ᠭᠤᠸᠠᠩᠮᠢᠩ ᠡᠳᠦᠷ ᠤᠨ ᠰᠣᠨᠢᠨ᠄ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠡᠩᠭᠡᠷᠭᠡ ᠳᠡᠯᠡᠳᠴᠦ  ᠳᠠᠬᠢᠨᠲᠠ ᠮᠣᠷᠳᠠᠪᠠ
ᠨᠡᠶᠢᠲᠡᠯᠡᠭᠰᠡᠨ ᠴᠠᠭ᠄
2022/4/12
 ᠵᠣᠬᠢᠶᠠᠭᠴᠢ᠄ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠴᠧᠨ ᠴᠧᠨ  ︽ᠭᠤᠸᠠᠩ ᠮᠢᠩ ᠡᠳᠦᠷ ᠤᠨ ᠰᠣᠨᠢᠨ︾ ︵2022  ᠣᠨ ᠤ 04 ᠰᠠᠷ᠎ᠠ ᠶᠢᠨ 9 ᠤ ᠡᠳᠦᠷ  06 ᠳ᠋ᠤᠭᠠᠷ ᠨᠢᠭᠤᠷ︶      ︽ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠣᠷᠣᠨ ᠨᠤᠲᠤᠭ ᠲᠠᠢ ᠬᠠᠮᠲᠤ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂  ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤᠨ ᠤ ᠠᠶᠤᠯᠭᠦᠢ ᠶᠢ ᠪᠠᠲᠤᠯᠠᠬᠤ ᠲᠥᠯᠦᠪᠵᠢᠭᠦᠯᠭᠡ ᠪᠠᠷ ᠦᠨᠳᠦᠰᠦᠯᠡᠯ ᠪᠣᠯᠭᠠᠵᠤ᠂ ᠤᠯᠤᠰ ᠤᠨ ᠤᠰᠤᠨ ᠤ ᠲᠣᠣᠷ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ᠂ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠦᠨ᠎ᠡ᠃︾ 4 ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠢ ᠱᠠᠨ ᠵᠥᠩ ᠢᠯᠡᠷᠬᠡᠶᠢᠯᠡᠬᠦ ᠳᠡᠭᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ᠂ ᠡᠮᠦᠨᠡᠬᠢ ᠬᠤᠭᠤᠴᠠᠭᠠᠨ ᠤ ᠮᠡᠷᠭᠡᠵᠢᠯ ᠤᠨ ᠨᠤᠲᠠᠯᠠᠯᠲᠠ ᠦᠨᠳᠦᠰᠦᠨ ᠳᠡᠭᠡᠨ ᠪᠣᠯᠪᠠᠰᠤᠷᠠᠩᠭᠤᠢ ᠪᠣᠯᠤᠭᠰᠠᠨ᠂ ᠮᠤᠵᠢ ᠶᠢᠨ ᠬᠤᠭᠤᠷᠣᠨᠳᠤ ᠴᠢᠬᠤᠯᠠ ᠶᠡᠭᠡ ᠵᠥᠷᠢᠯᠳᠦᠭᠡᠨ ᠦᠭᠡᠢ᠂ ᠣᠷᠣᠨ ᠨᠤᠲᠤᠭ ᠤᠨ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠦᠰᠡᠯ ᠢᠶᠠᠷ ᠨᠡᠯᠢᠶᠡᠳ ᠴᠢᠩᠭ᠎ᠠ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠪᠠᠨ ᠲᠦᠷᠭᠡᠳᠬᠡᠵᠦ᠂ ᠢᠨᠵᠧᠨᠧᠷᠢᠩ ᠢ ᠡᠷᠲᠡᠬᠡᠨ ᠡᠬᠢᠯᠡᠭᠦᠯᠦᠨ ᠪᠠᠶᠢᠭᠤᠯᠬᠤ ᠶᠢ ᠲᠦᠯᠬᠢᠨ ᠠᠬᠢᠭᠤᠯᠤᠨ᠎ᠠ ᠭᠡᠵᠡᠢ᠃      ᠳᠥᠷᠪᠡᠨ ᠲᠠᠯ᠎ᠠ  ᠶᠢᠨ ᠪᠦᠲᠦᠭᠡᠨ ᠪᠠᠶᠢᠭᠤᠯᠤᠯᠲᠠ  ᠶᠢᠨ ᠡᠭᠦᠷᠭᠡ  ᠶᠢ  ᠲᠣᠪᠤᠶᠢᠯᠭᠠᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂  ᠬᠠᠮᠤᠭ ᠤᠨ ᠥᠷᠭᠡᠨ᠂ ᠠᠰᠢᠭ ᠬᠦᠷᠳᠡᠬᠦ ᠬᠥᠮᠥᠨ ᠠᠮᠠ ᠶᠢᠨ ᠲᠤᠭ᠎ᠠ ᠬᠠᠮᠤᠭ ᠤᠨ ᠤᠯᠠᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ  ᠰᠢᠰᠲ᠋ᠧᠮ ᠢ ᠪᠦᠷᠢᠯᠳᠦᠭᠦᠯᠦᠭᠰᠡᠨ ᠪᠣᠯᠪᠠᠴᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ  ᠰᠢᠰᠲ᠋ᠧᠮ ᠲᠡᠭᠦᠯᠳᠡᠷᠵᠢᠭᠡᠳᠦᠢ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠮᠥᠨ ᠣᠷᠣᠰᠢᠭᠰᠠᠭᠠᠷ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠤ ᠲᠥᠯᠦᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠵᠠᠩ ᠰᠢᠶᠠᠩ ᠸᠧᠢ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠰᠢᠨ᠎ᠡ ᠱᠠᠲᠤᠨ ᠳᠠᠬᠢ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠲᠦᠷᠪᠡᠨ ᠲᠠᠯ᠎ᠠ ᠶᠢᠨ ᠡᠭᠦᠷᠭᠡ ᠶᠢ ᠲᠤᠪᠤᠶᠢᠯᠭᠠᠨ᠎ᠠ ᠭᠡᠪᠡ᠃      ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ᠂ ᠡᠨᠡ ᠵᠢᠯ ᠬᠥᠬᠡᠮᠥ᠋ᠷᠡᠨ ᠤ ᠦ᠋  ᠬᠤ᠋ ᠭᠤᠣᠯ ᠤᠨ ᠬᠡᠰᠡᠭ ᠢ ᠴᠡᠭᠴᠡᠯᠡᠨ ᠵᠠᠰᠠᠬᠤ᠂ ᠬᠠᠳᠤᠨ ᠭᠤᠣᠯ ᠤᠨ ᠳᠣᠣᠷᠠᠳᠤ ᠤᠷᠤᠰᠬᠠᠯ ᠤᠨ ᠦᠶᠡᠷ ᠢ ᠰᠡᠷᠭᠡᠶᠢᠯᠡᠨ ᠵᠠᠰᠠᠬᠤ᠂ ᠬᠤᠸᠠᠢ ᠾᠧ ᠭᠤᠣᠯ ᠤᠨ ᠳᠠᠯᠠᠢ ᠳᠤ ᠴᠢᠳᠬᠤᠬᠤ ᠤᠰᠤᠨ ᠵᠠᠮ ᠤᠨ ᠬᠤᠶᠠᠳᠤᠭᠠᠷ ᠬᠤᠭᠤᠴᠠᠭ᠎ᠠ᠂ ᠲᠠᠢ  ᠬᠤ᠋ ᠨᠠᠭᠤᠷ ᠤᠨ ᠦ᠋ ᠰᠦᠩ ᠵᠢᠶᠠᠩ ᠮᠥᠷᠡᠨ ᠢ ᠴᠡᠭᠴᠡᠯᠡᠨ ᠵᠠᠰᠠᠬᠤ ᠢᠨᠵᠧᠨᠧᠷᠢᠩ ︵ᠵᠢᠶᠠᠩᠰᠤ ᠶᠢᠨ ᠬᠡᠰᠡᠭ︶ ᠵᠡᠷᠭᠡ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠭᠤᠣᠯᠯᠠᠭᠴᠢ ᠢᠨᠵᠧᠨᠧᠷᠢᠩ ᠢ ᠠᠵᠢᠯ ᠡᠬᠢᠯᠡᠭᠦᠯᠵᠦ᠂ ᠬᠠᠳᠤᠨ ᠭᠤᠣᠯ ᠤᠨ  ᠭᠦ᠋ ᠰᠢᠶᠠᠨ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠶᠡᠭᠡ ᠭᠤᠣᠯ ᠮᠥᠷᠡᠨ ᠶᠡᠭᠡ ᠨᠠᠭᠤᠷ  ᠴᠦᠬᠦᠷᠦᠮ ᠶᠢᠨ ᠦᠶᠡᠷ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠡᠨᠡ ᠵᠢᠯ ᠤᠯᠤᠰ ᠤᠨ ᠤᠰᠤᠨ ᠤ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠬᠤᠯᠠ ᠶᠡᠭᠡ ᠤᠰᠤ ᠲᠠᠲᠠᠬᠤ ᠪᠠ ᠤᠰᠤ ᠲᠠᠲᠠᠬᠤ ᠢᠨᠵᠧᠨᠧᠷᠢᠩ ᠢ ᠲᠦᠯᠬᠢᠨ ᠠᠬᠢᠭᠤᠯᠬᠤ ᠶᠢᠨ ᠬᠠᠮᠲᠤ᠂ ᠭᠦᠢᠵᠧᠦ ᠶᠢᠨ ᠬᠤᠸᠠ ᠲᠠᠨ ᠽᠢ᠂ ᠲᠥᠪᠡᠳ ᠤᠨ ᠫᠠᠽᠢ ᠵᠡᠷᠭᠡ ᠭᠤᠣᠯᠳᠠᠯᠭ᠎ᠠ ᠲᠠᠢ ᠤᠰᠤᠨ ᠤ ᠰᠤᠷᠪᠤᠯᠵᠢ ᠶᠢᠨ ᠢᠨᠵᠧᠨᠧᠷᠢᠩ ᠢ ᠪᠦᠲᠦᠭᠡᠨ ᠪᠠᠶᠢᠭᠤᠯᠤᠨ᠎ᠠ᠃ ᠪᠠᠷᠠᠭᠤᠨ ᠡᠮᠦᠨᠡᠲᠦ ᠣᠷᠣᠨ ᠵᠡᠷᠭᠡ  ᠢᠨᠵᠧᠨᠧᠷᠢᠩ  ᠤᠨ ᠴᠢᠨᠠᠷᠲᠠᠢ  ᠤᠰᠤ ᠲᠤᠲᠠᠭᠳᠠᠵᠤ ᠪᠠᠶᠢᠭ᠎ᠠ ᠭᠠᠵᠠᠷ ᠣᠷᠣᠨ ᠵᠢᠴᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠨᠢᠭᠡ ᠪᠦᠯᠦᠭ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠵᠢᠯ ᠢ ᠡᠬᠢᠯᠡᠭᠦᠯᠦᠨ᠎ᠡ᠃ ᠬᠤᠳᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠬᠥᠳᠡᠭᠡ ᠲᠣᠰᠬᠤᠨ ᠤ ᠤᠰᠤ ᠬᠠᠩᠭᠠᠬᠤ ᠶᠢ ᠬᠡᠪᠴᠢᠶᠡᠵᠢᠭᠦᠯᠦᠨ ᠬᠥᠭᠵᠢᠭᠦᠯᠬᠦ ᠵᠢᠴᠢ ᠵᠢᠵᠢᠭ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠢ ᠪᠠᠷᠢᠮᠵᠢᠶᠠᠵᠢᠭᠤᠯᠤᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃      ᠵᠠᠩ ᠰᠢᠶᠠᠩ ᠸᠧᠢ ᠶᠢᠨ ᠵᠠᠳᠠᠷᠠᠭᠤᠯᠤᠭᠰᠠᠨ ᠢᠶᠠᠷ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ  ᠣᠷᠴᠢᠨ ᠲᠣᠭᠤᠷᠢᠨ ᠢ ᠰᠡᠷᠭᠦᠭᠡᠬᠦ ᠲᠠᠯ᠎ᠠ ᠪᠠᠷ᠂ ᠡᠵᠢ ᠭᠤᠣᠯ ᠢ ᠰᠡᠷᠭᠦᠭᠡᠬᠦ ᠠᠵᠢᠯᠯᠠᠭ᠎ᠠ ᠶᠢ ᠥᠷᠨᠢᠭᠦᠯᠵᠦ᠂ ᠶᠦᠩ ᠳ᠋ᠢᠩ ᠾᠧ ᠭᠤᠣᠯ᠂ ᠴᠤᠤ ᠪᠠᠢ ᠾᠧ ᠭᠤᠣᠯ᠂ ᠪᠠᠷᠠᠭᠤᠨ ᠯᠢᠶᠣᠤ ᠾᠧ ᠭᠤᠣᠯ᠂ ᠮᠦ ᠯᠠᠨ ᠰᠢ ᠭᠤᠣᠯ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢ ᠰᠡᠷᠭᠦᠭᠡᠬᠦ ᠪᠠ ᠵᠠᠰᠠᠬᠤ ᠶᠢ ᠠᠬᠢᠭᠤᠯᠵᠤ᠂ ᠤᠮᠠᠷᠠᠲᠤ ᠣᠷᠣᠨ ᠵᠡᠷᠭᠡ ᠭᠠᠵᠠᠷ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠵᠠᠰᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠬᠡᠯᠡᠪᠡ᠃ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠥᠬᠡᠮᠥ᠋ᠷᠡᠨ ᠤ ᠳᠡᠭᠡᠳᠦ ᠳᠤᠮᠳᠠᠳᠤ ᠤᠷᠤᠰᠬᠠᠯ᠂ ᠬᠠᠲᠤᠨ ᠭᠤᠣᠯ ᠤᠨ ᠳᠤᠮᠳᠠᠳᠤ ᠳᠡᠭᠡᠳᠦ ᠤᠷᠤᠰᠬᠠᠯ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠢ ᠵᠠᠰᠠᠬᠤ ᠡᠷᠴᠢᠮ ᠢ ᠴᠢᠩᠭᠠᠷᠠᠭᠤᠯᠤᠨ᠎ᠠ ᠭᠡᠪᠡ᠃      ᠡᠭᠦᠨ ᠠᠴᠠ ᠭᠠᠳᠠᠨ᠎ᠠ᠂ ᠣᠶᠤᠨᠲᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠣᠭᠠᠴᠢᠯᠠᠭᠰᠠᠨ ᠢᠬᠡᠷ᠎ᠡ ᠰᠠᠪᠠ ᠭᠠᠵᠠᠷ ᠪᠠ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤᠨ ᠤ ᠠᠮᠤᠷ ᠲᠦᠪᠰᠢᠨ ᠤ ᠲᠦᠭᠰᠢᠭᠦᠷᠢ ᠶᠢ ᠰᠠᠨᠠᠭᠠᠴᠢᠯᠠᠭ᠎ᠠ  ᠠᠴᠠ ᠪᠠᠨ ᠠᠷᠭᠠᠴᠠᠵᠤ ᠪᠠᠶᠢᠭᠰᠠᠨ  ᠠᠴᠠ ᠪᠠᠨ ᠰᠠᠨᠠᠭᠠᠴᠢᠯᠠᠭ᠎ᠠ  ᠠᠴᠠ ᠪᠠᠨ ᠰᠡᠷᠭᠡᠶᠢᠯᠡᠨ ᠡᠵᠡᠮᠳᠡᠬᠦ ᠳᠠᠰᠢ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃      ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠨᠢ ᠪᠡᠯᠡ ᠮᠥᠩᠭᠦᠨ ᠤ  ᠪᠠᠲᠤᠯᠠᠭ᠎ᠠ ᠠᠴᠠ ᠰᠠᠯᠵᠤ ᠴᠢᠳᠠᠬᠤ ᠦᠭᠡᠢ᠃︽ᠡᠨᠡ ᠵᠢᠯ ᠪᠢᠳᠡ ᠡᠩ ᠤᠨ  ᠨᠡᠶᠢᠲᠡ  ᠶᠢᠨ ᠦᠢᠯᠡᠰ ᠤᠨ ᠲᠥᠰᠥᠪ  ᠢᠶᠠᠷ ᠳᠠᠮᠵᠢᠭᠤᠯᠤᠨ 1507 ᠳ᠋ᠦᠩᠰᠢᠭᠤᠷ ᠲᠥᠭᠦᠷᠢᠭ ᠲᠣᠬᠢᠷᠠᠭᠤᠯᠵᠠᠢ᠂ ᠡᠭᠦᠨ ᠤ ᠳᠣᠲᠣᠷ᠎ᠠ ᠤᠰᠤᠨ ᠠᠰᠢᠭᠯᠠᠯᠲᠠ  ᠶᠢᠨ ᠬᠥᠭᠵᠢᠭᠦᠯᠦᠯᠲᠡ  ᠶᠢᠨ ᠪᠡᠯᠡ ᠮᠥᠩᠭᠦ 606 ᠳ᠋ᠦᠩᠰᠢᠭᠤᠷ ᠲᠥᠭᠦᠷᠢᠭ ᠲᠤ ᠬᠦᠷᠴᠡᠢ ᡽ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠᠷ ᠳᠠᠮᠵᠢᠭᠤᠯᠤᠨ 572 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠤᠰᠤᠨ ᠠᠰᠢᠭᠯᠠᠯᠲᠠ  ᠶᠢᠨ ᠪᠡᠯᠡ ᠣᠷᠣᠭᠤᠯᠤᠯᠲᠠ  ᠶᠢ ᠥᠷᠭᠡᠳᠬᠡᠬᠦ ᠳᠤ ᠠᠰᠢᠭᠲᠠᠢ ᠨᠥᠬᠦᠴᠡᠯ  ᠢ ᠪᠤᠶ ᠪᠣᠯᠭᠠᠵᠤ ᠥᠭᠴᠡᠢ᠃ ᠡᠭᠦᠨ ᠤ ᠵᠡᠷᠭᠡ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ  ᠶᠢᠨ ᠲᠡᠮᠳᠡᠭᠲᠦ ᠴᠦ ᠤᠰᠤᠨ ᠠᠰᠢᠭᠯᠠᠯᠲᠠ  ᠶᠢᠨ ᠵᠦᠢᠯᠡᠰ  ᠢ ᠳᠡᠮᠵᠢᠬᠦ ᠡᠷᠴᠢᠮ  ᠢᠶᠠᠨ ᠴᠢᠩᠭᠠᠷᠠᠭᠤᠯᠵᠠᠢ︾ ᠭᠡᠵᠦ ᠡᠳ᠋ ᠤᠨ ᠵᠠᠰᠠᠭ ᠤᠨ ᠶᠠᠮᠤᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠵᠤᠷᠭᠠᠨ ᠤ ᠬᠠᠷᠢᠭᠤᠴᠠᠯᠭᠠᠲᠠᠨ ᠵᠢᠶᠠᠩ ᠳ᠋ᠠ ᠢᠦᠢ ᠬᠡᠯᠡᠪᠡ᠃      ᠪᠡᠯᠡ ᠣᠷᠣᠭᠤᠯᠤᠯᠲᠠ ᠶᠢᠨ ᠡᠷᠴᠢᠮ ᠢ  ᠴᠢᠩᠭᠠᠷᠠᠭᠤᠯᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ      ᠸᠧᠢ ᠱᠠᠨ ᠵᠥᠩ ᠢᠯᠡᠷᠬᠡᠶᠢᠯᠡᠬᠦ ᠳᠡᠭᠡᠨ᠂ ᠡᠨᠡ ᠵᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠤᠮᠠᠷᠠᠰᠢ ᠲᠠᠲᠠᠬᠤ ᠤᠰᠤᠨ ᠤ ᠬᠡᠮᠵᠢᠶ᠎ᠡ ᠪᠠ ᠤᠰᠤ ᠬᠠᠩᠭᠠᠬᠤ ᠪᠠᠲᠤᠯᠠᠭ᠎ᠠ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠳᠤᠮᠳᠠ ᠱᠤᠭᠤᠮ ᠤᠨ ᠬᠥᠬᠡᠮᠥ᠋ᠷᠡᠨ ᠢ ᠲᠠᠲᠠᠵᠤ ᠬᠠᠨᠺᠸᠦ ᠶᠢ ᠨᠥᠬᠦᠪᠦᠷᠢᠯᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠵᠠᠯᠭᠠᠮᠵᠢ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠨᠤᠲᠠᠯᠠᠯᠲᠠ ᠶᠢ ᠭᠦᠨᠵᠡᠭᠡᠶᠢᠷᠡᠭᠦᠯᠵᠦ᠂ ᠢᠨᠵᠧᠨᠧᠷᠢᠩ ᠤᠨ ᠴᠠᠭ ᠲᠤᠨᠢ ᠲᠣᠬᠢᠷᠠᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠣᠷᠴᠢᠨ ᠨᠥᠬᠦᠴᠡᠯ ᠢ ᠰᠡᠷᠭᠦᠭᠡᠬᠦ᠂ ᠡᠮᠦᠨᠡᠲᠦ ᠤᠮᠠᠷᠠᠲᠤ ᠶᠢᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠠᠮᠢᠨ ᠰᠤᠳᠠᠰᠤ ᠪᠣᠯᠬᠤ ᠶᠢ ᠦᠨᠡᠨ ᠬᠦ ᠪᠠᠲᠤᠯᠠᠨ᠎ᠠ ᠭᠡᠪᠡ᠃      ᠴᠢᠬᠤᠯᠠ ᠶᠡᠭᠡ ᠤᠰᠤᠨ ᠠᠰᠢᠭᠯᠠᠯᠲᠠ ᠶᠢᠨ  ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ ᠶᠢᠨ ᠨᠦᠬᠦᠭᠡ ᠨᠢᠭᠡ ᠡᠭᠦᠷᠭᠡ ᠪᠣᠯ ᠤᠰᠤ ᠲᠠᠲᠠᠵᠤ ᠤᠰᠤ ᠲᠠᠲᠠᠬᠤ ᠪᠤᠰᠤᠳ ᠴᠢᠬᠤᠯᠠ ᠶᠡᠭᠡ ᠪᠠᠷᠢᠯᠭ᠎ᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃  ︽ᠨᠥᠬᠦᠴᠡᠯ ᠨᠢ ᠦᠨᠳᠦᠰᠦᠨ ᠳᠡᠭᠡᠨ ᠪᠣᠯᠪᠠᠰᠤᠷᠠᠩᠭᠤᠢ ᠪᠣᠯᠤᠭᠰᠠᠨ ᠪᠦᠲᠦᠭᠡᠨ ᠪᠠᠶᠢᠭᠤᠯᠤᠯᠲᠠ  ᠶᠢᠨ ᠵᠦᠢᠯᠡᠰ  ᠢ ᠡᠨᠡ ᠵᠢᠯ ᠲᠦᠷᠭᠡᠪᠴᠢᠯᠡᠨ ᠡᠬᠢᠯᠡᠵᠦ ᠪᠦᠲᠦᠭᠡᠨ ᠪᠠᠶᠢᠭᠤᠯᠬᠤ ᠬᠡᠷᠡᠭᠲᠡᠢ᠂ ᠵᠢᠱᠢᠶᠡᠯᠡᠪᠡᠯ ᠤᠮᠠᠷᠠᠲᠤ ᠬᠡᠰᠡᠭ ᠤᠨ ᠪᠤᠯᠤᠩ ᠤᠨ ᠭᠤᠸᠠᠩᠳᠦ᠋ᠩ ᠤᠨ ᠤᠰᠤᠨ ᠤ ᠡᠬᠢ ᠪᠠᠶᠠᠯᠢᠭ  ᠢ ᠲᠣᠬᠢᠷᠠᠭᠤᠯᠬᠤ ᠢᠨᠵᠧᠨᠧᠷᠢᠩ  ᠢ ᠱᠠᠯᠠᠪᠳᠠᠨ ᠪᠦᠲᠦᠭᠡᠨ ᠪᠠᠶᠢᠭᠤᠯᠵᠤ᠂ ᠭᠤᠸᠠᠩᠳᠦ᠋ᠩ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠠᠰᠠᠭᠤᠳᠠᠯ  ᠢ ᠡᠷᠲᠡᠬᠡᠨ ᠰᠢᠢᠳᠪᠦᠷᠢᠯᠡᠬᠦ ᠬᠡᠷᠡᠭᠲᠡᠢ︾  ᠭᠡᠵᠦ ᠸᠧᠢ ᠱᠠᠨ ᠵᠦᠩ ᠴᠢᠬᠤᠯᠠᠴᠢᠯᠠᠪᠠ᠃      ︽ᠪᠢᠳᠡ ᠣᠯᠠᠨ ᠵᠦᠢᠯ ᠤᠨ ᠠᠷᠭ᠎ᠠ ᠬᠡᠮᠵᠢᠶ᠎ᠡ  ᠶᠢ ᠵᠡᠷᠭᠡ ᠪᠠᠷ ᠬᠡᠷᠡᠭᠯᠡᠨ ᠤᠰᠤᠨ ᠠᠰᠢᠭᠯᠠᠯᠲᠠ  ᠶᠢᠨ ᠢᠨᠵᠧᠨᠧᠷᠢᠩ ᠤᠨ ᠪᠡᠯᠡ ᠣᠷᠣᠭᠤᠯᠤᠯᠲᠠ  ᠶᠢᠨ ᠡᠷᠴᠢᠮ  ᠢ ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ  ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ  ᠶᠢ ᠢᠳᠡᠪᠬᠢᠲᠡᠢ ᠪᠥᠭᠡᠳ ᠡᠮᠬᠢ ᠵᠢᠷᠤᠮ  ᠲᠠᠢ ᠪᠠᠷ ᠲᠦᠯᠬᠢᠨ ᠠᠬᠢᠭᠤᠯᠵᠤ ᠂ ᠴᠢᠬᠤᠯᠠ ᠶᠡᠭᠡ ᠤᠰᠤᠨ ᠠᠰᠢᠭᠯᠠᠯᠲᠠ  ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢᠨ ᠪᠡᠯᠡ ᠣᠷᠣᠭᠤᠯᠤᠯᠲᠠ  ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ  ᠶᠢ ᠥᠷᠭᠡᠳᠬᠡᠬᠦ ᠳᠤ ᠦᠵᠡᠭᠦᠯᠬᠦ ᠴᠢᠬᠤᠯᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠳᠡᠭᠡ ᠲᠣᠰᠬᠤᠨ ᠤ ᠠᠵᠤ ᠠᠬᠤᠢ ᠶᠢᠨ ᠵᠤᠷᠭᠠᠨ ᠤ ᠳᠠᠷᠤᠭ᠎ᠠ ᠦ᠋ ᠰᠢᠶᠣᠣ ᠲᠠᠨᠢᠯᠴᠠᠭᠤᠯᠬᠤ ᠳᠠᠭᠠᠨ᠂ ᠭᠤᠣᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠪᠣᠶ᠄ ᠨᠢᠭᠡ ᠳᠤ᠂ ︽ᠦᠨᠡᠨᠬᠦ ᠬᠡᠷᠡᠭᠴᠡᠭᠡ ᠲᠠᠢ᠂ ᠠᠮᠢ ᠠᠬᠤᠢ ᠠᠮᠤᠷ ᠲᠦᠪᠰᠢᠨ᠂ ᠦᠷᠭᠦᠯᠵᠢᠯᠡᠵᠦ ᠪᠣᠯᠬᠤ︾ ᠨᠤᠲᠠᠯᠠᠯᠲᠠ ᠶᠢᠨ ᠵᠠᠷᠴᠢᠮ ᠶᠣᠰᠣᠭᠠᠷ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠠᠯᠢ ᠲᠦᠷᠭᠡᠨ ᠢᠶᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠬᠤᠶᠠᠷ ᠲᠤ ᠪᠡᠯᠡ ᠣᠷᠣᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠲᠥᠰᠥᠪ ᠤᠨ ᠳᠣᠲᠣᠷᠠᠬᠢ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠵᠦᠢ ᠵᠣᠬᠢᠰᠲᠠᠢ ᠵᠠᠷᠤᠯᠭ᠎ᠠ ᠶᠢᠨ ᠬᠦᠴᠦᠯᠡᠴᠡ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠤᠯᠠᠮ ᠨᠢᠭᠡ ᠠᠯᠬᠤᠮ ᠬᠡᠯᠪᠡᠶᠢᠯᠭᠡᠵᠦ᠂ ᠰᠠᠪᠠ ᠭᠠᠵᠠᠷ ᠠᠯᠤᠰᠯᠠᠭᠰᠠᠨ ᠵᠠᠰᠠᠭ ᠵᠠᠬᠢᠷᠭᠠᠨ ᠤ ᠣᠷᠣᠨ ᠪᠦᠰᠡ ᠠᠯᠤᠰᠯᠠᠭᠰᠠᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠤᠯᠭᠠᠭᠤᠷᠢᠯᠠᠭᠰᠠᠨ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠶᠢᠨ ᠴᠢᠬᠤᠯᠠ ᠶᠡᠭᠡ ᠵᠦᠢᠯᠡᠰ ᠢ ᠭᠤᠣᠯᠳᠠᠯᠭ᠎ᠠ ᠲᠠᠢ ᠪᠠᠷ ᠪᠠᠲᠤᠯᠠᠨ᠎ᠠ᠃ ᠭᠤᠷᠪᠠ ᠳᠤ ᠤᠰᠤᠨ ᠠᠰᠢᠭᠯᠠᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃      ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ  ᠠᠬᠢᠭᠤᠯᠵᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ  ᠴᠢᠳᠠᠪᠤᠷᠢ ᠶᠢ ᠨᠡᠮᠡᠭᠳᠡᠭᠦᠯᠦᠨ᠎ᠡ      ᠣᠳᠣᠬᠠᠨ ᠳᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠬᠠᠪᠤᠷ ᠤᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠮᠠᠨ ᠤ ᠤᠯᠤᠰ ᠤᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠴᠤ ᠬᠠᠪᠤᠷ ᠤᠨ ᠤᠰᠤᠯᠠᠯᠲᠠ ᠶᠢᠨ ᠣᠷᠭᠢᠯ ᠤᠨ ᠬᠤᠭᠤᠴᠠᠭᠠᠨ ᠳᠤ ᠣᠷᠣᠭᠰᠠᠨ ᠪᠠᠶᠢᠨ᠎ᠠ᠃ ᠣᠳᠣᠬᠠᠨ ᠳᠤ᠂ ᠪᠥᠬᠦ ᠤᠯᠤᠰ ᠤᠨ ᠲᠠᠷᠢᠶᠠᠨ ᠭᠠᠵᠠᠷ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠶ 10.37 ᠳ᠋ᠦᠩᠰᠢᠭᠤᠷ ᠮᠦ ᠪᠠᠶᠢᠵᠤ᠂ ᠲᠠᠷᠢᠶᠠᠨ ᠭᠠᠵᠠᠷ ᠤᠨ ᠲᠠᠯᠠᠪᠠᠶ ᠶᠢᠨ 54% ᠶᠢ ᠡᠵᠡᠯᠡᠵᠦ᠂ ᠪᠥᠬᠦ ᠤᠯᠤᠰ ᠤᠨ 75% ᠶᠢᠨ ᠠᠮᠤ ᠪᠤᠳᠠᠭ᠎ᠠ ᠪᠠ 90% ᠶᠢᠨ ᠠᠵᠤ ᠠᠬᠤᠢ ᠶᠢᠨ ᠲᠠᠷᠢᠮᠠᠯ ᠢ ᠦᠢᠯᠡᠳᠪᠦᠷᠢᠯᠡᠵᠦ ᠪᠠᠶᠢᠨ᠎ᠠ᠃ ᠡᠭᠦᠨ ᠠᠴᠠ ᠦᠵᠡᠬᠦ ᠳᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ ᠳᠤ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠨᠡᠩ ᠴᠢᠬᠤᠯᠠ ᠪᠠᠶᠢᠳᠠᠭ᠃      ᠸᠧᠢ ᠱᠠᠨ ᠵᠥᠩ ᠵᠢᠭᠠᠵᠤ ᠭᠠᠷᠭᠠᠭᠰᠠᠨ ᠨᠢ᠂ ᠣᠲᠣ ᠪᠥᠬᠦ ᠤᠯᠤᠰ ᠤᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ 7000 ᠭᠠᠷᠤᠢ ᠪᠠᠶᠢᠵᠤ᠂ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠨᠢ 5.2 ᠳ᠋ᠦᠩᠰᠢᠭᠤᠷ ᠮᠦ ᠪᠠᠶᠢᠵᠤ᠂ ᠮᠠᠨ ᠤ ᠤᠯᠤᠰ ᠤᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠮᠥᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠪᠠᠲᠤᠯᠠᠭ᠎ᠠ ᠮᠥᠨ᠃ ᠡᠨᠡ ᠵᠢᠯ ᠤᠳᠤ ᠪᠠᠶᠢᠭ᠎ᠠ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠪᠠᠷᠤᠭ 90 ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ᠂ 480 ᠭᠠᠷᠤᠢ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ᠂ ᠤᠰᠤᠯᠠᠯᠲᠠ ᠶᠢᠨ ᠤᠰᠤᠨ ᠤ ᠰᠤᠷᠪᠤᠯᠵᠢ ᠶᠢᠨ ᠢᠨᠵᠧᠨᠧᠷᠢᠩ᠂ ᠰᠤᠪᠠᠭ ᠤᠨ ᠰᠢᠰᠲ᠋ᠧᠮ ᠤᠨ ᠢᠨᠵᠧᠨᠧᠷᠢᠩ ᠪᠠ ᠬᠡᠮᠵᠢᠯᠲᠡ ᠶᠢᠨ ᠬᠢᠨᠠᠨ ᠬᠡᠮᠵᠢᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠤᠭᠰᠠᠨ ᠪᠠ ᠵᠢᠷᠤᠮᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠤᠰᠤᠯᠠᠯᠲᠠ ᠶᠢᠨ ᠲᠠᠯᠠᠪᠠᠢ ᠶᠢ 2500 ᠭᠠᠷᠤᠢ ᠲᠦᠮᠡᠨ  ᠮᠦ ᠰᠢᠨ᠎ᠡ ᠪᠠᠷ ᠨᠡᠮᠡᠭᠳᠡᠭᠦᠯᠵᠦ ᠰᠡᠷᠭᠦᠭᠡᠨ ᠰᠠᠶᠢᠵᠢᠷᠠᠭᠤᠯᠤᠨ᠎ᠠ᠃ ᠡᠭᠦᠨ ᠤ ᠵᠡᠷᠭᠡᠴᠡᠭᠡᠪᠡᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠰᠠᠶᠢᠲᠤᠷ ᠵᠣᠯᠭᠠᠭᠤᠯᠵᠤ᠂ ᠡᠳᠡᠭᠡᠷ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠤᠷᠢᠳᠠᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃      ᠡᠨᠡ ᠵᠢᠯ  ᠤᠨ ᠤᠰᠤᠯᠠᠯᠲᠠ ᠶᠢᠨ ᠣᠷᠣᠨ  ᠤ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ ᠪᠠᠰᠠ ᠨᠢᠭᠡ ᠠᠷᠭ᠎ᠠ ᠬᠡᠮᠵᠢᠶ᠎ᠡ ᠪᠣᠯ ᠬᠥᠷᠥᠰᠥ ᠰᠢᠷᠣᠢ ᠶᠢᠨ ᠡᠬᠢ ᠪᠠᠶᠠᠯᠢᠭ ᠤᠨ ᠨᠥᠬᠦᠴᠡᠯ ᠲᠣᠬᠢᠷᠠᠮᠵᠢᠲᠠᠢ᠂ ᠰᠢᠨ᠎ᠡ ᠪᠠᠷ ᠨᠡᠮᠡᠭᠳᠡᠭᠰᠡᠨ ᠤᠰᠤᠯᠠᠯᠲᠠ ᠶᠢᠨ ᠲᠠᠷᠢᠶᠠᠨ ᠭᠠᠵᠠᠷ ᠨᠥᠭᠡᠴᠡᠯᠡᠬᠦ ᠲᠠᠯᠳᠠ ᠬᠦᠴᠦᠨ ᠶᠡᠭᠡ ᠪᠠᠶᠢᠭ᠎ᠠ ᠭᠠᠵᠠᠷ ᠣᠷᠣᠨ  ᠳᠤ ᠨᠢᠭᠡ ᠪᠦᠯᠦᠭ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ ᠶᠠᠪᠤᠳᠠᠯ ᠪᠣᠯᠣᠨ᠎ᠠ᠃ ᠵᠠᠷᠢᠮ ᠭᠠᠵᠠᠷ ᠤᠨ ᠬᠥᠷᠥᠰᠥ ᠰᠢᠷᠣᠢ ᠶᠢᠨ ᠡᠬᠢ ᠪᠠᠶᠠᠯᠢᠭ ᠨᠢ ᠨᠡᠯᠢᠶᠡᠳ ᠲᠣᠬᠢᠷᠠᠮᠵᠢᠲᠠᠢ ᠪᠥᠭᠡᠳ ᠪᠠᠰᠠ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠳᠠᠭ᠂ ᠵᠢᠱᠢᠶᠡᠯᠡᠪᠡᠯ ᠭᠤᠸᠠᠩᠰᠢ ᠶᠢᠨ ᠳ᠋ᠠ ᠲᠧᠩ ᠰᠢᠶᠠ᠂ ᠬᠠᠶᠢᠨᠠᠨ ᠤ ᠨᠢᠦ ᠯᠦ ᠯᠢᠩ᠂ ᠵᠢᠶᠠᠩᠰᠢ ᠶᠢᠨ ᠳ᠋ᠠ ᠤᠣ ᠵᠡᠷᠭᠡ ᠨᠢᠭᠡ ᠪᠦᠯᠦᠭ ᠤᠰᠤᠯᠠᠯᠲᠠ ᠶᠢᠨ ᠣᠷᠣᠨ ᠪᠣᠯᠣᠨ᠎ᠠ᠃ ᠡᠲᠡᠭᠡᠷ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠶᠢ 2500 ᠲᠦᠮᠡᠨ ᠮᠦ ᠣᠷᠴᠢᠮ ᠨᠡᠮᠡᠭᠳᠡᠭᠦᠯᠬᠦ ᠪᠠ ᠰᠠᠶᠢᠵᠢᠷᠠᠭᠤᠯᠵᠤ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号