ᠠᠷᠠᠳ ᠤᠨ ᠰᠦᠯᠵᠢᠶ᠎ᠡ᠄ ᠤᠰᠤᠨ ᠠᠰᠢᠭᠯᠠᠯᠲᠠ ᠶᠢᠨ ᠶᠠᠮᠤᠨ᠄ ᠤᠰᠤᠨ ᠴᠥᠭᠦᠷᠥᠮ ᠤᠨ ᠦᠶᠡᠷ  ᠢ  ᠠᠶᠤᠯᠭᠦᠢ ᠥᠩᠭᠡᠷᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ ︖ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠲᠤᠯᠠᠨ᠎ᠠ
ᠨᠡᠶᠢᠲᠡᠯᠡᠭᠰᠡᠨ ᠴᠠᠭ᠄
2022/4/25
     ᠠᠷᠠᠳ ᠤᠨ ᠰᠦᠯᠵᠢᠶᠡᠨ ᠤ ᠪᠡᠭᠡᠵᠢᠩ ᠤᠨ 4 ᠰᠠᠷ᠎ᠠ  ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠢᠦᠢ ᠯᠦ︶ ︽ᠤᠰᠤᠨ ᠴᠥᠭᠦᠷᠥᠮ ᠤᠨ ᠠᠮᠤᠷ ᠲᠦᠪᠰᠢᠨ ᠪᠣᠯ ᠠᠮᠢ ᠨᠠᠰᠤᠨ ᠤ ᠠᠮᠤᠷ ᠲᠦᠪᠰᠢᠨ᠂ ᠦᠶᠡᠷ  ᠢ ᠰᠡᠷᠭᠡᠶᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠥᠬᠦᠷᠡᠰᠢ ᠦᠭᠡᠢ ᠠᠳᠬᠤᠵᠤ᠂ ᠠᠮᠤᠷ ᠲᠦᠪᠰᠢᠨ  ᠢ ᠦᠨᠡᠨᠬᠦ ᠪᠠᠲᠤᠯᠠᠬᠤ ᠬᠡᠷᠡᠭᠲᠡᠢ︾᠃ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤ ᠬᠤᠷᠠᠯᠳᠤᠭᠤᠯᠤᠭᠰᠠᠨ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠬᠠᠷᠠᠭᠠᠨ ᠳᠠᠪᠲᠠᠮᠵᠢ ᠶᠢᠨ ᠬᠤᠷᠠᠯ ᠳᠡᠭᠡᠷ᠎ᠡ᠂ ᠤᠯᠤᠰ ᠤᠨ ᠦᠶᠡᠷ ᠢ ᠰᠡᠷᠭᠡᠶᠢᠯᠡᠬᠦ ᠶᠡᠷᠦᠩᠬᠡᠢ ᠬᠡᠯᠲᠡᠰ ᠤᠨ ᠳᠡᠳ᠋ ᠶᠡᠷᠦᠩᠬᠡᠢ ᠵᠢᠯᠣᠭᠤᠳᠤᠭᠴᠢ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠢᠯᠡᠷᠬᠡᠶᠢᠯᠡᠬᠦ ᠳᠡᠭᠡᠨ᠂ ᠤᠰᠤᠨ ᠴᠥᠭᠦᠷᠥᠮ ᠤᠨ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠰᠤᠨ ᠴᠥᠭᠦᠷᠥᠮ ᠤᠨ ᠬᠠᠰᠢᠯᠭ᠎ᠠ ᠶᠢ ᠨᠤᠷᠠᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠯᠢ  ᠭᠥᠸᠧ ᠢᠩ ᠬᠡᠯᠡᠬᠦ ᠳᠡᠭᠡᠨ᠂ 2021 ᠣᠨ ᠳᠤ᠂ ᠮᠠᠨ ᠤ ᠤᠯᠤᠰ ᠤᠨ ᠬᠡᠰᠡᠭ ᠭᠠᠵᠠᠷ ᠣᠷᠣᠨ ᠳᠤ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠭᠠᠷᠴᠤ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠰᠤᠨ ᠴᠥᠭᠦᠷᠥᠮ ᠤᠨ ᠦᠶᠡᠷ ᠢ  ᠠᠶᠤᠯᠭᠦᠢ ᠥᠩᠭᠡᠷᠡᠭᠦᠯᠬᠦ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠰᠤᠨ ᠴᠥᠭᠦᠷᠥᠮ ᠤᠨ ᠦᠶᠡᠷ ᠢ ᠠᠶᠤᠯᠭᠦᠢ ᠥᠩᠭᠡᠷᠡᠭᠦᠯᠬᠦ ᠠᠷᠭ᠎ᠠ ᠬᠡᠮᠵᠢᠶ᠎ᠡ ᠶᠢ ᠪᠦᠬᠦ ᠶᠠᠪᠤᠴᠠ ᠪᠦᠬᠦ ᠬᠡᠯᠬᠢᠶ᠎ᠡ ᠪᠠᠷ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠴᠥᠭᠦᠷᠥᠮ ᠤᠨ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠢ ᠦᠳᠲᠡᠷ ᠲᠦᠷᠭᠡᠨ ᠰᠢᠢᠳᠪᠦᠷᠢᠯᠡᠵᠦ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠪᠦᠬᠦ ᠤᠯᠤᠰ ᠤᠨ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠣᠷᠣᠭᠤᠯᠤᠯᠲᠠ ᠶᠢ ᠲᠣᠬᠢᠷᠠᠭᠤᠯᠤᠨ ᠬᠡᠷᠡᠭᠯᠡᠵᠦ᠂ 1390 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ ᠤᠨ ᠤᠰᠤ ᠶᠢ ᠬᠠᠰᠢᠨ ᠬᠠᠳᠠᠭᠠᠯᠠᠵᠤ᠂  ᠤᠰᠤᠨ ᠳᠤ ᠠᠪᠲᠠᠭᠰᠠᠨ ᠬᠤᠲᠠ ᠪᠠᠯᠭᠠᠰᠤ ᠶᠢ 1494 ᠤᠳᠠᠭ᠎ᠠ  ᠪᠠᠭᠠᠰᠬᠠᠨ᠂ 2534 ᠲᠦᠮᠡᠨ ᠮᠦ ᠤᠰᠤᠨ ᠳᠤ ᠠᠪᠲᠠᠭᠰᠠᠨ ᠲᠠᠷᠢᠶᠠᠨ ᠭᠠᠵᠠᠷ ᠤᠨ ᠲᠠᠯᠠᠪᠠᠢ ᠶᠢ ᠪᠠᠭᠠᠰᠬᠠᠵᠤ᠂ 1525 ᠲᠦᠮᠡᠨ ᠬᠥᠮᠥᠨ ᠢ ᠰᠢᠯᠵᠢᠭᠦᠯᠬᠦ ᠠᠴᠠ ᠵᠠᠶᠢᠯᠠᠰᠬᠢᠵᠦ᠂ ᠤᠰᠤᠨ ᠴᠥᠭᠦᠷᠥᠮ ᠤᠨ ᠠᠶᠤᠯ ᠭᠠᠷᠤᠭᠰᠠᠨ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠭᠰᠠᠨ ᠬᠡᠷᠡᠭ ᠭᠠᠷᠤᠭᠰᠠᠨ ᠦᠭᠡᠢ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃      ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠤᠨ ᠴᠠᠭ ᠠᠭᠤᠷ ᠤᠰᠤᠨ ᠵᠦᠢ ᠶᠢᠨ  ᠵᠢᠯ ᠤᠨ  ᠥᠩᠭᠡ ᠶᠡᠷᠦᠩᠬᠡᠢ ᠳᠡᠭᠡᠨ ᠵᠥᠷᠢᠶ᠎ᠡ ᠲᠠᠢ ᠪᠠᠶᠢᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ  ᠠᠶᠤᠯᠭᠦᠢ ᠥᠩᠭᠡᠷᠡᠭᠡᠬᠦ ᠳᠤ ᠬᠠᠲᠠᠭᠤ ᠴᠢᠩᠭ᠎ᠠ ᠰᠢᠯᠭᠠᠯᠲᠠ ᠳᠤ  ᠲᠤᠯᠭᠠᠷᠠᠨ᠎ᠠ ᠡᠭᠦᠨ ᠳᠤ᠂ ᠯᠢ ᠭᠦᠸᠧ ᠶᠢᠩ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠤᠰᠤᠨ ᠴᠥᠭᠦᠷᠥᠮ ᠤᠨ ᠦᠶᠡᠷ ᠢ  ᠠᠶᠤᠯᠭᠦᠢ ᠥᠩᠭᠡᠷᠡᠭᠦᠯᠬᠦ ᠶᠢᠨ ᠳᠤᠲᠠᠭᠤᠳᠠᠯ ᠪᠠᠭᠤᠷᠠᠢ ᠵᠦᠢᠯ ᠳᠤ ᠤᠨᠢᠨ ᠳᠡᠭᠡᠷ᠎ᠡ ᠨᠢ ᠲᠥᠪᠯᠡᠷᠡᠭᠦᠯᠵᠦ᠂ ᠤᠰᠤᠨ ᠴᠥᠭᠦᠷᠥᠮ ᠤᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠴᠥᠭᠦᠷᠥᠮ ᠤᠨ ᠦᠶᠡᠷ ᠢ  ᠠᠶᠤᠯᠭᠦᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠢᠭᠡ ᠳᠤ ᠤᠰᠤᠨ ᠴᠥᠭᠦᠷᠥᠮ ᠤᠨ ᠬᠠᠰᠢᠯᠭ᠎ᠠ ᠶᠢᠨ ᠠᠶᠤᠯᠭᠦᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠴᠥᠭᠦᠷᠥᠮ ᠨᠢᠭᠡᠪᠦᠷᠢ ᠴᠥᠮ ᠡᠷᠬᠡᠪᠰᠢ ᠠᠶᠤᠯᠭᠦᠢ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠶᠡᠷ ᠠᠴᠠ ᠡᠮᠦᠨᠡᠬᠢ ᠪᠡᠯᠡᠳᠬᠡᠯ᠂ ᠦᠶᠡᠷ ᠤᠨ ᠬᠤᠭᠤᠴᠠᠭᠠᠨ ᠤ ᠠᠷᠭᠠᠴᠠᠬᠤ ᠵᠡᠷᠭᠡ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃      ᠬᠤᠶᠠᠷ ᠲᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠰᠣᠷᠢᠯᠲᠠ᠂ ᠪᠡᠯᠡᠳᠬᠡᠯ ᠲᠥᠰᠥᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠡᠭᠡᠨ ᠰᠢᠭᠤᠳ ᠨᠢᠭᠡᠳᠦᠭᠡᠷ ᠹᠷᠣᠨᠲ ᠲᠤ ᠬᠦᠷᠭᠡᠵᠦ᠂ ᠰᠢᠭᠤᠳ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠢ ᠳᠤ ᠬᠦᠷᠭᠡᠵᠦ᠂ ᠰᠢᠭᠤᠳ ᠤᠰᠤᠨ ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾ ᠳᠤ ᠬᠦᠷᠭᠡᠵᠦ᠂  ᠲᠤᠭ᠎ᠠ ᠶᠢ  ᠬᠤᠣᠰᠯᠠᠭᠤᠯᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠲᠣᠬᠢᠷᠠᠭᠤᠯᠤᠨ ᠬᠡᠷᠡᠭᠯᠡᠬᠦ ᠬᠡᠷᠡᠭᠲᠡᠢ᠃      ᠭᠤᠷᠪᠠ ᠳᠤ ᠡᠮᠵᠡᠭ ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠲᠦᠷᠭᠡᠳᠬᠡᠵᠦ᠂ ᠡᠨᠡ ᠵᠢᠯ 100 ᠭᠠᠷᠤᠢ ᠲᠣᠮᠣ ᠳᠤᠮᠳᠠ ᠬᠡᠯᠪᠡᠷᠢ ᠶᠢᠨ᠂ 3400 ᠭᠠᠷᠤᠢ ᠵᠢᠵᠢᠭ ᠬᠡᠯᠪᠡᠷᠢ ᠶᠢᠨ ᠡᠮᠵᠡᠭ ᠠᠶᠤᠯ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠣᠨ ᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠡᠷᠡᠭᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠥᠮᠥᠷᠭᠡ ᠳᠠᠷᠠᠭᠠᠯᠠᠨ ᠨᠠᠶᠢᠳᠠᠪᠤᠷᠢᠵᠢᠭᠤᠯᠵᠤ᠂ ᠭᠤᠣᠯ ᠦᠶᠡᠷ ᠤᠨ ᠬᠤᠭᠤᠴᠠᠭᠠᠨ ᠤ ᠡᠮᠵᠡᠭ ᠠᠶᠤᠯᠲᠠᠢ ᠤᠰᠤᠨ ᠴᠥᠭᠦᠷᠥᠮ ᠢ ᠵᠠᠷᠴᠢᠮ ᠳᠡᠭᠡᠷ᠎ᠡ ᠪᠠᠨ ᠴᠥᠮ ᠬᠤᠭᠤᠰᠤᠨ ᠬᠥᠮᠥᠷᠭᠡ ᠪᠠᠷ ᠠᠵᠢᠯᠯᠠᠭᠤᠯᠬᠤ ᠬᠡᠷᠡᠭᠲᠡᠢ᠃      ᠳᠥᠷᠪᠡ ᠳᠤ᠂ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠤᠰᠤᠨ ᠴᠥᠭᠦᠷᠥᠮ ᠤᠨ ᠭᠡᠮ ᠰᠣᠭᠤᠭ ᠢ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠲᠥᠰᠥᠯ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠪᠣᠳᠠᠲᠠᠢ ᠬᠡᠷᠡᠭᠴᠡᠭᠡ ᠶᠢ ᠬᠠᠩᠭᠠᠬᠤ ᠬᠡᠷᠡᠭᠲᠡᠢ᠃      ᠲᠠᠪᠤ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠬᠤᠷᠢᠭᠯᠠᠬᠤ ᠶᠢ ᠴᠢᠩᠭᠠᠳᠬᠠᠵᠤ᠂ ᠠᠶᠤᠯ ᠠᠴᠠ ᠠᠪᠤᠷᠠᠬᠤ ᠡᠩᠨᠡᠭᠡ᠂ ᠮᠠᠲ᠋ᠧᠷᠢᠶᠠᠯ ᠪᠣᠳᠠᠰ ᠪᠠ ᠲᠥᠬᠦᠭᠡᠷᠦᠮᠵᠢ ᠶᠢ ᠤᠷᠢᠳᠴᠢᠯᠠᠨ  ᠪᠠᠶᠢᠷᠢᠯᠠᠭᠤᠯᠵᠤ᠂ ᠤᠰᠤᠨ ᠴᠥᠭᠦᠷᠥᠮ ᠤᠨ ᠲᠦᠭᠰᠢᠭᠦᠷᠢᠲᠦ ᠪᠠᠶᠢᠳᠠᠯ ᠤᠨ ᠨᠥᠯᠥᠭᠡᠯᠡᠬᠦ ᠬᠡᠪᠴᠢᠶᠡᠨ ᠳᠠᠬᠢ ᠬᠥᠮᠥᠰ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠶᠢ ᠤᠷᠢᠳᠴᠢᠯᠠᠨ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠬᠠᠰᠤᠬᠤ ᠶᠣᠰᠣᠲᠠᠢ ᠶᠢ ᠨᠢ ᠪᠦᠬᠦᠨ ᠢ ᠬᠠᠰᠤᠵᠤ᠂ ᠰᠢᠯᠵᠢᠭᠦᠯᠬᠦ ᠶᠣᠰᠣᠲᠠᠢ ᠶᠢ ᠨᠢ ᠡᠷᠲᠡ ᠠᠴᠠ ᠰᠢᠯᠵᠢᠭᠦᠯᠵᠦ᠂ ᠨᠢᠭᠡ ᠬᠥᠮᠥᠨ ᠢ ᠴᠦ ᠬᠤᠴᠣᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃      ᠡᠭᠦᠨ ᠠᠴᠠ ᠭᠠᠳᠠᠨ᠎ᠠ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ  ᠢᠨᠵᠧᠨᠧᠷᠢᠩ᠂ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ︿ᠭᠤᠷᠪᠠᠨ ᠬᠠᠷᠢᠭᠤᠴᠠᠯᠭᠠᠲᠠᠨ﹀ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ︿ᠭᠤᠷᠪᠠᠨ ᠭᠤᠣᠯᠳᠠᠯᠭ᠎ᠠ ᠲᠠᠢ ᠭᠤᠭᠴᠤᠭ᠎ᠠ﹀ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠬᠡᠷᠡᠭᠯᠡᠯᠲᠡ ᠪᠠ ᠦᠶᠡᠷ ᠤᠨ ᠬᠢᠵᠠᠭᠠᠷ ᠤᠨ ᠤᠰᠤᠨ ᠲᠦᠪᠰᠢᠨ ᠢ ᠬᠡᠷᠡᠭᠵᠢᠭᠦᠯᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠦᠭᠡᠢ᠂ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠵᠡᠷᠭᠡ ᠠᠰᠠᠭᠤᠳᠠᠯ ᠠᠴᠠ ᠪᠣᠯᠵᠤ ᠤᠰᠤᠨ ᠴᠥᠭᠦᠷᠥᠮ ᠳᠤ ᠬᠦᠨᠳᠦ ᠶᠡᠭᠡ ᠠᠶᠤᠯ ᠲᠦᠭᠰᠢᠭᠦᠷᠢ ᠤᠴᠠᠷᠠᠭᠤᠯᠤᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︾ ᠭᠡᠵᠦ ᠯᠢ ᠭᠦᠸᠧ ᠶᠢᠩ ᠬᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号