ᠠᠷᠠᠳ ᠤᠨ ᠡᠳᠦᠷ ᠤᠨ ᠰᠣᠨᠢᠨ᠄ ᠵᠢᠩ ᠬᠠᠩ  ᠲᠠᠲᠠᠮᠠᠯ ᠭᠤᠣᠯ ᠤᠨ ᠪᠥᠬᠦ ᠱᠤᠭᠤᠮ ᠢ ᠨᠠᠪᠲᠠᠷᠡᠭᠦᠯᠵᠦ ᠤᠰᠤ ᠨᠥᠬᠦᠪᠦᠷᠢᠯᠡᠬᠦ ᠠᠵᠢᠯᠯᠠᠭ᠎ᠠ  ᠶᠢ ᠡᠬᠢᠯᠡᠭᠦᠯᠪᠡ
ᠨᠡᠶᠢᠲᠡᠯᠡᠭᠰᠡᠨ ᠴᠠᠭ᠄
2022/4/15
    ︽ᠠᠷᠠᠳ ᠤᠨ ᠡᠳᠦᠷ ᠤᠨ ᠰᠣᠨᠢᠨ︾ ︵2022᠎ ᠤᠨ 04 ᠰᠠᠷ᠎ᠠ ᠶᠢᠨ 15᠎ ᠤ ᠡᠳᠦᠷ ᠤᠨ ᠬᠡᠪᠯᠡᠯ  ︶      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 4 ᠰᠠᠷ᠎ᠠ ᠶᠢᠨ 14᠎ ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠬᠤᠸ︶ 14᠎ ᠤ ᠡᠳᠦᠷ᠂ ᠾᠧᠪᠧᠢ ᠮᠤᠵᠢ ᠶᠢᠨ ᠬᠠᠨᠳᠠᠨ ᠤ ᠶᠤᠸᠠᠢ ᠴᠧᠩ ᠤᠰᠤᠨ ᠴᠥᠭᠦᠷᠥᠮ ᠤᠨ ᠬᠠᠭᠠᠯᠲᠠ ᠶᠢ ᠨᠡᠭᠡᠭᠡᠵᠦ᠂ ᠱᠠᠨᠳᠦ᠋ᠩ ᠤᠨ ᠳ᠋ᠧ ᠵᠧᠦ ᠶᠢᠨ ᠫᠠᠨ ᠵᠤᠸᠠᠩ ᠤᠨ ᠬᠠᠲᠤᠨ ᠭᠤᠣᠯ ᠤᠨ ᠤᠰᠤ ᠶᠢ ᠲᠠᠲᠠᠬᠤ ᠰᠤᠪᠠᠭ ᠤᠨ ᠤᠷᠤᠰᠬᠠᠯ ᠤᠨ ᠬᠡᠮᠵᠢᠶ᠎ᠡ ᠶᠢ ᠨᠡᠮᠡᠭᠳᠡᠭᠦᠯᠵᠦ᠂ ᠪᠡᠭᠡᠵᠢᠩ ᠬᠠᠩᠵᠧᠦ ᠶᠢᠨ ᠶᠡᠭᠡ ᠲᠠᠲᠠᠮᠠᠯ ᠭᠤᠣᠯ ᠤᠨ ᠬᠠᠲᠤᠨ ᠭᠤᠣᠯ ᠠᠴᠠ ᠤᠮᠠᠷᠠᠰᠢᠬᠢ ᠬᠡᠰᠡᠭ ᠲᠤ ᠤᠰᠤ ᠨᠥᠬᠦᠪᠦᠷᠢᠯᠡᠪᠡ᠂ ᠡᠨᠡ ᠨᠢ  ᠵᠢᠩ ᠬᠠᠩ  ᠲᠠᠲᠠᠮᠠᠯ ᠭᠤᠣᠯ ᠤᠨ 2022 ᠣᠨ ᠳᠤ ᠪᠥᠬᠦ ᠱᠤᠭᠤᠮ ᠢᠶᠠᠷ ᠤᠰᠤ ᠨᠥᠬᠦᠪᠦᠷᠢᠯᠡᠬᠦ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠤᠰᠤᠨ ᠠᠰᠢᠭᠯᠠᠯᠲᠠ ᠶᠢᠨ ᠶᠠᠮᠤᠨ ᠤ ᠪᠡᠭᠡᠵᠢᠩ᠂ ᠲᠢᠶᠠᠨᠵᠢᠨ᠂ ᠾᠧᠪᠧᠢ᠂ ᠱᠠᠨᠳᠦ᠋ᠩ ᠵᠡᠷᠭᠡ 4 ᠮᠤᠵᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠲᠣᠭᠲᠠᠭᠠᠭᠰᠠᠨ ᠤᠰᠤ ᠨᠥᠬᠦᠪᠦᠷᠢᠯᠡᠬᠦ ᠲᠥᠰᠥᠯ ᠢ ᠦᠨᠳᠦᠰᠦᠯᠡᠨ᠂ ᠲᠣᠰ ᠤᠳᠠᠭ᠎ᠠ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠤᠮᠠᠷᠠᠰᠢ  ᠤᠷᠲᠤᠳᠬᠠᠬᠤ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠬᠠᠩᠭᠠᠯᠭ᠎ᠠ ᠶᠢ ᠨᠢᠭᠡᠳᠦᠯᠲᠡᠢ ᠲᠥᠯᠥᠪᠯᠡᠵᠦ᠂ 4 ᠮᠤᠵᠢ ᠬᠤᠲᠠ ᠶᠢᠨ ᠲᠣᠰ ᠭᠠᠵᠠᠷ ᠤᠨ ᠤᠰᠤ᠂ ᠬᠠᠲᠤᠨ ᠭᠤᠣᠯ ᠤᠨ ᠤᠰᠤ᠂ ᠳᠠᠬᠢᠯᠲᠠ ᠤᠰᠤ ᠵᠢᠴᠢ ᠪᠣᠷᠣᠭᠠᠨ ᠦᠶᠡᠷ ᠵᠡᠷᠭᠡ ᠣᠯᠠᠨ ᠤᠰᠤᠨ ᠤ ᠡᠬᠢ ᠰᠤᠷᠪᠤᠯᠵᠢ ᠶᠢ ᠨᠢᠭᠡᠳᠦᠯᠲᠡᠢ ᠲᠥᠯᠥᠪᠯᠡᠵᠦ᠂ ᠬᠠᠲᠤᠨ ᠭᠤᠣᠯ ᠠᠴᠠ ᠤᠮᠠᠷᠠᠰᠢᠬᠢ 707 ᠺᠢᠯᠣᠮᠧᠲᠷ ᠤᠨ ᠭᠤᠣᠯ ᠤᠨ ᠬᠡᠰᠡᠭ ᠲᠤ ᠤᠰᠤ ᠨᠥᠬᠦᠪᠦᠷᠢᠯᠡᠵᠦ᠂  ᠵᠢᠩ ᠬᠠᠩ ᠲᠠᠲᠠᠮᠠᠯ ᠭᠤᠣᠯ ᠤᠨ ᠪᠥᠬᠦ ᠱᠤᠭᠤᠮ ᠢᠶᠠᠷ ᠤᠰᠤ ᠨᠡᠪᠲᠡᠷᠡᠭᠦᠯᠬᠦ ᠶᠢ ᠪᠡᠶᠡᠯᠡᠭᠦᠯᠵᠦ᠂ ᠵᠠᠮ ᠳᠠᠭᠠᠤ ᠶᠢᠨ ᠪᠠᠷᠤᠭ 60 ᠲᠦᠮᠡᠨ ᠮᠦ ᠲᠠᠷᠢᠶᠠᠨ ᠭᠠᠵᠠᠷ ᠤᠨ ᠭᠠᠵᠠᠷ ᠳᠣᠥᠷᠠᠬᠢ ᠤᠰᠤᠨ ᠤ ᠤᠰᠤᠯᠠᠯᠲᠠ ᠳᠤ ᠬᠡᠷᠡᠭᠯᠡᠬᠦ ᠤᠰᠤ ᠶᠢ ᠰᠣᠯᠢᠨ᠎ᠠ᠃ 2021 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠵᠢᠱᠢᠯᠲᠡ ᠪᠠᠷ ᠤᠰᠤ ᠲᠠᠢ ᠭᠤᠣᠯ ᠤᠨ ᠤᠷᠳᠤ ᠶᠢ ᠪᠠᠷᠤᠭ 112 ᠺᠢᠯᠣᠮᠧᠲᠷ ᠨᠡᠮᠡᠭᠳᠡᠭᠦᠯᠵᠦ᠂ ᠤᠰᠤᠨ ᠤ ᠭᠠᠳᠠᠷᠭᠤ ᠶᠢᠨ ᠲᠠᠯᠠᠪᠠᠢ ᠶᠢ ᠵᠢᠱᠢᠯᠲᠡ ᠪᠠᠷ 9.5 ᠲᠡᠭᠰᠢ ᠳᠥᠷᠪᠡᠯᠵᠢᠨ ᠺᠢᠯᠣᠮᠧᠲᠷ ᠨᠡᠮᠡᠭᠳᠡᠭᠦᠯᠵᠦ᠂ ᠤᠰᠤ ᠨᠥᠬᠦᠪᠦᠷᠢᠯᠡᠬᠦ ᠭᠤᠣᠯ ᠤᠨ ᠵᠠᠮ ᠤᠨ ᠡᠷᠬᠢᠨ ᠲᠣᠭᠤᠷᠢᠨ ᠤ ᠭᠠᠵᠠᠷ ᠳᠣᠣᠷᠠᠬᠢ ᠤᠰᠤᠨ ᠤ ᠲᠦᠪᠰᠢᠨ ᠢ ᠳᠡᠭᠡᠭᠰᠢᠯᠡᠭᠦᠯᠬᠦ ᠪᠤᠶᠤ ᠲᠣᠭᠲᠠᠭᠤᠨ ᠪᠠᠶᠢᠯᠭᠠᠵᠤ᠂ ᠤᠰᠤᠨ ᠤ ᠠᠮᠢ ᠠᠬᠤᠢ ᠶᠢᠨ ᠰᠢᠰᠲ᠋ᠧᠮ ᠢ ᠰᠡᠷᠭᠦᠭᠡᠨ ᠰᠠᠶᠢᠵᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠶᠡᠭᠡ ᠲᠠᠲᠠᠮᠠᠯ ᠭᠤᠣᠯ ᠤᠨ ᠭᠤᠣᠯ ᠬᠡᠰᠡᠭ ᠲᠤ ᠦᠨᠳᠦᠰᠦᠨ ᠳᠡᠭᠡᠨ ᠤᠰᠤ ᠲᠠᠢ ᠪᠣᠯᠭᠠᠬᠤ ᠶᠢ ᠪᠡᠶᠡᠯᠡᠭᠦᠯᠵᠦ᠂ ᠪᠡᠭᠡᠵᠢᠩ ᠬᠠᠩᠵᠧᠦ ᠶᠢᠨ ᠶᠡᠭᠡ ᠲᠠᠲᠠᠮᠠᠯ ᠭᠤᠣᠯ ᠤᠨ ᠪᠦᠬᠦ ᠵᠢᠯ ᠳᠤ ᠤᠰᠤ ᠲᠠᠢ ᠪᠠᠶᠢᠬᠤ ᠶᠢ ᠪᠡᠶᠡᠯᠡᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠲᠤᠷᠰᠢᠯᠭ᠎ᠠ ᠬᠤᠷᠠᠮᠳᠤᠭᠤᠯᠬᠤ ᠪᠣᠯᠣᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠰᠤ ᠨᠥᠬᠦᠪᠦᠷᠢᠯᠡᠬᠦ ᠳᠤ  ᠵᠢᠩ ᠬᠠᠩ ᠲᠠᠲᠠᠮᠠᠯ ᠭᠤᠣᠯ ᠤᠨ ᠬᠠᠲᠤᠨ ᠭᠤᠣᠯ  ᠠᠴᠠ ᠤᠮᠠᠷᠠᠰᠢᠬᠢ ᠭᠤᠣᠯ ᠤᠨ ᠬᠡᠰᠡᠭ ᠢᠶᠠᠷ ᠭᠤᠣᠯ ᠵᠠᠮ ᠱᠤᠭᠤᠮ ᠪᠣᠯᠭᠠᠵᠤ᠂ ᠤᠮᠠᠷᠠᠰᠢ ᠪᠠᠨ ᠪᠡᠭᠡᠵᠢᠩ ᠬᠤᠲᠠ ᠶᠢᠨ ᠳ᠋ᠦᠩ ᠵᠢᠶᠠᠨ ᠮᠧᠨ ᠬᠠᠭᠠᠯᠭ᠎ᠠ  ᠠᠴᠠ ᠡᠬᠢᠯᠡᠨ᠂ ᠲᠦᠩ ᠬᠤᠶ ᠾᠧ ᠭᠤᠣᠯ᠂  ᠤᠮᠠᠷᠠᠲᠤ ᠲᠠᠲᠠᠮᠠᠯ ᠭᠤᠣᠯ ᠢᠶᠠᠷ ᠳᠡᠮᠵᠢᠨ ᠲᠢᠶᠠᠨᠵᠢᠨ ᠬᠤᠲᠠ ᠶᠢᠨ ᠰᠠᠨ ᠴᠠ ᠾᠧ ᠭᠤᠣᠯ ᠤᠨ ᠠᠮᠠ ᠭᠦᠷᠦᠨ᠎ᠡ︔ ᠡᠮᠦᠨᠡᠰᠢ ᠪᠠᠨ ᠱᠠᠨᠳᠦ᠋ᠩ ᠮᠤᠵᠢ ᠶᠢᠨ ᠯᠢᠶᠤᠤᠴᠸᠡᠭ ᠬᠤᠲᠠ ᠶᠢᠨ ᠪᠠᠶᠢᠷᠢᠰᠢᠯᠳᠤ ᠠᠭᠤᠯᠠᠨ ᠬᠠᠭᠠᠯᠲᠠ ᠠᠴᠠ ᠡᠬᠢᠯᠡᠨ᠂ ᠵᠢᠵᠢᠭ ᠲᠠᠲᠠᠮᠠᠯ ᠭᠤᠣᠯ᠂ ᠸᠧᠢ ᠲᠠᠲᠠᠮᠠᠯ ᠭᠤᠣᠯ᠂ ᠡᠮᠦᠨᠡᠲᠦ  ᠲᠠᠲᠠᠮᠠᠯ ᠭᠤᠣᠯ ᠢᠶᠠᠷ ᠳᠡᠮᠵᠢᠨ ᠲᠢᠶᠠᠨᠵᠢᠨ ᠬᠤᠲᠠ ᠶᠢᠨ ᠰᠠᠨ ᠴᠠ ᠾᠧ ᠭᠤᠣᠯ ᠤᠨ ᠠᠳᠠᠭ ᠲᠤ ᠬᠦᠷᠴᠦ᠂ 8 ᠲᠤᠰᠬᠠᠢ ᠣᠷᠣᠨ ᠤ ᠳᠡᠰ ᠤᠨ ᠵᠠᠰᠠᠭ ᠵᠠᠬᠢᠷᠭᠠᠨ ᠤ ᠣᠷᠣᠨ ᠢᠶᠠᠷ ᠤᠷᠤᠰᠤᠨ  ᠥᠩᠭᠡᠷᠡᠨ᠎ᠡ᠃ ᠵᠢᠱᠢᠯᠲᠡ ᠪᠠᠷ ᠤᠰᠤ ᠨᠥᠬᠦᠪᠦᠷᠢᠯᠡᠬᠦ ᠬᠡᠮᠵᠢᠶ᠎ᠡ ᠶᠢ 5.15 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠩᠭᠠᠵᠤ᠂ ᠡᠭᠦᠨ ᠳᠤ ᠪᠡᠭᠡᠵᠢᠩ ᠬᠠᠩᠵᠧᠦ ᠳᠤ ᠣᠷᠣᠬᠤ ᠶᠡᠭᠡ ᠲᠠᠲᠠᠮᠠᠯ ᠭᠤᠣᠯ ᠤᠨ ᠤᠰᠤᠨ ᠤ ᠬᠡᠮᠵᠢᠶ᠎ᠡ ᠶᠢ 4.66 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号