︽ᠠᠷᠠᠳ ᠤᠨ ᠡᠳᠦᠷ ᠤᠨ ᠰᠣᠨᠢᠨ︾( 2022 ᠣᠨ ᠤ 04 ᠰᠠᠷ᠎ᠠ ᠶᠢᠨ 20 ᠤ ᠡᠳᠦᠷ 07 ᠳ᠋ᠤᠭᠠᠷ | ᠬᠡᠪᠯᠡᠯ) | ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 4 ᠰᠠᠷ᠎ᠠ ᠶᠢᠨ 19 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠯᠢ ᠰᠢᠶᠣᠣ ᠴᠢᠩ︶ ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ | ᠢᠶᠠᠷ᠄ 2021 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠢ ᠨᠡᠶᠢᠲᠡ 827 ᠲᠦᠮᠡ ᠪᠠᠶᠢᠭᠤᠯᠵᠤ᠂ ᠬᠥᠳᠡᠭᠡ ᠲᠣᠰᠬᠤᠨ ᠤ ᠲᠦᠭᠡᠭᠡᠯ ᠤᠰᠤᠨ ᠤ | ᠲᠦᠭᠡᠮᠡᠯᠵᠢᠭᠰᠡᠨ ᠨᠣᠷᠮ᠎ᠠ 84% ᠬᠦᠷᠴᠦ᠂ ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠲᠣᠪᠣᠶᠢᠮ᠎ᠠ ᠦᠷ᠎ᠡ | ᠪᠦᠲᠦᠮᠵᠢ ᠣᠯᠪᠠ᠃ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ︽ᠬᠥᠳᠡᠭᠡ ᠲᠣᠰᠬᠤᠨ ᠤ | ᠤᠰᠤ ᠬᠠᠩᠭᠠᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠳᠡᠮᠵᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠣᠷᠣᠭᠤᠯᠤᠯᠲᠠ ᠶᠢᠨ ᠲᠣᠭᠲᠠᠴᠠ ᠶᠢ | ᠪᠠᠶᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠤᠰᠤ ᠬᠠᠩᠭᠠᠵᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ ᠭᠡᠪᠡ᠃ | ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯ ᠬᠥᠳᠡᠭᠡ ᠲᠣᠰᠬᠤᠨ ᠤ ᠴᠢᠬᠤᠯᠠ ᠰᠠᠭᠤᠷᠢ | ᠲᠥᠬᠦᠭᠡᠷᠦᠮᠵᠢ ᠮᠥᠨ᠂ ᠬᠥᠳᠡᠭᠡ ᠲᠣᠰᠬᠤᠨ ᠤ ᠪᠦᠬᠦ ᠬᠥᠮᠥᠨ ᠠᠮᠠ ᠳᠤ ᠬᠤᠯᠪᠣᠭᠳᠠᠬᠤ ᠨᠢᠭᠡᠨ ᠴᠢᠬᠤᠯᠠ ᠶᠡᠭᠡ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠭᠡᠪᠡᠴᠦ ᠮᠠᠨ ᠤ ᠤᠯᠤᠰ ᠤᠨ ᠤᠯᠤᠰ ᠤᠨ ᠪᠠᠶᠢᠳᠠᠯ ᠤᠰᠤᠨ ᠤ | ᠪᠠᠶᠢᠳᠠᠯ ᠨᠠᠷᠢᠨ ᠪᠤᠳᠤᠯᠢᠶᠠᠨᠲᠠᠢ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠴᠠ | ᠪᠣᠯᠵᠤ᠂ ᠬᠡᠰᠡᠭ ᠭᠠᠵᠠᠷ ᠣᠷᠣᠨ ᠳᠤ ᠮᠥᠨ ᠯᠡ ᠡᠳᠦᠢ ᠲᠡᠳᠦᠢ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ︽ᠮᠡᠳᠡᠭᠳᠡᠯ | ︾ ᠳᠤ᠂ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠨᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠤᠤᠭᠤᠬᠤ ᠤᠰᠤᠨ ᠤ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠪᠠ ᠬᠥᠳᠡᠯᠦᠩᠭᠦᠢ ᠬᠢᠨᠠᠨ | ᠬᠡᠮᠵᠢᠯᠲᠡ ᠬᠢᠬᠦ ᠶᠢ ᠵᠣᠬᠢᠶᠠᠨ ᠪᠠᠶᠢᠭᠤᠯᠵᠤ᠂ ᠡᠷᠲᠡ ᠢᠯᠡᠷᠡᠭᠦᠯᠬᠦ᠂ ᠡᠷᠲᠡ ᠬᠠᠮᠢᠶᠠᠷᠬᠤ᠂ ᠡᠷᠲᠡ ᠲᠡᠳᠬᠦᠬᠦ ᠶᠢ | ᠦᠨᠡᠨ ᠬᠦ ᠪᠡᠶᠡᠯᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠬᠥᠳᠡᠭᠡ | ᠲᠣᠰᠬᠤᠨ ᠤ ᠤᠰᠤ ᠬᠠᠩᠭᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠰᠢᠶᠠᠨ ᠢᠶᠠᠷ ᠨᠢᠭᠡᠴᠢ ᠪᠣᠯᠭᠠᠨ᠂ ᠪᠠᠶᠢᠭᠤᠯᠵᠤ ᠪᠠᠶᠢᠭ᠎ᠠ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠤᠰᠤᠨ ᠤ | ᠰᠤᠷᠪᠤᠯᠵᠢ ᠪᠠ ᠤᠰᠤ ᠬᠠᠩᠭᠠᠬᠤ ᠢᠨᠵᠧᠨᠧᠷᠢᠩ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢᠨ ᠡᠬᠡ ᠲᠠᠩᠰᠠ ᠶᠢ | ᠪᠠᠶᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡ | ᠭᠠᠵᠠᠷ ᠪᠠᠶᠢᠭᠤᠯᠵᠤ᠂ ᠨᠢᠭᠡ ᠭᠠᠵᠠᠷ ᠪᠣᠯᠭᠠᠵᠤ᠂ ᠨᠢᠭᠡ ᠭᠠᠵᠠᠷ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ︽ᠮᠡᠳᠡᠭᠳᠡᠯ︾ ᠳᠤ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠢᠨ ᠲᠠᠷᠢᠶᠠᠯᠠᠩ ᠳᠤ | ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠨᠥᠬᠦᠪᠦᠷᠢ ᠪᠡᠯᠡ ᠮᠥᠩᠭᠦ ᠵᠡᠷᠭᠡ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ | ᠬᠠᠤᠯᠢ ᠲᠣᠭᠲᠠᠭᠠᠯ ᠶᠣᠰᠣᠭᠠᠷ ᠠᠰᠢᠭᠯᠠᠵᠤ᠂ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠤᠰᠤᠨ ᠤ ᠰᠤᠷᠪᠤᠯᠵᠢ | ᠪᠠ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ | ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠤᠨ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠬᠥᠳᠡᠭᠡ ᠲᠣᠰᠬᠤᠨ ᠤ ᠤᠰᠤ ᠬᠠᠩᠭᠠᠬᠤ ᠴᠢᠬᠤᠯᠠ | ᠪᠦᠬᠦᠢ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠳᠡᠮᠵᠢᠬᠦ ᠳᠤ ᠬᠡᠷᠡᠭᠯᠡᠬᠦ ᠶᠢ | ᠲᠣᠳᠣᠷᠬᠠᠶᠢᠯᠠᠪᠠ᠃ ᠣᠲᠣ ᠶᠢᠨ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠨᠢᠭᠡᠳᠦᠯᠲᠡᠢ ᠲᠥᠯᠥᠪᠯᠡᠨ ᠠᠰᠢᠭᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ | ᠡᠲᠡᠭᠡᠳ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠳᠤ ᠣᠷᠤᠯᠴᠠᠬᠤ ᠶᠢ ᠤᠷᠢᠳᠠᠪᠠᠷ ᠳᠡᠮᠵᠢᠨ᠎ᠡ᠃ ᠤᠰᠤ ᠬᠠᠩᠭᠠᠬᠤ | ᠦᠢᠯᠡᠴᠢᠯᠡᠭᠡᠨ ᠤ ᠬᠥᠮᠥᠨ ᠠᠮᠠ ᠴᠥᠭᠡᠨ᠂ ᠠᠵᠢᠯᠯᠠᠭᠠᠨ ᠤ ᠥᠪᠡᠷ ᠤᠨ ᠥᠷᠳᠡᠭ ᠨᠢ ᠥᠨᠳᠥᠷ᠂ ᠤᠰᠤᠨ ᠤ | ᠰᠦᠢᠳᠬᠡᠯ ᠵᠡᠷᠭᠡ ᠣᠷᠣᠯᠭ᠎ᠠ ᠨᠢ ᠥᠪᠡᠷ ᠤᠨ ᠥᠷᠳᠡᠭ ᠢ ᠬᠠᠮᠤᠷᠬᠤ ᠳᠤ ᠬᠦᠴᠢᠷᠲᠡᠢ ᠬᠥᠳᠡᠭᠡ ᠲᠣᠰᠬᠤᠨ ᠤ ᠤᠰᠤ | ᠬᠠᠩᠭᠠᠬᠤ ᠪᠠᠷᠢᠯᠭ᠎ᠠ ᠳᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠦᠷᠢ ᠵᠡᠷᠭᠡ ᠪᠡᠯᠡ ᠮᠥᠩᠭᠦ | ᠲᠣᠬᠢᠷᠠᠭᠤᠯᠤᠨ ᠳᠡᠮᠵᠢᠯᠭᠡ ᠦᠵᠡᠭᠦᠯᠵᠦ᠂ ᠪᠠᠷᠢᠯᠭ᠎ᠠ ᠶᠢᠨ ᠵᠢᠷᠤᠭᠯᠠᠨ ᠲᠥᠯᠥᠪᠯᠡᠭᠰᠡᠨ ᠣᠨ ᠵᠢᠯ ᠤᠨ ᠳᠣᠲᠣᠷ᠎ᠠ ᠬᠡᠪ | ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | |