︵2022 ᠣᠨ ᠤ 5 ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠲᠠᠪᠤᠳᠤᠭᠠᠷ ᠬᠤᠷᠠᠯ ᠠᠴᠠ ᠪᠠᠲᠤᠯᠠᠪᠠ︶ | | ︽ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠨᠠᠮ ᠤᠨ ᠲᠥᠪ ᠬᠤᠷᠢᠶᠠᠨ ᠤ ᠰᠠᠨᠠᠯ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︵ᠳᠣᠷᠣᠭᠰᠢ ᠪᠠᠶᠢᠩᠭᠤ ᠶᠢᠨ ᠬᠤᠷᠢᠶ᠎ᠠ ᠭᠡᠵᠦ ᠲᠣᠪᠴᠢᠯᠠᠨ᠎ᠠ︶ ᠶᠢᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠠᠵᠢᠯ ᠢ ᠵᠢᠷᠤᠮᠵᠢᠭᠤᠯᠤᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠬᠡᠷᠡᠭᠵᠢᠭᠦᠯᠵᠦ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠲᠣᠭᠲᠠᠴᠠ ᠪᠠ ᠠᠷᠭ᠎ᠠ | ᠮᠠᠶ᠋ᠢᠭ ᠢ ᠲᠡᠭᠦᠯᠳᠡᠷᠵᠢᠭᠦᠯᠵᠦ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ ᠶᠢ | ᠠᠬᠢᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠲᠥᠯᠥᠭᠡ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ | ᠲᠠᠯᠪᠢᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠮᠡᠲᠦ ᠲᠣᠭᠲᠠᠭᠠᠯ ᠢ ᠨᠡᠶᠢᠲᠡᠯᠡᠪᠡ᠃ | ᠨᠢᠭᠡ᠂ ᠲᠤᠰ ᠲᠣᠭᠲᠠᠭᠠᠯ ᠢ ᠪᠠᠶᠢᠩᠭᠤ ᠶᠢᠨ ᠬᠤᠷᠢᠶ᠎ᠠ ᠠᠴᠠ ᠲᠤᠰ ᠱᠠᠲᠤᠨ ᠤ ᠠᠷᠠᠳ ᠤᠨ ᠰᠢᠭᠦᠭᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ᠂ | ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠵᠡᠷᠭᠡ ᠪᠠᠶᠢᠭᠤᠯᠭ᠎ᠠ ︵ᠳᠣᠷᠣᠭᠰᠢ ᠬᠠᠤᠯᠢ ᠴᠠᠭᠠᠵᠠ ᠶᠢᠨ ᠪᠠᠶᠢᠭᠤᠯᠭ᠎ᠠ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠶᠢᠨ ᠬᠠᠤᠯᠢ ᠪᠠᠷᠢᠬᠤ ᠠᠵᠢᠯ ᠳᠤ ᠬᠢᠨᠠᠯᠲᠠ ᠲᠠᠯᠪᠢᠬᠤ ᠳᠤ ᠬᠡᠷᠡᠭᠯᠡᠨ᠎ᠡ᠃ | ᠬᠤᠶᠠᠷ᠂ ᠪᠠᠶᠢᠩᠭᠤ ᠶᠢᠨ ᠬᠤᠷᠢᠶ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠳᠤ᠂ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠪᠦᠭᠦ ᠶᠠᠪᠤᠴᠠ | ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ | ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ | ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠲᠡᠮᠵᠢᠨ᠂ ᠤᠯᠤᠰ ᠤᠨ ᠬᠠᠤᠯᠢᠵᠢᠯ ᠤᠨ ᠨᠢᠭᠡᠳᠦᠯ ᠢ ᠬᠠᠮᠠᠭᠠᠯᠠᠵᠤ᠂ | ᠬᠠᠤᠯᠢ ᠲᠣᠭᠲᠠᠭᠠᠯ ᠤᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠷᠬᠡ ᠲᠤᠰᠢᠶᠠᠯ ᠢᠶᠠᠨ | ᠬᠡᠷᠡᠭᠵᠢᠭᠦᠯᠦᠭᠰᠡᠨ ᠪᠠᠶᠢᠳᠠᠯ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ | ᠪᠠ ᠢᠯᠡ ᠪᠤᠯᠭᠠᠬᠤ ᠳᠤ ᠲᠣᠬᠢᠷᠠᠮᠵᠢ ᠦᠭᠡᠢ ᠪᠤᠰᠤᠳ ᠵᠦᠢᠯ ᠲᠠᠢ ᠬᠤᠯᠪᠣᠭᠳᠠᠭᠰᠠᠨ ᠠᠴᠠ ᠪᠤᠰᠤᠳ ᠢ ᠨᠢ ᠬᠠᠤᠯᠢ | ᠶᠣᠰᠣᠭᠠᠷ ᠨᠡᠶᠢᠭᠡᠮ ᠳᠤ ᠢᠯᠡ ᠪᠤᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ | ᠭᠤᠷᠪᠠ᠂ ᠪᠠᠶᠢᠩᠭᠤ ᠶᠢᠨ ᠬᠤᠷᠢᠶ᠎ᠠ ᠠᠷᠠᠳᠴᠢᠯᠠᠯ ᠲᠥᠪᠯᠡᠷᠡᠯ ᠤᠨ ᠶᠣᠰᠣ ᠶᠢᠨ ᠵᠠᠷᠴᠢᠮ ᠶᠣᠰᠣᠭᠠᠷ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠡᠷᠬᠡ ᠲᠤᠰᠢᠶᠠᠯ ᠢᠶᠠᠨ ᠬᠠᠮᠲᠤ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠴᠢᠬᠤᠯᠠ ᠶᠡᠭᠡ ᠬᠡᠷᠡᠭ ᠶᠠᠪᠤᠳᠠᠯ ᠢ ᠬᠠᠤᠯᠢ ᠶᠣᠰᠣᠭᠠᠷ ᠲᠣᠭᠲᠠᠭᠠᠨ᠎ᠠ᠃ | ᠪᠠᠶᠢᠩᠭᠤ ᠶᠢᠨ ᠬᠤᠷᠢᠶᠠᠨ ᠤ ᠡᠷᠭᠢᠯᠡᠭᠴᠢᠳ ᠤᠨ ᠬᠤᠷᠠᠯ ᠨᠢ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠡᠳᠦᠷ ᠲᠤᠳᠤᠮ ᠤᠨ ᠴᠢᠬᠤᠯᠠ ᠠᠵᠢᠯ ᠢ ᠬᠠᠷᠢᠭᠤᠴᠠᠨ ᠰᠢᠢᠳᠪᠦᠷᠢᠯᠡᠨ᠎ᠡ᠃ | ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠪᠣᠳᠠᠲᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠳᠥᠷᠪᠡ᠂ ᠪᠠᠶᠢᠩᠭᠤ ᠶᠢᠨ ᠬᠤᠷᠢᠶ᠎ᠠ ᠠᠴᠠ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠳᠣᠣᠷᠠᠬᠢ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠄ | ︵ᠨᠢᠭᠡ︶ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠪᠤᠶᠤ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠰᠢᠢᠳᠪᠦᠷᠢ᠂ ᠲᠣᠭᠲᠠᠭᠠᠯ ᠢ ᠵᠢᠷᠤᠮᠯᠠᠨ ᠬᠡᠷᠡᠭᠵᠢᠭᠦᠯᠦᠭᠰᠡᠨ ᠪᠠᠶᠢᠳᠠᠯ; | ︵ᠬᠤᠶᠠᠷ︶ ᠰᠢᠭᠦᠨ ᠲᠠᠰᠤᠯᠬᠤ᠂ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯᠯᠠᠭ᠎ᠠ ᠵᠡᠷᠭᠡ ᠬᠠᠤᠯᠢ ᠳ᠋ᠤ᠋ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠪᠦᠭᠦ ᠲᠠᠯ᠎ᠠ ᠪᠠᠷ | ᠭᠦᠢᠴᠡᠳᠬᠡᠭᠰᠡᠨ ᠪᠠᠶᠢᠳᠠᠯ; | ︵ᠭᠤᠷᠪᠠ︶ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠦᠭᠰᠡᠨ | ᠥᠭᠡᠷᠡᠴᠢᠯᠡᠯᠲᠡ ᠪᠠ ᠪᠤᠰᠤᠳ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ; | ︵ᠳᠥᠷᠪᠡ︶ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠤᠭᠤᠷᠣᠨᠳᠤ ᠪᠠᠨ ᠬᠠᠷᠢᠯᠴᠠᠨ ᠬᠢᠨᠠᠯᠲᠠ ᠲᠠᠯᠪᠢᠬᠤ ᠪᠠ | ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠳᠣᠲᠣᠭᠠᠳᠤ ᠳᠠᠭᠠᠨ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢᠨ | ᠠᠵᠢᠯᠯᠠᠭᠠᠨ ᠤ ᠪᠠᠶᠢᠳᠠᠯ; | ︵ᠲᠠᠪᠤ︶ ᠬᠠᠤᠯᠢ ᠴᠠᠭᠠᠵᠠ ᠶᠢ ᠬᠡᠷᠡᠭᠵᠢᠭᠦᠯᠬᠦ ᠳᠤᠮᠳᠠ ᠭᠠᠷᠭᠠᠭᠰᠠᠨ ᠠᠯᠳᠠᠭ᠎ᠠ ᠪᠤᠷᠤᠭᠤ ᠠᠴᠠ ᠬᠠᠷᠢᠭᠤᠴᠠᠯᠭ᠎ᠠ | ᠨᠡᠬᠡᠮᠵᠢᠯᠡᠭᠰᠡᠨ ᠪᠠᠶᠢᠳᠠᠯ; | ︵ᠵᠢᠷᠭᠤᠭ᠎ᠠ︶ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠰᠢᠢᠳᠪᠦᠷᠢᠯᠡᠭᠦᠯᠬᠦ ᠪᠠᠷ ᠲᠤᠰᠢᠶᠠᠭᠰᠠᠨ ᠬᠤᠯᠪᠣᠭᠳᠠᠯ ᠪᠦᠬᠦᠢ ᠰᠠᠨᠠᠯ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ ᠪᠠ | ᠰᠠᠨᠠᠯ ᠵᠢᠴᠢ ᠡᠷᠭᠢᠯᠡᠭᠴᠢᠳ ᠤᠨ ᠬᠤᠷᠠᠯ ᠤᠨ ᠲᠣᠭᠲᠠᠭᠠᠯ ᠢ ᠭᠦᠢᠴᠡᠳᠬᠡᠭᠰᠡᠨ ᠪᠠᠶᠢᠳᠠᠯ; | ︵ᠲᠤᠯᠤᠭ᠎ᠠ︶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠭᠤᠮᠣᠳᠠᠯ ᠲᠣᠭᠠᠴᠢᠯᠲᠠ᠂ ᠵᠠᠭᠠᠯᠳᠤᠯᠭ᠎ᠠ ᠪᠠ ᠢᠯᠡᠴᠢᠯᠡᠯᠲᠡ ᠶᠢ ᠰᠢᠢᠳᠪᠦᠷᠢᠯᠡᠭᠰᠡᠨ ᠪᠠᠶᠢᠳᠠᠯ; | ︵ᠨᠠᠢᠮᠠ︶ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠰᠣᠩᠭᠤᠵᠤ ᠭᠠᠷᠭᠠᠭᠰᠠᠨ ᠪᠤᠶᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠮᠢᠯᠠᠭᠰᠠᠨ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠳ᠋ᠤ᠋ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ; | ︵ᠶᠢᠰᠦ︶ ᠬᠠᠤᠯᠢ ᠶᠣᠰᠣᠭᠠᠷ ᠬᠢᠨᠠᠯᠲᠠ ᠲᠠᠯᠪᠢᠬᠤ ᠴᠢᠬᠤᠯᠠᠲᠠᠢ ᠪᠤᠰᠤᠳ ᠪᠠᠶᠢᠳᠠᠯ᠃ | ᠲᠠᠪᠤ᠂ ᠪᠠᠶᠢᠩᠭᠤ ᠶᠢᠨ ᠬᠤᠷᠢᠶ᠎ᠠ ᠭᠤᠣᠯᠳᠠᠭᠤ ᠳᠣᠣᠷᠠᠬᠢ ᠠᠷᠭ᠎ᠠ ᠮᠠᠶ᠋ᠢᠭ ᠢᠶᠠᠷ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠠᠵᠢᠯ ᠢ ᠥᠷᠨᠢᠭᠦᠯᠦᠨ᠎ᠡ᠄ | ︵ᠨᠢᠭᠡ︶ ᠴᠢᠬᠤᠯᠠ ᠶᠡᠭᠡ ᠵᠦᠢᠯᠡᠰ ᠢ ᠶᠠᠷᠢᠯᠴᠠᠨ ᠲᠤᠭᠲᠠᠭᠠᠨ᠎ᠠ; | ︵ᠬᠤᠶᠠᠷ︶ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠭᠦ ᠶᠢᠨ ᠬᠠᠮᠲᠤ ᠲᠤᠰᠬᠠᠢ | ᠰᠡᠳᠦᠪ ᠢᠶᠠᠷ ᠯᠠᠪᠯᠠᠨ ᠠᠰᠠᠭᠤᠬᠤ ᠪᠤᠶᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠭᠦ ᠠᠵᠢᠯ ᠦᠷᠨᠢᠭᠦᠯᠦᠨ᠎ᠡ; | ︵ᠭᠤᠷᠪᠠ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ; | ︵ᠳᠥᠷᠪᠡ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠭᠤᠯᠤᠨ ᠬᠢᠨᠠᠨ ᠪᠠᠶᠢᠴᠠᠭᠠᠨ᠎ᠠ; | ︵ᠲᠠᠪᠤ︶ ᠰᠢᠭᠦᠭᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠢ ᠦᠨᠡᠯᠡᠨ ᠵᠦᠪᠯᠡᠭᠦ ᠠᠵᠢᠯ ᠢ ᠦᠷᠨᠢᠭᠦᠯᠦᠨ᠎ᠠ; | ︵ᠵᠢᠷᠭᠤᠭ᠎ᠠ︶ ᠬᠠᠮᠲᠤᠷᠠᠭᠰᠠᠨ ᠪᠠᠶᠢᠴᠠᠭᠠᠨ ᠰᠤᠳᠤᠯᠤᠯᠲᠠ ᠵᠢᠴᠢ ᠠᠳᠠᠯᠢ ᠲᠦᠷᠦᠯ ᠤᠨ ᠬᠡᠷᠡᠭ ᠤᠨ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠶᠢ ᠦᠷᠨᠢᠭᠦᠯᠦᠨ᠎ᠡ; | ︵ᠲᠤᠯᠤᠭ᠎ᠠ︶ ᠲᠤᠯᠭᠠᠨ ᠯᠠᠪᠯᠠᠭ᠎ᠠ ᠶᠢ ᠳᠤᠷᠠᠳᠤᠨ᠎ᠠ ; | ︵ᠨᠠᠢᠮᠠ︶ ᠣᠨᠴᠠ ᠲᠣᠭᠲᠠᠭᠰᠠᠨ ᠠᠰᠠᠭᠤᠳᠠᠯ ᠤᠨ ᠲᠤᠬᠠᠢ ᠪᠠᠶᠢᠴᠠᠭᠠᠯᠲᠠ ᠭᠢᠨ᠎ᠠ; | ︵ᠶᠢᠰᠦ︶ ᠲᠤᠰᠢᠶᠠᠯ ᠠᠴᠠ ᠨᠢ ᠤᠭᠴᠠᠷᠠᠭᠤᠯᠬᠤ ᠬᠡᠷᠡᠭ ᠢ ᠬᠢᠨᠠᠨ ᠶᠠᠷᠢᠯᠴᠠᠬᠤ ᠪᠠ ᠲᠤᠭᠲᠠᠭᠠᠨ᠎ᠠ; | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠮᠠᠶ᠋ᠢᠭ᠃ | ᠵᠢᠷᠭᠤᠭ᠎ᠠ᠂ ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ | ᠵᠥᠪᠯᠡᠯ ᠬᠢᠨᠠᠯᠲᠠ ᠲᠠᠯᠪᠢᠬᠤ ᠵᠦᠪᠯᠡᠭᠦ ᠵᠦᠢᠯᠡᠰ ᠢ ᠦᠨᠳᠦᠰᠦᠯᠡᠨ᠂ ᠬᠡᠷᠡᠭ ᠤᠨ ᠲᠠᠩᠰᠠ ᠶᠢ ᠪᠠᠶᠢᠴᠠᠭᠠᠨ ᠦᠵᠡᠬᠦ | ᠵᠡᠷᠭᠡ ᠭᠡᠯᠪᠡᠷᠢ ᠪᠠᠷ ᠳᠠᠮᠵᠢᠭᠤᠯᠤᠨ᠂ ᠭᠦᠨᠵᠡᠭᠡᠢ ᠨᠠᠷᠢᠯᠢᠭ᠂ ᠪᠢᠯᠵᠤᠤᠬᠠᠢ ᠲᠤᠶᠠᠴᠢᠬᠤ ᠮᠠᠶ᠋ᠢᠭ ᠢᠶᠠᠷ ᠪᠠᠶᠢᠴᠠᠭᠠᠨ | ᠰᠤᠳᠤᠯᠤᠯᠲᠠ ᠶᠢ ᠥᠷᠨᠢᠭᠦᠯᠬᠦ ᠬᠡᠷᠡᠭᠲᠡᠢ᠃ ᠬᠢᠨᠠᠯᠲᠠ ᠲᠠᠯᠪᠢᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠢᠩᠭᠤ ᠶᠢᠨ ᠬᠤᠷᠢᠶᠠᠨ ᠤ | ᠪᠦᠷᠢᠯᠳᠦᠭᠦᠨ ᠤ ᠰᠢᠭᠦᠭᠦ ᠲᠢᠩᠬᠢᠮ ᠤᠨ ᠰᠢᠭᠦᠯᠲᠡ ᠶᠢ ᠰᠤᠯᠠ ᠰᠤᠨᠤᠰᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ | ᠤᠯᠠᠨ ᠨᠡᠶᠢᠲᠡ ᠳᠤ ᠨᠡᠭᠡᠭᠡᠯᠲᠡ ᠬᠢᠬᠦ ᠡᠳᠦᠷ ᠲᠤ ᠣᠷᠤᠯᠴᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠪᠣᠯᠣᠨ᠎ᠠ᠃ | ᠲᠤᠯᠤᠭ᠎ᠠ᠂ ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ | ᠳᠣᠣᠷᠠᠬᠢ ᠠᠷᠭ᠎ᠠ ᠵᠠᠮ ᠢᠶᠠᠷ ᠣᠯᠵᠤ ᠮᠡᠳᠡᠭᠰᠡᠨ ᠠᠰᠠᠭᠤᠳᠠᠯ ᠤᠨ ᠳᠣᠲᠣᠷ᠎ᠠ ᠠᠴᠠ ᠬᠢᠨᠠᠯᠲᠠ ᠲᠠᠯᠪᠢᠬᠤ ᠵᠦᠪᠯᠡᠭᠦ | ᠵᠦᠢᠯᠡᠰ ᠢ ᠳᠤᠷᠠᠳᠴᠤ ᠪᠣᠯᠣᠨ᠎ᠠ᠂ ᠡᠭᠦᠨ ᠢ ᠪᠠᠶᠢᠩᠭᠤ ᠶᠢᠨ ᠬᠤᠷᠢᠶᠠᠨ ᠤ ᠡᠷᠭᠢᠯᠡᠭᠴᠢᠳ ᠤᠨ ᠬᠤᠷᠠᠯ ᠠᠴᠠ | ᠰᠤᠳᠤᠯᠤᠨ ᠲᠣᠭᠲᠠᠭᠠᠨ᠎ᠠ᠄ | ︵ᠨᠢᠭᠡ︶ᠨᠠᠮ ᠤᠨ ᠲᠥᠪ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ; | ︵ᠬᠤᠶᠠᠷ︶ ᠨᠡᠶᠢᠭᠡᠮ ᠳᠠᠶᠠᠭᠠᠷ ᠤᠨ ᠨᠡᠶᠢᠳᠡᠮ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠵᠢᠯ ᠤᠨ ᠬᠠᠯᠠᠮᠰᠢᠯ | ᠠᠰᠠᠭᠤᠳᠠᠯ ᠪᠠ ᠬᠦᠴᠢᠷ ᠠᠰᠠᠭᠤᠳᠠᠯ; | ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠴᠠᠭᠠᠵᠠ ᠶᠢᠨ | ᠠᠵᠢᠯ ᠳᠤ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠤᠨ ᠲᠤᠰᠬᠠᠯ ᠨᠡᠯᠢᠶᠡᠳ ᠲᠥᠪᠯᠡᠷᠡᠵᠦ ᠪᠠᠶᠢᠭ᠎ᠠ | ᠠᠰᠠᠭᠤᠳᠠᠯ; | ︵ᠳᠥᠷᠪᠡ︶ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠤᠨ ᠬᠠᠤᠯᠢ ᠴᠠᠭᠠᠵᠠ ᠶᠢᠨ ᠠᠵᠢᠯ ᠳᠤ | ᠳᠤᠷᠠᠳᠤᠭᠰᠠᠨ ᠨᠡᠯᠢᠶᠡᠳ ᠲᠥᠪᠯᠡᠷᠡᠵᠦ ᠪᠠᠶᠢᠭ᠎ᠠ ᠠᠰᠠᠭᠤᠳᠠᠯ; | ︵ᠲᠠᠪᠤ︶ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠳᠤᠮᠳᠠ ᠣᠯᠵᠤ ᠮᠡᠳᠡᠭᠰᠡᠨ ᠲᠣᠪᠣᠶᠢᠮ᠎ᠠ ᠠᠰᠠᠭᠤᠳᠠᠯ; | | ︵ᠵᠢᠷᠭᠤᠭ᠎ᠠ︶ᠠᠷᠠᠳ ᠤᠯᠠᠨ ᠤ ᠵᠠᠬᠢᠳᠠᠯ ᠰᠤᠷᠪᠤᠯᠵᠢᠯᠠᠯ ᠢᠶᠠᠷ ᠲᠤᠰᠬᠠᠭᠰᠠᠨ ᠬᠠᠤᠯᠢ ᠴᠠᠭᠠᠵᠠ ᠶᠢᠨ ᠠᠵᠢᠯ ᠳᠤ | ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ; | ︵ᠳᠤᠯᠤᠭ᠎ᠠ︶ ᠪᠤᠰᠤᠳ ᠠᠷᠭ᠎ᠠ ᠵᠠᠮ ᠢᠶᠠᠷ ᠲᠤᠰᠬᠠᠭᠰᠠᠨ ᠴᠢᠬᠤᠯᠠ ᠶᠡᠭᠡ ᠠᠰᠠᠭᠤᠳᠠᠯ᠃ | ᠨᠠᠢᠮᠠ᠂ ᠪᠠᠶᠢᠩᠭᠤ ᠶᠢᠨ ᠬᠤᠷᠢᠶ᠎ᠠ ᠠᠴᠠ ᠰᠤᠨᠤᠰᠬᠤ ᠪᠠ ᠬᠢᠨᠠᠨ ᠵᠥᠪᠯᠡᠵᠦ ᠭᠤᠣᠯᠳᠠᠯᠭ᠎ᠠ ᠲᠠᠢ ᠬᠢᠨᠠᠯᠲᠠ | ᠲᠠᠯᠪᠢᠬᠤ ᠵᠦᠢᠯᠡᠰ ᠲᠤ ᠣᠷᠣᠭᠤᠯᠤᠭᠰᠠᠨ ᠬᠠᠤᠯᠢ ᠴᠠᠭᠠᠵᠠ ᠶᠢᠨ ᠲᠤᠰᠬᠠᠢ ᠠᠵᠢᠯ ᠤᠨ ᠮᠡᠳᠡᠭᠦᠯᠦᠯᠲᠡ ᠶᠢ | ᠡᠷᠭᠢᠯᠡᠭᠴᠢᠳ ᠤᠨ ᠬᠤᠷᠠᠯ ᠠᠴᠠ ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠪᠤᠶᠤ ᠬᠠᠨᠤᠮᠵᠢ ᠶᠢᠨ ᠬᠡᠮᠵᠢᠶ᠎ᠡ ᠶᠢ | ᠰᠢᠯᠭᠠᠨ ᠦᠨᠡᠯᠡᠭᠦ ᠠᠵᠢᠯ ᠢ ᠥᠷᠨᠢᠭᠦᠯᠬᠦ ᠪᠠᠷ ᠲᠣᠭᠲᠠᠭᠠᠵᠤ ᠪᠣᠯᠣᠨ᠎ᠠ᠃ | ᠪᠠᠶᠢᠩᠭᠤ ᠶᠢᠨ ᠬᠤᠷᠢᠶᠠᠨ ᠤ ᠪᠦᠭᠦ ᠪᠦᠷᠢᠯᠳᠦᠭᠦᠨ ᠤ ᠬᠠᠭᠠᠰ ᠠᠴᠠ ᠳᠡᠭᠡᠭᠰᠢᠬᠢ ᠨᠢ ᠬᠠᠤᠯᠢ ᠴᠠᠭᠠᠵᠠ ᠶᠢᠨ | ᠲᠤᠰᠬᠠᠢ ᠠᠵᠢᠯ ᠤᠨ ᠮᠡᠳᠡᠭᠦᠯᠦᠯᠲᠡ ᠳᠤ ᠬᠠᠨᠤᠮᠵᠢ ᠦᠭᠡᠢ ᠪᠠᠶᠢᠪᠠᠯ᠂ ᠪᠠᠶᠢᠩᠭᠤ ᠶᠢᠨ ᠬᠤᠷᠢᠶ᠎ᠠ ᠠᠴᠠ ᠮᠡᠳᠡᠭᠦᠯᠦᠭᠰᠡᠨ | ᠪᠠᠶᠢᠭᠤᠯᠭ᠎ᠠ ᠳ᠋ᠤ᠋ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠳᠠᠭᠠᠭᠠᠯᠭᠠᠬᠤ ᠶᠢᠨ ᠬᠠᠮᠲᠤ ᠲᠠᠭᠢᠵᠤ | ᠮᠡᠳᠡᠭᠦᠯᠦᠭᠦᠯᠦᠨᠡ᠃ | ᠶᠢᠰᠦ᠂ ᠪᠠᠶᠢᠩᠭᠤ ᠶᠢᠨ ᠬᠤᠷᠢᠶ᠎ᠠ ᠠᠴᠠ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠤᠰᠬᠠᠢ ᠠᠵᠢᠯ ᠤᠨ | ᠮᠡᠳᠡᠭᠦᠯᠦᠯᠲᠡ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ | ᠡᠰᠡᠬᠦᠯ᠎ᠡ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠬᠤ ᠳᠤᠮᠳᠠ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ | ᠰᠠᠨᠠᠯ ᠢ ᠬᠠᠤᠯᠢ ᠴᠠᠭᠠᠵᠠ ᠶᠢᠨ ᠪᠠᠶᠢᠭᠤᠯᠭ᠎ᠠ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠪᠥᠭᠡᠳ | ᠲᠣᠭᠲᠠᠭᠰᠠᠨ ᠬᠤᠭᠤᠴᠠᠭᠠᠨ ᠳᠣᠲᠣᠷ᠎ᠠ ᠪᠠᠶᠢᠩᠭᠤ ᠶᠢᠨ ᠬᠤᠷᠢᠶ᠎ᠠ ᠳᠤ ᠰᠤᠳᠤᠯᠤᠨ ᠰᠢᠢᠳᠪᠦᠷᠢᠯᠡᠭᠰᠡᠨ ᠪᠠᠶᠢᠳᠠᠯ ᠤᠨ | ᠮᠡᠳᠡᠭᠦᠯᠦᠯᠲᠡ ᠶᠢ ᠳᠡᠪᠰᠢᠭᠦᠯᠭᠦ ᠬᠡᠷᠡᠭᠲᠡᠢ᠃ | ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠠᠴᠠ | ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠮᠦᠷᠳᠡᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ | ᠡᠷᠭᠢᠯᠡᠭᠴᠢᠳ ᠤᠨ ᠬᠤᠷᠠᠯ ᠳᠤ ᠮᠡᠳᠡᠭᠦᠯᠵᠦ ᠪᠣᠯᠣᠨ᠎ᠠ᠃ | ᠠᠷᠪᠠ᠂ ᠪᠠᠶᠢᠩᠭᠤ ᠶᠢᠨ ᠬᠤᠷᠢᠶ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠳᠤᠮᠳᠠ ᠪᠠᠨ | ᠢᠯᠡᠷᠡᠭᠦᠯᠦᠭᠰᠡᠨ ᠰᠠᠬᠢᠯᠭ᠎ᠠ ᠪᠠᠲᠤ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠰᠦᠪᠡᠭᠴᠢ ᠶᠢ ᠬᠤᠯᠪᠣᠭᠳᠠᠯ | ᠪᠦᠬᠦᠢ ᠪᠠᠶᠢᠭᠤᠯᠭ᠎ᠠ ᠳᠤ ᠲᠤᠰᠢᠶᠠᠵᠤ ᠪᠠᠶᠢᠴᠠᠭᠠᠨ ᠰᠢᠢᠳᠪᠦᠷᠢᠯᠡᠭᠦᠯᠦᠨ᠎ᠡ; ᠬᠠᠮᠢᠶ᠎ᠠ ᠪᠦᠬᠦᠢ ᠠᠵᠢᠯᠲᠠᠨ ᠢ | ᠲᠤᠰᠢᠶᠠᠯ ᠠᠴᠠ ᠨᠢ ᠪᠠᠭᠤᠯᠭᠠᠬᠤ ᠪᠤᠶᠤ ᠤᠭᠴᠠᠷᠠᠭᠤᠯᠬᠤ ᠴᠢᠬᠤᠯᠠᠲᠠᠢ ᠪᠠᠶᠢᠪᠠᠯ᠂ ᠲᠡᠭᠦᠨ ᠢ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠵᠠᠷᠯᠠᠨ ᠮᠡᠳᠡᠭᠳᠡᠵᠦ ᠬᠠᠤᠯᠢ ᠶᠣᠰᠣᠭᠠᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ | ᠮᠡᠳᠡᠯ ᠪᠠ ᠲᠠᠰ ᠳᠠᠷᠠᠭᠠᠯᠠᠯ ᠶᠣᠰᠣᠭᠠᠷ ᠰᠢᠢᠳᠪᠦᠷᠢᠯᠡᠭᠦᠯᠦᠨᠠ; ᠪᠠᠶᠢᠩᠭᠤ ᠶᠢᠨ ᠬᠤᠷᠢᠶ᠎ᠠ ᠠᠴᠠ ᠲᠣᠮᠢᠯᠠᠭᠰᠠᠨ | ᠪᠤᠶᠤ ᠲᠣᠮᠢᠯᠠᠬᠤ ᠪᠠᠷ ᠲᠣᠭᠲᠠᠭᠰᠠᠨ ᠬᠠᠤᠯᠢ ᠴᠠᠭᠠᠵᠠ ᠶᠢᠨ ᠠᠵᠢᠯᠲᠠᠨ ᠢ ᠲᠤᠰᠢᠶᠠᠯ ᠠᠴᠠ ᠨᠢ ᠪᠠᠭᠤᠯᠭᠠᠬᠤ᠂ | ᠲᠤᠰᠢᠶᠠᠯ ᠠᠴᠠ ᠨᠢ ᠤᠭᠴᠠᠷᠠᠭᠤᠯᠬᠤ ᠳ᠋ᠤ᠋ ᠬᠠᠷᠢᠶᠠᠯᠠᠭᠳᠠᠭᠰᠠᠨ ᠪᠠᠶᠢᠪᠠᠯ᠂ ᠪᠠᠶᠢᠩᠭᠤ ᠶᠢᠨ ᠬᠤᠷᠢᠶ᠎ᠠ ᠠᠴᠠ ᠬᠠᠤᠯᠢ ᠳᠤ | ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠰᠢᠢᠳᠪᠦᠷᠢᠯᠡᠨ᠎ᠡ᠃ | ᠠᠷᠪᠠᠨ ᠨᠢᠭᠡ᠂ ᠪᠠᠶᠢᠩᠭᠤ ᠶᠢᠨ ᠬᠤᠷᠢᠶ᠎ᠠ ᠠᠴᠠ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠲᠡᠭᠦᠨ ᠤ | ᠠᠵᠢᠯᠲᠠᠨ ᠤ ᠰᠢᠢᠳᠪᠦᠷᠢ᠂ ᠲᠣᠭᠲᠠᠭᠠᠯ ᠢ ᠭᠦᠢᠴᠡᠳᠬᠡᠬᠦ ᠶᠢ ᠰᠠᠭᠠᠲᠠᠭᠠᠭᠰᠠᠨ ᠠᠵᠢᠯᠯᠠᠭ᠎ᠠ ᠶᠢᠨ ᠠᠳᠠᠯᠢ ᠪᠤᠰᠤ | ᠪᠠᠶᠢᠳᠠᠯ ᠢ ᠦᠨᠳᠦᠰᠦᠯᠡᠨ᠂ ᠲᠤᠰ ᠲᠤᠰ ᠳᠣᠣᠷᠠᠬᠢ ᠮᠡᠲᠦ ᠪᠠᠷ ᠰᠢᠢᠳᠪᠦᠷᠢᠯᠡᠵᠦ ᠪᠣᠯᠣᠨ᠎ᠠ᠄ | ︵ᠨᠢᠭᠡ︶ ᠬᠤᠯᠪᠣᠭᠳᠠᠯ ᠪᠦᠬᠦᠢ ᠪᠠᠶᠢᠭᠤᠯᠭ᠎ᠠ ᠳᠤ ᠳᠠᠭᠠᠭᠠᠯᠭᠠᠵᠤ ᠪᠢᠴᠢᠭ ᠢᠶᠠᠷ ᠲᠣᠳᠣᠷᠬᠠᠶᠢᠯᠠᠯᠲᠠ ᠭᠢᠯᠭᠡᠨ᠎ᠡ; | ︵ᠬᠤᠶᠠᠷ︶ ᠬᠤᠯᠪᠣᠭᠳᠠᠯ ᠪᠦᠬᠦᠢ ᠪᠠᠶᠢᠭᠤᠯᠭ᠎ᠠ ᠳᠤ ᠲᠤᠯᠭᠠᠨ ᠯᠠᠪᠯᠠᠭ᠎ᠠ ᠲᠤᠷᠠᠳᠤᠨ᠎ᠠ; | ︵ᠭᠤᠷᠪᠠ︶ ᠪᠠᠶᠢᠩᠭᠤ ᠶᠢᠨ ᠬᠤᠷᠢᠶᠠᠨ ᠤ ᠲᠣᠮᠢᠯᠠᠭᠰᠠᠨ ᠪᠤᠶᠤ ᠲᠣᠮᠢᠯᠠᠬᠤ ᠪᠠᠷ ᠲᠣᠭᠲᠠᠭᠰᠠᠨ ᠬᠠᠤᠯᠢ | ᠴᠠᠭᠠᠵᠠ ᠶᠢᠨ ᠠᠵᠢᠯᠲᠠᠨ ᠢ ᠬᠠᠤᠯᠢ ᠶᠣᠰᠣᠭᠠᠷ ᠲᠤᠰᠢᠶᠠᠯ ᠠᠴᠠ ᠨᠢ ᠪᠠᠭᠤᠯᠭᠠᠬᠤ᠂ ᠲᠤᠰᠢᠶᠠᠯ ᠠᠴᠠ ᠨᠢ | ᠤᠭᠴᠠᠷᠠᠭᠤᠯᠬᠤ ᠶᠢ ᠲᠤᠭᠲᠠᠭᠠᠨ᠎ᠠ; | ︵ᠳᠥᠷᠪᠡ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠪᠠᠷ ᠰᠣᠩᠭᠤᠵᠤ | ᠭᠠᠷᠭᠠᠭᠰᠠᠨ ᠬᠠᠤᠯᠢ ᠴᠠᠭᠠᠵᠠ ᠶᠢᠨ ᠠᠵᠢᠯᠲᠠᠨ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠤᠯᠢ | ᠶᠣᠰᠣᠭᠠᠷ ᠲᠤᠰᠢᠶᠠᠯ ᠠᠴᠠ ᠨᠢ ᠤᠭᠴᠠᠷᠠᠭᠤᠯᠬᠤ ᠳᠤᠷᠠᠳᠤᠯᠭ᠎ᠠ ᠭᠠᠷᠭᠠᠨ᠎ᠠ᠃ | ᠬᠠᠤᠯᠢ ᠴᠠᠭᠠᠵᠠ ᠶᠢᠨ ᠪᠠᠶᠢᠭᠤᠯᠭ᠎ᠠ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠰᠤᠳᠤᠯᠬᠤ | ᠦᠭᠡᠢ ᠪᠤᠶᠤ ᠬᠢᠨᠠᠮᠠᠭᠠᠢ ᠰᠤᠳᠤᠯᠤᠨ ᠰᠢᠢᠳᠪᠦᠷᠢᠯᠡᠬᠦ ᠦᠭᠡᠢ ᠵᠡᠷᠭᠡ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠬᠦ ᠶᠢ | ᠬᠠᠷᠰᠢᠯᠠᠭᠰᠠᠨ ᠪᠠᠶᠢᠪᠠᠯ᠂ ᠡᠮᠦᠨᠡᠬᠢ ᠵᠤᠷᠪᠤᠰ ᠤᠨ ︵ᠨᠢᠭᠡ︶᠂ ︵ᠬᠤᠶᠠᠷ︶ ᠳ᠋ᠤᠭᠠᠷ ᠵᠦᠢᠯ ᠤᠨ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ | ᠠᠷᠪᠠᠨ ᠬᠤᠶᠠᠷ᠂ ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ | ᠵᠥᠪᠯᠡᠯ ᠬᠠᠤᠯᠢ ᠴᠠᠭᠠᠵᠠ ᠶᠢᠨ ᠪᠠᠶᠢᠭᠤᠯᠭ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ | ᠳᠤᠮᠳᠠᠬᠢ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠠᠷᠪᠠᠨ ᠭᠤᠷᠪᠠ᠂ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠡᠮᠬᠢ ᠵᠢᠷᠤᠮ ᠲᠠᠢ ᠪᠠᠷ ᠵᠣᠬᠢᠶᠠᠨ | ᠪᠠᠶᠢᠭᠤᠯᠵᠤ ᠪᠦᠭᠦ ᠶᠠᠪᠤᠴᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠳᠤ ᠣᠷᠣᠯᠴᠠᠭᠤᠯᠵᠤ᠂ | ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠬᠡᠬᠦ ᠶᠢ ᠲᠡᠮᠵᠢᠨ | ᠪᠠᠲᠤᠯᠠᠨ᠎ᠠ᠃ ᠠᠷᠠᠳ ᠤᠯᠠᠨ ᠤ ᠲᠤᠰᠬᠠᠯ ᠶᠡᠬᠡᠲᠡᠢ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠠᠰᠠᠭᠤᠳᠠᠯ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ ᠪᠣᠯᠣᠨ᠎ᠠ᠂ ᠪᠠᠰᠠ ᠪᠠᠶᠢᠩᠭᠤ ᠶᠢᠨ ᠬᠤᠷᠢᠶᠠᠨ ᠤ ᠳᠣᠲᠣᠭᠠᠳᠤ | ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠳ᠋ᠦ᠋ ᠤᠯᠠᠨ ᠵᠦᠢᠯ ᠤᠨ ᠠᠷᠭ᠎ᠠ ᠭᠡᠯᠪᠡᠷᠢ ᠪᠠᠷ ᠬᠢᠨᠠᠯᠲᠠ | ᠲᠠᠯᠪᠢᠬᠤ ᠶᠢ ᠰᠠᠨᠠᠭᠤᠯᠵᠤ ᠪᠣᠯᠣᠨ᠎ᠠ᠃ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ | ᠰᠠᠨᠠᠯ ᠢ ᠨᠠᠷᠢᠨ ᠬᠢᠨᠠᠮᠠᠭᠠᠢ ᠰᠤᠳᠤᠯᠵᠤ᠂ ᠰᠢᠢᠳᠪᠦᠷᠢᠯᠡᠭᠰᠡᠨ ᠪᠠᠶᠢᠳᠠᠯ ᠳ᠋ᠤ᠋ ᠴᠠᠭ ᠲᠤᠬᠠᠢ ᠳᠤᠨᠢ ᠬᠠᠷᠢᠭᠤᠯᠲᠠ ᠦᠭᠭᠦ | ᠬᠡᠷᠡᠭᠲᠡᠢ᠃ | ᠠᠷᠪᠠᠨ ᠳᠥᠷᠪᠡ᠂ ᠬᠠᠤᠯᠢ ᠴᠠᠭᠠᠵᠠ ᠶᠢᠨ ᠪᠠᠶᠢᠭᠤᠯᠭ᠎ᠠ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠠᠵᠢᠯ ᠤᠨ ᠳᠤᠮᠳᠠ ᠢᠯᠡᠷᠡᠭᠦᠯᠦᠭᠰᠡᠨ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠠᠵᠢᠯ ᠨᠢ | ᠵᠢᠷᠤᠮᠵᠢᠩᠭᠤᠢ ᠪᠤᠰᠤ᠂ ᠭᠤᠤᠯᠴᠢ ᠪᠤᠰᠤ᠂ ᠲᠥᠪ ᠪᠤᠰᠤ ᠪᠠᠶᠢᠬᠤ ᠲᠠᠯ᠎ᠠ ᠶᠢᠨ ᠠᠰᠠᠭᠤᠳᠠᠯ ᠢ ᠪᠠᠶᠢᠩᠭᠤ ᠶᠢᠨ ᠬᠤᠷᠢᠶ᠎ᠠ | ᠳ᠋ᠤ᠋ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠮᠡᠳᠡᠭᠦᠯᠭᠦ ᠬᠡᠷᠡᠭᠲᠡᠢ᠃ | ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠣᠭᠲᠠᠭᠠᠭᠰᠠᠨ ᠴᠢᠬᠤᠯᠠ ᠠᠵᠢᠯ ᠤᠨ ᠳᠦᠷᠢᠮ᠂ ᠣᠨ ᠤ ᠠᠵᠢᠯ ᠤᠨ | ᠮᠡᠳᠡᠭᠦᠯᠦᠯᠲᠡ ᠪᠠᠨ ᠪᠠᠶᠢᠩᠭᠤ ᠶᠢᠨ ᠬᠤᠷᠢᠶ᠎ᠠ ᠳᠤ ᠴᠠᠭ ᠲᠤᠬᠠᠢ ᠳᠤᠨᠢ ᠮᠡᠳᠡᠭᠦᠯᠦᠨ ᠭᠦᠷᠭᠡᠭᠦ ᠬᠡᠷᠡᠭᠲᠡᠢ᠃ | ᠠᠷᠪᠠᠨ ᠲᠠᠪᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠣᠣᠷᠠᠬᠢ ᠴᠢᠬᠤᠯᠠ ᠶᠡᠭᠡ ᠤᠴᠢᠷ ᠶᠠᠪᠤᠳᠠᠯ ᠡᠭᠦᠰᠦᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠪᠠᠶᠢᠩᠭᠤ ᠶᠢᠨ ᠬᠤᠷᠢᠶ᠎ᠠ ᠳᠤ ᠪᠠᠶᠢᠳᠠᠯ ᠢᠶᠠᠨ ᠮᠡᠳᠡᠭᠦᠯᠭᠦ | ᠬᠡᠷᠡᠭᠲᠡᠢ᠄ | ︵ᠨᠢᠭᠡ︶ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠪᠠ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠰᠢᠢᠳᠪᠦᠷᠢ᠂ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠥᠯᠥᠭᠡ ᠠᠪᠤᠭᠰᠠᠨ ᠴᠢᠬᠤᠯᠠ ᠶᠡᠭᠡ ᠠᠷᠭ᠎ᠠ | ᠭᠡᠮᠵᠢᠶ᠎ᠡ; | ︵ᠬᠤᠶᠠᠷ︶ ᠪᠠᠶᠢᠴᠠᠭᠠᠬᠤ ᠪᠠᠶᠢᠭᠤᠯᠭ᠎ᠠ ᠲᠦᠷᠦ ᠶᠢᠨ ᠡᠷᠬᠡᠲᠦ ᠪᠠᠶᠢᠭᠤᠯᠭ᠎ᠠ ᠠᠴᠠ ᠬᠢᠨᠠᠯᠲᠠ ᠲᠠᠯᠪᠢᠬᠤ ᠶᠣᠰᠣᠲᠠᠢ | ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠥᠷᠢᠴᠡᠭᠰᠡᠨ ᠬᠦᠨᠳᠦ ᠶᠡᠭᠡ ᠤᠴᠢᠷ ᠶᠠᠪᠤᠳᠠᠯ ᠢ ᠢᠯᠡᠷᠡᠭᠦᠯᠦᠭᠰᠡᠨ; | | ︵ᠭᠤᠷᠪᠠ︶ ᠬᠠᠤᠯᠢ ᠴᠠᠭᠠᠵᠠ ᠶᠢᠨ ᠬᠦᠨᠳᠦ ᠶᠡᠭᠡ ᠠᠯᠳᠠᠭ᠎ᠠ ᠪᠤᠷᠤᠭᠤ ᠭᠠᠷᠭᠠᠭᠰᠠᠨ ᠬᠡᠷᠡᠭ ᠨᠢ | ᠨᠡᠬᠡᠮᠵᠢᠯᠡᠭᠳᠡᠭᠰᠡᠨ ᠪᠤᠶᠤ ᠰᠢᠢᠳᠪᠦᠷᠢᠯᠡᠭᠰᠡᠨ ᠬᠠᠤᠯᠢ ᠴᠠᠭᠠᠵᠠ ᠶᠢᠨ ᠬᠡᠷᠡᠭ ᠨᠢ ᠤᠯᠤᠰ ᠤᠨ ᠲᠥᠯᠥᠪᠦᠷᠢ ᠶᠢᠨ | ᠬᠠᠷᠢᠭᠤᠴᠠᠯᠭ᠎ᠠ ᠡᠭᠦᠷᠭᠡᠯᠡᠬᠦ ᠪᠠᠷ ᠲᠤᠭᠳᠠᠭᠠᠭᠳᠠᠭᠰᠠᠨ; | ︵ᠳᠥᠷᠪᠡ︶ ᠪᠠᠶᠢᠩᠭᠤ ᠶᠢᠨ ᠬᠤᠷᠢᠶᠠᠨ ᠠᠴᠠ ᠲᠣᠮᠢᠯᠠᠭᠰᠠᠨ ᠬᠠᠤᠯᠢ ᠴᠠᠭᠠᠵᠠ ᠶᠢᠨ ᠠᠵᠢᠯᠲᠠᠨ ᠰᠠᠬᠢᠯᠭ᠎ᠠ ᠪᠠᠲᠤ | ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠪᠤᠶᠤ ᠶᠠᠯ᠎ᠠ ᠬᠢᠭᠰᠡᠨ ᠠᠴᠠ ᠪᠣᠯᠵᠤ ᠨᠡᠭᠡᠮᠵᠢᠯᠡᠭᠳᠡᠭᠰᠡᠨ; | ︵ᠲᠠᠪᠤ︶ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠮᠡᠳᠡᠭᠦᠯᠭᠦ ᠴᠢᠬᠤᠯᠠᠲᠠᠢ ᠭᠡᠵᠦ ᠦᠵᠡᠭᠰᠡᠨ ᠪᠤᠰᠤᠳ | ᠴᠢᠬᠤᠯᠠ ᠶᠡᠭᠡ ᠤᠴᠢᠷ ᠶᠠᠪᠤᠳᠠᠯ᠃ | ᠠᠷᠪᠠᠨ ᠵᠢᠷᠭᠤᠭ᠎ᠠ᠂ ᠪᠠᠶᠢᠩᠭᠤ ᠶᠢᠨ ᠬᠤᠷᠢᠶᠠᠨ ᠤ ᠪᠦᠷᠢᠯᠳᠦᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠ ᠬᠤᠯᠪᠣᠭᠳᠠᠯ ᠪᠦᠬᠦᠢ ᠠᠵᠢᠯᠲᠠᠨ ᠬᠢᠨᠠᠯᠲᠠ ᠲᠠᠯᠪᠢᠬᠤ ᠵᠦᠢᠯᠡᠰ ᠲᠠᠢ ᠠᠰᠢᠭ | ᠬᠤᠣᠷ ᠤᠨ ᠬᠠᠷᠢᠴᠠᠭ᠎ᠠ ᠲᠠᠢ ᠪᠠᠶᠢᠪᠠᠯ ᠵᠠᠶᠢᠯᠠᠬᠤ ᠭᠡᠷᠡᠭᠳᠡᠢ; ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ | ᠡᠷᠬᠡ ᠪᠠᠨ ᠠᠰᠢᠭᠯᠠᠨ ᠠᠮᠢ ᠪᠠᠨ ᠪᠣᠷᠳᠣᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ | ᠨᠢᠭᠤᠴᠠ ᠶᠢ ᠵᠠᠳᠠᠷᠠᠭᠤᠯᠤᠭᠰᠠᠨ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ | ᠪᠦᠬᠦᠢ ᠪᠠᠶᠢᠭᠤᠯᠭ᠎ᠠ ᠠᠴᠠ ᠬᠠᠤᠯᠢ ᠶᠣᠰᠣᠭᠠᠷ ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠲᠤᠯᠤᠭ᠎ᠠ᠂ ᠲᠠᠪᠤᠳᠤᠭᠠᠷ ᠵᠦᠢᠯ ᠳᠤ ᠲᠣᠭᠲᠠᠭᠠᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠠᠵᠢᠯ ᠤᠨ ᠠᠷᠭ᠎ᠠ ᠭᠡᠯᠪᠡᠷᠢ ᠶᠢ ᠪᠣᠳᠠᠲᠠᠢ ᠬᠡᠷᠡᠭᠯᠡᠬᠦ ᠳᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠵᠦ ᠪᠣᠯᠣᠨ᠎ᠠ᠃ | ᠠᠷᠪᠠᠨ ᠨᠠᠢᠮᠠ᠂ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |