠷ ᠬᠠᠮᠤᠭ ᠤᠨ ᠶᠡᠭᠡ ᠂ ᠬᠡᠪᠴᠢᠶ᠎ᠡ ᠪᠠᠷ ᠬᠠᠮᠤᠭ ᠤᠨ ᠥᠷᠭᠡᠨ᠂ ᠠᠰᠢᠭ ᠭᠥᠷᠳᠡᠬᠦ ᠬᠥᠮᠦᠨ ᠠᠮᠠ ᠪᠠᠷ ᠬᠠᠮᠤᠭ ᠤᠨ ᠣᠯᠠᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠠᠴᠠ ᠳᠤᠷᠠᠳᠤᠭᠰᠠᠨ ᠨᠢ᠂ ᠡᠨᠡ ᠵᠢᠯ ᠤᠯᠤᠰ ᠤᠨ ᠤᠰᠤᠨ ᠠᠰᠢᠭᠯᠠᠯᠲᠠ ᠶᠢᠨ ᠲᠣᠤᠷ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠴᠢᠳᠠᠪᠤᠷᠢ᠂ ᠤᠰᠤ ᠬᠠᠩᠭᠠᠬᠤ ᠶᠢ ᠪᠠᠲᠤᠯᠠᠬᠤ ᠴᠢᠳᠠᠪᠤᠷᠢ᠂ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号