ᠲᠤᠰ ᠥᠷᠲᠡᠭᠡᠨ ᠤ ᠮᠡᠳᠡᠭᠡ ᠤᠰᠤᠨ ᠠᠰᠢᠭᠯᠠᠯᠲᠠ ᠶᠢᠨ ᠶᠠᠮᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠲᠠᠢ ᠲᠧᠯᠸᠢᠰ ᠤᠲᠠᠰᠤ ᠬᠤᠷᠠᠯ ᠤᠨ ᠵᠣᠷᠢᠭ | ᠰᠠᠨᠠᠭ᠎ᠠ ᠶᠢ ᠬᠦᠴᠦᠯᠡᠨ ᠬᠥᠮᠥᠵᠢᠭᠦᠯᠬᠦ ᠪᠠ ᠬᠥᠭᠵᠢᠭᠡᠵᠦ᠂ ᠲᠢᠶᠠᠨᠵᠢᠨ ᠬᠤᠳᠠ ᠶᠢᠨ ᠤᠰᠤᠨ ᠤ ᠶᠠᠪᠤᠳᠠᠯ ᠤᠨ | ᠲᠣᠪᠴᠢᠶ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠤ ᠶᠠᠪᠤᠳᠠᠯ ᠤᠨ | ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠡᠷᠬᠡ ᠲᠡᠭᠰᠢ ᠥᠷᠢᠰᠦᠯᠳᠦᠭᠡᠨ ᠤ ᠡᠮᠬᠢ ᠳᠢᠭᠯᠢᠮ ᠢ ᠬᠠᠮᠠᠭᠠᠯᠠᠵᠤ᠂ | ᠳᠦᠷᠢᠮ ᠤᠨ ᠲᠣᠭᠲᠠᠴᠠ ᠶᠢ ᠠᠳᠬᠤᠬᠤ᠂ ᠦᠢᠯᠡᠴᠢᠯᠡᠭᠡᠨ ᠤ ᠴᠢᠳᠠᠪᠬᠢ ᠶᠢ ᠠᠳᠬᠤᠬᠤ᠂ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠢ ᠠᠳᠬᠤᠬᠤ ᠪᠠᠷ ᠳᠠᠮᠵᠢᠭᠤᠯᠵᠤ᠂ ᠬᠢᠨᠠᠨ ᠬᠠᠮᠢᠶᠠᠷᠬᠤ ᠴᠢᠳᠠᠪᠤᠷᠢ ᠪᠣᠯᠣᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ | ᠨᠢᠭᠡ ᠳᠤ ᠣᠷᠣᠨ ᠨᠤᠲᠤᠭ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ ᠤᠨ ᠵᠢᠮ᠎ᠡ | ᠶᠣᠰᠣ ᠶᠢ ᠳᠡᠭᠡᠭᠰᠢᠯᠡᠵᠦᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠤᠨ ᠡᠷᠬᠡ ᠲᠡᠭᠰᠢ | ᠥᠷᠢᠰᠦᠯᠳᠦᠭᠡᠨ ᠢ ᠨᠥᠯᠥᠭᠡᠯᠡᠬᠦ ᠳᠦᠷᠢᠮ ᠲᠣᠭᠲᠠᠭᠠᠯ ᠪᠠ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠴᠡᠪᠡᠷᠯᠡᠬᠦ ᠠᠵᠢᠯ ᠢ ᠭᠦᠨᠵᠡᠭᠡᠢ ᠥᠷᠨᠢᠭᠦᠯᠵᠦ᠂ ᠤᠷᠢᠳ ᠬᠤᠵᠢᠳ ︽ᠵᠠᠬ᠎ᠠ ᠳᠡᠯᠭᠡᠭᠦᠷ ᠤᠨ ᠡᠷᠬᠡ ᠲᠡᠭᠰᠢ | ᠥᠷᠢᠰᠦᠯᠳᠦᠭᠡᠨ ᠢ ᠤᠯᠠᠮ ᠨᠢᠭᠡ ᠠᠯᠬᠤᠮ ᠠᠬᠢᠭᠤᠯᠵᠤ ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ | ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ 6 ᠵᠦᠢᠯ ᠤᠨ | ᠳᠦᠷᠢᠮ ᠤᠨ ᠲᠣᠭᠲᠠᠭᠠᠯ ᠢ ᠳᠠᠷᠤᠮᠠᠯᠯᠠᠨ ᠲᠠᠷᠬᠠᠭᠠᠵᠤ᠂ ᠤᠰᠤᠨ ᠤ ᠶᠠᠪᠤᠳᠠᠯ ᠤᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠲᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠭᠠᠳᠠᠨᠠᠬᠢ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠ ᠪᠠᠬᠢᠯᠡᠯᠲᠡ ᠶᠢ ᠲᠣᠭᠲᠠᠭᠠᠬᠤ ᠦᠭᠡᠢ ᠪᠠᠶᠢᠬᠤ ᠶᠢ ᠡᠷᠡᠰ | ᠪᠠᠷᠢᠮᠲᠠᠯᠠᠵᠤ᠂ ᠣᠷᠣᠨ ᠨᠤᠲᠤᠭ ᠤᠨ ᠬᠠᠮᠠᠭᠠᠯᠠᠬᠤ ᠦᠵᠡᠯ ᠢ ᠦᠷᠭᠦᠯᠵᠢᠯᠡᠨ ᠠᠷᠢᠯᠭᠠᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠳᠤ ᠡᠷᠬᠡ ᠲᠡᠭᠰᠢ ᠲᠥᠪ ᠭᠤᠥᠯᠴᠢ ᠪᠠᠷ ᠬᠠᠨᠳᠤᠬᠤ ᠬᠡᠷᠡᠭᠲᠡᠢ᠃ | ᠬᠤᠶᠠᠷ ᠲᠤ ᠳᠠᠩᠰᠠᠯᠠᠭᠤᠯᠬᠤ ᠭᠠᠷ ᠭᠦᠢᠴᠡᠳᠬᠡᠯ ᠤᠨ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠨ᠎ᠡ᠃ | ︽ᠨᠢᠭᠡ ᠯᠡ ᠤᠳᠠᠭ᠎ᠠ ᠳᠤ︾ ᠥᠭᠡᠷᠡᠴᠢᠯᠡᠯᠲᠡ ᠬᠢᠬᠦ ᠶᠢ ᠡᠷᠡᠰ ᠠᠬᠢᠭᠤᠯᠵᠤ᠂ ᠤᠰᠤᠨ ᠤ ᠶᠠᠪᠤᠳᠠᠯ ᠤᠨ ᠪᠦᠲᠦᠭᠡᠨ | ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠳᠠᠬᠢ ᠣᠯᠠᠨ | ᠳᠠᠪᠬᠤᠷ ᠳᠠᠩᠰᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠪᠠᠬᠢᠯᠡᠯᠲᠡ ᠶᠢ ᠡᠪᠳᠡᠵᠦ᠂ ︽ᠲᠤᠯᠤᠭᠠᠨ ᠳᠠᠩᠰᠠᠯᠠᠯᠲᠠ︾ | ᠶᠢ ︽ᠨᠢᠭᠡ ᠳᠠᠩᠰᠠᠯᠠᠯᠲᠠ︾ ᠪᠣᠯᠭᠠᠨ ᠪᠠᠭᠠᠰᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠠᠷᠳᠠᠮ ᠢ | ᠭᠦᠢᠴᠡᠳᠬᠡᠬᠦ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠶᠢ ᠳᠠᠩᠰᠠᠯᠠᠬᠤ ᠤᠳᠠᠭ᠎ᠠ ᠶᠢ 85.7% ᠪᠠᠷ ᠪᠠᠭᠠᠰᠬᠠᠪᠠ᠃ ︽ᠭᠠᠭᠴᠠ ᠤᠳᠠᠭᠠᠨ ᠤ | ᠮᠡᠳᠡᠭᠳᠡᠬᠦ︾ ᠳᠦᠷᠢᠮ ᠢ ᠬᠡᠷᠡᠭᠵᠢᠭᠦᠯᠵᠦ᠂ ᠳᠠᠩᠰᠠᠯᠠᠬᠤ ᠶᠢ ᠬᠢᠨᠠᠨ ᠠᠵᠢᠯ ᠢ ︽ᠰᠦᠯᠵᠢᠶᠡᠨ ᠳᠡᠭᠡᠷ᠎ᠡ ᠭᠦᠢᠴᠡᠳᠬᠡᠬᠦ | ᠂ ᠳᠠᠷᠤᠶᠢᠬᠠᠨ ᠭᠦᠢᠴᠡᠳᠬᠡᠬᠦ᠂ ᠨᠢᠭᠤᠷ ᠵᠣᠯᠭᠠᠬᠤ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ᠃ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ | ᠡᠷᠡᠰ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠠᠬᠢ ︽ | ᠬᠢᠨᠠᠨ ᠬᠠᠮᠢᠶᠠᠷᠬᠤ ᠨᠢᠭᠡᠴᠢ ᠠᠴᠠ ᠨᠢᠭᠡᠨᠲᠡ ᠲᠣᠭᠲᠠᠭᠠᠭᠰᠠᠨ︾ ᠨᠥᠬᠦᠴᠡᠯ ᠢ ᠬᠦᠴᠦᠨ ᠦᠭᠡᠢ ᠪᠣᠯᠭᠠᠵᠤ᠂ | ᠤᠰᠤᠨ ᠤ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ | ᠨᠡᠶᠢᠲᠡᠯᠡᠬᠦ ᠪᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠤᠳᠠᠯᠳᠤᠬᠤ ᠶᠢ ᠵᠡᠷᠭᠡ ᠳᠤᠨᠢ | ᠶᠠᠪᠤᠭᠳᠠᠭᠤᠯᠬᠤ ᠶᠢ ᠪᠡᠶᠡᠯᠡᠭᠦᠯᠵᠦ᠂ ᠵᠠᠭᠤ ᠭᠠᠷᠤᠢ ᠵᠦᠢᠯ ᠤᠨ ᠢᠨᠵᠧᠨᠧᠷᠢᠩ ᠨᠢ ᠳᠤᠮᠳᠠ ᠠᠴᠠ ᠠᠰᠢᠭ ᠬᠦᠷᠲᠡᠪᠡ᠃ | | ᠭᠤᠷᠪᠠ ᠳᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠴᠢᠩᠭᠠᠷᠠᠭᠤᠯᠤᠨ ᠵᠠᠬ᠎ᠠ ᠳᠡᠯᠭᠡᠭᠦᠷ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠬᠡᠪᠴᠢᠶ᠎ᠡ ᠪᠠᠷᠢᠮᠵᠢᠶ᠎ᠠ ᠶᠢ | ᠴᠢᠩᠭ᠎ᠠ ᠦᠨᠳᠦᠰᠦᠯᠡᠨ ᠳᠠᠭᠠᠭᠠᠴᠢᠯᠠᠯᠲᠠ ᠬᠦᠯᠢᠶᠡᠬᠦ ᠭᠤᠣᠯ ᠴᠣᠭᠴᠠ ᠶᠢᠨ ᠬᠢᠷᠢ ᠴᠢᠳᠠᠮᠵᠢ ᠶᠢᠨ ᠨᠥᠬᠦᠴᠡᠯ ᠢ | ᠲᠣᠭᠲᠠᠭᠠᠵᠤ᠂ ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠢ ᠵᠦᠢ ᠵᠣᠬᠢᠰᠲᠠᠢ ᠪᠠᠶᠢᠯᠭᠠᠵᠤ᠂ ᠳᠠᠭᠠᠭᠠᠴᠢᠯᠠᠯᠲᠠ | ᠬᠦᠯᠢᠶᠡᠭᠴᠢ ᠶᠢ ᠵᠦᠢ ᠵᠣᠬᠢᠰ ᠦᠭᠡᠢ ᠨᠥᠬᠦᠴᠡᠯ ᠢᠶᠠᠷ ᠬᠢᠵᠠᠭᠠᠷᠯᠠᠬᠤ ᠪᠤᠶᠤ ᠭᠠᠳᠠᠭᠤᠷᠴᠢᠯᠠᠬᠤ ᠶᠢ ᠡᠷᠡᠰ ᠠᠷᠢᠯᠭᠠᠬᠤ | ᠬᠡᠷᠡᠭᠲᠡᠢ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠲᠢᠶᠠᠨᠵᠢᠨ ᠬᠤᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠶᠢ | ᠳᠠᠷᠤᠮᠠᠯᠯᠠᠨ ᠲᠠᠷᠬᠠᠭᠠᠵᠤ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠴᠢᠩᠳᠠᠯᠠᠨ᠎ᠠ᠃ | ︽ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠳᠤ ᠬᠢᠨᠠᠯᠲᠠ ᠲᠠᠯᠪᠢᠬᠤ ᠠᠵᠢᠯ ᠶᠠᠪᠤᠳᠠᠯ ᠤᠨ ᠴᠢᠨᠠᠷᠲᠠᠢ ᠠᠵᠢᠯ ᠤᠨ ᠠᠵᠢᠯᠯᠠᠭᠠᠨ ᠤ | ᠭᠠᠷ ᠳᠡᠪᠲᠡᠷ︾ ᠵᠡᠷᠭᠡ 4 ᠵᠦᠢᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠬᠡᠷᠡᠭ ᠤᠨ ᠡᠮᠦᠨᠡᠬᠢ᠂ | ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ | ᠭᠤᠣᠯᠳᠠᠯᠭ᠎ᠠ ᠶᠢ ᠲᠣᠳᠣᠷᠬᠠᠶᠢᠯᠠᠨ᠂ ︽ᠬᠤᠣᠰ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠰᠤᠭᠤᠴᠢᠨ | ᠪᠠᠶᠢᠴᠠᠭᠠᠯᠲᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠵᠢᠷᠤᠮᠵᠢᠭᠤᠯᠤᠨ᠎ᠠ᠃ ᠲᠢᠶᠠᠨᠵᠢᠨ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠲᠠᠢ | ᠢᠳᠡᠪᠬᠢᠲᠡᠢ ᠬᠠᠮᠵᠢᠯᠴᠠᠨ ᠤᠰᠤᠨ ᠤ ᠶᠠᠪᠤᠳᠠᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ | ᠡᠯᠧᠺᠲᠷᠤᠨᠴᠢᠯᠠᠬᠤ ᠠᠬᠢᠴᠠ ᠶᠢ ᠠᠬᠢᠭᠤᠯᠵᠤ᠂ ᠵᠣᠷᠢᠭᠤᠳᠠ ᠬᠠᠷᠰᠢᠯᠠᠬᠤ ᠶᠢ ᠪᠠᠭᠠᠰᠬᠠᠨ᠂ ᠬᠢᠨᠠᠨ ᠬᠠᠮᠢᠶᠠᠷᠬᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ︔ ᠲᠣᠭᠲᠠᠮᠠᠯ ᠬᠤᠭᠤᠴᠠᠭ᠎ᠠ ᠲᠠᠢ ᠪᠠᠷ ᠲᠢᠶᠠᠨᠵᠢᠨ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠲᠠᠢ ᠬᠠᠮᠲᠤᠷᠠᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ | ᠠᠵᠢᠯᠲᠠᠨ ᠢ ᠨᠥᠬᠦᠪᠦᠷᠢᠯᠡᠬᠦ ᠪᠠ ᠰᠢᠨᠡᠳᠬᠡᠬᠦ ᠠᠵᠢᠯ ᠢ ᠥᠷᠨᠢᠭᠦᠯᠵᠦ᠂ ᠬᠥᠮᠥᠷᠭᠡ ᠳᠤ ᠣᠷᠣᠭᠤᠯᠬᠤ ᠤᠰᠤᠨ ᠤ | ᠶᠠᠪᠤᠳᠠᠯ ᠤᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠨᠡᠶᠢᠲᠡ 1500 ᠭᠠᠷᠤᠢ ᠬᠥᠮᠥᠨ ᠪᠠᠶᠢᠵᠤ᠂ | ᠲᠤᠰᠬᠠᠢ ᠮᠡᠷᠭᠡᠵᠢᠯ ᠨᠢ ᠤᠰᠤᠨ ᠤ ᠠᠵᠢᠯ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠦᠶᠯᠡᠳᠬᠦ ᠦᠨ᠎ᠡ᠂ | ᠤᠰᠤᠨ ᠵᠦᠢ᠂ ᠲᠠᠷᠢᠶᠠᠯᠠᠩ ᠤᠨ ᠤᠰᠤᠨ ᠠᠰᠢᠭᠯᠠᠯᠲᠠ ᠵᠡᠷᠭᠡ 17 ᠬᠦᠷᠢᠶ᠎ᠡ ᠴᠠᠷᠠᠭ᠎ᠠ ᠳᠤ ᠬᠤᠯᠪᠣᠭᠳᠠᠵᠤ᠂ | ᠲᠤᠰᠬᠠᠢ ᠮᠡᠷᠭᠡᠵᠢᠯᠲᠡᠨ ᠤ ᠰᠣᠩᠭᠤᠨ ᠠᠪᠴᠤ ᠣᠷᠣᠯᠴᠠᠭᠰᠠᠨ ᠨᠣᠷᠮ᠎ᠠ ᠨᠢ 70% ᠣᠷᠴᠢᠮ ᠳᠤ ᠬᠥᠷᠪᠡ᠃ | ᠳᠥᠷᠪᠡ ᠳᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠤ ︽ᠰᠢᠯᠢᠳᠡᠭ︾ ᠢᠶᠠᠷ ᠵᠠᠬ᠎ᠠ ᠳᠡᠯᠭᠡᠭᠦᠷ ᠤᠨ ︽ᠠᠮᠢᠳᠤᠯᠢᠭ︾ ᠢ ᠬᠥᠭᠵᠢᠭᠡᠨ᠎ᠡ᠃ ︽ᠤᠰᠤᠨ ᠤ | ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠠᠴᠠ | ᠵᠥᠷᠢᠴᠡᠭᠰᠡᠨ ᠬᠥᠩᠭᠡᠨ ᠠᠵᠢᠯᠯᠠᠭ᠎ᠠ ᠶᠢ ᠲᠣᠷᠭᠠᠬᠤ ᠠᠴᠠ ᠬᠡᠯᠲᠦᠷᠢᠭᠦᠯᠬᠦ ᠨᠠᠷᠢᠨ ᠬᠠᠭᠤᠳᠠᠰᠤ ᠶᠢᠨ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠲᠣᠷᠭᠠᠬᠤ ᠠᠴᠠ | ᠬᠡᠯᠲᠦᠷᠢᠭᠦᠯᠬᠦ ᠲᠣᠭᠲᠠᠴᠠ ᠶᠢ ᠤᠰᠤᠨ ᠤ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠦᠨᠡᠯᠡᠬᠦ ᠳᠤ | ᠶᠡᠷᠦᠩᠬᠡᠶᠢᠯᠡᠭᠰᠡᠨ ᠬᠤᠪᠢ ᠲᠣᠭᠲᠠᠭᠠᠬᠤ ᠠᠷᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠡᠷᠭᠡᠵᠢᠯ ᠤᠨ ᠳᠠᠯᠳᠠ | ᠪᠠᠷᠢᠮᠵᠢᠶ᠎ᠠ ᠶᠢ ᠢᠳᠡᠪᠬᠢᠲᠡᠢ ᠪᠠᠷ ᠠᠬᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠤᠰᠤᠨ ᠤ | ᠶᠠᠪᠤᠳᠠᠯ ᠤᠨ ᠢᠨᠵᠧᠨᠧᠷᠢᠩ ᠤᠨ ᠳᠠᠯᠳᠠ ᠪᠠᠷᠢᠮᠵᠢᠶ᠎ᠠ ᠶᠢᠨ ᠪᠦᠷᠬᠦᠴᠡ ᠶᠢᠨ ᠨᠣᠷᠮ᠎ᠠ ᠶᠢ ︽ᠵᠠᠭᠤᠨ ᠤ ᠵᠠᠭᠤ︾ ᠳᠤ | ᠬᠦᠷᠦᠭᠦᠯᠵᠦ᠂ ᠳᠠᠭᠠᠭᠠᠴᠢᠯᠠᠯᠲᠠ ᠦᠨᠡᠯᠡᠬᠦ ᠶᠢᠨ ᠪᠥᠬᠦ ᠲᠠᠯ᠎ᠠ ᠶᠢᠨ ᠴᠢᠨᠠᠷ ᠪᠠ ᠲᠥᠪ ᠭᠤᠥᠯᠴᠢ ᠴᠢᠨᠠᠷ ᠢ | ᠪᠦᠲᠦᠮᠵᠢᠲᠡᠶ ᠳᠡᠭᠡᠭᠰᠢᠯᠡᠭᠦᠯᠦᠨ᠎ᠡ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠠᠬᠢ ᠳᠠᠭᠠᠭᠠᠴᠢᠯᠠᠯᠲᠠ | ᠬᠦᠯᠢᠶᠡᠬᠦ ᠭᠤᠣᠯ ᠴᠣᠭᠴᠠ ᠶᠢᠨ ᠬᠢᠷᠢ ᠬᠡᠮ ᠤᠨ ᠨᠥᠬᠦᠴᠡᠯ ᠤᠨ ᠬᠢᠨᠠᠨ ᠬᠠᠷᠭᠤᠭᠤᠯᠤᠯᠲᠠ ᠶᠢ ᠴᠢᠩᠳᠠᠯᠠᠵᠤ᠂ | ᠳᠠᠭᠠᠭᠠᠴᠢᠯᠠᠯᠲᠠ ᠵᠠᠷᠯᠠᠬᠤ ᠪᠠᠷᠢᠮᠵᠢᠶ᠎ᠠ ᠶᠢ ᠵᠣᠷᠢᠭᠤᠳᠠ ᠳᠡᠭᠡᠭᠰᠢᠯᠡᠭᠦᠯᠬᠦ ᠦᠭᠡᠢ᠂ ᠳᠤᠮᠳᠠ ᠪᠠᠭ᠎ᠠ ᠵᠢᠵᠢᠭ ᠠᠵᠤ | ᠠᠬᠤᠶᠢᠯᠠᠯ ᠢ ᠲᠡᠳᠬᠦᠬᠦ ᠵᠦᠢᠯ ᠵᠤᠷᠪᠤᠰ ᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠤᠪᠢ | ᠲᠣᠭᠲᠠᠭᠠᠬᠤ ᠪᠠᠷᠢᠮᠵᠢᠶ᠎ᠠ ᠳᠤ ᠣᠷᠣᠭᠤᠯᠵᠤ᠂ ᠲᠢᠶᠠᠨᠵᠢᠨ ᠤ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠣᠷᠣᠭᠰᠠᠨ ᠭᠠᠳᠠᠷ ᠣᠷᠣᠨ ᠤ ᠠᠵᠤ ᠠᠬᠤᠶᠢᠯᠠᠯ ᠤᠨ | ᠢᠲᠡᠭᠡᠮᠵᠢ ᠶᠢᠨ ᠬᠤᠪᠢ ᠲᠣᠭᠲᠠᠭᠠᠬᠤ ᠵᠡᠷᠭᠡ ᠠᠯᠢ ᠤᠯᠠᠨ ︽ᠲᠦᠷᠦ ᠶᠢᠨ ᠪᠣᠳᠣᠯᠭ᠎ᠠ ᠶᠢᠨ ᠦᠢᠯᠡᠴᠢᠯᠡᠭᠡᠨ ᠤ ᠪᠡᠯᠡᠭ | ᠤᠨ ᠪᠠᠭᠯᠠᠭ᠎ᠠ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠭᠠᠳᠠᠷ ᠣᠷᠣᠨ ᠤ ᠨᠠᠩ ᠣᠯᠠᠨ ᠠᠵᠤ | ᠠᠬᠤᠶᠢᠯᠠᠯ ᠢ ᠲᠢᠶᠠᠨᠵᠢᠨ ᠬᠤᠲᠠ ᠶᠢᠨ ᠤᠰᠤᠨ ᠤ ᠶᠠᠪᠤᠳᠠᠯ ᠤᠨ ᠵᠠᠬ᠎ᠠ ᠳᠡᠯᠭᠡᠭᠦᠷ ᠲᠤ ᠲᠡᠳᠡᠨ ᠣᠷᠣᠭᠤᠯᠵᠤ᠂ | ᠣᠳᠣᠬᠠᠨ ᠳᠤ ᠤᠰᠤᠨ ᠤ ᠶᠠᠪᠤᠳᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ | ᠡᠷᠭᠢᠯᠡᠵᠦ ᠪᠠᠶᠢᠭ᠎ᠠ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠵᠢᠷᠤᠵᠤ ᠲᠥᠯᠥᠪᠯᠡᠬᠦ ᠵᠡᠷᠭᠡ ᠨᠢᠭᠡᠴᠢ 90 ᠭᠠᠷᠤᠢ | ᠪᠣᠯᠵᠠᠢ᠃ | ᠲᠠᠪᠤ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠳᠤᠮᠳᠠ ᠬᠡᠷᠡᠭᠯᠡᠬᠦ ᠶᠢ ᠶᠡᠬᠡᠪᠡᠷ ᠠᠬᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠡᠷ᠎ᠡ ᠭᠦᠢᠴᠡᠳᠬᠡᠬᠦ | ᠠᠵᠢᠯᠯᠠᠭ᠎ᠠ ᠶᠢᠨ ᠢᠲᠡᠭᠡᠮᠵᠢ ᠶᠢᠨ ᠬᠤᠪᠢ ᠲᠣᠭᠲᠠᠭᠠᠬᠤ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ | ᠢᠲᠡᠭᠡᠮᠵᠢ ᠶᠢᠨ ᠣᠯᠣᠭᠰᠠᠨ ᠬᠤᠪᠢ ᠶᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠳᠠᠭᠠᠭᠠᠴᠢᠯᠠᠯᠲᠠ ᠬᠦᠯᠢᠶᠡᠬᠦ ᠬᠤᠪᠢ ᠲᠣᠭᠲᠠᠭᠠᠬᠤ ᠪᠠᠷᠢᠮᠵᠢᠶ᠎ᠠ ᠳᠤ ᠣᠷᠣᠭᠤᠯᠵᠤ᠂ ᠢᠲᠡᠭᠡᠮᠵᠢ ᠶᠢᠨ ᠣᠯᠣᠭᠰᠠᠨ | ᠬᠤᠪᠢ ᠶᠢᠨ ᠡᠵᠡᠯᠡᠬᠦ ᠬᠠᠷᠢᠴᠠᠯ ᠢ ᠡᠬᠢᠨ ᠤ ᠬᠤᠭᠤᠴᠠᠭᠠᠨ ᠤ 6 ᠬᠤᠪᠢ ᠠᠴᠠ ᠠᠯᠬᠤᠮ ᠠᠯᠬᠤᠮ ᠢᠶᠠᠷ 10 | ᠬᠤᠪᠢ ᠪᠣᠯᠭᠠᠨ ᠳᠡᠭᠡᠭᠰᠢᠯᠡᠭᠦᠯᠵᠦ᠂ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠡᠷ᠎ᠡ | ᠭᠦᠢᠴᠡᠳᠬᠡᠬᠦ ᠠᠵᠢᠯᠯᠠᠭ᠎ᠠ ᠳᠤ ᠦᠵᠡᠭᠦᠯᠬᠦ ᠵᠢᠷᠤᠮᠵᠢᠭᠤᠯᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠮᠠᠭᠤ ᠦᠶᠯᠡ ᠠᠵᠢᠯᠯᠠᠭ᠎ᠠ ᠶᠢᠨ | ᠲᠡᠮᠳᠡᠭᠯᠡᠯ ᠤᠨ ᠮᠡᠳᠡᠭᠡ ᠵᠠᠩᠭᠢ ᠳᠤ ᠣᠷᠣᠭᠤᠯᠵᠤ᠂ ᠬᠥᠳᠡᠯᠦᠩᠭᠦᠢ ᠢᠲᠡᠭᠡᠮᠵᠢ ᠶᠢᠨ ᠬᠤᠪᠢ ᠬᠠᠰᠤᠬᠤ ᠶᠢ | ᠬᠡᠷᠡᠭᠵᠢᠭᠦᠯᠦᠨ᠎ᠡ︔ ᠳᠠᠭᠠᠭᠠᠴᠢᠯᠠᠯᠲᠠ ᠨᠡᠶᠢᠲᠡᠯᠡᠬᠦ ᠶᠠᠪᠤᠴᠠ ᠳᠤ ᠳᠠᠭᠠᠭᠠᠴᠢᠯᠠᠯᠲᠠ ᠬᠦᠯᠢᠶᠡᠬᠦ ᠭᠤᠣᠯ ᠴᠣᠭᠴᠠ ᠶᠢᠨ | ᠮᠡᠳᠡᠭᠡ ᠵᠠᠩᠭᠢ ᠶᠢᠨ ᠣᠯᠣᠭᠰᠠᠨ ᠬᠤᠪᠢ ᠶᠢ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ ᠶᠢ | ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠶᠢ ᠬᠢᠵᠠᠭᠠᠷᠯᠠᠬᠤ ︽ᠠᠰᠠᠭᠤᠳᠠᠯ ᠲᠠᠢ ᠠᠵᠤ ᠠᠬᠤᠶᠢᠯᠠᠯ︾ ᠤᠨ | ᠳᠠᠭᠠᠭᠠᠴᠢᠯᠠᠯᠲᠠ ᠬᠦᠯᠢᠶᠡᠬᠦ ᠪᠠ ᠳᠠᠭᠠᠭᠠᠴᠢᠯᠠᠯᠲᠠ ᠣᠯᠬᠤ ᠶᠢ ᠡᠷᠡᠰ ᠬᠤᠷᠢᠭᠯᠠᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠠᠶᠢᠨ ᠰᠠᠶᠢᠬᠠᠨ ᠦᠨᠡᠨᠴᠢ ᠢᠲᠡᠭᠡᠮᠵᠢ ᠲᠠᠢ ᠪᠠᠶᠢᠬᠤ ᠶᠢ ᠢᠳᠡᠪᠬᠢᠲᠡᠢ ᠪᠠᠷ ᠵᠣᠷᠢᠭᠵᠢᠭᠤᠯᠤᠨ᠎ᠠ᠃ |