2022 ᠣᠨ ᠤ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠯᠵᠢᠭᠦᠯᠦᠨ ᠲᠡᠭᠡᠭᠡᠪᠦᠷᠢᠯᠡᠬᠦ ᠰᠣᠷᠢᠯᠲᠠ ᠶᠠᠪᠤᠭᠳᠠᠪᠠ
ᠨᠡᠶᠢᠲᠡᠯᠡᠭᠰᠡᠨ ᠴᠠᠭ᠄
2022/6/14
    ᠲᠣᠰ ᠥᠷᠲᠡᠭᠡᠨ ᠤ ᠮᠡᠳᠡᠭᠡᠯᠡᠯ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠳ᠋ ᠪᠣᠳᠠᠰ  ᠤᠨ ᠨᠥᠭᠡᠴᠡ ᠶᠢᠨ ᠬᠠᠮᠢᠶᠠᠷᠤᠯᠲᠠ ᠶᠢᠨ ᠠᠵᠢᠯᠲᠠᠨ ᠤ ᠲᠤᠰᠬᠠᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠬᠠᠲᠤᠨ ᠭᠤᠣᠯ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠤᠨ ᠨᠥᠭᠡᠴᠡ ᠶᠢᠨ ᠬᠠᠮᠢᠶᠠᠷᠤᠯᠲᠠ ᠶᠢᠨ ᠲᠥᠪ ᠠᠴᠠ 2022 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠰᠢᠯᠵᠢᠭᠦᠯᠦᠨ ᠲᠡᠭᠡᠭᠡᠪᠦᠷᠢᠯᠡᠬᠦ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠰᠣᠷᠢᠯᠲᠠ ᠳᠤ ᠨᠡᠶᠢᠲᠡ 2 ᠬᠢᠴᠢᠶᠡᠯ ᠲᠥᠷᠥᠯ ᠲᠣᠬᠢᠷᠠᠭᠤᠯᠵᠤ᠂ ᠲᠣᠰ ᠲᠣᠰ ᠦᠶᠡᠷ  ᠢ ᠰᠡᠷᠭᠡᠶᠢᠯᠡᠵᠦ ᠭᠠᠩ  ᠢ ᠡᠰᠡᠷᠭᠦᠴᠡᠬᠦ ᠡᠳ᠋ ᠪᠣᠳᠠᠰ ᠤᠨ ᠪᠠᠴᠢᠮ ᠪᠠᠶᠢᠳᠠᠯ  ᠢ ᠠᠷᠭᠠᠴᠠᠨ ᠰᠢᠯᠵᠢᠭᠦᠯᠦᠨ ᠲᠡᠭᠡᠭᠡᠪᠦᠷᠢᠯᠡᠬᠦ ᠪᠠ ᠦᠶᠡᠷ  ᠢ ᠰᠡᠷᠭᠡᠶᠢᠯᠡᠬᠦ ᠵᠢᠯᠤᠭᠤᠳᠬᠤ ᠭᠠᠵᠠᠷ ᠤᠨ ᠮᠠᠶᠢᠬᠠᠨ  ᠪᠠᠷᠢᠪᠠ᠃ 9 ᠴᠠᠭ 30 ᠮᠢᠨᠦ᠋ᠲ ᠲᠤ᠂ ᠰᠣᠷᠢᠯᠲᠠ ᠡᠬᠢᠯᠡᠬᠦ ᠵᠠᠷᠯᠢᠭ  ᠢ ᠣᠯᠣᠭᠰᠠᠨ ᠤ ᠳᠠᠷᠠᠭ᠎ᠠ᠂ ᠰᠣᠷᠢᠯᠲᠠ  ᠶᠢᠨ ᠠᠵᠢᠯᠲᠠᠳ ᠦᠳᠲᠡᠷ ᠲᠦᠷᠭᠡᠨ  ᠢᠶᠠᠷ ᠴᠤᠭᠯᠠᠷᠠᠵᠤ᠂ ᠲᠤᠰᠢᠶᠠᠯ ᠬᠠᠷᠢᠭᠤᠴᠠᠯᠭ᠎ᠠ  ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠢᠶᠠᠨ ᠨᠠᠷᠢᠨ ᠨᠢᠭᠲᠠ ᠡᠮᠬᠢ ᠵᠢᠷᠤᠮ  ᠲᠠᠢ ᠥᠷᠨᠢᠭᠦᠯᠪᠡ᠃ ᠲᠣᠰ ᠤᠳᠠᠭᠠᠨ ᠤ ᠰᠣᠷᠢᠯᠲᠠ ᠳᠤ ᠨᠡᠶᠢᠲᠡ 2000 ᠠᠪᠤᠷᠠᠯᠳᠠ ᠶᠢᠨ ᠬᠤᠪᠴᠠᠰᠤ᠂ 3 ᠲᠦᠮᠡᠨ ᠲᠡᠭᠰᠢ ᠳᠥᠷᠪᠡᠯᠵᠢᠨ ᠮᠧᠲᠷ ᠪᠦᠷᠬᠦᠪᠴᠢ ᠲᠠᠢ ᠨᠡᠬᠡᠮᠡᠯ ᠪᠥᠰ᠂ ᠶᠡᠭᠡ ᠤᠷᠤᠰᠬᠠᠯᠲᠤ ᠤᠰᠤᠲᠤᠯ ᠢ ᠵᠠᠯᠠᠬᠤ ᠬᠥᠭᠡᠷᠭᠡ ᠶᠢᠨ ᠥᠷᠲᠡᠭᠡ 1 ᠶᠢ ᠰᠢᠯᠵᠢᠭᠦᠯᠦᠨ ᠵᠥᠭᠡᠭᠡᠪᠦᠷᠢᠯᠡᠵᠡᠢ᠃ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠰᠣᠷᠢᠯᠲᠠ ᠶᠢᠨ ᠠᠵᠢᠯᠲᠠᠳ ᠨᠢᠭᠲᠠ ᠬᠠᠮᠵᠢᠯᠴᠠᠵᠤ᠂ ᠲᠡᠭᠡᠭᠡᠪᠦᠷᠢ ᠶᠢᠨ ᠲᠡᠷᠭᠡ ᠬᠥᠰᠬᠡ ᠲᠠᠢ ᠬᠠᠷᠢᠯᠴᠠᠬᠤ᠂ ᠲᠡᠷᠭᠡᠨ ᠳᠤ ᠠᠴᠢᠶᠠᠯᠠᠬᠤ᠂ ᠬᠥᠮᠥᠷᠭᠡ ᠠᠴᠠ ᠭᠠᠷᠭᠠᠬᠤ᠂ ᠲᠡᠭᠡᠭᠡᠪᠦᠷᠢᠯᠡᠨ ᠬᠦᠷᠭᠡᠬᠦ ᠵᠡᠷᠭᠡ ᠠᠯᠢ ᠣᠯᠠᠨ ᠲᠠᠰ ᠳᠠᠷᠠᠭᠠᠯᠠᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠶᠡᠷ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠮᠠᠶᠢᠬᠠᠨ ᠪᠣᠰᠬᠠᠬᠤ ᠭᠤᠭᠴᠤᠭ᠎ᠠ ᠳᠤ᠂ ᠪᠦᠬᠦ ᠰᠣᠷᠢᠯᠲᠠ ᠶᠢᠨ ᠠᠵᠢᠯᠲᠠᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ 40 ᠭᠠᠷᠤᠢ ᠮᠢᠨᠦ᠋ᠲ ᠤᠨ ᠴᠢᠷᠮᠠᠶᠢᠯᠭ᠎ᠠ ᠪᠠᠷ᠂ ᠪᠠᠴᠢᠮ ᠪᠠᠶᠢᠳᠠᠯ ᠢ ᠠᠷᠭᠠᠴᠠᠬᠤ ᠲᠤᠬᠠᠢ ᠶᠢᠨ ᠲᠠᠯᠠᠪᠠᠢ ᠶᠢᠨ ᠵᠢᠯᠣᠭᠤᠳᠤᠯᠭ᠎ᠠ ᠶᠢᠨ ᠲᠦᠷ ᠴᠠᠭ ᠠᠵᠢᠯ ᠠᠮᠢᠳᠤᠷᠠᠯ ᠵᠡᠷᠭᠡ ᠦᠨᠳᠦᠰᠦᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠦᠯᠬᠦᠮ ᠤᠨ ᠲᠡᠰ ᠤᠨ ᠮᠠᠶᠢᠬᠠᠨ ᠢ ᠠᠮᠵᠢᠯᠲᠠ ᠲᠠᠢ ᠪᠣᠰᠬᠠᠵᠤ᠂ ᠪᠠᠶᠢᠷᠢᠯᠠᠭᠤᠯᠵᠤ ᠳᠠᠭᠤᠰᠬᠠᠪᠠ᠃      ᠡᠨᠡ ᠵᠢᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠠᠲᠤᠨ ᠭᠤᠣᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠳ᠋ ᠪᠣᠳᠠᠰ  ᠤᠨ ᠨᠥᠭᠡᠴᠡ ᠶᠢᠨ ᠬᠠᠮᠢᠶᠠᠷᠤᠯᠲᠠ ᠶᠢᠨ ᠲᠥᠪ ᠠᠴᠠ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠳ᠋ ᠪᠣᠳᠠᠰ ᠢ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ ᠣᠳᠣᠬᠠᠨ ᠳᠤ ᠦᠶᠡᠷ ᠢ ᠰᠡᠷᠭᠡᠶᠢᠯᠡᠬᠦ᠂ ᠭᠠᠩ ᠲᠠᠢ ᠲᠡᠮᠡᠴᠡᠬᠦ ᠬᠤᠶᠠᠷ ᠶᠡᠭᠡ ᠲᠥᠷᠥᠯ ᠤᠨ ᠶᠡᠷᠦᠩᠬᠡᠢ ᠥᠷᠲᠡᠭ ᠨᠢ 6000 ᠭᠠᠷᠤᠢ ᠲᠦᠮᠡᠨ ᠲᠥᠭᠦᠷᠢᠭ ᠲᠤ ᠬᠦᠷᠬᠦ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠵᠦ ᠬᠠᠳᠠᠭᠠᠯᠠᠪᠠ᠃      ᠲᠣᠰ ᠤᠳᠠᠭᠠᠨ ᠤ ᠰᠣᠷᠢᠯᠲᠠ ᠶᠢ ᠪᠣᠳᠠᠲᠤ ᠪᠠᠶᠢᠯᠳᠤᠭᠠᠨ ᠳᠤ ᠣᠶᠢᠷᠠᠲᠤᠭᠤᠯᠵᠤ᠂ ᠥᠨᠳᠥᠷ ᠪᠦᠲᠦᠮᠵᠢᠲᠡᠶ  ᠵᠣᠯᠭᠠᠯᠳᠤᠭᠤᠯᠤᠨ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠰᠢᠯᠵᠢᠭᠦᠯᠦᠨ ᠲᠡᠭᠡᠭᠡᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠪᠠᠴᠢᠮ ᠪᠠᠶᠢᠳᠠᠯ ᠤᠨ ᠳᠣᠣᠷ᠎ᠠ ᠲᠣᠬᠢᠷᠠᠭᠤᠯᠵᠤ ᠳᠡᠶᠢᠯᠬᠦ᠂ ᠵᠠᠪᠳᠤᠵᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠠᠲᠤᠨ ᠭᠤᠣᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠳ᠋ ᠪᠣᠳᠠᠰ ᠤᠨ ᠨᠥᠭᠡᠴᠡ ᠶᠢᠨ ᠬᠠᠮᠢᠶᠠᠷᠤᠯᠲᠠ ᠶᠢᠨ ᠲᠥᠪ ᠠᠴᠠ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠬᠢᠨᠠᠮᠠᠭᠠᠢ ᠳ᠋ᠦᠩᠨᠡᠨ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ︽ᠠᠮᠤᠷ ᠲᠦᠪᠰᠢᠨ ᠤ ᠬᠠᠰᠢᠯᠭ᠎ᠠ︾ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号