ᠠᠷᠠᠳ ᠤᠨ ᠡᠳᠦᠷ ᠤᠨ ᠰᠣᠨᠢᠨ᠄ ᠭᠤᠣᠯᠯᠠᠭᠴᠢ ᠤᠰᠤᠨ ᠴᠥᠭᠦᠷᠥᠮ ᠤᠨ ᠤᠰᠤ ᠬᠠᠳᠠᠭᠠᠯᠠᠬᠤ ᠪᠠᠶᠢᠳᠠᠯ ᠰᠠᠶᠢᠵᠢᠷᠠᠵᠤ ᠵᠦᠵᠢᠶᠠᠩ ᠮᠥᠷᠡᠨ ᠤ ᠰᠠᠪᠠ ᠭᠠᠵᠠᠷ ᠤᠨ ᠭᠠᠩ ᠬᠠᠭᠰᠠᠷᠠᠭᠠᠨ ᠤ ᠪᠠᠶᠢᠳᠠᠯ  ᠢ ᠦᠨᠳᠦᠰᠦᠨ ᠳᠡᠭᠡᠨ ᠠᠷᠢᠯᠪᠠ
ᠨᠡᠶᠢᠲᠡᠯᠡᠭᠰᠡᠨ ᠴᠠᠭ᠄
2022/4/20
    ︽ᠠᠷᠠᠳ ᠤᠨ ᠡᠳᠦᠷ ᠤᠨ ᠰᠣᠨᠢᠨ︾ (2022 ᠣᠨ ᠤ 03 ᠰᠠᠷ᠎ᠠ ᠶᠢᠨ 29 ᠤ ᠡᠳᠦᠷ)      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 28 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠰᠢᠶᠣᠣ ᠴᠢᠩ︶ ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ  ᠨᠢ᠄ ᠵᠦᠵᠢᠶᠠᠩ ᠮᠥᠷᠡᠨ ᠤ ᠰᠠᠪᠠ ᠭᠠᠵᠠᠷ ᠤᠨ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠨ ᠳᠡᠭᠡᠨ ᠠᠷᠢᠯᠭᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠶᠢ ᠪᠠᠲᠤᠯᠠᠬᠤ ᠠᠵᠢᠯ ᠪᠥᠬᠦ ᠲᠠᠯ᠎ᠠ ᠶᠢᠨ ᠢᠯᠠᠯᠲᠠ ᠣᠯᠪᠠ᠃ ᠡᠨᠡ ᠵᠢᠯ ᠤᠨ 3 ᠰᠠᠷ᠎ᠠ  ᠠᠴᠠ ᠨᠠᠰᠢ᠂ ᠭᠠᠩᠳᠠᠭᠰᠠᠨ ᠣᠷᠣᠨ ᠳᠤ ᠣᠯᠠᠨ ᠤᠳᠠᠭ᠎ᠠ ᠪᠣᠷᠣᠭᠠᠨ ᠣᠷᠣᠵᠤ᠂ ᠭᠤᠣᠯ ᠤᠰᠤᠨ ᠴᠥᠭᠦᠷᠥᠮ ᠤᠨ ᠤᠰᠤ ᠬᠠᠳᠠᠭᠠᠯᠠᠬᠤ ᠪᠠᠶᠢᠳᠠᠯ ᠰᠠᠶᠢᠵᠢᠷᠠᠬᠤ ᠬᠠᠨᠳᠤᠰᠢ ᠲᠠᠢ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠪᠣᠯᠣᠨ ᠬᠤᠯᠪᠣᠭᠳᠠᠯ ᠪᠦᠬᠦᠢ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ᠂ ᠠᠯᠤᠰ ᠠᠴᠠ ᠤᠰᠤ ᠲᠣᠬᠢᠷᠠᠭᠤᠯᠬᠤ᠂ ᠱᠣᠷᠪᠣᠭ ᠢ ᠳᠠᠷᠤᠵᠤ ᠰᠢᠩᠭᠡᠨ ᠢ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠢᠴᠢ ᠭᠤᠸᠠᠩᠳᠦ᠋ᠩ ᠤᠨ ᠵᠡᠭᠦᠨ ᠬᠡᠰᠡᠭ ᠹᠦᠵᠢᠶᠠᠨ ᠤ ᠡᠮᠦᠨᠡᠲᠦ ᠬᠡᠰᠡᠭ ᠵᠡᠷᠭᠡ ᠭᠠᠵᠠᠷ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃      2021 ᠣᠨ ᠠᠴᠠ ᠨᠠᠰᠢ᠂ ᠵᠦᠵᠢᠶᠠᠩ ᠮᠥᠷᠡᠨ ᠤ ᠰᠠᠪᠠ ᠭᠠᠵᠠᠷ ᠲᠤ ᠪᠣᠷᠣᠭᠠᠨ ᠦᠷᠭᠦᠯᠵᠢᠯᠡᠨ ᠪᠠᠭᠠᠰᠴᠤ ᠂ ᠭᠤᠣᠯ ᠮᠥᠷᠡᠨ ᠤ ᠢᠷᠡᠬᠦ ᠤᠰᠤ ᠦᠷᠭᠦᠯᠵᠢᠯᠡᠨ ᠬᠠᠳᠠᠵᠤ᠂ ᠬᠡᠰᠡᠭ ᠭᠤᠣᠯ ᠤᠰᠤᠨ ᠴᠥᠭᠦᠷᠥᠮ ᠤᠨ ᠤᠰᠤ ᠬᠠᠳᠠᠭᠠᠯᠠᠬᠤ ᠬᠡᠮᠵᠢᠶ᠎ᠡ ᠬᠦᠨᠳᠦ ᠨᠣᠴᠢᠲᠠᠢ ᠲᠤᠲᠠᠭᠳᠠᠵᠤ᠂ ᠭᠤᠸᠠᠩᠳᠦ᠋ᠩ᠂ ᠹᠦᠵᠢᠶᠠᠨ᠂ ᠭᠤᠸᠠᠩᠰᠢ ᠵᠡᠷᠭᠡ ᠮᠤᠵᠢ ᠣᠷᠣᠨ ᠳᠤ ᠠᠳᠠᠯᠢ ᠪᠤᠰᠤ ᠬᠡᠮᠵᠢᠶ᠎ᠡ ᠪᠠᠷ ᠭᠠᠩᠳᠠᠭᠰᠠᠨ ᠪᠠᠶᠢᠳᠠᠯ ᠭᠠᠷᠴᠠᠢ᠂ ᠡᠭᠦᠨ ᠤ ᠳᠣᠲᠣᠷ᠎ᠠ ᠭᠤᠸᠠᠩᠳᠦ᠋ᠩ ᠤᠨ ᠵᠡᠭᠦᠨ ᠬᠡᠰᠡᠭ ᠤᠨ ᠳ᠋ᠦᠡᠭᠵᠢᠶᠠᠩ ᠮᠥᠷᠡᠨ ᠪᠣᠯᠣᠨ ᠬᠠᠨᠵᠢᠶᠠᠩ ᠮᠥᠷᠡᠨ ᠤ ᠰᠠᠪᠠ ᠭᠠᠵᠠᠷ ᠲᠤ 60 ᠵᠢᠯ ᠤᠨ ᠲᠤᠷᠰᠢᠬᠢ ᠬᠠᠮᠤᠭ ᠤᠨ ᠬᠦᠨᠳᠦ ᠨᠣᠴᠢᠲᠠᠢ ᠭᠠᠩᠳᠠᠭᠰᠠᠨ ᠪᠠᠶᠢᠳᠠᠯ ᠭᠠᠷᠴᠠᠢ᠂ ᠡᠭᠦᠨ ᠤ ᠳᠡᠭᠡᠷ᠎ᠡ ᠵᠦᠵᠢᠶᠠᠩ ᠮᠥᠷᠡᠨ ᠤ ᠠᠳᠠᠭ ᠤᠨ ᠱᠣᠷᠪᠣᠭ ᠲᠦᠯᠬᠢᠭᠡᠨ ᠰᠢᠷᠦᠭᠦᠰᠴᠦ᠂ ᠭᠠᠩ ᠤᠨ ᠪᠠᠶᠢᠳᠠᠯ ᠳᠤ ︽ᠨᠠᠮᠤᠷ ᠡᠪᠦᠯ ᠬᠠᠪᠤᠷ ᠵᠠᠯᠭᠠᠭ᠎ᠠ ᠪᠠᠷ ᠭᠠᠩᠳᠠᠵᠤ᠂ ᠭᠠᠩ ᠳᠡᠭᠡᠷ᠎ᠡ ᠱᠣᠷᠪᠣᠭ ᠨᠡᠮᠡᠭᠰᠡᠨ︾ ᠠᠰᠢᠭ ᠦᠭᠡᠢ ᠪᠠᠶᠢᠳᠠᠯ ᠢᠯᠡᠷᠡᠵᠡᠢ᠃      ᠤᠰᠤᠨ ᠠᠰᠢᠭᠯᠠᠯᠲᠠ ᠶᠢᠨ ᠶᠠᠮᠤᠨ ᠵᠦᠵᠢᠶᠠᠩ ᠮᠥᠷᠡᠨ ᠤ ᠰᠠᠪᠠ ᠭᠠᠵᠠᠷ ᠤᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠸᠢᠳᠢᠤ᠋ ᠪᠠᠷ ᠵᠥᠪᠳᠡᠯᠴᠡᠵᠦ ᠪᠠᠶᠢᠭᠠᠳ ᠭᠠᠩ ᠬᠠᠭᠰᠠᠷᠠᠭᠠᠨ ᠤ ᠪᠠᠶᠢᠳᠠᠯ ᠤᠨ ᠬᠠᠨᠳᠤᠰᠢ ᠶᠢ ᠰᠤᠳᠤᠯᠤᠨ ᠮᠠᠭᠠᠳᠯᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠨ ᠤᠰᠤ ᠲᠠᠲᠠᠬᠤ ᠪᠠ ᠱᠣᠷᠪᠣᠭ ᠢ ᠳᠠᠷᠤᠵᠤ ᠰᠢᠩᠭᠡᠨ ᠢ ᠨᠥᠬᠦᠪᠦᠷᠢᠯᠡᠬᠦ ᠵᠡᠷᠭᠡ ᠠᠵᠢᠯ ᠢ ᠲᠣᠬᠢᠷᠠᠭᠤᠯᠪᠠ᠃ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠺᠣᠮᠢᠰ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠬᠤ᠂ ᠪᠡᠯᠡᠳᠬᠡᠯ ᠲᠥᠰᠥᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠱᠣᠷᠪᠣᠭ ︵ᠲᠦᠯᠬᠢᠭᠡᠨ︶ ᠪᠠᠶᠢᠳᠠᠯ᠂ ᠪᠠᠷᠢᠯᠭ᠎ᠠ ᠶᠢᠨ ᠪᠠᠶᠢᠳᠠᠯ ᠢ ᠨᠢᠭᠲᠠ ᠬᠢᠨᠠᠨ ᠠᠵᠢᠭᠯᠠᠬᠤ ᠬᠡᠷᠡᠭᠲᠡᠢ᠃ ᠭᠤᠸᠠᠩᠳᠦ᠋ᠩ᠂ ᠹᠦᠵᠢᠶᠠᠨ᠂ ᠭᠤᠸᠠᠩᠰᠢ ᠵᠡᠷᠭᠡ ᠮᠤᠵᠢ ᠣᠷᠣᠨ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠶᠢ ᠪᠠᠲᠤᠯᠠᠬᠤ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠬᠤᠭᠤᠴᠠᠭᠠᠨ ᠳᠠᠬᠢ ᠴᠢᠬᠤᠯᠠ ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠪᠠ ᠵᠠᠮ ᠳᠠᠭᠠᠤ ᠶᠢᠨ ᠤᠰᠤ ᠲᠠᠲᠠᠬᠤ ᠠᠮᠠᠰᠠᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠴᠠᠭ ᠲᠣᠬᠢᠶᠠᠯ ᠢ ᠠᠮᠵᠢᠨ ᠴᠡᠩᠭᠡᠭ ᠤᠰᠤ ᠶᠢ ᠵᠠᠪᠳᠤᠨ ᠬᠠᠳᠠᠭᠠᠯᠠᠵᠤ᠂ ᠳᠠᠪᠤᠰᠤ ᠶᠢ ᠳᠠᠷᠤᠵᠤ ᠰᠢᠩᠭᠡᠨ ᠢ ᠨᠥᠬᠦᠪᠦᠷᠢᠯᠡᠬᠦ ᠲᠣᠬᠢᠷᠠᠭᠤᠯᠤᠯᠲᠠ ᠶᠢᠨ ᠲᠠᠯ᠎ᠠ ᠪᠠᠷ ᠬᠠᠮᠤᠭ ᠤᠨ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号