︽ᠨᠢᠭᠡᠳᠦᠭᠡᠷ ᠭᠠᠷ︾ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯᠯᠠᠭ᠎ᠠ ᠶᠢᠨ ᠲᠥᠰᠥᠯ ᠤᠨ ᠲᠤᠬᠠᠢ ᠶᠠᠷᠢᠪᠠ
ᠨᠡᠶᠢᠲᠡᠯᠡᠭᠰᠡᠨ ᠴᠠᠭ᠄
2022/6/15
     ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠬᠤᠭᠤᠴᠠᠭᠠᠨ ᠳᠤ᠂ ᠶᠠᠮᠤᠨ ᠤ ᠰᠢᠭᠤᠳ ᠬᠠᠷᠢᠶ᠎ᠠ ᠡᠯ᠎ᠡ ᠨᠢᠭᠡᠴᠢ ᠪᠣᠯᠣᠨ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢ ᠤᠷᠢᠵᠤ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠵᠤ᠂ ᠨᠢᠭᠡᠳᠦᠭᠡᠷ ᠬᠠᠷᠢᠭᠤᠴᠠᠯᠭᠠᠲᠠᠨ ᠤ ᠠᠵᠢᠯ ᠢ ᠰᠠᠶᠢᠲᠤᠷ ᠬᠢᠶ᠎ᠠ︾ ᠭᠡᠬᠦ ᠭᠤᠣᠯ ᠰᠡᠳᠦᠪ ᠲᠠᠢ ᠨᠡᠷ᠎ᠡ ᠬᠠᠲᠠᠭᠰᠠᠨ ᠵᠣᠬᠢᠶᠠᠯ ᠪᠢᠴᠢᠭᠦᠯᠦᠨ᠎ᠡ᠂ ᠡᠬᠡ ᠪᠢᠴᠢᠭ ᠡᠯᠰᠡᠬᠦ ᠱᠠᠭᠠᠷᠳᠠᠯᠭ᠎ᠠ ᠨᠢ ᠳᠣᠣᠷᠠᠬᠢ ᠮᠡᠲᠦ᠄      ᠨᠢᠭᠡ᠂ ᠭᠤᠣᠯ ᠠᠭᠤᠯᠭ᠎ᠠ      ᠵᠣᠬᠢᠶᠠᠯ ᠢ ᠳᠣᠣᠷᠠᠬᠢ ᠨᠢᠭᠡ ᠲᠠᠯ᠎ᠠ ᠪᠤᠶᠤ ᠤᠯᠠᠨ ᠲᠠᠯ᠎ᠠ ᠶᠢᠨ ᠲᠣᠭᠤᠷᠢᠨ ᠳᠤ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠲᠤᠬᠠᠢ ᠶᠠᠷᠢᠵᠤ ᠪᠣᠯᠣᠨ᠎ᠠ᠃      ︵ᠨᠢᠭᠡ︶ 2021 ᠣᠨ ᠤ 9 ᠰᠠᠷ᠎ᠠ ᠶᠢᠨ 1 ᠤ ᠡᠳᠦᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠬᠠᠤᠯᠢ  ᠶᠢ ᠵᠢᠩᠬᠢᠨᠢ ᠪᠠᠷ ᠬᠡᠷᠡᠭᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠠᠤᠯᠢ ᠴᠠᠭᠠᠵᠠ ᠶᠢᠨ ᠲᠣᠭᠲᠠᠭᠠᠯ ᠪᠣᠯᠭᠠᠨ ᠬᠤᠪᠢᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠪᠣᠯᠣᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠤᠯᠢᠵᠢᠯ ᠤᠨ ᠬᠦᠴᠦᠨ ᠳᠤ ᠲᠦᠰᠢᠭᠯᠡᠨ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠲᠣᠳᠣᠷᠬᠠᠶᠢᠯᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠲᠤᠬᠠᠢ ᠲᠠᠨᠢᠯᠲᠠ ᠪᠠ ᠣᠶᠢᠯᠠᠭᠠᠯᠲᠠ ᠲᠠᠢ ᠤᠶᠠᠯᠳᠤᠭᠤᠯᠵᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠵᠠᠮ ᠲᠠᠢ ᠬᠠᠷᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠪᠠᠲᠤᠯᠠᠬᠤ ᠲᠤᠬᠠᠢ ᠣᠯᠣᠯᠲᠠ ᠲᠥᠷᠥᠭᠳᠡᠯ ᠢᠶᠠᠨ ᠶᠠᠷᠢᠭᠠᠷᠠᠢ ᠭᠡᠵᠦ ᠵᠢᠭᠠᠵᠤ ᠭᠠᠷᠭᠠᠪᠠ᠃      ︵ᠬᠤᠶᠠᠷ︶ ᠤᠰᠤᠨ ᠠᠰᠢᠭᠯᠠᠯᠲᠠ ᠶᠢᠨ ᠶᠠᠮᠤᠨ ᠤ 2020 ᠣᠨ ᠳᠤ ᠳᠠᠷᠤᠮᠠᠯᠯᠠᠨ ᠲᠠᠷᠬᠠᠭᠠᠭᠰᠠᠨ ︽ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠠᠬᠢᠴᠠ ᠶᠢᠨ ᠲᠣᠬᠢᠷᠠᠭᠤᠯᠤᠯᠲᠠ ᠶᠣᠰᠣᠭᠠᠷ᠂ 2022 ᠣᠨ ᠪᠣᠯ ᠪᠠᠬᠢᠵᠢᠭᠦᠯᠦᠨ ᠳᠡᠭᠡᠭᠰᠢᠯᠡᠭᠦᠯᠬᠦ ᠣᠨ ᠪᠣᠯᠣᠨ᠎ᠠ᠂ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠤᠰᠤᠨ ᠴᠠᠬᠢᠯᠭᠠᠨ ᠦᠷᠳᠡᠭᠡ ᠵᠡᠷᠭᠡ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠪᠠ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠡᠷᠭᠡ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠣᠳᠣᠬᠠᠨ ᠤ ᠲᠤᠰ ᠭᠠᠵᠠᠷ ᠣᠷᠣᠨ ᠲᠤᠰ ᠨᠢᠭᠡᠴᠢ ᠶᠢᠨ ᠠᠵᠢᠯ ᠤᠨ ᠪᠠᠶᠢᠳᠠᠯ ᠢ ᠦᠨᠳᠦᠰᠦᠯᠡᠵᠦ᠂ ᠡᠭᠦᠷᠭᠡ ᠶᠢᠨ ᠠᠬᠢᠴᠠ ᠶᠢᠨ ᠪᠠᠶᠢᠳᠠᠯ᠂ ᠠᠵᠢᠯ ᠤᠨ ᠦᠷ᠎ᠡ ᠪᠦᠲᠦᠮᠵᠢ ᠶᠢ ᠶᠠᠷᠢᠵᠤ᠂ ᠰᠠᠶᠢᠨ ᠲᠤᠷᠰᠢᠯᠭ᠎ᠠ ᠠᠷᠭ᠎ᠠ ᠶᠢ ᠳ᠋ᠦᠩᠨᠡᠵᠦ᠂ ᠬᠡᠯᠪᠡᠷᠢ ᠳᠦᠷᠢᠮ ᠤᠨ ᠦᠷ᠎ᠡ ᠪᠦᠲᠦᠭᠡᠯ ᠵᠢᠴᠢ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠳᠡᠯᠭᠡᠷᠡᠭᠦᠯᠪᠡᠯ ᠵᠣᠬᠢᠨ᠎ᠠ᠃      ︵ᠭᠤᠷᠪᠠ︶ ︽2022 ᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠬᠢᠨᠠᠯᠲᠠ ﹇2022﹈ 83 ᠳ᠋ᠤᠭᠠᠷ ᠲᠣᠭᠠᠲᠤ︶ ᠲᠠᠢ ᠬᠠᠷᠢᠴᠠᠭᠤᠯᠤᠨ᠂ ᠲᠣᠰ ᠭᠠᠵᠠᠷ ᠣᠷᠣᠨ ᠲᠣᠰ ᠨᠢᠭᠡᠴᠢ ᠶᠢᠨ ᠢᠶᠠᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠴᠢᠩᠭᠠᠷᠠᠭᠤᠯᠤᠨ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠠᠲᠤᠯᠠᠭ᠎ᠠ ᠶᠢ ᠪᠠᠬᠢᠵᠢᠭᠦᠯᠬᠦ ᠵᠡᠷᠭᠡ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠪᠠᠲᠤᠳᠬᠠᠨ᠎ᠠ      ᠬᠤᠶᠠᠷ᠂ ᠡᠬᠡ ᠪᠢᠴᠢᠭ ᠡᠯᠰᠡᠬᠦ ᠱᠠᠭᠠᠷᠳᠠᠯᠭ᠎ᠠ      ᠵᠣᠬᠢᠶᠠᠯ ᠨᠢ ᠲᠤᠰ ᠭᠠᠵᠠᠷ ᠣᠷᠣᠨ᠂ ᠲᠤᠰ ᠨᠢᠭᠡᠴᠢ  ᠶᠢᠨ  ᠢᠶᠠᠨ ᠪᠣᠳᠠᠲᠤ ᠪᠠᠶᠢᠳᠠᠯ  ᠲᠠᠢ ᠨᠢᠭᠲᠠ ᠤᠶᠠᠯᠳᠤᠭᠤᠯᠤᠨ᠂ ᠦᠵᠡᠯᠲᠡ ᠲᠣᠳᠣᠷᠬᠠᠢ᠂ ᠳᠡᠰ ᠳᠠᠪᠬᠤᠷᠭ᠎ᠠ ᠲᠣᠳᠣᠷᠬᠠᠢ᠂ ᠦᠰᠦᠭ ᠪᠢᠴᠢᠭ ᠲᠣᠪᠴᠢ ᠠᠪᠰᠠᠷᠬᠠᠨ᠂ ᠦᠰᠦᠭ ᠤᠨ ᠲᠤᠭ᠎ᠠ ᠨᠢ 3000 ᠣᠷᠴᠢᠮ ᠪᠠᠶᠢᠬᠤ ᠬᠡᠷᠡᠭᠲᠡᠢ᠃ ᠡᠯᠰᠡᠭᠰᠡᠨ ᠡᠬᠡ ᠪᠢᠴᠢᠭ  ᠢ ︽ᠳᠤᠮᠳᠠᠳᠤ ᠤᠯᠤᠰ ᠤᠨ ᠤᠰᠤᠨ ᠠᠰᠢᠭᠯᠠᠯᠲᠠ  ᠶᠢᠨ ᠰᠣᠨᠢᠨ︾᠂ ᠤᠰᠤᠨ ᠠᠰᠢᠭᠯᠠᠯᠲᠠ  ᠶᠢᠨ ᠬᠢᠨᠠᠯᠲᠠ ᠲᠠᠯᠪᠢᠬᠤ ᠰᠦᠯᠵᠢᠶ᠎ᠡ᠂ ᠤᠰᠤᠨ ᠠᠰᠢᠭᠯᠠᠯᠲᠠ  ᠶᠢᠨ ᠠᠶᠤᠯᠭᠦᠢ ᠦᠢᠯᠡᠳᠪᠦᠷᠢᠯᠡᠯ ᠤᠨ ᠲᠣᠪᠴᠢ ᠮᠡᠳᠡᠭᠡ ᠵᠡᠷᠭᠡ ᠵᠠᠭᠤᠴᠢᠯᠠᠭᠤᠷ ᠪᠤᠶᠤ ᠲᠤᠰᠬᠠᠢ ᠪᠤᠯᠤᠩ ᠳᠤ ᠰᠣᠩᠭᠤᠨ ᠨᠡᠶᠢᠲᠡᠯᠡᠨ᠎ᠡ᠃ ᠡᠬᠡ ᠪᠢᠴᠢᠭ ᠢᠶᠠᠨ ᠬᠢᠨᠠᠭᠴᠢ ᠶᠢᠨ ᠵᠤᠷᠭᠠᠨ ᠳᠤ ᠮᠡᠳᠡᠭᠦᠯᠵᠦ᠂ 6 ᠰᠠᠷ᠎ᠠ ᠶᠢᠨ 20 ᠤ ᠡᠳᠦᠷ ᠪᠣᠯᠲᠠᠯ᠎ᠠ ᠤᠷᠢᠳᠠᠪᠠᠷ ᠮᠡᠳᠡᠭᠦᠯᠪᠡᠯ ᠤᠷᠢᠳᠠᠪᠠᠷ ᠨᠡᠶᠢᠲᠡᠯᠡᠨ᠎ᠡ᠃      ᠬᠠᠷᠢᠯᠴᠠᠬᠤ ᠬᠥᠮᠥᠨ᠄ ᠱᠢ ᠴᠢᠩ ᠴᠢᠤᠸᠠᠨ ᠵᠢᠶᠠᠩ ᠴᠠᠩ ᠲᠦᠩ      ᠬᠠᠷᠢᠯᠴᠠᠬᠤ ᠤᠲᠠᠰᠤ᠄ 010 ︱ 63203262 2124      ᠢᠮᠧᠯ᠄ anquan@mwr.gov.cn
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号