ᠠᠷᠠᠳ ᠤᠨ ᠰᠦᠯᠵᠢᠶ᠎ᠡ᠄ 2021 ᠣᠨ ᠳᠤ ᠤᠰᠤᠨ ᠠᠰᠢᠭᠯᠠᠯᠲᠠ ᠶᠢᠨ ᠶᠠᠮᠤᠨ ᠨᠡᠶᠢᠲᠡ 517 ᠬᠤᠪᠢ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠵᠦ᠂ ︽ᠭᠤᠷᠪᠠᠨ 100%︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/2/28
    ᠠᠷᠠᠳ ᠤᠨ ᠰᠦᠯᠵᠢᠶ᠎ᠡ ᠶᠢᠨ ᠪᠡᠭᠡᠵᠢᠩ ᠤᠨ 2 ᠰᠠᠷ᠎ᠠ ᠶᠢᠨ 24 ᠤ ᠡᠳᠦᠷ ᠤᠨ ᠮᠡᠳᠡᠭᠡ ︵ᠸᠠᠩ ᠷᠧᠨ ᠬᠤᠩ ︶ ︽2021 ᠣᠨ ᠳᠤ ᠤᠰᠤᠨ ᠠᠰᠢᠭᠯᠠᠯᠲᠠ ᠶᠢᠨ ᠶᠠᠮᠤᠨ ᠨᠡᠶᠢᠲᠡ 517 ᠬᠤᠪᠢ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠵᠦ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠲᠥᠯᠥᠭᠡᠯᠡᠭᠴᠢ ᠭᠡᠰᠢᠭᠦᠳ ᠲᠠᠢ ᠨᠡᠪᠲᠡᠷᠡᠯᠴᠡᠭᠰᠡᠨ ᠨᠣᠷᠮ᠎ᠠ᠂ ᠲᠥᠯᠥᠭᠡᠯᠡᠭᠴᠢ ᠭᠡᠰᠢᠭᠦᠳ ᠤᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠭᠤᠷᠪᠠ 100% ᠶᠢ ᠪᠡᠶᠡᠯᠡᠭᠦᠯᠪᠡ︔ 2 ᠰᠠᠷ᠎ᠠ ᠶᠢᠨ 23 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠲᠢᠶᠠᠨ ᠰᠢᠤᠸᠠᠢ ᠪᠢᠨ ᠤᠰᠤᠨ ᠠᠰᠢᠭᠯᠠᠯᠲᠠ ᠶᠢᠨ ᠶᠠᠮᠤᠨ ᠤ 2021 ᠣᠨ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠠᠨᠢᠯᠴᠠᠭᠤᠯᠪᠠ      ᠲᠢᠶᠠᠨ ᠰᠢᠤᠸᠠᠢ ᠪᠢᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠤᠰᠤᠨ ᠠᠰᠢᠭᠯᠠᠯᠲᠠ ᠶᠢᠨ ᠶᠠᠮᠤᠨ ᠤ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠭᠰᠡᠨ ᠲᠤᠭ᠎ᠠ ᠵᠢᠯ ᠳᠠᠷᠠᠭᠠᠯᠠᠨ ᠨᠡᠮᠡᠭᠳᠡᠵᠦ᠂ 2021 ᠣᠨ ᠳᠤ 517 ᠬᠤᠪᠢ ᠰᠠᠨᠠᠯ ᠳᠤᠷᠠᠳᠤᠯᠭ᠎ᠠ ᠳᠤ ᠬᠦᠷᠴᠦ᠂ ᠰᠠᠨᠠᠯ ᠳᠤᠷᠠᠳᠤᠯᠭ᠎ᠠ ᠨᠢᠭᠡᠪᠦᠷᠢ ᠶᠢ ᠰᠠᠶᠢᠲᠤᠷ᠂ ᠪᠣᠳᠠᠲᠠᠢ᠂ ᠪᠠᠷᠢᠮᠵᠢᠶᠠᠨ ᠳᠤ ᠬᠦᠷᠲᠡᠯ᠎ᠡ  ᠰᠢᠢᠳᠪᠦᠷᠢᠯᠡᠬᠦ ᠪᠠᠷ ᠴᠢᠷᠮᠠᠶᠢᠪᠠ ᠭᠡᠵᠡᠢ᠃      ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠭᠦᠨᠵᠡᠭᠡᠶᠢᠷᠡᠭᠦᠯᠦᠨ᠎ᠡ᠃ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠰᠡᠳᠦᠪ ᠲᠣᠭᠲᠠᠭᠠᠬᠤ᠂ ᠰᠢᠪᠠᠳᠠᠨ ᠰᠢᠢᠳᠪᠦᠷᠢᠯᠡᠭᠦᠯᠬᠦ᠂ ᠲᠣᠬᠢᠷᠠᠭᠤᠯᠬᠤ᠂ ᠬᠢᠨᠠᠨ ᠵᠢᠯᠤᠭᠤᠳᠬᠤ᠂ ᠰᠡᠳᠦᠪ ᠳᠠᠭᠤᠰᠬᠠᠬᠤ᠂ ᠬᠢᠨᠠᠨ ᠰᠢᠯᠭᠠᠬᠤ ᠰᠢᠪᠠᠳᠠᠨ ᠰᠢᠢᠳᠪᠦᠷᠢᠯᠡᠭᠦᠯᠬᠦ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠭᠰᠡᠨ ᠶᠠᠪᠤᠴᠠ ᠨᠢᠭᠡᠪᠦᠷᠢ ᠶᠢ ᠥᠭᠰᠥᠨ ᠨᠡᠬᠡᠮᠵᠢᠯᠡᠵᠦ ᠪᠣᠯᠬᠤ᠂ ᠰᠢᠢᠳᠪᠦᠷᠢᠯᠡᠭᠰᠡᠨ ᠦᠷ᠎ᠡ ᠳ᠋ᠦᠩ ᠢ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠪᠠ᠃      ᠣᠶᠢᠯᠠᠭᠠᠯᠴᠠᠵᠤ ᠵᠥᠪᠳᠡᠯᠴᠡᠬᠦ ᠶᠢ ᠭᠦᠨᠵᠡᠭᠡᠶᠢᠷᠡᠭᠦᠯᠦᠨ᠎ᠡ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠢ ᠬᠠᠮᠠᠭᠠᠯᠠᠬᠤ ᠳᠣᠯᠭᠢᠶᠠᠨ ᠬᠢᠭᠡᠳ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠴᠠᠭ ᠬᠤᠭᠤᠴᠠᠭ᠎ᠠ ᠳᠡᠭᠡᠳᠦ ᠬᠡᠮᠵᠢᠶ᠎ᠡ ᠪᠠᠷ ᠳᠠᠪᠬᠤᠴᠠᠭᠰᠠᠨ ᠪᠠᠶᠢᠳᠠᠯ ᠳᠣᠣᠷ᠎ᠠ᠂ ᠤᠰᠤᠨ ᠠᠰᠢᠭᠯᠠᠯᠲᠠ ᠶᠢᠨ ᠶᠠᠮᠤᠨ ᠲᠥᠯᠥᠭᠡᠯᠡᠭᠴᠢ ᠭᠡᠰᠢᠭᠦᠳ ᠲᠠᠢ ᠰᠢᠭᠤᠳ ᠣᠶᠢᠯᠴᠠᠭᠠᠯᠴᠠᠨ ᠨᠡᠪᠲᠡᠷᠡᠯᠴᠡᠬᠦ ᠬᠠᠲᠠᠭᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ ᠭᠦᠢᠴᠡᠳᠬᠡᠬᠦ ᠶᠢᠨ ᠡᠮᠦᠨᠡᠬᠢ ᠬᠤᠭᠤᠴᠠᠭᠠᠨ ᠳᠤ᠂ ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠵᠤ᠂ ᠲᠥᠯᠥᠭᠡᠯᠡᠭᠴᠢ ᠭᠡᠰᠢᠭᠦᠨ ᠤ ᠤᠭ ᠰᠠᠨᠠᠭ᠎ᠠ ᠶᠢ ᠣᠶᠢᠯᠠᠭᠠᠨ᠎ᠠ︔ ᠰᠢᠢᠳᠪᠦᠷᠢᠯᠡᠬᠦ ᠶᠠᠪᠤᠴᠠ ᠳᠤ᠂ ᠰᠤᠷᠪᠤᠯᠵᠢᠯᠠᠬᠤ᠂ ᠶᠠᠷᠢᠯᠴᠠᠬᠤ᠂ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠥᠯᠥᠭᠡᠯᠡᠭᠴᠢ ᠭᠡᠰᠢᠭᠦᠳ ᠲᠠᠢ ᠢᠳᠡᠪᠬᠢᠲᠡᠢ ᠪᠠᠷ ᠣᠶᠢᠯᠠᠭᠠᠯᠴᠠᠨ ᠰᠣᠯᠢᠯᠴᠠᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠎ᠡ︔ ᠰᠡᠭᠦᠯᠴᠢ ᠶᠢᠨ ᠬᠤᠭᠤᠴᠠᠭᠠᠨ ᠳᠤ᠂ ᠲᠥᠯᠥᠭᠡᠯᠡᠭᠴᠢ ᠭᠡᠰᠢᠭᠦᠳ ᠤᠨ ᠬᠠᠷᠢᠭᠤᠯᠲᠠ ᠶᠢᠨ ᠲᠤᠬᠠᠢ ᠰᠠᠨᠠᠯ ᠢ ᠬᠢᠨᠠᠮᠠᠭᠠᠢ ᠰᠣᠨᠣᠰᠴᠤ᠂ ᠰᠢᠢᠳᠪᠦᠷᠢᠯᠡᠵᠦ ᠳᠠᠭᠤᠰᠤᠭᠰᠠᠨ ᠤ ᠲᠠᠷᠠᠭ᠎ᠠ ᠦᠷᠭᠦᠯᠵᠢᠯᠡᠨ ᠮᠥᠷᠳᠡᠨ ᠡᠷᠭᠢᠵᠦ ᠰᠤᠷᠪᠤᠯᠵᠢᠯᠠᠨ᠎ᠠ᠃      ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ᠎ᠡ᠃ ᠦᠨᠡᠨᠴᠢ ᠪᠠᠷ ᠰᠢᠢᠳᠪᠦᠷᠢᠯᠡᠵᠦ ᠬᠠᠷᠢᠭᠤᠯᠲᠠ ᠥᠭᠬᠦ ᠶᠢ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠬᠦ ᠯᠦᠭᠡ ᠤᠶᠠᠯᠳᠤᠭᠤᠯᠬᠤ ᠶᠢ ᠪᠠᠷᠢᠮᠲᠠᠯᠠᠵᠤ᠂ ᠠᠯᠢ ᠣᠯᠠᠨ ᠤᠰᠤᠨ ᠠᠰᠢᠭᠯᠠᠯᠲᠠ ᠶᠢᠨ ᠬᠠᠤᠯᠢ ᠲᠣᠭᠲᠠᠭᠠᠯ ᠳᠦᠷᠢᠮ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠬᠤ ᠶᠢᠨ ᠬᠠᠮᠲᠤ ︽ᠰᠡᠭᠦᠯᠴᠢ ᠶᠢᠨ ᠬᠠᠭᠠᠰ ᠵᠣᠬᠢᠶᠠᠯ︾ ᠳᠤ ᠬᠠᠷᠢᠭᠤᠯᠲᠠ ᠥᠭᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠭᠤᠯᠲᠠ ᠥᠭᠬᠦ ᠠᠮᠠᠯᠠᠯᠲᠠ ᠶᠢᠨ ᠵᠦᠢᠯᠡᠰ ᠢ ᠦᠷᠭᠦᠯᠵᠢᠯᠡᠨ ᠮᠥᠷᠳᠡᠵᠦ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃      ᠲᠢᠶᠠᠨ ᠰᠢᠤᠸᠠᠢ ᠪᠢᠨ᠂ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠨᠢ ᠥᠷᠭᠡᠨ ᠣᠯᠠᠨ ᠠᠷᠠᠳ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠠᠯᠠᠭᠤᠨ ᠬᠦᠰᠡᠯ ᠱᠠᠭᠠᠷᠳᠠᠯᠭ᠎ᠠ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠲᠤᠰᠬᠠᠭᠰᠠᠨ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨ ᠳᠤ ᠦᠢᠯᠡᠴᠢᠯᠡᠵᠦ᠂ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠨ᠎ᠠ ᠭᠡᠵᠦ ᠬᠡᠯᠡᠪᠡ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号